ᠭᠣᠣᠯ ᠰᠡᠳᠦᠪᠲᠦ ᠮᠡᠳᠡᠭᠡᠯᠡᠯ > ᠤᠷᠲᠤ ᠵᠠᠮ᠎ᠤ᠋ᠨ ᠠᠶᠠᠨ ᠳᠠᠢᠨ

2026-10-30 15:04:49

ᠵᠣᠬᠢᠶᠠᠭ᠍ᠴᠢ᠄ ᠰᠢᠨᠬᠤᠸᠠ ᠬᠣᠷᠢᠶ᠎ᠠ ᠵᠢᠨ ᠰᠢᠭᠦᠮᠵᠢᠯᠡᠭᠴᠢ ᠣᠩᠱᠢᠭ᠍ᠰᠠᠨ ᠣᠳᠠᠭ᠎ᠠ᠄ 3

— ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ


《ᠬᠦᠰᠡᠯᠡᠩ᠎ᠢᠶᠡᠨ ᠪᠡᠶᠡᠯᠡᠭᠦᠯᠬᠦ ᠵᠠᠮ ᠶᠡᠷᠦ᠎ᠡᠴᠡ ᠲᠡᠭᠰᠢ ᠳᠠᠷᠳᠠᠩ ᠪᠢᠰᠢ᠂ ᠠᠭᠤᠤ ᠶᠡᠬᠡ ᠢᠯᠠᠯᠲᠠ᠎ᠶᠢ ᠴᠥᠮ ᠰᠢᠷᠭᠠᠭᠤ ᠲᠡᠮᠡᠴᠡᠯ᠎ᠳᠦ ᠲᠦᠰᠢᠭᠯᠡᠨ ᠣᠯᠣᠭᠰᠠᠨ ᠶᠤᠮ》᠃ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠬᠤ᠎ᠳᠠᠭᠠᠨ᠂ ᠶᠡᠷᠦᠩᠬᠡᠢ ᠱᠦᠵᠢ ᠰᠢ ᠵᠢᠨ ᠫᠢᠩ ᠥᠨᠥᠳᠥᠷ ᠢ᠋ ᠪᠤᠳᠤᠯᠬᠢᠯᠠᠨ ᠥᠩᠭᠡᠷᠡᠭᠰᠡᠨ ᠢ᠋ ᠡᠷᠭᠢᠴᠡᠭᠦᠯᠵᠦ᠂ ᠥᠩᠭᠡᠷᠡᠭᠰᠡᠨ᠎ᠢᠶᠡᠷ ᠲᠣᠯᠢ ᠪᠣᠯᠭᠠᠨ ᠢᠷᠡᠭᠡᠳᠦᠢ ᠵᠢ ᠠᠵᠢᠵᠤ᠂ ᠬᠤᠷᠴᠠ ᠴᠢᠩᠭ᠎ᠠ ᠰᠠᠨᠠᠭᠠᠰᠢᠷᠠᠬᠤ ᠤᠬᠠᠮᠰᠠᠷ ᠪᠣᠯᠣᠨ ᠠᠯᠤᠰ ᠬᠡᠳᠤ᠎ᠶᠢᠨ ᠪᠠᠢᠯᠳᠤᠬᠤ ᠪᠣᠳᠣᠯᠭ᠎ᠠ᠎ᠶᠢᠨ ᠬᠠᠷᠠᠴᠠ᠎ᠪᠠᠷ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠰᠢᠨ᠎ᠡ ᠤᠷᠳᠤ ᠵᠠᠮ᠎ᠤᠨ ᠠᠶᠠᠨ ᠲᠠᠢ᠍ᠢᠨ᠎ᠢ ᠰᠠᠢᠲᠤᠷ ᠬᠢᠬᠦ᠎ᠳᠦ ᠡᠷᠬᠡᠪᠰᠢ ᠮᠠᠰᠢ ᠤᠯᠠᠨ ᠰᠢᠨ᠎ᠡ ᠲᠡᠦᠬᠡᠨ ᠣᠨᠴᠠᠯᠢᠭ᠋᠎ᠪᠦᠬᠦᠢ ᠠᠭᠤᠤ ᠶᠡᠬᠡ ᠲᠡᠮᠡᠴᠡᠯ᠎ᠢ ᠵᠣᠷᠢᠭ᠍ᠲᠠᠢ ᠬᠢᠬᠦ ᠬᠡᠷᠡᠭᠳᠠᠢ ᠭᠡᠵᠤ ᠴᠢᠬᠤᠯᠠᠴᠢᠯᠠᠵᠤ᠂ ᠪᠢᠳᠡᠨ᠎ᠦ ᠰᠢᠨ᠎ᠡ ᠤᠷᠳᠤ ᠵᠠᠮ᠎ᠤᠨ ᠠᠶᠠᠨ ᠲᠠᠢ᠍ᠢᠨ᠎ᠤ ᠵᠠᠮ ᠎ᠳᠦ ᠵᠣᠷᠢᠭ᠍ᠲᠠᠢ ᠲᠡᠮᠡᠴᠡᠵᠤ᠂ ᠴᠢᠳᠠᠮᠠᠭᠠᠢ ᠲᠡᠮᠡᠴᠡᠵᠤ᠂ ᠰᠢᠨ᠎ᠡ ᠢᠯᠠᠯᠲᠠ᠎ᠶᠢ ᠲᠠᠰᠤᠷᠠᠯᠳᠠ ᠦᠭᠡᠢ ᠲᠡᠮᠡᠴᠡᠨ ᠣᠯᠬᠤ᠎ᠳᠤ ᠬᠦᠴᠦᠷᠬᠡᠭ ᠶᠡᠬᠡ ᠦᠵᠡᠯ ᠰᠠᠨᠠᠭ᠎ᠠ ᠪᠣᠯᠣᠨ ᠠᠵᠢᠯᠯᠠᠭᠠᠨ᠎ᠤ ᠬᠦᠴᠦᠨ ᠨᠡᠮᠡᠷᠢᠯᠡᠪᠡ᠃

