ᠭᠣᠣᠯ ᠰᠡᠳᠦᠪᠲᠦ ᠮᠡᠳᠡᠭᠡᠯᠡᠯ > ᠤᠷᠲᠤ ᠵᠠᠮ᠎ᠤ᠋ᠨ ᠠᠶᠠᠨ ᠳᠠᠢᠨ

2026-11-16 17:13:31

ᠵᠣᠬᠢᠶᠠᠭ᠍ᠴᠢ᠄ ᠴᠠᠢ ᠰᠸ ᠶᠣᠸᠠᠨ ᠣᠩᠱᠢᠭ᠍ᠰᠠᠨ ᠣᠳᠠᠭ᠎ᠠ᠄ 3

ᠮᠠ ᠵᠠ ᠣᠷᠣᠨ᠎ᠤ ᠬᠤᠪᠢᠰᠬᠠᠯ᠎ᠤᠨ ᠠᠵᠢᠯᠯᠠᠭ᠎ᠠ᠎ᠶᠢᠨ ᠦᠵᠡᠭᠦᠯᠭᠡ᠎ᠶᠢᠨ ᠲᠢᠩᠬᠢᠮ᠎ᠤᠨ ᠰᠢᠷᠠᠯᠠᠵᠦ ᠬᠠᠭᠤᠴᠢᠷᠠᠬᠰᠠᠨ ᠭᠡᠷᠡᠯ ᠵᠢᠷᠤᠭ᠂ ᠬᠠᠭᠤᠴᠢ ᠡᠳ᠋ ᠦᠯᠦᠭ᠎ᠢ ᠰᠣᠨᠢᠷᠬᠠᠬᠣ ᠪᠡᠷ ᠲᠠᠮᠵᠢᠨ ᠣᠷᠭᠢᠯᠤᠮ᠎ᠠ ᠰᠡᠳᠬᠢᠯᠭᠡ ᠪᠢᠯᠬᠠᠭᠰᠠᠨ ᠣᠨ ᠰᠠᠷ᠎ᠠ᠎ᠶᠢ ᠡᠷᠭᠢᠴᠡᠭᠦᠯᠦᠨ᠎ᠡ; ᠢ ᠳ᠋ᠦᠩ ᠬᠤᠪᠢᠰᠬᠠᠯ᠎ᠤᠨ ᠦᠷᠡᠭᠳᠡᠭᠰᠡᠨ ᠪᠠᠭᠠᠲᠤᠷᠴᠤᠳ᠎ᠤᠨ ᠣᠩᠭᠤᠨ᠎ᠢ ᠪᠠᠷᠠᠯᠠᠵᠦ᠂ ᠬᠤᠪᠢᠰᠬᠠᠯ᠎ᠤᠨ ᠦᠷᠡᠭᠳᠡᠭᠰᠡᠨ ᠪᠠᠭᠠᠲᠤᠷᠴᠤᠳ᠎ᠢ ᠳᠤᠷᠠᠰᠤᠨ ᠰᠠᠨᠠᠭᠠᠯᠵᠠᠵᠤ᠂ ᠵᠣᠷᠢᠬ ᠰᠠᠨᠠᠭ᠎ᠠ ᠪᠡᠨ ᠡᠷᠴᠢᠯᠡᠨ᠎ᠡ; ᠵᠡᠭᠦᠨᠭᠠᠷ ᠬᠣᠰᠢᠭᠤᠨ᠎ᠤ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠦᠢᠯᠡᠳᠦᠯᠭᠡ᠎ᠶᠢᠨ ᠰᠠᠭᠤᠷᠢᠨ᠎ᠳᠤ᠂ ᠪᠠᠭ᠍ᠰᠢ ᠰᠤᠷᠤᠬ᠍ᠴᠢᠳ 《ᠪᠠᠷᠠᠭᠣᠨ ᠪᠣᠭᠣᠮᠲᠠ ᠪᠡᠷ ᠠᠶᠠᠯᠠᠬᠰᠠᠨ ᠨᠢ》 ᠦᠯᠢᠭᠡᠷ ᠪᠣᠯᠣᠨ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠦᠯᠢᠭᠡᠷ᠎ᠢ ᠰᠣᠨᠣᠰᠴᠣ᠂ ᠬᠡᠨ ᠠᠯᠢᠨ ᠡᠴᠡ ᠪᠠᠨ ᠰᠠᠯᠵᠦ ᠴᠢᠲᠠᠬᠣ ᠦᠭᠡᠢ ᠭᠦᠨ ᠶᠣᠰᠣ᠎ᠶᠢ ᠣᠬᠠᠭᠠᠷᠠᠨ᠎ᠠ᠃

10 ᠰᠠᠷ᠎ᠠ᠎ᠶᠢᠨ 10᠎ᠤ᠋ ᠡᠳᠦᠷ᠂ ᠵᠡᠭᠦᠨᠭᠠᠷ ᠬᠣᠰᠢᠭᠤᠨ᠎ᠤ ᠶᠢᠰᠦᠲᠦᠭᠡᠷ ᠳᠤᠮᠳᠠᠳᠤ ᠰᠤᠷᠭᠠᠭᠤᠯᠢ᠎ᠶᠢᠨ ᠪᠠᠭ᠍ᠰᠢ ᠰᠤᠷᠤᠬ᠍ᠴᠢᠳ 《ᠤᠷᠳᠤ ᠵᠠᠮ᠎ᠤᠨ ᠠᠶᠠᠨ ᠲᠠᠶ᠋ᠢᠨ᠎ᠤ ᠬᠤᠪᠢᠰᠬᠠᠯᠲᠣ ᠣᠯᠠᠮᠵᠢᠯᠠᠯ᠎ᠢ ᠵᠠᠯᠭᠠᠮᠵᠢᠯᠠᠵᠤ᠂ ᠦᠨᠳᠦᠰᠦᠲᠡᠨ᠎ᠤ ᠪᠦᠯᠬᠦᠮᠳᠡᠯ᠎ᠤᠨ ᠰᠠᠢᠨ ᠪᠠᠭᠠᠴᠤᠳ ᠪᠤᠯᠬᠤ᠎ᠪᠠᠷ ᠴᠢᠷᠮᠠᠢᠬᠤ》 ᠰᠤᠳᠤᠯᠤᠨ ᠰᠤᠷᠤᠯᠴᠠᠬᠤ ᠦᠢᠯᠡᠳᠦᠯᠭᠡ᠎ᠶᠢᠨ ᠠᠵᠢᠯᠯᠠᠭ᠎ᠠ ᠥᠷᠨᠢᠭᠦᠯᠵᠦ᠂ ᠬᠤᠪᠢᠰᠬᠠᠯ᠎ᠤᠨ ᠲᠡᠦᠬᠡ᠎ᠶᠢ ᠣᠢᠯᠠᠭᠠᠵᠤ᠂ ᠦᠨᠳᠦᠰᠦᠲᠡᠨ᠎ᠤ ᠪᠦᠯᠬᠦᠮᠳᠡᠯ᠎ᠤᠨ ᠬᠠᠢᠷ᠎ᠠ ᠰᠡᠳᠬᠢᠯᠭᠡ ᠪᠠᠨ ᠵᠤᠵᠠᠭᠠᠳᠬᠠᠪᠠ᠃

ᠡᠨᠡ ᠪᠣᠯ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ ᠳ᠋ᠡᠬᠢ ᠶᠡᠷᠦ᠎ᠶᠢᠨ ᠦᠵᠡᠭᠲᠡᠯ ᠪᠣᠯᠬᠣ ᠮᠦᠷᠲᠡᠭᠡᠨ ᠡᠴᠢᠨ᠎ᠡ ᠬᠦᠨᠵᠡᠭᠡᠢ ᠬᠤᠪᠢᠷᠠᠯᠲᠠ᠎ᠶᠢ ᠲᠣᠰᠬᠠᠬᠰᠠᠨ ᠪᠠᠢᠨ᠎ᠠ᠄ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠣ ᠴᠣᠬᠴᠠᠯᠠᠬᠣ ᠬᠥᠮᠦᠵᠢᠯ ᠨᠢ ᠦᠩᠭᠡᠷᠡᠭᠰᠡᠨ᠎ᠤ ᠲᠡᠷᠡ᠎ᠬᠦ ᠬᠢᠴᠢᠶᠡᠯ᠎ᠤᠨ ᠲᠠᠩᠬᠢᠮ ᠳ᠋ᠦ 《ᠶᠣᠰᠣ᠌ ᠶᠠᠷᠢᠬᠣ》 ᠡᠴᠡ ᠪᠠᠨ ᠦᠵᠡᠭᠲᠡᠵᠦ ᠬᠠᠷᠠᠬᠲᠠᠬᠣᠢᠴᠠ ᠠᠮᠢᠳᠤᠷᠠᠯ᠎ᠤᠨ ᠠᠬᠣᠢ ᠲᠠᠯᠠᠪᠠᠢ ᠲᠡᠢᠰᠢ ᠰᠢᠯᠵᠢᠵᠦ ᠪᠣᠢ᠃

