ᠭᠣᠣᠯ ᠰᠡᠳᠦᠪᠲᠦ ᠮᠡᠳᠡᠭᠡᠯᠡᠯ > ᠤᠷᠲᠤ ᠵᠠᠮ᠎ᠤ᠋ᠨ ᠠᠶᠠᠨ ᠳᠠᠢᠨ

2026-10-28 10:45:47

ᠵᠣᠬᠢᠶᠠᠭ᠍ᠴᠢ᠄ ᠠᠷᠠᠳ ᠤ᠋ᠨ ᠡᠳᠦᠷ ᠤ᠋ᠨ ᠰᠤᠨᠢᠨ ᠤ᠋ ᠰᠢᠭᠦᠮᠵᠢᠯᠡᠭᠴᠢ ᠣᠩᠱᠢᠭ᠍ᠰᠠᠨ ᠣᠳᠠᠭ᠎ᠠ᠄ 3

— ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶ᠋ᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ


ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠪᠤᠯ ᠲᠡᠭᠷᠢ ᠭᠠᠵᠠᠷ᠎ᠢ ᠳᠣᠩᠰᠣᠯᠭᠠᠮ᠎ᠠ ᠬᠤᠪᠢᠰᠬᠠᠯ᠎ᠤᠨ ᠠᠤᠭ᠎ᠠ ᠠᠵᠢᠯᠯᠠᠭ᠎ᠠ᠂ ᠰᠦᠷ ᠵᠢᠪᠬᠤᠯᠠᠩᠲᠤ ᠪᠠᠭᠠᠲᠤᠷᠯᠢᠭ᠋ ᠲᠤᠤᠯᠢᠰ ᠮᠦᠨ᠃

10 ᠰᠠᠷ᠎ᠠ᠎ᠶᠢᠨ 22 ᠤ᠋ᠨ ᠡᠳᠦᠷ᠂ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ᠎ᠪᠡᠷ ᠶᠠᠪᠤᠭᠳᠠᠵᠤ᠂ ᠶᠡᠷᠦᠩᠬᠡᠢ ᠱᠦᠵᠢ ᠰᠢ ᠵᠢᠨ ᠫᠢᠩ ᠶᠡᠬᠡ ᠬᠤᠷᠠᠯ᠎ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠬᠤᠪᠢᠰᠬᠠᠯ᠎ᠤᠨ ᠲᠡᠦᠬᠡ᠎ᠶᠢ ᠪᠠᠲᠤ ᠴᠡᠭᠡᠵᠢᠯᠡᠵᠦ᠂ ᠠᠭᠤᠤ ᠶᠡᠬᠡ ᠵᠣᠷᠢᠭ᠋ ᠰᠠᠨᠠᠭ᠎ᠠ᠎ᠶᠢ ᠵᠠᠯᠭᠠᠮᠵᠢᠯᠠᠨ ᠦᠷᠭᠦᠯᠵᠢᠯᠡᠭᠦᠯᠬᠦ ᠪᠣᠯ ᠲᠦᠭ ᠲᠦᠮᠡᠨ ᠠᠷᠠᠳ ᠲᠦᠮᠡᠨ᠎ᠦ ᠨᠡᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠨ ᠳ᠋ᠡᠬᠢ ᠬᠦᠴᠦᠲᠡᠢ ᠳᠠᠢᠴᠢᠯᠠᠯᠲᠠ ᠪᠣᠯᠬᠤ ᠶᠤᠮ᠃

ᠶᠡᠷᠦᠩᠬᠡᠢ ᠱᠦᠵᠢ ᠰᠢ ᠵᠢᠨ ᠫᠢᠩ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢᠨ ᠪᠦᠬᠦ ᠲᠠᠯ᠎ᠠ᠎ᠡᠴᠡ ᠡᠭᠦᠰᠴᠦ᠂ ᠤᠷᠳᠤ ᠵᠠᠮ᠎ᠤᠨ ᠠᠶᠠᠨ ᠲᠠᠢ᠍ᠢᠨ᠎ᠦ ᠢᠯᠠᠯᠲᠠ᠎ᠳᠤ ᠠᠭᠤᠯᠤᠭᠳᠠᠵᠤ ᠪᠠᠢᠭ᠎ᠠ ᠨᠠᠮ ᠪᠣᠯᠣᠨ ᠠᠷᠠᠳ ᠲᠦᠮᠡᠨ᠎ᠦ ᠴᠡᠷᠢᠭ ᠠᠩᠭᠢ᠎ᠶᠢᠨ ᠬᠠᠳᠠᠨ ᠪᠠᠲᠤ ᠵᠤᠷᠢᠭ ᠰᠦᠰᠦ ᠪᠡᠷ ᠤᠷᠤᠭᠰᠢᠯᠠᠠ ᠲᠡᠮᠡᠴᠡᠵᠤ ᠢᠯᠠᠯᠲᠠ ᠣᠯᠬᠤ ᠶᠤᠰᠤ ᠵᠢ ᠭᠦᠨᠵᠡᠭᠡᠢ ᠢᠯᠡᠷᠡᠭᠦᠯᠵᠦ᠂ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠪᠠᠳᠠᠷᠠᠭᠤᠯᠬᠤ᠂ ᠰᠢᠨ᠎ᠡ ᠤᠷᠳᠤ ᠵᠠᠮ᠎ᠤᠨ ᠠᠶᠠᠨ ᠲᠠᠢ᠍ᠢᠨ᠎ᠢ ᠰᠠᠢᠲᠤᠷ ᠬᠢᠬᠦ ᠎ᠳᠦ  《ᠲᠠᠪᠤᠨ ᠡᠷᠬᠡᠪᠰᠢ》 ᠵᠢᠨ ᠲᠣᠳᠣᠷᠬᠠᠢ ᠱᠠᠭᠠᠷᠳᠠᠯᠭ᠎ᠠ ᠵᠢ ᠳᠤᠷᠠᠳᠴᠤ᠂ 《ᠬᠤᠪᠢᠰᠬᠠᠯ᠎ᠤᠨ ᠠᠬᠠᠮᠠᠳ ᠨᠢᠭᠡ ᠦᠶ᠎ᠡ᠎ᠶᠢᠨ ᠬᠢᠨ᠎ᠦ ᠡᠭᠦᠳᠦᠨ ᠪᠦᠳᠦᠭᠡᠭᠰᠡᠨ ᠠᠭᠤᠤ ᠶᠡᠬᠡ ᠦᠢᠯᠡᠰ᠎ᠢ ᠲᠠᠰᠤᠷᠠᠯᠳᠡ ᠦᠭᠡᠢ ᠠᠬᠢᠭᠤᠯᠵᠤ᠂ ᠰᠢᠨ᠎ᠡ ᠤᠷᠳᠤ ᠵᠠᠮ᠎ᠤᠨ ᠠᠶᠠᠨ ᠲᠠᠢ᠍ᠢᠨ᠎ᠤ ᠵᠠᠮ᠎᠎ᠳᠦ  ᠭᠡᠷᠡᠯ ᠰᠠᠴᠤᠷᠠᠩᠭᠤᠢ ᠰᠢᠨ᠎ᠠ ᠠᠮᠵᠢᠯᠲᠠ᠎ᠶᠢ ᠴᠢᠷᠮᠠᠢᠨ ᠡᠭᠦᠳᠬᠦ ᠬᠡᠷᠡᠭᠲᠡᠢ》 ᠭᠡᠵᠦ ᠤᠷᠢᠶᠠᠯᠠᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠴᠠᠭ ᠦᠶ᠎ᠡ᠎ᠶᠢᠨ ᠬᠦᠨᠳᠦ ᠡᠭᠦᠷᠭᠡ᠎ᠶᠢ ᠵᠣᠷᠢᠭ᠍ᠲᠠᠢ ᠡᠭᠦᠷᠭᠡᠯᠡᠬᠦ ᠳᠡᠭᠡᠳᠦ ᠬᠡᠮᠵᠢᠶᠡᠨ᠎ᠦ ᠤᠬᠠᠮᠰᠠᠷ ᠪᠣᠯᠣᠨ ᠲᠡᠦᠬᠡ᠎ᠶᠢᠨ ᠰᠠᠨᠠᠭᠠᠴᠢᠯᠠᠭᠠᠳᠤ ᠤᠬᠠᠮᠰᠠᠷ᠎ᠢ ᠭᠦᠢᠴᠡᠳ ᠢᠯᠡᠷᠡᠭᠦᠯᠪᠡ᠃

