ᠭᠣᠣᠯ ᠰᠡᠳᠦᠪᠲᠦ ᠮᠡᠳᠡᠭᠡᠯᠡᠯ > ᠤᠷᠲᠤ ᠵᠠᠮ᠎ᠤ᠋ᠨ ᠠᠶᠠᠨ ᠳᠠᠢᠨ

2026-10-26 11:30:18

ᠵᠣᠬᠢᠶᠠᠭ᠍ᠴᠢ᠄ ᠠᠷᠠᠳ᠎ᠤᠨ ᠡᠳᠦᠷ᠎ᠤᠨ ᠰᠤᠨᠢᠨ᠎ᠤ ᠰᠢᠭᠦᠮᠵᠢᠯᠡᠭᠴᠢ ᠣᠩᠱᠢᠭ᠍ᠰᠠᠨ ᠣᠳᠠᠭ᠎ᠠ᠄ 3

— ᠶᠡᠷᠦᠩᠬᠡᠶ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠣᠷᠳᠣ ᠵᠠᠮ᠎ᠤᠨ ᠠᠶᠠᠨ ᠲᠡᠶ᠋ᠢᠨ ᠢᠯᠠᠯᠲᠠ ᠣᠯᠤᠭᠰᠠᠨ 90 ᠵᠢᠯ᠎ᠦᠨ ᠣᠶ᠎ᠶᠢ ᠳᠤᠷᠠᠰᠬᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠰᠤᠷᠤᠯᠴᠠᠨ ᠲᠤᠭᠤᠰᠢᠯᠠᠭᠤᠯᠬᠤ ᠲᠤᠬᠠᠶ ᠥᠭᠦᠯᠡᠬᠦ᠌ ᠨᠢ


《ᠪᠢᠳᠡ ᠲᠡᠦᠬᠡ᠎ᠶᠢ ᠳᠠᠬᠢᠨ ᠡᠷᠭᠢᠴᠡᠭᠦᠯᠵᠦ᠍ ᠪᠠᠶ᠋ᠢᠭ᠎ᠠ ᠨᠢ ᠡᠷᠡᠯᠬᠡᠭᠯᠡᠨ ᠤᠷᠤᠭᠰᠢᠯᠠᠬᠤ ᠣᠶᠤᠨ ᠤᠬᠠᠭᠠᠨ ᠪᠠ ᠬᠦᠴᠦᠨ ᠴᠢᠳᠠᠯ᠎ᠢ ᠰᠢᠩᠭᠡᠭᠡᠨ ᠠᠪᠬᠤ᠎ᠶᠢᠨ ᠲᠥᠯᠥᠭᠡ ᠶᠤᠮ》᠃

ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠌ᠨ ᠢᠯᠠᠯᠲᠠ ᠣᠯᠤᠭᠰᠠᠨ 90 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠮᠠᠨ᠎ᠤ ᠨᠠᠮ᠎ᠤᠨ ᠤᠯᠠᠭᠠᠨ ᠴᠡᠷᠢᠭ᠎ᠢ ᠤᠳᠤᠷᠢᠳᠤᠨ ᠤᠷᠳᠤ ᠵᠠᠮ᠎ᠤᠨ ᠠᠶᠠᠨ ᠲᠠᠢ᠌ᠨ ᠬᠢᠭᠰᠡᠨ ᠠᠭᠤᠤ ᠶᠡᠬᠡ ᠲᠡᠦᠬᠡᠨ ᠶᠠᠪᠤᠴᠠ᠎ᠶᠢ ᠡᠷᠭᠢᠴᠡᠭᠦᠯᠵᠦ᠍᠂ 《90 ᠵᠢᠯ᠎ᠦᠨ ᠳᠠᠷᠠᠭᠠᠬᠢ ᠡᠨᠡ ᠡᠳᠦᠷ᠂ ᠲᠡᠷᠡ ᠬᠦ᠌ ᠬᠦᠴᠢᠷ ᠪᠡᠷᠬᠡᠰᠢᠶᠡᠯᠳᠡᠢ ᠭᠡᠷᠡᠯ ᠰᠠᠴᠤᠷᠠᠩᠭᠤᠢ ᠲᠡᠤᠬᠡ᠎ᠶᠢ ᠳᠠᠬᠢᠨᠲᠠ ᠡᠷᠭᠢᠴᠡᠭᠦᠯᠬᠦᠶ᠎ᠡ᠂ ᠤᠷᠳᠤ ᠵᠠᠮ᠎ᠤᠨ ᠠᠶᠠᠨ ᠲᠠᠢ᠌ᠨ᠎ᠦ ᠢᠯᠠᠯᠲᠠ ᠪᠣᠯ ᠵᠠᠶ᠋ᠢᠯᠠᠰᠢ ᠦᠭᠡᠢ ᠶᠤᠮ᠂ ᠲᠡᠭᠦᠨ᠎ᠳᠦ ᠨᠠᠮ ᠪᠣᠯᠤᠨ ᠠᠷᠠᠳ᠎ᠤᠨ ᠴᠡᠷᠢᠭ ᠠᠩᠬᠢ᠎ᠶᠢᠨ ᠡᠷᠡᠯᠬᠡᠭᠯᠡᠨ ᠤᠷᠤᠭᠰᠢᠯᠠᠵᠤ ᠢᠯᠠᠯᠲᠠ᠎ᠤᠯᠤᠭᠰᠠᠨ᠎ᠤ ᠠᠨᠢᠰᠤ  ᠠᠭᠤᠯᠤᠭᠳᠠᠵᠤ ᠪᠠᠢᠬᠤ ᠵᠢ ᠪᠢᠳᠡ ᠨᠡᠩ ᠭᠦᠨᠵᠡᠭᠡᠢ ᠲᠠᠨᠢᠵᠤ ᠤᠯᠪᠠ》 ᠭᠡᠵᠦ᠍ ᠵᠢᠭᠠᠵᠤ ᠭᠠᠷᠭᠠᠪᠠ᠃

ᠠᠷᠪᠠ ᠭᠠᠷᠤᠶ ᠮᠤᠵᠢ ᠵᠢ ᠲᠤᠭᠤᠯᠵᠤ᠂ ᠬᠣᠶᠠᠷ ᠲᠦᠮᠡ ᠲᠠᠪᠤᠨ ᠮᠢᠩᠭᠠᠨ ᠭᠠᠵᠠᠷ᠎ᠤᠨ ᠠᠶᠠᠨ ᠬᠦᠭᠡᠭᠡᠵᠦ᠂ 600 ᠭᠠᠷᠤᠶ ᠤᠳᠠᠭᠠᠨ᠎ᠤ ᠳᠠᠶ᠋ᠢᠯᠠᠯᠳᠤᠭᠠᠨ ᠪᠠᠶ᠋ᠢᠯᠳᠤᠭᠠᠨ ᠬᠢᠪᠡ ᠁ ᠤᠯᠠᠭᠠᠨ ᠴᠡᠷᠢᠭ᠎ᠦᠨ ᠤᠷᠲᠤ᠌ ᠵᠠᠮ᠎ᠤᠨ ᠠᠶᠠᠨ ᠳᠠᠶ᠋ᠢᠨ ᠨᠢ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠ ᠤᠯᠠᠭᠠᠨ ᠴᠡᠷᠢᠭ᠎ᠢ ᠤᠰᠠᠳᠬᠠᠬᠤ ᠭᠡᠰᠡᠨ ᠭᠣᠮᠢᠨᠳᠠᠩ᠎ᠤᠨ ᠲᠡᠷᠰᠯᠡᠭᠦᠴᠦᠳ᠎ᠦᠨ ᠭᠣᠷᠢᠳᠠᠯᠭ᠎ᠠ ᠲᠤᠶ᠋ᠢᠯᠪᠤᠷᠢᠲᠠᠶ ᠢᠯᠠᠭᠳᠠᠭᠰᠠᠨ᠎ᠢ ᠲᠤᠩᠬᠠᠭᠯᠠᠵᠤ᠂ ᠤᠮᠠᠷᠠᠰᠢ ᠮᠣᠷᠳᠠᠨ ᠶᠠᠫᠣᠨ᠎ᠢ ᠡᠰᠡᠷᠭᠦᠴᠡᠬᠦ᠌ ᠪᠠᠶ᠋ᠢᠯᠳᠤᠬᠤ ᠪᠣᠳᠣᠯᠭ᠎ᠠ᠎ᠶᠢᠨ ᠰᠢᠯᠵᠢᠯᠲᠡ᠎ᠶᠢ ᠢᠯᠠᠯᠲᠠ᠎ᠲᠠᠶ᠎ᠪᠠᠷ ᠪᠡᠶᠡᠯᠡᠭᠦᠯᠦᠨ᠂ ᠳᠤᠮᠳᠠᠳᠤ ᠤᠯᠤᠰ᠎ᠤᠨ ᠬᠤᠪᠢᠰᠬᠠᠯ᠎ᠤᠨ ᠰᠢᠨ᠎ᠡ ᠪᠠᠶ᠋ᠢᠳᠠᠯ᠎ᠢ ᠠᠮᠵᠢᠯᠲᠠ᠎ᠲᠠᠶ᠎ᠪᠠᠷ ᠨᠡᠭᠡᠭᠡᠭᠰᠡᠨ ᠪᠠᠶ᠋ᠢᠨ᠎ᠠ᠃

ᠡᠨᠡ ᠬᠦ᠌ ᠠᠭᠤᠤ ᠶᠡᠬᠡ ᠢᠯᠠᠯᠲᠠ᠎ᠶᠢᠨ ᠵᠠᠮ᠎ᠢ ᠬᠡᠷᠬᠢᠨ ᠶᠠᠪᠤᠵᠤ ᠭᠠᠷᠭᠠᠭᠰᠠᠨ ᠪᠤᠢ?

《ᠨᠠᠮ᠎ᠤᠨ ᠵᠥᠪ ᠤᠳᠤᠷᠢᠳᠤᠯᠭ᠎ᠠ᠎ᠳᠤ ᠲᠦᠰᠢᠭᠯᠡᠨ ᠶᠠᠪᠤᠵᠤ ᠭᠠᠷᠭᠠᠭᠰᠠᠨ ᠶᠤᠮ》᠂ 《ᠡᠷᠡᠰ ᠪᠠᠲᠤ᠌ ᠬᠤᠪᠢᠰᠬᠠᠯᠲᠤ ᠵᠣᠷᠢᠭ ᠰᠠᠨᠠᠭ᠎ᠠ᠎ᠳᠤ ᠲᠦᠰᠢᠭᠯᠡᠨ ᠶᠠᠪᠤᠵᠤ ᠭᠠᠷᠭᠠᠭᠰᠠᠨ ᠶᠤᠮ》᠂ 《ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌᠂ ᠦᠨᠡᠨ᠎ᠡᠴᠡ ᠵᠥᠪ᠎ᠢ ᠡᠷᠢᠬᠦ᠌᠎ᠳᠦ ᠲᠦᠰᠢᠭᠯᠡᠨ ᠶᠠᠪᠤᠵᠤ ᠭᠠᠷᠭᠠᠭᠰᠠᠨ ᠶᠤᠮ》᠂ 《ᠥᠷᠭᠡᠨ ᠤᠯᠠᠨ ᠠᠷᠠᠳ ᠲᠦᠮᠡᠨ᠎ᠦ ᠳᠡᠮᠵᠢᠯᠭᠡ᠎ᠳᠦ ᠲᠦᠰᠢᠭᠯᠡᠨ ᠶᠠᠪᠤᠵᠤ ᠭᠠᠷᠭᠠᠭᠰᠠᠨ ᠶᠤᠮ》᠃

ᠶᠡᠷᠦᠩᠬᠡᠢ ᠱᠦᠵᠢ ᠰᠢ᠎ᠶᠢᠨ ᠫᠢᠩ᠎ᠤᠨ ᠢᠯᠡᠷᠡᠭᠦᠯᠦᠭᠰᠡᠨ ᠨᠠᠮ ᠪᠣᠯᠣᠨ ᠠᠷᠠᠳ᠎ᠤᠨ ᠴᠡᠷᠢᠭ ᠠᠩᠭᠢ᠎ᠶᠢᠨ ᠡᠷᠡᠯᠬᠡᠭᠯᠡᠨ ᠤᠷᠤᠭᠰᠢᠯᠠᠵᠤ ᠢᠯᠠᠯᠲᠠ᠎ᠤᠯᠤᠭᠰᠠᠨ᠎ᠤ ᠠᠨᠢᠰᠤ ᠨᠢ ᠡᠨᠡ ᠬᠦ᠌ ᠠᠭᠤᠤ ᠶᠡᠬᠡ ᠢᠯᠠᠯᠲᠠ᠎ᠶᠢᠨ ᠦᠨᠳᠦᠰᠦᠨ ᠪᠠᠲᠤᠯᠠᠭ᠎ᠠ᠂ ᠤᠶᠤᠨ ᠰᠠᠨᠠᠭᠠᠨ᠎ᠤ ᠲᠦᠰᠢᠭ ᠲᠤᠯᠭᠠᠭᠤᠷᠢ᠂ ᠠᠵᠢᠯᠯᠠᠭᠠᠨ᠎ᠤ ᠵᠢᠷᠤᠮᠯᠠᠯ᠂ ᠬᠦᠴᠦᠨ ᠴᠢᠳᠠᠯ᠎ᠤᠨ ᠡᠬᠢ ᠪᠤᠯᠠᠭ ᠪᠠᠢᠵᠤ᠂ ᠲᠡᠦᠬᠡ᠎ᠶᠢ ᠭᠦᠨᠵᠡᠭᠡᠢ ᠳ᠋ᠦᠩᠨᠡᠭᠰᠡᠨ ᠪᠥᠭᠡᠳ ᠢᠷᠡᠭᠡᠳᠦᠢ᠎ᠳᠦ ᠬᠠᠨᠳᠤᠭᠤᠯᠤᠭᠰᠠᠨ ᠭᠦᠨᠵᠡᠭᠡᠢ ᠲᠤᠩᠬᠠᠭᠯᠠᠯ ᠪᠠᠢᠵᠤ᠂ ᠴᠠᠭ ᠬᠤᠭᠤᠴᠠᠭ᠎ᠠ ᠣᠷᠣᠨ ᠵᠠᠢ᠎ᠶᠢ ᠲᠤᠭᠤᠯᠤᠭᠰᠠᠨ ᠰᠡᠩᠬᠡᠷᠡᠭᠦᠯᠦᠯ᠎ᠦᠨ ᠠᠴᠢ ᠬᠣᠯᠪᠣᠭᠳᠠᠯ᠎ᠲᠠᠢ ᠭᠡᠳᠡᠭ᠎ᠢ ᠲᠣᠳᠣᠷᠬᠠᠢᠯᠠᠪᠠ᠃

