ᠭᠣᠣᠯ ᠰᠡᠳᠦᠪᠲᠦ ᠮᠡᠳᠡᠭᠡᠯᠡᠯ > ᠪᠣᠬᠢᠷᠲᠤᠯ ᠦᠭᠡᠢ ᠬᠥᠭᠵᠢᠯᠲᠡ᠎ᠶᠢᠨ ᠵᠠᠮ᠎ᠢᠶᠠᠷ ᠡᠷᠡᠰ ᠭᠤᠢᠪᠢᠱᠢ ᠦᠭᠡᠢ ᠵᠠᠮᠨᠠᠶ᠎ᠠ

2026-11-10 09:36:06

ᠵᠣᠬᠢᠶᠠᠭ᠍ᠴᠢ᠄ ᠰᠦᠨ ᠯᠢᠦ ᠵᠠᠩ ᠺᠦᠶ ᠯᠢ ᠶᠦᠩ ᠲᠤᠤ ᠬᠤᠤ ᠪᠢᠶᠤᠤ ᠣᠩᠱᠢᠭ᠍ᠰᠠᠨ ᠣᠳᠠᠭ᠎ᠠ᠄ 3

— ᠪᠥᠬᠥ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ᠎ᠬᠢᠨ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠪᠤᠢ


ᠤᠢ᠌ᠷ᠎ᠠ᠎ᠶᠢᠨ ᠡᠳᠦᠷ᠂ ᠪᠦᠬᠦ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠤᠰᠢᠶᠠᠯ ᠬᠠᠷᠢᠭᠤᠴᠠᠯᠭ᠎ᠠ᠎ᠶᠢᠨ ᠪᠠᠶ᠋ᠢᠷᠢ ᠲᠣᠭᠲᠠᠭᠠᠯᠲᠠ᠎ᠳᠠᠭᠠᠨ ᠰᠠᠭᠤᠷᠢᠯᠠᠨ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠢ᠎ᠡ᠎ᠵᠢ ᠨᠠᠷᠢᠯᠢᠬᠵᠢᠭᠤᠯᠤᠨ᠂ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠶ᠋ᠢᠯᠠᠭᠠᠬᠤ ᠳᠡᠭᠡᠷ᠎ᠡ ᠬᠦᠴᠦ᠍ ᠲᠠᠯᠪᠢᠵᠤ᠂ ᠮᠡᠳᠡᠬᠦ ᠬᠢᠬᠦ᠎ᠪᠡᠨ ᠨᠢᠭᠡᠳᠬᠡᠬᠦ᠌ ᠳᠡᠭᠡᠷ᠎ᠡ ᠪᠣᠳᠠᠲᠤ᠌ ᠦᠷ᠎ᠡ ᠪᠦᠲᠦᠮᠵᠢ᠎ᠶᠢ ᠡᠷᠬᠢᠮᠯᠡᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠦᠨᠡᠨ ᠬᠦ᠌ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭᠠᠬᠤ᠂ ᠠᠵᠢᠯ ᠬᠢᠵᠦ᠍ ᠦᠢᠯᠡᠰ ᠪᠤᠰᠬᠠᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠤᠯᠠᠷᠢᠭᠤᠯᠵᠤ᠂ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ ᠪᠣᠳᠠᠲᠠᠢ ᠠᠵᠢᠯᠯᠠᠭ᠎ᠠ ᠪᠣᠯᠭᠠᠨ ᠤᠯᠠᠷᠢᠭᠤᠯᠵᠤ ᠪᠠᠢᠨ᠎ᠠ᠃