ᠤᠯᠠᠭᠠᠨ ᠴᠡᠷᠢᠭ ᠠᠶᠠᠨ ᠲᠠᠢ᠍ᠢᠨ᠎ᠦ ᠬᠦᠴᠢᠷ ᠪᠡᠷᠬᠡᠰᠢᠶᠡᠯ᠎ᠡᠴᠡ ᠠᠶᠤᠬᠤ ᠦᠭᠡᠢ᠂ ᠡᠷᠡᠯᠬᠡᠭ ᠪᠠᠭᠠᠳᠤᠷᠯᠢᠭ ᠵᠢᠡᠷ ᠲᠦᠮᠡᠨ ᠤᠰᠤ ᠮᠢᠩᠭᠠᠨ ᠠᠭᠤᠯᠠ᠎ᠶᠢ ᠠᠵᠢᠭ ᠦᠬᠡᠢ ᠲᠤᠭᠤᠯᠪᠠ᠃

90 ᠵᠢᠯ᠎ᠦᠨ ᠡᠮᠦᠨ᠎ᠡ᠂ ᠮᠠᠨ᠎ᠤ ᠨᠠᠮ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠢ ᠤᠳᠤᠷᠢᠳᠤᠨ ᠳᠡᠯᠡᠬᠡᠢ ᠳ᠋ᠠᠬᠢᠨ᠎ᠢ ᠳᠣᠩᠰᠣᠯᠭᠠᠭᠰᠠᠨ᠂ ᠲᠡᠦᠬᠡᠨ ᠬᠠᠭᠤᠳᠠᠰᠤ ᠵᠢ ᠭᠡᠢᠭᠦᠯᠦᠭᠰᠡᠨ ᠤᠷᠲᠤ ᠵᠠᠮ᠎ᠤᠨ ᠠᠶᠠᠨ ᠳᠠᠢ᠍ᠢᠨ᠎ᠢ ᠢᠯᠠᠯᠲᠠ᠎ᠲᠠᠢ᠎ᠪᠠᠷ ᠪᠡᠶᠡᠯᠡᠭᠦᠯᠪᠡ᠃ ᠡᠨᠡ ᠬᠦ᠌ ᠠᠭᠤᠤ ᠶᠡᠬᠡ ᠢᠯᠠᠯᠲᠠ ᠨᠢ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ᠎ᠤᠨ ᠬᠤᠪᠢᠰᠬᠠᠯ᠎ᠤᠨ ᠦᠢᠯᠡᠰ᠎ᠦᠨ ᠨᠤᠭᠤᠷᠠᠯ ᠪᠦᠳᠦᠷᠢᠯ᠎ᠲᠠᠢ ᠪᠠᠢᠭᠰᠠᠨ ᠡᠴᠡ ᠢᠯᠠᠯᠲᠠ ᠵᠦᠭ ᠤᠷᠤᠭᠰᠢᠯᠠᠭᠰᠠᠨ ᠠᠭᠤᠤ ᠶᠡᠬᠡ ᠡᠷᠭᠢᠯᠲᠡ᠎ᠶᠢ ᠪᠡᠶᠡᠯᠡᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠨᠳᠦᠰᠦᠲᠡᠨ᠎ᠦ ᠲᠤᠰᠠᠭᠠᠷ ᠲᠣᠭᠲᠠᠨᠢᠯ᠂ ᠠᠷᠠᠳ ᠲᠦᠮᠡᠨ᠎ᠦ ᠴᠢᠯᠦᠭᠡᠯᠡᠯᠲᠡ᠎ᠶᠢ ᠪᠡᠶᠡᠯᠡᠭᠦᠯᠬᠦ᠎ᠶᠢᠨ ᠲᠥᠯᠥᠭᠡ ᠲᠡᠮᠡᠴᠡᠬᠦ ᠠᠭᠤᠤ ᠶᠡᠬᠡ ᠰᠢᠨ᠎ᠡ ᠤᠷᠤᠭᠰᠢᠯᠠᠯᠲᠠ᠎ᠶᠢ ᠡᠬᠢᠯᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠲᠡᠦᠬᠡᠨ ᠠᠬᠢᠴᠠ ᠳᠤᠮᠳᠠᠬᠢ ᠥᠨᠳᠥᠷ ᠰᠦᠷᠯᠢᠭ ᠬᠥᠰᠢᠶ᠎ᠡ ᠳᠡᠮᠳᠡᠭ ᠪᠣᠯᠤᠭᠰᠠᠨ ᠪᠠᠢᠨ᠎ᠠ᠃

90 ᠵᠢᠯ᠎ᠦᠨ ᠲᠤᠷᠰᠢ᠂ ᠨᠠᠮ᠎ᠡᠴᠡ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠤᠯᠠᠨ ᠤᠳᠠᠭ᠎ᠠ ᠠᠭᠤᠤ ᠶᠡᠬᠡ ᠤᠷᠲᠤ ᠵᠠᠮ᠎ᠤᠨ ᠠᠶᠠᠨ ᠳᠠᠶ᠋ᠢᠨ ᠬᠢᠵᠦ᠂ ᠤᠯᠠᠨ ᠤᠳᠠᠭ᠎ᠠ ᠠᠭᠤᠤ ᠶᠡᠬᠡ ᠢᠯᠠᠯᠲᠠ᠎ᠶᠢ ᠲᠡᠮᠡᠴᠡᠨ ᠣᠯᠵᠠᠢ᠃ ᠥᠨᠥᠳᠥᠷ᠂ ᠪᠢᠳᠡ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠬᠠᠷᠠᠯᠲᠠ᠎ᠳᠤ ᠲᠡᠦᠬᠡ᠎ᠶᠢᠨ ᠠᠯᠢ ᠴᠤ᠌ ᠦᠶ᠎ᠡ᠎ᠡᠴᠡ ᠢᠯᠡᠭᠦᠦ ᠣᠶ᠋ᠢᠷᠠᠳᠴᠤ᠂  ᠢᠲᠡᠭᠡᠯ ᠴᠢᠳᠠᠪᠤᠷᠢ ᠨᠡᠩ ᠴᠢᠩᠭᠠᠷᠠᠵᠠᠢ᠂ ᠳᠤᠮᠳᠠᠳᠤ ᠵᠢᠨ ᠦᠨᠳᠦᠰᠦᠳᠡᠨ ᠤ᠋ ᠠᠭᠤᠤ ᠶᠡᠬᠡ ᠰᠡᠷᠭᠦᠨ ᠮᠠᠨᠳᠤᠯᠳᠠ ᠬᠤᠷᠢᠭᠯᠠᠭᠳᠠᠰᠢ ᠦᠭᠡᠢ ᠪᠤᠯᠪᠠ᠃

ᠲᠦᠮᠡᠨ ᠭᠠᠵᠠᠷ᠎ᠤᠨ ᠤᠷᠳᠤ ᠵᠠᠮ᠎ᠤᠨ ᠠᠶᠠᠨ ᠲᠠᠢ᠍ᠢᠨ᠎ᠡᠴᠡ ᠠᠭᠤᠤ ᠶᠡᠬᠡ ᠰᠡᠷᠭᠦᠨ ᠮᠠᠨᠳᠤᠯᠲᠠ ᠲᠡᠢᠰᠢ ᠤᠷᠤᠭᠰᠢᠯᠠᠬᠤ᠎ᠳᠤ᠂ 《ᠨᠠᠮ᠎ᠤᠨ ᠤᠳᠤᠷᠢᠳᠤᠯᠭ᠎ᠠ ᠪᠣᠯ ᠨᠠᠮ ᠪᠣᠯᠣᠨ ᠤᠯᠤᠰ᠎ᠤᠨ ᠦᠨᠳᠦᠰᠦ᠂ ᠠᠮᠢᠨ ᠰᠤᠳᠠᠰᠤ ᠮᠥᠨ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠰᠢᠭ᠋ ᠲᠤᠰᠠ᠂ ᠬᠤᠪᠢ ᠵᠠᠶᠠᠭ᠎ᠠ᠎ᠲᠠᠢ ᠬᠣᠯᠪᠣᠭᠳᠠᠵᠤ ᠪᠠᠢᠳᠠᠭ》 ᠃

ᠤᠷᠳᠤ ᠵᠠᠮ᠎ᠤᠨ ᠠᠶᠠᠨ ᠲᠠᠢ᠍ᠢᠨ᠎ᠤ ᠵᠠᠮ ᠲᠡᠬᠡᠷ᠎ᠡ ᠬᠤᠷᠠᠯᠳᠤᠭᠤᠯᠤᠭᠰᠠᠨ ᠽᠦᠨ  ᠢ ᠵᠢᠨ ᠬᠤᠷᠠᠯᠳᠤᠭᠠᠠ ᠨᠢ ᠨᠠᠮ᠎ᠤᠨ ᠲᠡᠦᠬᠡᠨ ᠳᠡᠭᠡᠷᠡᠬᠢ 《ᠦᠬᠦᠵᠦ ᠰᠡᠭᠡᠬᠦ᠎ᠳᠦ ᠬᠣᠯᠪᠣᠭᠳᠠᠬᠤ ᠡᠷᠭᠢᠯᠲᠡ᠎ᠶᠢᠨ ᠴᠡᠭ》 ᠪᠣᠯᠤᠭᠰᠠᠨ᠎ᠤ ᠤᠴᠢᠷ ᠨᠢ ᠳᠠᠷᠤᠢ ᠨᠠᠮ᠎ᠤᠨ ᠵᠥᠪ ᠤᠳᠤᠷᠢᠳᠤᠯᠭ᠎ᠠ ᠪᠠ ᠮᠠᠤ ᠽᠧ ᠳ᠋ᠦᠩ ᠨᠥᠬᠥᠷ᠎ᠦᠨ ᠭᠣᠣᠯᠯᠠᠬᠤ ᠪᠠᠢᠷᠢ ᠰᠠᠭᠤᠷᠢ᠎ᠶᠢ ᠲᠣᠭᠲᠠᠭᠠᠭᠰᠠᠨ ᠎ᠳᠦ  ᠪᠠᠢᠵᠤ᠂ ᠬᠠᠮᠤᠭ᠎ᠤᠨ ᠠᠶᠤᠯ ᠲᠦᠭᠰᠢᠭᠦᠷᠢᠲᠡᠢ ᠵᠠᠩᠭᠢᠯᠠᠭ᠎ᠠ᠎ᠶᠢᠨ ᠦᠶ᠎ᠡ᠎ᠳᠦ ᠨᠠᠮ᠎ᠢ ᠠᠪᠤᠷᠠᠵᠤ᠂ ᠤᠯᠠᠭᠠᠨ ᠴᠡᠷᠢᠭ᠎ᠢ ᠠᠪᠤᠷᠠᠵᠤ᠂ ᠳᠤᠮᠳᠠᠳᠤ ᠤᠯᠤᠰ᠎ᠤᠨ ᠬᠤᠪᠢᠰᠬᠠᠯ᠎ᠢ ᠠᠪᠤᠷᠠᠪᠠ᠃

