2026-11-20 11:30:43
11 ᠰᠠᠷ᠎ᠠ᠎ᠶᠢᠨ 18 ᠡᠴᠡ 19 ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠤᠨ ᠬᠢᠨ ᠬᠥᠬᠡᠬᠣᠲᠠ᠂ ᠡᠷᠢᠶᠡᠨ ᠬᠤᠳᠠ᠎ᠳᠤ ᠬᠦᠷᠴᠤ ᠤᠬᠠᠭᠤᠯᠤᠨ ᠲᠠᠢᠯᠪᠤᠷᠢᠯᠠᠪᠠ᠃
ᠬᠥᠬᠡᠬᠣᠲᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠳᠡᠳ᠋ ᠱᠦᠵᠢ᠂ ᠬᠢᠨᠠᠨ ᠪᠠᠢᠴᠠᠭᠠᠬᠤ ᠵᠥᠪᠯᠡᠯ᠎ᠦᠨ ᠳᠡᠳ᠋ ᠡᠷᠬᠢᠯᠡᠭᠴᠢ ᠸᠠᠩ ᠶᠠᠨ ᠴᠦᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃ ᠸᠠᠩ ᠶᠠᠨ ᠴᠦᠨ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠣᠯᠣᠨ ᠪᠦᠬᠦᠳᠠ ᠬᠤᠷᠠᠯ ᠡᠴᠡ ᠬᠢᠨᠠᠨ ᠵᠥᠪᠯᠡᠵᠦ ᠪᠠᠲᠤᠯᠠᠭᠰᠠᠨ 《ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠣᠭᠲᠠᠭᠠᠯ》 ᠲᠠᠢ ᠨᠢᠭᠳᠠ ᠤᠶᠠᠯᠳᠤᠭᠤᠯᠤᠨ᠂ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠨ ᠡᠵᠡᠮᠰᠢᠬᠦ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠣᠢᠯᠠᠭᠠᠬᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠶᠡᠷᠦᠩᠬᠡᠢ ᠱᠠᠭᠠᠷᠳᠠᠯᠭ᠎ᠠ᠂ ᠪᠠᠢᠯᠳᠤᠬᠤ ᠪᠣᠳᠣᠯᠭ᠎ᠠ᠎ᠶᠢᠨ ᠡᠭᠦᠷᠭᠡ ᠪᠣᠯᠣᠨ ᠴᠢᠬᠤᠯᠠ ᠶᠡᠬᠡ ᠠᠷᠭ᠎ᠠ ᠬᠡᠮᠵᠢᠶ᠎ᠡ᠎ᠶᠢ ᠪᠦᠬᠦ ᠲᠠᠯ᠎ᠠ᠎ᠪᠠᠷ ᠵᠦᠪ ᠣᠨᠣᠪᠴᠢᠲᠠᠢ ᠣᠢᠯᠠᠭᠠᠬᠤ ᠵᠡᠷᠭᠡ ᠲᠠᠯ᠎ᠠ᠎ᠪᠠᠷ ᠪᠣᠳᠠᠲᠤ ᠪᠠᠢᠳᠠᠯ᠎ᠲᠠᠢ ᠨᠢᠭ᠍ᠲᠠ ᠤᠶᠠᠯᠳᠤᠭᠤᠯᠵᠤ᠂ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠰᠢᠰᠲᠧᠮ᠎ᠲᠠᠢ ᠭᠦᠨᠵᠡᠭᠡᠢ ᠲᠠᠢᠯᠪᠤᠷᠢᠯᠠᠵᠠᠢ᠃
ᠮᠡᠳᠡᠭᠦᠯᠦᠯᠲᠡ᠎ᠶᠢ ᠰᠣᠨᠣᠰᠤᠭᠰᠠᠨ᠎ᠤ ᠳᠠᠷᠠᠭ᠎ᠠ᠂ ᠡᠪ ᠬᠠᠮᠲᠤ᠌ ᠵᠠᠯᠠᠭᠤᠴᠤᠳ᠎ᠤᠨ ᠡᠪᠯᠡᠯ᠎ᠦᠨ ᠬᠥᠬᠡᠬᠣᠲᠠ᠎ᠶᠢᠨ ᠬᠣᠷᠢᠶ᠎ᠠ ᠵᠢᠨ ᠱᠦᠵᠢ ᠵᠠᠩ ᠢᠦᠢ ᠹᠸᠩ᠄ 《ᠪᠢᠳᠡ ᠨᠠᠮ᠎ᠤᠨ ᠲᠥᠯᠥᠭᠡ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠶᠢ ᠪᠠᠲᠤ᠌ ᠡᠵᠡᠮᠳᠡᠵᠦ᠍᠂ ᠵᠠᠯᠠᠭᠤᠴᠤᠳ᠎ᠤᠨ ᠯᠧᠺᠲ᠋ᠣᠷ᠎ᠤᠨ ᠪᠦᠯᠬᠦᠮ᠎ᠢ ᠰᠠᠶ᠋ᠢᠲᠤᠷ ᠠᠰᠢᠬᠯᠠᠵᠦ᠍᠂ ᠵᠠᠯᠠᠭᠤᠴᠤᠳ ᠤ᠋ᠨ ᠦᠭᠡ ᠬᠡᠯᠡ᠎ᠪᠡᠷ ᠤᠨᠤᠯ ᠶᠠᠷᠢᠬᠤ᠂ ᠳᠡᠷᠭᠡᠳᠡᠬᠢ ᠦᠯᠢᠭᠡᠷ᠎ᠢᠶᠡᠷ ᠶᠣᠰᠣ ᠶᠠᠷᠢᠬᠤ᠎ᠶᠢ ᠪᠠᠷᠢᠮᠲᠠᠯᠠᠵᠤ᠂ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠬᠦᠮᠦᠰ᠎ᠤᠨ ᠲᠠᠷᠢᠬᠢᠨ ᠳ᠋ᠤ ᠰᠢᠨᠭᠭᠡᠭᠡᠵᠤ ᠰᠡᠳᠬᠢᠯ ᠳ᠋ᠤ ᠬᠠᠳᠠᠩᠰᠢᠭᠤᠯᠤᠨ᠎ᠠ》 ᠭᠡᠪᠡ᠃
ᠬᠤᠷᠠᠯ᠎ᠤᠨ ᠳᠠᠷᠠᠭ᠎ᠠ᠂ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠬᠥᠬᠡᠬᠣᠲᠠ᠎ᠶᠢᠨ ᠰᠢᠨ᠎ᠡ ᠬᠤᠳᠠ ᠲᠣᠭᠣᠷᠢᠭ᠎ᠤᠨ ᠳ᠋ᠦᠩ ᠾᠧ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ᠌ ᠭᠠᠵᠠᠷ᠎ᠤᠨ ᠹᠦ᠋ ᠶᠤᠸᠠᠨ ᠨᠡᠶ᠋ᠢᠭᠡᠮ ᠲᠣᠭᠣᠷᠢᠭ᠎ᠲᠤ᠌ ᠬᠦᠷᠴᠦ᠍᠂ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠳᠦᠰᠦᠨ ᠱᠠᠳᠤ ᠲᠡᠶ᠋ᠢᠰᠢ ᠤᠷᠲᠤᠳᠬᠠᠬᠤ᠎ᠶᠢ ᠠᠬᠢᠭᠤᠯᠬᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ᠎ᠦᠨ ᠠᠰᠠᠭᠤᠳᠠᠯ᠎ᠢ ᠴᠡᠭᠴᠡᠯᠡᠨ ᠵᠠᠰᠠᠬᠤ ᠵᠡᠷᠭᠡ ᠠᠭᠤᠯᠭ᠎ᠠ᠎ᠶᠢᠨ ᠲᠣᠭᠣᠷᠢᠨ᠎ᠳᠤ ᠨᠡᠶ᠋ᠢᠭᠡᠮ ᠲᠣᠭᠣᠷᠢᠭ᠎ᠤᠨ ᠺᠠᠳ᠋ᠷ ᠪᠣᠯᠤᠨ ᠰᠠᠭᠤᠭᠠᠯᠢ ᠠᠷᠠᠳ᠎ᠲᠠᠶ ᠰᠠᠨᠠᠯ᠎ᠢᠶᠠᠨ ᠰᠣᠯᠢᠯᠴᠠᠪᠠ᠃ ᠹᠦ᠋ ᠶᠤᠸᠠᠨ ᠨᠡᠶ᠋ᠢᠭᠡᠮ ᠲᠣᠭᠣᠷᠢᠭ᠎ᠤᠨ ᠨᠠᠮ᠎ᠤᠨ ᠡᠭᠦᠷ᠎ᠦᠨ ᠭᠡᠰᠢᠭᠦᠨ ᠦ᠋ ᠢ ᠲᠢᠶᠠᠨ᠄ 《ᠪᠢ ᠲᠦᠷᠦᠭᠦᠯᠡᠨ ᠰᠠᠬᠢᠯᠭ᠎ᠠ ᠪᠠᠲᠤ᠌ ᠶᠣᠰᠣ ᠲᠦᠷᠢᠮ᠎ᠢ ᠴᠢᠩᠭ᠎ᠠ ᠰᠠᠬᠢᠵᠤ᠂ ᠨᠠᠮ᠎ᠤᠨ ᠡᠭᠦᠷ᠎ᠦᠨ ᠨᠠᠮ᠎ᠤᠨ ᠭᠡᠰᠢᠭᠦᠨ᠎ᠦ ᠬᠥᠮᠦᠵᠢᠯ ᠬᠠᠮᠢᠶᠠᠷᠤᠯᠲᠠ᠎ᠶᠢ ᠪᠣᠳᠠᠲᠠᠢ ᠠᠳᠬᠤᠵᠤ᠂ ᠠᠵᠢᠯ᠎ᠤᠨ ᠰᠤᠷᠲᠠᠯ᠎ᠢᠶᠠᠨ ᠦᠷᠭᠦᠯᠵᠢᠯᠡᠨ ᠰᠠᠶ᠋ᠢᠵᠢᠷᠠᠭᠤᠯᠵᠤ᠂ ᠠᠷᠢᠭᠤᠨ ᠴᠢᠬᠡᠴᠢ ᠪᠣᠳᠠᠲᠠᠢ᠎ᠶᠢ ᠡᠷᠬᠢᠮᠯᠡᠬᠦ᠌ ᠣᠪᠣᠷ ᠪᠠᠶ᠋ᠢᠳᠠᠯ᠎ᠢᠶᠠᠷ ᠦᠨᠳᠦᠰᠦᠨ ᠱᠠᠲᠤᠨ᠎ᠤ ᠲᠠᠢ᠌ᠴᠢᠨ ᠪᠡᠬᠢᠯᠡᠯᠲᠡ᠎ᠶᠢ ᠪᠠᠲᠤ᠌ ᠴᠣᠭᠴᠠᠯᠠᠨ᠎ᠠ》 ᠭᠡᠪᠡ᠃
ᠡᠷᠢᠶᠡᠨ ᠬᠤᠳᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠰᠠᠬᠢᠯᠭ᠎ᠠ ᠪᠠᠲᠤ᠌ ᠪᠠᠶ᠋ᠢᠴᠠᠭᠠᠬᠤ ᠬᠢᠨᠠᠨ ᠪᠠᠶ᠋ᠢᠴᠠᠭᠠᠬᠤ ᠳᠡᠭᠡᠳᠦ ᠰᠤᠷᠭᠠᠭᠤᠯᠢ᠎ᠶᠢᠨ ᠫᠷᠤᠹᠸᠰᠰᠤᠷ ᠳ᠋ᠦ᠋ ᠵᠢᠶᠠᠨ ᠮᠢᠩ 《ᠥᠪᠡᠷᠪᠡᠶᠠ ᠳ᠋ᠡᠭᠡᠨ ᠬᠤᠪᠢᠰᠬᠠᠯ ᠬᠢᠬᠦ᠌ ᠵᠣᠷᠢᠭ ᠰᠠᠨᠠᠭ᠎ᠠ᠎ᠪᠠᠷ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠠ ᠪᠠᠷᠢᠮᠳᠡᠯᠡᠨ ᠠᠬᠢᠭᠤᠯᠤᠶ᠎ᠠ》 ᠭᠡᠬᠦ᠌ ᠰᠡᠳᠦᠪ᠎ᠢᠶᠡᠷ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠬᠢᠵᠡᠢ᠃ ᠮᠡᠳᠡᠭᠦᠯᠦᠯᠲᠡ ᠨᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠭᠣᠣᠯ ᠪᠠᠶ᠋ᠢᠷᠢᠯᠠᠭᠤᠯᠤᠯᠲᠠ᠎ᠲᠠᠶ ᠨᠢᠭᠲᠠ ᠤᠶᠠᠯᠳᠤᠭᠤᠯᠵᠤ᠂ ᠪᠦᠬᠦᠳᠠ ᠬᠤᠷᠠᠯ᠎ᠤᠨ ᠠᠬᠤᠢ ᠪᠠᠶ᠋ᠢᠳᠠᠯ᠂ ᠴᠢᠬᠤᠯᠠ ᠶᠡᠬᠡ ᠠᠴᠢ ᠬᠣᠯᠪᠣᠭᠳᠠᠯ ᠪᠣᠯᠤᠨ ᠵᠣᠷᠢᠭ ᠰᠠᠨᠠᠭᠠᠨ᠎ᠤ ᠳᠣᠲᠣᠭᠠᠳᠤ ᠴᠥᠮ᠎ᠡ᠎ᠶᠢ ᠰᠢᠰᠲ᠋ᠧᠮ᠎ᠲᠡᠶ ᠲᠠᠶ᠋ᠢᠯᠪᠤᠷᠢᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠲᠠᠶ ᠤᠶᠠᠯᠳᠤᠭᠤᠯᠵᠤ᠂ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠦᠢᠯᠡᠳᠦᠯᠭᠡ᠎ᠶᠢᠨ ᠠᠷᠭ᠎ᠠ ᠵᠠᠮ᠂ ᠬᠠᠷᠠᠯᠲᠠ ᠱᠠᠭᠠᠷᠳᠠᠯᠭ᠎ᠠ᠂ ᠭᠣᠣᠯᠳᠠᠯᠭ᠎ᠠ᠎ᠲᠠᠶ ᠡᠭᠦᠷᠭᠡ᠎ᠶᠢᠨ ᠲᠣᠭᠣᠷᠢᠨ᠎ᠳᠤ ᠪᠦᠬᠦ᠌ ᠲᠠᠯ᠎ᠠ᠎ᠶᠢᠨ᠂ ᠭᠦᠨ ᠳᠠᠪᠬᠤᠷᠭ᠎ᠠ᠎ᠶᠢᠨ ᠲᠠᠶ᠋ᠢᠯᠪᠤᠷᠢᠯᠠᠯᠲᠠ ᠬᠢᠵᠡᠢ᠃ ᠪᠦᠬᠦ ᠲᠠᠯᠠᠪᠠᠢ ᠵᠢᠨ ᠤᠬᠠᠭᠤᠯᠤᠨ ᠲᠠᠶ᠋ᠢᠯᠪᠤᠷᠢᠯᠠᠯᠳᠠ ᠤᠯᠤᠰ ᠲᠥᠷᠥ᠎ᠶᠢᠨ ᠵᠣᠭᠰᠣᠴᠠ ᠥᠨᠳᠥᠷ᠂ ᠣᠨᠣᠯ᠎ᠤᠨ ᠲᠠᠶ᠋ᠢᠯᠪᠤᠷᠢᠯᠠᠯᠲᠠ ᠭᠦᠨ ᠪᠠᠶ᠋ᠢᠵᠤ᠂ ᠬᠣᠷᠸ᠎ᠠ ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ ᠪᠠᠶ᠋ᠢᠬᠤᠪᠦᠭᠡᠳ ᠪᠠᠰᠠ ᠦᠨᠳᠦᠰᠦᠨ ᠱᠠᠲᠤᠨ᠎ᠤ ᠦᠢᠯᠡᠳᠦᠯᠭᠡ᠎ᠶᠢᠨ ᠵᠢᠯᠣᠭᠣᠳᠣᠯᠭ᠎ᠠ ᠪᠤᠢ᠃
