2026-11-15 11:38:57
ᠠᠮᠢ ᠠᠬᠤᠢ᠎ᠶᠢᠨ ᠬᠠᠮᠠᠭᠠᠯᠠᠯᠲᠠ ᠵᠢᠨ ᠤᠯᠠᠭᠠᠨ ᠱᠤᠭᠤᠮ᠎ᠳᠤ ᠣᠷᠣᠭᠤᠯᠤᠭᠰᠠᠨ ᠲᠠᠯᠠᠪᠠᠶ 59.69 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠸ᠋ ᠬᠦᠷᠴᠦ᠂ ᠥᠪᠥᠷ ᠮᠣᠩᠭᠣᠯ᠎ᠤᠨ ᠨᠤᠳᠤᠭ ᠲᠡᠪᠢᠰᠬᠡᠷ᠎ᠤᠨ ᠶᠡᠷᠦᠩᠬᠡᠢ ᠲᠠᠯᠠᠪᠠᠶ᠎ᠶᠢᠨ ᠬᠠᠭᠠᠰ᠎ᠡᠴᠡ ᠳᠡᠭᠡᠭᠰᠢᠬᠢ᠎ᠶᠢ ᠡᠵᠡᠯᠡᠪᠡ; ᠨᠤᠲᠤᠭ ᠪᠡᠯᠴᠢᠭᠡᠷ᠎ᠦᠨ ᠶᠡᠷᠦᠩᠬᠡᠢ ᠤᠷᠭᠤᠮᠠᠯ᠎ᠤᠨ ᠪᠦᠷᠬᠦᠴᠡ 46.48% ᠳ᠋ᠤ ᠬᠦᠷᠴᠦ᠂ ᠣᠶ ᠰᠢᠭᠤᠢ᠎ᠶᠢᠨ ᠪᠦᠷᠬᠦᠴᠡ᠎ᠶᠢᠨ ᠨᠣᠷᠮ᠎ᠠ 22.03% ᠳ᠋ᠤ ᠬᠥᠷᠪᠡ; ᠬᠠᠲᠤᠨ ᠭᠣᠣᠯ᠎ᠤᠨ ᠭᠣᠣᠯ ᠤᠷᠤᠰᠬᠠᠯ᠎ᠤᠨ ᠥᠪᠥᠷ ᠮᠣᠩᠭᠣᠯ᠎ᠤᠨ ᠬᠡᠰᠡᠭ᠎ᠲᠡᠬᠢ ᠤᠰᠤᠨ᠎ᠤ ᠴᠢᠨᠠᠷ 6 ᠵᠢᠯ ᠳᠠᠷᠠᠭᠠᠯᠠᠨⅡᠲᠦᠷᠦᠯ ᠡᠴᠡ ᠳᠡᠭᠡᠭᠰᠢ ᠪᠠᠢᠬᠤ᠎ᠶᠢ ᠪᠠᠲᠤᠯᠠᠵᠤ᠂ ᠴᠠᠭᠠᠨᠨᠠᠭᠤᠷ᠎ᠤᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠶᠡᠷᠦᠩᠬᠡᠢᠯᠡᠭᠰᠡᠨ ᠵᠢᠭᠠᠯᠲᠠ ᠲᠣᠭ᠎ᠠ ᠲᠣᠭᠲᠠᠭᠤᠨ᠎ᠢᠶᠠᠷ ᠳᠡᠭᠡᠭᠰᠢᠯᠡᠪᠡ ᠁
ᠥᠪᠥᠷ ᠮᠣᠩᠭᠣᠯ᠎ᠳᠤ ᠲᠠᠯ᠎ᠠ ᠨᠤᠲᠤᠭ᠂ ᠣᠶ ᠰᠢᠭᠤᠢ᠂ ᠨᠤᠭᠤ ᠭᠠᠵᠠᠷ᠂ ᠭᠣᠣᠯ ᠮᠥᠷᠡᠨ ᠨᠠᠭᠤᠷ ᠪᠦᠷᠢᠳᠦ᠂ ᠡᠯᠡᠰᠦ ᠮᠠᠩᠬ᠎ᠠ ᠵᠡᠷᠭᠡ ᠣᠯᠠᠨ ᠵᠦᠢᠯ᠎ᠦᠨ ᠪᠠᠢᠭᠠᠯᠢ᠎ᠶᠢᠨ ᠦᠵᠡᠮᠵᠢ ᠲᠡᠬᠦᠰ ᠪᠦᠷᠢᠳᠴᠦ᠂ ᠮᠠᠨ᠎ᠤ ᠤᠯᠤᠰ᠎ᠤᠨ ᠤᠮᠠᠷᠠᠲᠤ ᠬᠡᠰᠡᠭ᠎ᠤᠨ ᠲᠠᠯᠠᠪᠠᠶ᠎ᠪᠠᠷ ᠬᠠᠮᠤᠭ᠎ᠤᠨ ᠶᠡᠬᠡ᠂ ᠲᠥᠷᠥᠯ ᠵᠦᠢᠯ᠎ᠢᠶᠡᠷ ᠬᠠᠮᠤᠭ᠎ᠤᠨ ᠪᠦᠷᠢᠨ ᠠᠮᠢ ᠠᠬᠤᠢ᠎ᠶᠢᠨ ᠴᠢᠳᠠᠮᠵᠢᠲᠤ ᠣᠷᠣᠨ ᠪᠣᠯᠣᠨ᠎ᠠ᠃
ᠣᠢᠷ᠎ᠠ᠎ᠶᠢᠨ ᠵᠢᠯ᠎ᠦᠨ ᠲᠤᠷᠰᠢ᠂ ᠥᠪᠥᠷ ᠮᠣᠩᠭᠣᠯ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠎ᠶᠢ ᠪᠠᠷᠢᠮᠲᠠᠯᠠᠵᠤ᠂ ᠠᠭᠤᠯᠠ ᠤᠰᠤ ᠣᠶ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠨᠢᠭᠡᠳᠦᠯᠲᠡᠢ ᠲᠥᠯᠥᠪᠵᠢᠭᠦᠯᠵᠦ᠂ ᠨᠤᠮᠢᠨ ᠤᠰᠤ ᠬᠥᠬᠡᠮᠳᠦᠭ ᠠᠭᠤᠯᠠ ᠪᠣᠯ ᠠᠯᠲᠠᠠ ᠠᠭᠤᠯᠠ ᠮᠥᠩᠭᠥᠨ ᠬᠠᠢᠷᠬᠠᠨ ᠮᠥᠨ ᠭᠡᠬᠦ ᠣᠢᠯᠠᠭᠠᠭᠳᠠᠬᠤᠨ᠎ᠢ ᠪᠠᠲᠤ ᠪᠡᠬᠢ ᠪᠣᠶ ᠪᠣᠯᠭᠠᠨ ᠦᠢᠯᠡᠳᠦᠯᠭᠡᠵᠢᠭᠦᠯᠵᠦ᠂ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠨᠡᠮᠡᠭᠳᠡᠯ᠎ᠢ ᠪᠡᠶᠡᠯᠡᠭᠦᠯᠬᠦ᠎ᠵᠢ ᠬᠠᠮᠵᠢᠯᠴᠠᠨ ᠠᠬᠢᠭᠤᠯᠵᠤ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠬᠢᠭᠡᠳ ᠴᠢᠨᠠᠷ ᠰᠠᠢᠲᠠᠢ ᠬᠥᠭᠵᠢᠯᠲᠡ᠎ᠶᠢ ᠵᠡᠷᠭᠡ᠎ᠪᠡᠷ ᠠᠬᠢᠭᠤᠯᠪᠠ᠃