10 ᠰᠠᠷ᠎ᠠ᠎ᠶᠢᠨ 21 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ᠎ᠶᠢᠨ ᠠᠯᠪᠠᠨ ᠬᠡᠷ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ᠌ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ᠎ᠶᠢᠨ ᠬᠤᠷᠢᠶ᠎ᠠ ᠵᠢᠨ ᠥᠷᠭᠡᠳᠬᠡᠭᠰᠡᠨ ᠬᠤᠷᠠᠯ᠂ ᠪᠥᠬᠥ᠌ ᠣᠷᠣᠨ᠎ᠤ ᠤᠳᠤᠷᠢᠳᠬᠤ ᠺᠠᠳ᠋ᠷᠴᠤᠳ᠎ᠤᠨ ᠶᠡᠬᠡ ᠬᠤᠷᠠᠯ᠎ᠤᠨ ᠪᠠᠶ᠋ᠢᠷᠢᠯᠠᠭᠤᠯᠤᠯᠲᠠ ᠱᠠᠭᠠᠷᠳᠠᠯᠭ᠎ᠠ᠎ᠶᠢ ᠨᠠᠶ᠋ᠢᠳᠠᠪᠤᠷᠢᠵᠢᠭᠤᠯᠪᠠ᠃ ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭᠠᠨ᠎ᠤ ᠪᠠᠶᠠᠯᠢᠭ ᠠᠭᠤᠯᠤᠭᠳᠠᠬᠤᠨ ᠪᠣᠯᠤᠨ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠢ ᠣᠶ᠋ᠢᠯᠠᠭᠠᠵᠤ᠂ ᠠᠴᠢ ᠡᠨᠡᠷᠢᠯ᠎ᠳᠤ ᠲᠠᠯᠠᠷᠬᠠᠵᠤ ᠡᠷᠡᠮᠡᠬᠡᠶ᠋ᠢᠯᠡᠨ ᠤᠷᠤᠭᠰᠢᠯᠠᠬᠤ ᠤᠯᠤᠰ ᠲᠦᠷᠦ᠎ᠶᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠦᠢᠯᠡ ᠠᠵᠢᠯᠯᠠᠭ᠎ᠠ᠎ᠶᠢᠨ ᠤᠬᠠᠮᠰᠠᠷ᠎ᠢᠶᠠᠨ ᠴᠢᠩᠭᠠᠳᠬᠠᠬᠤ ᠬᠡᠷᠡᠭᠲᠡᠢ᠃ ᠰᠦᠯᠵᠢᠶᠡᠨ ᠲᠠᠮᠵᠢᠭᠤᠯᠭ᠎ᠠ ᠵᠢᠨ ᠬᠠᠯᠠᠭᠤᠨ ᠥᠷᠨᠢᠯᠲᠡ᠎ᠶᠢ ᠦᠳᠲᠡᠷ ᠲᠦᠷᠭᠡᠨ ᠪᠤᠢ ᠪᠤᠯᠭᠠᠵᠤ᠂ ᠪᠦᠬᠦ᠌ ᠰᠦᠯᠵᠢᠶ᠎ᠡ᠎ᠪᠡᠷ ᠤᠬᠠᠭᠤᠯᠵᠤ ᠳᠤᠳᠤᠷᠬᠠᠢᠯᠠᠨ ᠲᠠᠶ᠋ᠢᠯᠪᠤᠷᠢᠯᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠳᠬᠡᠨ ᠵᠤᠵᠠᠭᠠᠨ ᠠᠭᠤᠷ ᠠᠮᠢᠰᠬᠤᠯ᠎ᠢ ᠶᠡᠬᠡ᠎ᠪᠡᠷ ᠪᠤᠢ ᠪᠣᠯᠭᠠᠬᠤ ᠬᠡᠷᠡᠭᠲᠡᠢ᠃ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠲᠤᠭᠤᠰᠢᠯᠠᠭᠤᠯᠬᠤ᠎ᠲᠠᠶ ᠤᠶᠠᠯᠳᠤᠭᠤᠯᠤᠨ᠂ ᠥᠨᠳᠥᠷ ᠪᠦᠲᠦᠮᠵᠢᠲᠡᠶ᠂ ᠪᠣᠬᠢᠷᠲᠤᠯ ᠥᠬᠡᠶ᠂ ᠠᠮᠤᠷ ᠲᠦᠪᠰᠢᠨ ᠪᠠᠢᠬᠤ ᠱᠠᠭᠠᠷᠳᠠᠯᠭ᠎ᠠ᠎ᠶᠢ ᠨᠠᠶ᠋ᠢᠳᠠᠪᠤᠷᠢᠵᠢᠭᠤᠯᠵᠤ᠂ ᠪᠤᠳᠤᠯᠲᠠ ᠵᠢᠨ ᠬᠦᠴᠦᠨ᠎ᠤ ᠲᠥᠬᠥᠭᠡᠷᠦᠮᠵᠢ᠎ᠶᠢᠨ ᠰᠦᠯᠵᠢᠶᠡᠨ᠎ᠦ ᠠᠮᠤᠷ ᠲᠦᠪᠰᠢᠨ᠎ᠦ ᠰᠡᠷᠭᠡᠶ᠋ᠢᠯᠡᠯᠲᠡ᠎ᠶᠢᠨ ᠴᠢᠳᠠᠪᠤᠷᠢ᠎ᠶᠢ ᠬᠦᠴᠦᠯᠡᠨ ᠳᠡᠭᠡᠭᠰᠢᠯᠡᠭᠦᠯᠵᠦ᠍᠂ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠤ ᠠᠵᠤ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠬᠠᠮᠵᠢᠯᠴᠠᠨ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠵᠤ᠂ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶᠢ ᠰᠤᠳᠤᠯᠤᠨ ᠨᠠᠷᠢᠯᠢᠭ᠍ᠵᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠡᠬᠢᠯᠡᠯᠲᠡ᠎ᠶᠢᠨ ᠳᠤᠮᠳᠠ ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ ᠴᠢᠷᠮᠠᠢᠯᠭ᠎ᠠ᠎ᠶᠢ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠪᠠᠲᠤ ᠪᠡᠬᠢ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ᠎ᠶᠢᠨ ᠲᠤᠯᠭᠠᠭᠤᠷᠢᠯᠠᠯ᠎ᠢ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

10 ᠰᠠᠷ᠎ᠠ᠎ᠶᠢᠨ 20 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠣᠨᠣᠯ ᠰᠤᠷᠤᠯᠴᠠᠬᠤ ᠭᠣᠣᠯ ᠳᠤᠭᠤᠢᠯᠠᠩ᠎ᠤᠨ ᠬᠠᠮᠲᠤ᠎ᠶᠢᠨ (ᠥᠷᠭᠡᠳᠬᠡᠭᠰᠡᠨ) ᠰᠤᠷᠤᠯᠴᠠᠯᠭ᠎ᠠ᠎ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ᠎ᠶᠢᠨ ᠥᠷᠭᠡᠳᠬᠡᠭᠰᠡᠨ ᠬᠤᠷᠠᠯ᠂ ᠪᠥᠬᠥ ᠣᠷᠣᠨ᠎ᠤ ᠤᠳᠤᠷᠢᠳᠬᠤ ᠺᠠᠳ᠋ᠷᠴᠤᠳ᠎ᠤᠨ ᠶᠡᠬᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠨᠠᠢᠳᠠᠪᠤᠷᠢᠵᠢᠭᠤᠯᠪᠠ᠃ ᠬᠤᠷᠠᠯ᠎ᠡᠴᠡ᠂ ᠶᠡᠷᠦᠩᠬᠡᠢ ᠱᠦᠵᠢ ᠰᠢ᠎ᠶᠢᠨ ᠫᠢᠩ᠎ᠤᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠶᠢ ᠣᠳᠣᠬᠠᠨ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠴᠢᠬᠤᠯᠠ ᠤᠯᠤᠰ ᠲᠦᠷᠦ᠎ᠶᠢᠨ ᠡᠭᠦᠷᠭᠡ ᠪᠣᠯᠭᠠᠵᠤ᠂ ᠥᠷᠭᠡᠨ ᠤᠯᠠᠨ ᠵᠠᠯᠠᠭᠤᠴᠤᠳ᠎ᠢ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠳᠤᠮᠳᠠ ᠭᠣᠣᠯ ᠲᠤᠯᠭᠠᠭᠤᠷᠢ ᠪᠣᠯᠵᠤ᠂ ᠭᠣᠣᠯ ᠬᠦᠴᠦᠨ ᠪᠣᠯᠬᠤ ᠵᠢ ᠬᠥᠲᠥᠯᠥᠨ ᠳᠠᠭᠠᠭᠤᠯᠬᠤ ᠬᠡᠷᠡᠭᠲᠡᠢ᠃ ᠪᠣᠳᠣᠯᠲᠠ᠎ᠶᠢᠨ ᠬᠦᠴᠦᠨ᠎ᠦ ᠲᠥᠪ ᠵᠡᠷᠭᠡ ᠴᠢᠬᠤᠯᠠ ᠶᠡᠬᠡ ᠲᠦᠷᠦᠯ ᠵᠦᠢᠯ᠎ᠳᠡᠬᠢ ᠵᠠᠯᠠᠭᠤᠴᠤᠳ᠎ᠤᠨ ᠡᠩᠨᠡᠭᠡ ᠵᠢ ᠰᠠᠨᠠᠭᠠᠴᠢᠯᠠᠭ᠎ᠠ᠎ᠡᠴᠡ᠎ᠪᠠᠨ ᠬᠥᠲᠥᠯᠥᠨ ᠳᠠᠭᠠᠭᠤᠯᠵᠤ᠂ ᠨᠢᠭ᠍ᠲᠠᠷᠠᠭᠤᠯᠤᠨ᠂ ᠲᠡᠳᠡᠨ᠎ᠳᠤ ᠦᠢᠯᠡᠴᠢᠯᠡᠵᠦ᠂ ᠵᠠᠯᠠᠭᠤᠴᠤᠳ᠎ᠤᠨ ᠠᠵᠢᠯ᠎ᠤᠨ ᠪᠠᠢᠷᠢ ᠳᠡᠭᠡᠷ᠎ᠡ ᠪᠡᠨ ᠭᠠᠪᠢᠶ᠎ᠠ ᠪᠠᠶ᠋ᠢᠭᠤᠯᠬᠤ ᠠᠵᠢᠯᠯᠠᠭ᠎ᠠ᠎ᠶᠢ ᠭᠦᠨᠵᠡᠭᠡᠢᠷᠡᠭᠦᠯᠵᠦ᠂ ᠵᠠᠯᠠᠭᠤᠴᠤᠳ᠎ᠤᠨ ᠭᠠᠪᠰᠢᠭᠠᠢ ᠠᠩᠭᠢ᠂ ᠵᠠᠯᠠᠭᠤᠴᠤᠳ᠎ᠤᠨ ᠪᠣᠯᠪᠠᠰᠤᠨ ᠨᠡᠷᠡᠮᠵᠢᠲᠦ ᠵᠡᠷᠭᠡ ᠠᠵᠢᠯ᠎ᠤᠨ ᠠᠴᠢᠶᠠᠯᠠᠪᠤᠷᠢ᠎ᠶᠢ ᠰᠠᠢᠲᠤᠷ ᠪᠠᠢᠭᠤᠯᠤᠨ ᠰᠠᠢᠲᠤᠷ ᠬᠡᠷᠡᠭᠯᠡᠵᠦ᠂ ᠵᠠᠯᠠᠭᠤᠴᠤᠳ᠎ᠤᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠤᠷᠤᠯᠳᠤᠭᠠᠨ ᠪᠠ ᠲᠣᠭᠠᠴᠢᠯᠠᠭᠰᠠᠨ ᠴᠢᠳᠠᠪᠤᠷᠢᠲᠠᠨ᠎ᠤ ᠪᠣᠯᠪᠠᠰᠤᠷᠠᠯ᠎ᠢ ᠰᠠᠢᠲᠤᠷ ᠡᠷᠬᠢᠯᠡᠵᠦ᠂ ᠥᠷᠭᠡᠨ ᠤᠯᠠᠨ ᠵᠠᠯᠠᠭᠤᠴᠤᠳ᠎ᠤᠨ《ᠪᠣᠳᠣᠯᠳᠠ ᠵᠢᠨ ᠬᠦᠴᠦᠨ ᠪᠠ ᠴᠠᠬᠢᠯᠭᠠᠨ ᠬᠦᠴᠦᠨ᠎ᠤ ᠬᠠᠮᠵᠢᠯᠴᠠᠭ᠎ᠠ》᠂ 《ᠪᠣᠳᠣᠯᠳᠠ ᠵᠢᠨ ᠬᠦᠴᠦᠨ ᠪᠠ ᠤᠰᠤᠨ᠎ᠤ ᠡᠬᠢ ᠪᠠᠶᠠᠯᠢᠭ᠎ᠤᠨ ᠬᠠᠮᠵᠢᠯᠴᠠᠭ᠎ᠠ》 ᠵᠢᠨ ᠪᠣᠬᠢᠷᠲᠤᠯ ᠦᠭᠡᠢ ᠪᠣᠳᠣᠯᠳᠠ᠎ᠶᠢᠨ ᠬᠦᠴᠦᠨ᠎ᠤ ᠦᠢᠯᠡᠳᠦᠯᠭᠡ ᠳᠤᠮᠳᠠ ᠵᠣᠷᠢᠭ᠍ᠲᠠᠢ᠎ᠪᠠᠷ ᠬᠠᠢᠨ ᠰᠦᠪᠡᠭᠴᠢᠯᠡᠵᠦ᠂ ᠢᠯᠡᠭᠦᠬᠡᠨ ᠬᠤᠪᠢ ᠨᠡᠮᠡᠷᠢ ᠦᠵᠡᠭᠦᠯᠵᠦ᠂ ᠲᠠᠬᠢᠨ ᠰᠢᠨ᠎ᠡ ᠭᠠᠪᠢᠶ᠎ᠠ ᠪᠠᠶ᠋ᠢᠭᠤᠯᠬᠤ᠎ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃

10 ᠰᠠᠷ᠎ᠠ᠎ᠶᠢᠨ 21᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠤᠳᠤᠬᠤ ᠲᠢᠩᠬᠢᠮ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃ ᠬᠤᠷᠠᠯ ᠡᠴᠡ᠂ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭᠠᠨ᠎ᠤ ᠪᠠᠶᠠᠯᠢᠭ᠋ ᠠᠭᠤᠯᠤᠭᠳᠠᠬᠤᠨ ᠪᠠ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠢ ᠣᠢᠯᠠᠭᠠᠵᠤ᠂ ᠬᠢᠨᠠᠨ ᠪᠣᠳᠣᠯᠲᠠ᠎ᠶᠢᠨ ᠪᠣᠳᠠᠲᠠᠢ᠎ᠲᠠᠢ ᠨᠢᠭ᠍ᠲᠠ ᠤᠶᠠᠯᠳᠤᠭᠤᠯᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠰᠠᠢᠲᠤᠷ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢᠳᠠᠯ᠎ᠳᠤ ᠰᠠᠭᠤᠷᠢᠯᠠᠨ᠂ ᠡᠬᠢ ᠪᠠᠶᠠᠯᠢᠭ᠋ ᠣᠷᠴᠢᠨ ᠲᠤᠭᠤᠷᠢᠨ᠎ᠤ ᠬᠦᠷᠢᠶᠡᠨ᠎ᠳᠠᠬᠢ ᠬᠢᠨᠠᠨ ᠪᠣᠳᠣᠯᠲᠠ᠎ᠶᠢᠨ ᠬᠢᠨᠠᠯᠲᠠ᠎ᠶᠢ ᠭᠦᠨᠵᠡᠭᠡᠢᠷᠡᠭᠦᠯᠵᠦ᠂ ᠴᠢᠬᠤᠯᠠ ᠶᠡᠬᠡ ᠠᠮᠢ ᠠᠬᠤᠢ᠎ᠶᠢᠨ ᠢᠨᠵᠧᠨᠧᠷᠢᠩ᠂ ᠰᠠᠪᠠ ᠭᠠᠵᠠᠷ᠎ᠢ ᠶᠡᠷᠦᠩᠬᠡᠢᠯᠡᠨ ᠵᠠᠰᠠᠬᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠤ ᠬᠥᠭᠵᠢᠯᠲᠡ ᠵᠡᠷᠭᠡ ᠬᠦᠷᠢᠶ᠎ᠡ᠎ᠶᠢ ᠭᠣᠣᠯᠳᠠᠯᠭ᠎ᠠ᠎ᠲᠠᠢ ᠠᠩᠬᠠᠷᠴᠤ᠂ ᠲᠦᠷᠦ᠎ᠶᠢᠨ ᠪᠣᠳᠣᠯᠭ᠎ᠠ᠎ᠶᠢᠨ ᠬᠡᠷᠡᠭᠵᠢᠭᠦᠯᠦᠯᠲᠡ᠎ᠶᠢᠨ ᠵᠥᠷᠢᠶ᠎ᠡ᠂ ᠠᠮᠢ ᠠᠬᠤᠢ᠎ᠶᠢᠨ ᠪᠡᠯᠡ ᠮᠥᠩᠭᠥ᠎ᠶᠢᠨ ᠲᠤᠨᠤᠮᠠᠯ ᠦᠷ᠎ᠡ ᠠᠰᠢᠭ᠎ᠢᠶᠠᠷ ᠳᠣᠣᠷ᠎ᠠ ᠪᠠᠢᠬᠤ ᠵᠡᠷᠭᠡ ᠲᠣᠪᠣᠢᠮ᠎ᠠ ᠠᠰᠠᠭᠤᠳᠠᠯ᠎ᠢ ᠴᠢᠩᠭ᠎ᠠ ᠠᠩᠬᠠᠷᠴᠤ᠂ ᠠᠮᠢ ᠠᠬᠤᠢ᠎ᠶᠢᠨ ᠰᠢᠰᠲᠧᠮ᠎ᠦᠨ ᠶᠠᠰᠤ ᠴᠢᠨᠠᠷ ᠪᠠ ᠲᠣᠭᠲᠠᠪᠤᠷᠢᠲᠤ ᠴᠢᠨᠠᠷ᠎ᠤᠨ ᠳᠡᠭᠡᠭᠰᠢᠯᠡᠯᠲᠡ᠎ᠶᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠎ᠳᠦ ᠬᠢᠨᠠᠨ ᠪᠤᠳᠤᠯᠲᠠ ᠵᠢᠨ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ᠃ ᠠᠯᠤᠰ ᠭᠡᠲᠦ᠎ᠶᠢ ᠪᠣᠳᠣᠯᠬᠢᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠦᠷᠢᠶ᠎ᠡ᠂ ᠠᠵᠤ ᠦᠢᠯᠡᠰ᠎ᠦᠨ ᠬᠦᠷᠢᠶᠡᠨ᠎ᠳᠠᠬᠢ ᠬᠢᠨᠠᠨ ᠪᠤᠳᠤᠬᠤ ᠠᠷᠭ᠎ᠠ ᠵᠠᠮ᠎ᠢ ᠪᠣᠳᠠᠲᠠᠢᠵᠢᠭᠤᠯᠵᠤ᠂ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠬᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠪᠠ ᠠᠵᠤ ᠦᠢᠯᠡᠰ᠎ᠦᠨ ᠰᠢᠰᠲᠧᠮ᠎ᠦᠨ ᠭᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ᠎ᠶᠢ ᠪᠣᠢᠵᠢᠭᠤᠯᠬᠤ᠎ᠶᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠬᠢᠨᠠᠨ ᠪᠤᠳᠤᠵᠤ ᠬᠢᠨᠠᠯᠲᠠ ᠲᠠᠯᠪᠢᠬᠤ᠎ᠶᠢᠨ 《ᠵᠠᠪᠠᠯ ᠬᠠᠷᠢᠭᠤᠯᠬᠤ ᠰᠡᠳᠦᠪ》 ᠪᠤᠯᠭᠠᠵᠤ᠂ ᠬᠢᠨᠠᠨ ᠪᠣᠳᠣᠯᠲᠠ᠎ᠶᠢᠨ ᠭᠠᠷᠳᠠᠬᠤ ᠴᠡᠭ᠎ᠢ ᠤᠯᠠᠮ ᠨᠢᠭᠡ ᠠᠯᠬᠤᠮ ᠣᠨᠣᠪᠴᠢᠲᠠᠶ ᠡᠷᠢᠵᠦ᠂ ᠥᠪᠡᠷᠲᠡᠭᠡᠨ ᠵᠠᠰᠠᠬᠤ ᠣᠷᠣᠨ᠎ᠤ ᠪᠣᠬᠢᠷᠳᠤᠯ ᠦᠭᠡᠢ ᠪᠤᠳᠤᠯᠳᠠ ᠵᠢᠨ ᠬᠦᠴᠦᠨ᠎ᠦ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

10 ᠰᠠᠷ᠎ᠠ᠎ᠶᠢᠨ 19 ᠎ᠤ᠋ ᠡᠳᠦᠷ᠂ ᠦᠬᠠᠢ ᠬᠤᠳᠠ᠎ᠶᠢᠨ ᠨᠠᠮ᠎ᠤᠨ ᠬᠤᠷᠢᠶ᠎ᠠ ᠵᠢᠨ ᠪᠠᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶᠢᠨ ᠬᠤᠷᠢᠶ᠎ᠠ ᠵᠢᠨ ᠥᠷᠭᠡᠳᠬᠡᠭᠰᠡᠨ ᠬᠤᠷᠠᠯ᠂ ᠪᠦᠬᠦ ᠣᠷᠣᠨ᠎ᠤ ᠤᠳᠤᠷᠢᠳᠬᠤ ᠺᠠᠳ᠋ᠷᠴᠤᠳ᠎ᠤᠨ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃ ᠬᠤᠷᠠᠯ᠎ᠡᠴᠡ᠂ ᠦᠬᠠᠢ᠎ᠶᠢᠨ ᠪᠣᠳᠠᠲᠤ ᠪᠠᠢᠳᠠᠯ᠎ᠲᠠᠢ ᠤᠶᠠᠯᠳᠤᠭᠤᠯᠤᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠦᠷᠢᠵᠢᠭᠤᠯᠬᠤ ᠵᠢ ᠪᠦᠲᠦᠭᠡᠯᠴᠢ ᠴᠢᠨᠠᠷᠲᠠᠢ᠎ᠪᠠᠷ ᠰᠠᠢᠲᠤᠷ ᠠᠳᠬᠤᠵᠤ᠂ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭᠰᠠᠨ ᠲᠠᠪᠤᠨ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠣᠯᠣᠨ ᠡᠭᠦᠷᠭᠡ ᠬᠠᠷᠢᠭᠤᠴᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠦᠬᠠᠢ᠎ᠶᠢᠨ ᠪᠥᠬᠥ ᠤᠯᠤᠰ᠂ ᠪᠥᠬᠥ ᠣᠷᠣᠨ᠎ᠤ ᠬᠥᠭᠵᠢᠯᠲᠡ᠎ᠶᠢᠨ ᠶᠡᠬᠡ ᠲᠠᠯ᠎ᠠ᠎ᠳᠠᠬᠢ ᠳᠦᠷᠢ᠎ᠪᠠ ᠪᠠᠢᠷᠢ ᠲᠣᠭᠲᠠᠭᠠᠯᠲᠠ᠎ᠶᠢ ᠤᠯᠠᠮ ᠨᠢᠭᠡ ᠠᠯᠬᠤᠮ ᠣᠨᠣᠪᠴᠢᠲᠠᠶ ᠡᠷᠢᠵᠦ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠠᠵᠤ ᠦᠢᠯᠡᠰ᠎ᠦᠨ ᠬᠡᠯᠪᠡᠷᠢ᠎ᠶᠢ ᠬᠤᠪᠢᠷᠠᠭᠤᠯᠤᠨ ᠲᠠᠰ ᠳᠡᠪᠰᠢᠭᠦᠯᠬᠦ᠎ᠶᠢ ᠲᠦᠷᠭᠡᠳᠬᠡᠨ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ ᠬᠣᠲᠠ᠎ᠶᠢᠨ ᠲᠡᠭᠦᠷᠭᠡ᠎ᠶᠢᠨ ᠬᠡᠯᠪᠡᠷᠢ᠎ᠶᠢᠨ ᠣᠨᠴᠠᠯᠢᠭ᠍ᠲᠤ ᠰᠣᠳᠣᠨ ᠲᠠᠷᠢᠶᠠᠯᠠᠩ᠎ᠢ ᠭᠦᠨᠵᠡᠭᠡᠢ ᠬᠦᠭᠵᠢᠭᠦᠯᠵᠦ᠂ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠪᠠᠷ ᠡᠯ᠎ᠡ ᠵᠦᠢᠯ᠎ᠦᠨ ᠡᠭᠦᠷᠭᠡ᠎ᠶᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠠᠬᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ᠎ᠶᠢ ᠦᠨᠡᠨ ᠬᠦ᠌ ᠦᠬᠠᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠣᠳᠠᠲᠠᠢ ᠠᠵᠢᠯᠯᠠᠭ᠎ᠠ ᠪᠣᠯᠭᠠᠨ ᠤᠯᠠᠷᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ᠎ᠶᠢ ᠦᠳᠲᠡᠷ ᠲᠦᠷᠭᠡᠨ ᠪᠤᠢ ᠪᠣᠯᠭᠠᠵᠤ᠂ ᠨᠠᠷᠢᠨ ᠨᠢᠮᠪᠠᠢ ᠪᠠᠢᠷᠢᠯᠠᠭᠤᠯᠵᠤ᠂ ᠦᠳᠲᠡᠷ ᠲᠦᠷᠭᠡᠨ ᠵᠣᠬᠢᠶᠠᠨ ᠪᠠᠢᠭᠤᠯᠤᠨ ᠤᠯᠠᠮᠵᠢᠯᠠᠵᠤ᠂ ᠤᠬᠠᠭᠤᠯᠤᠨ ᠲᠠᠢᠯᠪᠤᠷᠢᠯᠠᠬᠤ ᠠᠵᠢᠯ᠎ᠢ ᠰᠠᠢᠲᠤᠷ ᠬᠢᠵᠦ᠂ ᠬᠦᠷᠢᠶ᠎ᠡ ᠬᠤᠪᠢᠶᠠᠨ᠂ ᠰᠠᠯᠠᠭ᠎ᠠ ᠮᠥᠴᠢᠷ ᠬᠤᠪᠢᠶᠠᠨ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠨᠠᠷᠢᠯᠢᠭ᠋ ᠠᠳᠬᠤᠵᠤ ᠪᠣᠳᠠᠲᠠᠢ ᠠᠳᠬᠤᠵᠤ᠂ ᠲᠠᠷᠢᠬᠢ ᠲᠣᠯᠣᠭᠠᠢ᠎ᠳᠡᠭᠠᠨ ᠬᠠᠳᠠᠩᠰᠢᠭᠤᠯᠵᠤ᠂ ᠦᠢᠯᠡ ᠠᠵᠢᠯᠯᠠᠭ᠎ᠠ ᠲᠡᠭᠡᠷ᠎ᠡ ᠪᠡᠨ ᠢᠯᠡᠷᠭᠦᠯᠵᠦ ᠪᠣᠳᠠᠲᠠᠢ ᠦᠷ᠎ᠡ ᠪᠦᠲᠦᠮᠵᠢ ᠭᠠᠷᠭᠠᠬᠤ᠎ᠶᠢ ᠦᠨᠡᠨ ᠬᠦ᠌ ᠪᠡᠶᠡᠯᠡᠭᠦᠯᠬᠦ ᠬᠡᠷᠡᠭᠲᠡᠢ ᠬᠡᠵᠦ ᠴᠢᠬᠤᠯᠠᠴᠢᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄
兼容浏览器的HTML页面