ᠵᠣᠷᠢᠭ᠍ᠲᠠᠢ᠎ᠪᠠᠷ ᠲᠡᠮᠡᠴᠡᠵᠦ᠂ ᠵᠣᠷᠢᠭ᠍ᠲᠠᠢ᠎ᠪᠠᠷ ᠢᠯᠠᠯᠲᠠ ᠣᠯᠬᠤ ᠪᠣᠯ ᠨᠠᠮ ᠪᠣᠯᠣᠨ ᠠᠷᠠᠳ ᠲᠦᠮᠡᠨ᠎ᠦ ᠢᠯᠠᠭᠳᠠᠰᠢ ᠦᠭᠡᠢ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ ᠮᠥᠨ᠃ ᠪᠠᠭᠠᠲᠤᠷᠯᠢᠭ᠋ ᠤᠯᠠᠭᠠᠨ ᠴᠡᠷᠢᠭ᠂ ᠰᠢᠶᠠᠩᠵᠢᠶᠠᠩ ᠮᠥᠷᠡᠨ᠎ᠳᠦ ᠴᠢᠰᠤᠳᠤ ᠪᠠᠢᠯᠳᠤᠭᠠᠨ ᠬᠢᠵᠦ᠂ ᡂᠢ ᠱᠦᠢ ᠾᠸ ᠭᠣᠣᠯ᠎ᠢ ᠳᠥᠷᠪᠡᠨᠲᠡ ᠭᠠᠲᠤᠯᠵᠤ᠂ ᠵᠢᠨ ᠱᠠ ᠵᠢᠶᠠᠩ ᠮᠥᠷᠡᠨ᠎ᠢ ᠤᠷᠠᠨ ᠠᠷᠭ᠎ᠠ ᠪᠡᠷ ᠭᠠᠲᠤᠯᠵᠤ᠂ ᠳᠠ ᠳᠦ ᠾᠧ ᠭᠣᠣᠯ᠎ᠢ ᠬᠦᠴᠦᠨ᠎ᠢᠶᠡᠷ ᠭᠠᠲᠤᠯᠵᠤ᠂ ᠨᠢᠰᠬᠦ ᠬᠤᠷᠳᠤᠴᠡ ᠪᠡᠷ ᠯᠦ᠍ ᠳ᠋ᠢᠩ ᠴᠢᠶᠣᠤ ᠬᠥᠭᠥᠷᠭᠡ᠎ᠶᠢ ᠪᠤᠯᠢᠶᠠᠨ ᠠᠪᠴᠤ᠂  ᠳ᠋ᠦ᠋ ᠱᠤ᠌ ᠵᠧᠨ ᠪᠠᠯᠭᠠᠰᠤᠨ᠎ᠳᠦ ᠡᠷᠡᠯᠬᠡᠭᠯᠡᠨ ᠪᠠᠢᠯᠳᠤᠵᠤ᠂ ᠪᠦᠦ ᠽᠦᠸᠸ᠎ᠳᠦ ᠪᠠᠭᠠᠲᠤᠷᠯᠠᠨ ᠲᠤᠯᠤᠯᠳᠤᠵᠤ᠂ ᠦ᠋ ᠮᠧᠩ ᠱᠠᠨ ᠠᠭᠤᠯᠠᠨ᠎ᠳᠤ ᠴᠢᠰᠦᠳᠤ  ᠪᠠᠢᠯᠳᠤᠭᠠᠨ ᠬᠢᠵᠤ᠂ ᠨᠡᠬᠡᠮᠵᠢᠯᠡᠨ ᠢᠷᠡᠭᠰᠡᠨ ᠲᠤᠢᠯ᠎ᠤᠨ ᠬᠠᠷᠭᠢᠰ ᠬᠡᠷᠴᠡᠭᠡᠢ ᠵᠠᠭᠤᠨ ᠲᠦᠮᠡ ᠭᠠᠷᠤᠢ ᠳᠠᠢᠰᠤᠨ᠎ᠢ ᠴᠣᠬᠢᠨ ᠤᠬᠤᠷᠢᠭᠤᠯᠵᠤ᠂ ᠠᠭᠠᠷ ᠰᠡᠢᠷᠡᠭ ᠮᠥᠰᠥᠲᠦ ᠠᠭᠤᠯᠠ ᠴᠠᠰᠤᠲᠤ ᠳᠠᠪᠠᠭ᠎ᠠ᠎ᠶᠢ ᠳᠠᠪᠠᠵᠤ᠂ ᠬᠥᠮᠥᠨ ᠠᠮᠢᠲᠠᠨ ᠦᠭᠡᠢ ᠨᠠᠮᠤᠭᠳᠤ ᠭᠠᠵᠠᠷ᠎ᠢ ᠳᠤᠭᠤᠯᠤᠨ᠂ ᠠᠷᠪᠠᠨ ᠬᠡᠳᠦᠨ ᠮᠤᠵᠢ᠎ᠶᠢ ᠬᠥᠨᠳᠡᠯᠡᠨ ᠵᠢᠡᠷ ᠳᠤᠭᠤᠯᠵᠤ᠂ ᠬᠣᠶᠠᠷ ᠲᠦᠮᠡ ᠲᠠᠪᠤᠨ ᠮᠢᠩᠭᠠᠨ ᠭᠠᠵᠠᠷ᠎ᠤᠨ ᠤᠷᠳᠤ ᠠᠶᠠᠨ᠎ᠤ ᠵᠠᠮ᠎ᠢ ᠬᠥᠭᠡᠭᠡᠵᠦ᠂ ᠰᠢᠷᠭᠠᠭᠤ ᠬᠠᠲᠠᠭᠤᠵᠢᠯᠲᠠᠢ ᠲᠡᠮᠡᠴᠡᠯ᠎ᠳᠦ ᠲᠦᠰᠢᠭᠯᠡᠨ᠂ ᠳᠡᠯᠡᠬᠡᠢ ᠳ᠋ᠠᠬᠢᠨ ᠢ᠋ ᠳᠤᠩᠰᠤᠯᠭᠠᠭᠰᠠᠨ᠂ ᠲᠡᠤᠬᠡᠨ ᠬᠠᠭᠤᠳᠠᠰᠤ ᠵᠢ ᠭᠡᠢᠭᠦᠯᠦᠭᠰᠡᠨ ᠤᠷᠳᠤ ᠵᠠᠮ ᠤ᠋ᠨ ᠠᠶᠠᠨ ᠳᠠᠢᠨ ᠢ᠋ ᠢᠯᠠᠯᠳᠠ ᠲᠠᠢ ᠪᠡᠶᠡᠯᠡᠭᠦᠯᠪᠡ᠃ ᠵᠠᠭᠤ ᠭᠠᠷᠤᠢ ᠵᠢᠯ᠎ᠦᠨ ᠲᠤᠷᠰᠢ᠂ ᠨᠠᠮ ᠪᠠ ᠠᠷᠠᠳ ᠲᠦᠮᠡᠨ᠎ᠦ ᠣᠯᠣᠭᠰᠠᠨ ᠠᠯᠢᠪᠠ ᠠᠮᠵᠢᠯᠲᠠ ᠪᠦᠲᠦᠮᠵᠢ᠎ᠶᠢ ᠴᠥᠮ ᠲᠡᠮᠡᠴᠡᠯ᠎ᠢᠶᠡᠷ ᠲᠠᠮᠵᠢᠨ ᠣᠯᠣᠭᠰᠠᠨ ᠶᠤᠮ᠃ ᠳᠠᠢᠰᠤᠨ ᠬᠡᠳᠦᠢ ᠬᠦᠴᠦᠷᠬᠡᠭ ᠪᠠᠢᠭᠰᠠᠨ ᠴᠤ᠌᠂ ᠵᠠᠮ ᠬᠡᠳᠦᠢ ᠪᠡᠷᠬᠡ ᠪᠠᠷᠲᠠᠭ᠎ᠠ᠎ᠲᠠᠢ ᠪᠠᠢᠭᠰᠠᠨ ᠴᠤ᠌᠂ ᠥᠷᠢᠰᠦᠯᠳᠦᠭᠡᠨ ᠬᠡᠳᠦᠢ ᠬᠠᠲᠠᠭᠤ ᠴᠢᠩᠭ᠎ᠠ ᠪᠠᠢᠭᠰᠠᠨ ᠴᠤ᠌᠂ ᠮᠠᠨ᠎ᠤ ᠨᠠᠮ ᠦᠷᠡᠭᠳᠡᠯ ᠰᠦᠢᠳᠦᠯ᠎ᠡᠴᠡ ᠠᠶᠤᠬᠤ ᠦᠭᠡᠢ᠂ ᠪᠠᠭᠠᠲᠤᠷᠯᠢᠭ᠋᠎ᠢᠶᠠᠷ ᠲᠡᠮᠡᠴᠡᠬᠦ ᠵᠣᠷᠢᠭ᠋ ᠰᠠᠨᠠᠭ᠎ᠠ᠎ᠶᠢ ᠪᠠᠷᠢᠮᠲᠠᠯᠠᠨ ᠪᠠᠳᠠᠷᠠᠭᠤᠯᠵᠤ᠂ ᠶᠡᠷᠦ ᠡᠴᠡ ᠥᠴᠥᠬᠡᠨ ᠴᠦ᠍ ᠠᠶᠤᠬᠤ ᠦᠭᠡᠢ᠂ ᠥᠴᠥᠬᠡᠨ ᠴᠦ᠍ ᠤᠬᠤᠷᠢᠬᠤ ᠦᠭᠡᠢ ᠪᠠᠢᠵᠤ᠂ ᠨᠤᠭᠤᠷᠠᠰᠢ ᠦᠭᠡᠢ ᠲᠡᠮᠡᠴᠡᠯ᠎ᠢᠶᠡᠷ ᠳᠠᠮᠵᠢᠨ ᠠᠵᠢᠯ ᠦᠢᠯᠡᠰ᠎ᠦᠨ ᠬᠥᠭᠵᠢᠯᠲᠡ᠎ᠶᠢᠨ ᠰᠢᠨ᠎ᠡ ᠣᠷᠣᠨ ᠵᠠᠢ᠎ᠶᠢ ᠨᠡᠭᠡᠭᠡᠪᠡ᠃