ᠥᠪᠥᠷ ᠮᠣᠩᠭᠣᠯ ᠤᠯᠤᠰ᠎ᠤᠨ ᠨᠤᠳᠤᠭ ᠲᠡᠪᠢᠰᠭᠡᠷ᠎ᠤᠨ ᠣᠷᠣᠨ ᠵᠠᠢ᠎ᠶᠢᠨ ᠲᠥᠯᠦᠪᠵᠢᠭᠦᠯᠭᠡ᠎ᠶᠢᠨ ᠣᠷᠣᠨ ᠲᠤᠭᠤᠷᠢᠭ ᠬᠤᠪᠢᠶᠠᠬᠤ ᠪᠠ ᠬᠡᠷᠡᠭᠴᠡᠭᠡ᠎ᠶᠢ ᠡᠵᠡᠮᠳᠡᠨ ᠬᠠᠮᠢᠶᠠᠷᠬᠤ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠪᠥᠬᠥ ᠥᠪᠡᠷᠲᠡᠭᠡᠨ ᠵᠠᠰᠠᠬᠤ ᠣᠷᠣᠨ 1892 ᠠᠮᠢ ᠠᠬᠤᠢ ᠣᠷᠴᠢᠨ ᠲᠣᠭᠣᠷᠢᠨ᠎ᠤ ᠣᠷᠣᠨ ᠲᠤᠭᠤᠷᠢᠭ ᠬᠤᠪᠢᠶᠠᠨ ᠬᠠᠮᠢᠶᠠᠷᠤᠨ ᠡᠵᠡᠮᠳᠡᠬᠦ ᠨᠢᠭᠡᠴᠢ᠎ᠶᠢ ᠣᠨᠣᠪᠴᠢᠲᠠᠶ ᠬᠤᠪᠢᠶᠠᠷᠢᠯᠠᠵᠤ᠂ 《ᠨᠢᠭᠡ ᠨᠢᠭᠡᠴᠢ᠎ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ》 ᠨᠠᠷᠢᠯᠢᠭ᠍ᠵᠢᠭᠤᠯᠤᠭᠰᠠᠨ ᠬᠠᠮᠢᠶᠠᠷᠤᠯᠲᠠ᠎ᠶᠢ ᠬᠡᠷᠡᠭᠵᠢᠭᠦᠯᠵᠦ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠪᠥᠬᠥ ᠲᠠᠯ᠎ᠠ᠎ᠪᠠᠷ ᠠᠬᠢᠭᠤᠯᠵᠤ ᠪᠣᠶ᠃
ᠨᠤᠮᠢᠨ ᠨᠤᠭᠤᠭᠠᠨ ᠳᠡᠪᠢᠰᠬᠡᠷ ᠥᠩᠭᠡ᠎ᠶᠢ ᠪᠠᠷᠢᠮᠳᠠᠯᠠᠪᠠ
ᠥᠪᠥᠷ ᠮᠣᠩᠭᠣᠯ ᠪᠣᠯ ᠮᠠᠨ᠎ᠤ ᠤᠯᠤᠰ᠎ᠤᠨ ᠴᠦᠯᠯᠡᠷᠭᠡᠭᠵᠢᠯ᠎ᠢ ᠵᠠᠰᠠᠬᠤ ᠭᠣᠣᠯ ᠲᠠᠢ᠍ᠢᠨ᠎ᠦ ᠲᠠᠯᠠᠪᠤᠷ᠂ ᠡᠯᠡᠰᠦᠨ ᠰᠢᠭᠤᠷᠭ᠎ᠠ᠎ᠶᠢ ᠰᠡᠷᠭᠡᠢᠯᠡᠬᠦ ᠭᠣᠣᠯ ᠰᠡᠷᠭᠡᠢᠯᠡᠯᠲᠡ᠎ᠶᠢᠨ ᠱᠤᠭᠤᠮ ᠪᠣᠯᠣᠨ᠎ᠠ᠃ ᠣᠢᠷ᠎ᠠ᠎ᠶᠢᠨ ᠵᠢᠯ᠎ᠦᠳ᠎ᠲᠦ᠂ ᠥᠪᠥᠷ ᠮᠣᠩᠭᠣᠯ 《ᠤᠮᠠᠷᠠᠲᠤ᠎ᠶᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠵᠦ᠂ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ᠎ᠶᠢᠨ ᠲᠠᠯᠠᠪᠠᠶ ᠦᠷᠭᠦᠯᠵᠢᠯᠡᠨ 《ᠬᠣᠣᠰ᠎ᠢᠶᠠᠷ ᠪᠠᠭᠠᠰᠴᠤ》᠂ ᠣᠶ ᠰᠢᠭᠤᠢ᠎ᠶᠢᠨ ᠪᠦᠷᠬᠦᠴᠡ᠎ᠶᠢᠨ ᠨᠣᠷᠮ᠎ᠠ᠂ ᠨᠤᠲᠤᠭ ᠪᠡᠯᠴᠢᠭᠡᠷ᠎ᠦᠨ ᠤᠷᠭᠤᠮᠠᠯ᠎ᠤᠨ ᠪᠦᠷᠬᠦᠴᠡ ᠦᠷᠭᠦᠯᠵᠢᠯᠡᠨ《ᠬᠣᠣᠰ᠎ᠢᠶᠠᠷ ᠳᠡᠭᠡᠭᠰᠢᠯᠡᠪᠡ》᠃
2026 ᠣᠨ᠎ᠳᠤ᠂ ᠥᠪᠥᠷ ᠮᠣᠩᠭᠣᠯ᠎ᠤᠨ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠵᠢ ᠵᠠᠰᠠᠬᠤ ᠡᠭᠦᠷᠭᠡ 1500.5 ᠲᠦᠮᠡᠨ ᠮᠦ᠍ ᠪᠠᠢᠵᠤ᠂ 10 ᠰᠠᠷ᠎ᠠ᠎ᠶᠢᠨ ᠡᠴᠦᠰ ᠪᠣᠯᠲᠠᠯ᠎ᠠ ᠨᠢᠭᠡᠨᠲᠡ 1887.47 ᠲᠦᠮᠡᠨ ᠮᠦ᠍᠎ᠶᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 125.79%᠎ᠳ᠋ᠤ ᠬᠦᠷᠴᠡᠢ᠃ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠢ ᠵᠡᠷᠭᠡ ᠪᠡᠷ ᠶᠠᠪᠤᠭᠳᠠᠭᠤᠯᠵᠤ᠂ ᠨᠤᠮᠢᠨ ᠨᠤᠭᠤᠭᠠᠨ ᠰᠡᠷᠭᠡᠢᠯᠡᠯᠲᠡ᠎ᠶᠢᠨ ᠱᠤᠭᠤᠮ᠎ᠢ ᠱᠠᠲᠤ ᠱᠠᠲᠤ᠎ᠪᠠᠷ ᠠᠬᠢᠭᠤᠯᠪᠠ᠃
ᠥᠪᠥᠷ ᠮᠣᠩᠭᠣᠯ ᠣᠶ ᠰᠢᠭᠤᠢ᠎ᠶᠢᠨ ᠡᠬᠢ ᠪᠠᠶᠠᠯᠢᠭ᠋᠎ᠤᠨ ᠬᠠᠮᠠᠭᠠᠯᠠᠯᠲᠠ᠎ᠶᠢ ᠬᠦᠴᠦᠯᠡᠨ ᠴᠢᠩᠭᠠᠳᠬᠠᠵᠤ᠂ 3.4 ᠳ᠋ᠦᠩᠰᠢᠭᠤᠷ ᠮᠦ᠍ ᠪᠠᠢᠭᠠᠯᠢᠯᠢᠭ ᠣᠶ ᠪᠠ ᠨᠡᠶ᠋ᠢᠲᠡ᠎ᠶᠢᠨ ᠠᠰᠠᠷᠠᠮᠵᠢ᠎ᠶᠢᠨ ᠣᠶ᠎ᠶᠢ ᠪᠦᠲᠦᠮᠵᠢᠲᠡᠶ ᠬᠠᠮᠢᠶᠠᠷᠤᠨ ᠬᠠᠮᠠᠭᠠᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠥᠪᠥᠷ ᠮᠣᠩᠭᠣᠯ ᠨᠡᠶ᠋ᠢᠲᠡ 2755 ᠲᠦᠮᠡᠨ ᠮᠦ᠍ ᠣᠢᠵᠢᠭᠤᠯᠵᠤ᠂ 1.2 ᠳ᠋ᠦᠩᠰᠢᠭᠤᠷ ᠮᠦ᠍ ᠡᠪᠡᠰᠦ ᠳᠠᠷᠢᠵᠤ᠂ ᠬᠡᠪᠴᠢᠶ᠎ᠡ ᠨᠢ ᠴᠥᠮ ᠪᠥᠬᠥ ᠤᠯᠤᠰ᠎ᠲᠦ ᠲᠦᠷᠦᠬᠦᠯᠡᠵᠤ᠂ ᠣᠶ ᠰᠢᠭᠤᠢ ᠡᠪᠡᠰᠦ ᠪᠡᠯᠴᠢᠭᠡᠷ᠎ᠦᠨ ᠠᠮᠢ ᠠᠬᠤᠢ᠎ᠶᠢᠨ ᠴᠢᠳᠠᠮᠵᠢ ᠦᠷᠭᠦᠯᠵᠢᠯᠡᠨ ᠴᠢᠩᠭᠠᠷᠠᠪᠠ᠃
10 ᠰᠠᠷ᠎ᠠ᠎ᠶᠢᠨ 30 ᠤ᠋ ᠡᠳᠦᠷ᠂ ᠪᠠᠶᠠᠨᠨᠠᠭᠤᠷ ᠬᠣᠲᠠ ᠶ᠋ᠢᠨ ᠳ᠋ᠸᠩᠺᠸᠤ ᠰᠢᠶᠠᠨ᠎ᠤ 2000 ᠭᠠᠷᠤᠢ ᠠᠵᠢᠯᠲᠠᠨ ᠠᠵᠢᠯᠴᠢᠨ ᠬᠦᠷᠵᠡ ᠡᠷᠭᠢᠭᠦᠯᠦᠨ ᠨᠦᠬᠡ ᠮᠠᠯᠲᠠᠵᠤ᠂ ᠤᠯᠠᠭᠠᠨᠪᠤᠬ᠎ᠠ ᠡᠯᠡᠰᠦᠨ ᠴᠥᠯ᠎ᠦᠨ ᠯᠢᠦ ᠭᠤᠸᠠᠢ ᠡᠯᠡᠰᠦᠨ᠎ᠦ ᠠᠮᠢ ᠠᠬᠤᠢ᠎ᠶᠢᠨ ᠵᠠᠰᠠᠯᠲᠠ᠎ᠶᠢᠨ ᠣᠷᠣᠨ᠎ᠳᠤ ᠨᠠᠮᠤᠷ ᠡᠪᠦᠯ᠎ᠦᠨ ᠤᠯᠠᠷᠢᠯ᠎ᠤᠨ ᠪᠥᠬᠥ ᠠᠷᠠᠳ᠎ᠤᠨ ᠠᠯᠪᠠᠨ ᠵᠢᠷᠤᠮ᠎ᠤᠨ ᠮᠣᠳᠣ᠌ ᠳᠠᠷᠢᠬᠤ ᠶᠡᠬᠡ ᠳᠠᠢᠯᠠᠯᠳᠤᠭᠠᠨ᠎ᠢ ᠡᠬᠢᠯᠡᠭᠦᠯᠵᠦ᠂ 35 ᠲᠦᠮᠡᠨ ᠰᠠᠭᠤᠷᠢ ᠴᠢᠬᠢ ᠮᠣᠳᠣ᠌ ᠵᠠᠢᠯᠠᠬᠤ᠎ᠪᠠᠷ ᠲᠥᠯᠥᠪᠯᠡᠵᠦ ᠪᠣᠶ᠃
ᠨᠤᠲᠤᠭ ᠪᠡᠯᠴᠢᠭᠡᠷ᠎ᠦᠨ ᠳᠠᠭᠠᠭᠠᠴᠡ᠎ᠡᠴᠡ ᠬᠡᠲᠦᠷᠡᠲᠡᠯ᠎ᠡ ᠮᠠᠯᠵᠢᠬᠤ ᠠᠰᠠᠭᠤᠳᠠᠯ᠎ᠢ ᠰᠢᠢᠳᠪᠦᠷᠢᠯᠡᠬᠦ᠎ᠶᠢ ᠠᠬᠢᠭᠤᠯᠬᠤ᠎ᠶᠢᠨ ᠲᠥᠯᠥᠭᠡ᠂ ᠥᠪᠥᠷ ᠮᠣᠩᠭᠣᠯ ᠮᠠᠯ ᠪᠡᠯᠴᠢᠭᠡᠷ᠎ᠦᠨ ᠲᠡᠩᠴᠡᠭᠦᠷᠢ᠎ᠶᠢ ᠪᠠᠲᠤᠯᠠᠬᠤ ᠪᠠ ᠪᠡᠯᠴᠢᠭᠡᠷᠯᠡᠭᠦᠯᠬᠦ᠎ᠶᠢ ᠴᠠᠭᠠᠵᠠᠯᠠᠵᠤ ᠪᠡᠯᠴᠢᠭᠡᠷ᠎ᠢ ᠰᠡᠷᠭᠦᠭᠡᠬᠦ ᠣᠯᠠᠨ ᠡᠰᠢᠵᠢᠭᠰᠡᠨ ᠨᠥᠬᠥᠪᠦᠷᠢᠦᠭᠬᠦ ᠲᠣᠭᠲᠡᠴᠡ᠎ᠶᠢ ᠦᠷᠭᠦᠯᠵᠢᠯᠡᠨ ᠰᠦᠪᠡᠭᠴᠢᠯᠡᠵᠦ᠂ 9.7 ᠳ᠋ᠦᠩᠰᠢᠭᠤᠷ ᠮᠦ᠍ ᠨᠤᠲᠤᠭ ᠪᠡᠯᠴᠢᠭᠡᠷ᠎ᠢ 《ᠴᠠᠯᠢᠩ᠎ᠲᠠᠢ ᠠᠮᠠᠷᠠᠭᠤᠯᠵᠤ》᠂ 3.8 ᠳ᠋ᠦᠩᠰᠢᠭᠤᠷ ᠮᠦ᠍ ᠪᠡᠯᠴᠢᠭᠡᠷᠯᠡᠭᠦᠯᠬᠦ᠎ᠶᠢ ᠴᠠᠭᠠᠵᠠᠯᠠᠬᠤ ᠣᠷᠣᠨ ᠪᠠ 5.9 ᠳ᠋ᠦᠩᠰᠢᠭᠤᠷ ᠮᠦ᠍ ᠮᠠᠯ ᠪᠡᠯᠴᠢᠭᠡᠷ᠎ᠦᠨ ᠲᠡᠩᠴᠡᠭᠦᠷᠢ᠎ᠶᠢ ᠪᠠᠲᠤᠯᠠᠬᠤ ᠣᠷᠣᠨ᠎ᠤ ᠬᠠᠷᠠᠯᠲᠠ᠎ᠶᠢ ᠴᠢᠩᠭ᠎ᠠ ᠨᠠᠢᠳᠠᠪᠤᠷᠢᠵᠢᠭᠤᠯᠵᠤ᠂ ᠨᠤᠲᠤᠭ ᠪᠡᠯᠴᠢᠭᠡᠷ᠎ᠲᠦ ᠨᠥᠬᠥᠪᠦᠷᠢ ᠦᠭᠴᠤ ᠱᠠᠩᠨᠠᠯ ᠣᠯᠭᠣᠬᠤ ᠪᠠ ᠮᠠᠯᠴᠢᠨ ᠲᠠᠷᠢᠶᠠᠴᠢᠨ᠎ᠤ ᠡᠭᠦᠷᠭᠡ᠎ᠪᠡᠨ ᠭᠦᠢᠴᠡᠳᠬᠡᠬᠦ᠎ᠲᠠᠢ ᠬᠣᠯᠪᠣᠭᠳᠠᠭᠤᠯᠬᠤ ᠲᠣᠭᠲᠡᠴᠡ᠎ᠶᠢ ᠪᠠᠢᠭᠤᠯᠵᠤ᠂ 《ᠦᠷ᠎ᠡ ᠪᠦᠲᠦᠮᠵᠢ᠎ᠪᠡᠷ ᠨᠥᠬᠥᠪᠦᠷᠢ᠎ᠶᠢ ᠲᠣᠭᠲᠠᠭᠠᠬᠤ》 ᠵᠢ ᠪᠡᠶᠡᠯᠡᠭᠦᠯᠪᠡ᠃
