2026-11-05 11:24:15
10 ᠰᠠᠷ᠎ᠠ᠎ᠶᠢᠨ 30᠎ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠬᠦᠮᠦᠰ᠎ᠲᠦ ᠲᠤᠰᠬᠠᠢ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠵᠠᠬᠢᠷᠤᠯ ᠴᠢ ᠢ ᠵᠢᠶᠦ᠋ᠨ ᠬᠥᠬᠡᠬᠣᠲᠠ᠎ᠶᠢᠨ ᠶᠡᠷᠦᠩᠬᠡᠢ ᠬᠡᠯᠲᠡᠰ᠎ᠦᠨ ᠠᠵᠤ ᠠᠬᠤᠢ᠎ᠶᠢᠨ ᠲᠣᠮᠣ᠌ ᠠᠰᠠᠷ᠎ᠲᠤ ᠬᠦᠷᠴᠦ᠂ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠨᠠᠮ᠎ᠤᠨ ᠭᠡᠰᠢᠭᠦᠨ᠂ ᠠᠵᠢᠯᠯᠠᠭᠰᠠᠳ᠎ᠤᠨ ᠲᠥᠯᠥᠭᠡᠯᠡᠭᠴᠢ᠎ᠳᠦ ᠤᠬᠠᠭᠤᠯᠤᠨ ᠲᠠᠢᠯᠪᠤᠷᠢᠯᠠᠪᠠ᠃
ᠮᠡᠳᠡᠭᠦᠯᠦᠯᠲᠡ᠎ᠨᠢ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠲᠠᠢ ᠨᠢᠭ᠍ᠲᠠ ᠤᠶᠠᠯᠳᠤᠭᠤᠯᠵᠤ᠂ 《ᠵᠡᠭᠦᠨᠳᠡᠬᠢ ᠲᠤᠭ᠎ᠠ ᠪᠠᠷᠢᠮᠳᠠ᠎ᠵᠢ ᠪᠠᠷᠠᠭᠤᠨᠳᠡᠬᠢ ᠪᠤᠳᠤᠯᠲᠠ᠎ᠵᠢᠨ ᠬᠦᠴᠦᠨ᠎ᠵᠢᠡᠷ ᠲᠤᠯᠭᠠᠭᠤᠷᠢᠯᠠᠬᠤ》 ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠂ ᠪᠣᠬᠢᠷᠲᠤᠯ ᠦᠭᠡᠢ ᠴᠢᠨᠠᠷ ᠰᠠᠢᠲᠠᠢ ᠬᠥᠭᠵᠢᠯᠲᠡ ᠵᠡᠷᠭᠡ ᠭᠣᠣᠯᠳᠠᠯᠭ᠎ᠠ᠎ᠲᠠᠢ ᠠᠭᠤᠯᠭ᠎ᠠ᠎ᠶᠢᠨ ᠲᠣᠭᠣᠷᠢᠨ᠎ᠳᠤ᠂ ᠭᠣᠣᠯ ᠠᠭᠤᠯᠭ᠎ᠠ᠂ ᠦᠢᠯᠡᠳᠦᠯᠭᠡ᠎ᠶᠢᠨ ᠱᠠᠭᠠᠷᠳᠠᠯᠭ᠎ᠠ᠎ᠶᠢ ᠰᠢᠰᠲᠧᠮ᠎ᠲᠠᠢ ᠲᠣᠳᠣᠷᠬᠠᠢᠯᠠᠨ ᠥᠭᠦᠯᠡᠵᠦ᠂ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠬᠦᠮᠦᠰ ᠤ᠋ᠨ ᠭᠦᠨᠵᠡᠭᠡᠢ ᠣᠢᠯᠠᠭᠠᠨ ᠡᠵᠡᠮᠰᠢᠬᠦ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠬᠤ᠎ᠳᠤ ᠬᠦᠴᠦᠲᠡᠢ ᠵᠢᠯᠣᠭᠣᠳᠤᠮᠵᠢ ᠬᠠᠩᠭᠠᠪᠠ᠃ ᠤᠬᠠᠭᠤᠯᠤᠨ ᠲᠠᠢᠯᠪᠤᠷᠢᠯᠠᠬᠤ᠎ᠳᠠᠭᠠᠨ 《ᠠᠬᠤᠢ ᠲᠠᠯᠠᠪᠠᠢ᠎ᠵᠢᠨ ᠭᠣᠣᠯ ᠬᠤᠷᠠᠯ᠎ᠤᠨ ᠲᠠᠯᠠᠪᠠᠶ + ᠰᠦᠯᠵᠢᠶᠡᠨ ᠳᠡᠭᠡᠷᠡᠬᠢ ᠬᠤᠪᠢᠶᠠᠷᠢ ᠬᠤᠷᠠᠯ᠎ᠤᠨ ᠲᠠᠯᠠᠪᠠᠶ》 ᠵᠢᠨ ᠬᠡᠯᠪᠡᠷᠢ᠎ᠶᠢ ᠠᠪᠴᠤ᠂ 1400 ᠭᠠᠷᠤᠢ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠲᠥᠯᠥᠭᠡᠯᠡᠭᠴᠢᠳ ᠮᠡᠳᠡᠭᠦᠯᠦᠯᠲᠡ᠎ᠶᠢ ᠰᠣᠨᠣᠰᠪᠠ᠃ ᠬᠤᠷᠠᠯ᠎ᠳᠤ ᠣᠷᠣᠯᠴᠠᠭᠰᠠᠳ ᠨᠠᠷᠢᠨ ᠬᠢᠨᠠᠮᠠᠭᠠᠢ ᠰᠣᠨᠣᠰᠴᠤ᠂ ᠭᠦᠨᠵᠡᠭᠡᠢ ᠪᠣᠳᠣᠯᠬᠢᠯᠠᠵᠤ᠂ ᠥᠪᠡᠷ᠎ᠦᠨ ᠠᠵᠢᠯ᠎ᠲᠠᠢ᠎ᠪᠠᠨ ᠤᠶᠠᠯᠳᠤᠭᠤᠯᠤᠨ ᠲᠥᠷᠥᠭᠳᠡᠯ᠎ᠢᠶᠡᠨ ᠰᠣᠯᠢᠯᠴᠠᠪᠠ᠃