ᠡᠨᠳᠡ ᠭᠣᠣᠯᠳᠠᠭᠤ 《ᠡᠷᠡᠰ ᠪᠠᠲᠤ ᠬᠤᠪᠢᠰᠬᠠᠯᠲᠤ ᠵᠣᠷᠢᠭ᠋ ᠰᠠᠨᠠᠭ᠎ᠠ》᠂ 《ᠪᠡᠶ᠎ᠡ᠎ᠪᠡᠨ ᠳᠠᠭᠠᠭᠠᠵᠤ ᠡᠵᠡᠨ ᠮᠡᠳᠡᠬᠦ᠂ ᠦᠨᠡᠨ᠎ᠡᠴᠡ ᠵᠥᠪ᠎ᠢ ᠡᠷᠢᠬᠦ》 ᠲᠤᠬᠠᠢ ᠲᠣᠳᠣᠷᠬᠠᠢᠯᠠᠨ ᠲᠠᠢᠯᠪᠤᠷᠢᠯᠠᠵᠤ᠂ ᠣᠢᠯᠠᠭᠠᠯᠲᠠ᠎ᠪᠠᠨ ᠭᠦᠨᠵᠡᠭᠡᠢᠷᠡᠭᠦᠯᠦᠶ᠎ᠡ᠃

ᠬᠦᠰᠡᠯᠡᠩ ᠢᠲᠡᠭᠡᠯ ᠪᠢᠰᠢᠷᠡᠯ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭᠠᠨ᠎ᠤ ᠲᠦᠰᠢᠭ ᠲᠤᠯᠭᠠᠭᠤᠷᠢ ᠪᠠ ᠤᠯᠤᠰ ᠲᠦᠷᠦ᠎ᠶᠢᠨ ᠰᠦᠭ ᠰᠦᠨᠡᠰᠦ ᠮᠥᠨ᠃ 《ᠳᠤᠮᠳᠠᠳᠤ ᠤᠯᠤᠰ᠎ᠤᠨ ᠬᠤᠪᠢᠰᠬᠠᠯ ᠶᠠᠭᠠᠬᠢᠭᠠᠳ ᠢᠯᠠᠯᠲᠠ ᠣᠯᠵᠤ ᠴᠢᠳᠠᠭᠰᠠᠨ ᠪᠤᠢ? ᠨᠢᠭᠤᠴᠠ ᠨᠢ ᠳᠠᠷᠤᠢ ᠬᠤᠪᠢᠰᠬᠠᠯ᠎ᠤᠨ ᠬᠦᠰᠡᠯᠡᠩ ᠶᠠᠭᠤᠨ᠎ᠡᠴᠡ ᠴᠤ᠌ ᠡᠷᠬᠢᠮ ᠳᠡᠭᠡᠳᠦ ᠪᠠᠢᠳᠠᠭ ᠲᠦ᠍ ᠪᠤᠢ》᠃

ᠤᠷᠳᠤ ᠵᠠᠮ᠎ᠤᠨ ᠠᠶᠠᠨ ᠲᠠᠢ᠍ᠢᠨ᠎ᠦ ᠶᠠᠪᠤᠴᠠ᠎ᠳᠤ᠂ ᠰᠢᠶᠠᠩᠵᠢᠶᠠᠩ ᠮᠥᠷᠡᠨ ᠪᠤᠷᠭᠢᠯᠤᠨ ᠳᠠᠪᠠᠯᠭᠠᠯᠠᠵᠤ᠂ ᠬᠠᠯᠠᠭᠤᠨ ᠠᠮᠢ ᠪᠦᠯᠢᠶᠡᠨ ᠴᠢᠰᠤ ᠪᠡᠷ ᠪᠤᠳᠤᠭᠯᠠᠭᠳᠠᠪᠠ; ᡂᠢ ᠱᠦᠢ ᠭᠣᠣᠯ᠎ᠢ ᠳᠥᠷᠪᠡᠨᠲᠡ ᠭᠠᠲᠤᠯᠵᠤ᠂ ᠤᠷᠠᠨ ᠠᠷᠭ᠎ᠠ᠎ᠪᠠᠷ ᠢᠯᠠᠯᠲᠠ ᠣᠯᠪᠠ᠋; ᠳᠠ ᠳᠦ ᠾᠧ ᠭᠣᠣᠯ ᠳᠡᠭᠡᠷ᠎ᠡ᠂ ᠲᠦᠷᠭᠡᠨ ᠭᠠᠪᠰᠢᠭᠠᠢ ᠪᠠᠢᠯᠳᠤᠵᠤ ᠢᠯᠠᠯᠲᠠ ᠤᠯᠪᠠ᠃ ᠦᠯᠦᠰᠴᠦ ᠳᠠᠭᠠᠷᠠᠭᠰᠠᠨ ᠴᠦ᠍ ᠣᠯᠠᠨ ᠲᠦᠮᠡᠨ᠎ᠦ ᠰᠡᠲᠡᠷᠬᠡᠢ ᠵᠡᠭᠦᠦ ᠲᠠᠰᠤᠷᠬᠠᠢ ᠤᠲᠠᠰᠤ᠎ᠶᠢ ᠴᠤ᠌ ᠠᠪᠬᠤ ᠦᠭᠡᠢ᠂ ᠰᠢᠷᠬᠠᠲᠤᠭᠰᠠᠨ ᠬᠥᠯ ᠵᠢᠡᠨ ᠲᠠᠭᠠᠷᠢᠵᠤ ᠬᠠᠶᠠᠴᠢᠬᠠᠭᠠᠳ ᠪᠠᠰᠠ ᠱᠠᠨᠰᠢ᠎ᠶᠢᠨ ᠬᠣᠢᠲᠤ᠎ᠳᠦ ᠮᠥᠯᠬᠥᠵᠤ ᠣᠴᠢᠨ᠎ᠠ ᠭᠡᠵᠦ ᠲᠠᠩᠭᠠᠷᠢᠭ᠍ᠯᠠᠪᠠ᠃ ᠨᠠᠮ ᠪᠣᠯᠣᠨ ᠤᠯᠠᠭᠠᠨ ᠴᠡᠷᠢᠭ ᠪᠣᠯ ᠡᠷᠡᠰ ᠪᠠᠲᠤ ᠬᠦᠰᠡᠯᠡᠩ ᠢᠲᠡᠭᠡᠯ ᠪᠢᠰᠢᠷᠡᠯ ᠪᠣᠯᠣᠨ ᠡᠷᠡᠰ ᠴᠢᠩᠭ᠎ᠠ ᠬᠤᠪᠢᠰᠬᠠᠯᠲᠤ ᠵᠣᠷᠢᠭ᠋ ᠰᠠᠨᠠᠭ᠎ᠠ᠎ᠳᠤ ᠲᠦᠰᠢᠭᠯᠡᠵᠦ᠂ ᠤᠳᠠᠭ᠎ᠠ ᠪᠦᠷᠢ᠎ᠶᠢᠨ ᠮᠤᠬᠤᠷᠳᠠᠯᠳᠦ ᠪᠠᠢᠳᠠᠯ ᠡᠴᠡ ᠲᠠᠬᠢᠨᠳᠠ ᠮᠤᠯᠳᠤᠷᠠᠵᠤ᠂ ᠨᠤᠭᠤᠷᠠᠯ ᠪᠦᠳᠦᠷᠢᠯ᠎ᠳᠦ ᠤᠴᠠᠷᠠᠬᠤ ᠲᠤᠳᠤᠮ ᠡᠷᠡᠯᠬᠡᠭ ᠪᠠᠭᠠᠲᠤᠷᠯᠢᠭ᠋ ᠪᠣᠯᠵᠤ᠂ ᠡᠴᠦᠰ᠎ᠲᠡᠬᠡᠨ ᠢᠯᠠᠯᠲᠠ ᠣᠯᠵᠤ᠂ ᠢᠲᠡᠭᠡᠬᠦᠶ᠎ᠡ ᠪᠡᠷᠬᠡ ᠭᠠᠢᠬᠠᠮᠰᠢᠭ᠋᠎ᠢ ᠪᠦᠲᠦᠭᠡᠭᠰᠡᠨ ᠶᠤᠮ᠃

