ᠭᠣᠣᠯ ᠰᠡᠳᠦᠪᠲᠦ ᠮᠡᠳᠡᠭᠡᠯᠡᠯ > ᠤᠷᠲᠤ ᠵᠠᠮ᠎ᠤ᠋ᠨ ᠠᠶᠠᠨ ᠳᠠᠢᠨ

2026-11-09 09:55:50

ᠵᠣᠬᠢᠶᠠᠭ᠍ᠴᠢ᠄ ᠠᠨ ᠶᠢᠨ ᠳ᠋ᠦᠩ ᠣᠩᠱᠢᠭ᠍ᠰᠠᠨ ᠣᠳᠠᠭ᠎ᠠ᠄ 3

ᠲᠦᠷᠦᠭᠦᠬᠡᠨ 《ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠪᠠᠳᠠᠷᠠᠭᠤᠯᠵᠤ ᠰᠡᠳᠬᠢᠯ ᠨᠢᠭᠡᠳᠦᠨ ᠬᠦᠴᠦᠷᠬᠡᠭ ᠶᠡᠬᠡ ᠤᠯᠤᠰ᠎ᠤᠨ ᠪᠠᠲᠤᠯᠠᠨ ᠬᠠᠮᠠᠭᠠᠯᠠᠯᠲᠠ᠎ᠶᠢ ᠴᠣᠭᠴᠠᠯᠠᠬᠤ》 ᠪᠡᠷ ᠭᠣᠣᠯ ᠰᠡᠳᠦᠪ ᠪᠣᠯᠭᠠᠭᠰᠠᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ᠎ᠦᠨ ᠠᠵᠢᠯᠯᠠᠭ᠎ᠠ ᠬᠥᠯᠥᠨ ᠪᠤᠢ᠍ᠢᠷ᠎ᠤᠨ ᠬᠢᠯᠢ ᠬᠢᠵᠠᠭᠠᠷ᠎ᠤᠨ ᠡᠮᠦᠨ᠎ᠡ ᠹᠷᠣᠨᠲ᠎ᠲᠤ ᠬᠦᠷ ᠬᠥᠭᠵᠢᠶᠡᠨ ᠲᠡᠢ ᠶᠠᠪᠤᠬᠳᠠᠪᠠ᠃ 70 ᠭᠠᠷᠤᠢ ᠨᠠᠮ᠎ᠤᠨ ᠭᠡᠰᠢᠭᠦᠨ ᠺᠠᠳ᠋ᠷ 《ᠬᠠᠢ ᠳ᠋ᠦᠩ ᠴᠢᠩ》 ᠮᠣᠷᠢᠲᠤ ᠴᠠᠭᠳᠠᠭ᠎ᠠ᠎ᠶᠢᠨ ᠠᠩᠭᠢ᠎ᠶᠢᠨ ᠰᠠᠭᠤᠭ᠎ᠠ ᠭᠠᠵᠠᠷ᠂ ᠾᠧᠢ ᠱᠠᠨ ᠲᠧᠦ ᠬᠢᠯᠢ᠎ᠶᠢᠨ ᠪᠣᠭᠣᠮᠲᠠ᠎ᠶᠢᠨ ᠤᠯᠤᠰ᠎ᠤᠨ ᠡᠭᠦᠳᠡ᠂ ᠮᠠᠨᠵᠤᠤᠷ᠎ᠲᠡᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠢᠷᠭᠤᠭᠠᠨ ᠶᠡᠬᠡ ᠬᠤᠪᠢᠰᠬᠠᠯ᠎ᠤᠨ ᠵᠠᠮ᠎ᠤᠨ ᠦᠵᠡᠭᠦᠯᠭᠡ᠎ᠶᠢᠨ ᠣᠷᠳᠣᠨ᠎ᠳᠤ ᠬᠦᠷᠴᠦ᠂ ᠭᠦᠨᠵᠡᠭᠡᠢ ᠤᠢᠯᠠᠭᠠᠬᠤ ᠮᠠᠶᠢᠭ᠎ᠤᠨ ᠬᠢᠯᠢ᠎ᠶᠢᠨ ᠪᠣᠭᠣᠮᠲᠠ᠎ᠶᠢᠨ ᠠᠶᠠᠯᠠᠯ ᠡᠴᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭᠠᠨ᠎ᠤ ᠴᠠᠭ ᠦᠶ᠎ᠡ᠎ᠶᠢᠨ ᠦᠨ᠎ᠡ ᠦᠷᠳᠡᠭ᠎ᠢ ᠣᠢᠯᠠᠭᠠᠵᠤ᠂ ᠬᠢᠯᠢ ᠬᠢᠵᠠᠭᠠᠷ᠎ᠢ ᠰᠠᠬᠢᠵᠤ ᠤᠯᠤᠰ᠎ᠢᠶᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ᠎ᠶᠢ ᠮᠡᠳᠡᠷᠡᠪᠡ᠃

《ᠨᠢᠭᠡ ᠦᠶ᠎ᠡ᠎ᠶᠢᠨ ᠬᠥᠮᠥᠰ᠎ᠲᠦ ᠨᠢᠭᠡ ᠦᠶ᠎ᠡ᠎ᠶᠢᠨ ᠬᠥᠮᠥᠨ᠎ᠦ ᠤᠷᠳᠤ ᠵᠠᠮ᠎ᠤᠨ ᠠᠶᠠᠨ ᠲᠠᠢ᠍ᠢᠨ ᠪᠤᠢ᠂ ᠨᠢᠭᠡ ᠦᠶ᠎ᠡ᠎ᠶᠢᠨ ᠬᠥᠮᠥᠰ᠎ᠲᠦ ᠨᠢᠭᠡ ᠦᠶ᠎ᠡ᠎ᠶᠢᠨ ᠬᠥᠮᠥᠨ᠎ᠦ ᠡᠭᠦᠷᠭᠡᠯᠡᠯ ᠪᠤᠢ᠃ ᠬᠢᠯᠢ᠎ᠶᠢᠨ ᠪᠣᠭᠣᠮᠲᠠ᠎ᠶᠢᠨ ᠠᠶᠠᠯᠠᠯ᠎ᠤᠨ ᠲᠥᠷᠥᠭᠳᠡᠯ᠎ᠢᠶᠡᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠠᠭᠤᠤ ᠶᠡᠬᠡ ᠣᠷᠳᠣ᠌ ᠵᠠᠮ᠎ᠤᠨ ᠠᠶᠠᠨ ᠲᠡᠶ᠋ᠢᠨ᠎ᠦ ᠵᠣᠷᠢᠭ᠋ ᠰᠠᠨᠠᠭ᠎ᠠ᠎ᠶᠢ ᠵᠠᠯᠭᠠᠮᠵᠢᠯᠠᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠬᠥᠮᠦᠵᠢᠯ ᠤᠬᠠᠭᠤᠯᠭ᠎ᠠ᠎ᠶᠢᠨ ᠠᠵᠢᠯ᠎ᠢ ᠰᠠᠢᠲᠤᠷ ᠬᠢᠨ᠎ᠡ》 ᠭᠡᠵᠤ ᠡᠷᠢᠶᠡᠨ ᠬᠣᠲᠠ᠎ᠶᠢᠨ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠦᠨ ᠠᠵᠢᠯᠲᠠᠨ ᠵᠠᠩ ᠮᠧᠩ ᠶᠠᠷᠢᠨ᠎ᠠ᠃

ᠡᠬᠡ ᠤᠯᠤᠰ᠎ᠤᠨ 《ᠤᠮᠠᠷᠠᠲᠦ᠎ᠶᠡᠬᠡ ᠬᠠᠭᠠᠯᠭ᠎ᠠ》᠂ ᠨᠡᠢᠰᠯᠡᠯ᠎ᠦᠨ 《ᠬᠠᠮᠠᠭᠠᠯᠠᠯᠲᠠ᠎ᠶᠢᠨ ᠭᠣᠣᠯ》 ᠪᠣᠯᠤᠭᠰᠠᠨ᠎ᠤ ᠬᠤᠪᠢ᠎ᠳᠤ ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠠᠲᠤ ᠴᠣᠭᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠡᠭᠦᠷᠭᠡᠯᠡᠬᠦ ᠴᠢᠬᠤᠯᠠ ᠶᠡᠬᠡ ᠤᠯᠤᠰ ᠲᠥᠷᠥ᠎ᠶᠢᠨ ᠬᠠᠷᠢᠭᠤᠴᠠᠯᠭ᠎ᠠ ᠪᠣᠯᠣᠨ᠎ᠠ᠃ ᠬᠢᠯᠢ ᠬᠢᠵᠠᠭᠠᠷ᠎ᠢ ᠰᠠᠬᠢᠵᠦ ᠬᠢᠯᠢ ᠬᠢᠵᠠᠭᠠᠷ᠎ᠢ ᠪᠡᠬᠢᠵᠢᠭᠦᠯᠵᠦ ᠬᠢᠯᠢ ᠬᠢᠵᠠᠭᠠᠷ᠎ᠢ ᠮᠠᠨᠳᠤᠭᠤᠯᠬᠤ ᠪᠣᠯ ᠲᠡᠭᠦᠰᠬᠡᠯ᠎ᠤᠨ ᠴᠡᠭ ᠦᠭᠡᠢ ᠤᠷᠳᠤ ᠵᠠᠮ᠎ᠤᠨ ᠠᠶᠠᠨ ᠲᠠᠢ᠍ᠢᠨ ᠪᠣᠯᠣᠨ᠎ᠠ᠃ ᠠᠷᠠᠳ᠎ᠤᠨ ᠠᠭᠠᠷ᠎ᠤᠨ ᠰᠡᠷᠭᠡᠢᠯᠡᠯᠲᠡ᠂ ᠪᠣᠳᠠᠰ᠎ᠤᠨ ᠰᠡᠷᠭᠡᠢᠯᠡᠯᠲᠡ᠂ ᠮᠡᠷᠭᠡᠵᠢᠯ᠎ᠦᠨ ᠰᠡᠷᠭᠡᠢᠯᠡᠯᠲᠡ ᠬᠠᠮᠵᠢᠯᠴᠠᠨ ᠬᠦᠴᠦᠯᠡᠬᠦ᠎ᠡᠴᠡ ᠦᠨᠳᠦᠰᠦᠲᠡᠨ᠎ᠨᠦᠭᠦᠳ᠎ᠦᠨ ᠣᠯᠠᠨ ᠲᠦᠮᠡᠨ ᠰᠡᠳᠬᠢᠯ ᠨᠢᠭᠡᠳᠦᠨ ᠭᠡᠷ ᠣᠷᠣᠨ᠎ᠢᠶᠠᠨ ᠬᠠᠮᠲᠤ᠎ᠪᠠᠷ ᠪᠦᠲᠦᠭᠡᠨ ᠪᠠᠶ᠋ᠢᠭᠤᠯᠬᠤ ᠬᠦᠷᠲᠡᠯ᠎ᠡ᠂ ᠥᠪᠥᠷ ᠮᠣᠩᠭᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠭᠣᠣᠯ ᠰᠢᠵᠢᠮ᠎ᠤᠨ ᠲᠣᠭᠣᠷᠢᠨ᠎ᠳᠤ ᠬᠢᠯᠢ᠎ᠶᠢ ᠬᠦᠴᠦᠷᠬᠡᠭᠵᠢᠭᠦᠯᠵᠦ ᠰᠡᠷᠭᠡᠢᠯᠡᠯᠲᠡ᠎ᠶᠢ ᠪᠡᠬᠢᠵᠢᠭᠦᠯᠬᠦ᠂ ᠬᠢᠯᠢ᠎ᠶᠢ ᠮᠠᠨᠳᠤᠭᠤᠯᠵᠤ ᠠᠷᠠᠳ᠎ᠢ ᠪᠠᠶᠠᠵᠢᠭᠤᠯᠬᠤ ᠬᠠᠷᠢᠭᠤᠯᠲᠠ᠎ᠶᠢᠨ ᠬᠠᠭᠤᠳᠠᠰᠤ᠎ᠶᠢ ᠨᠠᠢ᠍ᠮᠠᠨ ᠮᠢᠩᠭᠠᠨ ᠭᠠᠵᠠᠷ᠎ᠤᠨ ᠬᠢᠯᠢ᠎ᠶᠢᠨ ᠱᠤᠭᠤᠮ ᠳᠡᠭᠡᠷ᠎ᠡ ᠪᠢᠴᠢᠭᠯᠡᠵᠤ ᠪᠤᠢ᠃

ᠬᠢᠯᠢ᠎ᠵᠢ ᠬᠦᠴᠦᠷᠬᠡᠭᠵᠢᠭᠦᠯᠦᠨ ᠰᠡᠷᠭᠡᠢᠯᠡᠯᠲᠡ᠎ᠶᠢ ᠪᠡᠬᠢᠵᠢᠭᠦᠯᠵᠦ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠪᠡ

ᠤᠯᠤᠰ᠎ᠤᠨ ᠪᠠᠶᠠᠷ᠎ᠤᠨ ᠬᠤᠭᠤᠴᠠᠭᠠᠨ᠎ᠳᠤ ᠪᠠᠶᠠᠨᠨᠠᠭᠤᠷ᠎ᠤᠨ ᠬᠢᠯᠢ᠎ᠶᠢᠨ ᠬᠠᠮᠢᠶᠠᠷᠤᠯᠲᠠ᠎ᠶᠢᠨ ᠰᠠᠯᠪᠤᠷᠢ ᠠᠩᠭᠢ᠎ᠶᠢᠨ ᠬᠢᠯᠢ᠎ᠶᠢ ᠴᠠᠭᠳᠠᠨ ᠡᠵᠡᠮᠳᠡᠬᠦ ᠠᠩᠭᠢ᠎ᠶᠢᠨ ᠠᠷᠠᠳ᠎ᠤᠨ ᠴᠠᠭᠳᠠᠭ᠎ᠠ ᠥᠨᠭᠭᠡᠷᠡᠭᠰᠡᠨ ᠲᠠᠢ᠎ᠪᠡᠷ ᠠᠳᠠᠯᠢ᠎ᠪᠡᠷ ᠴᠠᠭᠳᠠᠨ ᠪᠠᠢᠴᠠᠭᠠᠵᠤ ᠰᠡᠷᠭᠡᠢᠯᠡᠨ ᠡᠵᠡᠮᠳᠡᠬᠦ ᠡᠮᠦᠨ᠎ᠡ ᠹᠷᠣᠨᠲ᠎ᠲᠤ ᠠᠵᠢᠯ᠎ᠤᠨ ᠪᠠᠢᠷᠢ ᠪᠠᠨ ᠪᠠᠳᠤ ᠰᠠᠬᠢᠪᠠ᠃ ᠴᠠᠭᠳᠠᠨ ᠡᠵᠡᠮᠳᠡᠬᠦ ᠠᠩᠭᠢ᠎ᠶᠢᠨ ᠬᠠᠷᠢᠭᠤᠴᠠᠯᠭᠠᠲᠠᠨ ᠬᠠᠨ ᠯᠸ᠄ 《ᠪᠠᠶᠠᠷ ᠳᠤᠷᠠᠰᠬᠠᠯ᠎ᠤᠨ ᠡᠳᠦᠷ ᠪᠣᠯᠬᠤ ᠲᠤᠳᠤᠮ ᠠᠮᠤᠷ ᠲᠦᠪᠰᠢᠨ᠎ᠦ ᠡᠨᠡ ᠬᠦ᠌ ᠬᠥᠪᠴᠢ᠎ᠶᠢ ᠤᠯᠠᠮ ᠴᠢᠩᠭᠠᠯᠠᠬᠤ ᠬᠡᠷᠡᠭᠲᠡᠢ᠃  ᠡᠨᠡ ᠵᠢᠯ᠎ᠦᠨ 3 ᠰᠠᠷ᠎ᠠ᠎ᠳᠤ ᠰᠠᠶᠢ ᠵᠣᠬᠢᠶᠠᠨ ᠪᠠᠢᠭᠤᠯᠤᠭᠰᠠᠨ ᠡᠨᠡ ᠬᠦ᠌ ᠡᠩᠨᠡᠭᠡ ᠨᠢ 24 ᠴᠠᠭ᠎ᠢᠶᠠᠷ ᠪᠠᠢᠩᠭᠤ ᠵᠢᠵᠢᠬᠦᠷᠯᠡᠨ ᠠᠵᠢᠯᠯᠠᠵᠤ᠂ 500 ᠭᠠᠷᠤᠢ ᠲᠡᠭᠰᠢ ᠳᠥᠷᠪᠡᠯᠵᠢᠨ ᠺᠢᠯᠤᠮᠸᠲᠷ᠎ᠤᠨ ᠬᠢᠯᠢ᠎ᠶᠢᠨ ᠴᠠᠭᠳᠠᠨ ᠡᠵᠡᠮᠳᠡᠬᠦ ᠡᠭᠦᠷᠭᠡ᠎ᠶᠢ ᠡᠭᠦᠷᠭᠡᠯᠡᠵᠦ ᠪᠠᠢᠨ᠎ᠠ》 ᠭᠡᠯ᠎ᠡ᠃

