2026-11-10 10:41:48
90 ᠵᠢᠯ ᠤ᠋ᠨ ᠰᠠᠯᠬᠢ ᠪᠤᠷᠤᠭᠠᠨ ᠳ᠋ᠦ ᠠᠭᠤᠯᠠ ᠤᠰᠤᠨ ᠯᠤᠳᠤ ᠶᠡᠬᠡ ᠬᠤᠪᠢᠷᠠᠯᠲᠠ ᠭᠠᠷᠴᠤ᠂ ᠠᠭᠤᠤ ᠶᠡᠬᠡ ᠤᠷᠳᠤ ᠵᠠᠮ ᠤ᠋ᠨ ᠠᠶᠠᠨ ᠲᠠᠢ᠌ᠨ ᠤ᠋ ᠵᠣᠷᠢᠭ ᠰᠠᠨᠠᠭ᠎ᠠ ᠴᠠᠭ ᠦᠶ᠎ᠡ ᠵᠢ ᠲᠤᠭᠤᠯᠤᠨ ᠲᠡᠤᠬᠡ ᠶ᠋ᠢᠨ ᠳᠠᠪᠳᠠᠯᠲᠠ ᠳ᠋ᠦ ᠨᠡᠡᠭ ᠰᠢᠨᠡᠳᠪᠠ᠃ ᠰᠢᠨ᠎ᠡ ᠠᠶᠠᠨ ᠳ᠋ᠤ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠰᠢᠨ ᠪᠣᠯᠤᠨ ᠴᠢᠬᠤᠯᠠ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠬᠠᠩᠭᠠᠯᠭ᠎ᠠ ᠵᠢ ᠪᠠᠲᠤᠯᠠᠬᠤ ᠴᠢᠬᠤᠯᠠ ᠶᠡᠬᠡ ᠬᠠᠷᠢᠭᠤᠴᠠᠯᠭ᠎ᠠ ᠵᠢ ᠡᠭᠦᠷᠭᠡᠯᠡᠨ ᠬᠦᠢᠴᠡᠳᠬᠡᠬᠦ ᠪᠣᠯ ᠮᠠᠨ ᠤ᠋ ᠡᠨᠡ ᠦᠶ᠎ᠡ ᠶ᠋ᠢᠨ ᠬᠥᠮᠦᠰ ᠤ᠋ᠨ ᠰᠢᠨ᠎ᠡ ᠠᠶᠠᠨ ᠲᠠᠢ᠌ᠨ ᠪᠣᠯᠤᠨ᠎ᠠ᠃ ᠰᠠᠢ᠌ᠨ ᠲᠠᠷᠢᠶ᠎ᠠ ᠪᠣᠯ ᠳᠠᠷᠤᠢ 《ᠰᠢᠯᠭᠠᠯᠲᠠ ᠶ᠋ᠢᠨ ᠲᠠᠯᠠᠪᠠᠢ》 ᠮᠦᠨ᠂ ᠥᠪᠥᠷ ᠮᠣᠩᠭᠣᠯᠴᠤᠳ ᠶᠠᠭ ᠰᠢᠷᠭᠠᠭᠤ ᠬᠥᠳᠡᠯᠮᠦᠷᠢ ᠪᠡᠷ ᠶ᠋ᠢᠡᠨ ᠬᠤᠷᠢᠶᠠᠯᠲᠠ ᠵᠢ ᠲᠣᠭᠲᠠᠪᠤᠷᠢᠵᠢᠭᠤᠯᠵᠤ ᠣᠷᠣᠯᠭ᠎ᠠ ᠵᠢ ᠨᠡᠮᠡᠭᠳᠡᠭᠦᠯᠬᠦ᠌ ᠬᠠᠷᠢᠭᠤᠯᠲᠠ ᠶ᠋ᠢᠨ ᠬᠠᠭᠤᠳᠠᠰᠤ ᠵᠢ ᠪᠢᠴᠢᠭᠯᠡᠵᠦ᠍ ᠪᠠᠶ᠋ᠢᠨ᠎ᠠ᠃
ᠦᠨᠳᠤᠰᠤ ᠰᠠᠭᠤᠷᠢ ᠪᠡᠬᠢ᠄ ᠪᠤᠳᠠᠳᠠᠢ ᠠᠵᠢᠯᠯᠠᠵᠤ 《ᠠᠮᠤ ᠶ᠋ᠢᠨ ᠰᠠᠡᠭ》 ᠢ᠋ ᠪᠠᠳᠤ ᠰᠠᠬᠢᠨ᠎ᠠ
10 ᠰᠠᠷ᠎ᠠ ᠶ᠋ᠢᠨ 14 ᠤ᠋ ᠡᠳᠦᠷ᠂ ᠬᠥᠬᠡᠬᠣᠲᠠ ᠶ᠋ᠢᠨ ᠲᠦᠮᠡᠳ ᠵᠡᠭᠦᠨ ᠬᠣᠰᠢᠭᠤᠨ ᠤ᠋ ᠱᠠᠩᠳᠠ ᠪᠠᠯᠭᠠᠰᠤ ᠵᠢᠨ ᠠᠮᠢᠨ ᠲᠣᠰᠬᠣᠨ ᠤ᠋ ᠰᠢᠬᠢᠷ ᠯᠤᠤᠪᠠᠩ ᠤ᠋ᠨ ᠵᠢᠱ᠌ᠢᠶ᠎ᠡ ᠦᠵᠡᠭᠦᠯᠬᠦ᠌ ᠲᠠᠷᠢᠶᠠᠨ ᠳ᠋ᠦ ᠤᠯᠤᠰ ᠤ᠋ᠨ ᠰᠢᠬᠢᠷ ᠤ᠋ᠨ ᠮᠠᠲ᠋ᠧᠷᠢᠶᠠᠯ ᠤ᠋ᠨ ᠠᠵᠤ ᠦᠢᠯᠡᠰ ᠤ᠋ᠨ ᠮᠡᠷᠭᠡᠵᠢᠯ ᠤ᠋ᠨ ᠰᠢᠰᠲ᠋ᠧᠮ ᠤ᠋ᠨ ᠬᠥᠬᠡᠬᠣᠲᠠ ᠶ᠋ᠢᠨ ᠶᠡᠷᠦᠩᠬᠡᠶ᠋ᠢᠯᠡᠭᠰᠡᠨ ᠲᠤᠷᠰᠢᠯᠲᠠ ᠶ᠋ᠢᠨ ᠥᠷᠲᠡᠭᠡ ᠶ᠋ᠢᠨ ᠬᠢᠨ ᠴᠢ ᠱᠢ ᠰᠦ ᠶ᠋ᠢᠨ ᠦᠢᠯᠡᠰ ᠤ᠋ᠨ ᠴᠡᠯᠡᠭᠡᠷ ᠲᠠᠯ᠎ᠠ ᠰᠢᠬᠢᠷ ᠤ᠋ᠨ ᠦᠢᠯᠡᠳᠪᠦᠷᠢ ᠶ᠋ᠢᠨ ᠬᠢᠨ ᠲᠠᠢ ᠬᠠᠮᠲᠤᠷᠠᠨ ᠰᠢᠬᠢᠷ ᠯᠤᠤᠪᠠᠡᠭ ᠤ᠋ᠨ ᠲᠠᠷᠢᠶᠠᠨ ᠤ᠋ ᠤᠨᠠᠯᠲᠠ ᠵᠢ ᠬᠡᠮᠵᠢᠬᠦ ᠠᠵᠢᠯ ᠢ᠋ ᠵᠤᠬᠢᠶᠠᠨ ᠪᠠᠢᠭᠤᠯᠤᠨ ᠦᠷᠨᠢᠭᠦᠯᠵᠤ᠂ ᠪᠤᠳᠠᠳᠠᠢ ᠬᠡᠮᠵᠢᠯᠲᠡ ᠶ᠋ᠢᠨ ᠲᠤᠭ᠎ᠠ ᠪᠠᠷᠢᠮᠳᠠ ᠪᠡᠷ ᠪᠦᠬᠦ ᠵᠢᠯ ᠤ᠋ᠨ ᠮᠡᠷᠭᠡᠵᠢᠯ ᠤ᠋ᠨ ᠦᠢᠯᠡᠴᠢᠯᠡᠭᠡᠨ ᠤ᠋ ᠦᠷ᠎ᠡ ᠪᠦᠲᠦᠮᠵᠢ ᠪᠠᠨ ᠰᠢᠯᠭᠠᠨ ᠪᠠᠢᠴᠠᠭᠠᠪᠠ᠃