ᠨᠡᠭᠦᠳᠡᠯ᠎ᠦᠨ ᠰᠢᠪᠠᠭᠤ ᠡᠮᠦᠨᠡᠰᠢ ᠨᠡᠭᠦᠳᠡᠯᠯᠡᠬᠦ ᠦᠶ᠎ᠡ᠎ᠳᠦ᠂ ᠶᠡᠬᠡ ᠬᠡᠮᠵᠢᠶᠡᠨ᠎ᠦ ᠨᠡᠭᠦᠳᠡᠯ᠎ᠦᠨ ᠰᠢᠪᠠᠭᠤ ᠬᠣᠢᠨ᠎ᠠ ᠬᠣᠢᠨ᠎ᠠ᠎ᠡᠴᠡ᠎ᠪᠠᠨ ᠤᠯᠠᠭᠠᠨᠰᠤᠬᠠᠢ ᠵᠢᠨ ᠨᠤᠭᠤ ᠭᠠᠵᠠᠷ᠎ᠲᠤ ᠬᠦᠷᠴᠦ ᠢᠷᠡᠨ ᠬᠦᠯ ᠠᠮᠠᠷᠠᠵᠤ᠂ ᠡᠪᠦᠯᠵᠢᠳᠡᠭ᠃ ᠤᠯᠠᠭᠠᠨᠰᠤᠬᠠᠢ᠎ᠶᠢᠨ ᠤᠰᠤᠨ᠎ᠤ ᠴᠢᠨᠠᠷ ᠦᠷᠭᠦᠯᠵᠢᠯᠡᠨ ᠰᠠᠢᠵᠢᠷᠠᠬᠤ᠎ᠶᠢ ᠳᠠᠭᠠᠯᠳᠤᠨ᠂ ᠠᠮᠢ ᠠᠬᠤᠢ ᠣᠷᠴᠢᠨ ᠲᠣᠭᠣᠷᠢᠨ ᠲᠣᠭᠲᠠᠭᠤᠨ᠎ᠢᠶᠠᠷ ᠰᠠᠢᠵᠢᠷᠠᠵᠤ᠂ ᠵᠢᠯ ᠪᠦᠷᠢ᠎ᠶᠢᠨ ᠬᠢᠯᠢ᠎ᠪᠡᠷ ᠥᠩᠭᠡᠷᠡᠬᠦ ᠰᠢᠪᠠᠭᠤᠨ᠎ᠤ ᠲᠣᠭ᠎ᠠ 60 ᠲᠦᠮᠡ᠎ᠡᠴᠡ 80 ᠲᠦᠮᠡ᠎ᠳᠦ ᠬᠦᠷᠴᠤ ᠪᠤᠢ᠃
ᠥᠪᠥᠷ ᠮᠣᠩᠭᠣᠯ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢ ᠪᠥᠬᠥ ᠲᠠᠯ᠎ᠠ᠎ᠪᠠᠷ ᠠᠬᠢᠭᠤᠯᠵᠤ᠂ ᠤᠯᠠᠭᠠᠨᠰᠤᠬᠠᠢ᠎ᠶᠢᠨ ᠵᠠᠰᠠᠯᠲᠠ ᠨᠢ 《ᠠᠮᠢ ᠠᠬᠤᠢ᠎ᠶᠢᠨ ᠤᠰᠤ ᠨᠥᠬᠥᠪᠦᠷᠢᠯᠡᠬᠦ᠂ ᠡᠬᠢ ᠰᠤᠷᠪᠤᠯᠵᠢ᠎ᠶᠢ ᠨᠢ ᠬᠢᠵᠠᠭᠠᠷᠯᠠᠨ ᠪᠣᠬᠢᠷᠲᠤᠯ᠎ᠢ ᠪᠠᠭᠠᠰᠬᠠᠬᠤ᠂ ᠰᠡᠷᠭᠦᠭᠡᠨ ᠵᠠᠰᠠᠬᠤ》 ᠪᠠᠷ ᠠᠷᠭ᠎ᠠ ᠵᠠᠮ ᠪᠣᠯᠭᠠᠵᠤ᠂ ᠵᠠᠰᠠᠯᠲᠠ᠎ᠶᠢᠨ ᠳᠠᠷᠠᠭᠠᠬᠢ ᠨᠠᠭᠤᠷ᠎ᠤᠨ ᠤᠰᠤᠨ᠎ᠤ ᠴᠢᠨᠠᠷ᠎ᠢ ᠮᠠᠭᠤ V ᠲᠥᠷᠥᠯ᠎ᠡᠴᠡ ᠪᠦᠬᠦᠯᠢ ᠴᠣᠭᠴᠠ᠎ᠶᠢᠨ V ᠲᠥᠷᠥᠯ ᠪᠣᠯᠭᠠᠨ ᠳᠡᠭᠡᠭᠰᠢᠯᠡᠭᠦᠯᠵᠦ᠂ ᠨᠠᠭᠤᠷ᠎ᠤᠨ ᠲᠥᠪ᠎ᠦᠨ ᠣᠭᠲᠣᠯᠣᠭᠠᠰᠤ᠎ᠵᠢ Ⅳᠲᠦᠷᠦᠯ᠎ᠳᠤ ᠲᠣᠭᠲᠠᠭᠤᠨ᠎ᠢᠶᠡᠷ ᠪᠠᠲᠤᠯᠠᠪᠠ; ᠲᠠᠭ᠎ᠠ᠎ᠶᠢᠨ ᠨᠠᠭᠤᠷ᠎ᠤᠨ ᠵᠠᠰᠠᠯᠲᠠ ᠨᠢ 《ᠪᠠᠴᠢᠮ ᠪᠠᠢᠳᠠᠯ᠎ᠢ ᠠᠷᠭᠠᠴᠠᠭᠠᠨ ᠤᠰᠤ ᠨᠥᠬᠥᠪᠦᠷᠢᠯᠡᠬᠦ᠂ ᠲᠠᠷᠢᠶᠠᠯᠠᠩ᠎ᠤᠨ ᠤᠰᠤ ᠠᠷᠪᠢᠯᠠᠬᠤ᠂ ᠪᠢᠲᠡᠭᠦᠮᠵᠢᠯᠡᠨ ᠰᠡᠷᠭᠦᠭᠡᠬᠦ》᠎ᠪᠠᠷ ᠠᠷᠭ᠎ᠠ ᠪᠠᠷᠢᠯ ᠪᠣᠯᠭᠠᠵᠤ᠂ ᠵᠠᠰᠠᠯᠲᠠ᠎ᠶᠢᠨ ᠳᠠᠷᠠᠭᠠᠬᠢ ᠨᠠᠭᠤᠷ᠎ᠤᠨ ᠭᠠᠳᠠᠷᠭᠤ ᠦᠷᠭᠦᠯᠵᠢᠯᠡᠨ ᠥᠷᠭᠡᠳᠴᠦ᠂ ᠤᠷᠭᠤᠮᠠᠯ᠎ᠤᠨ ᠪᠦᠷᠬᠦᠴᠡ ᠢᠯᠡᠳᠲᠡ ᠨᠡᠮᠡᠭᠳᠡᠪᠡ; ᠴᠠᠭᠠᠨᠨᠠᠭᠤᠷ᠎ᠤᠨ ᠵᠠᠰᠠᠯᠲᠠ ᠨᠢ 《ᠮᠤᠵᠢ ᠠᠯᠤᠰᠯᠠᠨ ᠬᠠᠮᠵᠢᠯᠴᠠᠬᠤ᠂ ᠤᠰᠤᠳᠤᠯ ᠭᠠᠵᠠᠷ᠎ᠢ ᠭᠠᠩ ᠬᠠᠭᠤᠷᠠᠢ ᠪᠤᠯᠭᠠᠬᠤ᠂ ᠬᠤᠵᠢᠷᠯᠢᠭ᠋ ᠭᠠᠵᠠᠷ᠎ᠢ ᠵᠠᠰᠠᠨ ᠰᠡᠷᠭᠦᠭᠡᠬᠦ》 ᠪᠡᠷ ᠣᠨᠴᠠᠯᠢᠭ᠋ ᠪᠣᠯᠭᠠᠵᠤ᠂ ᠵᠠᠰᠠᠯᠲᠠ᠎ᠶᠢᠨ ᠳᠠᠷᠠᠭᠠᠬᠢ ᠴᠠᠭᠠᠨ ᠬᠤᠵᠢᠷᠯᠢᠭ᠋ ᠰᠠᠢᠷᠭᠠᠯ᠎ᠳᠤ ᠳᠠᠬᠢᠨ ᠤᠰᠤ ᠪᠡᠯᠴᠢᠭᠡᠷ ᠰᠠᠢᠲᠠᠢ ᠪᠠᠢᠳᠠᠯ ᠢᠯᠡᠷᠡᠪᠡ᠃
ᠪᠤᠬᠢᠷᠲᠦᠯ ᠦᠭᠡᠢ ᠵᠠᠰᠠᠯᠲᠠ᠎ᠶᠢ ᠪᠠᠷᠢᠮᠲᠠᠯᠠᠪᠠ
ᠥᠪᠥᠷ ᠮᠣᠩᠭᠣᠯ ᠬᠦᠴᠦ᠎ᠪᠡᠨ ᠲᠥᠪᠯᠡᠷᠡᠭᠦᠯᠦᠨ ᠬᠥᠬᠡ ᠣᠭᠲᠠᠷᠭᠤᠢ᠂ ᠬᠦᠬᠡᠮᠳᠡᠭ ᠤᠰᠤ᠂ ᠴᠡᠪᠡᠷ ᠬᠥᠷᠥᠰᠥ᠎ᠶᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠵᠦ᠂ 《ᠦᠵᠡᠰᠬᠦᠯᠡᠩᠲᠦ ᠰᠠᠢᠬᠠᠨ》 ᠰᠢᠷᠢᠰ ᠪᠦᠲᠦᠭᠡᠨ ᠪᠠᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠢᠵᠢᠷᠠᠵᠤ ᠪᠠᠢᠨ᠎ᠠ᠃
ᠠᠭᠠᠷ᠎ᠤᠨ ᠴᠢᠨᠠᠷ ᠴᠢᠨᠰᠠᠭ᠎ᠠ ᠪᠣᠯ ᠠᠷᠠᠳ ᠣᠯᠠᠨ᠎ᠤ ᠰᠢᠭᠤᠳ ᠮᠡᠳᠡᠷᠡᠵᠦ ᠪᠣᠯᠬᠤ ᠦᠨᠡᠨ ᠪᠤᠲᠠᠲᠠᠢ ᠠᠷᠠᠳ᠎ᠤᠨ ᠠᠮᠢᠳᠤᠷᠠᠯ᠎ᠤᠨ ᠭᠦᠢᠴᠡᠳᠬᠡᠯ ᠲᠣᠭ᠎ᠠ ᠮᠥᠨ᠃ 2026 ᠣᠨ᠎ᠤ 1 — 9 ᠰᠠᠷ᠎ᠠ᠎ᠳᠤ᠂ ᠥᠪᠥᠷ ᠮᠣᠩᠭᠣᠯ᠎ᠤᠨ ᠠᠭᠠᠷ᠎ᠤᠨ ᠶᠠᠰᠤ ᠴᠢᠨᠠᠷ ᠰᠢᠯᠢᠳᠡᠭ ᠰᠠᠢᠨ ᠡᠳᠦᠷ᠎ᠦᠨ ᠲᠣᠭ᠎ᠠ᠎ᠶᠢᠨ ᠬᠠᠷᠢᠴᠠᠯ 91.2% ᠪᠠᠢᠵᠤ᠂ ᠲᠡᠬᠡᠷ᠎ᠡ ᠵᠢᠯ᠎ᠤᠨ ᠠᠳᠠᠯᠢ ᠬᠤᠭᠤᠴᠠᠭᠠᠨ᠎ᠤ ᠬᠢ᠎ᠡᠴᠡ ᠵᠠᠭᠤᠨ᠎ᠤ ᠬᠠᠷᠢᠴᠠᠯ᠎ᠵᠢᠡᠷ 3.3 ᠬᠤᠪᠢ ᠳᠡᠭᠡᠭᠰᠢᠯᠡᠵᠦ᠂ PM2.5 ᠵᠢᠨ ᠳᠤᠮᠳᠠᠴᠢ ᠥᠳᠬᠡᠴᠡ ᠪᠤᠰᠤᠭ᠎ᠠ ᠳᠦᠷᠪᠡᠯᠵᠢᠨ ᠮᠸᠲᠷ ᠪᠦᠷᠢ 17.2 ᠮᠢᠺᠷᠥᠭ᠌ᠷᠠᠮ᠎ᠳᠤ ᠬᠦᠷᠴᠦ᠂ ᠲᠡᠬᠡᠷ᠎ᠡ ᠵᠢᠯ᠎ᠤᠨ ᠠᠳᠠᠯᠢ ᠬᠤᠭᠤᠴᠠᠭᠠᠨ᠎ᠤ ᠬᠢ ᠡᠴᠡ 18.1%᠎ᠪᠠᠷ ᠪᠠᠭᠤᠷᠠᠪᠠ᠃
2026 ᠣᠨ᠎ᠡᠴᠡ ᠨᠠᠭᠠᠰᠢ᠂ ᠦᠬᠠᠢ ᠬᠣᠲᠠ ᠲᠥᠷᠥᠯ ᠵᠦᠶ᠋ᠯᠵᠢᠬᠦᠯᠬᠦ᠂ ᠨᠠᠷᠢᠨ ᠲᠠᠩᠰᠠᠵᠢᠭᠤᠯᠬᠤ᠎ᠶᠢ ᠪᠠᠷᠢᠮᠲᠠᠯᠠᠵᠤ ᠠᠭᠠᠷ ᠮᠠᠨᠳᠠᠯ᠎ᠤᠨ ᠪᠣᠬᠢᠷᠲᠤᠯ᠎ᠤᠨ ᠵᠠᠰᠠᠯᠲᠠ᠎ᠶᠢ ᠠᠬᠢᠭᠤᠯᠪᠠ᠃ 9 ᠰᠠᠷ᠎ᠠ᠎ᠶᠢᠨ ᠡᠴᠦᠰ ᠪᠣᠯᠲᠠᠯ᠎ᠠ᠂ ᠦᠬᠠᠢ ᠬᠣᠲᠠ᠎ᠶᠢᠨ ᠰᠢᠯᠢᠳᠡᠭ ᠰᠠᠢᠨ ᠡᠳᠦᠷ᠎ᠦᠨ ᠲᠣᠭ᠎ᠠ 214 ᠡᠳᠦᠷ᠎ᠲᠦ ᠬᠦᠷᠴᠦ᠂ ᠲᠡᠬᠡᠷ᠎ᠡ ᠵᠢᠯ᠎ᠤᠨ ᠠᠳᠠᠯᠢ ᠬᠤᠭᠤᠴᠠᠭᠠᠨ᠎ᠤ ᠬᠢ᠎ᠡᠴᠡ 13 ᠡᠳᠦᠷ ᠨᠡᠮᠡᠭᠳᠡᠨ᠂ ᠰᠢᠯᠢᠳᠡᠭ ᠰᠠᠢᠨ ᠡᠳᠦᠷ᠎ᠦᠨ ᠲᠣᠭ᠎ᠠ᠎ᠶᠢᠨ ᠬᠠᠷᠢᠴᠠᠯ 78.4% ᠪᠣᠯᠲᠠᠯ᠎ᠠ ᠳᠡᠭᠡᠭᠰᠢᠯᠡᠵᠦ᠂ ᠪᠥᠬᠥ ᠲᠠᠯ᠎ᠠ᠎ᠪᠠᠷ ᠤᠯᠤᠰ᠎ᠤᠨ ᠣᠷᠴᠢᠨ ᠲᠣᠭᠣᠷᠢᠨ᠎ᠤ ᠠᠭᠠᠷ᠎ᠤᠨ ᠶᠠᠰᠤ ᠴᠢᠨᠠᠷ᠎ᠤᠨ ᠰᠢᠨ᠎ᠡ ᠪᠠᠷᠢᠮᠵᠢᠶ᠎ᠠ᠎ᠳᠤ ᠬᠥᠷᠪᠡ᠃
ᠬᠦᠬᠡᠮᠳᠡᠭ ᠤᠰᠤ᠎ᠶᠢ ᠬᠠᠮᠠᠭᠠᠯᠠᠬᠤ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠬᠦ᠎ᠶᠢᠨ ᠲᠥᠯᠥᠭᠡ᠂ ᠥᠪᠥᠷ ᠮᠣᠩᠭᠣᠯ 《ᠤᠰᠤᠨ᠎ᠤ ᠡᠬᠢ ᠪᠠᠶᠠᠯᠢᠭ᠂ ᠤᠰᠤᠨ᠎ᠤ ᠠᠮᠢ ᠠᠬᠤᠢ᠂ ᠤᠰᠤᠨ᠎ᠤ ᠤᠷᠴᠢᠨ ᠲᠤᠭᠤᠷᠢᠨ》᠎ᠢ᠋ ᠨᠢᠭᠡᠳᠦᠯᠲᠡᠢ ᠲᠥᠯᠥᠪᠵᠢᠭᠦᠯᠬᠦ᠎ᠶᠢ ᠪᠠᠷᠢᠮᠲᠠᠯᠠᠵᠤ᠂ ᠤᠰᠤᠨ᠎ᠤ ᠪᠣᠬᠢᠷᠲᠤᠯ᠎ᠢ ᠡᠬᠢ ᠡᠭᠦᠰᠦᠯ᠎ᠡᠴᠡ ᠨᠢ ᠰᠡᠷᠭᠡᠢᠯᠡᠨ ᠡᠵᠡᠮᠳᠡᠬᠦ᠂ ᠭᠣᠣᠯᠳᠠᠯᠭ᠎ᠠ᠎ᠲᠠᠢ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ ᠪᠠ ᠲᠥᠪᠯᠡᠷᠡᠩᠭᠦᠢ ᠬᠡᠯᠪᠡᠷᠢ᠎ᠶᠢᠨ ᠤᠤᠭᠤᠬᠤ ᠤᠰᠤᠨ᠎ᠤ ᠡᠬᠢ ᠰᠤᠷᠪᠤᠯᠵᠢ᠎ᠶᠢᠨ ᠣᠷᠣᠨ᠎ᠤ ᠬᠠᠮᠠᠭᠠᠯᠠᠯᠲᠠ᠎ᠶᠢ ᠬᠦᠴᠦᠯᠡᠨ ᠴᠢᠩᠭᠠᠳᠬᠠᠪᠠ᠃
