2026-11-06 11:58:08
10 ᠰᠠᠷ᠎ᠠ᠎ᠶᠢᠨ 30 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠰᠢᠯᠢ᠎ᠶᠢᠨ ᠭᠣᠣᠯ ᠠᠢᠮᠠᠭ᠎ᠲᠤ ᠬᠦᠷᠴᠦ ᠤᠬᠠᠭᠤᠯᠤᠨ ᠲᠠᠢᠯᠪᠤᠷᠢᠯᠠᠪᠠ᠃
ᠰᠢᠯᠢ᠎ᠶᠢᠨ ᠭᠣᠣᠯ ᠠᠢᠮᠠᠭ᠎ᠤᠨ ᠵᠠᠰᠠᠭ ᠵᠠᠬᠢᠷᠭᠠᠨ᠎ᠤ ᠲᠥᠪ᠎ᠦᠨ ᠲᠣᠮᠣ᠌ ᠠᠰᠠᠷ᠎ᠲᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠵᠢᠨ ᠠᠵᠤ ᠠᠬᠤᠢ᠎ᠶᠢᠨ ᠤᠬᠠᠭᠠᠨ᠎ᠤ ᠵᠢᠭᠠᠨ ᠰᠤᠳᠤᠯᠬᠤ ᠬᠡᠯᠲᠡᠰ᠎ᠦᠨ ᠡᠷᠬᠢᠯᠡᠭᠴᠢ᠂ ᠫᠷᠤᠹᠧᠰᠰᠤᠷ ᠱᠠ ᠶᠦᠩ ᠮᠧᠶ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠠᠬᠢ ᠬᠠᠢᠷ᠎ᠠ ᠬᠠᠯᠠᠮᠵᠢ᠎ᠶᠢ ᠭᠦᠨᠵᠡᠭᠡᠢ ᠣᠢᠯᠠᠭᠠᠬᠤ᠂ ᠶᠡᠷᠦᠩᠬᠡᠢ ᠱᠦᠵᠢ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠳᠤ ᠠᠭᠤᠯᠤᠭᠳᠠᠵᠤ ᠪᠠᠢᠭ᠎ᠠ ᠡᠯᠪᠡᠭ ᠪᠠᠶᠠᠯᠢᠭ᠋ ᠠᠭᠤᠯᠤᠭᠳᠠᠬᠤᠨ᠂ ᠣᠬᠢ ᠰᠣᠳᠣ᠌ ᠴᠢᠬᠤᠯᠠ ᠠᠭᠤᠯᠭ᠎ᠠ᠎ᠶᠢ ᠭᠦᠨᠵᠡᠭᠡᠢ ᠣᠢᠯᠠᠭᠠᠬᠤ᠂ ᠮᠠᠰᠢ ᠴᠢᠩᠭ᠎ᠠ ᠠᠴᠢ ᠬᠠᠷᠢᠭᠤᠯᠠᠬᠤ ᠰᠡᠳᠬᠢᠯᠭᠡ᠂ ᠡᠷᠡᠯᠬᠡᠭᠯᠡᠨ ᠤᠷᠤᠭᠰᠢᠯᠠᠬᠤ ᠵᠣᠷᠢᠭ᠋ ᠰᠠᠨᠠᠭ᠎ᠠ᠎ᠪᠠᠷ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ᠎ᠢ ᠰᠠᠢᠲᠤᠷ ᠬᠢᠬᠦ ᠵᠡᠷᠭᠡ ᠲᠠᠯ᠎ᠠ᠎ᠪᠠᠷ ᠰᠢᠰᠲᠧᠮ᠎ᠲᠠᠢ ᠲᠠᠢᠯᠤᠮᠵᠢ ᠬᠢᠵᠦ᠂ ᠲᠤᠬᠠᠢ᠎ᠶᠢᠨ ᠲᠠᠯᠠᠪᠠᠶ᠎ᠶᠢᠨ ᠰᠣᠨᠣᠰᠤᠭ᠍ᠴᠢᠳ᠎ᠤᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠬᠠᠮᠲᠤ᠎ᠶᠢᠨ ᠲᠠᠨᠢᠯᠲᠠ ᠪᠡᠨ ᠨᠢᠭᠳᠠᠷᠠᠭᠤᠯᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠵᠢ ᠬᠦᠲᠦᠯᠦᠨ ᠵᠢᠯᠤᠭᠤᠳᠪᠠ᠃
《ᠥᠨᠥᠳᠥᠷ᠎ᠦᠨ ᠤᠬᠠᠭᠤᠯᠤᠨ ᠲᠠᠢᠯᠪᠤᠷᠢᠯᠠᠬᠤ᠎ᠶᠢ ᠰᠣᠨᠣᠰᠤᠭᠠᠳ ᠪᠢ ᠶᠡᠬᠡᠳᠡ ᠵᠣᠷᠢᠭ᠍ᠵᠢᠪᠠ᠃ ᠮᠠᠯ ᠠᠵᠤ ᠠᠬᠤᠢ᠎ᠶᠢᠨ ᠠᠵᠢᠯᠲᠠᠨ ᠪᠣᠯᠤᠭᠰᠠᠨ᠎ᠤ ᠬᠤᠪᠢ᠎ᠳᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠨᠡᠮᠡᠭᠳᠡᠭᠦᠯᠬᠦ ᠪᠣᠯ ᠮᠢᠨᠤ ᠲᠤᠬᠠᠢᠯᠠᠭᠰᠠᠨ ᠠᠵᠢᠯ ᠮᠦᠨ᠃ ᠵᠠᠯᠭᠠᠭᠠᠳ ᠪᠢ ᠬᠥᠳᠡᠭᠡ ᠲᠣᠰᠬᠣᠨ᠂ ᠮᠠᠯᠵᠢᠬᠤ ᠣᠷᠣᠨ᠎ᠤ ᠨᠢᠭᠡᠳᠦᠭᠡᠷ ᠹᠷᠣᠨᠲ᠎ᠲᠤ ᠨᠠᠩ ᠣᠯᠠᠨ ᠭᠦᠨᠵᠡᠭᠡᠢᠷᠡᠵᠦ᠂ ᠮᠠᠯᠴᠢᠨ ᠲᠠᠷᠢᠶᠠᠴᠢᠨ᠎ᠤ ᠭᠥᠯᠢᠶᠡᠨ ᠠᠪᠴᠤ ᠳᠡᠶ᠋ᠢᠯᠬᠦ ᠠᠷᠭ᠎ᠠ ᠬᠡᠯᠪᠡᠷᠢ᠎ᠪᠡᠷ ᠮᠠᠯ ᠠᠵᠤ ᠠᠬᠤᠢ᠎ᠶᠢᠨ ᠬᠤᠯᠪᠤᠭᠳᠠᠯ ᠪᠦᠬᠦᠢ ᠲᠥᠷᠥ᠎ᠶᠢᠨ ᠪᠣᠳᠣᠯᠭ᠎ᠠ᠎ᠶᠢ ᠲᠣᠳᠣᠷᠬᠠᠢ ᠶᠠᠷᠢᠵᠤ᠂ ᠤᠢᠯᠠᠭᠠᠭᠤᠯᠬᠤ᠎ᠶᠢᠨ ᠬᠠᠮᠲᠤ᠂ 〈ᠬᠣᠶᠠᠷ ᠵᠢᠯ᠎ᠳᠤ ᠭᠤᠷᠪᠠ ᠲᠦᠯᠯᠡᠬᠦ〉 ᠮᠡᠲᠦ᠎ᠶᠢᠨ ᠮᠠᠯ ᠠᠵᠤ ᠠᠬᠤᠢ᠎ᠶᠢᠨ ᠪᠣᠳᠠᠲᠤ ᠬᠡᠷᠡᠭᠯᠡᠭᠡᠨ᠎ᠦ ᠮᠡᠷᠭᠡᠵᠢᠯ᠎ᠢ ᠨᠠᠩ ᠣᠯᠠᠨ ᠳᠡᠯᠭᠡᠷᠡᠭᠦᠯᠵᠦ᠂ ᠲᠥᠷᠥ᠎ᠶᠢᠨ ᠪᠣᠳᠣᠯᠭ᠎ᠠ᠎ᠶᠢᠨ ᠵᠢᠯᠣᠭᠣᠳᠤᠯᠭ᠎ᠠ ᠪᠠ ᠮᠡᠷᠭᠡᠵᠢᠯ᠎ᠦᠨ ᠳᠡᠮᠵᠢᠯᠭᠡ᠎ᠪᠡᠷ ᠳᠠᠮᠵᠢᠭᠤᠯᠤᠨ ᠮᠠᠯᠴᠢᠨ ᠲᠠᠷᠢᠶᠠᠴᠢᠨ᠎ᠢ ᠬᠥᠲᠥᠯᠥᠨ ᠵᠢᠯᠤᠭᠣᠳᠴᠤ ᠪᠠᠢᠭᠠᠳ ᠦᠢᠯᠡᠳᠪᠦᠷᠢᠯᠡᠯ᠎ᠦᠨ ᠣᠢᠯᠠᠭᠠᠭᠳᠠᠬᠤᠨ᠎ᠢ ᠨᠢ ᠬᠤᠪᠢᠷᠠᠭᠤᠯᠵᠤ᠂ ᠲᠡᠵᠢᠭᠡᠨ ᠦᠷᠡᠵᠢᠭᠦᠯᠬᠦ ᠦᠢᠯᠡᠰ᠎ᠦᠨ ᠠᠰᠢᠭ᠋ ᠣᠷᠣᠯᠭ᠎ᠠ᠎ᠶᠢ ᠨᠢ ᠳᠡᠭᠡᠭᠰᠢᠯᠡᠭᠦᠯᠦᠨ᠎ᠡ》 ᠭᠡᠵᠦ ᠰᠢᠯᠢ᠎ᠶᠢᠨ ᠭᠣᠣᠯ ᠠᠢᠮᠠᠭ᠎ᠤᠨ ᠮᠠᠯ ᠠᠵᠤ ᠠᠬᠤᠢ᠎ᠶᠢᠨ ᠠᠵᠢᠯ᠎ᠤᠨ ᠥᠷᠲᠡᠭᠡ᠎ᠶᠢᠨ ᠰᠦ᠎ᠶᠢᠨ ᠦᠢᠯᠡᠰ᠎ᠦᠨ ᠮᠡᠷᠭᠡᠵᠢᠯ᠎ᠦᠨ ᠰᠠᠯᠠᠭᠠᠨ᠎ᠤ ᠳᠡᠳ᠋ ᠳᠠᠷᠤᠭ᠎ᠠ ᠫᠠᠩ ᠢᠦᠢ ᠬᠡᠯᠡᠪᠡ᠃
ᠰᠢᠯᠢᠩᠬᠣᠲᠠ᠎ᠶᠢᠨ ᠪᠤᠯᠭᠠᠨ ᠰᠤᠮᠤ᠎ᠳᠤ᠂ ᠱᠠ ᠶᠦᠩ ᠮᠧᠢ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠳᠦᠭᠦᠮ ᠣᠢᠯᠠᠭᠠᠮᠵᠢᠲᠠᠢ ᠦᠭᠡ ᠬᠡᠯᠡᠯᠭᠡ᠎ᠪᠡᠷ ᠲᠠᠢᠯᠪᠤᠷᠢᠯᠠᠬᠤ᠎ᠶᠢᠨ ᠬᠠᠮᠲᠤ ᠰᠤᠮᠤᠨ᠎ᠤ ᠺᠠᠳ᠋ᠷ᠂ ᠮᠠᠯᠴᠢᠨ ᠲᠦᠮᠡᠨ᠎ᠲᠠᠢ ᠬᠠᠮᠲᠤ᠎ᠪᠠᠷ ᠠᠮᠢ ᠠᠬᠤᠢ᠎ᠪᠠᠷ ᠠᠷᠠᠳ᠎ᠢ ᠪᠠᠶᠠᠵᠢᠭᠤᠯᠬᠤ᠂ ᠮᠠᠯ ᠠᠵᠤ ᠠᠬᠤᠢ᠎ᠶᠢᠨ ᠬᠥᠭᠵᠢᠯᠲᠡ ᠵᠢᠴᠢ ᠮᠠᠯᠴᠢᠳ᠎ᠢ ᠳᠠᠭᠠᠭᠤᠯᠤᠨ ᠪᠠᠶᠠᠵᠢᠭᠤᠯᠬᠤ ᠰᠡᠳᠬᠢᠴᠡ ᠪᠠ ᠠᠷᠭ᠎ᠠ᠎ᠶᠢ ᠰᠤᠳᠤᠯᠤᠨ ᠶᠠᠷᠢᠯᠴᠠᠪᠠ᠃
《ᠪᠢᠳᠡ 〈ᠤᠯᠠᠭᠠᠨ ᠪᠢᠴᠢᠭ᠎ᠦᠨ ᠪᠣᠭᠴᠣ᠌〉 ᠰᠠᠢᠨ ᠳᠤᠷ᠎ᠠ᠎ᠶᠢᠨ ᠤᠬᠠᠭᠤᠯᠤᠨ ᠲᠠᠢᠯᠪᠤᠷᠢᠯᠠᠬᠤ ᠠᠩᠭᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ 〈ᠨᠠᠮ᠎ᠤᠨ ᠭᠡᠰᠢᠭᠦᠨ᠎ᠦ ᠲᠠᠢᠯᠤᠮᠵᠢ〉᠂ 〈ᠨᠠᠮ᠎ᠤᠨ ᠭᠡᠰᠢᠭᠦᠨ᠎ᠦ ᠨᠡᠭᠡᠭᠡᠯᠲᠡ᠎ᠶᠢᠨ ᠡᠳᠦᠷ〉᠂ ᠲᠤᠰᠬᠠᠢ ᠰᠡᠳᠦᠪᠲᠦ ᠲᠠᠢᠯᠤᠮᠵᠢ ᠵᠡᠷᠭᠡ ᠬᠡᠯᠪᠡᠷᠢ᠎ᠲᠠᠢ ᠤᠶᠠᠯᠳᠤᠭᠤᠯᠤᠨ᠂ ᠦᠨᠳᠦᠰᠦᠨ ᠱᠠᠲᠤᠨ᠎ᠤ ᠨᠠᠮ᠎ᠤᠨ ᠭᠡᠰᠢᠭᠦᠨ ᠺᠠᠳ᠋ᠷ ᠪᠠ ᠮᠠᠯᠴᠢᠨ ᠲᠦᠮᠡᠨ᠎ᠳᠦ ᠦᠵᠡᠯ ᠰᠠᠨᠠᠭᠠᠨ᠎ᠤ ᠤᠬᠢ ᠱᠦᠯᠳᠦ᠂ ᠭᠣᠣᠯ ᠠᠭᠤᠯᠭ᠎ᠠ ᠪᠠ ᠵᠣᠷᠢᠭ᠋ ᠰᠠᠨᠠᠭᠠᠨ᠎ᠤ ᠮᠥᠨ ᠴᠢᠨᠠᠷ᠎ᠢ ᠲᠣᠳᠣᠷᠬᠠᠢ ᠶᠠᠷᠢᠵᠤ᠂ ᠨᠠᠮ᠎ᠤᠨ ᠣᠨᠣᠯ᠎ᠢ 〈ᠡᠬᠡᠯ ᠠᠷᠠᠳ᠎ᠤᠨ ᠭᠡᠷ᠎ᠲᠦ ᠬᠦᠷᠭᠡᠨ᠎ᠡ〉 》 ᠭᠡᠵᠦ ᠰᠢᠯᠢᠩᠬᠣᠲᠠ᠎ᠶᠢᠨ ᠪᠤᠯᠭᠠᠨ ᠰᠤᠮᠤ᠎ᠶᠢᠨ ᠨᠠᠮ᠎ᠤᠨ ᠬᠣᠷᠢᠶᠠᠨ᠎ᠤ ᠭᠡᠰᠢᠭᠦᠨ᠂ ᠤᠬᠠᠭᠤᠯᠬᠤ ᠭᠡᠰᠢᠭᠦᠨ ᠭᠤᠤ ᠵᠢᠶᠠᠨ ᠵᠦᠩ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