《ᠬᠤᠪᠢᠰᠬᠠᠯ᠎ᠤᠨ ᠬᠦᠰᠡᠯᠡᠩ᠂ ᠬᠤᠪᠢᠰᠬᠠᠯ᠎ᠤᠨ ᠢᠲᠡᠭᠡᠯ ᠵᠣᠷᠢᠭ᠋ ᠨᠢ ᠪᠤᠷᠤᠩᠬᠤᠢ ᠳᠠᠢᠰᠤᠨ᠎ᠢ ᠳᠠᠷᠤᠬᠤ᠂ ᠠᠭᠤᠯᠠ ᠬᠠᠢᠷᠬᠠᠨ᠎ᠢ ᠳᠣᠩᠰᠣᠯᠭᠠᠬᠤ ᠬᠢᠵᠠᠭᠠᠯᠠᠰᠢ ᠦᠭᠡᠢ ᠬᠦᠴᠦᠨ ᠴᠢᠳᠠᠯ᠎ᠢ ᠣᠷᠭᠢᠯᠤᠭᠤᠯᠵᠤ᠂ ᠡᠷᠬᠢᠮ ᠳᠡᠭᠡᠳᠦ ᠬᠦᠰᠡᠯᠡᠩ ᠪᠠ ᠡᠷᠡᠰ ᠪᠠᠲᠤ ᠢᠲᠡᠭᠡᠯ ᠵᠣᠷᠢᠭ᠋᠎ᠲᠠᠢ ᠡᠩᠨᠡᠭᠡ ᠪᠣᠯ ᠢᠯᠠᠭᠳᠠᠰᠢ ᠦᠭᠡᠢ ᠶᠤᠮ ᠭᠡᠳᠡᠭ᠎ᠢ ᠲᠡᠦᠬᠡ ᠮᠠᠷᠭᠤᠰᠢ ᠦᠭᠡᠢ ᠭᠡᠷᠡᠴᠢᠯᠡᠵᠡᠢ》᠃

ᠤᠶᠤᠨ ᠰᠠᠨᠠᠭᠠᠨ᠎ᠤ ᠬᠦᠴᠦᠨ ᠴᠢᠳᠠᠯ᠂ ᠴᠠᠭ ᠬᠤᠭᠤᠴᠠᠭ᠎ᠠ ᠣᠷᠣᠨ ᠵᠠᠢ᠎ᠶᠢ ᠲᠤᠭᠤᠯᠤᠨ᠎ᠠ᠃

ᠨᠤᠲᠤᠭ ᠤᠰᠤᠨ᠎ᠳᠠᠭᠠᠨ ᠦᠨᠳᠦᠰᠦᠯᠡᠵᠦ᠂ ᠬᠡᠳᠦᠨ ᠵᠠᠭᠤᠨ ᠲᠦᠮᠡᠨ ᠨᠠᠮ᠎ᠤᠨ ᠭᠡᠰᠢᠭᠦᠨ ᠺᠠᠳ᠋ᠷ ᠬᠠᠷᠢᠭᠤᠴᠠᠯᠭ᠎ᠠ ᠡᠭᠦᠷᠭᠡᠯᠡᠨ ᠡᠷᠡᠯᠬᠡᠭᠯᠡᠨ ᠤᠷᠤᠭᠰᠢᠯᠠᠵᠤ᠂ ᠤᠶᠤᠨ ᠤᠬᠠᠭᠠᠨ᠎ᠢᠶᠠᠨ ᠰᠢᠪᠬᠠᠵᠤ᠂《ᠪᠦᠬᠦ ᠲᠠᠯ᠎ᠠ᠎ᠶᠢᠨ ᠢᠯᠠᠯᠲᠠ᠎ᠶᠢ ᠣᠯᠬᠤ ᠦᠭᠡᠢ ᠪᠣᠯ ᠴᠡᠷᠢᠭ᠎ᠢᠶᠡᠨ ᠶᠠᠭᠠᠬᠢᠭ᠍ᠰᠠᠨ ᠴᠤ᠌ ᠲᠠᠲᠠᠬᠤ ᠦᠭᠡᠢ》 ᠭᠡᠬᠦ ᠡᠷᠡᠰ ᠵᠤᠷᠢᠭ ᠵᠢᠡᠷ 《ᠶᠠᠳᠠᠭᠤ᠎ᠡᠴᠡ ᠠᠩᠭᠢᠵᠢᠷᠠᠭᠤᠯᠤᠭᠰᠠᠨ ᠬᠠᠮᠤᠭ᠎ᠤᠨ ᠠᠮᠵᠢᠯᠲᠠ᠎ᠲᠠᠢ ᠦᠯᠢᠭᠡᠷ》 ᠢ᠋ ᠪᠢᠴᠢᠭᠯᠡᠪᠡ;

ᠥᠨᠳᠥᠷ ᠤᠷᠬᠢᠯ᠎ᠳᠤ ᠵᠣᠷᠢᠭ᠍ᠲᠠᠢ ᠠᠪᠠᠷᠢᠵᠤ᠂ ᠲᠦᠭ ᠲᠦᠮᠡᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠳ  《ᠰᠠᠷᠠᠪᠴᠢᠨ᠎ᠤ ᠤᠰᠤ ᠳᠤᠰᠤᠯᠠᠵᠤ ᠶᠢᠨᠳᠡᠷ᠎ᠤᠨ ᠴᠢᠯᠠᠭᠤ ᠵᠢ ᠴᠤᠭᠤᠯᠬᠤ》 ᠬᠠᠳᠠᠨ ᠵᠣᠷᠢᠭ᠋᠎ᠢᠶᠠᠷ ᠪᠣᠭᠣᠮᠲᠠ ᠰᠢᠪᠲᠤᠯᠵᠤ᠂ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ 《ᠰᠢᠨ᠎ᠡ᠎ᠶᠢ ᠡᠭᠦᠳᠬᠦ ᠳᠤᠮᠳᠠᠳᠤ ᠤᠯᠤᠰ》 ᠢ᠋ ᠴᠤᠭᠴᠠᠯᠠᠪᠠ;

ᠪᠣᠭᠣᠮᠲᠠ ᠵᠢ ᠰᠠᠬᠢᠨ ᠬᠢᠯᠢ ᠵᠢ ᠬᠠᠮᠠᠭᠠᠯᠠᠵᠤ᠂ ᠵᠠᠯᠠᠭᠤ ᠪᠠᠢᠯᠳᠤᠭ᠍ᠴᠢᠳ 《ᠴᠢᠩ ᠦᠨᠡᠨᠴᠢ ᠬᠠᠢᠷ᠎ᠠ ᠰᠡᠳᠬᠢᠯᠭᠡ ᠵᠦᠪᠬᠡᠨ ᠳᠤᠮᠳᠠᠳᠤ ᠤᠯᠤᠰ᠎ᠤᠨ᠎ᠢᠶᠠᠨ ᠲᠥᠯᠥᠭᠡ》 ᠭᠡᠬᠦ ᠲᠠᠩᠭᠠᠷᠢᠭ᠋᠎ᠢᠶᠠᠨ ᠭᠦᠢᠴᠡᠳᠬᠡᠵᠦ᠂ ᠦᠨᠡᠨᠴᠢ ᠰᠢᠳᠤᠷᠭᠤ ᠪᠣᠯᠣᠨ ᠬᠠᠯᠠᠭᠤᠨ ᠴᠢᠰᠤ᠎ᠪᠠᠷ᠎ᠢᠶᠠᠨ ᠡᠪᠳᠡᠷᠡᠰᠢ ᠦᠭᠡᠢ ᠪᠦᠬᠡ ᠬᠢᠯᠢ᠎ᠶᠢᠨ ᠬᠥᠰᠢᠶ᠎ᠡ᠎ᠶᠢ ᠪᠣᠰᠬᠠᠪᠠ ᠁

《ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ》 ᠡᠴᠡ 《ᠰᠢᠨ᠎ᠡ ᠤᠷᠳᠤ ᠵᠠᠮ᠎ᠤᠨ ᠠᠶᠠᠨ ᠲᠠᠢ᠍ᠢᠨ》 ᠭᠦᠷᠲᠡᠯ᠎ᠡ᠂ ᠪᠦᠰᠡᠯᠡᠨ ᠨᠡᠬᠡᠮᠵᠢᠯᠡᠵᠦ ᠬᠤᠷᠢᠬᠯᠠᠨ ᠲᠤᠰᠬᠤ᠎ᠶᠢ ᠰᠢᠪᠲᠤᠯᠬᠤ ᠡᠴᠡ ᠶᠡᠬᠡ ᠠᠯᠬᠤᠮ᠎ᠢᠶᠠᠷ ᠤᠷᠤᠬᠰᠢᠯᠠᠬᠤ ᠰᠡᠷᠭᠦᠨ ᠮᠠᠨᠳᠤᠯᠲᠠ᠎ᠶᠢᠨ ᠠᠶᠠᠨ ᠭᠦᠷᠲᠡᠯ᠎ᠡ᠂ ᠤᠳᠠᠭ᠎ᠠ ᠲᠠᠷᠠᠭ᠎ᠠ᠎ᠪᠠᠷ ᠲᠦᠭᠰᠢᠭᠦᠷᠢᠲᠦ ᠪᠠᠢᠳᠠᠯ᠎ᠢ ᠬᠤᠪᠢᠷᠠᠭᠤᠯᠵᠤ᠂ ᠠᠶᠤᠯ ᠲᠦᠭᠰᠢᠭᠦᠷᠢ᠎ᠶᠢ ᠠᠵᠠ ᠳᠤᠬᠢᠶᠠᠯ ᠪᠤᠯᠭᠠᠨ ᠬᠤᠪᠢᠷᠠᠭᠤᠯᠤᠬᠰᠠᠨ ᠨᠢ ᠠᠯᠢᠪᠠ ᠳᠠᠢᠰᠤᠨ᠎ᠢ ᠳᠠᠷᠤᠬᠤ ᠡᠴᠡ ᠪᠢᠰᠢ ᠶᠠᠮᠠᠷᠪᠠ ᠳᠠᠢᠰᠤᠨ᠎ᠳᠤ ᠳᠠᠷᠤᠭᠳᠠᠬᠤ ᠦᠭᠡᠢ᠂ ᠠᠯᠢᠪᠠ ᠬᠦᠴᠢᠷ ᠪᠡᠷᠬᠡᠰᠢᠶᠡᠯ᠎ᠢ ᠢᠯᠠᠨ ᠳᠠᠪᠠᠬᠤ ᠡᠴᠡ ᠪᠢᠰᠢ ᠶᠠᠮᠠᠷᠪᠠ ᠬᠦᠴᠢᠷ ᠪᠡᠷᠬᠡᠰᠢᠶᠡᠯ᠎ᠳᠦ ᠢᠯᠠᠭᠳᠠᠬᠤ ᠦᠭᠡᠢ ᠪᠠᠭᠠᠲᠤᠷᠯᠢᠭ᠋ ᠵᠣᠷᠢᠭ᠋ ᠰᠠᠨᠠᠭ᠎ᠠ ᠪᠣᠯᠣᠨ ᠬᠤᠪᠢᠰᠬᠠᠯᠲᠤ ᠵᠣᠷᠢᠭ᠋ ᠰᠠᠨᠠᠭ᠎ᠠ᠎ᠳᠤ ᠲᠦᠰᠢᠭᠯᠡᠭᠰᠡᠨ ᠶᠤᠮ᠃

《ᠬᠦᠰᠡᠯᠡᠩ ᠢᠲᠡᠭᠡᠯ ᠪᠢᠰᠢᠷᠡᠯ ᠪᠠᠢᠳᠠᠭ ᠯᠠ ᠶᠤᠮ ᠪᠣᠯ ᠨᠠᠮ᠎ᠤᠨ ᠦᠢᠯᠡᠰ ᠯᠠᠪᠲᠠᠢ ᠠᠮᠵᠢᠯᠲᠠ ᠣᠯᠵᠤ ᠴᠢᠳᠠᠨ᠎ᠠ》᠃