ᠣᠯᠠᠨ ᠵᠢᠯ ᠵᠠᠰᠠᠭᠰᠠᠨ᠎ᠤ ᠳᠠᠷᠠᠭ᠎ᠠ᠂ ᠤᠯᠠᠭᠠᠨᠴᠠᠪ ᠬᠣᠲᠠ᠎ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠳᠤ ᠪᠠᠢᠭ᠎ᠠ ᠬᠢᠬᠢᠷᠢ᠎ᠵᠢᠨ ᠨᠠᠭᠤᠷ ᠤᠯᠠᠮ ᠭᠣᠶᠣ᠌ ᠪᠣᠯᠵᠠᠢ᠃ 2026 ᠣᠨ᠎ᠤ 9 ᠰᠠᠷ᠎ᠠ᠎ᠶᠢᠨ ᠡᠴᠦᠰ ᠪᠣᠯᠲᠠᠯ᠎ᠠ᠂ ᠬᠢᠬᠢᠷᠢ᠎ᠵᠢᠨ ᠨᠠᠭᠤᠷ᠎ᠤᠨ ᠤᠰᠤᠨ ᠣᠷᠣᠨ᠎ᠤ ᠲᠠᠯᠠᠪᠠᠶ 85.22 ᠲᠡᠭᠰᠢ ᠳᠥᠷᠪᠡᠯᠵᠢᠨ ᠺᠢᠯᠣᠮᠧᠲᠷ᠎ᠲᠦ ᠬᠦᠷᠴᠦ᠂ ᠤᠰᠤᠨ ᠣᠷᠣᠨ᠎ᠤ ᠲᠠᠯᠠᠪᠠᠶ ᠦᠷᠭᠦᠯᠵᠢᠯᠡᠨ ᠲᠣᠭᠲᠠᠭᠤᠨ ᠪᠤᠯᠵᠤ᠂ ᠰᠢᠪᠠᠭᠤᠨ᠎ᠤ ᠲᠥᠷᠥᠯ 168 ᠵᠦᠢᠯ᠎ᠳᠦ ᠬᠦᠷᠪᠡ᠃
ᠴᠡᠪᠡᠷ ᠬᠥᠷᠥᠰᠥ᠎ᠶᠢ ᠰᠠᠢᠲᠤᠷ ᠬᠠᠮᠠᠭᠠᠯᠠᠬᠤ᠎ᠶᠢᠨ ᠲᠥᠯᠥᠭᠡ᠂ ᠥᠪᠥᠷ ᠮᠣᠩᠭᠣᠯ ᠬᠥᠷᠥᠰᠥ ᠰᠢᠷᠣᠢ᠎ᠶᠢᠨ ᠪᠣᠬᠢᠷᠲᠤᠯ᠎ᠤᠨ ᠡᠬᠢ ᠡᠭᠦᠰᠦᠯ᠎ᠢ ᠰᠡᠷᠭᠡᠢᠯᠡᠨ ᠡᠵᠡᠮᠳᠡᠬᠦ᠎ᠶᠢ ᠪᠠᠷᠢᠮᠲᠠᠯᠠᠵᠤ᠂ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠲᠥᠷᠥᠯ ᠬᠤᠪᠢᠶᠠᠨ ᠬᠠᠮᠢᠶᠠᠷᠬᠤ ᠪᠠ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ ᠰᠢᠷᠦᠢ ᠵᠢᠨ ᠵᠠᠬ᠎ᠠ ᠲᠡᠯᠬᠡᠬᠦᠷ ᠲᠤ᠌ ᠤᠷᠤᠬᠤ ᠵᠢ ᠵᠥᠪᠰᠢᠶᠡᠷᠡᠬᠦ ᠬᠠᠮᠢᠶᠠᠷᠤᠯᠲᠠ᠎ᠶᠢ ᠴᠢᠩᠭᠠᠳᠬᠠᠵᠤ᠂ ᠬᠥᠷᠥᠰᠥ ᠰᠢᠷᠣᠢ ᠪᠠ ᠭᠠᠵᠠᠷ ᠳᠣᠣᠷᠠᠬᠢ ᠤᠰᠤᠨ᠎ᠤ ᠪᠣᠬᠢᠷᠲᠤᠯ᠎ᠤᠨ ᠭᠣᠣᠯᠳᠠᠯᠭ᠎ᠠ᠎ᠲᠠᠢ ᠣᠷᠣᠨ ᠪᠦᠰᠡ᠎ᠶᠢᠨ ᠣᠷᠴᠢᠨ ᠲᠣᠭᠣᠷᠢᠨ᠎ᠤ ᠠᠶᠤᠯ ᠲᠦᠭᠰᠢᠭᠦᠷᠢ᠎ᠶᠢ ᠴᠢᠩᠭ᠎ᠠ ᠡᠵᠡᠮᠳᠡᠵᠦ᠂ ᠬᠥᠳᠡᠭᠡ ᠲᠣᠰᠬᠣᠨ᠎ᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ᠎ᠶᠢ ᠦᠷᠭᠦᠯᠵᠢᠯᠡᠨ ᠥᠷᠨᠢᠭᠦᠯᠪᠡ; ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢᠯᠡᠨ ᠵᠠᠰᠠᠬᠤ᠎ᠶᠢ ᠯᠠᠪᠳᠠᠭᠤᠨ ᠪᠠᠲᠤᠲᠠᠢ ᠠᠬᠢᠭᠤᠯᠵᠤ᠂ ᠠᠶᠤᠯᠲᠠᠢ ᠬᠠᠶᠠᠭᠳᠠᠮᠠᠯ ᠪᠣᠳᠠᠰ᠂ ᠦᠯᠡᠳᠡᠭᠳᠡᠯ ᠬᠦᠳᠡᠷ᠎ᠦᠨ ᠬᠥᠮᠥᠷᠭᠡ᠂ ᠬᠦᠨᠳᠦ ᠲᠡᠮᠦᠷᠯᠢᠭ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠶᠢᠨ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ᠎ᠶᠢ ᠪᠥᠬᠥ ᠲᠠᠯ᠎ᠠ᠎ᠪᠠᠷ ᠴᠢᠩᠭᠠᠳᠬᠠᠪᠠ᠃
2025 ᠣᠨ᠎ᠳᠤ᠂ ᠥᠪᠥᠷ ᠮᠣᠩᠭᠣᠯ᠎ᠤᠨ ᠬᠥᠳᠡᠭᠡ ᠲᠣᠰᠬᠣᠨ᠎ᠤ ᠠᠮᠢᠳᠤᠷᠠᠯ᠎ᠤᠨ ᠪᠣᠬᠢᠷ ᠤᠰᠤᠨ᠎ᠤ ᠵᠠᠰᠠᠯᠲᠠ᠎ᠶᠢᠨ ᠨᠣᠷᠮ᠎ᠠ 46.55% ᠳ᠋ᠤ᠌ ᠬᠦᠷᠴᠦ᠂ 2020 ᠣᠨ᠎ᠤ ᠬᠢ᠎ᠡᠴᠡ ᠵᠠᠭᠤᠨ᠎ᠤ ᠬᠠᠷᠢᠴᠠᠯ᠎ᠵᠢᠡᠷ 29.7 ᠬᠤᠪᠢᠳᠡᠭᠡᠭᠰᠢᠯᠡᠪᠡ᠃
ᠪᠤᠬᠢᠷᠲᠦᠯ ᠦᠭᠡᠢ ᠬᠥᠳᠡᠯᠭᠡᠬᠦ ᠬᠦᠴᠦᠨ᠎ᠢ ᠪᠠᠷᠢᠮᠲᠠᠯᠠᠪᠠ
ᠣᠢᠷ᠎ᠠ᠎ᠶᠢᠨ ᠵᠢᠯ᠎ᠡᠴᠡ᠂ ᠥᠪᠥᠷ ᠮᠣᠩᠭᠣᠯ ᠠᠮᠢ ᠠᠬᠤᠢ᠎ᠶᠢᠨ ᠠᠵᠤ ᠦᠶ᠋ᠢᠯᠡᠰᠵᠢᠯᠲᠡ᠂ ᠠᠵᠤ ᠦᠢᠯᠡᠰ᠎ᠦᠨ ᠠᠮᠢ ᠠᠬᠤᠶ᠋ᠢᠵᠢᠯᠲᠠ᠎ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ᠎ᠶᠢᠨ ᠬᠥᠳᠡᠯᠭᠡᠬᠦ ᠡᠨᠧᠷᠭᠢ᠎ᠶᠢ ᠲᠠᠰᠤᠷᠠᠯᠲᠠ ᠦᠭᠡᠢ ᠬᠥᠭᠵᠢᠭᠡᠵᠦ᠂ ᠠᠮᠢ ᠠᠬᠤᠢ᠎ᠶᠢᠨ ᠬᠠᠮᠠᠭᠠᠯᠠᠯᠲᠠ ᠬᠢᠭᠡᠳ ᠠᠵᠤ ᠠᠬᠤᠢ᠎ᠶᠢᠨ ᠬᠥᠭᠵᠢᠯᠲᠡ ᠬᠠᠷᠢᠯᠴᠠᠨ ᠨᠥᠬᠥᠴᠡᠯᠳᠦᠭᠰᠡᠨ᠂ ᠬᠠᠷᠢᠯᠴᠠᠨ ᠠᠰᠢᠭ᠍ᠲᠠᠢ ᠬᠠᠮᠲᠤ᠎ᠪᠠᠷ ᠠᠰᠢᠭ᠋ ᠭᠥᠷᠳᠡᠬᠦ ᠬᠥᠭᠵᠢᠯᠲᠡ᠎ᠶᠢᠨ ᠵᠠᠮ᠎ᠢᠶᠠᠷ ᠵᠠᠮᠨᠠᠪᠠ᠃
ᠡᠨᠧᠷᠭᠢ᠎ᠶᠢᠨ ᠪᠦᠲᠦᠴᠡ᠎ᠶᠢ ᠲᠣᠬᠢᠷᠠᠭᠤᠯᠤᠨ ᠰᠢᠯᠢᠳᠡᠭᠵᠢᠭᠦᠯᠬᠦ᠎ᠶᠢᠨ ᠲᠥᠯᠥᠭᠡ ᠥᠪᠥᠷ ᠮᠣᠩᠭᠣᠯ ᠨᠡᠭᠦᠷᠡᠰᠦ᠎ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭ᠍ᠯᠠᠬᠤ᠎ᠶᠢ ᠶᠡᠬᠡᠪᠡᠷ ᠠᠬᠢᠭᠤᠯᠵᠤ᠂ ᠣᠲᠣ᠌ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠢ ᠲᠦᠷᠭᠡᠳᠬᠡᠨ ᠬᠥᠭᠵᠢᠭᠦᠯᠵᠦ᠂ ᠤᠯᠤᠰ᠎ᠤᠨ ᠳᠣᠲᠣᠭᠠᠳᠤ᠎ᠶᠢᠨ ᠬᠡᠪᠴᠢᠶ᠎ᠡ᠎ᠪᠡᠷ ᠬᠠᠮᠤᠭ᠎ᠤᠨ ᠶᠡᠬᠡ᠂ ᠲᠥᠷᠥᠯ ᠵᠦᠢᠯ᠎ᠢᠶᠡᠷ ᠬᠠᠮᠤᠭ᠎ᠤᠨ ᠪᠦᠷᠢᠨ ᠣᠲᠣ᠌ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠦᠨ ᠪᠦᠯᠦᠭᠵᠢᠯ᠎ᠢ ᠪᠠᠢᠭᠤᠯᠪᠠ; ᠰᠢᠨ᠎ᠡ ᠡᠨᠧᠷᠭᠢ᠎ᠶᠢ ᠨᠡᠭᠡᠭᠡᠨ ᠠᠰᠢᠭ᠍ᠯᠠᠬᠤ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ 《ᠡᠯᠡᠰᠦ ᠭᠤᠪᠢ ᠴᠦᠯ》 ᠤ᠋ᠨ ᠲᠣᠮᠣ᠌ ᠰᠠᠭᠤᠷᠢᠨ᠎ᠢ ᠪᠥᠬᠥ ᠬᠦᠴᠦᠨ᠎ᠢᠶᠡᠷ᠎ᠢᠶᠡᠨ ᠪᠦᠲᠦᠭᠡᠨ ᠪᠠᠢᠭᠤᠯᠪᠠ᠃
《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ ᠥᠪᠥᠷ ᠮᠣᠩᠭᠣᠯ ᠵᠢᠯ ᠳᠤᠮᠳᠠᠴᠢ᠎ᠪᠡᠷ 1.7% ᠵᠢᠨ ᠡᠨᠧᠷᠭᠢ᠎ᠶᠢᠨ ᠬᠣᠷᠣᠭᠳᠠᠭᠤᠯᠤᠯ᠎ᠤᠨ ᠨᠡᠮᠡᠭᠳᠡᠯ᠎ᠦᠨ ᠬᠤᠷᠳᠤᠴᠠ᠎ᠪᠠᠷ ᠵᠢᠯ ᠳᠤᠮᠳᠠᠴᠢ᠎ᠶᠢᠨ 5.9% ᠵᠢᠨ ᠠᠵᠤ ᠠᠬᠤᠢ᠎ᠶᠢᠨ ᠨᠡᠮᠡᠭᠳᠡᠯ᠎ᠦᠨ ᠬᠤᠷᠳᠤᠴᠠ᠎ᠶᠢ ᠲᠤᠯᠭᠠᠭᠤᠷᠢᠯᠠᠵᠤ᠂ ᠪᠥᠬᠥ ᠣᠷᠣᠨ᠎ᠤ ᠡᠨᠧᠷᠭᠢ᠎ᠶᠢᠨ ᠬᠣᠷᠣᠭᠳᠠᠭᠤᠯᠤᠯ᠎ᠤᠨ ᠡᠷᠴᠢᠮ ᠨᠡᠶ᠋ᠢᠲᠡ 18% ᠪᠠᠷ ᠪᠠᠭᠤᠷᠠᠪᠠ; ᠤᠳᠤ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠂ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ᠂ ᠪᠣᠬᠢᠷᠲᠤᠯ ᠦᠭᠡᠢ ᠪᠤᠳᠤᠯᠲᠠ᠎ᠵᠢᠨ ᠬᠦᠴᠦᠨ᠂ ᠠᠮᠢᠳᠤ ᠪᠣᠳᠠᠰ᠎ᠤᠨ ᠦᠢᠯᠡᠳᠬᠦ ᠦᠢᠯᠡᠰ ᠵᠡᠷᠭᠡ ᠨᠢᠭᠡ ᠪᠦᠯᠦᠭ ᠰᠢᠨ᠎ᠡ᠎ᠪᠡᠷ ᠮᠠᠨᠳᠤᠭᠰᠠᠨ ᠪᠠ ᠢᠷᠡᠭᠡᠳᠦᠢ᠎ᠶᠢᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠪᠠ᠃