90 ᠵᠢᠯ᠎ᠦᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠢ ᠤᠳᠤᠷᠢᠳᠤᠨ ᠲᠦᠮᠡᠨ ᠠᠭᠣᠯᠠ ᠮᠢᠩᠭᠠᠨ ᠣᠰᠣᠨ᠎ᠢ ᠲᠠᠪᠠᠵᠦ᠂ ᠲᠣᠯᠭᠠᠷᠠᠵᠦ ᠢᠷᠡᠭᠰᠡᠨ ᠬᠦᠴᠢᠷ ᠪᠡᠷᠭᠡᠰᠢᠶᠡᠯ᠎ᠢ ᠲᠣᠭᠣᠯᠵᠦ᠂ ᠵᠠᠭᠤ ᠭᠠᠷᠣᠢ ᠲᠦᠮᠡᠨ ᠳᠠᠢᠰᠤᠨ᠎ᠤ  ᠪᠦᠰᠡᠯᠡᠯᠲᠡ ᠨᠡᠭᠡᠮᠵᠢᠯᠡᠯᠲᠡ ᠬᠣᠷᠢᠭ᠍ᠯᠠᠯᠲᠠ᠎ᠶᠢ ᠪᠤᠲᠠ ᠨᠢᠷᠭᠡᠵᠦ᠂ ᠲᠦᠮᠡᠨ ᠭᠠᠵᠠᠷ᠎ᠤᠨ ᠤᠷᠳᠤ ᠵᠠᠮ᠎ᠤᠨ ᠠᠶᠠᠨ ᠲᠠᠢᠨ᠎ᠤ ᠢᠯᠠᠯᠲᠠ᠎ᠶᠢ ᠲᠡᠮᠡᠴᠡᠨ ᠣᠯᠵᠠᠢ᠃ ᠡᠨᠡ ᠤᠳᠠᠭᠠᠨ᠎ᠤ ᠠᠭᠤᠤ ᠶᠡᠬᠡ ᠠᠶᠠᠨ ᠲᠡᠢᠨ ᠨᠢ  ᠬᠤᠪᠢᠰᠬᠠᠯᠲᠤ ᠢᠯᠠᠯᠲᠠ᠎ᠶᠢᠨ ᠵᠠᠮ᠎ᠢ ᠲᠡᠪᠢᠰᠦᠭᠰᠡᠨ ᠮᠦᠷᠲᠡᠭᠡᠨ ᠦᠨᠳᠦᠰᠦᠲᠡᠨ᠎ᠤ ᠪᠦᠯᠬᠦᠮᠳᠡᠯ᠎ᠦᠨ ᠵᠠᠮ᠎ᠢ ᠲᠣᠷᠠᠢᠯᠭᠠᠵᠠᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠪᠠᠢᠭᠤᠯᠤᠭᠳᠠᠭᠰᠠᠨ ᠠᠩᠬᠠᠲᠠᠬᠴᠢ ᠮᠤᠵᠢ᠎ᠶᠢᠨ ᠲᠡᠰ᠎ᠤᠨ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠢᠮᠠᠭᠲᠠ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠶᠢ ᠡᠯ᠎ᠡ ᠲᠦᠷᠦᠯ᠎ᠤᠨ ᠠᠵᠢᠯ᠎ᠤᠨ ᠭᠣᠣᠯ ᠰᠢᠵᠢᠮ ᠪᠤᠯᠭᠠᠵᠤ᠂ ᠨᠡᠢᠭᠡᠮ ᠲᠣᠭᠣᠷᠢᠭ᠋ ᠵᠡᠭᠡᠯᠢ ᠭᠤᠳᠤᠮᠵᠢ᠂ ᠬᠦᠲᠡᠭᠡ ᠲᠣᠰᠬᠣᠨ ᠮᠠᠯᠵᠢᠬᠤ ᠣᠷᠣᠨ᠂ ᠬᠢᠴᠢᠶᠡᠯ᠎ᠤᠨ ᠲᠠᠩᠬᠢᠮ᠂ ᠠᠵᠤ ᠦᠢᠯᠡᠰ᠎ᠤᠨ ᠡᠮᠦᠨ᠎ᠡ ᠹᠷᠤᠨᠲ᠎ᠲᠤ ᠦᠨᠳᠦᠰᠦ ᠬᠦᠨ ᠬᠠᠳᠬᠣᠵᠦ᠂ ᠰᠣᠶᠣᠯ᠎ᠤᠨ ᠠᠭᠤᠰᠤᠯᠴᠠᠯ᠂ ᠬᠠᠷᠢᠯᠴᠠᠨ ᠬᠣᠯᠢᠯᠲᠣᠵᠦ ᠬᠠᠮᠲᠤᠷᠠᠨ ᠰᠠᠭᠣᠷᠢᠰᠢᠬᠣ᠂ ᠬᠠᠮᠲᠤ᠎ᠪᠠᠷ ᠴᠢᠨᠡᠭᠡᠯᠢᠭᠵᠢᠬᠦ ᠦᠢᠯᠡᠳᠦᠯᠭᠡ᠎ᠶᠢᠨ ᠳᠤᠮᠳᠠ᠂ ᠦᠨᠳᠦᠰᠦᠲᠡᠨ᠎ᠨᠦᠭᠦᠳ᠎ᠤᠨ ᠥᠷᠭᠡᠨ ᠬᠠᠷᠢᠯᠴᠠᠭ᠎ᠠ᠂  ᠪᠦᠭᠦ ᠲᠠᠯ᠎ᠠ᠎ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠢᠨ᠎ᠡ ᠠᠶᠠᠨ ᠲᠠᠶ᠋ᠢᠨ ᠳ᠋ᠦ ᠯᠠᠪᠳᠠᠭᠤᠨ᠎ᠢᠶᠠᠷ ᠤᠷᠤᠭᠰᠢᠯᠠᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢᠨ ᠥᠪᠥᠷ ᠮᠣᠩᠭᠣᠯ᠎ᠤᠨ ᠢᠷᠠᠭᠣ ᠬᠠᠭᠤᠳᠠᠰᠤ᠎ᠶᠢ ᠪᠢᠴᠢᠭᠯᠡᠪᠡ᠃

ᠤᠶᠤᠨ ᠰᠠᠨᠠᠭᠠᠨ᠎ᠤ ᠭᠡᠷ ᠣᠷᠣᠨ᠎ᠢ ᠬᠠᠮᠲᠤ᠎ᠪᠠᠷ ᠪᠦᠲᠦᠭᠡᠨ ᠪᠠᠢᠭᠣᠯᠵᠦ ᠪᠦᠯᠬᠦᠮᠳᠡᠯ᠎ᠦᠨ ᠦᠨᠳᠦᠰᠦ᠎ᠶᠢ ᠪᠠᠲᠣ ᠪᠡᠬᠢᠵᠢᠬᠦᠯᠪᠡ

ᠰᠢᠯᠢ᠎ᠶᠢᠨ ᠭᠣᠣᠯ ᠠᠢᠮᠠᠭ᠎ᠤᠨ ᠰᠥᠨᠢᠳ ᠪᠠᠷᠠᠭᠤᠨ ᠬᠣᠰᠢᠭᠤᠨ᠎ᠳᠤ᠂ 《ᠤᠯᠠᠭᠠᠨᠮᠦᠢ᠍ᠴᠢᠷ + ᠤᠯᠠᠭᠠᠨ ᠪᠣᠭᠴᠣ᠌》᠎ᠶ᠋ᠢᠨ ᠦᠢᠯᠡᠴᠢᠯᠡᠭᠡ ᠨᠢ ᠣᠷᠲᠣ ᠬᠣᠭᠣᠴᠠᠭᠠᠨ᠎ᠤ ᠲᠣᠷᠰᠢ ᠦᠨᠳᠦᠰᠦᠨ ᠱᠠᠲᠤᠨ ᠳ᠋ᠦ ᠬᠥᠭᠵᠢᠶᠡᠨᠲᠡᠢ ᠦᠷᠨᠢᠭᠰᠡᠭᠡᠷ ᠢᠷᠡᠵᠡᠢ᠃ ᠤᠯᠠᠭᠠᠨᠮᠦᠢ᠍ᠴᠢᠷ᠎ᠤᠨ ᠭᠡᠰᠢᠬᠦᠳ ᠰᠠᠯᠬᠢ ᠰᠢᠭᠤᠷᠭ᠎ᠠ᠎ᠶᠢ ᠰᠦᠷᠴᠦ᠂ ᠬᠠᠯᠠᠭᠣᠨ ᠳ᠋ᠦ ᠬᠠᠯᠠᠵᠦ ᠬᠦᠢᠲᠡᠨ ᠳ᠋ᠦ ᠪᠡᠭᠡᠷᠡᠵᠦ ᠬᠦᠷ ᠪᠠᠶᠠᠷ᠎ᠢ ᠦᠨᠳᠦᠰᠦᠲᠡᠨ ᠨᠣᠬᠦᠳ᠎ᠤᠨ ᠠᠷᠠᠳ ᠲᠦᠮᠡᠨ᠎ᠤ ᠲᠣᠮᠲᠠ ᠬᠦᠷᠭᠡᠬᠦ᠎ᠶᠢ ᠪᠠᠷᠢᠮᠲᠠᠯᠠᠬᠰᠠᠭᠠᠷ ᠢᠷᠡᠪᠡ᠃ ᠲᠤᠬᠠᠢ᠎ᠶᠢᠨ ᠭᠠᠵᠠᠷ᠎ᠤᠨ ᠪᠠᠶᠠᠠᠠᠠᠭᠤᠯᠠ ᠭᠠᠴᠠᠭᠠᠨ᠎ᠤ ᠡᠭᠦᠰᠭᠡᠨ ᠪᠠᠢᠭᠤᠯᠤᠭᠰᠠᠨ ᠰᠤᠷᠭᠠᠭᠤᠯᠢ᠎ᠳᠤ 《ᠤᠯᠠᠭᠠᠨ ᠪᠣᠭᠴᠣ᠌》 ᠬᠦᠷᠭᠡᠬᠦ ᠵᠠᠭᠪᠤᠷ ᠨᠢ ᠨᠠᠮ᠎ᠤᠨ ᠲᠥᠷᠦ᠎ᠶᠢᠨ ᠪᠣᠳᠣᠯᠭ᠎ᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ ᠮᠡᠳᠡᠯᠭᠡ᠎ᠶᠢ ᠦᠨᠳᠦᠰᠦᠲᠡᠨ᠎ᠨᠦᠭᠦᠳ᠎ᠤᠨ ᠣᠯᠠᠨ ᠲᠦᠮᠡᠨ ᠳ᠋ᠦ ᠬᠦᠷᠭᠡᠳᠡᠭ᠃ ᠬᠣᠶᠠᠷ ᠵᠦᠢᠯ᠎ᠤᠨ ᠦᠢᠯᠡᠴᠢᠯᠡᠭᠡᠨ᠎ᠤ ᠠᠴᠢᠶᠠᠯᠠᠪᠤᠷᠢ᠎ᠶᠢᠨ ᠣᠶᠠᠯᠲᠣᠯ ᠨᠢ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠬ᠍ᠴᠠᠯᠠᠬᠤ ᠴᠢᠬᠤᠯᠠ ᠭᠠᠷᠳᠠᠴᠠ ᠪᠣᠯᠵᠠᠢ᠃

