2026-11-04 11:09:44
10 ᠰᠠᠷ᠎ᠠ᠎ᠶᠢᠨ 29 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ《ᠤᠨᠤᠯᠰᠤᠷᠤᠯᠴᠠᠬᠤ ᠭᠠᠪᠰᠢᠭᠠᠢ ᠠᠩᠭᠢ》᠎ᠶᠢᠨ ᠵᠢᠱ᠌ᠢᠶ᠎ᠡ ᠦᠵᠡᠭᠦᠯᠬᠦ ᠤᠬᠠᠭᠤᠯᠤᠨ ᠲᠠᠢᠯᠪᠤᠷᠢᠯᠠᠬᠤ ᠪᠦᠯᠬᠦᠮ ᠬᠣᠷᠢᠨᠭᠡᠷ ᠰᠢᠨ᠎ᠡ ᠲᠣᠭᠣᠷᠢᠭ᠋᠎ᠲᠤ ᠬᠦᠷᠪᠡ᠃
ᠮᠡᠳᠡᠭᠦᠯᠦᠯᠲᠡ᠎ᠶᠢᠨ ᠬᠤᠷᠠᠯ ᠳᠡᠭᠡᠷ᠎ᠡ᠂ ᠤᠬᠠᠭᠤᠯᠤᠨ ᠲᠠᠢᠯᠪᠤᠷᠢᠯᠠᠬᠤ ᠪᠠᠭ᠎ᠠ ᠬᠤᠪᠢᠶᠠᠷᠢ ᠠᠩᠭᠢ᠎ᠶᠢᠨ ᠪᠦᠷᠢᠯᠳᠦᠭᠦᠨ ᠤᠯᠠᠭᠠᠨᠴᠠᠪ ᠬᠣᠲᠠ᠎ᠶᠢᠨ ᠲᠣᠮᠣ᠌ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶᠠᠨ᠎ᠤ ᠳᠠᠷᠤᠭ᠎ᠠ ᠭᠦᠸᠧ ᠰᠢᠶᠣᠣ ᠯᠢᠩ᠂ ᠱᠢ ᠵᠢᠢ ᠬᠣ᠌ ᠯᠢᠶᠠᠨ ᠤᠯᠠᠭᠠᠨᠴᠠᠪ᠎ᠤᠨ ᠰᠠᠭᠤᠷᠢᠨ ᠭᠠᠵᠠᠷ᠎ᠤᠨ ᠡᠬᠢ ᠪᠠᠶᠠᠯᠢᠭ᠋᠎ᠤᠨ ᠨᠡᠭᠡᠭᠡᠯᠲᠡ᠎ᠶᠢᠨ ᠬᠡᠯᠲᠡᠰ᠎ᠦᠨ ᠶᠡᠷᠦᠩᠬᠡᠢ ᠬᠢᠨᠠᠭ᠍ᠴᠢ ᠵᠧᠦ ᠢ ᠭᠤᠸᠠᠩ᠂ ᠤᠯᠠᠭᠠᠨᠴᠠᠪ ᠬᠣᠲᠠ᠎ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠭᠢᠭᠢᠷᠢᠶᠢᠨ ᠨᠠᠭᠤᠷ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠦᠢᠯᠡᠴᠢᠯᠡᠭᠡᠨ᠎ᠦ ᠲᠥᠪ᠎ᠦᠨ ᠡᠷᠬᠢᠯᠡᠭᠴᠢ ᠸᠠᠩ ᠱᠣᠣ ᠵᠢᠶᠦ᠋ᠨ᠂ ᠤᠯᠠᠭᠠᠨᠴᠠᠪ ᠬᠣᠲᠠ᠎ᠶᠢᠨ ᠴᠠᠬᠠᠷ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠋᠎ᠤᠨ ᠬᠠᠮᠢᠶᠠᠷᠤᠯᠲᠠ᠎ᠶᠢᠨ ᠵᠥᠪᠯᠡᠯ᠎ᠦᠨ ᠳᠡᠳ᠋ ᠡᠷᠬᠢᠯᠡᠭᠴᠢ ᠯᠢᠦ ᠵᠢᠶᠦ᠋ᠨ ᠫᠢᠩ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ ᠬᠤᠭᠤᠴᠠᠭᠠᠨ᠎ᠳᠠᠬᠢ ᠮᠠᠷᠲᠠᠭᠳᠠᠰᠢ ᠦᠭᠡᠢ ᠬᠣᠷᠣᠮ᠎ᠢ ᠡᠷᠭᠢᠴᠡᠭᠦᠯᠵᠦ᠂ ᠭᠠᠵᠠᠷ ᠣᠷᠣᠨ᠎ᠤ ᠬᠥᠭᠵᠢᠯᠲᠡ᠎ᠶᠢᠨ ᠪᠣᠳᠠᠲᠤ ᠪᠠᠢᠳᠠᠯ᠂ ᠠᠵᠢᠯ᠎ᠤᠨ ᠪᠠᠢᠷᠢ᠎ᠳᠡᠬᠢ ᠦᠢᠯᠡᠳᠦᠯᠭᠡ ᠪᠠ ᠪᠡᠶ᠎ᠡ᠎ᠪᠡᠷ᠎ᠢᠶᠡᠨ ᠣᠢᠯᠠᠭᠠᠨ ᠮᠡᠳᠡᠷᠡᠬᠦ ᠲᠠᠢ ᠤᠶᠠᠯᠳᠤᠭᠤᠯᠤᠨ᠂ 《ᠵᠢᠵᠢᠭ ᠬᠠᠷᠠᠭᠠᠰᠦ》 ᠡᠴᠡ 《ᠶᠡᠬᠡ ᠭᠣᠣᠯ ᠰᠡᠳᠦᠪ》 ᠢ᠋ ᠲᠠᠢᠯᠪᠤᠷᠢᠯᠠᠵᠤ᠂ ᠠᠮᠢᠳᠤᠯᠢᠭ ᠪᠣᠳᠠᠲᠠᠢ ᠵᠢᠱ᠌ᠢᠶ᠎ᠡ᠎ᠪᠡᠷ ᠲᠥᠷᠥᠭᠳᠡᠯ᠎ᠢᠶᠡᠨ ᠶᠠᠷᠢᠵᠤ᠂ ᠬᠠᠷᠢᠭᠤᠴᠠᠯᠭ᠎ᠠ ᠡᠭᠦᠷᠭᠡᠯᠡᠯ᠎ᠢ ᠶᠠᠷᠢᠯᠴᠠᠵᠤ᠂ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ ᠰᠣᠨᠣᠰᠴᠤ ᠣᠢᠯᠠᠭᠠᠬᠤ᠂ ᠰᠣᠨᠣᠰᠬᠤ ᠳᠤᠷᠠᠲᠠᠢ ᠦᠭᠡ ᠶᠠᠷᠢᠶ᠎ᠠ᠎ᠪᠡᠷ ᠠᠳᠠᠯᠢ ᠪᠤᠰᠤ ᠬᠠᠷᠠᠭᠠᠰᠤ ᠡᠴᠡ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠳᠤ ᠠᠮᠢᠳᠤᠯᠢᠭ᠋ ᠲᠠᠢᠯᠪᠤᠷᠢᠯᠠᠯᠲᠠ ᠬᠢᠪᠡ᠃