ᠬᠢᠯᠢ᠎ᠶᠢᠨ ᠪᠣᠭᠣᠮᠲᠠ᠎ᠶᠢ ᠪᠡᠬᠢᠵᠢᠭᠦᠯᠬᠦ᠎ᠳᠦ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠬᠤ ᠬᠡᠷᠡᠭᠲᠡᠢ᠃ ᠬᠢᠯᠢ᠎ᠶᠢᠨ ᠭᠠᠵᠠᠷ ᠨᠤᠲᠤᠭ ᠥᠷᠭᠡᠨ ᠠᠭᠤᠳᠠᠮ᠂ ᠬᠠᠮᠢᠶᠠᠷᠤᠨ ᠡᠵᠡᠮᠳᠡᠬᠦ ᠴᠡᠭ ᠤᠯᠠᠨ ᠱᠤᠭᠤᠮ ᠤᠷᠳᠤ ᠪᠠᠢᠭ᠎ᠠ ᠪᠣᠳᠠᠲᠤ ᠬᠦᠴᠢᠷ ᠠᠰᠠᠭᠤᠳᠠᠯ᠎ᠳᠤ ᠴᠢᠭᠯᠡᠭᠦᠯᠦᠨ ᠥᠪᠥᠷ ᠮᠣᠩᠭᠣᠯ ᠨᠠᠮ ᠵᠠᠰᠠᠭ ᠴᠡᠷᠢᠭ ᠴᠠᠭᠳᠠᠭ᠎ᠠ ᠠᠷᠠᠳ 《ᠲᠠᠪᠤ᠎ᠶᠢ ᠨᠢᠭᠡ ᠴᠣᠭᠴᠠᠵᠢᠭᠤᠯᠤᠬᠰᠠᠨ》 ᠬᠦᠴᠦ᠎ᠪᠡᠨ ᠬᠠᠮᠲᠤᠳᠬᠠᠨ ᠬᠢᠯᠢ᠎ᠶᠢ ᠬᠦᠴᠦᠷᠬᠡᠭᠵᠢᠭᠦᠯᠵᠦ ᠰᠡᠷᠭᠡᠢᠯᠡᠯᠲᠡ᠎ᠶᠢ ᠪᠡᠬᠢᠵᠢᠭᠦᠯᠬᠦ ᠪᠠᠢᠷᠢᠰᠢᠯ᠎ᠢ ᠭᠦᠨᠵᠡᠭᠡᠢᠷᠡᠭᠦᠯᠵᠦ᠂ 《ᠠᠭᠠᠷ ᠳᠡᠭᠡᠷ᠎ᠠ ᠡᠴᠡ ᠬᠢᠨᠠᠨ ᠡᠵᠡᠮᠳᠡᠬᠦ᠂ ᠭᠠᠵᠠᠷ ᠳᠡᠭᠡᠷ᠎ᠡ ᠴᠠᠭᠳᠠᠨ ᠪᠠᠢᠴᠠᠭᠠᠬᠤ᠂ ᠬᠢᠯᠢ ᠵᠢᠨ ᠱᠤᠭᠤᠮ ᠳᠡᠭᠡᠷ᠎ᠡ ᠬᠤᠷᠢᠭ᠎ᠠ ᠴᠡᠭ᠎ᠲᠠᠢ᠂ ᠤᠯᠠᠨ ᠲᠦᠮᠡᠨ ᠣᠷᠣᠯᠴᠠᠭᠰᠠᠨ》 ᠪᠣᠰᠣᠭ᠎ᠠ ᠴᠣᠭᠴᠠᠲᠤ ᠬᠢᠯᠢ᠎ᠶᠢᠨ ᠰᠡᠷᠭᠡᠢᠯᠡᠨ ᠡᠵᠡᠮᠳᠡᠬᠦ ᠰᠢᠰᠲ᠋ᠸᠮ᠎ᠢ ᠪᠠᠢᠭᠤᠯᠵᠤ᠂ ᠬᠢᠯᠢ᠎ᠶᠢᠨ ᠠᠮᠤᠷ ᠲᠣᠭᠲᠠᠭᠤᠨ᠎ᠢ ᠰᠠᠬᠢᠨ ᠬᠠᠮᠠᠭᠠᠯᠠᠪᠠ᠃

ᠤᠮᠠᠷᠠᠲᠤ ᠬᠢᠯᠢ᠎ᠶᠢᠨ ᠠᠮᠤᠷ ᠲᠣᠭᠲᠠᠭᠤᠨ᠎ᠢ ᠬᠠᠮᠠᠭᠠᠯᠠᠬᠤ᠎ᠳᠤ ᠬᠢᠯᠢ ᠬᠢᠵᠠᠭᠠᠷ᠎ᠤᠨ ᠬᠥᠮᠥᠰ᠎ᠦᠨ ᠪᠠᠲᠤ ᠰᠠᠬᠢᠨ ᠬᠠᠮᠠᠭᠠᠯᠠᠬᠤ᠎ᠳᠤ ᠲᠦᠰᠢᠭᠯᠡᠬᠦ᠎ᠪᠡᠷ ᠪᠠᠷᠠᠬᠤ ᠦᠭᠡᠢ ᠪᠠᠰᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠬᠦᠴᠦᠨ ᠤᠯᠭᠤᠬᠤ᠎ᠡᠴᠡ ᠰᠠᠯᠵᠤ ᠴᠢᠳᠠᠬᠤ ᠦᠭᠡᠢ ᠶᠤᠮ᠃