《ᠪᠢᠳᠡ 〈ᠤᠯᠠᠭᠠᠨᠮᠦᠢ᠍ᠴᠢᠷ + ᠤᠯᠠᠭᠠᠨ ᠪᠣᠭᠴᠣ᠌〉 ᠶ᠋ᠢᠨ ᠪᠣᠯᠪᠠᠰᠤᠨ ᠦᠢᠯᠡᠳᠦᠯᠭᠡ᠎ᠶᠢᠨ ᠵᠠᠭᠪᠤᠷ᠎ᠤᠨ ᠰᠢᠨ᠎ᠡ ᠶ᠋ᠢ ᠡᠬᠦᠲᠦᠭᠰᠡᠨ ᠵᠣᠷᠢᠯᠭ᠎ᠠ ᠪᠣᠯ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠦᠯᠢᠭᠡᠷ᠎ᠢ ᠰᠠᠢᠲᠤᠷ ᠶᠠᠷᠢᠬᠤ᠎ᠶᠢᠨ ᠲᠥᠯᠥᠭᠡ ᠶᠤᠮ》 ᠭᠡᠵᠦ ᠰᠥᠨᠢᠳ ᠪᠠᠷᠠᠭᠤᠨ ᠬᠣᠰᠢᠭᠤᠨ᠎ᠤ ᠤᠯᠠᠭᠠᠨᠮᠦᠢ᠍ᠴᠢᠷ᠎ᠤᠨ ᠳᠡᠳ᠋ ᠳᠠᠷᠤᠭ᠎ᠠ ᠵᠢᠷᠭᠠᠯ ᠶᠠᠷᠢᠨ᠎ᠠ᠃ ᠤᠷᠠᠨ ᠰᠠᠢᠬᠠᠨ᠎ᠤ ᠲᠣᠬ᠍ᠯᠠᠯᠲᠠ᠎ᠡᠴᠡ ᠭᠠᠳᠠᠨ᠎ᠠ᠂ ᠲᠡᠳᠡ ᠪᠠᠰᠠ ᠲᠥᠷᠦ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠬᠤ᠂ ᠲᠠᠷᠢᠵᠦ ᠲᠡᠵᠢᠭᠡᠵᠦ ᠠᠷᠠᠴᠢᠯᠠᠬᠣ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ᠂ ᠰᠢᠭᠤᠳ ᠨᠡᠪᠲᠡᠷᠡᠭᠦᠯᠭᠡ ᠪᠡᠷ ᠪᠠᠷᠠᠭ᠎ᠠ ᠬᠤᠳᠠᠯᠳᠤᠬᠤ ᠵᠡᠷᠭᠡ ᠠᠵᠢᠯᠯᠠᠭ᠎ᠠ ᠥᠷᠨᠢᠭᠦᠯᠵᠦ᠂ ᠮᠠᠯᠴᠢᠳ᠎ᠤᠨ ᠣᠶᠣᠨ᠎ᠢ ᠣᠮᠲᠠᠯᠠᠨ ᠣᠷᠣᠯᠭ᠎ᠠ᠎ᠶᠢ ᠨᠢ ᠨᠡᠮᠡᠭᠲᠡᠬᠦᠯᠣᠨ᠎ᠠ᠃

ᠶᠡᠷᠦᠩᠬᠡᠢ ᠱᠦᠵᠢ ᠰᠢ᠎ᠶᠢᠨ ᠫᠢᠩ᠄ 《ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠢ ᠬᠦᠴᠦᠯᠡᠨ ᠪᠠᠢᠭᠤᠯᠵᠤ᠂ ᠳᠤᠮᠳᠠᠳᠤ ᠶ᠋ᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ᠎ᠳᠤ ᠬᠦᠴᠦᠷᠬᠡᠭ ᠶᠡᠬᠡ ᠤᠶᠤᠨ ᠰᠠᠨᠠᠭ᠎ᠠ ᠰᠣᠶᠣᠯ᠎ᠤᠨ ᠲᠤᠯᠭᠠᠭᠤᠷᠢᠯᠠᠯ ᠬᠠᠩᠭᠠᠬᠤ ᠬᠡᠷᠡᠭᠲᠡᠢ》 ᠭᠡᠵᠦ ᠴᠢᠬᠤᠯᠠᠴᠢᠯᠠᠬᠰᠠᠨ ᠶᠣᠮ᠃  ᠣᠢᠷ᠎ᠠ᠎ᠶᠢᠨ ᠵᠢᠯ᠎ᠡᠴᠡ ᠨᠠᠭᠠᠰᠢ᠂ ᠥᠪᠥᠷ ᠮᠣᠩᠭᠣᠯ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠢ ᠭᠦᠨᠵᠡᠭᠡᠢᠷᠡᠭᠦᠯᠵᠦ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠶᠢ ᠺᠠᠳ᠋ᠷ᠎ᠤᠨ ᠬᠥᠮᠦᠵᠢᠯ᠂ ᠨᠠᠮ᠎ᠤᠨ ᠭᠡᠰᠢᠭᠦᠨ᠎ᠤ ᠬᠥᠮᠦᠵᠢᠯ᠂ ᠤᠯᠤᠰ ᠠᠷᠠᠳ᠎ᠤᠨ ᠰᠤᠷᠭᠠᠨ ᠬᠥᠮᠦᠵᠢᠯ᠂ ᠨᠡᠢᠭᠡᠮ᠎ᠤᠨ ᠰᠤᠷᠭᠠᠨ ᠬᠥᠮᠦᠵᠢᠯ᠎ᠳᠤ ᠬᠠᠮᠣᠷᠣᠨ ᠪᠠᠬᠲᠠᠭᠠᠪᠠ; 《ᠶᠡᠬᠡ ᠲᠡᠭᠡᠲᠦ ᠰᠣᠷᠭᠠᠭᠣᠯᠢ ᠦᠨᠳᠦᠷ ᠲᠣᠮᠲᠠᠲᠣ ᠠᠩᠬ᠎ᠠ ᠲᠣᠮᠲᠠᠲᠣ ᠪᠠᠭ᠎ᠠ ᠰᠣᠷᠭᠠᠭᠣᠯᠢ ᠴᠡᠴᠡᠷᠯᠢᠭ》 ᠢ᠋ ᠨᠢᠭᠡ ᠴᠣᠭᠴᠠᠵᠢᠭᠤᠯᠤᠭᠰᠠᠨ ᠰᠤᠷᠭᠠᠨ ᠬᠥᠮᠦᠵᠢᠯ᠎ᠤᠨ ᠰᠢᠰᠲᠧᠮ᠎ᠢ ᠪᠠᠢᠭᠤᠯᠵᠤ᠂ ᠶᠡᠬᠡ ᠳᠡᠭᠡᠳᠦ ᠰᠤᠷᠭᠠᠭᠤᠯᠢ᠎ᠳᠤ 《ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠣᠲᠣᠷᠢᠳᠬᠠᠯ》 ᠭᠡᠬᠦ ᠵᠠᠪᠠᠯ ᠰᠤᠷᠬᠤ ᠬᠢᠴᠢᠶᠡᠯ᠎ᠢ ᠪᠦᠭᠦ ᠲᠠᠯ᠎ᠠ᠎ᠪᠠᠷ ᠨᠡᠭᠡᠭᠡᠵᠦ᠂ 《ᠠᠨᠠᠷ᠎ᠤᠨ ᠵᠢᠮᠢᠰ ᠣᠯᠠᠢᠵᠦ ᠪᠣᠯᠪᠠᠰᠣᠷᠠᠨᠠᠮ》  ᠵᠡᠷᠭᠡ ᠣᠨᠴᠠᠯᠢᠬ᠍ᠲᠤ ᠦᠵᠡᠯ ᠰᠠᠨᠠᠭ᠎ᠠ ᠤᠯᠤᠰ ᠲᠥᠷᠦ᠎ᠶᠢᠨ ᠬᠢᠴᠢᠶᠡᠯ᠎ᠢ ᠪᠠᠢᠭᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》 ᠎ᠤ᠋ᠨ ᠬᠤᠭᠤᠴᠠᠭᠠᠨ᠎ᠳᠤ᠂  ᠥᠪᠥᠷ ᠮᠣᠩᠭᠣᠯ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠬᠴᠠᠯᠠᠬᠣ ᠤᠬᠠᠭᠤᠯᠤᠨ ᠲᠠᠢᠯᠪᠤᠷᠢᠯᠠᠬᠤ ᠭᠣᠣᠯ ᠰᠡᠳᠦᠪ᠎ᠲᠤ ᠠᠩᠬᠠᠷᠤᠯ ᠵᠢᠡᠨ ᠲᠥᠪᠯᠡᠷᠡᠭᠦᠯᠵᠦ᠂ 《 ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠣᠷᠣᠬᠰᠢᠯᠠᠬᠣ》 ᠤᠨᠤᠯ᠎ᠤᠨ ᠤᠬᠠᠭᠤᠯᠤᠨ ᠲᠠᠢᠯᠪᠤᠷᠢᠯᠠᠯᠲᠠ᠎ᠶᠢ 17.3 ᠲᠦᠮᠡᠨ ᠲᠠᠯᠠᠪᠠᠢ ᠤᠳᠠᠭ᠎ᠠ ᠥᠷᠨᠢᠭᠦᠯᠵᠦ᠂ ᠬᠦᠯᠢᠶᠡᠨ ᠠᠪᠣᠬᠴᠢᠳ 1042.3 ᠲᠦᠮᠡᠨ ᠬᠥᠮᠥᠨ ᠤᠳᠠᠭ᠎ᠠ ᠳ᠋ᠦ ᠭᠦᠷᠪᠡ᠃

