ᠭᠣᠣᠯ ᠰᠡᠳᠦᠪᠲᠦ ᠮᠡᠳᠡᠭᠡᠯᠡᠯ > ᠲᠠᠪᠤᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠦᠨᠳᠦᠰᠦᠨ ᠱᠠᠲᠤᠨ᠎ᠳᠤ

2026-11-18 11:58:24

ᠵᠣᠬᠢᠶᠠᠭ᠍ᠴᠢ᠄ ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠹᠠᠨ ᠰᠧ ᠰᠢᠶᠠᠩ ᠢᠦᠢ ᠶᠧ ᠲᠦᠩ ᠰᠢᠶᠤᠤ ᠵᠢᠶᠦ᠋ᠨ ᠬᠤᠤ ᠣᠩᠱᠢᠭ᠍ᠰᠠᠨ ᠣᠳᠠᠭ᠎ᠠ᠄ 3

ᠡᠪᠦᠯ᠎ᠦᠨ ᠡᠬᠢ᠎ᠪᠡᠷ᠂ ᠯᠢᠶᠣᠤᠨᠢᠩ ᠮᠤᠵᠢ᠎ᠶᠢᠨ ᠮᠦᠭᠳᠡᠨ ᠬᠤᠳᠠ᠎ᠶᠢᠨ ᠳ᠋ᠠ ᠳ᠋ᠦᠩ ᠲᠣᠭᠣᠷᠢᠭ᠎ᠤᠨ ᠴᠠᠩ ᠠᠨ ᠵᠡᠭᠡᠯᠢ ᠭᠤᠳᠤᠮᠵᠢ᠎ᠶᠢᠨ ᠴᠠᠩ ᠠᠨ ᠨᠡᠶ᠋ᠢᠭᠡᠮ ᠲᠣᠭᠣᠷᠢᠭ᠎ᠲᠤ᠌ ᠬᠦᠷᠬᠦ᠌᠎ᠳᠦ᠂ ᠮᠥᠩᠭᠥᠨ ᠴᠠᠭᠠᠨ ᠦᠩᠭᠡ ᠲᠠᠢ ᠳ᠋ᠧᠩ᠎ᠦᠨ ᠪᠦᠰᠡ ᠤᠷᠢᠶᠠᠭᠰᠠᠨ ᠨᠢᠭᠡᠨ ᠬᠠᠭᠤᠴᠢᠨ ᠬᠤᠯᠠᠩ ᠨᠢ ᠰᠤᠷᠪᠤᠯᠵᠢᠯᠠᠭᠴᠢ᠎ᠶᠢᠨ ᠠᠩᠬᠠᠷᠤᠯ᠎ᠢ ᠲᠠᠲᠠᠪᠠ᠃ 《ᠡᠨᠡ ᠪᠣᠯ ᠮᠠᠨ᠎ᠤ ᠴᠠᠩ ᠠᠨ ᠨᠡᠶ᠋ᠢᠭᠡᠮ ᠲᠣᠭᠣᠷᠢᠭ᠎ᠤᠨ ᠨᠢᠭᠡᠨ ᠬᠠᠯᠠᠮᠰᠢᠯ ᠦᠵᠡᠮᠵᠢ ᠵᠢᠨ ᠭᠠᠵᠠᠷ ᠪᠣᠯᠤᠨ᠎ᠠ》 ᠭᠡᠵᠦ ᠨᠡᠶ᠋ᠢᠭᠡᠮ ᠲᠣᠭᠣᠷᠢᠭ᠎ᠤᠨ ᠨᠠᠮ᠎ᠤᠨ ᠬᠤᠷᠢᠶ᠎ᠠ ᠵᠢᠨ ᠱᠦᠵᠢ ᠼᠤᠤ ᠰᠢᠤᠸᠠᠢ ᠢᠨᠢᠶᠡᠮᠰᠦᠭᠯᠡᠨ ᠲᠠᠨᠢᠯᠴᠠᠭᠤᠯᠪᠠ᠃