ᠠᠯᠠᠱᠠ ᠠᠢᠮᠠᠭ᠎ᠤᠨ ᠡᠵᠡᠨ᠎ᠡ ᠬᠣᠰᠢᠭᠤᠨ᠎ᠤ ᠬᠢᠨ ᠪᠦᠬᠦ ᠣᠷᠣᠨ ᠪᠦᠰᠡ᠎ᠵᠢ ᠪᠦᠷᠬᠦᠬᠦᠯᠦᠭᠰᠡᠨ ᠴᠢᠮᠡᠭᠡ ᠬᠣᠯᠪᠣᠭᠠᠨ᠎ᠤ ᠲᠣᠣᠷ ᠪᠣᠯᠣᠨ ᠲᠣᠭᠲᠠᠭᠤᠨ ᠴᠠᠬᠢᠯᠭᠠᠨ ᠬᠦᠴᠦᠨ᠎ᠦ ᠪᠠᠲᠤᠯᠠᠭ᠎ᠠ᠎ᠳᠤ ᠲᠦᠰᠢᠭᠯᠡᠨ《ᠣᠶᠤᠨᠲᠤ ᠬᠢᠯᠢ᠎ᠶᠢᠨ ᠬᠠᠮᠠᠭᠠᠯᠠᠯᠲᠠ》 ᠵᠢᠨ ᠬᠠᠮᠢᠶᠠᠷᠤᠨ ᠡᠵᠡᠮᠳᠡᠬᠦ ᠰᠢᠰᠲᠧᠮ᠎ᠢ ᠪᠠᠢᠭᠤᠯᠵᠤ᠂ ᠥᠨᠳᠥᠷ ᠣᠭᠲᠠᠷᠭᠤᠢ᠎ᠶᠢᠨ ᠬᠠᠢᠭᠤᠷ᠂ AI ᠣᠶᠤᠨᠴᠢ ᠢᠯᠭᠠᠨ ᠲᠠᠨᠢᠬᠤ ᠰᠢᠰᠲᠧᠮ᠂ ᠪᠦᠬᠦᠯᠢ ᠡᠳᠦᠷ᠎ᠢᠶᠡᠷ ᠵᠢᠵᠢᠭᠦᠷᠯᠡᠨ ᠰᠠᠬᠢᠬᠤ ᠬᠥᠮᠥᠨ ᠦᠭᠡᠢ ᠷᠠᠳᠠᠷ ᠪᠣᠯᠣᠨ ᠬᠢᠯᠢ ᠵᠢᠨ ᠬᠠᠮᠠᠭᠠᠯᠠᠭ᠍ᠴᠢ᠎ᠶᠢᠨ ᠣᠶᠤᠨᠴᠢ ᠦᠵᠦᠭᠦᠷᠯᠢᠭ᠎ᠢ ᠪᠠᠢᠷᠢᠯᠠᠭᠤᠯᠵᠤ᠂ 《ᠠᠭᠠᠷ ᠪᠣᠯᠣᠨ ᠭᠠᠵᠠᠷ ᠳᠡᠭᠡᠷᠡᠬᠢ᠎ᠵᠢ ᠨᠢᠭᠡ ᠴᠣᠭᠴᠠᠵᠢᠭᠤᠯᠵᠤ᠂ ᠬᠥᠮᠥᠨ ᠮᠠᠰᠢᠨ ᠬᠣᠯᠪᠣᠯᠳᠤᠨ ᠬᠥᠳᠡᠯᠦᠯᠴᠡᠬᠦ》 ᠣᠳᠣᠬᠢᠴᠢᠯᠠᠭᠰᠠᠨ ᠬᠢᠯᠢ᠎ᠶᠢᠨ ᠬᠠᠮᠠᠭᠠᠯᠠᠯᠲᠠ᠎ᠶᠢᠨ ᠬᠠᠮᠢᠶᠠᠷᠤᠨ ᠡᠵᠡᠮᠳᠡᠬᠦ ᠪᠠᠢᠷᠢᠰᠢᠯ᠎ᠢ ᠪᠦᠷᠢᠯᠳᠦᠭᠦᠯᠪᠡ᠃

《ᠠᠯᠬᠤᠮ ᠵᠢᠡᠷ ᠬᠡᠮᠵᠢᠬᠦ》 ᠡᠴᠡ ᠠᠪᠤᠭᠠᠳ 《ᠡᠭᠦᠯᠡᠨ ᠦᠵᠦᠭᠦᠷᠯᠢᠭ᠎ᠢᠶᠡᠷ ᠲᠣᠭᠣᠷᠢᠨ ᠴᠠᠭᠳᠠᠬᠤ ᠪᠤᠯᠤᠬᠰᠠᠨ》 ᠬᠦᠷᠲᠡᠯ᠎ᠡ᠂ ᠥᠪᠥᠷ ᠮᠣᠩᠭᠣᠯ᠎ᠤᠨ ᠬᠢᠯᠢ᠎ᠶᠢ ᠬᠠᠮᠢᠶᠠᠷᠴᠤ ᠬᠢᠯᠢ᠎ᠶᠢ ᠡᠵᠡᠮᠳᠡᠬᠦ ᠦᠷ᠎ᠡ ᠪᠦᠲᠦᠮᠵᠢ ᠢᠯᠡᠳᠲᠡ ᠳᠡᠭᠡᠭᠰᠢᠯᠡᠪᠡ᠃ ᠣᠳᠣᠬᠠᠨ᠎ᠳᠤ ᠪᠥᠬᠥ ᠣᠷᠣᠨ᠎ᠤ ᠬᠢᠯᠢ᠎ᠶᠢᠨ ᠡᠮᠦᠨ᠎ᠡ ᠹᠷᠣᠨᠲ᠎ᠤᠨ ᠣᠶᠤᠨᠲᠤ ᠬᠢᠨᠠᠨ ᠡᠵᠡᠮᠳᠡᠬᠦ ᠵᠢ ᠪᠦᠷᠬᠦᠬᠦᠯᠦᠭᠰᠡᠨ ᠨᠣᠷᠮ᠎ᠠ 80%᠎ᠵᠢ ᠳᠠᠪᠠᠵᠤ᠂ ᠬᠢᠯᠢ᠎ᠶᠢᠨ ᠪᠣᠭᠣᠮᠲᠠ᠎ᠶᠢᠨ ᠡᠷᠬᠢᠨ ᠲᠣᠭᠣᠷᠢᠨ᠎ᠤ ᠬᠢᠨᠠᠨ ᠡᠵᠡᠮᠳᠡᠬᠦ ᠠᠵᠢᠯ 100%᠎ᠳ᠋ᠤ ᠬᠦᠷᠴᠦ᠂ ᠬᠢᠯᠢ᠎ᠶᠢᠨ ᠬᠠᠮᠠᠭᠠᠯᠠᠯᠲᠠ᠎ᠶᠢᠨ ᠬᠠᠮᠢᠶᠠᠷᠤᠨ ᠡᠵᠡᠮᠳᠡᠬᠦ ᠠᠵᠢᠯ ᠶᠠᠭ 《ᠠᠷᠠᠳ᠎ᠤᠨ ᠠᠭᠠᠷ᠎ᠤᠨ ᠰᠡᠷᠭᠡᠢᠯᠡᠯᠲᠡ᠎ᠪᠡᠷ ᠭᠣᠣᠯ ᠪᠣᠯᠭᠠᠵᠤ》 ᠪᠠᠢᠭᠰᠠᠨ᠎ᠡᠴᠡ᠎ᠪᠠᠨ 《 ᠣᠶᠤᠨᠲᠤ ᠰᠡᠷᠭᠡᠢᠯᠡᠯᠲᠡ᠎ᠪᠡᠷ ᠬᠥᠳᠡᠯᠭᠡᠭᠦᠷ ᠪᠣᠯᠭᠠᠬᠤ》 ᠳᠠᠢᠰᠢ ᠰᠢᠯᠵᠢᠵᠦ ᠪᠣᠶ᠃

ᠬᠢᠯᠢ ᠬᠢᠵᠠᠭᠠᠷ᠎ᠢ ᠮᠠᠨᠳᠤᠭᠤᠯᠤᠨ ᠠᠷᠠᠳ᠎ᠢ ᠪᠠᠶᠠᠵᠢᠭᠤᠯᠵᠤ ᠵᠣᠯ ᠵᠢᠷᠭᠠᠯ᠎ᠤᠨ ᠵᠢᠷᠤᠭ ᠲᠦᠰᠦᠪ᠎ᠢ ᠬᠠᠮᠲᠤ᠎ᠪᠡᠷ ᠵᠢᠷᠤᠭᠯᠠᠪᠠ