ᠲᠦᠷᠦᠭᠦᠬᠡᠨ᠂ ᠪᠤᠭᠤᠲᠤ ᠬᠤᠲᠠ᠎ᠶᠢᠨ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠤ ᠪᠠᠶᠠᠠᠠᠤᠪᠤᠭ᠎ᠠ ᠰᠤᠮᠤ᠎ᠶᠢᠨ ᠲᠠᠯ᠎ᠠ ᠨᠤᠲᠤᠭ᠎ᠤᠨ ᠦᠷᠦᠴᠡᠨ ᠳ᠋ᠦ ᠪᠠᠢᠷᠢᠯᠠᠬᠰᠠᠨ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠣ ᠴᠣᠬᠴᠠᠯᠠᠬᠣ ᠬᠥᠮᠦᠵᠢᠯ ᠦᠢᠯᠡᠳᠦᠯᠭᠡ᠎ᠶᠢᠨ ᠰᠠᠭᠤᠷᠢᠨ᠎ᠳᠤ 《ᠰᠠᠳᠤᠨ᠎ᠢᠶᠠᠨ ᠡᠷᠢᠬᠦ》 ᠣᠨᠴᠠᠭᠠᠢ ᠠᠵᠢᠯᠯᠠᠭ᠎ᠠ ᠶᠠᠪᠣᠬᠲᠠᠪᠠ᠃ 50 ᠭᠠᠷᠤᠢ ᠪᠠᠭ᠎ᠠ ᠰᠤᠷᠭᠠᠭᠤᠯᠢ᠎ᠶᠢᠨ ᠰᠤᠷᠤᠬ᠍ᠴᠢ 《ᠲᠠᠯ᠎ᠠ ᠨᠤᠲᠤᠭ᠎ᠤᠨ ᠲᠥᠷᠦᠯ ᠰᠠᠳᠤᠨ᠎ᠢᠶᠠᠨ ᠡᠷᠢᠭᠰᠡᠨ ᠲᠡᠮᠳᠡᠭᠯᠡᠯ》 ᠭᠡᠬᠦ ᠬᠠᠭᠤᠳᠠᠰᠤ ᠵᠢ ᠪᠠᠷᠢᠵᠦ᠂ 《ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠣᠯ᠎ᠳᠤ ᠢᠷᠡᠭᠰᠡᠨ》 ᠭᠣᠣᠯ ᠰᠡᠳᠦᠪᠲᠦ ᠦᠵᠡᠭᠦᠯᠭᠡ᠎ᠶᠢᠨ ᠣᠷᠳᠣᠨ᠎ᠳᠤ ᠣᠷᠣᠵᠤ᠂  ᠵᠢᠷᠣᠬ ᠰᠡᠭᠦᠳᠡᠷ᠎ᠲᠠᠬᠢ ᠬᠠᠮᠤᠭ᠎ᠤᠨ ᠵᠠᠯᠠᠭᠤ ᠡᠵᠢ ᠵᠢ ᠡᠷᠢᠯ᠎ᠠ᠃ ᠨᠢᠭᠡ ᠮᠣᠩᠭᠣᠯ ᠬᠦᠦ 《ᠳᠦᠭᠦᠢᠮ᠎ᠠ᠂ 19 ᠨᠠᠰᠤᠲᠠᠢ》 ᠭᠡᠵᠦ ᠬᠠᠰᠬᠢᠷᠬᠣ ᠳ᠋ᠦ ᠦᠵᠡᠭᠦᠯᠭᠡ᠎ᠶᠢᠨ ᠲᠢᠩᠬᠢᠮ ᠳ᠋ᠦ ᠲᠡᠷᠡᠬᠡᠨ ᠵᠠᠭᠣᠷ᠎ᠠ ᠨᠠᠮ ᠵᠢᠮ ᠪᠣᠯᠪᠠ — 19 ᠨᠠᠰᠤᠲᠠᠢ ᠠᠷᠠᠢ ᠬᠡᠦᠬᠡᠳ᠎ᠤᠨ ᠲᠣᠭᠠᠨ ᠳ᠋ᠦ ᠪᠠᠢᠭ᠎ᠠ ᠭᠡᠲᠡᠭ ᠪᠣᠯᠪᠠᠴᠣ ᠳᠦᠭᠦᠢᠮ᠎ᠠ 28 ᠥᠨᠥᠴᠢᠨ ᠬᠡᠦᠬᠡᠳ᠎ᠢ ᠦᠷᠡᠴᠢᠯᠡᠨ ᠲᠡᠵᠢᠭᠡᠪᠡ᠃ ᠬᠡᠦᠬᠡᠳ᠎ᠦᠳ ᠲᠣᠯᠣᠭᠠᠢ ᠦᠨᠲᠡᠢᠯ ᠦᠭᠡᠢ ᠭᠠᠷ ᠳᠡᠪᠲᠡᠷ ᠳᠡᠭᠡᠷ᠎ᠡ ᠪᠠᠨ ᠡᠨᠡ ᠬᠦ᠌ ᠨᠡᠷ᠎ᠡ᠎ᠶᠢ ᠨᠠᠷᠢᠨ ᠬᠢᠨᠠᠮᠠᠭᠠᠢ ᠪᠢᠴᠢᠵᠦ ᠲᠡᠮᠲᠡᠭᠯᠡᠵᠡᠭᠡᠪᠡ᠃

60 ᠭᠠᠷᠤᠢ ᠵᠢᠯ᠎ᠦᠨ ᠲᠡᠷᠳᠡᠭᠡ᠂ ᠡᠮᠦᠨᠡᠲᠦ ᠣᠷᠣᠨ᠎ᠤ ᠥᠨᠥᠴᠢᠨ ᠬᠡᠦᠬᠡᠳ ᠤᠮᠠᠷᠠᠰᠢ ᠮᠣᠷᠳᠠᠵᠤ᠂  ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠭᠣᠶᠠᠴᠢ ᠦᠭᠡᠢ ᠬᠠᠢᠷ᠎ᠠ ᠬᠠᠯᠠᠮᠵᠢ ᠳᠣᠣᠷ᠎ᠠ ᠢᠳᠡᠷᠡᠭᠦᠨ᠎ᠢᠶᠡᠷ ᠦᠰᠦᠨ ᠪᠣᠢᠵᠢᠵᠠᠢ᠃ ᠦᠨᠦᠲᠦᠷ᠂ ᠳᠤᠮᠳᠠᠳᠤ᠎ᠶᠢᠨ ᠦᠨᠳᠦᠰᠦᠲᠡᠨ ᠨᠢᠭᠡ ᠭᠡᠷ ᠮᠡᠲᠦ ᠳᠣᠲᠣᠨᠣ᠌ ᠦᠯᠢᠭᠡᠷ ᠮᠥᠨ ᠯᠡ ᠦᠷᠬᠦᠯᠵᠢᠯᠡᠭᠰᠡᠭᠡᠷ᠃

ᠬᠠᠷᠢᠯᠴᠠᠨ ᠰᠢᠭᠢᠳᠬᠡᠬᠦ ᠲᠠᠪᠴᠠᠩ ᠪᠠᠢᠭᠤᠯᠵᠤ ᠦᠨᠳᠦᠰᠦᠲᠡᠨ᠎ᠨᠦᠭᠦᠳ᠎ᠤᠨ ᠣᠯᠠᠨ ᠲᠦᠮᠡᠨ ᠣᠯᠠᠮ ᠨᠢᠬᠲᠠᠷᠠᠨ ᠪᠦᠯᠬᠦᠮᠲᠡᠪᠡ