ᠰᠢᠨ᠎ᠡ ᠴᠠᠭ ᠦᠶ᠎ᠡ ᠵᠢᠨ ᠡᠳᠡᠭᠡᠷ ᠵᠢᠯ᠎ᠦᠳ ᠲᠤᠢᠯ᠎ᠤᠨ ᠶᠡᠷᠦ ᠪᠤᠰᠤ᠂ ᠲᠤᠢᠯ᠎ᠤᠨ ᠵᠢᠷ ᠤ᠋ᠨ ᠪᠤᠰᠤ ᠶᠤᠮ᠃

ᠰᠠᠯᠬᠢ ᠪᠣᠷᠣᠭᠠᠨ ᠤᠷᠪᠠᠭᠠᠨ ᠬᠥᠷᠪᠡᠭᠡᠨ ᠳᠤᠮᠳᠠ ᠲᠣᠭ᠎ᠢ ᠮᠠᠨᠳᠤᠭᠤᠯᠤᠨ ᠴᠢᠭᠯᠡᠯ᠎ᠢ ᠲᠣᠭᠲᠠᠭᠠᠵᠤ᠂ ᠶᠡᠬᠡ ᠳᠠᠢᠯᠠᠯᠳᠤᠭᠠᠨ ᠶᠡᠬᠡ ᠰᠢᠯᠭᠠᠯᠲᠠ᠎ᠶᠢᠨ ᠳᠤᠮᠳᠠ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠪᠥᠬᠥ ᠨᠠᠮ ᠪᠥᠬᠥ ᠴᠡᠷᠢᠭ ᠪᠥᠬᠥ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠠᠯᠢ ᠣᠯᠠᠨ ᠬᠦᠴᠢᠷ ᠪᠡᠷᠬᠡ᠎ᠶᠢ ᠢᠯᠡᠨ ᠳᠠᠪᠠᠵᠤ᠂ ᠬᠣᠶᠠᠷ ᠶᠡᠬᠡ ᠭᠠᠢᠬᠠᠮᠰᠢᠭᠳᠤ ᠰᠢᠨ᠎ᠡ ᠬᠠᠭᠤᠳᠠᠰᠤ᠎ᠶᠢ ᠪᠢᠴᠢᠭᠯᠡᠪᠡ᠃

ᠥᠨᠥᠳᠥᠷ᠂ ᠮᠠᠨ᠎ᠤ ᠨᠠᠮ ᠨᠢᠭᠡᠨᠲᠡ ᠪᠦᠬᠦ ᠪᠥᠮᠪᠥᠷᠴᠡᠭ᠎ᠦᠨ ᠴᠢᠬᠤᠯᠠ ᠶᠡᠬᠡ ᠨᠥᠯᠥᠭᠡᠯᠡᠬᠦ ᠬᠦᠴᠦᠨ᠎ᠲᠠᠢ ᠳᠡᠯᠡᠬᠡᠢ᠎ᠶᠢᠨ ᠨᠢᠭᠡᠳᠦᠭᠡᠷ ᠲᠤᠮᠤ ᠲᠦᠷᠦ ᠪᠠᠷᠢᠭ᠍ᠴᠢ ᠨᠠᠮ ᠪᠣᠯᠣᠨ ᠬᠥᠭᠵᠢᠵᠦ᠂ ᠳᠤᠮᠳᠠᠳᠤ᠎ᠶᠢᠨ ᠦᠨᠳᠦᠰᠦᠲᠡᠨ ᠬᠣᠷᠢᠭ᠍ᠯᠠᠭᠳᠠᠰᠢ ᠦᠭᠡᠢ ᠠᠯᠬᠤᠭ᠎ᠠ᠎ᠪᠠᠷ ᠠᠭᠤᠤ ᠶᠡᠬᠡ ᠰᠡᠷᠭᠦᠨ ᠮᠠᠨᠳᠤᠯᠲᠠ ᠲᠡᠢᠰᠢ ᠤᠷᠤᠭᠰᠢᠯᠠᠵᠤ ᠪᠤᠢ᠂ ᠪᠢᠳᠡ 《ᠬᠣᠶᠠᠷ᠎ᠢ ᠲᠣᠭᠲᠠᠭᠠᠬᠰᠠᠨ》 ᠤ᠋ ᠰᠢᠨ᠎ᠡ ᠴᠠᠭ ᠦᠶ᠎ᠡ᠎ᠶᠢᠨ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠲᠡᠦᠬᠡᠨ ᠠᠬᠢᠴᠠ᠎ᠶᠢ ᠠᠬᠢᠭᠤᠯᠬᠤ᠎ᠳᠤ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠲᠠᠢ ᠭᠡᠳᠡᠭ᠎ᠢ ᠨᠡᠩ ᠭᠦᠨᠵᠡᠭᠡᠢ ᠲᠠᠨᠢᠵᠤ ᠣᠯᠪᠠ᠃

ᠲᠦᠮᠡᠨ ᠭᠠᠵᠠᠷ᠎ᠤᠨ ᠤᠷᠳᠤ ᠵᠠᠮ᠎ᠤᠨ ᠠᠶᠠᠨ ᠲᠠᠢ᠍ᠢᠨ᠎ᠡᠴᠡ ᠠᠭᠤᠤ ᠶᠡᠬᠡ ᠰᠡᠷᠭᠦᠨ ᠮᠠᠨᠳᠤᠯᠲᠠ ᠲᠡᠢᠰᠢ ᠤᠷᠤᠭᠰᠢᠯᠠᠬᠤ᠎ᠳᠤ᠂ 《ᠮᠠᠷᠺᠰ᠎ᠤᠨ ᠦᠵᠡᠯ᠎ᠦᠨ ᠰᠢᠨᠵᠢᠯᠡᠬᠦ ᠤᠬᠠᠭᠠᠨᠴᠢ ᠤᠨᠤᠯ᠎ᠤᠨ ᠵᠢᠯᠣᠭᠣᠳᠤᠯᠭ᠎ᠠ᠎ᠲᠠᠢ ᠪᠠᠢᠬᠤ ᠪᠣᠯ ᠮᠠᠨ᠎ᠤ ᠨᠠᠮ᠎ᠤᠨ ᠢᠲᠡᠭᠡᠯ ᠪᠢᠰᠢᠷᠡᠯ᠎ᠢᠶᠡᠨ ᠪᠠᠲᠤᠳᠬᠠᠵᠤ᠂ ᠲᠡᠦᠬᠡ᠎ᠶᠢᠨ ᠰᠠᠨᠠᠭᠠᠴᠢᠯᠠᠭᠠᠲᠤ ᠡᠷᠬᠡ᠎ᠶᠢ ᠡᠵᠡᠮᠳᠡᠭᠰᠡᠨ ᠦᠨᠳᠦᠰᠦ ᠪᠣᠯᠣᠨ᠎ᠠ》᠃

ᠪᠡᠶ᠎ᠡ᠎ᠪᠡᠨ ᠳᠠᠭᠠᠭᠠᠵᠤ ᠡᠵᠡᠨ ᠮᠡᠳᠡᠬᠦ᠂ ᠦᠨᠡᠨ᠎ᠡᠴᠡ ᠵᠥᠪ᠎ᠢ ᠡᠷᠢᠬᠦ᠎ᠳᠦ ᠲᠦᠰᠢᠭᠯᠡᠨ᠂ ᠤᠷᠳᠤ ᠵᠠᠮ᠎ᠤᠨ ᠠᠶᠠᠨ ᠲᠠᠢ᠍ᠢᠨ ᠨᠢ 《ᠮᠠᠷᠺᠰ᠎ᠤᠨ ᠦᠵᠡᠯ᠎ᠢ ᠬᠤᠪᠢᠷᠠᠰᠢ ᠦᠭᠡᠢ ᠨᠣᠮᠯᠠᠯ ᠪᠣᠯᠭᠠᠬᠤ ᠪᠤᠷᠤᠭᠤ ᠦᠵᠡᠯ ᠰᠠᠨᠠᠭᠠᠨ᠎ᠤ ᠬᠠᠷᠰᠢ ᠰᠠᠭᠠᠳ᠎ᠢ ᠳᠠᠪᠠᠵᠤ》᠂ ᠳᠤᠮᠳᠠᠳᠤ ᠤᠯᠤᠰ᠎ᠤᠨ ᠬᠤᠪᠢᠰᠬᠠᠯ᠎ᠤᠨ ᠵᠥᠪ ᠵᠠᠮ᠎ᠢ ᠡᠷᠢᠵᠦ ᠣᠯᠵᠤ ᠡᠨᠡ ᠬᠦ᠌ ᠵᠠᠮ᠎ᠢ ᠵᠢᠭᠠᠭᠰᠠᠨ ᠵᠥᠪ ᠤᠨᠤᠯ᠎ᠢ ᠡᠷᠢᠵᠦ ᠣᠯᠣᠭᠰᠠᠨ ᠪᠠᠢᠨ᠎ᠠ᠃

ᠪᠦᠲᠦᠭᠡᠯᠴᠢ ᠴᠢᠨᠠᠷᠲᠠᠢ᠎ᠪᠠᠷ ᠰᠢᠨ᠎ᠡ᠎ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠤ᠂ ᠬᠠᠮᠲᠤ᠎ᠪᠠᠷ ᠡᠳ᠋ᠯᠡᠬᠦ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠳᠤᠷᠠᠳᠴᠤ᠂ ᠨᠡᠩ ᠴᠢᠨᠠᠷ ᠰᠠᠢᠲᠠᠢ᠂ ᠨᠡᠩ ᠦᠷ᠎ᠡ ᠪᠦᠲᠦᠮᠵᠢᠲᠡᠢ᠂ ᠨᠡᠩ ᠲᠥᠪ ᠭᠣᠣᠯᠴᠢ᠂ ᠨᠡᠩ ᠦᠷᠭᠦᠯᠵᠢᠯᠡᠬᠦ᠂ ᠨᠡᠩ ᠠᠮᠤᠷ ᠲᠦᠪᠰᠢᠨ ᠬᠥᠭᠵᠢᠯᠲᠡ᠎ᠶᠢ ᠪᠡᠶᠡᠯᠡᠭᠦᠯᠬᠦ᠎ᠶᠢ ᠬᠥᠲᠥᠯᠥᠨ ᠳᠠᠭᠠᠭᠤᠯᠪᠠ;

ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠤᠨᠤᠯ᠎ᠢ ᠳᠤᠷᠠᠳᠤᠭᠰᠠᠨ ᠪᠥᠭᠡᠳ ᠴᠢᠬᠤᠯᠠ ᠶᠡᠬᠡ ᠪᠠᠢᠷᠢᠯᠠᠭᠤᠯᠤᠯᠲᠠ ᠬᠢᠵᠦ᠂ ᠬᠥᠭᠵᠢᠯᠲᠡ᠎ᠶᠢᠨ ᠰᠢᠨ᠎ᠡ ᠬᠥᠳᠡᠯᠭᠡᠬᠦ ᠬᠦᠴᠦᠨ᠂ ᠰᠢᠨ᠎ᠡ ᠳᠠᠪᠠᠭᠤᠯᠢᠭ᠋᠎ᠢ ᠪᠤᠢ ᠪᠣᠯᠭᠠᠬᠤ᠎ᠶᠢ ᠬᠥᠲᠥᠯᠥᠨ ᠳᠠᠭᠠᠭᠤᠯᠵᠤ᠂ 《ᠮᠠᠨ᠎ᠤ ᠤᠯᠤᠰ ᠤᠳᠤ ᠦᠶ᠎ᠡ᠎ᠶᠢᠨ ᠠᠵᠤ ᠠᠬᠤᠢ᠎ᠶᠢᠨ ᠶᠡᠬᠡ ᠤᠷᠤᠰᠬᠠᠯ ᠳᠤᠮᠳᠠᠬᠢ ᠬᠤᠰᠢᠭᠤᠴᠢ ᠭᠠᠪᠰᠢᠭᠠᠢ᠎ᠶᠢᠨ ᠳᠦᠷᠢ᠎ᠪᠡᠨ ᠢᠮᠠᠭᠲᠠ ᠪᠠᠲᠤᠯᠠᠵᠤ ᠴᠢᠳᠠᠭᠰᠠᠨ ᠪᠠᠢᠨ᠎ᠠ》 ᠁

《ᠬᠣᠶᠠᠷ᠎ᠢ ᠤᠶᠠᠯᠳᠤᠭᠤᠯᠬᠤ》 ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠠᠰᠠᠭᠤᠯᠲᠠ᠂ ᠳᠡᠯᠡᠬᠡᠢ᠎ᠶᠢᠨ ᠠᠰᠠᠭᠤᠯᠲᠠ᠂ ᠠᠷᠠᠳ ᠲᠦᠮᠡᠨ᠎ᠦ ᠠᠰᠠᠭᠤᠯᠲᠠ᠂ ᠴᠠᠭ ᠦᠶ᠎ᠡ᠎ᠶᠢᠨ ᠠᠰᠠᠭᠤᠯᠲᠠ᠎ᠳᠤ ᠰᠢᠨᠵᠢᠯᠡᠬᠦ ᠤᠬᠠᠭᠠᠨᠴᠢ᠎ᠪᠠᠷ ᠬᠠᠷᠢᠭᠤᠯᠲᠠ ᠥᠭᠴᠦ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠨᠢ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠦᠰᠦᠷᠦᠯᠲᠡ᠎ᠶᠢ ᠪᠡᠶᠡᠯᠡᠭᠦᠯᠪᠡ᠃

ᠤᠨᠤᠯ᠎ᠤᠨ ᠰᠠᠨᠠᠭᠠᠴᠢᠯᠠᠭ᠎ᠠ᠎ᠡᠴᠡ᠎ᠪᠠᠨ ᠲᠡᠦᠬᠡ᠎ᠶᠢᠨ ᠰᠠᠨᠠᠭᠠᠴᠢᠯᠠᠭᠠᠲᠤ ᠡᠷᠬᠡ᠎ᠶᠢ ᠡᠵᠡᠮᠳᠡᠵᠦ᠂ ᠦᠵᠡᠯ ᠰᠠᠨᠠᠭᠠᠨ᠎ᠤ ᠬᠦᠴᠦᠨ᠎ᠢᠶᠡᠷ ᠡᠷᠡᠯᠬᠡᠭᠯᠡᠨ ᠤᠷᠤᠭᠰᠢᠯᠠᠬᠤ ᠬᠦᠴᠦᠨ᠎ᠢ ᠬᠥᠭᠵᠢᠭᠡᠵᠦ᠂ ᠲᠦᠭ ᠲᠦᠮᠡᠨ ᠠᠷᠠᠳ ᠲᠦᠮᠡᠨ ᠨᠠᠮ᠎ᠤᠨ ᠤᠳᠤᠷᠢᠳᠤᠯᠭ᠎ᠠ ᠳᠣᠣᠷ᠎ᠠ ᠤᠯᠤᠰ᠎ᠤᠨ ᠬᠥᠭᠵᠢᠯᠲᠡ ᠲᠠᠪᠰᠢᠯᠳᠠ᠎ᠶᠢᠨ ᠬᠤᠪᠢ ᠵᠠᠶᠠᠭ᠎ᠠ᠎ᠶᠢ ᠥᠪᠡᠷ᠎ᠦᠨ ᠭᠠᠷ᠎ᠲᠠᠭᠠᠨ ᠪᠠᠲᠤ ᠡᠵᠡᠮᠳᠡᠪᠡ᠃