ᠤᠷᠤᠭᠰᠢᠯᠠᠯᠲᠠ᠎ᠶᠢᠨ ᠵᠠᠮ ᠳᠡᠭᠡᠷ᠎ᠡ᠂ ᠴᠥᠬᠥᠷᠡᠰᠢ ᠦᠭᠡᠢ᠎ᠪᠡᠷ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ᠎ᠢᠶᠡᠨ ᠨᠢᠭᠡᠳᠬᠡᠨ ᠰᠦᠭ ᠰᠦᠨᠡᠰᠦ᠎ᠶᠢ ᠱᠤᠭᠤᠵᠤ᠂ ᠬᠦᠰᠡᠯᠡᠩ ᠢᠲᠡᠭᠡᠯ ᠪᠢᠰᠢᠷᠡᠯ᠎ᠦᠨ ᠰᠠᠭᠤᠷᠢ᠎ᠪᠠᠨ ᠪᠡᠳᠤᠳᠬᠠᠵᠤ᠂ ᠬᠤᠪᠢᠰᠬᠠᠯᠳᠤ ᠵᠣᠷᠢᠭ᠋ ᠰᠠᠨᠠᠭ᠎ᠠ᠎ᠪᠠᠨ ᠳᠠᠪᠲᠠᠨ ᠪᠤᠯᠪᠠᠰᠤᠷᠠᠭᠤᠯᠵᠤ᠂ ᠬᠡᠳᠦᠢ ᠬᠦᠴᠢᠷ ᠪᠡᠷᠬᠡᠰᠢᠶᠡᠯ ᠬᠡᠳᠦᠢ ᠠᠶᠤᠯ ᠲᠦᠭᠰᠢᠭᠦᠷᠢ᠎ᠲᠠᠢ ᠪᠣᠯ ᠲᠡᠳᠦᠢ ᠤᠷᠤᠭᠰᠢᠯᠠᠬᠤ ᠢᠲᠡᠭᠡᠯ ᠵᠣᠷᠢᠭ᠋ ᠪᠠ ᠰᠥᠰᠥ ᠵᠣᠷᠢᠭ᠋᠎ᠢᠶᠠᠷ ᠡᠷᠡᠯᠬᠡᠭᠯᠡᠨ ᠲᠡᠮᠡᠴᠡᠵᠦ᠂ ᠬᠦᠴᠢᠷ᠎ᠢ ᠰᠥᠷᠦᠨ ᠤᠷᠤᠭᠰᠢᠯᠠᠪᠠᠯ᠂ ᠯᠠᠪᠲᠠᠢ 《ᠪᠣᠯᠣᠯᠴᠠᠭ᠎ᠠ ᠦᠭᠡᠢ》 ᠭᠡᠳᠡᠭ᠎ᠢ 《ᠯᠠᠪᠲᠠᠢ ᠴᠢᠳᠠᠬᠤ》 ᠪᠤᠯᠭᠠᠨ ᠬᠤᠪᠢᠷᠠᠭᠤᠯᠵᠤ ᠴᠢᠳᠠᠨ᠎ᠠ᠃

ᠤᠷᠳᠤ ᠵᠠᠮ᠎ᠤᠨ ᠠᠶᠠᠨ ᠲᠠᠢ᠍ᠢᠨ᠎ᠦ ᠶᠠᠪᠤᠴᠠ ᠪᠣᠯ ᠪᠠᠰᠠ ᠴᠤ᠌ ᠮᠠᠨ᠎ᠤ ᠨᠠᠮ᠎ᠤᠨ ᠬᠤᠪᠢᠰᠬᠠᠯ᠎ᠤᠨ ᠵᠠᠮ᠎ᠢ ᠰᠢᠷᠭᠠᠭᠤ ᠬᠠᠲᠠᠭᠤᠵᠢᠯᠲᠠᠢ᠎ᠪᠠᠷ ᠰᠦᠪᠡᠭᠴᠢᠯᠡᠭᠰᠡᠨ ᠶᠠᠪᠤᠴᠠ ᠮᠥᠨ᠃ 《ᠪᠡᠶ᠎ᠡ᠎ᠪᠡᠨ ᠳᠠᠭᠠᠭᠠᠵᠤ ᠡᠵᠡᠨ ᠮᠡᠳᠡᠬᠦ᠂ ᠦᠨᠡᠨ ᠡᠴᠡ ᠵᠥᠪ᠎ᠢ ᠡᠷᠢᠬᠦ᠂ ᠠᠯᠢᠪᠠ ᠪᠦᠭᠦᠨ᠎ᠳᠦ ᠪᠣᠳᠠᠲᠠᠢ ᠡᠴᠡ ᠡᠭᠦᠰᠬᠦ᠎ᠶᠢ ᠪᠠᠷᠢᠮᠲᠠᠯᠠᠬᠤ》 ᠪᠣᠯ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ ᠵᠢᠨ ᠴᠢᠬᠤᠯᠠ ᠠᠭᠤᠯᠤᠭᠳᠠᠬᠤᠨ᠎ᠤ ᠨᠢᠭᠡ ᠪᠣᠯᠣᠨ᠎ᠠ᠃

ᠤᠷᠳᠤ ᠵᠠᠮ᠎ᠤᠨ ᠠᠶᠠᠨ ᠲᠠᠢ᠍ᠢᠨ᠎ᠳᠦ 《ᠮᠠᠷᠺᠰ᠎ᠤᠨ ᠦᠵᠡᠯ᠎ᠢ ᠬᠡᠵᠢᠶᠡᠳᠡ ᠬᠤᠪᠢᠷᠠᠰᠢ ᠦᠭᠡᠢ ᠨᠣᠮᠯᠠᠯ ᠪᠤᠯᠭᠠᠬᠤ ᠪᠤᠷᠤᠭᠤ ᠦᠵᠡᠯ ᠰᠠᠨᠠᠭᠠᠨ᠎ᠤ ᠬᠠᠷᠰᠢ ᠰᠠᠭᠠᠳ᠎ᠢ ᠳᠠᠪᠠᠨ ᠭᠠᠷᠴᠤ》᠂ ᠮᠠᠨ᠎ᠤ ᠨᠠᠮ ᠪᠡᠶ᠎ᠡ᠎ᠪᠡᠨ ᠳᠠᠭᠠᠭᠠᠵᠤ ᠡᠵᠡᠨ ᠮᠡᠳᠡᠵᠤ᠂ ᠵᠠᠮ ᠬᠠᠮᠢᠭᠠᠰᠢ᠎ᠪᠠᠨ ᠶᠠᠪᠤᠬᠤ᠂ ᠪᠠᠢᠯᠳᠤᠭᠠᠨ᠎ᠢ ᠶᠠᠭᠠᠬᠢᠵᠤ ᠬᠢᠬᠦ ᠵᠡᠷᠭᠡ ᠴᠢᠬᠤᠯᠠ ᠶᠡᠬᠡ ᠠᠰᠠᠭᠤᠳᠠᠯ᠎ᠢ ᠦᠨᠡᠨ ᠡᠴᠡ ᠵᠦᠪ᠎ᠢ ᠡᠷᠢᠨ ᠰᠢᠢᠳᠪᠦᠷᠢᠯᠡᠵᠦ ᠡᠬᠢᠯᠡᠪᠡ᠃ ᠶᠠᠭ ᠨᠠᠮ᠎ᠤᠨ ᠵᠥᠪ ᠱᠤᠭᠤᠮ᠎ᠤᠨ ᠵᠢᠯᠣᠭᠣᠳᠤᠯᠭ᠎ᠠ ᠳᠣᠣᠷ᠎ᠠ᠂ ᠤᠯᠠᠭᠠᠨ ᠴᠡᠷᠢᠭ ᠳᠠᠢᠰᠤᠨ᠎ᠤ ᠳᠠᠪᠬᠤᠷ ᠳᠠᠪᠬᠤᠷ ᠪᠢᠲᠡᠭᠦᠮᠵᠢᠯᠡᠯ᠎ᠢ ᠠᠮᠵᠢᠯᠲᠠ᠎ᠲᠠᠢ ᠰᠢᠪᠲᠤᠯᠵᠤ᠂ ᠲᠠᠰᠤᠷᠠᠯᠳᠡ ᠦᠭᠡᠢ ᠰᠢᠨ᠎ᠡ᠎ᠪᠡᠷ ᠠᠮᠢᠯᠠᠵᠤ᠂ ᠢᠯᠠᠯᠲᠠ᠎ᠶᠢᠨ ᠵᠠᠮ᠎ᠢᠶᠠᠷ ᠵᠠᠮᠨᠠᠭᠰᠠᠨ ᠪᠠᠢᠨ᠎ᠠ᠃