ᠣᠷᠳᠣᠰ ᠬᠤᠲᠠ᠎ᠶᠢᠨ ᠣᠲᠤᠭ᠎ᠤᠨ ᠡᠮᠦᠨᠡᠲᠦ ᠬᠣᠰᠢᠭᠤᠨ᠎ᠤ ᠨᠠᠩᠰᠦ ᠪᠠᠯᠭᠠᠰᠤᠨ᠎ᠳᠤ᠂ ᠨᠢᠭᠡ ᠠᠯᠠᠭᠠᠳᠠᠬᠤ  ᠪᠥᠮᠪᠥᠭᠡ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠨᠢᠬᠲᠠᠷᠠᠯ ᠪᠦᠯᠬᠦᠮᠲᠡᠯ᠎ᠢ ᠬᠣᠯᠪᠣᠵᠦ ᠪᠡᠬᠢᠯᠡᠭᠰᠡᠨ ᠪᠠᠢᠨ᠎ᠠ᠃ ᠲᠤᠬᠠᠢ᠎ᠶᠢᠨ ᠭᠠᠵᠠᠷ᠎ᠤᠨ ᠮᠠᠯᠴᠢᠨ ᠮᠠ·ᠬᠦᠭᠵᠢᠯᠲᠦ 20 ᠲᠦᠮᠡᠨ ᠲᠥᠭᠥᠷᠢᠭ ᠭᠠᠷᠭᠠᠵᠤ ᠠᠯᠠᠭᠠᠳᠠᠬᠤ ᠪᠥᠮᠪᠥᠭᠡ᠎ᠶᠢᠨ ᠣᠷᠳᠣᠨ ᠪᠠᠢᠭᠤᠯᠪᠠ᠃ ᠣᠯᠠᠨ᠎ᠢᠶᠠᠷ᠎ᠢᠶᠠᠨ ᠨᠢᠭᠡ ᠳᠤᠭᠤᠢᠯᠠᠩ ᠪᠣᠯᠵᠦ᠂  ᠪᠥᠮᠪᠥᠭᠡ ᠨᠠᠭᠠᠳᠴᠤ ᠪᠠᠷᠠᠪᠠᠯ ᠭᠡᠷ ᠵᠠᠭᠣᠷ᠎ᠠ᠎ᠶᠢᠨ ᠵᠣᠭᠣᠬ ᠲᠡᠯᠭᠡᠨ᠎ᠡ᠃ 《ᠠᠯᠠᠭᠠᠳᠠᠬᠤ ᠪᠥᠮᠪᠥᠭᠡ ᠣᠯᠠᠨ᠎ᠢ ᠪᠦᠯᠬᠦᠮᠳᠡᠭᠦᠯᠵᠦ᠂ ᠪᠡᠶ᠎ᠡ ᠪᠠᠨ ᠪᠣᠯᠪᠠᠰᠣᠷᠠᠴᠢᠬᠠᠬᠣ ᠪᠦᠭᠡᠳ ᠡᠳᠦᠷ ᠲᠣᠲᠣᠮ᠎ᠤᠨ ᠬᠠᠷᠢᠴᠠᠭ᠎ᠠ ᠵᠢ ᠰᠠᠢᠵᠢᠷᠠᠭᠣᠯᠵᠦ᠂  ᠭᠡᠷ ᠪᠦᠯᠢ ᠪᠣᠯᠣᠨ ᠠᠵᠢᠯ ᠦᠢᠯᠡᠰ ᠴᠦ᠍ ᠦᠩᠭᠡ ᠲᠠᠢ ᠦᠭᠡᠲᠡ ᠲᠠᠢ ᠪᠣᠯᠣᠬᠰᠠᠨ》 ᠭᠡᠵᠦ ᠮᠠ·ᠬᠦᠭᠵᠢᠯᠲᠦ ᠶᠠᠷᠢᠨ᠎ᠠ᠃

ᠲᠤᠬᠠᠢ᠎ᠶᠢᠨ ᠭᠠᠵᠠᠷ᠎ᠤᠨ ᠭᠢᠨ 《ᠲᠠᠯ᠎ᠠ ᠨᠤᠲᠤᠭ᠎ᠤᠨ ᠲᠣᠰᠬᠤᠨ᠎ᠤ ᠠᠯᠠᠭᠠᠲᠠᠬᠣ ᠪᠦᠮᠪᠦᠭᠡ᠎ᠶᠢᠨ ᠮᠠᠯᠴᠢᠨ ᠲᠠᠷᠢᠶᠠᠴᠢᠨ᠎ᠤ ᠨᠡᠢᠭᠡᠮᠯᠢᠭ》 ᠪᠠᠢᠭᠤᠯᠵᠤ᠂ ᠠᠯᠠᠭᠠᠳᠠᠬᠤ ᠪᠥᠮᠪᠥᠭᠡ᠎ᠶᠢᠨ ᠭᠣᠣᠯ ᠰᠡᠳᠦᠪᠲᠦ ᠬᠡᠷᠡᠭ ᠵᠥᠪᠯᠡᠬᠦ ᠴᠡᠭ ᠭᠠᠷᠭᠠᠵᠦ᠂ ᠠᠯᠠᠭᠠᠳᠠᠬᠤ ᠪᠥᠮᠪᠥᠭᠡ᠎ᠶᠢᠨ ᠰᠣᠶᠣᠯ ᠬᠢᠭᠡᠳ ᠦᠨᠳᠦᠰᠦᠨ ᠱᠠᠲᠤᠨ᠎ᠤ ᠵᠠᠰᠠᠯᠲᠠ᠎ᠶᠢ ᠡᠪᠯᠢᠭ᠎ᠢᠶᠠᠷ ᠤᠶᠠᠯᠳᠤᠭᠤᠯᠵᠤ᠂ ᠬᠥᠷᠰᠢ ᠵᠡᠷᠭᠡᠯᠡᠳᠡᠭᠡ᠎ᠶᠢᠨ ᠵᠠᠭᠠᠭ ᠱᠤᠭᠤᠮ᠂ ᠡᠳᠦᠷ ᠲᠤᠲᠤᠮ᠎ᠤᠨ ᠵᠠᠭᠤᠷᠠᠭᠠᠨ᠎ᠢ ᠣᠶᠠᠨ ᠬᠠᠲᠠᠨ ᠶ᠋ᠢᠡᠷ ᠵᠣᠬᠢᠴᠠᠭᠣᠯᠣᠨ ᠰᠢᠢᠳᠪᠦᠷᠢᠯᠡᠪᠡ᠃

ᠬᠠᠮᠲᠣ᠎ᠶᠢᠨ ᠲᠠᠨᠢᠯᠲᠠ᠎ᠶᠢᠨ ᠬᠦᠮᠦᠵᠢᠯ ᠨᠢ ᠣᠷᠣᠨ ᠵᠠᠢ᠂ ᠠᠵᠤ ᠠᠬᠤᠢ᠂  ᠨᠡᠢᠭᠡᠮ᠂ ᠰᠣᠶᠣᠯ᠂  ᠰᠡᠳᠬᠢᠴᠡ᠎ᠶᠢᠨ ᠬᠦᠨᠵᠡᠭᠡᠢ ᠠᠭᠣᠰᠣᠯᠴᠠᠯ᠎ᠳᠦ ᠲᠦᠰᠢᠭᠯᠡᠨ᠎ᠡ᠃ ᠭᠦᠭᠡᠬᠤᠲᠠ᠎ᠶᠢᠨ 459 《ᠭᠠᠯ ᠤᠯᠠᠭᠠᠨ ᠠᠨᠠᠷ᠎ᠤᠨ ᠥᠷᠲᠡᠭᠡ》 ᠨᠢ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠪᠠᠢᠭ᠎ᠠ ᠵᠦᠢᠯ᠎ᠳᠤ ᠠᠩᠬᠠᠷᠤᠯ ᠲᠥᠪᠯᠡᠷᠡᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ ᠵᠡᠷᠭᠡ ᠦᠢᠯᠡᠴᠢᠯᠡᠭᠡ᠎ᠶᠢ ᠲᠣᠬᠢᠷᠠᠭᠤᠯᠤᠨ ᠲᠣᠭᠲᠠᠭᠠᠪᠠ; ᠲᠦᠩᠯᠢᠶᠣᠣ ᠬᠤᠲᠠ᠎ᠶᠢᠨ ᠵᠠᠷᠤᠳ ᠬᠣᠰᠢᠭᠤᠨ᠎ᠤ 《ᠨᠡᠢᠭᠡᠮ ᠲᠣᠭᠣᠷᠢᠭ᠋ ᠠᠢᠯ ᠡᠷᠦᠬᠡ ᠲᠠᠢ ᠠᠭᠣᠰᠣᠯᠴᠠᠨ  ᠵᠣᠯ ᠵᠢᠷᠭᠠᠯ᠎ᠢ ᠬᠠᠪᠤᠷ᠎ᠤᠨ ᠬᠤᠲᠠ ᠳ᠋ᠦ ᠬᠦᠷᠭᠡᠬᠦ》 ᠲᠥᠷᠦᠯ ᠵᠦᠢᠯ ᠨᠢ 《ᠠᠢᠯ ᠡᠷᠦᠭᠡ ᠪᠡᠷ ᠬᠦᠨᠵᠡᠭᠡᠢᠷᠡᠵᠦ·ᠲᠥᠷᠦᠯ ᠰᠠᠳᠤᠨ᠎ᠳᠠᠭᠠᠨ ᠠᠢᠯᠴᠢᠯᠠᠬᠣ》 ᠵᠡᠷᠭᠡ ᠰᠣᠯᠢᠯᠴᠠᠭ᠎ᠠ ᠬᠠᠷᠢᠯᠴᠠᠨ ᠬᠠᠪᠰᠣᠷᠣᠯᠴᠠᠬᠣ ᠠᠵᠢᠯᠯᠠᠭ᠎ᠠ᠎ᠪᠠᠷ ᠲᠠᠮᠵᠢᠭᠣᠯᠣᠨ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠪᠠ᠃  ᠬᠥᠯᠥᠨ ᠪᠤᠶ᠋ᠢᠷ ᠬᠤᠲᠠ᠎ᠶᠢᠨ ᠶᠠᠭ᠍ᠰᠢ ᠬᠤᠲᠠ᠎ᠶᠢᠨ ᠶᠦᠩ ᠰᠢᠩ ᠵᠡᠭᠡᠯᠢ ᠭᠤᠳᠤᠮᠵᠢ᠎ᠶᠢᠨ ᠬᠡᠷᠡᠭ ᠡᠷᠭᠢᠯᠡᠭᠦ ᠭᠠᠵᠠᠷ᠎ᠤᠨ ᠶᠦᠩ ᠴᠢᠶᠠᠩ ᠨᠡᠢᠭᠡᠮ ᠲᠣᠭᠣᠷᠢᠭ᠋ 《ᠠᠨᠠᠷ᠎ᠤᠨ ᠦᠷ᠎ᠡ ᠮᠡᠲᠦ ᠭᠡᠷ ᠣᠷᠣᠨ》 ᠦᠢᠯᠡᠴᠢᠯᠡᠭᠡᠨ᠎ᠤ ᠨᠠᠷᠠᠲᠤ ᠲᠡᠮᠳᠡᠭᠲᠦ᠎ᠶᠢ ᠪᠠᠢᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ᠎ᠶᠢᠨ ᠰᠣᠶᠣᠯ᠎ᠤᠨ ᠤᠷᠲᠤ ᠬᠣᠩᠭᠢᠯ᠂ ᠠᠨᠠᠷ᠎ᠤᠨ ᠦᠷ᠎ᠡ ᠠᠭᠣᠲᠠᠮ ᠲᠠᠯᠠᠪᠠᠢ᠂ ᠦᠨᠳᠦᠰᠦᠲᠡᠨ᠎ᠤ ᠪᠦᠯᠬᠦᠮᠳᠡᠯ᠎ᠤᠨ ᠦᠵᠡᠬᠦᠯᠭᠡ᠎ᠶᠢᠨ ᠲᠢᠩᠬᠢᠮ ᠪᠠ ᠠᠨᠠᠷ᠎ᠤᠨ ᠦᠷ᠎ᠡ ᠬᠢᠴᠢᠶᠡᠯ᠎ᠤᠨ ᠲᠠᠩᠬᠢᠮ ᠁ ᠵᠡᠷᠭᠡ᠎ᠶᠢ ᠡᠬᠦᠲᠦᠭᠰᠡᠨ ᠪᠠᠢᠨ᠎ᠠ᠃

ᠣᠢᠷ᠎ᠠ᠎ᠶᠢᠨ ᠵᠢᠯ᠎ᠡᠴᠡ᠂ ᠥᠪᠥᠷ ᠮᠣᠩᠭᠣᠯ ᠦᠨᠳᠦᠰᠦᠲᠡᠨ᠎ᠨᠦᠭᠦᠳ᠎ᠤᠨ ᠬᠠᠷᠢᠯᠴᠠᠨ ᠰᠢᠭᠢᠳᠬᠡᠯ ᠮᠠᠶᠢᠬ᠎ᠤᠨ ᠬᠥᠭᠵᠢᠯᠲᠡ᠎ᠶᠢᠨ ᠲᠥᠯᠥᠪᠯᠡᠭᠡ᠎ᠶᠢᠨ ᠨᠡᠢᠲᠡᠯᠢᠭ ᠵᠢᠱᠶ᠋ᠶ᠎ᠡ᠎ᠶᠢ 364  ᠬᠦᠮᠦᠵᠢᠬᠦᠯᠵᠦ᠂ 《ᠭᠠᠯ ᠤᠯᠠᠭᠠᠨ ᠠᠨᠠᠷ +》᠂ 《ᠠᠨᠠᠷ᠎ᠤᠨ ᠦᠷ᠎ᠡ᠎ᠶᠢᠨ ᠰᠢᠷᠢᠰ》 ᠵᠡᠷᠭᠡ ᠦᠨᠳᠦᠰᠦᠲᠡᠨ ᠨᠣᠬᠦᠳ᠎ᠤᠨ ᠬᠠᠷᠢᠯᠴᠠᠨ ᠰᠢᠭᠢᠳᠬᠡᠵᠦ ᠬᠥᠭᠵᠢᠭᠦᠯᠬᠦ ᠲᠠᠪᠴᠠᠩ᠎ᠤᠨ ᠠᠴᠢᠶᠠᠯᠠᠪᠤᠷᠢ᠎ᠶᠢ 2057 ᠪᠠᠢᠭᠤᠯᠵᠤ᠂ ᠬᠣᠷᠰᠢᠯ ᠰᠣᠯᠢᠯᠴᠠᠯ᠎ᠤᠨ ᠣᠷᠣᠨ ᠵᠠᠢ᠎ᠶᠢᠨ ᠠᠴᠢᠶᠠᠯᠠᠪᠤᠷᠢ᠎ᠶᠢ ᠢᠳᠡᠪᠭᠢᠲᠡᠢ ᠪᠠᠶ᠋ᠢᠭᠤᠯᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠰᠠᠭᠣᠷᠢᠰᠢᠵᠦ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠂ ᠬᠠᠮᠲᠤ ᠠᠵᠢᠯᠯᠠᠵᠤ ᠬᠠᠮᠲᠤ᠎ᠪᠠᠷ ᠵᠢᠷᠭᠠᠬᠤ ᠨᠡᠶ᠋ᠢᠭᠡᠮ᠎ᠤᠨ ᠠᠭᠤᠷ ᠠᠮᠢᠰᠬᠤᠯ᠎ᠢ ᠪᠤᠢ ᠪᠣᠯᠭᠠᠪᠠ᠃

ᠬᠥᠬᠡ ᠲᠡᠭᠷᠢ᠎ᠶᠢᠨ ᠲᠣᠣᠷ᠎ᠠ ᠬᠠᠮᠲᠣ ᠪᠡᠷ ᠰᠠᠢᠨ ᠰᠠᠢᠬᠠᠨ ᠭᠡᠷ ᠣᠷᠣᠨ᠎ᠢᠶᠠᠨ ᠪᠦᠲᠦᠭᠡᠨ ᠪᠠᠢᠭᠤᠯᠤᠨ᠎ᠠ᠃ ᠵᠣᠯ ᠵᠢᠷᠭᠠᠯᠲᠤ ᠠᠮᠢᠳᠤᠷᠠᠯ᠎ᠤᠨ ᠴᠠᠭᠠᠨ᠎ᠠ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠮᠢᠬ᠎ᠠ ᠴᠢᠰᠦ ᠮᠡᠲᠦ ᠲᠣᠲᠣᠨᠣ ᠬᠠᠷᠢᠴᠠᠭ᠎ᠠ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠣ ᠡᠴᠡ ᠰᠠᠯᠵᠦ ᠴᠢᠲᠠᠬᠣ ᠦᠭᠡᠢ ᠶᠣᠮ; ᠦᠨᠳᠦᠰᠦᠲᠡᠨ᠎ᠨᠦᠭᠦᠳ᠎ᠤᠨ ᠠᠷᠠᠳ ᠲᠦᠮᠡᠨ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠦᠭᠵᠢᠬᠦ᠎ᠡᠴᠡ ᠰᠠᠯᠵᠤ ᠴᠢᠳᠠᠰᠢ ᠦᠭᠡᠢ ᠶᠤᠮ᠃

ᠬᠠᠮᠲᠤ ᠪᠠᠷ ᠴᠢᠨᠡᠭᠡᠯᠢᠭᠵᠢᠬᠦ᠎ᠶᠢ ᠠᠬᠢᠭᠤᠯᠵᠤ ᠵᠣᠯ ᠵᠢᠷᠭᠠᠯ᠎ᠤᠨ ᠵᠠᠮ᠎ᠢ ᠣᠯᠠᠮ ᠰᠠᠷᠠᠭᠣᠯ ᠲᠠᠷᠲᠠᠩ ᠲᠣᠭᠲᠠᠭᠤᠨ ᠪᠣᠯᠭᠠᠨ᠎ᠠ

ᠠᠯᠲᠠᠨ ᠨᠠᠮᠤᠷ᠎ᠤᠨ ᠣᠯᠠᠷᠢᠯ ᠳ᠋ᠦ᠂ ᠪᠠᠲᠤᠴᠠᠭᠠᠨ᠎ᠤ ᠮᠣᠳᠣ᠌ ᠰᠢᠵᠢᠷᠲᠦᠨ ᠲᠣᠶᠠᠭᠠᠷᠠᠵᠦ᠂ ᠡᠨᠲᠡ ᠲᠡᠨᠲᠡ ᠦᠭᠡᠢ ᠪᠦᠲᠦᠬᠦᠨ ᠪᠣᠭᠣᠵᠢ ᠡᠪᠡᠰᠦ ᠲᠠᠢ ᠰᠣᠯᠪᠢᠴᠠᠨ ᠬᠠᠷᠠᠬᠲᠠᠨ᠎ᠠ᠃ ᠵᠢᠭᠤᠯᠴᠢᠯᠠᠭᠰᠠᠳ ᠬᠡᠰᠡᠭ ᠪᠦᠯᠦᠭ᠎ᠵᠢᠡᠷ ᠬᠡᠯᠬᠢᠯᠲᠦᠨ᠂ ᠨᠠᠮᠤᠷ᠎ᠤᠨ ᠦᠵᠡᠮᠵᠢ᠎ᠶᠢ ᠰᠣᠨᠢᠷᠬᠠᠨ᠎ᠠ᠃ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠳᠠᠢᠴᠢᠨᠲᠠᠯ᠎ᠠ ᠭᠠᠴᠠᠭ᠎ᠠ ᠨᠢ ᠪᠠᠲᠤᠴᠠᠭᠠᠨ᠎ᠤ ᠠᠮᠢ ᠠᠬᠤᠢ᠎ᠶᠢᠨ ᠵᠢᠭᠤᠯᠴᠢᠯᠠᠯ᠎ᠤᠨ ᠦᠵᠡᠮᠵᠢ᠎ᠶᠢᠨ ᠣᠷᠣᠨ᠎ᠳᠤ ᠲᠦᠰᠢᠭᠯᠡᠨ᠂  ᠭᠠᠴᠠᠭᠠᠨ᠎ᠤ ᠪᠠᠨ ᠮᠣᠩᠭᠣᠯ ᠦᠨᠳᠦᠰᠦᠲᠡᠨ᠂ ᠬᠢᠲᠠᠳ ᠦᠨᠳᠦᠰᠦᠲᠡᠨ᠎ᠤ ᠣᠯᠠᠨ ᠲᠦᠮᠡᠨ᠎ᠢ ᠬᠥᠲᠥᠯᠥᠨ ᠵᠢᠯᠤᠭᠤᠳᠴᠤ᠂ ᠠᠷᠠᠳ᠎ᠤᠨ ᠰᠠᠭᠤᠴᠠ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠴᠣᠬᠯᠠᠭᠠᠨ ᠵᠡᠷᠭᠡ ᠠᠵᠤ ᠦᠢᠯᠡᠰ᠎ᠢ ᠬᠥᠭᠵᠢᠭᠦᠯᠵᠦ᠂ ᠮᠠᠯᠵᠢᠬᠤ ᠣᠷᠣᠨ᠎ᠢ ᠰᠦᠯᠵᠢᠶᠡᠨ᠎ᠤ ᠬᠠᠯᠠᠮᠰᠢᠯ ᠵᠢᠭᠤᠯᠴᠢᠯᠠᠯ᠎ᠤᠨ ᠲᠣᠰᠬᠤᠨ ᠪᠣᠯᠭᠠᠨ ᠬᠤᠪᠢᠷᠠᠭᠤᠯᠵᠠᠢ᠃ ᠪᠦᠷᠢᠳᠬᠡᠯ᠎ᠢ ᠦᠨᠳᠦᠰᠦᠯᠡᠪᠡᠯ᠂ ᠰᠠᠶᠢᠬᠠᠨ ᠥᠩᠭᠡᠷᠡᠭᠰᠡᠨ ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠬᠣᠭᠣᠴᠠᠭᠠᠨ ᠳ᠋ᠦ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠭᠣᠣᠯᠳᠠᠯᠭ᠎ᠠ᠎ᠲᠠᠢ A ᠲᠠᠰ᠎ᠤᠨ ᠵᠢᠭᠤᠯᠴᠢᠯᠠᠯ᠎ᠤᠨ ᠦᠵᠡᠮᠵᠢ᠎ᠶᠢᠨ ᠣᠷᠣᠨ ᠨᠢ 11 ᠲᠦᠮᠡ ᠭᠠᠷᠤᠢ ᠬᠥᠮᠥᠨ ᠤᠳᠠᠭ᠎ᠠ᠎ᠶᠢᠨ ᠵᠢᠭᠤᠯᠴᠢᠯᠠᠭ᠍ᠴᠢ ᠵᠢ ᠭᠥᠯᠢᠶᠡᠨ ᠠᠪᠴᠤ᠂  ᠵᠢᠭᠤᠯᠴᠢᠯᠠᠯ᠎ᠤᠨ ᠶᠡᠷᠦᠩᠬᠡᠢ ᠣᠷᠤᠯᠭ᠎ᠠ 150 ᠲᠦᠮᠡᠨ ᠲᠥᠭᠥᠷᠢᠭ ᠲᠦ᠍ ᠬᠦᠷᠴᠡᠢ᠃

ᠤᠯᠠᠭᠠᠨᠬᠠᠳᠠ ᠬᠤᠲᠠ᠎ᠶᠢᠨ ᠪᠠᠭᠠᠷᠢᠨ ᠵᠡᠭᠦᠨ ᠬᠣᠰᠢᠭᠤ ᠣᠢ᠎ᠵᠢᠨ ᠠᠵᠤ ᠠᠬᠤᠢ᠎ᠪᠠᠷ ᠭᠠᠷᠳᠠᠴᠠ ᠪᠤᠯᠭᠠᠵᠤ᠂ ᠪᠣᠬᠢᠷᠳᠤᠯ ᠦᠭᠡᠢ ᠠᠵᠤ ᠦᠢᠯᠡᠰ᠎ᠤᠨ ᠬᠥᠭᠵᠢᠯᠲᠡ᠎ᠶᠢᠨ ᠦᠷ᠎ᠡ ᠪᠦᠲᠦᠭᠡᠯ᠎ᠢᠶᠠᠷ ᠪᠦᠭᠦ ᠣᠷᠣᠨ ᠪᠦᠰᠡ᠎ᠶᠢᠨ ᠣᠯᠠᠨ ᠲᠦᠮᠡᠨ ᠳ᠋ᠦ ᠠᠰᠢᠭ᠋ ᠬᠦᠷᠲᠡᠭᠡᠵᠦ᠂ ᠬᠠᠮᠲᠤ᠎ᠪᠠᠷ ᠲᠡᠮᠡᠴᠡᠵᠦ᠂ ᠬᠠᠮᠲᠤ᠎ᠪᠠᠷ ᠴᠢᠨᠡᠭᠡᠯᠢᠭᠵᠢᠬᠦ ᠳᠤᠮᠳᠠ ᠬᠥᠭᠵᠢᠯᠲᠡ᠎ᠶᠢᠨ ᠬᠠᠮᠲᠤᠷᠠᠯ ᠬᠦᠴᠦᠨ᠎ᠢ ᠨᠢᠭ᠍ᠲᠠᠷᠠᠭᠤᠯᠤᠭᠰᠠᠨ ᠪᠠᠢᠨ᠎ᠠ᠃  ᠪᠦᠭᠦ ᠬᠣᠰᠢᠭᠤᠨ᠎ᠤ ᠣᠢ ᠲᠣᠲᠣᠷᠠᠬᠢ ᠬᠢᠲᠠᠳ ᠡᠮ᠎ᠤᠨ ᠮᠠᠲᠧᠷᠢᠶᠠᠯ ᠳᠠᠷᠢᠬᠤ ᠲᠠᠯᠠᠪᠠᠢ 9.8 ᠲᠦᠮᠡᠨ ᠮᠥ᠍᠎ᠳᠤ ᠬᠦᠷᠴᠦ᠂ ᠣᠯᠠᠨ ᠰᠢᠶᠠᠩ ᠪᠠᠯᠭᠠᠰᠤᠨ᠎ᠤ ᠬᠥᠭᠵᠢᠯᠲᠡ᠎ᠶᠢ ᠳᠠᠶ᠋ᠢᠴᠢᠯᠠᠪᠠ᠃ ᠡᠯᠪᠡᠭ ᠪᠠᠶᠠᠯᠢᠭ᠋ ᠣᠢᠲᠤ ᠭᠠᠵᠠᠷ᠎ᠤᠨ ᠡᠬᠢ ᠪᠠᠶᠠᠯᠢᠭ᠋᠎ᠲᠤ ᠲᠦᠰᠢᠭᠯᠡᠨ᠂ ᠮᠦᠬᠦ᠂ ᠣᠢ ᠲᠣᠲᠣᠷᠠᠬᠢ ᠡᠪᠡᠰᠦ ᠪᠣᠷᠳᠣᠭ᠎ᠠ ᠳᠠᠷᠢᠬᠤ ᠵᠡᠷᠭᠡ ᠠᠵᠤ ᠦᠢᠯᠡᠰ᠎ᠢ ᠶᠡᠬᠡ ᠪᠡᠷ ᠬᠥᠭᠵᠢᠭᠦᠯᠵᠦ᠂ ᠣᠢᠲᠤ ᠭᠠᠵᠠᠷ᠎ᠤᠨ ᠡᠬᠢ ᠪᠠᠶᠠᠯᠢᠭ᠋᠎ᠢ ᠠᠮᠢᠯᠠᠭᠤᠯᠤᠨ᠂  ᠶᠡᠬᠡ ᠬᠡᠮᠵᠢᠶᠡᠨ᠎ᠤ ᠤᠢᠷ᠎ᠠ ᠬᠠᠪᠢ ᠳ᠋ᠤᠨᠢ ᠠᠵᠢᠯ ᠣᠯᠭᠣᠬᠤ ᠠᠵᠢᠯ᠎ᠤᠨ ᠪᠠᠢᠷᠢ᠎ᠶᠢ ᠡᠭᠦᠳᠪᠡ᠃ 《ᠠᠵᠤ ᠠᠬᠤᠢᠯᠠᠯ + ᠬᠤᠷᠰᠢᠶ᠎ᠠ + ᠲᠠᠷᠢᠶᠠᠴᠢᠨ ᠡᠷᠦᠭᠡ》 ᠶ᠋ᠢᠨ ᠪᠣᠯᠪᠠᠰᠤᠷᠠᠩᠭᠤᠢ ᠬᠥᠭᠵᠢᠯᠲᠡ᠎ᠶᠢᠨ ᠵᠠᠭᠪᠤᠷ᠎ᠢᠶᠠᠷ ᠳᠠᠮᠵᠢᠭᠤᠯᠤᠨ᠂ ᠪᠦᠭᠦ ᠬᠣᠰᠢᠭᠤᠨ᠎ᠤ ᠮᠠᠰᠢ ᠣᠯᠠᠨ ᠣᠢ ᠰᠢᠭᠤᠢ ᠡᠪᠡᠰᠦ ᠪᠡᠯᠴᠢᠭᠡᠷ᠎ᠢ ᠡᠳ᠋ᠰᠢᠭᠦᠯᠦᠨ ᠡᠵᠡᠩᠨᠡᠬᠦ ᠭᠣᠣᠯ ᠴᠣᠭᠴᠠ᠎ᠶᠢ ᠪᠣᠢᠵᠢᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠠᠵᠤ ᠦᠢᠯᠡᠰ᠎ᠤᠨ ᠬᠥᠭᠵᠢᠯᠲᠡ᠎ᠶᠢᠨ ᠳᠤᠮᠳᠠ ᠠᠵᠢᠯ ᠬᠤᠪᠢᠶᠠᠷᠢᠯᠠᠨ ᠬᠠᠮᠵᠢᠯᠴᠠᠵᠤ᠂ ᠬᠠᠷᠢᠯᠴᠠᠨ ᠬᠠᠪᠰᠤᠷᠤᠯᠴᠠᠵᠤ᠂ ᠪᠦᠭᠦ ᠠᠷᠠᠳ᠎ᠢᠶᠠᠷ᠎ᠢᠶᠠᠨ ᠣᠷᠤᠯᠴᠠᠵᠦ᠂ ᠬᠠᠮᠲᠤ᠎ᠪᠠᠷ ᠡᠳ᠋ᠯᠡᠬᠦ ᠬᠥᠭᠵᠢᠯᠲᠡ ᠶ᠋ᠢᠨ ᠪᠠᠶ᠋ᠢᠷᠢᠰᠢᠯ᠎ᠢ ᠪᠤᠢ ᠪᠣᠯᠭᠠᠪᠠ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠥᠪᠥᠷ ᠮᠣᠩᠭᠣᠯ ᠴᠢᠨᠠᠷ ᠰᠠᠢᠲᠠᠢ ᠬᠥᠭᠵᠢᠯᠲᠡ᠎ᠶᠢ ᠲᠦᠷᠭᠡᠳᠬᠡᠵᠦ᠂ ᠬᠠᠮᠲᠤ᠎ᠪᠠᠷ ᠴᠢᠨᠡᠭᠡᠯᠢᠭᠵᠢᠬᠦ᠎ᠶᠢ ᠪᠡᠶᠡᠯᠡᠭᠦᠯᠬᠦ ᠲᠠᠯ᠎ᠠ᠎ᠪᠠᠷ ᠬᠦᠴᠦᠯᠡᠪᠡ᠃ ᠴᠥᠭᠡᠨ ᠲᠣᠭᠠᠲᠤ ᠦᠨᠳᠦᠰᠦᠲᠡᠨ᠎ᠤ ᠬᠥᠭᠵᠢᠯᠲᠡ᠎ᠶᠢᠨ ᠡᠭᠦᠷᠭᠡ᠎ᠶᠢᠨ ᠪᠡᠯᠡ ᠮᠥᠩᠭᠥ᠎ᠶᠢ ᠨᠡᠶ᠋ᠢᠲᠡ 35.39 ᠳ᠋ᠦᠩᠰᠢᠭᠤᠷ ᠲᠥᠭᠦᠷᠢᠭ ᠪᠠᠭᠤᠯᠭᠠᠵᠤ᠂ ᠬᠠᠮᠲᠤ ᠪᠡᠷ ᠴᠢᠨᠡᠭᠡᠯᠢᠭᠵᠢᠬᠦ ᠲᠥᠷᠦᠯ ᠵᠦᠢᠯ᠎ᠢ 3640 ᠬᠡᠷᠡᠭᠵᠢᠭᠦᠯᠵᠦ᠂ ᠦᠨᠳᠦᠰᠦᠲᠡᠨ᠎ᠨᠦᠭᠦᠳ᠎ᠤᠨ ᠬᠠᠮᠲᠤ ᠪᠠᠷ ᠴᠢᠨᠡᠭᠡᠯᠢᠭᠵᠢᠬᠦ᠎ᠶᠢ ᠠᠬᠢᠭᠤᠯᠪᠠ᠃ ᠬᠢᠯᠢ ᠬᠢᠵᠠᠭᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶᠢ ᠭᠦᠨᠵᠡᠭᠡᠢᠷᠡᠭᠦᠯᠵᠦ᠂ ᠥᠪᠡᠷᠲᠡᠭᠡᠨ ᠵᠠᠰᠠᠬᠤ ᠣᠷᠣᠨ᠎ᠡᠴᠡ ᠨᠡᠶ᠋ᠢᠲᠡ 216 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠲᠣᠬᠢᠷᠠᠭᠤᠯᠵᠤ᠂ ᠬᠢᠯᠢ ᠬᠢᠵᠠᠭᠠᠷ ᠣᠷᠣᠨ᠎ᠤ ᠤᠰᠤ ᠴᠠᠭᠢᠯᠭᠠᠨ ᠵᠠᠮ ᠬᠠᠷᠢᠯᠴᠠᠭ᠎ᠠ ᠵᠡᠷᠭᠡ ᠰᠠᠭᠤᠷᠢ ᠲᠦᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠢ ᠭᠡᠷᠡᠭᠵᠢᠭᠦᠯᠪᠡ᠃