《ᠶᠡᠷᠦᠩᠬᠡᠢ ᠱᠦᠵᠢ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠎ᠳᠦ ᠴᠢᠭᠯᠡᠯ᠎ᠢ ᠲᠣᠳᠣᠷᠬᠠᠢ ᠵᠢᠭᠠᠵᠤ ᠥᠭᠪᠡ》᠃ ᠬᠥᠬᠡᠬᠣᠲᠠ᠎ᠶᠢᠨ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ ᠲᠥᠪ᠎ᠦᠨ ᠡᠷᠬᠢᠯᠡᠭᠴᠢ ᠭᠤᠤ ᠶᠦᠨ ᠹᠧᠩ᠄ 《ᠲᠠᠷᠠᠭᠠᠴᠢ᠎ᠶᠢᠨ ᠠᠯᠬᠤᠮ᠎ᠳᠤ᠂ ᠪᠢᠳᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 〈1571〉 ᠠᠵᠢᠯ᠎ᠤᠨ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠵᠤ᠂ ᠪᠣᠳᠠᠲᠤ ᠪᠠᠢᠳᠠᠯ᠎ᠳᠤ ᠰᠠᠭᠤᠷᠢᠯᠠᠨ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠢ ᠢᠳᠡᠪᠬᠢᠲᠡᠢ ᠬᠥᠲᠥᠯᠥᠨ ᠵᠢᠯᠤᠭᠣᠳᠴᠤ ᠪᠠᠢᠭᠠᠳ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠣᠶᠤᠨ ᠴᠢᠳᠠᠪᠤᠷᠢ᠎ᠶᠢᠨ ᠬᠥᠭᠵᠢᠯᠲᠡ᠎ᠶᠢᠨ ᠠᠵᠠ ᠲᠣᠬᠢᠶᠠᠯ᠎ᠢ ᠠᠮᠵᠢᠵᠤ᠂ ᠣᠷᠣᠨ᠎ᠤ ᠲᠥᠪ᠎ᠦᠨ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠪᠥᠬᠥ ᠲᠠᠯ᠎ᠠ᠎ᠪᠠᠷ ᠠᠬᠢᠭᠤᠯᠤᠨ᠎ᠠ》 ᠭᠡᠪᠡ᠃
ᠵᠢᠨ ᠢᠦᠢ ᠠᠮᠢᠳᠤ ᠪᠣᠳᠠᠰ᠎ᠤᠨ ᠮᠡᠷᠭᠡᠵᠢᠯ᠎ᠦᠨ ᠬᠤᠪᠢᠴᠠᠭᠠᠲᠦ ᠬᠢᠵᠠᠭᠠᠷᠲᠤ ᠺᠣᠮᠫᠠᠨᠢ᠎ᠶᠢᠨ ᠨᠠᠮ᠎ᠤᠨ ᠪᠠᠢᠭᠤᠯᠤᠯᠲᠠ᠎ᠵᠢᠨ ᠠᠵᠢᠯ᠎ᠤᠨ ᠠᠯᠪᠠᠨ ᠭᠡᠷ᠎ᠦᠨ ᠡᠷᠬᠢᠯᠡᠭᠴᠢ ᠴᠧᠨ ᠵᠢᠶᠠᠨ ᠵᠢᠶᠦ᠋ᠨ᠄ 《ᠡᠨᠡ ᠡᠳᠦᠷ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶᠢᠨ ᠬᠤᠷᠠᠯ᠎ᠳᠤ ᠣᠷᠣᠯᠴᠠᠭᠠᠳ ᠪᠢ ᠶᠡᠬᠡᠳᠡ ᠵᠣᠷᠢᠭ᠍ᠵᠢᠪᠠ!ᠪᠢᠳᠡ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠮᠠᠯ᠎ᠳᠤ ᠬᠡᠷᠡᠭᠯᠡᠬᠦ ᠸᠠᠺᠼᠢᠨ᠎ᠢ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠠᠵᠢᠯ᠎ᠳᠤ ᠭᠦᠨᠵᠡᠭᠡᠢᠷᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠡᠭᠦᠳᠦᠯᠳᠡ᠎ᠪᠡᠷ ᠠᠮᠢᠲᠠᠨ᠎ᠤ ᠬᠢᠵᠢᠭ ᠡᠪᠡᠳᠴᠢᠨ᠎ᠤ ᠰᠡᠷᠭᠡᠢᠯᠡᠯᠲᠡ᠎ᠵᠢᠨ ᠱᠤᠭᠤᠮ᠎ᠢ ᠪᠠᠲᠤ ᠴᠣᠭᠴᠠᠯᠠᠵᠤ᠂ ᠥᠪᠥᠷ ᠮᠣᠩᠭᠣᠯ᠎ᠤᠨ ᠮᠠᠯ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠵᠦ᠂ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠶ᠋ᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ!》 ᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