ᠲᠦᠮᠡᠨ ᠭᠠᠵᠠᠷ᠎ᠤᠨ ᠤᠷᠳᠤ ᠵᠠᠮ᠎ᠤᠨ ᠠᠶᠠᠨ ᠲᠠᠢ᠍ᠢᠨ᠎ᠡᠴᠡ ᠠᠭᠤᠤ ᠶᠡᠬᠡ ᠰᠡᠷᠭᠦᠨ ᠮᠠᠨᠳᠤᠯᠲᠠ ᠲᠡᠢᠰᠢ ᠤᠷᠤᠭᠰᠢᠯᠠᠬᠤ᠎ᠳᠤ᠂ 《ᠠᠷᠠᠳ ᠤᠯᠠᠨ ᠪᠣᠯ ᠥᠨᠢ ᠡᠭᠦᠷᠢᠳᠡ ᠨᠠᠮ ᠪᠣᠯᠣᠨ ᠠᠷᠠᠳ ᠲᠦᠮᠡᠨ᠎ᠦ ᠴᠡᠷᠢᠭ ᠠᠩᠭᠢ᠎ᠶᠢᠨ ᠬᠦᠴᠦᠨ ᠴᠢᠳᠠᠯ᠎ᠤᠨ ᠡᠬᠢ ᠪᠤᠯᠠᠭ ᠪᠠ ᠪᠠᠲᠤ ᠴᠢᠩᠭ᠎ᠠ ᠥᠮᠥᠭ ᠲᠦᠰᠢᠭ ᠮᠥᠨ᠂ ᠪᠢᠳᠡ ᠠᠷᠠᠳ ᠲᠦᠮᠡᠨ᠎ᠦ ᠳᠤᠮᠳᠠ ᠭᠦᠨ ᠦᠨᠳᠦᠰᠦᠯᠡᠵᠦ᠂ ᠠᠷᠠᠳ ᠲᠦᠮᠡᠨ ᠯᠦ᠍ᠭᠡ᠎ᠶᠢᠨ ᠴᠢᠰᠤ ᠮᠢᠬᠠᠨ᠎ᠤ ᠬᠠᠷᠢᠴᠠᠭ᠎ᠠ᠎ᠪᠠᠨ ᠢᠮᠠᠭᠲᠠ ᠪᠠᠲᠤᠯᠠᠳᠠᠭ ᠯᠠ ᠶᠤᠮ ᠪᠣᠯ ᠨᠠᠮ᠎ᠤᠨ ᠦᠢᠯᠡᠰ ᠳᠠᠷᠤᠢ ᠬᠠᠨᠳᠤᠭᠰᠠᠨ ᠵᠦᠭ᠎ᠲᠦ ᠢᠯᠠᠭᠳᠠᠰᠢ ᠦᠭᠡᠢ ᠶᠤᠮ》᠃

ᠤᠯᠠᠭᠠᠨ ᠴᠡᠷᠢᠭ ᠢᠯᠠᠭᠤᠭᠰᠠᠨ ᠲᠠᠢ᠍ᠢᠨ᠎ᠢ ᠬᠢᠬᠦ᠎ᠳᠦ ᠠᠷᠠᠳ ᠲᠦᠮᠡᠨ ᠲᠦᠰᠢᠭ ᠲᠤᠯᠭᠠᠭᠤᠷᠢ ᠪᠤᠯᠤᠬᠰᠠᠨ ᠶᠤᠮ᠃ ᠨᠠᠮ ᠪᠠ ᠤᠯᠠᠭᠠᠨ ᠴᠡᠷᠢᠭ ᠪᠣᠳᠠᠲᠤ ᠠᠵᠢᠯᠯᠠᠭ᠎ᠠ᠎ᠪᠠᠷ᠎ᠢᠶᠠᠨ ᠤᠯᠠᠨ ᠲᠦᠮᠡᠨ᠎ᠦ ᠰᠡᠳᠬᠢᠯ᠎ᠢ ᠣᠯᠵᠤ᠂ ᠠᠷᠠᠳ᠎ᠤᠨ ᠰᠡᠳᠬᠢᠯ᠎ᠢ ᠣᠯᠣᠭᠰᠠᠨ᠎ᠡᠴᠡ ᠠᠷᠠᠳ ᠲᠦᠮᠡᠨ ᠰᠠᠶᠢ 《ᠡᠪ ᠬᠠᠮᠲᠤ ᠨᠠᠮ᠎ᠢ ᠢᠲᠡᠭᠡᠵᠦ᠂ ᠤᠯᠠᠭᠠᠨ ᠴᠡᠷᠢᠭ᠎ᠢ ᠢᠲᠡᠭᠡᠵᠦ》᠂ ᠡᠷᠡᠰ ᠭᠤᠢᠪᠢᠰᠢ ᠦᠭᠡᠢ᠎ᠪᠡᠷ ᠨᠠᠮ᠎ᠵᠢᠡᠨ ᠲᠠᠭᠠᠵᠤ ᠤᠷᠤᠬᠰᠢᠯᠠᠬᠰᠠᠨ ᠶᠤᠮ᠃

ᠠᠯᠮᠤᠷᠠᠳ᠎ᠤᠨ ᠦᠯᠢᠭᠡᠷ ᠨᠢ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠯᠤᠰ ᠲᠦᠷᠦ᠎ᠶᠢᠨ ᠮᠥᠨ ᠴᠢᠨᠠᠷ᠎ᠢ ᠲᠤᠰᠬᠠᠪᠠ᠃ ᠯᠢᠶᠣᠤ ᠱᠧᠨ᠎ᠤ ᠳᠠᠢᠯᠠᠯᠳᠤᠭᠠᠨ᠎ᠤ ᠳᠤᠷᠠᠰᠬᠠᠯ᠎ᠤᠨ ᠣᠷᠳᠣᠨ᠎ᠳᠤ 《ᠡᠢᠮᠦ ᠠᠯᠮᠤᠷᠠᠳ᠎ᠢ ᠪᠢᠳᠡ ᠤᠳᠤ ᠪᠠᠰᠠ ᠢᠳᠡᠵᠦ ᠪᠣᠯᠬᠤ ᠦᠭᠡᠢ》 ᠭᠡᠵᠦ ᠰᠡᠷᠡᠮᠵᠢᠯᠡᠭᠦᠯᠵᠦ᠂ ᠱᠠᠨᠰᠢ᠎ᠶᠢᠨ ᠶᠠᠨ ᠠᠨ᠎ᠳᠤ ᠰᠢᠨᠵᠢᠯᠡᠨ ᠪᠠᠢᠴᠠᠭᠠᠬᠤ᠎ᠳᠠᠭᠠᠨ 《ᠠᠯᠮᠤᠷᠠᠳ᠎ᠤᠨ ᠲᠠᠷᠢᠮᠠᠯ᠎ᠤᠨ ᠦᠢᠯᠡᠰ᠎ᠢ ᠶᠡᠬᠡ᠎ᠪᠡᠷ ᠬᠥᠭᠵᠢᠭᠦᠯᠬᠦ᠎ᠳᠦ ᠲᠡᠭᠷᠢ᠎ᠶᠢᠨ ᠵᠦᠢ ᠭᠠᠵᠠᠷ᠎ᠤᠨ ᠠᠰᠢᠭ᠋ ᠬᠥᠮᠥᠨ᠎ᠦ ᠨᠠᠶ᠋ᠢᠷᠠᠮᠳᠠᠭᠤ᠎ᠳᠦ ᠲᠦᠰᠢᠭᠯᠡᠨ᠎ᠠ》 ᠭᠡᠵᠦ ᠵᠢᠭᠠᠵᠤ ᠭᠠᠷᠭᠠᠵᠤ᠂ ᠭᠠᠨᠰᠤ᠎ᠶᠢᠨ ᠲᠢᠶᠠᠨ ᠱᠦᠢ᠎ᠳᠦ  《ᠨᠤᠲᠤᠭ᠎ᠤᠨ ᠠᠬ᠎ᠠ ᠳᠡᠭᠦᠦ ᠨᠠᠷ᠎ᠦᠨ ᠠᠮᠢᠳᠤᠷᠠᠯ ᠤᠯᠠᠭᠠᠨ ᠠᠯᠮᠤᠷᠠᠳ ᠰᠢᠭ᠋ ᠥᠭᠡᠳᠡᠯᠡᠨ ᠰᠠᠢᠵᠢᠷᠠᠬᠤ᠎ᠶᠢ ᠵᠥᠩᠨᠡᠶ᠎ᠡ》 ᠭᠡᠪᠡ᠂ ᠠᠯᠮᠤᠷᠠᠳ᠎ᠤᠨ ᠦᠯᠢᠬᠡᠷ ᠡᠴᠡ ᠨᠢᠬᠡ ᠭᠠᠵᠠᠷ᠎ᠤᠨ ᠰᠤᠷᠲᠠᠯ ᠪᠠ ᠦᠢᠯᠡ ᠠᠵᠢᠯᠯᠠᠭ᠎ᠠ᠎ᠵᠢ ᠤᠯᠵᠦ ᠬᠠᠷᠠᠨ᠎ᠠ᠃