ᠬᠢᠯᠢ ᠬᠢᠵᠠᠭᠠᠷ ᠮᠠᠨᠳᠤᠪᠠᠯ ᠬᠢᠯᠢ ᠬᠢᠵᠠᠭᠠᠷ ᠲᠣᠭᠲᠠᠭᠤᠨ ᠪᠠᠢᠵᠤ᠂ ᠬᠢᠯᠢ᠎ᠶᠢᠨ ᠠᠷᠠᠳ ᠪᠠᠶᠠᠵᠢᠪᠠᠯ ᠬᠢᠯᠢ᠎ᠶᠢᠨ ᠬᠠᠮᠠᠭᠠᠯᠠᠯᠲᠠ ᠪᠡᠬᠢᠵᠢᠨ᠎ᠡ᠃ ᠥᠪᠥᠷ ᠮᠣᠩᠭᠣᠯ ᠬᠢᠯᠢ ᠬᠢᠵᠠᠭᠠᠷ᠎ᠢ ᠬᠦᠴᠦᠷᠬᠡᠭᠵᠢᠭᠦᠯᠬᠦ᠂ ᠬᠢᠯᠢ ᠬᠢᠵᠠᠭᠠᠷ᠎ᠢ ᠲᠣᠭᠲᠠᠪᠤᠷᠢᠵᠢᠭᠤᠯᠬᠤ᠂ ᠬᠢᠯᠢ ᠬᠢᠵᠠᠭᠠᠷ᠎ᠢ ᠪᠡᠬᠢᠵᠢᠭᠦᠯᠬᠦ᠂ ᠬᠢᠯᠢ ᠬᠢᠵᠠᠭᠠᠷ᠎ᠢ ᠪᠠᠶᠠᠵᠢᠭᠤᠯᠬᠤ᠂ ᠬᠢᠯᠢ ᠬᠢᠵᠠᠭᠠᠷ᠎ᠢ ᠨᠠᠶ᠋ᠢᠷᠠᠮᠳᠠᠭᠤ ᠪᠠᠢᠯᠭᠠᠬᠤ᠎ᠶᠢ ᠨᠢᠭᠡ ᠴᠣᠭᠴᠠᠵᠢᠭᠤᠯᠤᠨ ᠠᠬᠢᠭᠤᠯᠬᠤ᠎ᠶᠢ ᠪᠠᠷᠢᠮᠲᠠᠯᠠᠵᠤ᠂ ᠰᠢᠨ᠎ᠡ ᠴᠠᠭ ᠦᠶ᠎ᠡ᠎ᠶᠢᠨ ᠬᠢᠯᠢ ᠬᠢᠵᠠᠭᠠᠷ᠎ᠢ ᠮᠠᠨᠳᠤᠭᠤᠯᠵᠤ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶᠢᠨ ᠪᠣᠳᠠᠲᠤ ᠦᠷ᠎ᠡ ᠪᠦᠲᠦᠮᠵᠢ ᠣᠯᠬᠤ᠎ᠶᠢ ᠯᠠᠪᠳᠠᠭᠤᠨ ᠪᠠᠲᠤᠲᠠᠢ ᠠᠬᠢᠭᠤᠯᠵᠤ ᠪᠣᠶ᠃

ᠥᠪᠥᠷ ᠮᠣᠩᠭᠣᠯ ᠬᠢᠯᠢ ᠬᠢᠵᠠᠭᠠᠷ ᠣᠷᠣᠨ᠎ᠤ 《ᠤᠰᠤ ᠤᠤᠭᠤᠬᠤ᠎ᠳᠤ ᠬᠦᠴᠢᠷ᠂ ᠴᠠᠬᠢᠯᠭᠠᠨ ᠬᠡᠷᠡᠭᠯᠡᠬᠦ᠎ᠳᠦ ᠬᠦᠴᠢᠷ᠂ ᠵᠠᠮ ᠶᠠᠪᠤᠬᠤ᠎ᠳᠤ ᠬᠦᠴᠢᠷ᠂ ᠴᠢᠮᠡᠭᠡ ᠬᠣᠯᠪᠣᠭ᠎ᠠ ᠨᠡᠪᠲᠡᠷᠡᠬᠦ᠎ᠳᠦ ᠬᠦᠴᠢᠷ》 ᠳᠥᠷᠪᠡᠨ ᠶᠡᠬᠡ ᠡᠪᠡᠷᠰᠢᠶᠡᠯ ᠴᠡᠭ᠎ᠲᠤ᠌ ᠠᠩᠬᠠᠷᠤᠯ᠎ᠢᠶᠠᠨ ᠲᠥᠪᠯᠡᠷᠡᠭᠦᠯᠵᠦ᠂ ᠨᠡᠶ᠋ᠢᠲᠡ 210 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠵᠤ 《ᠤᠰᠤ ᠴᠠᠬᠢᠯᠭᠠᠨ ᠵᠠᠮ ᠬᠠᠷᠢᠯᠴᠠᠭ᠎ᠠ ᠴᠢᠮᠡᠭᠡ ᠬᠣᠯᠪᠣᠭ᠎ᠠ》 ᠢ᠋ᠢᠨ ᠰᠠᠭᠤᠷᠢ ᠲᠦᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠣᠲᠣ᠌ ᠬᠢᠯᠢ ᠲᠠᠭᠠᠤ 20 ᠬᠣᠰᠢᠭᠤᠨ (ᠬᠣᠲᠠ᠂ ᠲᠣᠭᠣᠷᠢᠭ᠋)᠎ᠳ᠋ᠤ ᠴᠥᠮ ᠨᠢᠭᠡᠳᠦᠭᠡᠷ ᠳᠡᠰ ᠵᠢᠴᠢ ᠲᠡᠭᠦᠨ᠎ᠡᠴᠡ ᠳᠡᠭᠡᠭᠰᠢᠬᠢ ᠵᠠᠰᠠᠮᠠᠯ ᠵᠠᠮ ᠨᠡᠪᠲᠡᠷᠡᠪᠡ᠃

ᠰᠠᠭᠤᠷᠢ ᠲᠥᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠵᠦ᠂ ᠬᠢᠯᠢ᠎ᠶᠢᠨ ᠠᠵᠤ ᠦᠢᠯᠡᠰ᠎ᠦᠨ ᠬᠥᠭᠵᠢᠯᠲᠡ ᠴᠦ᠍ ᠵᠡᠷᠭᠡ ᠪᠡᠷ ᠠᠬᠢᠪᠠ᠃ 《 ᠥᠩᠭᠡᠷᠡᠭᠰᠡᠨ᠎ᠳᠦ ᠬᠡᠬᠦᠦ ᠰᠠᠭᠠᠬᠤ ᠪᠤᠯᠪᠠᠴᠤ ᠣᠯᠠᠩᠬᠢ  ᠳ᠋ᠠᠭᠠᠨ ᠥᠪᠡᠷ᠎ᠢᠶᠡᠨ ᠤᠤᠭᠤᠳᠠᠭ ᠪᠠᠢᠭᠰᠠᠨ᠂ ᠤᠳᠤ ᠬᠣᠷᠢᠶᠠᠨ ᠴᠤᠭᠯᠠᠭᠤᠯᠬᠤ ᠦᠷᠳᠡᠭᠡ᠎ᠲᠠᠢ ᠪᠣᠯᠵᠤ ᠨᠢᠭᠡ ᠳᠣᠣᠷ᠎ᠠ ᠴᠤᠭᠯᠠᠷᠠᠭᠤᠯᠵᠤ ᠬᠡᠪᠴᠢᠶᠡᠵᠢᠭᠰᠡᠨ ᠪᠣᠯᠬᠣᠷ ᠬᠤᠳᠠᠯᠳᠤᠬᠤ᠎ᠳ᠋ᠤ ᠵᠣᠪᠠᠬᠤ ᠶᠠᠪᠤᠳᠠᠯ ᠦᠭᠡᠢ ᠪᠣᠯᠵᠠᠢ》᠃ ᠪᠠᠶᠠᠨᠨᠠᠭᠤᠷ ᠬᠣᠲᠠ᠎ᠶᠢᠨ ᠭᠠᠭᠴᠠᠮᠣᠳᠤ ᠪᠠᠯᠭᠠᠰᠤᠨ᠎ᠤ ᠳᠠᠷᠠᠰᠤ ᠭᠠᠴᠠᠭᠠᠨ᠎ᠤ ᠮᠠᠯᠴᠢᠨ ᠵᠥᠩ ᠵᠢᠶᠠᠨ ᠵᠢᠶᠦ᠋ᠨ ᠶᠠᠭ ᠰᠢᠨ᠎ᠡ ᠰᠣᠷᠭᠣᠭ ᠬᠡᠬᠦᠦ ᠵᠢᠨ ᠰᠦ ᠪᠠᠨ ᠬᠤᠳᠠᠯᠳᠤᠬᠤ᠎ᠪᠠᠷ ᠪᠡᠯᠡᠳᠬᠡᠵᠦ ᠪᠠᠢᠪᠠ᠃ 2025 ᠣᠨ᠎ᠳᠤ ᠭᠠᠭᠴᠠᠮᠣᠳᠤ ᠪᠠᠯᠭᠠᠰᠤᠨ᠎ᠳᠤ ᠴᠡᠭᠡ ᠪᠣᠯᠪᠠᠰᠤᠷᠠᠭᠤᠯᠬᠤ ᠲᠦᠷᠦᠯ ᠵᠦᠢᠯ᠎ᠢ ᠪᠠᠢᠭᠤᠯᠵᠤ᠂ ᠡᠷᠬᠢᠨ ᠲᠣᠭᠣᠷᠢᠨ᠎ᠤ ᠮᠠᠯᠴᠢᠳ᠎ᠤᠨ ᠵᠢᠯ ᠳᠤᠮᠳᠠᠴᠢ᠎ᠶᠢᠨ ᠣᠷᠣᠯᠭ᠎ᠠ᠎ᠶᠢ 2 ᠲᠦᠮᠡᠨ ᠲᠥᠭᠥᠷᠢᠭ ᠰᠢᠬᠠᠮ ᠨᠡᠮᠡᠭᠳᠡᠭᠦᠯᠪᠡ᠃