ᠬᠡᠮᠵᠢᠯᠲᠡ ᠶ᠋ᠢᠨ ᠲᠣᠭ᠎ᠠ ᠪᠠᠷᠢᠮᠲᠠ ᠨᠢ ᠬᠥᠮᠦᠰ ᠤ᠋ᠨ ᠬᠠᠷᠠᠭ᠎ᠠ ᠵᠢ ᠪᠠᠶᠠᠰᠬᠠᠨ᠎ᠠ᠄ ᠵᠢᠱ᠌ᠢᠶ᠎ᠡ ᠦᠵᠡᠭᠦᠯᠬᠦ᠌ ᠲᠠᠷᠢᠶᠠᠨ ᠤ᠋ ᠤᠯᠤᠰ ᠲᠠᠭᠠᠨ ᠪᠤᠢᠵᠢᠭᠤᠯᠤᠭᠰᠠᠨ ᠡᠭᠦᠯᠳᠡᠷ 《NT39106》 ᠶ᠋ᠢᠨ ᠮᠦ᠍ ᠨᠢᠭᠡᠴᠢ ᠶ᠋ᠢᠨ ᠳᠤᠮᠳᠠᠴᠢ ᠤᠨᠠᠯᠲᠠ ᠨᠢ ᠭᠠᠳᠠᠭᠠᠳᠤ ᠡᠴᠡ ᠤᠷᠤᠭᠤᠯᠤᠭᠰᠠᠨ ᠡᠭᠦᠯᠳᠡᠷ ᠤ᠋ᠨ ᠬᠢ ᠲᠡᠶ ᠣᠶ᠋ᠢᠷᠠᠯᠴᠠᠭ᠎ᠠ ᠪᠠᠶ᠋ᠢᠵᠤ᠂ ᠲᠥᠮᠥᠰᠥᠯᠢᠭ ᠦᠨᠳᠦᠰᠦ ᠶ᠋ᠢᠨ ᠰᠢᠬᠢᠷ ᠤ᠋ᠨ ᠠᠭᠤᠯᠤᠭᠳᠠᠴᠠ ᠨᠢ ᠭᠠᠳᠠᠭᠠᠳᠤ ᠡᠴᠡ ᠤᠷᠤᠭᠤᠯᠤᠭᠰᠠᠨ ᠡᠭᠦᠯᠳᠡᠷ ᠤ᠋ᠨ ᠬᠢ ᠡᠴᠡ 1% — 2% ᠶ᠋ᠢᠡᠷ ᠳᠠᠪᠠᠵᠠᠢ᠃ ᠪᠦᠬᠦ᠌ ᠶᠠᠪᠤᠴᠠ ᠶ᠋ᠢᠨ ᠮᠠᠰᠢᠨᠴᠢᠯᠠᠯᠲᠠ ᠪᠡᠷ ᠪᠤᠢᠵᠢᠭᠤᠯᠬᠤ ᠮᠡᠷᠭᠡᠵᠢᠯ ᠤ᠋ᠨ ᠵᠠᠭᠪᠤᠷ ᠤ᠋ᠨ ᠵᠢᠱ᠌ᠢᠶ᠎ᠡ ᠦᠵᠡᠭᠦᠯᠬᠦ ᠰᠢᠬᠢᠷ ᠯᠤᠤᠪᠠᠩ ᠤ᠋ᠨ ᠲᠠᠷᠢᠶᠠᠨ ᠤ᠋ ᠮᠦ᠍ ᠨᠢᠭᠡᠴᠢ ᠶ᠋ᠢᠨ ᠳᠤᠮᠳᠠᠴᠢ ᠤᠨᠠᠯᠲᠠ ᠨᠢ 6 ᠲᠣᠨ ᠢ᠋ ᠳᠠᠪᠠᠵᠤ᠂ ᠤᠨᠠᠯᠲᠠ ᠪᠣᠯᠤᠨ ᠶᠠᠰᠤ ᠴᠢᠨᠠᠷ ᠨᠢ ᠪᠦᠷ ᠵᠢᠱ᠌ᠢᠭᠰᠡᠨ ᠬᠠᠷᠠᠯᠲᠠ ᠳ᠋ᠠᠭᠠᠨ ᠬᠦᠷᠴᠠᠢ᠃
ᠠᠯᠳᠠᠨ ᠨᠠᠮᠤᠷ ᠤ᠋ᠨ ᠡᠯᠪᠡᠭ ᠬᠤᠷᠢᠶᠠᠯᠲᠠ ᠪᠣᠯ ᠥᠪᠥᠷ ᠮᠣᠩᠭᠣᠯ ᠤ᠋ᠨ ᠮᠠᠯ ᠠᠵᠤ ᠠᠬᠤᠢ ᠲᠠᠷᠢᠶᠠᠯᠠᠡᠭ ᠤ᠋ᠨ ᠶᠠᠰᠤ ᠴᠢᠨᠠᠷ ᠢ᠋ ᠳᠡᠭᠡᠭᠰᠢᠯᠡᠭᠦᠯᠵᠦ᠍ ᠦᠷ᠎ᠡ ᠠᠰᠢᠭ ᠢ᠋ ᠨᠡᠮᠡᠭᠳᠡᠭᠦᠯᠦᠭᠰᠡᠨ ᠠᠮᠢᠳᠤᠯᠢᠭ ᠬᠤᠷᠢᠶᠠᠩᠭᠤᠢ ᠳᠦᠷᠰᠦ ᠪᠣᠯᠤᠨ᠎ᠠ᠃ ᠪᠥᠬᠥ᠌ ᠤᠯᠤᠰ ᠤ᠋ᠨ ᠠᠮᠤ ᠪᠤᠳᠠᠭᠠᠨ ᠤ᠋ 13 ᠭᠤᠤᠯ ᠭᠠᠷᠤᠯᠲᠠ ᠶ᠋ᠢᠨ ᠣᠷᠣᠨ ᠤ᠋ ᠨᠢᠭᠡ ᠪᠣᠯᠤᠭᠰᠠᠨ ᠥᠪᠥᠷ ᠮᠣᠩᠭᠣᠯ ᠤᠯᠤᠰ ᠲᠥᠷᠥ ᠶ᠋ᠢᠨ ᠬᠠᠷᠢᠭᠤᠴᠠᠯᠭ᠎ᠠ ᠪᠠᠨ ᠡᠷᠡᠰ ᠪᠠᠲᠤ᠌ ᠡᠭᠦᠷᠭᠡᠯᠡᠵᠦ᠍᠂ 《ᠤᠨᠠᠯᠳᠠ ᠭᠠᠷᠤᠯᠲᠠ ᠦᠢᠯᠡᠳᠪᠤᠷᠢᠯᠡᠯ ᠤ᠋ᠨ ᠴᠢᠳᠠᠪᠤᠷᠢ᠂ ᠦᠢᠯᠡᠳᠪᠦᠷᠢᠯᠡᠯ ᠠᠮᠢ ᠠᠬᠤᠶ᠂ ᠭᠠᠷᠤᠯᠲᠠ ᠪᠠᠨ ᠳᠡᠭᠡᠭᠰᠢᠯᠡᠭᠦᠯᠵᠦ ᠣᠷᠣᠯᠭ᠎ᠠ ᠪᠠᠨ ᠨᠡᠮᠡᠭᠳᠡᠭᠦᠯᠬᠦ᠌》 ᠵᠢ ᠵᠡᠷᠭᠡ ᠪᠡᠷ ᠠᠳᠬᠤᠬᠤ ᠵᠢ ᠪᠠᠷᠢᠮᠲᠠᠯᠠᠨ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠮᠠᠯ ᠠᠵᠤ ᠠᠬᠤᠶ ᠲᠠᠷᠢᠶᠠᠯᠠᠩ᠂ ᠪᠣᠬᠢᠷᠲᠤᠯ ᠥᠬᠡᠶ ᠮᠠᠯ ᠠᠵᠤ ᠠᠬᠤᠶ ᠲᠠᠷᠢᠶᠠᠯᠠᠩ᠂ ᠶᠠᠰᠤ ᠴᠢᠨᠠᠷ ᠤ᠋ᠨ ᠮᠠᠯ ᠠᠵᠤ ᠠᠬᠤᠶ ᠲᠠᠷᠢᠶᠠᠯᠠᠩ ᠪᠣᠯᠤᠨ ᠲᠦᠷᠦᠯ ᠲᠡᠮᠳᠡᠭᠲᠦ᠍ ᠮᠠᠯ ᠠᠵᠤ ᠠᠬᠤᠶ ᠲᠠᠷᠢᠶᠠᠯᠠᠩ ᠤ᠋ᠨ ᠬᠠᠮᠵᠢᠯᠴᠠᠨ ᠬᠥᠭᠵᠢᠬᠦ᠌ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠭᠠᠷᠤᠯᠲᠠ ᠵᠢ ᠲᠣᠭᠲᠠᠪᠤᠷᠢᠵᠢᠭᠤᠯᠤᠨ ᠣᠷᠣᠯᠭ᠎ᠠ ᠵᠢ ᠨᠡᠮᠡᠭᠳᠡᠭᠦᠯᠬᠦ᠌ ᠰᠠᠭᠤᠷᠢ ᠵᠢ ᠦᠷᠭᠦᠯᠵᠢᠯᠡᠨ ᠪᠡᠬᠢᠵᠢᠭᠦᠯᠪᠡ᠃
2025 ᠣᠨ ᠳ᠋ᠤ ᠪᠦᠬᠦ ᠤᠷᠤᠨ ᠤ᠋ ᠠᠮᠤ ᠪᠤᠳᠠᠭᠠᠨ ᠤ᠋ ᠶᠡᠷᠤᠩᠬᠡᠢ ᠤᠨᠠᠯᠲᠠ 840.7 ᠳ᠋ᠦᠩᠰᠢᠭᠤᠷ ᠵᠢᠩ ᠳ᠋ᠤ ᠬᠦᠷᠴᠦ᠍᠂ ᠪᠥᠬᠥ᠌ ᠤᠯᠤᠰ ᠤ᠋ᠨ ᠲᠠᠪᠤᠳᠤᠭᠠᠷ ᠲᠦ᠍ ᠵᠢᠭᠰᠠᠨ᠂ ᠠᠮᠤ ᠪᠤᠳᠠᠭᠠᠨ ᠤ᠋ ᠦᠢᠯᠡᠳᠪᠦᠷᠢᠯᠡᠯ 22 ᠵᠢᠯ ᠳᠠᠷᠠᠭᠠᠯᠠᠨ ᠡᠯᠪᠡᠭ ᠬᠤᠷᠢᠶᠠᠯᠲᠠ ᠤᠯᠪᠠ; ᠦᠨᠢᠶᠡᠨ ᠰᠦ᠋ ᠶ᠋ᠢᠨ ᠭᠠᠷᠤᠯᠲᠠ 758.5 ᠲᠦᠮᠡᠨ ᠲᠣᠨ ᠳ᠋ᠤ ᠬᠦᠷᠴᠦ᠍᠂ ᠪᠠᠷᠤᠭ ᠪᠥᠬᠥ᠌ ᠤᠯᠤᠰ ᠤ᠋ᠨ 20% ᠵᠢ ᠡᠵᠡᠯᠡᠨ᠂ ᠪᠥᠬᠥ᠌ ᠤᠯᠤᠰ ᠲᠦ᠍ ᠲᠦᠷᠦᠬᠦᠯᠡᠪᠡ; ᠦᠬᠡᠷ ᠤ᠋ᠨ ᠮᠢᠬᠠᠨ ᠤ᠋ ᠭᠠᠷᠤᠯᠲᠠ 101.7 ᠲᠦᠮᠡᠨ ᠲᠣᠨ᠂ ᠬᠣᠨᠢᠨ ᠮᠢᠬᠠᠨ ᠤ᠋ ᠭᠠᠷᠤᠯᠲᠠ 102.9 ᠲᠦᠮᠡᠨ ᠲᠣᠨ ᠳ᠋ᠤ ᠬᠦᠷᠴᠦ᠍᠂ ᠪᠥᠬᠥ᠌ ᠤᠯᠤᠰ ᠤ᠋ᠨ ᠴᠣᠷ ᠤ᠋ᠨ ᠭᠠᠭᠴᠠ ᠦᠬᠡᠷ ᠬᠣᠨᠢᠨ ᠮᠢᠬᠠᠨ ᠤ᠋ ᠭᠠᠷᠤᠯᠲᠠ ᠴᠥᠮ ᠵᠠᠭᠤᠨ ᠲᠦᠮᠡᠨ ᠲᠣᠨ ᠢ᠋ ᠳᠠᠪᠠᠭᠰᠠᠨ ᠮᠤᠵᠢ ᠪᠤᠯᠪᠠ᠃
ᠡᠬᠢ ᠪᠠᠶᠠᠯᠢᠭ ᠰᠢᠯᠢᠳᠡᠭ᠄ ᠠᠭᠤᠳᠠᠮ ᠲᠠᠯ᠎ᠠ ᠡᠴᠡ ᠠᠮᠢᠵᠢᠷᠠᠯ ᠤ᠋ᠨ ᠬᠦᠴᠦᠨ ᠤᠨᠳᠤᠷᠤᠨ᠎ᠠ
ᠥᠪᠥᠷ ᠮᠣᠩᠭᠣᠯ ᠳ᠋ᠤ ᠮᠠᠯ ᠠᠵᠤ ᠠᠬᠤᠶ ᠲᠠᠷᠢᠶᠠᠯᠠᠡᠭ ᠢ᠋ ᠬᠦᠭᠵᠢᠭᠦᠯᠬᠦ ᠦᠪᠡᠷᠮᠢᠴᠠ ᠳᠠᠪᠠᠭᠤᠯᠢᠭ ᠲᠠᠢ ᠶᠤᠮ᠃ ᠬᠡᠷᠡᠯ ᠢᠯᠴᠢ ᠶ᠋ᠢᠨ ᠡᠬᠢ ᠪᠠᠶᠠᠯᠢᠭ᠂ ᠠᠷᠢᠭᠤᠨ ᠴᠡᠪᠡᠷ ᠤᠰᠤᠨ ᠤ᠋ ᠰᠤᠷᠪᠤᠯᠵᠢ᠂ ᠥᠩ ᠰᠢᠮᠡᠯᠢᠭ ᠬᠥᠷᠥᠰᠥ᠍ ᠰᠢᠷᠣᠶ᠂ ᠬᠦᠢᠲᠡᠨ ᠰᠡᠷᠢᠭᠦᠨ ᠠᠭᠤᠷ ᠠᠮᠢᠰᠬᠤᠯ ᠵᠡᠷᠭᠡ ᠨᠢ ᠪᠤᠬᠢᠷᠳᠤᠯ ᠦᠭᠡᠢ ᠮᠠᠯ ᠠᠵᠤ ᠠᠬᠤᠢ ᠲᠠᠷᠢᠶᠠᠯᠠᠡᠭ ᠢ᠋ ᠬᠦᠭᠵᠢᠭᠦᠯᠬᠦ ᠪᠠᠢᠭᠠᠯᠢ ᠶ᠋ᠢᠨ ᠳᠠᠪᠠᠭᠤᠯᠢᠭᠳᠤ ᠡᠬᠢ ᠪᠠᠶᠠᠯᠢᠭ ᠪᠤᠯᠵᠠᠢ᠃
— ᠭᠠᠵᠠᠷ ᠰᠢᠷᠣᠶ ᠶ᠋ᠢᠨ ᠡᠬᠢ ᠪᠠᠶᠠᠯᠢᠭ ᠡᠯᠪᠡᠭ᠃ ᠦᠪᠤᠷ ᠮᠤᠩᠭᠤᠯ ᠳ᠋ᠤ 1.74 ᠳ᠋ᠦᠩᠰᠢᠭᠤᠷ ᠮᠦ᠍ ᠲᠠᠷᠢᠶᠠᠨ ᠭᠠᠵᠠᠷ ᠲᠠᠢ ᠪᠠᠶ᠋ᠢᠵᠤ᠂ ᠪᠦᠬᠦ᠌ ᠤᠯᠤᠰ ᠤ᠋ᠨ ᠬᠣᠶᠠᠳᠤᠭᠠᠷ ᠲᠦ᠍ ᠣᠷᠣᠵᠤ᠂ ᠲᠤᠮᠳᠠᠴᠢ ᠪᠡᠷ ᠬᠥᠮᠦᠨ ᠪᠦᠷᠢ ᠳ᠋ᠤ ᠨᠤᠭᠳᠠᠬᠤ ᠲᠠᠷᠢᠶᠠᠨ ᠭᠠᠵᠠᠷ ᠤ᠋ᠨ ᠲᠠᠯᠠᠪᠠᠶ ᠪᠦᠬᠦ᠌ ᠤᠯᠤᠰ ᠤ᠋ᠨ ᠳᠤᠮᠳᠠᠴᠢ ᠲᠦᠪᠰᠢᠨ ᠡᠴᠡ ᠬᠣᠯᠠ ᠳᠠᠪᠠᠪᠠ᠃
— ᠭᠡᠷᠡᠯ ᠢᠯᠴᠢ ᠶ᠋ᠢᠨ ᠡᠬᠢ ᠪᠠᠶᠠᠯᠢᠭ ᠭᠦᠢᠴᠡᠳ᠃ ᠲᠤᠩᠭᠠᠯᠠᠭ ᠡᠳᠦᠷ ᠤᠯᠠᠨ᠂ ᠨᠡᠷᠡᠨ ᠤ᠋ ᠲᠤᠰᠤᠯᠲᠠ ᠶ᠋ᠢᠨ ᠴᠠᠭ ᠨᠢ ᠣᠷᠳᠣ᠂ ᠲᠤᠮᠳᠠᠴᠢ ᠪᠡᠷ ᠵᠢᠯ ᠤ᠋ᠨ ᠨᠡᠷᠡᠨ ᠤ᠋ ᠲᠤᠰᠤᠯᠲᠠ ᠨᠢ 3000 ᠴᠠᠭ ᠪᠠᠢᠵᠤ᠂ ᠨᠡᠷᠡᠨ ᠤ᠋ ᠶᠡᠷᠦᠩᠬᠡᠶ ᠰᠠᠴᠤᠷᠠᠯᠲᠠ ᠶ᠋ᠢᠨ ᠬᠡᠮᠵᠢᠶ᠎ᠡ ᠨᠢ ᠲᠡᠭᠰᠢ ᠳᠦᠷᠪᠡᠯᠵᠢᠨ ᠮᠸᠲᠷ ᠪᠦᠷᠢ ᠳ᠋ᠦ 5600MJ ᠬᠦᠷᠴᠦ᠂ ᠲᠥᠪᠡᠳ ᠬᠠᠰᠢ᠂ ᠯᠠᠵᠤᠤ ᠵᠡᠷᠭᠡ ᠵᠢᠮᠢᠰ ᠢᠳᠡᠰᠢᠨ ᠨᠣᠭᠣᠭ᠎ᠠ ᠶ᠋ᠢᠨ ᠲᠦᠷᠭᠡᠨ ᠪᠤᠯᠪᠠᠰᠤᠷᠠᠬᠤ ᠳ᠋ᠤ ᠠᠰᠢᠭᠲᠠᠶ ᠪᠠᠶ᠋ᠢᠵᠤ᠂ ᠪᠦᠲᠦᠭᠡᠭᠳᠡᠭᠦᠨ ᠤ᠋ ᠶᠠᠰᠤ ᠴᠢᠨᠠᠷ ᠢ᠋ ᠢᠯᠡᠳᠲᠡ ᠳᠡᠭᠡᠭᠰᠢᠯᠡᠭᠦᠯᠪᠡ᠃
— ᠬᠦᠢᠲᠡᠨ ᠰᠡᠷᠢᠭᠦᠨ ᠠᠭᠤᠷ ᠠᠮᠢᠰᠬᠤᠯ ᠳᠠᠭᠠᠯᠠᠮᠵᠢᠳᠠᠢ᠃ ᠵᠣᠨ ᠤ᠋ ᠤᠯᠠᠷᠢᠯ ᠤ᠋ᠨ ᠳᠤᠮᠳᠠᠴᠢ ᠠᠭᠠᠷ ᠤ᠋ᠨ ᠳᠤᠯᠠᠭᠠᠨ 22°C ᠣᠷᠴᠢᠮ ᠪᠠᠶ᠋ᠢᠵᠤ᠂ ᠡᠪᠡᠳᠴᠢᠨ ᠬᠣᠷᠣᠬᠠᠶ ᠶ᠋ᠢᠨ ᠬᠥᠨᠥᠭᠡᠯ ᠪᠠᠭ᠎ᠠ᠂ ᠪᠣᠬᠢᠷᠲᠤᠯ ᠥᠬᠡᠶ ᠣᠷᠭᠠᠨᠢᠭ ᠪᠦᠲᠦᠭᠡᠭᠳᠡᠭᠦᠨ ᠦᠢᠯᠡᠳᠪᠦᠷᠢᠯᠡᠬᠦ ᠪᠠᠶ᠋ᠢᠭᠠᠯᠢ ᠶ᠋ᠢᠨ ᠨᠥᠬᠥᠴᠡᠯ ᠲᠡᠶ ᠪᠠᠢᠳᠠᠭ᠃ ᠡᠭᠦᠨ ᠤ᠋ ᠬᠠᠮᠲᠤ᠌ ᠡᠳᠦᠷ ᠰᠥᠨᠢ ᠶ᠋ᠢᠨ ᠳᠤᠮᠳᠠᠴᠢ ᠠᠭᠠᠷ ᠤ᠋ᠨ ᠳᠤᠯᠠᠭᠠᠨ ᠤ᠋ ᠵᠥᠷᠢᠶ᠎ᠡ ᠨᠢ 14°C ᠬᠦᠷᠴᠦ᠍᠂ ᠰᠢᠬᠢᠷ ᠪᠠ ᠬᠠᠭᠤᠷᠠᠶ ᠪᠣᠳᠠᠰ ᠤ᠋ᠨ ᠬᠤᠷᠠᠮᠳᠤᠯ ᠳ᠋ᠤ ᠠᠰᠢᠭᠲᠠᠶ ᠶᠤᠮ᠃
ᠮᠤᠨᠢ ᠠᠭᠤᠯᠠ ᠶ᠋ᠢᠨ ᠶᠢᠦ ᠮᠠᠢ ᠢᠳᠡᠭᠡᠨ ᠤ᠋ ᠬᠢᠵᠠᠭᠠᠷᠳᠤ ᠺᠤᠮᠫᠠᠨᠢ ᠨᠢ ᠤᠮᠠᠷᠠᠲᠤ᠌ ᠥᠷᠭᠡᠷᠢᠭ ᠤ᠋ᠨ 42 ᠭᠷᠠᠳᠦ᠋ᠰ ᠤ᠋ᠨ ᠳᠡᠯᠡᠬᠡᠶ ᠶ᠋ᠢᠨ ᠨᠣᠬᠠᠶ ᠶ᠋ᠢᠨ ᠬᠣᠰᠢᠭᠤ ᠶ᠋ᠢᠨ ᠰᠢᠵᠢᠷ ᠠᠯᠲᠠᠨ ᠭᠠᠷᠤᠯᠲᠠ ᠶ᠋ᠢᠨ ᠣᠷᠣᠨ ᠪᠤᠯᠤᠭᠰᠠᠨ ᠤᠯᠠᠭᠠᠨᠴᠠᠪ ᠬᠤᠳᠠ ᠵᠢᠨ ᠭᠠᠵᠠᠷ ᠵᠦᠶ ᠶ᠋ᠢᠨ ᠳᠠᠪᠠᠭᠤᠯᠢᠭ ᠲᠦ᠍ ᠲᠦᠰᠢᠭᠯᠡᠨ ᠦᠷ᠎ᠡ ᠪᠣᠶ᠋ᠢᠵᠢᠭᠤᠯᠬᠤ᠂ ᠳᠠᠷᠢᠵᠤ ᠤᠷᠭᠤᠭᠤᠯᠬᠤ᠂ ᠨᠠᠷᠢᠯᠢᠭ ᠪᠤᠯᠪᠠᠰᠤᠷᠠᠭᠤᠯᠬᠤ᠂ ᠬᠤᠳᠠᠯᠳᠤᠵᠤ ᠪᠤᠷᠤᠯᠠᠭᠤᠯᠬᠤ ᠵᠢ ᠨᠢᠭᠡ ᠴᠣᠭᠴᠠᠵᠢᠭᠤᠯᠤᠭᠰᠠᠨ ᠤᠯᠤᠰ ᠲᠠᠭᠠᠨ ᠪᠤᠢᠵᠢᠭᠤᠯᠤᠭᠰᠠᠨ ᠨᠣᠬᠠᠶ ᠶ᠋ᠢᠨ ᠬᠣᠰᠢᠭᠤ ᠶ᠋ᠢᠨ ᠪᠥᠬᠥ᠌ ᠠᠵᠤ ᠦᠢᠯᠡᠰ ᠤ᠋ᠨ ᠬᠡᠯᠬᠢᠶ᠎ᠡ ᠵᠢ ᠪᠠᠶ᠋ᠢᠭᠤᠯᠪᠠ᠃ ᠤᠳᠤᠬᠠᠨ ᠪᠤᠯᠳᠠᠯ᠎ᠠ ᠲᠤᠰ ᠺᠣᠮᠫᠠᠨᠢ ᠨᠢ ᠲᠤᠬᠠᠶ ᠶ᠋ᠢᠨ ᠭᠠᠵᠠᠷ ᠤ᠋ᠨ 26.28 ᠲᠦᠮᠡᠨ ᠮᠥ᠍ ᠨᠤᠳᠤᠭ ᠢ᠋ ᠣᠷᠭᠠᠨᠢᠭ ᠭᠠᠵᠠᠷ ᠰᠢᠷᠣᠶ ᠪᠡᠷ ᠭᠡᠷᠡᠴᠢᠯᠡᠭᠦᠯᠵᠦ᠂ 《ᠳᠤᠮᠳᠠᠳᠤ ᠤᠯᠤᠰ ᠤ᠋ᠨ ᠬᠠᠮᠤᠭ ᠤ᠋ᠨ ᠶᠡᠬᠡ ᠣᠷᠭᠠᠨᠢᠭ ᠨᠣᠬᠠᠶ ᠶ᠋ᠢᠨ ᠬᠣᠰᠢᠭᠤ ᠶ᠋ᠢᠨ ᠲᠠᠷᠢᠮᠠᠯ ᠤ᠋ᠨ ᠰᠠᠭᠤᠷᠢᠨ》 ᠤ᠋ ᠭᠡᠷᠡᠴᠢᠯᠡᠯ ᠢ᠋ ᠤᠯᠤᠭᠰᠠᠨ ᠪᠠᠢᠨ᠎ᠠ᠃
《ᠡᠨᠡ ᠵᠢᠯ ᠪᠢ ᠮᠤᠨᠢ ᠠᠭᠤᠯᠠ ᠶ᠋ᠢᠨ ᠶᠢᠦ ᠮᠠᠶ ᠬᠢᠵᠠᠭᠠᠷᠳᠤ ᠺᠤᠮᠫᠠᠨᠢ ᠲᠠᠢ 130 ᠮᠥ᠍ ᠶ᠋ᠢᠨ ᠵᠠᠬᠢᠶᠠᠯᠠᠭ᠎ᠠ ᠲᠣᠭᠲᠠᠵᠤ᠂ ᠳᠤᠮᠳᠠᠴᠢ ᠪᠡᠷ ᠮᠦ᠍ ᠪᠦᠷᠢ ᠡᠴᠡ 450 ᠵᠢᠩ ᠨᠣᠬᠠᠶ ᠶ᠋ᠢᠨ ᠬᠣᠰᠢᠭᠤ ᠬᠤᠷᠢᠶᠠᠬᠤ ᠪᠡᠷ ᠪᠤᠳᠤᠪᠠᠯ ᠡᠨᠡ ᠵᠢᠯ ᠭᠠᠭᠴᠠ ᠬᠦ᠌ ᠨᠣᠬᠠᠶ ᠶ᠋ᠢᠨ ᠬᠣᠰᠢᠭᠤ ᠲᠠᠷᠢᠭᠰᠠᠨ ᠤᠷᠤᠯᠭ᠎ᠠ 9.9 ᠲᠦᠮᠡᠨ ᠲᠥᠭᠥᠷᠢᠭ ᠲᠦ᠍ ᠬᠦᠷᠬᠦ ᠪᠤᠯᠤᠨ᠎ᠠ》 ᠬᠡᠵᠤ ᠤᠯᠠᠭᠠᠨᠴᠠᠪ ᠬᠣᠲᠠ ᠶ᠋ᠢᠨ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ ᠤ᠋ ᠬᠥᠬᠡᠪᠦᠷ ᠪᠠᠯᠭᠠᠰᠤ ᠵᠢᠨ ᠲᠠᠷᠢᠶᠠᠴᠢᠨ ᠸᠠᠩ ᠸᠸᠨ ᠢ ᠶᠠᠷᠢᠨ᠎ᠠ᠃ ᠲᠡᠷᠡ ᠨᠢᠭᠡᠨᠲᠡ 7 ᠵᠢᠯ ᠳᠠᠷᠠᠭᠠᠯᠠᠨ ᠮᠤᠨᠢ ᠠᠭᠤᠯᠠ ᠶ᠋ᠢᠨ ᠶᠢᠦ ᠮᠠᠢ ᠬᠢᠵᠠᠭᠠᠷᠳᠤ ᠺᠤᠮᠫᠠᠨᠢ ᠲᠠᠢ ᠬᠡᠯᠡᠯᠴᠡᠭᠡᠷ ᠲᠣᠭᠲᠠᠵᠤ᠂ ᠪᠤᠷᠤᠯᠠᠭᠤᠯᠭ᠎ᠠ ᠶ᠋ᠢᠨ ᠠᠷᠭ᠎ᠠ ᠵᠠᠮ ᠤ᠋ᠨ ᠲᠥᠯᠥᠭᠡ ᠵᠣᠪᠠᠬᠤ ᠥᠬᠡᠶ ᠪᠣᠯᠵᠣ᠂ ᠠᠮᠢᠳᠤᠷᠠᠯ ᠨᠢ ᠴᠦ᠍ ᠶᠠᠪᠤᠬᠤ ᠲᠤᠲᠤᠮ ᠥᠭᠡᠳᠡᠯᠡᠵᠦ᠍ ᠪᠠᠶ᠋ᠢᠨ᠎ᠠ᠃
ᠡᠨᠳᠡᠬᠢ ᠵᠢᠨ ᠨᠣᠬᠠᠶ ᠶ᠋ᠢᠨ ᠬᠣᠰᠢᠭᠤ ᠶ᠋ᠢᠨ ᠠᠵᠤ ᠦᠢᠯᠡᠰ ᠤ᠋ᠨ ᠬᠦᠭᠵᠢᠯᠳᠡ ᠪᠣᠯ ᠥᠪᠥᠷ ᠮᠣᠩᠭᠣᠯ ᠤ᠋ᠨ ᠡᠬᠢ ᠪᠠᠶᠠᠯᠢᠭ ᠤ᠋ᠨ ᠳᠠᠪᠠᠭᠤᠯᠢᠭ ᠲᠠᠭᠠᠨ ᠲᠦᠰᠢᠭᠯᠡᠨ ᠣᠨᠴᠠᠯᠢᠭᠲᠤ᠌ ᠮᠠᠯ ᠠᠵᠤ ᠠᠬᠤᠶ ᠲᠠᠷᠢᠶᠠᠯᠠᠡᠭ ᠢ᠋ ᠬᠦᠴᠦᠷᠬᠡᠭᠵᠢᠭᠦᠯᠵᠦ᠍ ᠪᠠᠶ᠋ᠢᠭ᠎ᠠ ᠶ᠋ᠢᠨ ᠠᠮᠢᠳᠤ ᠪᠤᠳᠠᠳᠠᠢ ᠬᠤᠷᠢᠶᠠᠩᠭᠤᠢ ᠳᠦᠷᠰᠦ ᠪᠣᠯᠤᠨ᠎ᠠ᠃ ᠥᠪᠥᠷ ᠮᠣᠩᠭᠣᠯ ᠰᠦ᠋ ᠶ᠋ᠢᠨ ᠦᠢᠯᠡᠰ᠂ ᠡᠷᠳᠡᠨᠢ ᠰᠢᠰᠢ ᠪᠤᠯᠤᠨ ᠮᠢᠬᠠᠨ ᠤ᠋ ᠬᠣᠨᠢ ᠵᠡᠷᠬᠡ ᠮᠢᠩᠭᠠᠨ ᠳ᠋ᠦᠩᠰᠢᠭᠤᠷ ᠲᠠᠰ ᠤ᠋ᠨ 3 ᠶᠡᠬᠡ ᠠᠵᠤ ᠦᠢᠯᠡᠰ ᠢ᠋ ᠰᠢᠯᠢᠳᠡᠭᠵᠢᠭᠦᠯᠦᠨ ᠬᠦᠴᠦᠷᠬᠡᠭᠵᠢᠭᠦᠯᠬᠦ᠌ ᠵᠢ ᠦᠷᠭᠦᠯᠵᠢᠯᠡᠨ ᠳᠡᠮᠵᠢᠵᠦ᠍᠂ ᠮᠢᠬᠠᠨ ᠤ᠋ ᠦᠬᠡᠷ ᠪᠠ ᠲᠡᠵᠢᠭᠡᠯ ᠡᠪᠡᠰᠦ ᠪᠤᠷᠳᠤᠭ᠎ᠠ ᠵᠡᠷᠬᠡ 2 ᠠᠵᠤ ᠦᠢᠯᠡᠰ ᠢ᠋ ᠲᠠᠪᠤᠨ ᠵᠠᠭᠤᠨ ᠳ᠋ᠦᠩᠰᠢᠭᠤᠷ ᠳᠡᠰ ᠡᠴᠡ ᠳᠠᠪᠠᠭᠤᠯᠬᠤ ᠵᠢ ᠠᠬᠢᠭᠤᠯᠤᠨ᠂ ᠲᠥᠮᠥᠰᠥ᠍᠂ ᠰᠢᠷ᠎ᠠ ᠪᠤᠷᠴᠠᠭ᠂ ᠨᠡᠷᠡᠨ ᠬᠤᠸᠠᠷ᠂ ᠢᠮᠠᠭᠠᠨ ᠨᠤᠤᠯᠤᠭᠤᠷ ᠵᠡᠷᠭᠡ ᠵᠠᠭᠤᠨ ᠳ᠋ᠦᠩᠰᠢᠭᠤᠷ ᠳᠡᠰ ᠢ᠋ ᠳᠠᠪᠠᠭᠰᠠᠨ 10 ᠠᠵᠤ ᠦᠢᠯᠡᠰ ᠢ᠋ ᠲᠦᠷᠭᠡᠳᠬᠡᠨ ᠪᠤᠵᠠᠭᠠᠶ᠋ᠢᠷᠠᠭᠤᠯᠤᠨ ᠬᠦᠴᠦᠷᠬᠡᠭᠵᠢᠭᠦᠯᠵᠦ᠍᠂ ᠮᠠᠯ ᠠᠵᠤ ᠠᠬᠤᠶ ᠲᠠᠷᠢᠶᠠᠯᠠᠡᠭ ᠤ᠋ᠨ ᠭᠤᠤᠯᠳᠠᠯᠭ᠎ᠠ ᠲᠠᠶ ᠠᠵᠤ ᠦᠢᠯᠡᠰ ᠤ᠋ᠨ ᠪᠥᠬᠥ᠌ ᠠᠵᠤ ᠦᠢᠯᠡᠰ ᠤ᠋ᠨ ᠬᠡᠯᠬᠢᠶ᠎ᠡ ᠶ᠋ᠢᠨ ᠦᠢᠯᠡᠳᠬᠦᠨ ᠤ᠋ ᠥᠷᠲᠡᠭ ᠨᠢ 8000 ᠳ᠋ᠦᠩᠰᠢᠭᠤᠷ ᠲᠥᠭᠥᠷᠢᠭ ᠢ᠋ ᠳᠠᠪᠠᠪᠠ᠃
ᠨᠡᠷ᠎ᠡ ᠠᠯᠳᠠᠷᠰᠢᠯ ᠰᠠᠢᠨ᠄ ᠰᠢᠯᠢᠳᠡᠭ ᠪᠦᠲᠦᠭᠡᠭᠳᠡᠭᠦᠨ ᠤᠯᠤᠰ ᠲᠠᠶᠠᠭᠠᠷ ᠲᠦ᠍ ᠪᠤᠷᠤᠯᠠᠭᠤᠯᠤᠭᠳᠠᠨᠠ
9 ᠰᠠᠷ᠎ᠠ ᠶ᠋ᠢᠨ 19 ᠤ᠋ ᠡᠳᠦᠷ ᠡᠴᠡ 11 ᠰᠠᠷ᠎ᠠ ᠶ᠋ᠢᠨ 30 ᠤ᠋ ᠡᠳᠦᠷ ᠪᠣᠯᠲᠠᠯ᠎ᠠ᠂ 《ᠳᠠᠪᠠᠭᠠᠨ ᠳᠡᠭᠡᠷᠡᠬᠢ ᠬᠢᠩᠭᠠᠨ·ᠦᠡᠭᠭᠡᠲᠦ ᠦᠵᠡᠮᠵᠢ ᠤᠨᠴᠠᠯᠢᠭᠲᠦ ᠪᠦᠲᠦᠭᠡᠭᠳᠡᠭᠦᠨ ᠤ᠋ ᠤᠯᠠᠷᠢᠯ》 ᠭᠤᠤᠯ ᠰᠡᠳᠦᠪᠲᠦ᠍ ᠠᠵᠢᠯᠯᠠᠭ᠎ᠠ ᠤᠯᠤᠰ ᠤ᠋ᠨ ᠤᠷᠭᠤᠮᠠᠯ ᠤ᠋ᠨ ᠬᠦᠷᠢᠶᠡᠯᠡᠩ (ᠬᠣᠶ᠋ᠢᠲᠤ᠌ ᠬᠦᠷᠢᠶᠡᠯᠡᠩ) ᠤ᠋ᠨ ᠳᠤᠤᠷ᠎ᠠ ᠳᠤᠯᠠᠭᠠᠨᠳᠤ ᠬᠦᠯᠡᠮᠵᠢ ᠶ᠋ᠢᠨ ᠠᠭᠤᠳᠠᠮ ᠲᠠᠯᠠᠪᠠᠶ ᠳ᠋ᠤ ᠶᠠᠪᠤᠭᠳᠠᠵᠤ᠂ 《ᠳᠠᠭᠤᠤ ᠪᠥᠵᠢᠭ ᠤ᠋ᠨ ᠦᠵᠡᠭᠦᠯᠭᠡ + ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠵᠡᠭᠦᠯᠭᠡ + ᠬᠤᠷᠰᠢᠯᠴᠠᠵᠤ ᠪᠡᠶᠡᠴᠢᠯᠡᠨ ᠣᠶ᠋ᠢᠯᠠᠭᠠᠬᠤ + ᠰᠣᠶᠣᠯ ᠤ᠋ᠨ ᠴᠤᠭᠯᠠᠭ᠎ᠠ ᠮᠠᠢᠮᠠᠢ》 ᠶ᠋ᠢᠨ ᠵᠠᠭᠪᠤᠷ ᠶ᠋ᠢᠡᠷ ᠲᠠᠮᠵᠢᠨ ᠬᠢᠩᠭᠠᠨ ᠠᠶ᠋ᠢᠮᠠᠭ ᠤ᠋ᠨ ᠪᠠᠶ᠋ᠢᠭᠠᠯᠢ ᠶ᠋ᠢᠨ ᠥᠩᠭᠡ ᠦᠵᠡᠮᠵᠢ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠪᠦᠳᠦᠬᠡᠯᠴᠢ ᠰᠣᠶᠣᠯ ᠤ᠋ᠨ ᠦᠢᠯᠡᠳᠬᠦᠨ᠂ ᠦᠨᠳᠦᠰᠦᠲᠡᠨ ᠤ᠋ ᠤᠷᠠᠨ ᠲᠣᠭᠯᠠᠯᠲᠠ ᠪᠠ ᠲᠠᠯ᠎ᠠ ᠨᠤᠲᠤᠭ ᠤ᠋ᠨ ᠣᠨᠴᠠᠯᠢᠭᠲᠤ᠌ ᠠᠮᠲᠠᠲᠤ᠌ ᠢᠳᠡᠭᠡᠨ ᠢ᠋ ᠨᠢᠭᠡ ᠦᠷᠲᠡᠭᠡᠴᠢᠯᠡᠭᠰᠡᠨ ᠬᠡᠯᠪᠡᠷᠢ ᠪᠡᠷ ᠳᠡᠯᠭᠡᠨ ᠦᠵᠡᠭᠦᠯᠪᠡ᠃
《ᠮᠠᠨ ᠤ᠋ ᠠᠶ᠋ᠢᠮᠠᠭ 〈ᠲᠥᠷᠥᠯ ᠲᠡᠮᠳᠡᠭ ᠤ᠋ᠨ ᠲᠠᠨᠢᠯᠴᠠᠭᠤᠯᠭ᠎ᠠ + ᠲᠣᠭᠠᠴᠢᠯᠠᠭᠰᠠᠨ ᠲᠠᠪᠴᠠᠩ + ᠪᠥᠬᠥ᠌ ᠬᠡᠯᠬᠢᠶ᠎ᠡ ᠶ᠋ᠢᠨ ᠪᠠᠷᠠᠭᠠᠨ ᠤ᠋ ᠭᠦᠢᠯᠭᠡᠭᠡ〉 ᠶ᠋ᠢᠨ ᠰᠢᠰᠲ᠋ᠧᠮ ᠢ᠋ ᠪᠠᠶ᠋ᠢᠭᠤᠯᠬᠤ ᠪᠡᠷ ᠳᠠᠮᠵᠢᠨ ᠵᠠᠰᠠᠭ ᠤ᠋ᠨ ᠤᠷᠳᠤᠨ ᠠᠵᠤ ᠠᠬᠤᠶ᠋ᠢᠯᠠᠯ ᠤ᠋ᠨ ᠨᠡᠪᠲᠡᠷᠡᠯᠴᠡᠭᠡ ᠬᠢᠭᠡᠳ ᠦᠢᠯᠡᠳᠪᠦᠷᠢᠯᠡᠯ ᠪᠣᠷᠣᠯᠠᠭᠤᠯᠭ᠎ᠠ ᠵᠢ ᠵᠣᠯᠭᠠᠭᠤᠯᠬᠤ ᠬᠥᠭᠥᠷᠭᠡᠬᠤᠯᠪᠤᠭᠠᠰᠤ ᠵᠢ ᠪᠠᠶ᠋ᠢᠭᠤᠯᠪᠠ᠃ 2024 ᠣᠨ ᠤ᠋ 9 ᠰᠠᠷ᠎ᠠ ᠡᠴᠡ ᠨᠠᠭᠠᠰᠢ ᠳᠡᠯᠭᠡᠨ ᠪᠣᠷᠣᠯᠠᠭᠤᠯᠬᠤ ᠴᠤᠭᠯᠠᠭᠠᠨ᠂ ᠲᠤᠬᠠᠢ ᠵᠢᠨ ᠭᠠᠵᠠᠷ ᠤ᠋ᠨ ᠲᠠᠨᠢᠯᠴᠠᠭᠤᠯᠭ᠎ᠠ ᠵᠡᠷᠬᠡ ᠠᠵᠢᠯᠯᠠᠭ᠎ᠠ ᠵᠢ ᠨᠡᠶ᠋ᠢᠲᠡ 198 ᠲᠠᠯᠠᠪᠠᠶ ᠦᠷᠨᠢᠭᠦᠯᠵᠦ᠂ ᠪᠣᠷᠣᠯᠠᠭᠤᠯᠭ᠎ᠠ ᠶ᠋ᠢᠨ ᠬᠡᠮᠵᠢᠶ᠎ᠡ 3.25 ᠳ᠋ᠦᠩᠰᠢᠭᠤᠷ ᠲᠥᠭᠥᠷᠢᠭ ᠢ᠋ ᠳᠠᠪᠠᠪᠠ》 ᠭᠡᠵᠦ᠍ ᠬᠢᠩᠭᠠᠨ ᠠᠶ᠋ᠢᠮᠠᠭ ᠤ᠋ᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠣᠪᠴᠢᠶ᠎ᠠ ᠶ᠋ᠢᠨ ᠳᠠᠷᠤᠭ᠎ᠠ ᠯᠦ᠍ ᠵᠧᠩ ᠴᠦᠨ ᠲᠠᠨᠢᠯᠴᠠᠭᠤᠯᠤᠨ᠎ᠠ᠃
ᠬᠢᠩᠭᠠᠨ ᠠᠶ᠋ᠢᠮᠠᠭ ᠤ᠋ᠨ ᠲᠤᠰᠬᠠᠢ ᠲᠠᠯᠠᠪᠠᠢ ᠳᠡᠯᠭᠡᠨ ᠪᠣᠷᠣᠯᠠᠭᠤᠯᠭ᠎ᠠ ᠶ᠋ᠢᠨ ᠬᠥᠭᠵᠢᠶᠡᠨᠲᠦ᠍ ᠪᠠᠶ᠋ᠢᠳᠠᠯ ᠡᠴᠡ ᠠᠪᠤᠭᠠᠳ ᠪᠦᠬᠦ ᠤᠷᠤᠨ ᠤ᠋ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠪᠦᠬᠦ᠌ ᠤᠯᠤᠰ ᠤ᠋ᠨ ᠵᠠᠬ᠎ᠠ ᠳᠡᠯᠭᠡᠭᠦᠷ ᠲᠠᠬᠢ ᠦᠷᠬᠡᠳᠬᠡᠯ ᠬᠦᠷᠲᠡᠯ᠎ᠡ᠂ ᠦᠪᠤᠷ ᠮᠤᠩᠭᠤᠯ ᠲᠦᠷᠦᠯ ᠲᠡᠮᠲᠡᠭ ᠢ᠋ ᠴᠤᠭᠴᠠᠯᠠᠬᠤ ᠵᠠᠮ ᠶ᠋ᠢᠡᠷ ᠲᠣᠭᠲᠠᠭᠤᠨ ᠶ᠋ᠢᠡᠷ ᠤᠷᠤᠭᠰᠢᠯᠠᠵᠤ ᠪᠠᠶ᠋ᠢᠨ᠎ᠠ᠃