ᠥᠪᠥᠷ ᠮᠣᠩᠭᠣᠯ ᠠᠮᠢ ᠠᠬᠤᠢ᠎ᠶᠢᠨ ᠪᠦᠲᠦᠭᠡᠭᠳᠡᠬᠦᠨ᠎ᠦ ᠥᠷᠲᠡᠭ᠎ᠢ ᠪᠡᠶᠡᠯᠡᠭᠦᠯᠬᠦ ᠲᠣᠭᠲᠡᠴᠡ᠎ᠶᠢ ᠢᠳᠡᠪᠬᠢᠲᠡᠢ ᠰᠦᠪᠡᠭᠴᠢᠯᠡᠨ᠂ 《ᠠᠯᠲᠠᠨ ᠠᠭᠤᠯᠠ ᠮᠦᠨᠭᠭᠦᠨ ᠬᠠᠢᠷᠬᠠᠨ》 ᠢ᠋ ᠬᠤᠪᠢᠷᠠᠭᠤᠯᠬᠤ ᠠᠷᠭ᠎ᠠ ᠵᠠᠮ᠎ᠢ ᠥᠷᠭᠡᠳᠬᠡᠵᠦ᠂ ᠣᠶ ᠮᠣᠳᠣ᠌ ᠡᠪᠡᠰᠦ ᠡᠯᠡᠰᠦᠨ᠎ᠦ ᠡᠬᠢ ᠪᠠᠶᠠᠯᠢᠭ᠋᠎ᠢ ᠵᠦᠢ ᠵᠣᠬᠢᠰᠲᠠᠢ ᠨᠡᠭᠡᠭᠡᠨ ᠠᠰᠢᠭ᠍ᠯᠠᠵᠤ᠂ ᠣᠨᠴᠠᠯᠢᠭ᠍ᠲᠤ ᠣᠶ ᠵᠢᠨ ᠵᠢᠮᠢᠰ᠂ ᠣᠶ ᠰᠢᠭᠤᠢ᠎ᠶᠢᠨ ᠢᠳᠡᠭᠡᠨ ᠵᠡᠷᠭᠡ ᠣᠨᠴᠠᠯᠢᠭ᠍ᠲᠤ ᠠᠵᠤ ᠦᠢᠯᠡᠰ᠎ᠢ ᠪᠥᠬᠥ ᠬᠦᠴᠦᠨ᠎ᠢᠶᠡᠷ᠎ᠢᠶᠡᠨ ᠪᠣᠢᠵᠢᠭᠤᠯᠤᠨ ᠪᠤᠵᠠᠭᠠᠢᠷᠠᠭᠤᠯᠪᠠ᠃ 2025 ᠣᠨ᠎ᠳᠤ᠂ ᠪᠥᠬᠥ ᠣᠷᠣᠨ᠎ᠤ ᠣᠶ ᠰᠢᠭᠤᠢ ᠡᠪᠡᠰᠦᠨ᠎ᠦ ᠠᠵᠤ ᠦᠢᠯᠡᠰ᠎ᠦᠨ ᠦᠢᠯᠡᠳᠬᠦᠨ᠎ᠦ ᠶᠡᠷᠦᠩᠬᠡᠢ ᠥᠷᠲᠡᠭ 1120 ᠳ᠋ᠦᠩᠰᠢᠭᠤᠷ ᠲᠥᠭᠥᠷᠢᠭ᠎ᠲᠦ ᠬᠥᠷᠪᠡ᠃
ᠡᠭᠦᠨ᠎ᠦ ᠬᠠᠮᠲᠤ᠂《ᠤᠮᠠᠷᠠᠲᠤ᠎ᠵᠢᠨ ᠭᠤᠷᠪᠠᠨ ᠤᠷᠤᠨ》᠎ᠤ᠋ ᠢᠨᠵᠧᠨᠧᠷᠢᠩ ᠵᠡᠷᠭᠡ ᠲᠥᠷᠥᠯ ᠵᠦᠢᠯ᠎ᠳᠦ ᠲᠦᠰᠢᠭᠯᠡᠨ ᠬᠦᠳᠡᠯᠮᠦᠷᠢ᠎ᠪᠠᠷ ᠲᠡᠳᠬᠦᠮᠵᠢ᠎ᠶᠢ ᠣᠷᠣᠯᠠᠭᠤᠯᠬᠤ᠎ᠶᠢ ᠬᠡᠷᠡᠭᠵᠢᠭᠦᠯᠵᠦ᠂ 10 ᠰᠠᠷ᠎ᠠ᠎ᠶᠢᠨ ᠡᠴᠦᠰ ᠪᠣᠯᠲᠠᠯ᠎ᠠ᠂ ᠥᠪᠥᠷ ᠮᠣᠩᠭᠣᠯ ᠬᠥᠳᠡᠭᠡ ᠲᠣᠰᠬᠣᠨ᠎ᠤ ᠨᠡᠶ᠋ᠢᠲᠡ 70866 ᠬᠥᠳᠡᠯᠮᠦᠷᠢ ᠬᠦᠴᠦᠨ᠎ᠢ ᠰᠢᠩᠭᠡᠬᠡᠨ ᠠᠪᠴᠤ᠂ ᠬᠥᠳᠡᠯᠮᠦᠷᠢ ᠦᠢᠯᠡᠴᠢᠯᠡᠭᠡᠨ᠎ᠦ ᠬᠥᠯᠥᠰᠦ ᠣᠯᠭᠣᠮᠵᠢ ᠵᠢ 73587 ᠲᠦᠮᠡᠨ ᠲᠥᠭᠥᠷᠢᠭ ᠲᠠᠷᠬᠠᠭᠠᠵᠤ᠂ ᠬᠥᠮᠥᠨ ᠳᠤᠮᠳᠠᠴᠢ᠎ᠶᠢᠨ ᠣᠷᠣᠯᠭ᠎ᠠ᠎ᠶᠢ 10384 ᠲᠥᠭᠥᠷᠢᠭ ᠨᠡᠮᠡᠭᠳᠡᠭᠦᠯᠪᠡ᠃
ᠲᠡᠭᠷᠢ ᠨᠢ ᠴᠡᠯᠮᠡᠭ᠂ ᠬᠦᠷᠦᠰᠦ ᠨᠢ ᠨᠣᠭᠣᠭᠠᠨ᠂ ᠤᠰᠤ ᠨᠢ ᠲᠤᠩᠭᠠᠯᠠᠭ᠂ ᠠᠷᠠᠳ ᠨᠢ ᠪᠠᠶᠠᠨ ᠁ ᠥᠪᠥᠷ ᠮᠣᠩᠭᠣᠯ ᠶᠠᠭ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ 《ᠨᠤᠮᠢᠨ ᠨᠤᠭᠤᠭᠠᠨ》 ᠵᠢᠡᠷ ᠴᠢᠨᠠᠷ ᠰᠠᠢᠲᠠᠢ ᠬᠥᠭᠵᠢᠯᠲᠡ᠎ᠶᠢᠨ 《ᠠᠯᠳᠠ ᠮᠦᠩᠬᠦ》 ᠵᠢ ᠡᠬᠦᠳᠴᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠲᠤᠮᠳᠠ ᠥᠪᠥᠷ ᠮᠣᠩᠭᠣᠯ᠎ᠤᠨ ᠡᠭᠦᠷᠭᠡᠯᠡᠯ᠎ᠢ ᠢᠯᠡᠷᠡᠭᠦᠯᠵᠦ᠂ ᠥᠪᠥᠷ ᠮᠣᠩᠭᠣᠯ᠎ᠤᠨ ᠬᠦᠴᠦᠨ ᠴᠢᠳᠠᠯ᠎ᠢ ᠡᠷᠭᠦᠵᠦ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