ᠤᠯᠠᠭᠠᠨᠴᠠᠪ ᠬᠣᠲᠠ᠎ᠶᠢᠨ ᠳᠥᠷᠪᠡᠳ ᠬᠣᠰᠢᠭᠤᠨ᠎ᠤ 《ᠠᠨᠠᠷ᠎ᠤᠨ ᠦᠷ᠎ᠡ ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠢᠳᠡᠰᠢᠨ ᠨᠤᠭᠤᠭ᠎ᠠ ᠵᠢᠨ ᠬᠦᠯᠡᠮᠵᠢ》 ᠨᠢ ᠬᠢᠯᠢ᠎ᠶᠢᠨ ᠮᠠᠯᠴᠢᠳ᠎ᠤᠨ ᠵᠠᠭᠤ ᠭᠠᠷᠤᠢ ᠺᠢᠯᠣᠮᠧᠲᠷ ᠠᠶᠠᠯᠠᠵᠤ ᠨᠣᠭᠣᠭ᠎ᠠ ᠬᠤᠳᠠᠯᠳᠤᠨ ᠠᠪᠴᠤ ᠪᠠᠢᠬᠰᠠᠨ ᠠᠮᠢᠳᠤᠷᠠᠯ᠎ᠢ ᠡᠴᠦᠰᠯᠡᠭᠦᠯᠵᠡᠢ᠃ 《ᠥᠩᠭᠡᠷᠡᠭᠰᠡᠨ᠎ᠳᠦ ᠲᠣᠭᠣᠷᠢᠨ ᠴᠠᠭᠳᠠᠬᠤ᠎ᠳᠠᠭᠠᠨ ᠮᠠᠨᠲᠠᠤ᠂ ᠬᠠᠭᠠᠷᠢᠭ᠍ᠰᠠᠨ ᠪᠣᠣᠪᠣ ᠪᠠᠨ ᠠᠪᠴᠤ ᠶᠠᠪᠤᠳᠠᠭ᠂ ᠤᠳᠤ ᠵᠠᠮ ᠳ᠋ᠠᠭᠠᠨ ᠥᠷᠭᠡᠰᠦᠲᠦ ᠬᠡᠮᠬᠡ᠂ ᠲᠥᠪᠡᠳ ᠬᠠᠰᠢ ᠴᠤ᠌ ᠤᠯᠵᠤ ᠢᠳᠡᠬᠦ ᠪᠤᠯᠤᠬᠰᠠᠨ》 ᠭᠡᠵᠦ ᠬᠢᠯᠢ ᠵᠢᠨ ᠬᠠᠮᠠᠭᠠᠯᠠᠭ᠍ᠴᠢ ᠡᠷᠬᠢᠮᠪᠠᠶᠠᠷ ᠬᠡᠯᠡᠪᠡ᠃

ᠡᠳᠡᠭᠡᠷ ᠬᠤᠪᠢᠷᠠᠯᠲᠠ ᠨᠢ ᠦᠷᠭᠦᠯᠵᠢᠯᠡᠨ ᠨᠡᠮᠡᠭᠳᠡᠵᠤ ᠪᠠᠢᠭ᠎ᠠ ᠣᠷᠣᠭᠤᠯᠤᠯᠲᠠ᠎ᠡᠴᠡ ᠰᠠᠯᠵᠤ ᠴᠢᠳᠠᠬᠤ ᠦᠭᠡᠢ ᠶᠤᠮ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ ᠥᠪᠥᠷ ᠮᠣᠩᠭᠣᠯ ᠬᠢᠯᠢ ᠲᠠᠭᠠᠤ 20 ᠬᠣᠰᠢᠭᠤᠨ (ᠬᠣᠲᠠ᠂ ᠲᠣᠭᠣᠷᠢᠭ᠋)᠎ᠳ᠋ᠤ᠌ ᠨᠡᠶ᠋ᠢᠲᠡ 230.66 ᠳ᠋ᠦᠩᠰᠢᠭᠤᠷ ᠲᠥᠭᠥᠷᠢᠭ ᠲᠤᠬᠢᠷᠠᠭᠤᠯᠤᠨ ᠰᠢᠯᠵᠢᠭᠦᠯᠦᠨ ᠥᠭᠴᠤ᠂ ᠴᠥᠭᠡᠨ ᠲᠣᠭᠠᠲᠤ ᠦᠨᠳᠦᠰᠦᠲᠡᠨ᠎ᠦ ᠬᠥᠭᠵᠢᠯᠲᠡ᠎ᠶᠢᠨ ᠪᠡᠯᠡ ᠮᠥᠩᠭᠥ᠎ᠶᠢ ᠨᠡᠶ᠋ᠢᠲᠡ 13.06 ᠳ᠋ᠦᠩᠰᠢᠭᠤᠷ ᠲᠥᠭᠥᠷᠢᠭ ᠪᠠᠭᠤᠯᠭᠠᠵᠤ᠂ 951 ᠲᠥᠷᠥᠯ ᠵᠦᠢᠯ᠎ᠢ ᠬᠡᠷᠡᠭᠵᠢᠭᠦᠯᠵᠦ᠂ 114.6 ᠲᠦᠮᠡᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠠᠰᠢᠭ᠋ ᠬᠦᠷᠲᠡᠭᠡᠪᠡ᠃

ᠰᠠᠢᠨ ᠵᠠᠰᠠᠯᠳᠠ ᠪᠠᠷ ᠠᠮᠵᠢᠯᠳᠠ ᠪᠦᠳᠦᠮᠵᠢ ᠭᠠᠷᠭᠠᠵᠤ ᠬᠢᠯᠢ ᠬᠢᠵᠠᠭᠠᠷ᠎ᠢ ᠲᠤᠭᠲᠠᠪᠤᠷᠢᠵᠢᠭᠤᠯᠬᠤ ᠰᠠᠭᠤᠷᠢ᠎ᠵᠢ ᠪᠡᠬᠢᠵᠢᠭᠦᠯᠪᠡ