ᠬᠤᠷᠠᠯ᠎ᠳᠤ ᠣᠷᠣᠯᠴᠠᠭᠰᠠᠨ ᠺᠠᠳ᠋ᠷᠴᠤᠳ᠂ ᠲᠣᠰ ᠤᠳᠠᠭᠠᠨ᠎ᠤ ᠤᠬᠠᠭᠤᠯᠤᠨ ᠲᠠᠢᠯᠪᠤᠷᠢᠯᠠᠯᠲᠠ᠎ᠪᠠᠷ ᠠᠵᠠ ᠲᠣᠬᠢᠶᠠᠯ ᠪᠣᠯᠭᠠᠵᠤ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠦᠷᠭᠦᠯᠵᠢᠯᠡᠨ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠪᠣᠭᠣᠮᠲᠠ᠎ᠶᠢᠨ ᠣᠷᠣᠨ ᠪᠠᠢᠷᠢ᠎ᠶᠢᠨ ᠳᠠᠪᠠᠭᠤᠯᠢᠭ᠋ ᠪᠠ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠬᠥᠭᠵᠢᠯᠲᠡ᠎ᠶᠢᠨ ᠪᠠᠢᠷᠢ ᠲᠣᠭᠲᠠᠭᠠᠯᠲᠠ᠎ᠳᠤ ᠰᠠᠭᠤᠷᠢᠯᠠᠨ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠂ ᠠᠵᠢᠯ ᠬᠢᠵᠦ ᠦᠢᠯᠡᠰ ᠪᠤᠰᠬᠠᠬᠤ᠎ᠶᠢᠨ ᠪᠣᠳᠠᠲᠤ ᠦᠷ᠎ᠡ ᠪᠦᠲᠦᠮᠵᠢ ᠪᠣᠯᠭᠠᠨ ᠤᠯᠠᠷᠢᠭᠤᠯᠤᠨ᠎ᠠ ᠭᠡᠵᠦ ᠰᠠᠨᠠᠯ ᠨᠢᠭᠡᠲᠡᠢ ᠢᠯᠡᠳᠭᠡᠵᠡᠭᠡᠪᠡ᠃ 《ᠪᠢᠳᠡ ᠬᠥᠭᠥᠷᠭᠡ ᠬᠣᠯᠪᠣᠭᠠᠰᠤ᠎ᠶᠢᠨ ᠦᠢᠯᠡᠳᠦᠯ᠎ᠢᠶᠡᠨ ᠦᠷᠭᠦᠯᠵᠢᠯᠡᠨ ᠪᠠᠳᠠᠷᠠᠭᠤᠯᠵᠤ᠂ ᠪᠣᠭᠣᠮᠲᠠ᠎ᠶᠢᠨ ᠭᠠᠳᠠᠭᠠᠳᠤ ᠠᠷᠠᠯᠵᠢᠶ᠎ᠠ᠂ ᠠᠵᠤ ᠦᠢᠯᠡᠰ᠂ ᠰᠣᠶᠣᠯ ᠵᠢᠭᠤᠯᠴᠢᠯᠠᠯ ᠰᠣᠶᠣᠯ ᠢᠷᠬᠡᠨᠰᠢᠯ᠎ᠤᠨ ᠬᠥᠭᠵᠢᠯᠲᠡ᠎ᠶᠢᠨ ᠶᠡᠬᠡ ᠲᠠᠯ᠎ᠠ᠎ᠶᠢ ᠴᠢᠩᠭ᠎ᠠ ᠡᠵᠡᠮᠳᠡᠵᠦ᠂ ᠡᠮᠡᠭᠲᠡᠢ ᠠᠵᠤ ᠠᠬᠤᠢᠯᠠᠯᠲᠠᠨ᠂ ᠡᠮᠡᠭᠲᠡᠢ ᠦᠢᠯᠡᠰ ᠪᠤᠰᠬᠠᠬᠴᠢ᠂ ᠭᠠᠷ ᠤᠷᠠᠯᠠᠯ᠎ᠤᠨ ᠠᠵᠢᠯᠯᠠᠭ᠍ᠴᠢ᠎ᠶᠢ ᠬᠥᠲᠥᠯᠥᠨ ᠳᠠᠭᠠᠭᠤᠯᠵᠤ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠭᠤᠯᠤᠨ᠎ᠠ᠃ ᠥᠷᠭᠡᠨ ᠣᠯᠠᠨ ᠬᠢᠯᠢ ᠬᠢᠵᠠᠭᠠᠷ᠎ᠤᠨ ᠡᠮᠡᠭᠲᠡᠢᠴᠦᠳ᠎ᠢ ᠪᠦᠯᠬᠦᠮᠳᠡᠭᠦᠯᠦᠨ ᠳᠠᠭᠠᠭᠤᠯᠵᠤ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠲᠠᠭᠠᠨ ᠤᠷᠤᠭᠰᠢᠯᠠᠵᠤ᠂ ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠠᠲᠤ ᠴᠣᠭᠴᠠᠯᠠᠬᠤ᠂ ᠳᠤᠮᠳᠠᠳᠤ ᠮᠣᠩᠭᠣᠯ ᠣᠷᠣᠰ᠎ᠤᠨ ᠰᠣᠶᠣᠯ ᠢᠷᠭᠡᠨᠰᠢᠯ᠎ᠦᠨ ᠰᠣᠯᠢᠯᠴᠠᠭ᠎ᠠ᠎ᠶᠢ ᠰᠢᠯᠤᠭᠤᠳᠬᠠᠬᠤ᠂ ᠪᠣᠭᠣᠮᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠡᠮᠡᠭᠲᠡᠢᠴᠦᠳ᠎ᠦᠨ ᠬᠦᠴᠦᠨ ᠴᠢᠳᠠᠯ᠎ᠢ ᠡᠷᠭᠦᠨ᠎ᠠ》 ᠬᠡᠵᠦ ᠡᠷᠢᠶᠡᠨ ᠬᠤᠳᠠ᠎ᠶᠢᠨ ᠡᠮᠡᠭᠲᠡᠢᠴᠦᠳ᠎ᠦᠨ ᠬᠤᠯᠪᠤᠭ᠎ᠠ᠎ᠶᠢᠨ ᠲᠡᠷᠢᠭᠦᠯᠡᠭᠴᠢ ᠶᠠᠩ ᠶᠠ ᠴᠦᠨ ᠬᠡᠯᠡᠪᠡ᠃
ᠤᠬᠠᠭᠤᠯᠤᠨ ᠲᠠᠢᠯᠪᠤᠷᠢᠯᠠᠬᠤ ᠪᠦᠯᠬᠦᠮ ᠪᠠᠰᠠ ᠡᠷᠢᠶᠡᠨ ᠬᠤᠳᠠ᠎ᠶᠢᠨ ᠰᠢ ᠴᠧᠩ ᠨᠡᠢᠭᠡᠮ ᠲᠣᠭᠣᠷᠢᠭ᠋᠎ᠲᠤ ᠬᠦᠷᠴᠦ᠂ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠦᠨᠳᠦᠰᠦᠨ ᠱᠠᠲᠤᠨ᠎ᠳᠤ ᠨᠠᠢᠳᠠᠪᠤᠷᠢᠵᠢᠭᠤᠯᠬᠤ ᠦᠢᠯᠡᠳᠦᠯᠭᠡ᠂ ᠠᠷᠠᠳ᠎ᠤᠨ ᠠᠮᠢᠳᠤᠷᠠᠯ᠎ᠤᠨ ᠦᠢᠯᠡᠴᠢᠯᠡᠭᠡ ᠪᠠᠲᠤᠯᠠᠭ᠎ᠠ ᠵᠡᠷᠭᠡ ᠠᠭᠤᠯᠭ᠎ᠠ᠎ᠶᠢᠨ ᠲᠣᠭᠣᠷᠢᠨ᠎ᠳᠤ᠂ ᠨᠡᠢᠭᠡᠮ ᠲᠣᠭᠣᠷᠢᠭ᠋᠎ᠤᠨ ᠨᠠᠮ᠎ᠤᠨ ᠭᠡᠰᠢᠭᠦᠨ ᠺᠠᠳ᠋ᠷ᠎ᠲᠠᠢ ᠨᠢᠭᠤᠷᠳᠠᠨ ᠶᠠᠷᠢᠯᠴᠠᠵᠤ᠂ ᠤᠨᠤᠯ᠎ᠤᠨ ᠤᠬᠠᠭᠤᠯᠤᠨ ᠲᠠᠢᠯᠪᠤᠷᠢᠯᠠᠬᠤ ᠠᠵᠢᠯ᠎ᠤᠨ 《ᠬᠤᠷᠠᠯ᠎ᠤᠨ ᠲᠠᠯᠠᠪᠠᠢ》 ᠡᠴᠡ 《ᠲᠤᠬᠠᠢ᠎ᠶᠢᠨ ᠲᠠᠯᠠᠪᠠᠢ》 ᠲᠡᠢᠰᠢ ᠰᠢᠯᠵᠢᠬᠦ᠎ᠶᠢ ᠠᠬᠢᠭᠤᠯᠵᠤ᠂ ᠨᠠᠮ᠎ᠤᠨ ᠰᠢᠨ᠎ᠡ ᠡᠬᠦᠳᠦᠯᠳᠡ᠎ᠶᠢᠨ ᠤᠨᠤᠯ᠎ᠢ ᠦᠨᠳᠦᠰᠦᠨ ᠱᠠᠲᠤᠨ᠎ᠳᠦ ᠬᠦᠷᠭᠡᠪᠡ᠃ ᠡᠷᠢᠶᠡᠨ ᠬᠤᠳᠠ᠎ᠶᠢᠨ ᠰᠢᠯᠢᠨ ᠨᠡᠢᠭᠡᠮ ᠲᠣᠭᠣᠷᠢᠭ᠋᠎ᠤᠨ ᠨᠠᠮ᠎ᠤᠨ ᠠᠵᠢᠯ᠎ᠤᠨ ᠬᠣᠷᠢᠶ᠎ᠠ᠎ᠶᠢᠨ ᠲᠤᠰᠬᠠᠢ ᠲᠤᠰᠢᠶᠠᠯᠲᠤ ᠳᠡᠳ᠋ ᠱᠦᠵᠢ ᠶᠠᠩ ᠱᠸᠨ ᠮᠧᠢ᠄ 《ᠪᠢᠳᠠ ᠡᠷᠢᠶᠡᠨ ᠬᠤᠳᠠ᠎ᠶᠢᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠂ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢᠨ ᠪᠣᠳᠠᠲᠤ ᠪᠠᠢᠳᠠᠯ᠎ᠳᠤ ᠰᠠᠭᠤᠷᠢᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠢᠵᠢᠮ᠎ᠢ ᠪᠠᠲᠤ ᠡᠵᠡᠮᠳᠡᠵᠦ᠂ ᠤᠬᠠᠭᠤᠯᠤᠨ ᠲᠠᠢᠯᠪᠤᠷᠢᠯᠠᠬᠤ ᠠᠷᠭ᠎ᠠ ᠬᠡᠯᠪᠡᠷᠢ᠎ᠶᠢᠨ ᠰᠢᠨ᠎ᠡ᠎ᠶᠢ ᠡᠭᠦᠳᠴᠦ᠂ ᠠᠤᠭ᠎ᠠ ᠶᠡᠬᠡ ᠲᠦᠷᠦ᠎ᠶᠢᠨ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠺᠠᠳ᠋ᠷ ᠤᠯᠠᠨ ᠲᠦᠮᠡᠨ᠎ᠦ ᠰᠣᠨᠣᠰᠴᠤ ᠣᠢᠯᠠᠭᠠᠵᠦ ᠲᠡᠢᠯᠬᠦ᠂ ᠰᠡᠳᠬᠢᠯ᠎ᠢᠶᠡᠨ ᠨᠢᠭᠡᠳᠬᠡᠵᠦ ᠳᠡᠶ᠋ᠢᠯᠬᠦ᠂ ᠨᠠᠢᠳᠠᠪᠤᠷᠢᠵᠢᠭᠤᠯᠵᠤ ᠳᠡᠶ᠋ᠢᠯᠬᠦ ᠡᠨᠭ᠎ᠤᠨ ᠦᠭᠡ ᠪᠣᠯᠭᠠᠨ ᠬᠤᠪᠢᠷᠠᠭᠤᠯᠵᠤ᠂ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠤᠯᠤᠰ᠎ᠤᠨ ᠡᠭᠦᠳᠡᠨ᠎ᠳ᠋ᠤ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ᠎ᠶᠢ ᠠᠬᠢᠭᠤᠯᠤᠨ᠎ᠠ》 ᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