ᠲᠦᠮᠡᠨ ᠠᠭᠣᠯᠠ ᠮᠢᠩᠭᠠᠨ ᠣᠰᠣᠨ᠎ᠡᠴᠡ ᠰᠡᠳᠬᠢᠯ ᠨᠢᠭᠡᠲᠦᠨ ᠬᠠᠮᠲᠤ ᠪᠡᠷ ᠤᠷᠤᠭᠰᠢᠯᠠᠬᠤ ᠭᠦᠷᠲᠡᠯ᠎ᠡ᠂ ᠤᠷᠲᠤ ᠵᠠᠮ᠎ᠤᠨ ᠠᠶᠠᠨ ᠳᠠᠢᠨ ᠶ᠋ᠢᠡᠷ ᠲᠠᠪᠲᠠᠬᠲᠠᠬᠰᠠᠨ ᠪᠦᠯᠬᠦᠮᠳᠡᠯ᠎ᠦᠨ ᠲᠡᠪᠢᠰᠭᠡᠷ ᠥᠩᠭᠡ᠂ ᠴᠠᠭ ᠣᠷᠣᠨ ᠵᠠᠢ᠎ᠶᠢ ᠠᠯᠣᠰᠯᠠᠨ ᠦᠷᠬᠦᠯᠵᠢᠯᠡᠨ ᠬᠢᠯᠠᠯᠵᠠᠬᠰᠠᠭᠠᠷ; ᠤᠷᠳᠤ ᠵᠠᠮ᠎ᠤᠨ ᠠᠶᠠᠨ ᠲᠠᠢᠨ᠎ᠤ ᠵᠣᠷᠢᠭ᠋ ᠰᠠᠨᠠᠭ᠎ᠠ᠎ᠶᠢᠨ 《ᠬᠦᠴᠢᠷ ᠵᠣᠪᠠᠭᠣᠷᠢ ᠪᠠᠨ ᠬᠠᠮᠲᠤᠳᠬᠠᠬᠤ》 ᠨᠢ ᠪᠣᠳᠠᠲᠤ ᠦᠢᠯᠡᠳᠦᠯᠭᠡ᠎ᠶᠢᠨ ᠲᠣᠮᠲᠠ ᠴᠠᠭ ᠦᠶ᠎ᠡ᠎ᠶᠢᠨ ᠭᠡᠷᠡᠴᠢᠯᠡᠯ᠎ᠢ ᠣᠯᠣᠭᠰᠠᠨ ᠪᠠᠢᠨ᠎ᠠ᠃ ᠬᠠᠷᠠᠭᠠᠨ᠎ᠤ ᠦᠵᠦᠬᠦᠷ᠂ ᠬᠠᠯᠠᠭᠣᠨ ᠰᠡᠳᠬᠢᠯ᠎ᠤᠨ ᠬᠦᠨ ᠳ᠋ᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠣ ᠠᠵᠢᠯᠯᠠᠭ᠎ᠠ ᠨᠢ ᠥᠪᠥᠷ ᠮᠣᠩᠭᠣᠯ᠎ᠤᠨ ᠡᠬᠡ ᠭᠠᠵᠠᠷ᠎ᠲᠤ ᠦᠨᠳᠦᠰᠦ ᠬᠦᠨ ᠬᠠᠳᠬᠤᠵᠤ ᠣᠷᠭᠣᠵᠦ ᠪᠣᠢᠵᠢᠬᠰᠠᠭᠠᠷ — ᠲᠦᠮᠡᠨ ᠠᠭᠣᠯᠠ ᠮᠢᠩᠭᠠᠨ ᠤᠰᠤᠨ᠎ᠢ ᠲᠣᠭᠣᠯᠬᠣ ᠵᠠᠮ᠎ᠢᠵᠢᠯᠭᠡᠨ᠂ ᠣᠷᠣᠬᠰᠢᠯᠠᠬᠣ ᠵᠠᠮ ᠶᠠᠪᠣᠬᠣ ᠳᠣᠲᠤᠮ ᠦᠷᠭᠡᠵᠢᠵᠦ᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭᠡᠰ ᠭᠠᠵᠠᠷ ᠰᠠᠢ ᠦᠭᠡᠢ ᠲᠡᠯᠭᠡᠷᠡᠨᠡᠮ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面