ᠠᠷᠠᠳ᠎ᠤᠨ ᠰᠡᠳᠬᠢᠯ᠎ᠢ ᠨᠢᠬᠳᠠᠷᠠᠭᠤᠯᠪᠠᠯ ᠬᠢᠯᠢ ᠬᠢᠵᠠᠭᠠᠷ ᠰᠠᠶᠢ ᠨᠡᠩ ᠪᠡᠬᠢᠵᠢᠵᠦ ᠴᠢᠳᠠᠨ᠎ᠠ᠃

ᠥᠪᠥᠷ ᠮᠣᠩᠭᠣᠯ ᠰᠢᠨ᠎ᠡ ᠴᠠᠭ ᠦᠶ᠎ᠡ᠎ᠶᠢᠨ 《ᠹᠧᠩᠴᠢᠶᠣᠤ᠎ᠶᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠦᠨᠳᠦᠰᠦᠨ ᠱᠠᠲᠤᠨ᠎ᠤ ᠪᠢᠴᠢᠯ ᠵᠠᠰᠠᠯᠲᠠ᠎ᠶᠢᠨ ᠲᠣᠭᠲᠠᠴᠠ᠎ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠯᠲᠠ᠎ᠶᠢᠨ ᠭᠣᠣᠯᠳᠠᠯᠭ᠎ᠠ᠎ᠶᠢ ᠦᠨᠳᠦᠰᠦᠨ ᠱᠠᠲᠤᠨ᠎ᠳᠤ ᠪᠠᠭᠤᠯᠭᠠᠵᠤ᠂ ᠵᠥᠷᠢᠴᠡᠯ᠎ᠢ ᠨᠠᠮᠳᠠᠭᠤᠯᠬᠤ᠎ᠪᠠᠷ ᠡᠶ᠎ᠡ ᠵᠣᠬᠢᠴᠠᠯ᠎ᠢ ᠠᠬᠢᠭᠤᠯᠵᠤ᠂ ᠦᠢᠯᠡᠴᠢᠯᠡᠭᠡ᠎ᠪᠡᠷ ᠬᠥᠮᠥᠰ᠎ᠦᠨ ᠰᠡᠳᠬᠢᠯ᠎ᠢ ᠨᠢᠭ᠍ᠲᠠᠷᠠᠭᠤᠯᠵᠤ᠂ ᠴᠢᠳᠠᠮᠠᠭᠠᠷ ᠪᠡᠷ ᠵᠠᠰᠠᠵᠤ ᠬᠢᠯᠢ ᠬᠢᠵᠠᠭᠠᠷ᠎ᠢ ᠲᠤᠭᠲᠠᠪᠤᠷᠢᠵᠢᠭᠤᠯᠬᠤ ᠵᠠᠮ᠎ᠢᠶᠠᠷ ᠵᠠᠮᠨᠠᠪᠠ᠃

ᠰᠢᠯᠢ᠎ᠶᠢᠨ ᠭᠣᠣᠯ᠎ᠳᠤ ᠬᠢᠯᠢ ᠵᠢ ᠬᠠᠮᠠᠭᠠᠯᠠᠬᠤ ᠥᠷᠲᠡᠭᠡ 619 ᠪᠠᠢᠵᠤ᠂ ᠳᠤᠮᠳᠠᠴᠢ᠎ᠪᠠᠷ 40 ᠺᠢᠯᠣᠮᠧᠲᠷ ᠪᠦᠷᠢ᠎ᠳᠦ ᠨᠢᠭᠡ ᠪᠠᠢᠵᠤ᠂  ᠲᠠᠯ᠎ᠠ ᠨᠤᠲᠤᠭ᠎ᠤᠨ 110 ᠲᠦᠭᠰᠢᠭᠦᠷᠢ ᠵᠢ ᠮᠡᠳᠡᠭᠦᠯᠬᠦ ᠴᠡᠭ᠎ᠢ ᠨᠡᠢᠳᠬᠡᠵᠤ᠂ ᠬᠢᠯᠢ ᠬᠢᠵᠠᠭᠠᠷ᠎ᠤᠨ ᠴᠠᠭᠳᠠᠭᠠᠨ᠎ᠤ ᠶᠠᠪᠤᠳᠠᠯ᠎ᠤᠨ ᠲᠠᠰᠤᠭ᠂ ᠬᠢᠯᠢ ᠵᠢᠨ ᠬᠠᠮᠠᠭᠠᠯᠠᠭ᠍ᠴᠢ᠎ᠶᠢᠨ ᠭᠡᠷ᠂ ᠬᠢᠯᠢ ᠬᠢᠵᠠᠭᠠᠷ᠎ᠤᠨ ᠪᠡᠬᠢᠯᠡᠯᠲᠡ ᠡᠷᠦᠬᠡ᠂ ᠶᠡᠷᠦᠩᠬᠡᠢᠯᠡᠨ ᠵᠠᠰᠠᠬᠤ 《ᠦᠷᠲᠡᠭᠡ 》 ᠵᠢ ᠨᠡᠢᠳᠬᠡᠭᠰᠡᠨ ᠵᠢᠡᠷ ᠰᠡᠷᠭᠡᠢᠯᠡᠨ ᠡᠵᠡᠮᠳᠡᠬᠦ ᠲᠣᠣᠷ᠎ᠢ ᠨᠢᠭ᠍ᠲᠠ ᠰᠦᠯᠵᠢᠭᠰᠡᠨ ᠬᠠᠮᠤᠭ᠎ᠤᠨ ᠪᠠᠭ᠎ᠠ ᠬᠠᠮᠲᠤ᠎ᠪᠠᠷ ᠵᠠᠰᠠᠬᠤ ᠨᠢᠭᠡᠴᠢ ᠪᠣᠯᠵᠠᠢ᠃