ᠠᠵᠤ ᠠᠬᠤᠢ᠎ᠶᠢ ᠲᠣᠭᠲᠠᠪᠤᠷᠢᠵᠢᠭᠤᠯᠵᠤ᠂ ᠬᠥᠭᠵᠢᠯᠲᠡ᠎ᠶᠢ ᠠᠬᠢᠭᠤᠯᠵᠤ᠂ ᠶᠠᠳᠠᠭᠤ ᠬᠦᠴᠢᠷᠳᠡᠯ᠎ᠢ ᠢᠯᠠᠨ ᠳᠠᠪᠠᠵᠤ᠂ ᠴᠢᠨᠡᠭᠡᠯᠢᠭ ᠨᠡᠢᠭᠡᠮ᠎ᠢ ᠪᠠᠶ᠋ᠢᠭᠤᠯᠵᠤ᠂ ᠬᠢᠵᠢᠭ᠎ᠦᠨ ᠪᠠᠢᠳᠠᠯ᠎ᠢ ᠡᠵᠡᠮᠳᠡᠵᠤ᠂  ᠭᠠᠮᠰᠢᠭ᠋᠎ᠲᠠᠢ ᠲᠡᠮᠡᠴᠡᠵᠤ᠂ ᠬᠤᠪᠢᠷᠠᠯᠲᠠ᠎ᠶᠢ ᠠᠷᠭᠠᠴᠠᠭᠠᠵᠤ᠂ ᠬᠢᠮᠤᠷᠠᠯ᠎ᠢ ᠠᠷᠢᠯᠭᠠᠪᠠ ᠁ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠡᠷᠡᠮᠡᠬᠡᠢᠯᠡᠨ ᠤᠷᠤᠭᠰᠢᠯᠠᠵᠤ᠂ ᠠᠯᠢ ᠤᠯᠠᠨ ᠬᠦᠨᠳᠦ ᠶᠡᠬᠡ ᠠᠶᠤᠯ ᠲᠦᠭᠰᠢᠭᠦᠷᠢ ᠥᠷᠢᠰᠦᠯᠳᠦᠭᠡᠨ᠎ᠢ ᠪᠦᠲᠦᠮᠵᠢᠲᠡᠢ ᠠᠷᠭᠠᠴᠠᠭᠠᠵᠤ᠂ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ᠎ᠶᠢ ᠠᠬᠢᠭᠤᠯᠪᠠ᠃ ᠲᠡᠤᠬᠡ ᠪᠠ ᠦᠢᠯᠡᠳᠦᠯᠭᠡ ᠭᠦᠨᠵᠡᠭᠡᠢ ᠰᠡᠩᠭᠡᠷᠡᠭᠦᠯᠦᠭᠰᠡᠨ ᠨᠢ᠄ ᠭᠠᠭᠴᠠ ᠬᠦ᠌ ᠵᠣᠷᠢᠭ᠍ᠲᠠᠢ᠎ᠪᠠᠷ ᠲᠡᠮᠡᠴᠡᠵᠦ᠂ ᠴᠢᠳᠠᠮᠠᠭᠠᠢ᠎ᠪᠠᠷ ᠲᠡᠮᠡᠴᠡᠪᠡᠯ ᠰᠠᠶᠢ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ᠎ᠢ ᠢᠯᠠᠨ ᠳᠠᠪᠠᠵᠤ᠂ ᠰᠢᠨ᠎ᠡ ᠢᠯᠠᠯᠲᠠ᠎ᠶᠢ ᠲᠠᠰᠤᠷᠠᠯᠲᠠ ᠦᠭᠡᠢ ᠲᠡᠮᠡᠴᠡᠨ ᠣᠯᠵᠤ ᠴᠢᠳᠠᠨ᠎ᠠ᠃

ᠶᠡᠷᠦᠩᠬᠡᠢ ᠱᠦᠵᠢ ᠰᠢ ᠵᠢᠨ ᠫᠢᠩ᠄ 《ᠮᠠᠨ᠎ᠤ ᠨᠠᠮ ᠲᠡᠮᠡᠴᠡᠯ᠎ᠳᠦ ᠲᠦᠰᠢᠭᠯᠡᠨ ᠲᠡᠦᠬᠡ᠎ᠶᠢ ᠡᠭᠦᠳᠪᠡ᠂ ᠨᠡᠩ ᠴᠤ᠌ ᠲᠡᠮᠡᠴᠡᠯ᠎ᠳᠦ ᠲᠦᠰᠢᠭᠯᠡᠨ ᠢᠷᠡᠭᠡᠳᠦᠢ᠎ᠶᠢ ᠲᠡᠮᠡᠴᠡᠨ ᠣᠯᠬᠤ ᠬᠡᠷᠡᠭᠲᠡᠢ》 ᠭᠡᠵᠤ ᠭᠦᠨᠵᠡᠭᠡᠢ ᠵᠢᠭᠠᠵᠤ ᠭᠠᠷᠭᠠᠪᠠ᠂ ᠲᠡᠮᠡᠴᠡᠯ᠎ᠢᠶᠡᠷ ᠳᠠᠮᠵᠢᠨ ᠠᠮᠤᠷ ᠲᠦᠪᠰᠢᠨ᠎ᠢ ᠤᠯᠪᠠᠯ ᠠᠮᠤᠷ ᠲᠦᠪᠰᠢᠨ ᠪᠠᠢᠩᠭᠤ ᠣᠷᠣᠰᠢᠵᠤ᠂ ᠲᠡᠮᠡᠴᠡᠯ᠎ᠢᠶᠡᠷ ᠳᠠᠮᠵᠢᠨ ᠬᠥᠭᠵᠢᠯᠲᠡ᠎ᠶᠢ ᠡᠷᠢᠯᠬᠢᠯᠡᠪᠡᠯ ᠪᠠᠢᠩᠭᠤ ᠬᠦᠭᠵᠢᠨ ᠮᠠᠨᠳᠤᠨ᠎ᠠ᠃ ᠣᠳᠣᠬᠠᠨ᠎ᠳᠤ᠂ ᠳᠡᠯᠡᠬᠡᠢ ᠶᠢᠷᠳᠢᠨᠴᠤ ᠵᠢᠨ ᠵᠠᠭᠤᠨ ᠵᠢᠯ ᠎ᠳᠦ ᠳᠤᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠳᠡᠯᠡᠬᠡᠢ ᠳ᠋ᠠᠬᠢᠨ ᠰᠢᠨ᠎ᠡ ᠤᠷᠪᠠᠭᠠᠨ ᠬᠥᠷᠪᠡᠭᠡᠨ᠎ᠲᠠᠢ ᠬᠤᠪᠢᠰᠤᠯᠲᠠ᠎ᠶᠢᠨ ᠬᠤᠭᠤᠴᠠᠭᠠᠨ᠎ᠳᠤ ᠣᠷᠣᠵᠤ᠂ ᠮᠠᠨ᠎ᠤ ᠤᠯᠤᠰ᠎ᠤᠨ ᠬᠥᠭᠵᠢᠯᠲᠡ᠎ᠳᠦ ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ᠎ᠪᠡᠷ ᠣᠷᠣᠰᠢᠵᠤ᠂ ᠲᠤᠭᠳᠠᠭᠠᠯᠳᠤ ᠪᠤᠰᠤ ᠲᠦᠰᠦᠭᠡᠯᠡᠬᠦᠶ᠎ᠠ ᠪᠡᠷᠬᠡ ᠬᠦᠴᠦᠨ ᠵᠦᠢᠯ ᠨᠡᠮᠡᠭᠳᠡᠵᠦ ᠪᠠᠢᠭ᠎ᠠ ᠴᠠᠭ ᠬᠤᠭᠤᠴᠠᠭ᠎ᠠ᠎ᠳᠦ᠂ ᠠᠷᠭᠠᠴᠠᠭᠠᠬᠤ ᠴᠢᠬᠤᠯᠠᠲᠠᠢ ᠠᠶᠤᠯ ᠲᠦᠭᠰᠢᠭᠦᠷᠢ ᠥᠷᠢᠰᠦᠯᠳᠦᠭᠡᠨ᠂ ᠰᠡᠷᠭᠡᠢᠯᠡᠨ ᠠᠷᠢᠯᠭᠠᠬᠤ ᠴᠢᠬᠤᠯᠠᠲᠠᠢ ᠵᠥᠷᠢᠴᠡᠯ ᠠᠰᠠᠭᠤᠳᠠᠯ ᠥᠩᠭᠡᠷᠡᠭᠰᠡᠨ᠎ᠦ ᠬᠢ᠎ᠡᠴᠡ ᠨᠡᠩ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠣᠯᠵᠠᠢ᠃ ᠰᠢᠨ᠎ᠡ ᠠᠶᠠᠨ᠎ᠳᠤ᠂ ᠰᠢᠨ᠎ᠡ ᠠᠭᠤᠤ ᠶᠡᠬᠡ ᠲᠡᠮᠡᠴᠡᠯ᠎ᠦᠨ ᠲᠡᠦᠬᠡᠨ ᠣᠨᠴᠠᠯᠢᠭ᠋᠎ᠢ ᠡᠵᠡᠮᠳᠡᠵᠦ᠂ ᠲᠡᠮᠡᠴᠡᠯ᠎ᠦᠨ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠲᠡᠮᠡᠴᠡᠯ᠎ᠦᠨ ᠴᠢᠭᠯᠡᠯ᠎ᠢ ᠡᠵᠡᠮᠳᠡᠵᠦ᠂ ᠲᠡᠮᠡᠴᠡᠯ᠎ᠦᠨ ᠰᠠᠨᠠᠭᠠᠴᠢᠯᠠᠭᠠᠲᠤ ᠡᠷᠬᠡ᠎ᠶᠢ ᠡᠵᠡᠮᠳᠡᠵᠦ᠂ ᠲᠡᠮᠡᠴᠡᠯ᠎ᠦᠨ ᠵᠣᠷᠢᠭ᠋᠎ᠢᠶᠠᠨ ᠪᠠᠲᠤᠳᠬᠠᠵᠤ᠂ ᠲᠡᠮᠡᠴᠡᠯ᠎ᠦᠨ ᠵᠢᠮ᠎ᠡ ᠶᠣᠰᠣ᠌᠎ᠶᠢ ᠡᠵᠡᠮᠳᠡᠵᠤ᠂ ᠲᠡᠮᠡᠴᠡᠯ᠎ᠦᠨ ᠴᠢᠳᠠᠪᠤᠷᠢ᠎ᠪᠠᠨ ᠴᠢᠩᠭᠠᠳᠬᠠᠵᠤ᠂ ᠬᠦᠨᠳᠦ ᠶᠡᠬᠡ ᠥᠷᠢᠰᠦᠯᠳᠦᠭᠡᠨ᠎ᠢ ᠪᠦᠲᠦᠮᠵᠢᠲᠡᠢ ᠠᠷᠭᠠᠴᠠᠭᠠᠵᠤ᠂ ᠬᠦᠨᠳᠦ ᠶᠡᠬᠡ ᠠᠶᠤᠯ ᠲᠦᠭᠰᠢᠭᠦᠷᠢ᠎ᠶᠢ ᠰᠢᠢᠳᠪᠦᠷᠢᠯᠡᠵᠤ᠂ ᠬᠦᠨᠳᠦ ᠶᠡᠬᠡ ᠬᠠᠷᠰᠢ ᠰᠠᠭᠠᠳ᠎ᠢ ᠢᠯᠠᠨ ᠳᠠᠪᠠᠵᠤ᠂ ᠬᠦᠨᠳᠦ ᠶᠡᠬᠡ ᠵᠥᠷᠢᠴᠡᠯ᠎ᠢ ᠰᠢᠢᠳᠪᠦᠷᠢᠯᠡᠵᠦ᠂ ᠤᠷᠤᠭᠰᠢᠯᠠᠯᠲᠠ᠎ᠶᠢᠨ ᠵᠠᠮ ᠳᠡᠭᠡᠷᠡᠬᠢ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ᠎ᠢ ᠢᠯᠠᠨ ᠳᠠᠪᠠᠬᠤ ᠬᠡᠷᠡᠭᠲᠡᠢ᠃