《ᠮᠠᠷᠺᠰ᠎ᠤᠨ ᠦᠵᠡᠯ᠎ᠦᠨ ᠦᠨᠳᠦᠰᠦᠨ ᠤᠬ ᠶᠤᠰᠤ᠎ᠶᠢ ᠭᠠᠭᠴᠠ ᠬᠦ᠌ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠢ ᠨᠢᠭ᠍ᠲᠠ ᠤᠶᠠᠯᠳᠤᠭᠤᠯᠪᠠᠯ ᠰᠠᠶᠢ ᠳᠤᠮᠳᠠᠳᠤ ᠤᠯᠤᠰ᠎ᠤᠨ ᠠᠰᠠᠭᠤᠳᠠᠯ ᠢ᠋ ᠰᠢᠢᠳᠪᠦᠷᠢᠯᠡᠵᠦ᠂ ᠬᠦᠴᠦᠷᠬᠡᠭ ᠶᠡᠬᠡ ᠠᠮᠢᠵᠢᠷᠠᠯ᠎ᠤᠨ ᠬᠦᠴᠦᠨ ᠢ᠋ ᠢᠯᠡᠷᠡᠭᠦᠯᠵᠦ ᠴᠢᠳᠠᠨ᠎ᠠ ᠭᠡᠳᠡᠭ ᠢ᠋ ᠲᠡᠦᠬᠡ ᠮᠠᠷᠭᠤᠰᠢ ᠦᠭᠡᠢ ᠭᠡᠷᠡᠴᠢᠯᠡᠵᠡᠢ》᠃

ᠰᠢᠨ᠎ᠡ ᠴᠠᠭ ᠦᠶ᠎ᠡ᠎ᠡᠴᠡ ᠨᠠᠭᠠᠰᠢ᠂ 《ᠬᠣᠶᠠᠷ᠎ᠢ ᠤᠶᠠᠯᠳᠤᠭᠤᠯᠬᠤ》 ᠶ᠋ᠢ ᠪᠠᠷᠢᠮᠲᠠᠯᠠᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠨᠢ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠦᠰᠦᠷᠦᠯᠲᠡ᠎ᠶᠢ ᠪᠡᠶᠡᠯᠡᠭᠦᠯᠪᠡ᠃

ᠨᠠᠮ᠎ᠤᠨ ᠰᠢᠨ᠎ᠡ ᠡᠭᠦᠳᠦᠯᠲᠡ ᠵᠢᠨ ᠤᠨᠤᠯ᠎ᠤᠨ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ ᠳᠣᠣᠷ᠎ᠠ ᠰᠢᠨ᠎ᠡ ᠴᠠᠭ ᠦᠶ᠎ᠡ᠎ᠶᠢᠨ ᠠᠯᠬᠤᠮ ᠪᠦᠷᠢ᠎ᠶᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠨᠢ ᠴᠥᠮ ᠳᠤᠮᠳᠠᠳᠤ ᠤᠯᠤᠰ᠎ᠤᠨ ᠪᠣᠳᠠᠲᠤ ᠪᠠᠢᠳᠠᠯ᠎ᠳᠤ ᠰᠠᠭᠤᠷᠢᠯᠠᠵᠤ᠂ ᠳᠤᠮᠳᠠᠳᠤ ᠤᠯᠤᠰ᠎ᠤᠨ ᠠᠰᠠᠭᠤᠳᠠᠯ᠎ᠳᠤ ᠬᠠᠷᠢᠭᠤᠯᠲᠠ ᠥᠭᠴᠡᠢ᠃

《ᠯᠤᠳᠤ ᠶᠡᠬᠡ ᠬᠤᠪᠢᠷᠠᠯᠲᠠ ᠭᠠᠷᠬᠤ ᠣᠷᠴᠢᠨ ᠨᠥᠬᠥᠴᠡᠯ ᠨᠢᠭᠡᠨᠲᠡ ᠬᠤᠪᠢᠷᠠᠪᠠ》 ᠭᠡᠳᠡᠭ᠎ᠢ ᠰᠡᠷᠭᠡᠭ᠎ᠢᠶᠡᠷ ᠰᠡᠷᠡᠨ ᠮᠡᠳᠡᠷᠡᠵᠦ᠂ ᠴᠠᠭ᠎ᠤᠨ ᠪᠠᠢᠳᠠᠯ᠎ᠢ ᠰᠢᠨᠵᠢᠵᠦ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠶ᠋ᠢᠭᠤᠯᠬᠤ ᠪᠠᠢᠯᠳᠤᠬᠤ ᠪᠣᠳᠣᠯᠭ᠎ᠠ᠎ᠶᠢᠨ ᠰᠢᠢᠳᠪᠦᠷᠢᠲᠦ ᠪᠣᠳᠣᠯᠭ᠎ᠠ ᠭᠠᠷᠭᠠᠪᠠ;

ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠡᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ 《ᠲᠤᠰ ᠲᠤᠰ᠎ᠤᠨ᠎ᠢᠶᠠᠨ ᠪᠣᠳᠠᠲᠤ ᠪᠠᠢᠳᠠᠯ᠎ᠳᠤ ᠨᠡᠢᠴᠡᠭᠰᠡᠨ ᠴᠢᠨᠠᠷ ᠰᠠᠢᠲᠠᠢ ᠬᠥᠭᠵᠢᠯᠲᠡ᠎ᠶᠢᠨ ᠵᠠᠮ᠎ᠢ ᠬᠠᠢᠨ ᠰᠦᠪᠡᠭᠴᠢᠯᠡᠵᠦ ᠨᠡᠭᠡᠭᠡᠪᠡ》;

ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠠᠯ᠎ᠠ᠎ᠪᠠᠷ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ ᠠᠯᠬᠤᠴᠠ᠎ᠶᠢ ᠲᠦᠷᠭᠡᠳᠬᠡᠵᠦ᠂ ᠭᠠᠳᠠᠭᠠᠳᠤ᠎ᠶᠢᠨ 《ᠪᠣᠭᠣᠮᠢ》᠎ᠵᠢᠨ ᠠᠰᠠᠭᠤᠳᠠᠯ᠎ᠢ ᠰᠢᠢᠳᠪᠦᠷᠢᠯᠡᠪᠡ;

《ᠬᠣᠶᠠᠳᠤᠭᠠᠷ ᠤᠶᠠᠯᠳᠤᠭᠤᠯᠬᠤ》᠎ᠪᠡᠷ ᠰᠣᠶᠣᠯ᠎ᠤᠨ ᠭᠣᠣᠯ ᠴᠣᠭᠴᠠᠲᠤ ᠴᠢᠨᠠᠷ᠎ᠢ ᠪᠡᠬᠢᠵᠢᠭᠦᠯᠵᠦ᠂ ᠣᠶᠤᠨ ᠰᠠᠨᠠᠭᠠᠨ᠎ᠤ ᠲᠠᠯ᠎ᠠ᠎ᠪᠠᠷ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠎ᠶᠢ ᠪᠡᠶᠡᠯᠡᠭᠦᠯᠵᠡᠢ ᠁