ᠬᠣᠷᠢᠨᠭᠡᠷ ᠰᠢᠨ᠎ᠡ ᠲᠣᠭᠣᠷᠢᠭ᠋᠎ᠤᠨ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠪᠠ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠣᠪᠴᠢᠶ᠎ᠠ᠎ᠶᠢᠨ ᠵᠠᠬ᠎ᠠ ᠳᠡᠯᠭᠡᠭᠦᠷ᠎ᠦᠨ ᠦᠢᠯᠡᠴᠢᠯᠡᠭᠡᠨ᠎ᠦ ᠠᠯᠪᠠᠨ ᠭᠡᠷ᠎ᠦᠨ ᠬᠠᠷᠢᠭᠤᠴᠠᠯᠭᠠᠲᠠᠨ ᠵᠣᠣ ᠪᠠᠲᠤ᠄ 《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶᠢ ᠰᠣᠨᠣᠰᠤᠭᠰᠠᠨ᠎ᠤ ᠳᠠᠷᠠᠭ᠎ᠠ᠂ ᠪᠢ 〈ᠪᠣᠬᠢᠷᠲᠤᠯ ᠦᠭᠡᠢ ᠬᠥᠭᠵᠢᠯᠲᠡ〉 ᠪᠣᠯᠣᠨ 〈ᠪᠤᠳᠤᠯᠲᠠ᠎ᠵᠢᠨ ᠬᠦᠴᠦᠨ᠎ᠦ ᠠᠵᠤ ᠦᠢᠯᠡᠰ〉᠎ᠤ᠋ᠨ ᠬᠣᠯᠪᠣᠭᠳᠠᠯ᠎ᠤᠨ ᠲᠤᠬᠠᠢ ᠨᠠᠩ ᠪᠣᠳᠠᠲᠠᠢ ᠲᠠᠨᠢᠯᠲᠠ᠎ᠲᠠᠢ ᠪᠣᠯᠪᠠ᠃ ᠬᠣᠷᠢᠨᠭᠡᠷ ᠰᠢᠨ᠎ᠡ ᠲᠣᠭᠣᠷᠢᠭ᠋᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠢᠩᠬᠢᠮ᠎ᠦᠨ ᠵᠠᠬ᠎ᠠ ᠳᠡᠯᠭᠡᠭᠦᠷ᠎ᠦᠨ ᠦᠢᠯᠡᠴᠢᠯᠡᠭᠡᠨ᠎ᠦ ᠠᠯᠪᠠᠨ ᠭᠡᠷ᠎ᠦᠨ ᠨᠢᠭᠡᠳᠦᠭᠡᠷ ᠹᠷᠣᠨᠲ᠎ᠤᠨ ᠠᠵᠢᠯᠲᠠᠨ ᠪᠣᠯᠤᠭᠰᠠᠨ᠎ᠤ ᠬᠤᠪᠢ᠎ᠳᠤ᠂ ᠲᠠᠷᠠᠭᠠᠴᠢ᠎ᠶᠢᠨ ᠠᠯᠬᠤᠮ᠎ᠳᠤ ᠪᠢ ᠠᠩᠬ᠎ᠠ ᠠᠰᠠᠭᠤᠭᠳᠠᠭᠴᠢ ᠬᠠᠷᠢᠭᠤᠴᠠᠬᠤ᠂ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ᠂ ᠴᠠᠭ ᠬᠢᠵᠠᠭᠠᠷᠯᠠᠨ ᠭᠦᠢᠴᠡᠳᠬᠡᠵᠦ ᠳᠠᠭᠤᠰᠬᠠᠬᠤ ᠵᠡᠷᠭᠡ ᠠᠵᠢᠯ᠎ᠤᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠬᠤ᠎ᠶᠢᠨ ᠬᠠᠮᠲᠤ ᠪᠥᠬᠥ ᠶᠠᠪᠤᠴᠠ᠎ᠳᠤ ᠬᠠᠪᠰᠤᠷᠤᠨ ᠭᠦᠢᠴᠡᠳᠬᠡᠬᠦ ᠦᠢᠯᠡᠴᠢᠯᠡᠭᠡ᠎ᠶᠢ ᠰᠠᠨᠠᠭᠠᠴᠢᠯᠠᠭ᠎ᠠ᠎ᠡᠴᠡ᠎ᠪᠠᠨ ᠬᠠᠩᠭᠠᠵᠤ᠂ ᠤᠬᠠᠭᠤᠯᠤᠨ ᠲᠠᠢᠯᠪᠤᠷᠢᠯᠠᠯᠲᠠ ᠡᠴᠡ ᠣᠯᠵᠤ ᠮᠡᠳᠡᠷᠡᠭᠰᠡᠨ 〈ᠠᠴᠢ ᠡᠨᠡᠷᠢᠯ ᠳ᠋ᠦ ᠲᠠᠯᠠᠷᠬᠠᠨ ᠡᠷᠡᠮᠡᠬᠡᠢᠯᠡᠨ ᠤᠷᠤᠭᠰᠢᠯᠠᠬᠤ〉 ᠵᠢ ᠴᠣᠩᠬᠣᠪᠴᠢ᠎ᠵᠢᠨ ᠡᠮᠦᠨᠡᠬᠢ ᠦᠨᠡᠨ ᠪᠣᠳᠠᠲᠠᠢ ᠲᠡᠰᠪᠦᠷᠢ ᠲᠡᠪᠴᠢᠶᠡᠷᠢ ᠪᠠ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ》 ᠭᠡᠪᠡ᠃
《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶᠢ ᠰᠣᠨᠣᠰᠤᠭᠠᠳ ᠪᠢ ᠲᠤᠢᠯ᠎ᠢᠶᠠᠷ ᠤᠷᠮᠠᠰᠢᠨ ᠵᠣᠷᠢᠭ᠍ᠵᠢᠪᠠ᠃ ᠶᠡᠷᠦᠩᠬᠡᠢ ᠱᠦᠵᠢ 〈ᠵᠡᠭᠦᠨᠳᠡᠬᠢ ᠳ᠋ᠠᠢᠲ᠋ᠠ᠎ᠵᠢ ᠪᠠᠷᠠᠭᠤᠨᠳᠡᠬᠢ ᠪᠤᠳᠤᠯᠲᠠ᠎ᠵᠢᠨ ᠬᠦᠴᠦᠨ᠎ᠵᠢᠡᠷ ᠲᠤᠯᠭᠠᠭᠤᠷᠢᠯᠠᠬᠤ〉 ᠢᠨᠵᠧᠨᠧᠷᠢᠩ᠎ᠢ ᠠᠬᠢᠭᠤᠯᠵᠤ᠂ 〈ᠥᠨᠳᠥᠷ ᠪᠦᠲᠦᠮᠵᠢᠲᠡᠢ᠂ ᠪᠣᠬᠢᠷᠲᠤᠯ ᠦᠭᠡᠢ᠂ ᠠᠮᠤᠷ ᠲᠦᠪᠰᠢᠨ〉᠎ᠢ᠋ ᠪᠠᠷᠢᠮᠲᠠᠯᠠᠵᠤ᠂ ᠤᠰᠤᠨ᠎ᠤ ᠬᠡᠮᠵᠢᠶ᠎ᠡ᠎ᠪᠠᠷ ᠦᠢᠯᠡᠳᠪᠦᠷᠢᠯᠡᠯᠵᠢᠡᠨ ᠲᠣᠭᠲᠠᠭᠠᠬᠤ᠎ᠶᠢ ᠨᠠᠢᠳᠠᠪᠤᠷᠢᠵᠢᠭᠤᠯᠵᠤ᠂ ᠤᠰᠤᠨ᠎ᠤ ᠡᠬᠢ ᠪᠠᠶᠠᠯᠢᠭ᠋᠎ᠢᠶᠠᠷ ᠴᠢᠩᠭ᠎ᠠ ᠬᠢᠵᠠᠭᠠᠷᠯᠠᠯ ᠪᠣᠯᠭᠠᠬᠤ ᠬᠡᠷᠡᠭᠲᠡᠢ ᠭᠡᠵᠦ ᠱᠠᠭᠠᠷᠳᠠᠪᠠ᠂ ᠡᠨᠡ ᠨᠢ ᠨᠠᠮ᠎ᠠ᠎ᠶᠢ 〈ᠪᠣᠳᠣᠯᠲᠠ᠎ᠵᠢᠨ ᠬᠦᠴᠦᠨ ᠪᠡ ᠴᠠᠬᠢᠯᠭᠠᠨ ᠬᠦᠴᠦᠨ᠎ᠤ ᠬᠠᠮᠵᠢᠯᠴᠠᠭ᠎ᠠ〉 〈ᠪᠣᠳᠣᠯᠲᠠ᠎ᠵᠢᠨ ᠬᠦᠴᠦᠨ ᠪᠠ ᠤᠰᠤᠨ᠎ᠤ ᠡᠬᠢ ᠪᠠᠶᠠᠯᠢᠭ᠎ᠤᠨ ᠬᠠᠮᠵᠢᠯᠴᠠᠭ᠎ᠠ〉 ᠶ᠋ᠢ ᠰᠠᠢᠲᠤᠷ ᠬᠢᠬᠦ ᠲᠤᠬᠠᠢ ᠨᠡᠩ ᠲᠣᠳᠣᠷᠬᠠᠢ ᠲᠠᠨᠢᠯᠲᠠ᠎ᠲᠠᠢ ᠪᠣᠯᠭᠠᠵᠤ᠂ ᠨᠡᠩ ᠡᠷᠴᠢ ᠵᠣᠷᠢᠭ᠋ ᠲᠠᠢ ᠪᠣᠯᠪᠠ᠃ ᠲᠠᠷᠠᠭᠠᠴᠢ᠎ᠶᠢᠨ ᠠᠯᠬᠤᠮ᠎ᠳᠤ᠂ ᠪᠢ ᠦᠨᠳᠦᠰᠦᠨ ᠱᠠᠲᠤᠨ᠎ᠤ ᠠᠵᠢᠯ᠎ᠤᠨ ᠪᠠᠢᠷᠢ᠎ᠳᠤ ᠰᠠᠭᠤᠷᠢᠯᠠᠨ᠂ ᠬᠣᠯᠪᠣᠭᠳᠠᠯ ᠪᠦᠬᠦᠢ ᠠᠵᠢᠯ᠎ᠢ ᠴᠢᠩᠭ᠎ᠠ ᠪᠣᠳᠠᠲᠠᠢ ᠠᠳᠬᠤᠵᠤ᠂ ᠶᠡᠷᠦᠩᠬᠡᠢ ᠱᠦᠵᠢ᠎ᠶᠢᠨ ᠱᠠᠭᠠᠷᠳᠠᠯᠭ᠎ᠠ᠎ᠶᠢ ᠪᠣᠳᠠᠲᠠᠢ᠎ᠳᠤ ᠨᠠᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠎ᠳᠤ ᠬᠦᠴᠦᠨ ᠨᠡᠮᠡᠷᠢᠯᠡᠵᠦ᠂ ᠪᠣᠬᠢᠷᠲᠤᠯ ᠦᠭᠡᠢ ᠴᠢᠨᠠᠷ ᠰᠠᠢᠲᠠᠢ ᠬᠥᠭᠵᠢᠯᠲᠡ᠎ᠶᠢᠨ ᠵᠠᠮ᠎ᠢᠶᠠᠷ ᠰᠠᠢᠲᠤᠷ ᠵᠠᠮᠨᠠᠨ᠎ᠠ》 ᠭᠡᠵᠦ ᠬᠣᠷᠢᠨᠭᠡᠷ ᠰᠢᠨ᠎ᠡ ᠲᠣᠭᠣᠷᠢᠭ᠋᠎ᠤᠨ ᠪᠦᠲᠦᠭᠡᠨ ᠪᠠᠢᠭᠤᠯᠤᠯᠲᠠ ᠬᠠᠮᠢᠶᠠᠷᠤᠯᠲᠠ᠎ᠶᠢᠨ ᠯᠠᠪᠯᠠᠭ᠎ᠠ᠎ᠶᠢᠨ ᠬᠢᠵᠠᠭᠠᠷᠲᠤ ᠺᠣᠮᠫᠠᠨᠢ᠎ᠶᠢᠨ ᠳᠡᠳ᠋ ᠶᠡᠷᠦᠩᠬᠡᠢ ᠳᠠᠭᠠᠭᠠᠮᠠᠯ ᠵᠠᠩ ᠢᠦᠢ ᠾᠧᠩ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