ᠲᠠᠰ ᠳᠠᠪᠬᠤᠷᠭ᠎ᠠ ᠲᠥᠷᠥᠯ ᠵᠤᠢᠯ ᠬᠤᠪᠢᠶᠠᠨ ᠲᠥᠷᠥᠯ ᠲᠡᠮᠳᠡᠭ ᠤ᠋ᠨ ᠵᠢᠭᠰᠠᠭᠠᠯ ᠢ᠋ ᠴᠤᠭᠴᠠᠯᠠᠨ᠂ ᠣᠯᠠᠨ ᠠᠷᠭ᠎ᠠ ᠵᠠᠮ ᠶ᠋ᠢᠡᠷ ᠦᠢᠯᠡᠳᠪᠦᠷᠢᠯᠡᠯ ᠪᠣᠷᠣᠯᠠᠭᠤᠯᠭ᠎ᠠ ᠶ᠋ᠢᠨ ᠭᠤᠤᠯ ᠱᠤᠭᠤᠮ ᠢ᠋ ᠪᠠᠶ᠋ᠢᠭᠤᠯᠵᠤ᠂ 《ᠥᠪᠥᠷ ᠮᠣᠩᠭᠣᠯ ᠤ᠋ᠨ ᠰᠢᠯᠢᠳᠡᠭ ᠪᠦᠲᠦᠭᠡᠭᠳᠡᠭᠦᠨ》 ᠤ᠋ ᠨᠥᠯᠥᠭᠡᠯᠡᠬᠦ᠌ ᠬᠦᠴᠦᠨ ᠢ᠋ ᠴᠢᠩᠭᠠᠷᠠᠭᠤᠯᠤᠭᠰᠠᠭᠠᠷ ᠢᠷᠡᠵᠠᠢ᠃ ᠮᠠᠨ ᠤ᠋ ᠤᠷᠤᠨ 《ᠥᠪᠥᠷ ᠮᠣᠩᠭᠣᠯ ᠨᠡᠷᠡᠮᠵᠢᠲᠦ》 ᠲᠦᠷᠦᠯ ᠲᠡᠮᠲᠡᠭᠲᠦ ᠲᠠᠯ᠎ᠠ ᠨᠤᠲᠤᠭ ᠤ᠋ᠨ ᠰᠢᠯᠢᠳᠡᠭ ᠪᠦᠲᠦᠭᠡᠭᠳᠡᠭᠦᠨ ᠤ᠋ ᠪᠦᠬᠦ ᠤᠷᠤᠨ ᠪᠦᠰᠡ ᠪᠡᠷ ᠬᠦᠲᠦᠯᠦᠨ ᠳᠠᠭᠠᠭᠤᠯᠬᠤ 1 ᠲᠦᠷᠦᠯ ᠲᠡᠮᠲᠡᠭ᠂ ᠥᠪᠥᠷ ᠮᠣᠩᠭᠣᠯ ᠤ᠋ᠨ ᠦᠬᠡᠷ ᠤ᠋ᠨ ᠮᠢᠬ᠎ᠠ᠂ ᠥᠪᠥᠷ ᠮᠣᠩᠭᠣᠯ ᠤ᠋ᠨ ᠬᠣᠨᠢᠨ ᠮᠢᠬ᠎ᠠ ᠵᠡᠷᠭᠡ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠣᠷᠣᠨ ᠪᠦᠰᠡ ᠶ᠋ᠢᠨ ᠨᠡᠶ᠋ᠢᠲᠡ ᠶ᠋ᠢᠨ ᠬᠡᠷᠡᠭᠯᠡᠭᠡᠨ ᠤ᠋ 6 ᠶᠡᠬᠡ ᠲᠦᠷᠦᠯ ᠲᠡᠮᠲᠡᠭ ᠢ᠋ ᠭᠤᠤᠯᠳᠠᠯᠭ᠎ᠠ ᠲᠠᠢ ᠴᠤᠭᠴᠠᠯᠠᠵᠤ᠂ 12 ᠠᠶ᠋ᠢᠮᠠᠭ ᠬᠣᠲᠠ ᠶ᠋ᠢᠨ ᠲᠠᠰ᠂ 22 ᠬᠣᠰᠢᠭᠤ ᠰᠢᠶᠠᠨ ᠤ᠋ ᠲᠠᠰ ᠤ᠋ᠨ ᠣᠷᠣᠨ ᠪᠦᠰᠡ ᠶ᠋ᠢᠨ ᠨᠡᠶ᠋ᠢᠲᠡ ᠶ᠋ᠢᠨ ᠬᠡᠷᠡᠭᠯᠡᠭᠡᠨ ᠤ᠋ ᠲᠦᠷᠦᠯ ᠲᠡᠮᠲᠡᠭ ᠪᠤᠯᠤᠨ 30 ᠳᠠᠭᠠᠭᠤᠯᠤᠭᠴᠢ ᠠᠵᠤ ᠠᠬᠤᠶ᠋ᠢᠯᠠᠯ ᠤ᠋ᠨ ᠲᠦᠷᠦᠯ ᠲᠡᠮᠳᠡᠭ ᠤ᠋ᠨ ᠬᠠᠮᠵᠢᠯᠴᠠᠨ ᠬᠦᠴᠦᠯᠡᠬᠦ᠌ ᠵᠢ ᠠᠬᠢᠭᠤᠯᠪᠠ᠃ 《ᠥᠪᠥᠷ ᠮᠣᠩᠭᠣᠯ ᠨᠡᠷᠡᠮᠵᠢᠲᠦ》 ᠲᠦᠷᠦᠯ ᠲᠡᠮᠲᠡᠭ᠂ ᠪᠣᠬᠢᠷᠲᠤᠯ ᠥᠬᠡᠶ ᠢᠳᠡᠭᠡᠨ᠂ ᠨᠠᠷᠠᠲᠤ᠌ ᠤᠨᠴᠠᠯᠢᠭᠲᠦ ᠤᠬᠢ ᠰᠢᠨ᠎ᠡ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠲᠦᠷᠦᠯ ᠲᠡᠮᠲᠡᠭ ᠤ᠋ᠨ ᠳᠠᠪᠠᠭᠤᠯᠢᠭ ᠢ᠋ ᠦᠷᠭᠦᠯᠵᠢᠯᠡᠨ ᠪᠠᠳᠠᠷᠠᠭᠤᠯᠵᠤ᠂ ᠰᠢᠨ᠎ᠡ ᠵᠠᠭᠤᠴᠢᠯᠠᠭᠤᠷ᠂ ᠵᠠᠮ ᠬᠠᠷᠢᠯᠴᠠᠭᠠᠨ ᠤ᠋ ᠭᠦᠢᠰᠦ᠂ ᠤᠷᠤᠯᠳᠤᠭᠠᠨ ᠤ᠋ ᠶᠠᠪᠤᠳᠠᠯ ᠤ᠋ᠨ ᠠᠵᠢᠯᠯᠠᠭ᠎ᠠ ᠵᠡᠷᠭᠡ ᠵᠢ ᠠᠰᠢᠭᠯᠠᠨ ᠲᠥᠷᠥᠯ ᠲᠡᠮᠳᠡᠭ ᠤ᠋ᠨ ᠳᠠᠮᠵᠢᠭᠤᠯᠭ᠎ᠠ ᠵᠢ ᠦᠷᠬᠦᠯᠵᠢᠯᠡᠨ ᠴᠢᠩᠭᠠᠳᠬᠠᠵᠤ ᠪᠠᠢᠨ᠎ᠠ᠃
ᠥᠪᠥᠷ ᠮᠣᠩᠭᠣᠯ ᠪᠠᠰᠠ ᠡᠵᠡᠩᠨᠡᠨ ᠪᠣᠷᠣᠯᠠᠭᠤᠯᠬᠤ ᠠᠷᠭ᠎ᠠ ᠵᠠᠮ ᠢ᠋ ᠰᠠᠭᠠᠳ ᠥᠬᠡᠶ ᠨᠡᠪᠲᠡᠷᠡᠭᠦᠯᠵᠦ᠍᠂ ᠶᠠᠮᠤᠨ ᠣᠷᠣᠨ ᠤ᠋ ᠬᠠᠮᠲᠤ ᠪᠡᠷ ᠪᠠᠶ᠋ᠢᠭᠤᠯᠤᠭᠰᠠᠨ ᠥᠪᠥᠷ ᠮᠣᠩᠭᠣᠯ ᠤ᠋ᠨ ᠦᠬᠡᠷ ᠬᠣᠨᠢᠨ ᠮᠢᠬᠠᠨ ᠤ᠋ ᠭᠠᠷᠤᠯᠲᠠ ᠶ᠋ᠢᠨ ᠣᠷᠣᠨ ᠤ᠋ ᠵᠠᠬ᠎ᠠ ᠳᠡᠯᠭᠡᠭᠦᠷ ᠤ᠋ᠨ ᠡᠬᠢ ᠪᠠᠶᠠᠯᠢᠭ ᠢ᠋ ᠰᠠᠶ᠋ᠢᠲᠤᠷ ᠠᠰᠢᠭᠯᠠᠨ᠂ ᠪᠡᠭᠡᠵᠢᠩ᠂ ᠱᠠᠩᠬᠠᠶ᠂ ᠵᠸᠩᠵᠸᠦ᠍ ᠵᠡᠷᠭᠡ ᠭᠠᠵᠠᠷ ᠲᠦ᠍ ᠬᠠᠮᠲᠤ ᠪᠡᠷ ᠡᠳ᠋ᠯᠡᠬᠦ᠌ ᠤᠷᠢᠳᠴᠢᠯᠠᠨ ᠨᠦᠬᠡᠴᠡᠯᠡᠬᠦ 7 ᠬᠥᠮᠥᠷᠭᠡ ᠵᠢ ᠪᠠᠶ᠋ᠢᠷᠢᠰᠢᠭᠤᠯᠵᠤ᠂ ᠲᠢᠶᠠᠨᠵᠢᠨ᠂ ᠹᠦᠸᠸᠱᠠᠨ᠂ ᠶᠦᠨ ᠹᠦ᠋ ᠵᠡᠷᠭᠡ ᠭᠠᠵᠠᠷ ᠲᠦ᠍ ᠨᠢᠳᠤᠯᠵᠤ ᠪᠤᠯᠪᠠᠰᠤᠷᠠᠭᠤᠯᠬᠤ ᠤᠷᠢᠳᠴᠢᠯᠠᠨ ᠨᠦᠬᠡᠴᠡᠯᠡᠬᠦ ᠲᠦᠪ ᠢ᠋ ᠪᠠᠢᠭᠤᠯᠵᠤ᠂ 《ᠤᠮᠠᠷᠠᠲᠤ᠌ ᠶ᠋ᠢᠨ ᠦᠬᠡᠷ ᠢ᠋ ᠡᠮᠦᠨᠡᠰᠢ ᠵᠥᠭᠡᠭᠡᠪᠦᠷᠢᠯᠡᠵᠦ᠍ ᠰᠢᠨ᠎ᠡ ᠰᠣᠷᠭᠣᠭ ᠮᠢᠬ᠎ᠠ ᠵᠢ ᠭᠤᠸᠠᠩᠳᠦ᠋ᠩ ᠳ᠋ᠤ ᠣᠷᠣᠭᠤᠯᠬᠤ》 ᠵᠢ ᠲᠦᠷᠭᠡᠳᠬᠡᠨ ᠠᠬᠢᠭᠤᠯᠵᠤ᠂ ᠵᠠᠭᠤᠨ ᠲᠦᠮᠡᠨ ᠮᠢᠬᠠᠨ ᠤ᠋ ᠦᠬᠡᠷ ᠤ᠋ᠨ ᠰᠢᠨ᠎ᠡ ᠰᠣᠷᠭᠣᠭ ᠮᠢᠬ᠎ᠠ ᠵᠢ ᠰᠢᠭᠤᠳ ᠭᠤᠸᠠᠩᠳᠦ᠋ᠩ ᠰᠢᠶᠠᠩᠭᠠᠩ ᠣᠣᠮᠧᠨ ᠤ᠋ ᠶᠡᠬᠡ ᠪᠤᠯᠤᠩ ᠤ᠋ᠨ ᠣᠷᠣᠨ ᠳ᠋ᠤ ᠬᠠᠩᠭᠠᠬᠤ ᠵᠢᠴᠢ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠵᠢ ᠭᠤᠸᠠᠩᠳᠦ᠋ᠩ ᠰᠢᠶᠠᠩᠭᠠᠩ ᠣᠣᠮᠧᠨ ᠳ᠋ᠦ 《ᠦᠷᠯᠦᠭᠡ ᠨᠢ ᠭᠤᠪᠢᠭᠤᠯᠵᠤ ᠦᠳᠡᠰᠢ ᠨᠢ ᠬᠦᠷᠭᠡᠬᠦ》 ᠵᠢ ᠪᠡᠶᠡᠯᠡᠭᠦᠯᠵᠦ᠂ ᠬᠤᠵᠢᠷᠯᠢᠭ ᠭᠠᠵᠠᠷ ᠤ᠋ᠨ ᠵᠢᠵᠢᠭ ᠯᠤᠤ ᠰᠠᠮ ᠪᠤᠯᠤᠨ ᠲᠣᠮᠣ ᠨᠠᠢ᠍ᠮᠠᠯᠵᠢ ᠵᠢ ᠠᠯᠤᠰ ᠬᠣᠯᠠ ᠯᠠᠤᠰ᠂ ᠮᠠᠯᠠᠶ᠋ᠢᠰᠢᠶᠠ᠂ ᠸᠢᠶᠧᠲ᠋ᠨᠠᠮ᠂ ᠲᠠᠢ ᠤᠯᠤᠰ ᠵᠡᠷᠭᠡ ᠵᠡᠭᠦᠨ ᠡᠮᠦᠨᠡᠲᠦ᠍ ᠠᠽᠢᠶ᠎ᠠ ᠶ᠋ᠢᠨ ᠤᠯᠤᠰ ᠲᠦ᠍ ᠪᠤᠷᠤᠯᠠᠭᠤᠯᠵᠤ ᠪᠠᠢᠨ᠎ᠠ᠃ ᠥᠪᠥᠷ ᠮᠣᠩᠭᠣᠯ 《ᠲᠦᠭᠦᠬᠡᠢ ᠠᠮᠤ ᠠᠮᠢᠳᠤ ᠮᠠᠯ》 ᠢ᠋ ᠭᠠᠳᠠᠭᠰᠢ ᠪᠤᠷᠤᠯᠠᠭᠤᠯᠵᠤ ᠪᠠᠶ᠋ᠢᠭᠰᠠᠨ ᠡᠴᠡ 《ᠲᠦᠪ ᠦᠢᠯᠡᠳᠬᠡᠯ ᠤ᠋ᠨ ᠭᠠᠵᠠᠷ》 ᠲᠦ᠍ ᠬᠠᠡᠭᠭᠠᠬᠤ ᠲᠡᠢᠰᠢ ᠬᠡᠯᠪᠡᠷᠢ ᠪᠡᠨ ᠬᠤᠪᠢᠷᠠᠭᠤᠯᠬᠤ ᠵᠢ ᠠᠬᠢᠭᠤᠯᠵᠤ᠂ ᠮᠠᠯᠴᠢᠨ ᠲᠠᠷᠢᠶᠠᠴᠢᠨ ᠤ᠋ ᠣᠷᠣᠯᠭ᠎ᠠ ᠪᠠᠨ ᠨᠡᠮᠡᠭᠳᠡᠭᠦᠯᠬᠦ᠌ ᠵᠢ ᠳᠠᠶ᠋ᠢᠴᠢᠯᠠᠨᠠ᠃
ᠲᠠᠪᠤᠨ ᠲᠠᠷᠢᠶ᠎ᠠ ᠡᠯᠪᠡᠭ ᠬᠤᠷᠢᠶᠠᠵᠤ ᠰᠠᠡᠭ ᠬᠦᠮᠦᠷᠭᠡ ᠲᠦᠭᠦᠷᠬᠡᠨ ᠮᠠᠯᠵᠢᠯ ᠤ᠋ᠨ ᠲᠠᠯᠠᠪᠠᠢ ᠦᠷᠨᠢᠬᠦᠨ ᠬᠦᠭᠵᠢᠵᠤ ᠰᠦ ᠶ᠋ᠢᠨ ᠦᠨᠦᠷ ᠠᠩᠬᠢᠯᠤᠨ᠎ᠠ᠃ ᠥᠪᠥᠷ ᠮᠣᠩᠭᠣᠯ ᠦᠷᠭᠦᠯᠵᠢᠯᠡᠨ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠵᠤ᠂ ᠤᠯᠤᠰ ᠤ᠋ᠨ ᠴᠢᠬᠤᠯᠠ 《ᠠᠮᠤ ᠶ᠋ᠢᠨ ᠰᠠᠡᠭ》᠂ 《ᠮᠢᠬᠠᠨ ᠤ᠋ ᠬᠥᠮᠥᠷᠭᠡ》᠂ 《ᠰᠦ᠋ ᠶ᠋ᠢᠨ ᠬᠦᠨᠦᠭ》 ᠢ᠋ ᠰᠠᠶ᠋ᠢᠲᠤᠷ ᠰᠠᠬᠢᠨ ᠬᠠᠮᠠᠭᠠᠯᠠᠵᠤ᠂ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠰᠢᠨ ᠪᠠ ᠴᠢᠬᠤᠯᠠ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠬᠠᠩᠭᠠᠯᠭ᠎ᠠ ᠵᠢ ᠪᠠᠲᠤᠯᠠᠬᠤ ᠳ᠋ᠤ ᠬᠦᠴᠦᠨ ᠴᠢᠳᠠᠯ ᠶ᠋ᠢᠡᠨ ᠡᠷᠭᠦᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