ᠰᠢᠷᠭᠠᠭᠤ ᠲᠡᠮᠡᠴᠡᠯ᠎ᠳᠦ ᠲᠦᠰᠢᠭᠯᠡᠨ ᠠᠭᠤᠤ ᠶᠡᠬᠡ ᠰᠢᠨ᠎ᠡ ᠢᠯᠠᠯᠲᠠ᠎ᠶᠢ ᠲᠡᠮᠡᠴᠡᠨ ᠣᠯᠬᠤ᠎ᠳᠤ᠂ ᠡᠷᠬᠡᠪᠰᠢ ᠪᠠᠢᠯᠳᠤᠬᠤ ᠪᠣᠳᠣᠯᠭ᠎ᠠ᠎ᠶᠢᠨ ᠢᠲᠡᠭᠡᠯ᠎ᠢᠶᠡᠨ ᠪᠠᠲᠤᠯᠠᠵᠤ᠂ ᠲᠡᠮᠡᠴᠡᠯ᠎ᠦᠨ ᠵᠣᠷᠢᠭ᠋ ᠰᠠᠨᠠᠭ᠎ᠠ᠎ᠪᠠᠨ ᠪᠠᠳᠠᠷᠠᠭᠤᠯᠵᠤ᠂ ᠲᠡᠮᠡᠴᠡᠯ᠎ᠦᠨ ᠢᠲᠡᠭᠡᠯ ᠵᠣᠷᠢᠭ᠋᠎ᠢᠶᠠᠨ ᠨᠡᠮᠡᠭᠳᠡᠭᠦᠯᠬᠦ ᠬᠡᠷᠡᠭᠲᠡᠢ᠃ ᠴᠠᠭ ᠪᠠ ᠪᠠᠢᠳᠠᠯ ᠪᠢᠳᠡᠨ᠎ᠦ ᠲᠠᠯ᠎ᠠ᠎ᠳᠤ ᠪᠤᠢ᠂ ᠡᠨᠡ ᠪᠣᠯ ᠪᠢᠳᠡᠨ᠎ᠦ ᠲᠣᠭᠲᠠᠯ ᠬᠦᠴᠦᠨ ᠪᠠ ᠢᠳᠡ ᠬᠦᠴᠦᠨ᠂ ᠮᠥᠨ ᠴᠦ᠍ ᠪᠢᠳᠡᠨ᠎ᠦ ᠡᠷᠴᠢ ᠵᠣᠷᠢᠭ᠋ ᠪᠠ ᠢᠲᠡᠭᠡᠯ ᠵᠣᠷᠢᠭ᠋ ᠪᠣᠯᠣᠨ᠎ᠠ᠃ ᠰᠢᠨ᠎ᠡ ᠠᠶᠠᠨ᠎ᠳᠤ᠂ ᠪᠢᠳᠡᠨ᠎ᠳᠦ ᠲᠤᠯᠭᠠᠷᠠᠵᠤ ᠪᠠᠢᠭ᠎ᠠ ᠡᠯ᠎ᠡ ᠵᠦᠢᠯ᠎ᠦᠨ ᠲᠡᠮᠡᠴᠡᠯ ᠣᠬᠣᠷ ᠬᠤᠭᠤᠴᠠᠭᠠᠨ᠎ᠤ ᠪᠢᠰᠢ ᠬᠠᠷᠢᠨ ᠤᠷᠳᠤ ᠬᠤᠭᠤᠴᠠᠭᠠᠨ᠎ᠤ ᠶᠤᠮ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠪᠡᠶᠡᠯᠡᠭᠦᠯᠬᠦ ᠪᠦᠬᠦ ᠶᠠᠪᠤᠴᠠ᠎ᠳᠤ ᠳᠠᠭᠠᠯᠳᠤᠬᠤ ᠪᠣᠯᠣᠨ᠎ᠠ᠃ ᠡᠨᠡ ᠬᠦ᠌ ᠠᠭᠤᠤ ᠶᠡᠬᠡ ᠲᠡᠮᠡᠴᠡᠯ᠎ᠦᠨ ᠤᠷᠳᠤ ᠬᠤᠭᠤᠴᠠᠭᠠᠲᠤ ᠴᠢᠨᠠᠷ᠂ ᠨᠠᠷᠢᠨ ᠪᠤᠳᠤᠯᠢᠶᠠᠨᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ᠎ᠢ ᠭᠦᠢᠴᠡᠳ ᠲᠠᠨᠢᠵᠤ᠂ ᠰᠠᠯᠬᠢ ᠶᠡᠬᠡ ᠳᠠᠪᠠᠯᠭᠠᠨ ᠰᠢᠷᠦᠭᠦᠨ᠂ ᠴᠢᠨᠠᠭᠰᠢᠯᠠᠪᠠᠯ ᠲᠤᠬ᠍ᠰᠢᠨ ᠳᠠᠪᠠᠯᠭᠠᠨ ᠰᠢᠷᠦᠭᠦᠨ ᠤᠷᠤᠰᠬᠠᠯ᠎ᠤᠨ  ᠴᠢᠬᠤᠯᠠ ᠶᠡᠬᠡ ᠰᠢᠯᠭᠠᠯᠲᠠ᠎ᠶᠢ ᠳᠠᠭᠠᠭᠠᠬᠤ᠎ᠪᠠᠷ ᠴᠠᠭ ᠢᠮᠠᠭᠲᠠ ᠪᠡᠯᠡᠬᠡᠨ ᠪᠠᠢᠬᠤ ᠬᠡᠷᠡᠭᠲᠡᠢ᠃ ᠬᠦᠨᠳᠦ ᠶᠡᠬᠡ ᠠᠶᠤᠯ ᠲᠦᠭᠰᠢᠭᠦᠷᠢ᠂ ᠬᠦᠴᠦᠷᠬᠡᠭ ᠶᠡᠬᠡ ᠥᠷᠢᠰᠦᠯᠳᠦᠬᠡᠨ᠎ᠤ ᠡᠮᠦᠨ᠎ᠡ ᠠᠮᠤᠷ ᠲᠠᠢᠪᠤᠩ ᠠᠮᠢᠳᠤᠷᠠᠬᠤ᠎ᠶᠢ ᠪᠤᠳᠤᠵᠤ ᠲᠡᠮᠡᠴᠡᠬᠦ᠎ᠶᠢ ᠪᠤᠳᠤᠬᠤ ᠦᠭᠡᠢ ᠪᠤᠯ《ᠶᠠᠰᠤ ᠵᠥᠭᠡᠯᠡᠷᠡᠬᠦ ᠡᠪᠡᠳᠴᠢᠨ》 ᠂ 《ᠠᠶᠤᠵᠤ ᠰᠦᠷᠳᠡᠬᠦ  ᠡᠪᠡᠳᠴᠢᠨ》 ᠣᠯᠵᠤ᠂ ᠶᠠᠮᠠᠷ ᠴᠤ᠌ ᠶᠠᠪᠤᠳᠠᠯ᠎ᠢ ᠪᠦᠳᠦᠭᠡᠵᠤ ᠲᠡᠢᠯᠬᠦ ᠦᠬᠡᠢ ᠪᠣᠯᠬᠤ ᠶᠤᠮ᠃ ᠭᠠᠭᠴᠠ ᠬᠦ᠌ ᠲᠡᠦᠬᠡ᠎ᠶᠢᠨ ᠰᠠᠨᠠᠭᠠᠴᠢᠯᠠᠭᠠᠲᠤ ᠵᠣᠷᠢᠭ᠋ ᠰᠠᠨᠠᠭ᠎ᠠ᠎ᠪᠠᠷ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠠᠶᠤᠯ ᠲᠦᠭᠰᠢᠭᠦᠷᠢ᠎ᠶᠢ ᠢᠯᠠᠨ ᠳᠠᠪᠠᠵᠤ᠂ ᠥᠷᠢᠰᠦᠯᠳᠦᠭᠡᠨ᠎ᠢ ᠤᠭᠲᠤᠵᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠢᠷᠡᠭᠡᠳᠦᠢ ᠬᠤᠪᠢ ᠵᠠᠶᠠᠭ᠎ᠠ᠎ᠳᠤ ᠬᠣᠯᠪᠣᠭᠳᠠᠬᠤ ᠵᠥᠪ ᠪᠤᠷᠤᠭᠤ᠎ᠶᠢᠨ ᠠᠰᠠᠭᠤᠳᠠᠯ ᠳᠡᠭᠡᠷ᠎ᠡ ᠡᠷᠡᠰ ᠭᠤᠢᠪᠢᠰᠢ ᠦᠭᠡᠢ ᠪᠠᠢᠵᠤ᠂ ᠥᠭᠡᠷᠡᠴᠢᠯᠡᠯᠲᠡ  ᠬᠥᠭᠵᠢᠯᠳᠠ ᠲᠣᠭᠲᠠᠭᠤᠨ᠎ᠢ ᠪᠠᠳᠤᠯᠠᠬᠤ ᠠᠵᠢᠯ᠎ᠤᠨ ᠳᠤᠮᠳᠠ ᠵᠣᠷᠢᠭ᠍ᠲᠠᠢ᠎ᠪᠠᠷ ᠬᠠᠲᠠᠭᠤ᠎ᠲᠠᠢ ᠬᠠᠯᠳᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠲᠠᠯ᠎ᠠ᠎ᠪᠠᠷ ᠵᠣᠷᠢᠭ᠍ᠲᠠᠢ᠎ᠪᠠᠷ ᠬᠠᠲᠠᠭᠤ᠎ᠲᠠᠢ ᠬᠠᠯᠳᠠᠵᠤ᠂ ᠤᠯᠤᠰ᠎ᠤᠨ ᠭᠣᠣᠯᠯᠠᠬᠤ ᠠᠰᠢᠭ᠋ ᠲᠤᠰᠠ᠎ᠶᠢ ᠬᠠᠮᠠᠭᠠᠯᠠᠬᠤ ᠲᠠᠯ᠎ᠠ᠎ᠪᠠᠷ ᠵᠣᠷᠢᠭ᠍ᠲᠠᠢ᠎ᠪᠠᠷ ᠠᠰ ᠲᠤᠯᠤᠨ ᠠᠪᠤᠨ ᠬᠠᠷᠢᠭᠤᠴᠠᠵᠤ᠂ ᠬᠦᠴᠢᠷ ᠪᠡᠷᠬᠡᠰᠢᠶᠡᠯ᠎ᠦᠨ ᠡᠮᠦᠨ᠎ᠡ ᠲᠣᠯᠣᠭᠠᠢ ᠪᠥᠬᠥᠢᠬᠦ ᠦᠭᠡᠢ᠂ ᠰᠢᠯᠭᠠᠯᠲᠠ᠎ᠶᠢᠨ ᠡᠮᠦᠨ᠎ᠡ ᠬᠤᠢᠰᠢ ᠤᠬᠤᠷᠢᠬᠤ ᠦᠭᠡᠢ᠂ ᠳᠦᠷᠢᠮ ᠵᠠᠷᠴᠢᠮ ᠢ᠋ ᠠᠰᠢᠬᠯᠠᠨ ᠠᠷᠠᠯᠵᠢᠶ᠎ᠠ ᠬᠢᠬᠦ ᠦᠭᠡᠢ᠂ ᠪᠦᠬᠦ ᠨᠠᠮ ᠪᠦᠬᠦ ᠴᠡᠷᠢᠭ ᠪᠦᠬᠦ ᠤᠯᠤᠰ᠎ᠤᠨ ᠦᠨᠳᠦᠰᠦᠲᠡᠨ ᠨᠤᠭᠦᠳ᠎ᠦᠨ ᠠᠷᠠᠳ ᠲᠦᠮᠡᠨ᠎ᠦ ᠡᠷᠴᠢ ᠵᠤᠷᠢᠭ᠂ ᠰᠥᠰᠥ ᠵᠣᠷᠢᠭ᠋᠂ ᠢᠲᠡᠭᠡᠯ ᠵᠣᠷᠢᠭ᠋᠎ᠢ ᠲᠠᠰᠤᠷᠠᠯᠲᠠ ᠦᠭᠡᠢ ᠴᠢᠩᠭᠠᠷᠠᠭᠤᠯᠪᠠᠯ ᠰᠠᠶᠢ ᠨᠡᠷ᠎ᠡ ᠲᠦᠷᠦ᠂ ᠬᠥᠭᠵᠢᠯᠲᠡ᠎ᠶᠢ ᠣᠯᠵᠤ ᠴᠢᠳᠠᠨ᠎ᠠ᠃

ᠰᠢᠷᠭᠠᠭᠤ ᠲᠡᠮᠡᠴᠡᠯ᠎ᠳᠦ ᠲᠦᠰᠢᠭᠯᠡᠨ ᠠᠭᠤᠤ ᠶᠡᠬᠡ ᠰᠢᠨ᠎ᠡ ᠢᠯᠠᠯᠲᠠ᠎ᠶᠢ ᠲᠡᠮᠡᠴᠡᠨ ᠣᠯᠬᠤ᠎ᠳᠤ ᠡᠷᠬᠡᠪᠰᠢ ᠪᠠᠢᠯᠳᠤᠬᠤ ᠪᠣᠳᠣᠯᠭ᠎ᠠ᠎ᠶᠢᠨ ᠰᠠᠨᠠᠭᠠᠴᠢᠯᠠᠭᠠᠲᠤ ᠴᠢᠨᠠᠷ᠎ᠢᠶᠠᠨ ᠪᠠᠲᠤᠯᠠᠵᠤ᠂ ᠴᠢᠳᠠᠮᠠᠭᠠᠢ᠎ᠪᠠᠷ ᠲᠡᠮᠡᠴᠡᠵᠦ᠂ ᠲᠡᠮᠡᠴᠡᠯ᠎ᠦᠨ ᠴᠢᠳᠠᠪᠤᠷᠢ᠎ᠪᠠᠨ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠣᠳᠣᠬᠠᠨ᠎ᠳᠤ᠂ ᠡᠯ᠎ᠡ ᠵᠦᠢᠯ᠎ᠦᠨ ᠠᠶᠤᠯ ᠲᠦᠭᠰᠢᠭᠦᠷᠢ ᠵᠢᠨ ᠭᠡᠮ ᠰᠣᠭᠣᠭ᠎ᠤᠨ ᠬᠣᠯᠪᠣᠭᠳᠠᠬᠤ ᠬᠡᠮᠵᠢᠶ᠎ᠡ ᠥᠨᠳᠥᠷ᠂ ᠬᠣᠯᠪᠣᠯᠳᠤᠬᠤ ᠴᠢᠨᠠᠷ ᠴᠢᠩᠭ᠎ᠠ᠂ ᠳᠠᠮᠵᠢᠭᠤᠯᠬᠤ ᠬᠤᠷᠳᠤᠴᠠ ᠲᠦᠷᠭᠡᠨ ᠪᠠᠢᠵᠤ᠂ ᠪᠠᠭ᠎ᠠ ᠯᠠ ᠬᠢᠴᠢᠶᠡᠬᠦ ᠦᠭᠡᠢ ᠪᠣᠯ 《ᠡᠷᠪᠡᠬᠡᠢ ᠦᠢᠯᠡᠳᠦᠯ》 ᠢ᠋ ᠡᠬᠦᠰᠭᠡᠵᠤ᠂ ᠪᠠᠭ᠎ᠠ ᠠᠶᠤᠯ ᠲᠦᠭᠰᠢᠭᠦᠷᠢ ᠨᠢ ᠬᠦᠨᠳᠦ ᠠᠶᠤᠯ ᠲᠦᠭᠰᠢᠭᠦᠷᠢ ᠪᠣᠯᠵᠤ ᠬᠤᠪᠢᠷᠠᠬᠤ ᠪᠣᠯᠣᠨ᠎ᠠ᠃ ᠡᠷᠬᠡᠪᠰᠢ ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠂ ᠪᠡᠯᠡᠳᠬᠡᠯ ᠠᠵᠢᠯ᠎ᠢ ᠰᠠᠢᠲᠤᠷ ᠬᠢᠵᠦ᠂ ᠰᠠᠨᠠᠭᠠᠴᠢᠯᠠᠭᠠᠲᠤ ᠳᠠᠢᠯᠠᠯᠳᠤᠭᠠᠨ᠎ᠢ ᠰᠠᠢᠲᠤᠷ ᠬᠢᠵᠦ᠂ ᠡᠯ᠎ᠡ ᠵᠦᠢᠯ᠎ᠦᠨ ᠠᠶᠤᠯ ᠲᠦᠭᠰᠢᠭᠦᠷᠢ ᠥᠷᠢᠰᠦᠯᠳᠦᠭᠡᠨ᠎ᠤ ᠡᠮᠦᠨ᠎ᠡ ᠳᠣᠲᠣᠷ᠎ᠠ᠎ᠪᠠᠨ ᠲᠣᠭ᠎ᠠ᠎ᠲᠠᠢ ᠪᠠᠢᠵᠤ᠂ ᠰᠢᠨᠵᠢᠯᠡᠬᠦ ᠤᠬᠠᠭᠠᠨᠴᠢ᠎ᠪᠠᠷ ᠬᠤᠪᠢᠷᠠᠯᠲᠠ᠎ᠶᠢ ᠲᠥᠰᠥᠭᠡᠯᠡᠬᠦ᠂ ᠠᠶᠤᠯ ᠲᠦᠭᠰᠢᠭᠦᠷᠢ᠎ᠶᠢ ᠴᠠᠭ ᠲᠤᠬᠠᠢ ᠳ᠋ᠤᠨᠢ ᠨᠡᠪᠲᠡ ᠠᠵᠢᠭ᠍ᠯᠠᠬᠤ᠂ ᠥᠷᠢᠰᠦᠯᠳᠦᠭᠡᠨ᠎ᠢ ᠪᠦᠲᠦᠮᠵᠢᠲᠡᠢ ᠠᠷᠭᠠᠴᠠᠭᠠᠬᠤ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃ ᠲᠡᠮᠡᠴᠡᠯ ᠬᠢᠬᠦ᠎ᠳᠡᠭᠡᠨ ᠴᠦᠯᠲᠦ ᠮᠥᠯᠲᠥ ᠬᠢᠬᠦ ᠪᠢᠰᠢ᠂ ᠡᠷᠬᠡᠪᠰᠢ ᠠᠷᠭ᠎ᠠ ᠪᠣᠳᠣᠯᠭ᠎ᠠ ᠠᠷᠭ᠎ᠠ ᠬᠡᠯᠪᠡᠷᠢ᠎ᠵᠢ ᠴᠢᠬᠤᠯᠠᠴᠢᠯᠠᠵᠤ᠂ ᠲᠡᠮᠡᠴᠡᠯ ᠬᠢᠬᠦ ᠤᠷ᠎ᠠ ᠲᠡᠮ᠎ᠢ ᠡᠷᠬᠢᠮᠯᠡᠬᠦ ᠬᠡᠷᠡᠭᠲᠡᠢ᠃ ᠨᠠᠷᠢᠨ ᠪᠤᠳᠤᠯᠢᠶᠠᠨᠲᠠᠢ ᠵᠥᠷᠢᠴᠡᠯ᠎ᠦᠨ ᠳᠤᠮᠳᠠ᠎ᠠᠴᠠ ᠵᠢᠮ᠎ᠡ ᠶᠣᠰᠣ᠌᠎ᠶᠢ ᠡᠵᠡᠮᠰᠢᠬᠦ᠎ᠳᠡᠭᠡᠨ ᠴᠢᠳᠠᠮᠠᠭᠠᠢ ᠪᠠᠢᠵᠤ᠂ ᠭᠣᠣᠯ ᠵᠥᠷᠢᠴᠡᠯ ᠪᠣᠯᠣᠨ ᠵᠥᠷᠢᠴᠡᠯ᠎ᠦᠨ ᠭᠣᠣᠯ ᠲᠠᠯ᠎ᠠ᠎ᠶᠢ ᠠᠳᠬᠤᠵᠤ᠂ ᠲᠡᠮᠡᠴᠡᠯ᠎ᠦᠨ ᠠᠷᠭ᠎ᠠ ᠬᠡᠯᠪᠡᠷᠢ᠎ᠶᠢ ᠵᠣᠬᠢᠰᠲᠠᠢ ᠰᠣᠩᠭᠣᠵᠤ᠂ ᠲᠡᠮᠡᠴᠡᠯ᠎ᠦᠨ ᠬᠦᠭ ᠠᠶᠠᠰ᠎ᠢ ᠡᠵᠡᠮᠳᠡᠵᠦ᠂ ᠵᠠᠷᠴᠢᠮ᠎ᠤᠨ ᠠᠰᠠᠭᠤᠳᠠᠯ ᠳᠡᠭᠡᠷ᠎ᠡ ᠥᠴᠥᠬᠡᠨ ᠴᠦ᠍ ᠨᠠᠢᠷ ᠲᠠᠯᠪᠢᠬᠤ ᠦᠭᠡᠢ ᠪᠠᠢᠵᠤ᠂ ᠠᠷᠭ᠎ᠠ ᠪᠣᠳᠣᠯᠭ᠎ᠠ᠎ᠶᠢᠨ ᠠᠰᠠᠭᠤᠳᠠᠯ ᠳᠡᠭᠡᠷ᠎ᠡ ᠠᠮᠢᠳᠤᠯᠢᠭ᠋ ᠪᠠᠢᠬᠤ ᠬᠡᠷᠡᠭᠲᠡᠢ᠃ ᠬᠢᠲᠤᠭ᠎ᠠ᠎ᠶᠢ ᠴᠢᠯᠠᠭᠤᠨ ᠳᠡᠭᠡᠷ᠎ᠡ ᠪᠢᠯᠡᠭᠦᠳᠡᠵᠦ᠂ ᠬᠥᠮᠥᠨ᠎ᠢ ᠤᠴᠢᠷ ᠶᠠᠪᠤᠳᠠᠯ ᠳᠡᠭᠡᠷ᠎ᠡ ᠪᠣᠯᠪᠠᠰᠤᠷᠠᠭᠤᠯᠤᠨ᠎ᠠ᠃ ᠲᠡᠮᠡᠴᠡᠯ᠎ᠦᠨ ᠴᠢᠳᠠᠪᠤᠷᠢ ᠬᠡᠵᠤ ᠲᠥᠷᠥᠯᠬᠢ ᠪᠠᠢᠳᠠᠭ ᠶᠠᠭᠤᠮ᠎ᠠ ᠪᠢᠰᠢ᠃ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠲᠡᠮᠡᠴᠡᠯ᠎ᠦᠨ ᠳᠤᠮᠳᠠ ᠰᠠᠯᠬᠢ ᠪᠣᠷᠣᠭᠠᠨ᠎ᠢ ᠲᠤᠭᠤᠯᠵᠤ᠂ ᠶᠡᠬᠡ ᠵᠢ ᠦᠵᠡᠵᠦ ᠨᠢᠳᠦ ᠨᠡᠭᠡᠭᠡᠵᠦ᠂ ᠶᠠᠰᠤ ᠰᠢᠷᠪᠦᠰᠦ᠎ᠪᠡᠨ ᠴᠢᠭᠢᠷᠠᠭᠵᠢᠭᠤᠯᠵᠤ᠂ ᠡᠷᠳᠡᠮ ᠴᠢᠳᠠᠪᠤᠷᠢ᠎ᠪᠠᠨ ᠳᠡᠭᠡᠭᠰᠢᠯᠡᠭᠦᠯᠪᠡᠯ ᠰᠠᠶᠢ ᠲᠡᠮᠡᠴᠡᠯ᠎ᠦᠨ ᠴᠢᠳᠠᠪᠤᠷᠢ᠎ᠪᠠᠨ ᠳᠡᠭᠡᠭᠰᠢᠯᠡᠭᠦᠯᠵᠦ᠂ ᠵᠣᠷᠢᠭ᠍ᠲᠠᠢ᠎ᠪᠠᠷ ᠬᠠᠲᠠᠭᠤ ᠳᠠᠢᠯᠠᠯᠳᠤᠭᠠᠨ ᠬᠢᠵᠦ᠂ ᠢᠯᠠᠭᠤᠭᠰᠠᠨ ᠲᠠᠢ᠍ᠢᠨ ᠬᠢᠵᠦ᠂ ᠠᠵᠢᠯ ᠦᠢᠯᠡᠰ᠎ᠦᠨ ᠰᠢᠨ᠎ᠡ ᠪᠠᠢᠳᠠᠯ᠎ᠢ ᠲᠠᠰᠤᠷᠠᠯᠳᠠ ᠦᠭᠡᠢ ᠡᠭᠦᠳᠴᠦ ᠴᠢᠳᠠᠨ᠎ᠠ᠃

ᠶᠡᠷᠦᠩᠬᠡᠢ ᠱᠦᠵᠢ ᠰᠢ ᠵᠢᠨ ᠫᠢᠩ᠄ 《ᠥᠨᠥᠳᠥᠷ ᠪᠢᠳᠡ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠬᠠᠷᠠᠯᠲᠠ᠎ᠳᠤ ᠲᠡᠦᠬᠡ᠎ᠶᠢᠨ ᠠᠯᠢ ᠴᠤ᠌ ᠦᠶ᠎ᠡ᠎ᠡᠴᠡ ᠢᠯᠡᠭᠦᠦ ᠣᠶ᠋ᠢᠷᠠᠳᠴᠤ᠂ ᠡᠨᠡ ᠬᠦ᠌ ᠬᠠᠷᠠᠯᠲᠠ᠎ᠶᠢ ᠪᠡᠶᠡᠯᠡᠭᠦᠯᠬᠦ ᠢᠲᠡᠭᠡᠯ ᠪᠠ ᠴᠢᠳᠠᠪᠤᠷᠢ ᠲᠡᠦᠬᠡ᠎ᠶᠢᠨ ᠠᠯᠢ ᠴᠤ᠌ ᠦᠶ᠎ᠡ᠎ᠡᠴᠡ ᠢᠯᠡᠭᠦᠦ ᠴᠢᠩᠭᠠᠷᠠᠵᠠᠢ᠂ ᠡᠭᠦᠨ᠎ᠦ ᠬᠠᠮᠲᠤ ᠡᠷᠬᠡᠪᠰᠢ ᠨᠡᠩ ᠪᠡᠷᠭᠡ ᠬᠠᠲᠠᠭᠤᠵᠢᠯᠲᠠᠢ ᠴᠢᠷᠮᠠᠢᠯᠭ᠎ᠠ ᠭᠠᠷᠭᠠᠬᠤ᠎ᠪᠠᠷ ᠪᠡᠯᠡᠳᠬᠡᠬᠦ ᠬᠡᠷᠡᠭᠲᠡᠢ》 ᠬᠡᠵᠦ ᠵᠢᠭᠠᠵᠦ ᠭᠠᠷᠭᠠᠪᠠ᠃ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠰᠢᠨ᠎ᠡ ᠴᠠᠭ ᠦᠶ᠎ᠡ ᠰᠢᠨ᠎ᠡ ᠠᠶᠠᠨ ᠳ᠋ᠡᠬᠢ ᠨᠠᠮ᠎ᠤᠨ ᠡᠭᠦᠷᠭᠡ ᠬᠠᠷᠢᠭᠤᠴᠠᠯᠭ᠎ᠠ ᠵᠢ ᠪᠡᠶᠡᠯᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠵᠣᠷᠢᠭ᠍ᠲᠠᠢ ᠲᠡᠮᠡᠴᠡᠬᠦ᠂ ᠴᠢᠳᠠᠮᠠᠭᠠᠢ ᠲᠡᠮᠡᠴᠡᠬᠦ ᠠᠭᠤᠤ ᠶᠡᠬᠡ ᠦᠢᠯᠡᠳᠦᠯᠭᠡ᠎ᠶᠢᠨ ᠳᠤᠮᠳᠠ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠵᠠᠮ ᠨᠡᠭᠡᠭᠡᠨ ᠤᠷᠤᠭᠰᠢᠯᠠᠵᠤ᠂ ᠳᠤᠮᠳᠠᠳᠤ᠎ᠶᠢᠨ ᠰᠡᠷᠭᠦᠨ ᠮᠠᠨᠳᠤᠯᠲᠠ ᠨᠡᠷᠡᠮᠵᠢᠲᠦ ᠲᠣᠮᠣ᠌ ᠬᠥᠯᠭᠡ ᠣᠩᠭᠣᠴᠠ᠎ᠶᠢᠨ ᠳᠠᠪᠠᠯᠭᠠᠨ᠎ᠢ ᠰᠥᠷᠦᠨ ᠤᠷᠤᠭᠰᠢᠯᠠᠵᠤ᠂ ᠯᠠᠪᠳᠠᠭᠤᠨ᠎ᠢᠶᠠᠷ ᠬᠤᠯᠠ ᠠᠶᠠᠯᠬᠤ ᠵᠢ ᠪᠠᠳᠤᠯᠠᠰᠤᠭᠠᠢ᠃

(ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 10 ᠰᠠᠷ᠎ᠠ᠎ᠶᠢᠨ 26 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面