ᠪᠡᠶ᠎ᠡ᠎ᠪᠡᠨ ᠳᠠᠭᠠᠭᠠᠵᠤ ᠡᠵᠡᠨ ᠮᠡᠳᠡᠬᠦ᠂ ᠦᠨᠡᠨ᠎ᠡᠴᠡ ᠵᠥᠪ᠎ᠢ ᠡᠷᠢᠬᠦ᠎ᠶᠢ ᠪᠠᠷᠢᠮᠲᠠᠯᠠᠵᠤ᠂ ᠥᠪᠡᠷ᠎ᠦᠨ ᠵᠠᠮ᠎ᠢᠶᠠᠷ᠎ᠢᠶᠠᠨ ᠡᠷᠡᠰ ᠭᠤᠢᠪᠢᠰᠢ ᠦᠭᠡᠢ ᠵᠠᠮᠨᠠᠭᠠᠳ ᠮᠠᠨ᠎ᠤ ᠨᠠᠮ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠮᠵᠢᠯᠲᠠ᠎ᠲᠠᠢ᠎ᠪᠠᠷ ᠠᠬᠢᠭᠤᠯᠤᠨ ᠥᠷᠭᠡᠳᠬᠡᠵᠦ᠂ ᠠᠵᠢᠯ ᠦᠢᠯᠡᠰ᠎ᠦᠨ ᠬᠥᠭᠵᠢᠯᠲᠡ᠎ᠶᠢᠨ ᠤᠳᠤᠷᠢᠳᠬᠤ ᠡᠷᠬᠡ ᠪᠠ ᠰᠠᠨᠠᠭᠠᠴᠢᠯᠠᠭᠠᠲᠤ ᠡᠷᠬᠡ᠎ᠶᠢ ᠪᠠᠲᠤ ᠡᠵᠡᠮᠰᠢᠪᠡ᠃

《ᠠᠷᠪᠠᠨ ᠲᠠᠪᠤᠳᠤᠭᠠᠷ ᠲᠠᠪᠤᠨ ᠵᠢᠯ》 ᠳ᠋ᠤ᠌ ᠡᠷᠡᠯᠬᠡᠭᠯᠡᠨ ᠤᠷᠤᠭᠰᠢᠯᠠᠵᠤ᠂ 《ᠨᠠᠮ ᠪᠣᠯᠣᠨ ᠠᠷᠠᠳ ᠲᠦᠮᠡᠨ᠎ᠦ ᠰᠢᠨ᠎ᠡ ᠤᠷᠳᠤ ᠵᠠᠮ᠎ᠤᠨ ᠠᠶᠠᠨ ᠲᠠᠢᠨ》᠎ᠢ᠋ ᠬᠢᠬᠦ᠎ᠳᠤ ᠮᠠᠨ᠎ᠤ ᠡᠭᠦᠷᠭᠡᠯᠡᠵᠦ ᠪᠠᠢᠭ᠎ᠠ ᠡᠭᠦᠷᠭᠡ ᠨᠡᠩ ᠬᠠᠲᠠᠭᠤ ᠪᠡᠷᠬᠡ᠂ ᠲᠤᠯᠭᠠᠷᠠᠵᠤ ᠪᠠᠢᠭ᠎ᠠ ᠡᠭᠦᠷᠭᠡ ᠨᠡᠩ ᠨᠦᠰᠡᠷ ᠬᠦᠨᠳᠦ ᠪᠣᠯᠬᠤ ᠪᠣᠯᠣᠨ᠎ᠠ᠃ ᠤᠷᠳᠤ ᠵᠠᠮ᠎ᠤᠨ ᠠᠶᠠᠨ ᠲᠠᠢ᠍ᠢᠨ᠎ᠦ ᠲᠤᠮᠳᠠ ᠳᠠᠪᠲᠠᠭᠳᠠᠨ ᠪᠣᠯᠪᠠᠰᠤᠷᠠᠭᠰᠠᠨ ᠡᠷᠬᠢᠮ ᠨᠠᠨᠳᠢᠨ ᠲᠤᠷᠰᠢᠯᠭ᠎ᠠ ᠪᠣᠯ ᠶᠠᠭ ᠪᠢᠳᠡᠨ᠎ᠦ ᠰᠠᠯᠬᠢ ᠳᠠᠪᠠᠯᠭᠠᠨ᠎ᠢ ᠲᠤᠭᠤᠯᠵᠤ᠂ ᠯᠠᠪᠳᠠᠭᠤᠨ᠎ᠢᠶᠠᠷ ᠬᠤᠯᠠ ᠠᠶᠠᠯᠠᠬᠤ᠎ᠶᠢᠨ ᠢᠲᠡᠭᠡᠯ ᠵᠣᠷᠢᠭ᠋ ᠪᠣᠯᠣᠨ᠎ᠠ᠃

ᠤᠷᠳᠤ ᠵᠠᠮ᠎ᠤᠨ ᠠᠶᠠᠨ ᠲᠠᠢ᠍ᠢᠨ᠎ᠦ ᠠᠭᠤᠤ ᠶᠡᠬᠡ ᠵᠣᠷᠢᠭ᠋ ᠰᠠᠨᠠᠭ᠎ᠠ᠎ᠶᠢ ᠶᠡᠬᠡ᠎ᠪᠡᠷ ᠪᠠᠳᠠᠷᠠᠭᠤᠯᠵᠤ᠂《ᠢᠯᠠᠯᠲᠠ ᠤᠯᠤᠭᠰᠠᠨ ᠠᠨᠢᠰᠤ》ᠡᠴᠡ ᠤᠶᠤᠨ ᠤᠬᠠᠭᠠᠨ ᠪᠠ ᠬᠦᠴᠦᠨ ᠴᠢᠳᠠᠯ ᠣᠯᠵᠤ᠂ ᠢᠲᠡᠭᠡᠯ ᠵᠣᠷᠢᠭ᠋᠎ᠢᠶᠠᠨ ᠪᠠᠲᠤᠳᠬᠠᠨ᠂ ᠦᠷᠭᠦᠯᠵᠢᠯᠡᠨ ᠲᠡᠮᠡᠴᠡᠪᠡᠯ ᠪᠢᠳᠡ ᠯᠠᠪᠲᠠᠢ ᠢᠯᠠᠯᠲᠠ᠎ᠠᠴᠠ ᠰᠢᠨ᠎ᠡ ᠢᠯᠠᠯᠲᠠ ᠲᠡᠢᠰᠢ ᠤᠷᠤᠭᠰᠢᠯᠠᠵᠤ᠂ ᠴᠠᠭ ᠦᠶ᠎ᠡ ᠪᠠ ᠠᠷᠠᠳ ᠲᠦᠮᠡᠨ᠎ᠳᠦ ᠦᠯᠦ ᠣᠰᠣᠯᠳᠠᠬᠤ ᠰᠢᠨ᠎ᠡ ᠠᠮᠵᠢᠯᠲᠠ ᠪᠦᠲᠦᠮᠵᠢ᠎ᠶᠢ ᠲᠠᠰᠤᠷᠠᠯᠳᠠ ᠦᠭᠡᠢ ᠡᠭᠦᠳᠴᠦ ᠴᠢᠳᠠᠨ᠎ᠠ᠃

(ᠰᠢᠨᠬᠤᠸᠠ ᠬᠤᠷᠢᠶ᠎ᠠ ᠵᠢᠨ ᠪᠡᠭᠡᠵᠢᠩ᠎ᠦᠨ 10 ᠰᠠᠷ᠎ᠠ᠎ᠶᠢᠨ 23 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面