ᠪᠢᠴᠢᠬᠠᠨ ᠬᠢᠯᠢ᠎ᠶᠢᠨ ᠬᠠᠮᠠᠭᠠᠯᠠᠯᠲᠠ᠎ᠶᠢᠨ ᠥᠷᠲᠡᠭᠡ ᠪᠣᠯ ᠥᠪᠥᠷ ᠮᠣᠩᠭᠣᠯ᠎ᠤᠨ ᠵᠠᠰᠠᠯᠲᠠ᠎ᠶᠢᠨ ᠠᠵᠢᠯ ᠵᠢᠡᠨ ᠬᠢᠯᠢ᠎ᠶᠢᠨ 《ᠬᠠᠮᠤᠭ ᠡᠴᠦᠰ᠎ᠦᠨ ᠨᠢᠭᠡ ᠺᠢᠯᠣᠮᠧᠲᠷ》 ᠬᠦᠷᠲᠡᠯ᠎ᠡ ᠤᠷᠲᠤᠳᠬᠠᠭᠰᠠᠨ ᠠᠮᠢᠳᠤᠯᠢᠭ᠋ ᠲᠠᠢᠯᠪᠤᠷᠢ ᠪᠣᠯᠣᠨ᠎ᠠ᠃ ᠪᠥᠬᠥ ᠣᠷᠣᠨ᠎ᠢᠶᠡᠷ᠎ᠢᠶᠡᠨ ᠵᠥᠷᠢᠴᠡᠯ ᠵᠠᠭᠤᠷᠠᠯᠳᠤᠭᠠᠨ᠎ᠢ ᠣᠯᠠᠨ ᠡᠰᠢᠴᠢᠯᠡᠨ ᠰᠢᠢᠳᠪᠦᠷᠢᠯᠡᠬᠦ ᠢᠨᠵᠧᠨᠧᠷᠢᠩ᠎ᠢ ᠭᠦᠨᠵᠡᠭᠡᠢ ᠠᠬᠢᠭᠤᠯᠵᠤ᠂ ᠲᠠᠪᠤᠨ ᠱᠠᠲᠤ᠎ᠶᠢ ᠨᠡᠪᠲᠡᠷᠡᠯᠴᠡᠭᠦᠯᠦᠭᠰᠡᠨ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠢᠴᠡᠳᠬᠡᠬᠦ ᠰᠢᠰᠲᠧᠮ᠎ᠢ ᠪᠦᠷᠢᠨᠰᠢᠭᠦᠯᠵᠦ᠂ 《ᠨᠠᠮ᠎ᠤᠨ ᠳᠤᠭᠤᠢᠯᠠᠩ + ᠲᠤᠤᠷᠵᠢᠭᠤᠯᠤᠯᠲᠠ᠎ᠵᠢᠨ ᠠᠵᠢᠯᠲᠠᠨ + ᠬᠣᠯᠪᠣᠭᠠᠯᠠᠭᠰᠠᠨ ᠡᠷᠦᠬᠡ᠎ᠶᠢᠨ ᠳᠠᠷᠤᠭ᠎ᠠ》 ᠵᠢᠨ ᠲᠣᠭᠲᠠᠴᠠ᠎ᠶᠢ ᠲᠡᠭᠦᠯᠳᠡᠷᠵᠢᠭᠦᠯᠵᠦ᠂ ᠨᠤᠲᠤᠭ᠎ᠤᠨ ᠲᠤᠮᠤᠭᠠᠲᠠᠨ ᠣᠯᠠᠨ ᠲᠦᠮᠡᠨ᠎ᠢ ᠵᠦᠷᠢᠴᠡᠯ᠎ᠢ ᠡᠶᠡᠳᠡᠭᠦᠯᠬᠦ ᠠᠵᠢᠯ᠎ᠳᠦ ᠣᠷᠣᠯᠴᠠᠭᠤᠯᠵᠤ᠂ ᠲᠤᠬᠠᠢ᠎ᠶᠢᠨ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ 《ᠲᠠᠯ᠎ᠠ ᠨᠤᠲᠤᠭ᠎ᠤᠨ ᠡᠶᠡᠯᠳᠡᠭ ᠬᠥᠷᠰᠢ》᠂ 《ᠭᠤᠷᠪᠠᠨ ᠠᠬᠠᠮᠠᠳ》᠎ᠤ᠋ᠨ ᠨᠡᠭᠦᠳᠡᠯ ᠠᠵᠢᠯ᠎ᠤᠨ ᠥᠷᠲᠡᠭᠡ ᠵᠡᠷᠭᠡ ᠣᠨᠴᠠᠯᠢᠭ᠍ᠲᠤ ᠵᠢᠭ᠍ᠰᠠᠭᠠᠯ᠎ᠤᠨ ᠭᠠᠵᠠᠷ᠎ᠢ ᠪᠠᠢᠭᠤᠯᠵᠤ᠂ ᠵᠥᠷᠢᠴᠡᠯ ᠵᠠᠭᠤᠷᠠᠯᠳᠤᠭᠠᠨ᠎ᠢ ᠬᠠᠮᠢᠶᠠᠷᠬᠤ ᠬᠥᠮᠥᠨ᠎ᠲᠠᠢ᠂ ᠬᠠᠮᠢᠶᠠᠷᠴᠤ ᠳᠡᠶ᠋ᠢᠯᠬᠦ᠂ ᠡᠷᠲᠡᠬᠡᠨ ᠰᠢᠢᠳᠪᠦᠷᠢᠯᠡᠵᠤ ᠲᠡᠢᠯᠬᠦ ᠵᠢ ᠪᠡᠶᠡᠯᠡᠬᠦᠯᠪᠡ᠃ ᠡᠨᠡ ᠵᠢᠯ᠎ᠡᠴᠡ ᠪᠥᠬᠥ ᠣᠷᠣᠨ᠎ᠢᠶᠡᠷ᠎ᠢᠶᠡᠨ ᠡᠯ᠎ᠡ ᠲᠥᠷᠥᠯ᠎ᠦᠨ ᠵᠥᠷᠢᠴᠡᠯ ᠵᠠᠭᠤᠷᠠᠯᠳᠤᠭᠠᠨ᠎ᠢ ᠨᠡᠶ᠋ᠢᠲᠡ 11.5 ᠲᠦᠮᠡ ᠭᠠᠷᠤᠢ ᠤᠳᠠᠭ᠎ᠠ ᠡᠶᠡᠳᠡᠭᠦᠯᠵᠦ᠂ ᠡᠶᠡᠳᠡᠭᠦᠯᠦᠭᠡᠳ ᠠᠮᠵᠢᠯᠲᠠ ᠣᠯᠣᠭᠰᠠᠨ ᠨᠣᠷᠮ᠎ᠠ 97.3%᠎ᠳ᠋ᠤ᠌ ᠬᠦᠷᠴᠦ᠂ 1 ᠰᠢᠶᠠᠩ᠂ 2 ᠰᠤᠮᠤ ᠪᠥᠬᠥ ᠤᠯᠤᠰ᠎ᠤᠨ ᠠᠮᠤᠷ ᠠᠮᠤᠭᠤᠯᠠᠩ ᠬᠢᠯᠢ ᠬᠢᠵᠠᠭᠠᠷ᠎ᠤᠨ ᠵᠢᠱ᠌ᠢᠶᠡᠴᠢ ᠰᠢᠶᠠᠩ ᠪᠠᠯᠭᠠᠰᠤ᠎ᠪᠠᠷ ᠦᠨᠡᠯᠡᠭᠳᠡᠪᠡ᠃

ᠤᠷᠳᠤ ᠵᠠᠮ᠎ᠤᠨ ᠠᠶᠠᠨ ᠲᠠᠢ᠍ᠢᠨ ᠡᠭᠦᠷᠢᠳᠡ ᠵᠣᠭᠰᠣᠰᠢ ᠦᠭᠡᠢ᠃ 90 ᠵᠢᠯ᠎ᠦᠨ ᠡᠮᠦᠨ᠎ᠡ᠂ ᠤᠯᠠᠭᠠᠨ ᠴᠡᠷᠢᠭ᠎ᠦᠨ ᠪᠠᠢᠯᠳᠤᠭ᠍ᠴᠢᠳ ᠬᠥᠯ᠎ᠤᠨ ᠤᠯᠠ ᠪᠡᠷ᠎ᠢᠶᠡᠨ ᠢᠲᠡᠭᠡᠯ ᠪᠢᠰᠢᠷᠡᠯ᠎ᠢᠶᠡᠨ ᠦᠢᠯᠡᠳᠦᠯᠬᠡᠵᠢᠬᠦᠯᠪᠡ; ᠥᠨᠥᠳᠥᠷ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠤᠯᠤᠰ ᠣᠷᠣᠨ᠎ᠢᠶᠠᠨ ᠰᠠᠬᠢᠨ ᠬᠠᠮᠠᠭᠠᠯᠠᠵᠤ ᠪᠠᠢᠨ᠎ᠠ᠃ ᠨᠠᠢ᠍ᠮᠠᠨ ᠮᠢᠩᠭᠠᠨ ᠭᠠᠵᠠᠷ᠎ᠤᠨ ᠬᠢᠯᠢ ᠳᠡᠭᠡᠷ᠎ᠡ ᠬᠠᠯᠬᠠᠪᠴᠢ᠎ᠵᠢ ᠤᠯᠠᠮ ᠪᠠᠲᠤ ᠴᠣᠭᠴᠠᠯᠠᠵᠤ᠂ ᠠᠮᠢᠳᠤᠷᠠᠯ᠎ᠤᠯᠠᠮ ᠥᠭᠡᠳᠡ ᠡᠰᠡᠷᠡᠭ ᠪᠣᠯᠵᠤ᠂ ᠬᠥᠮᠥᠰ᠎ᠦᠨ ᠰᠡᠳᠬᠢᠯ ᠤᠯᠠᠮ ᠨᠢᠭ᠍ᠲᠠᠷᠠᠵᠤ ᠪᠠᠢᠨ᠎ᠠ — ᠡᠨᠡ ᠪᠣᠯ ᠰᠢᠨ᠎ᠡ ᠴᠠᠭ ᠦᠶ᠎ᠡ᠎ᠶᠢᠨ ᠤᠷᠳᠤ ᠵᠠᠮ᠎ᠤᠨ ᠠᠶᠠᠨ ᠲᠠᠢ᠍ᠢᠨ᠎ᠤ ᠵᠠᠮ᠎ᠢᠶᠡᠷ᠎ᠰᠠᠢᠲᠤᠷ ᠵᠠᠮᠨᠠᠬᠤ ᠥᠪᠥᠷ ᠮᠣᠩᠭᠣᠯ᠎ᠤᠨ ᠬᠠᠷᠢᠭᠤᠯᠲᠠ᠎ᠶᠢᠨ ᠬᠠᠭᠤᠳᠠᠰᠤ ᠪᠣᠯᠣᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面