ᠰᠢᠨ᠎ᠡ ᠴᠠᠭ ᠦᠶ᠎ᠡ ᠎ᠳᠦ  ᠤᠷᠤᠬᠰᠠᠨ᠎ᠡᠴᠡ ᠨᠠᠭᠠᠰᠢ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠢᠯᠠᠯᠲᠠ᠎ᠶᠢ ᠲᠡᠮᠡᠴᠡᠨ ᠣᠯᠵᠤ᠂ ᠬᠥᠳᠡᠭᠡ ᠲᠣᠰᠬᠣᠨ᠎ᠤ 1 ᠳ᠋ᠦᠩᠰᠢᠭᠤᠷ ᠶᠠᠳᠠᠭᠤ ᠬᠦᠴᠢᠷᠳᠡᠯᠲᠡᠢ ᠬᠥᠮᠥᠨ ᠠᠮᠠ᠎ᠶᠢ ᠶᠠᠳᠠᠭᠤ᠎ᠡᠴᠡ ᠠᠩᠭᠢᠵᠢᠷᠠᠭᠤᠯᠪᠠ; ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠦᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠤᠯᠠᠨ ᠲᠦᠮᠡᠨ᠎ᠳᠦ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠲᠡᠳᠡᠨ᠎ᠤ ᠳᠡᠷᠭᠡᠳᠡ ᠪᠠᠢᠬᠤ᠂ ᠲᠥᠪ ᠭᠣᠣᠯᠴᠢ ᠰᠢᠳᠤᠷᠭᠤ ᠶᠣᠰᠣ᠌ ᠲᠡᠳᠡᠨ᠎ᠤ ᠳᠡᠷᠭᠡᠳᠡ ᠪᠠᠢᠬᠤ ᠵᠢ ᠦᠨᠡᠨ ᠬᠦ᠌ ᠮᠡᠳᠡᠷᠡᠭᠦᠯᠪᠠ ᠁

ᠠᠷᠠᠳ ᠲᠦᠮᠡᠨ᠎ᠳᠦ ᠦᠢᠯᠡᠴᠢᠯᠡᠵᠦ᠂ ᠠᠷᠠᠳ ᠲᠦᠮᠡᠨ᠎ᠢ ᠲᠡᠭᠡᠳᠦᠯᠡᠨ᠎ᠠ᠃

《ᠰᠢᠨ᠎ᠡ ᠠᠶᠠᠨ ᠪᠣᠯ ᠢᠷᠠᠭᠤ ᠠᠯᠳᠠᠷ ᠪᠠ ᠬᠦᠰᠡᠯ ᠵᠡᠭᠦᠳᠦ᠎ᠪᠡᠷ ᠪᠢᠯᠬᠠᠭᠰᠠᠨ ᠠᠶᠠᠨ ᠲᠠᠢ᠍ᠢᠨ ᠮᠥᠨ᠂ ᠨᠠᠮ ᠪᠣᠯᠣᠨ ᠠᠷᠠᠳ ᠲᠦᠮᠡᠨ᠎ᠦ ᠰᠢᠨ᠎ᠡ ᠠᠶᠠᠨ ᠲᠠᠢ᠍ᠢᠨ ᠮᠥᠨ》᠃

ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ 《ᠬᠣᠶᠠᠷ᠎ᠢ ᠲᠣᠭᠲᠠᠭᠠᠬᠰᠠᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠂ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠶᠡᠬᠡ᠎ᠪᠡᠷ ᠪᠠᠳᠠᠷᠠᠭᠤᠯᠵᠤ᠂ ᠰᠢᠨ᠎ᠡ ᠤᠷᠳᠤ ᠵᠠᠮ᠎ᠤᠨ ᠠᠶᠠᠨ ᠲᠠᠢ᠍ᠢᠨ ᠎ᠤ ᠵᠠᠮ ᠎ᠳᠤ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠴᠤᠴᠠᠯᠲᠠ ᠦᠭᠡᠢ ᠤᠷᠤᠭᠰᠢᠯᠠᠶ᠎ᠠ᠃

(ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ  ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面