ᠤᠤᠯ ᠨᠢ᠂ ᠡᠨᠳᠡᠬᠢ ᠨᠢ ᠰᠤᠯᠠ ᠲᠠᠯᠪᠢᠭᠳᠠᠵᠤ ᠪᠠᠶ᠋ᠢᠭᠰᠠᠨ ᠬᠦᠸᠸᠯᠦ ᠵᠢᠨ ᠭᠡᠷ ᠪᠠᠶ᠋ᠢᠵᠠᠢ᠂ ᠬᠡᠳᠦᠨ ᠵᠢᠯ᠎ᠦᠨ ᠡᠮᠦᠨ᠎ᠡ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠪᠠᠶ᠋ᠢᠭᠤᠯᠬᠤ ᠳᠤᠮᠳᠠ ᠰᠢᠨ᠎ᠡ ᠠᠮᠢᠵᠢᠷᠠᠯ᠎ᠤᠨ ᠬᠦᠴᠦᠨ ᠤᠯᠭᠤᠵᠤ᠂ ᠴᠠᠩ ᠠᠨ ᠨᠡᠶ᠋ᠢᠭᠡᠮ ᠲᠣᠭᠣᠷᠢᠭ᠎ᠤᠨ ᠨᠠᠮ᠎ᠤᠨ ᠭᠡᠰᠢᠭᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ ᠪᠣᠯᠪᠠ᠃ ᠬᠦᠸᠸᠯᠦ ᠵᠢᠨ ᠭᠡᠷ᠎ᠦᠨ ᠬᠠᠭᠤᠴᠢᠨ ᠬᠤᠯᠠᠩ ᠨᠢ ᠪᠠᠰᠠ ᠤᠨᠴᠠᠯᠢᠭᠲᠤ ᠪᠠᠷᠢᠯᠭ᠎ᠠ ᠪᠣᠯᠤᠭᠰᠠᠨ ᠪᠠᠢᠨ᠎ᠠ᠃

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠡᠴᠡ ᠬᠢᠨᠠᠨ ᠵᠥᠪᠯᠡᠵᠦ᠍ ᠪᠠᠲᠤᠯᠠᠭᠰᠠᠨ 《ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠤᠷᠢᠶ᠎ᠠ ᠵᠢᠨ ᠲᠣᠭᠲᠠᠭᠠᠯ》 ᠳ᠋ᠤ 《ᠡᠯ᠎ᠡ ᠬᠦᠷᠢᠶᠡᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠴᠣᠭᠴᠠᠯᠠᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ》 ᠭᠡᠵᠦ᠍ ᠳᠤᠷᠠᠳᠴᠠᠢ᠂ ᠡᠭᠦᠨ᠎ᠳᠦ 《ᠨᠠᠮ᠎ᠤᠨ ᠭᠡᠰᠢᠭᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠦᠨ ᠦᠢᠯᠡᠳᠦᠯ᠎ᠢ ᠪᠠᠳᠠᠷᠠᠭᠤᠯᠬᠤ ᠬᠡᠷᠡᠭᠳᠡᠢ》 ᠭᠡᠵᠦ᠍ ᠲᠣᠳᠣᠷᠬᠠᠶ᠋ᠢᠯᠠᠪᠠ᠃

《ᠨᠠᠮ᠎ᠤᠨ ᠭᠡᠰᠢᠭᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠢ ᠪᠠᠶ᠋ᠢᠭᠤᠯᠤᠨ ᠥᠭᠡᠷᠡᠴᠢᠯᠡᠬᠦ᠌᠎ᠳᠡᠭᠡᠨ ᠲᠠᠷᠤᠢ ᠪᠠᠶ᠋ᠢᠷᠢ ᠲᠣᠭᠲᠠᠭᠠᠯᠲᠠ᠎ᠪᠠᠨ ᠬᠥᠮᠦᠨ᠎ᠳᠦ ᠬᠠᠨᠳᠤᠭᠤᠯᠵᠤ᠂ ᠰᠠᠭᠤᠭᠠᠯᠢ ᠠᠷᠠᠳ᠎ᠤᠨ ᠠᠮᠢᠳᠤᠷᠠᠯ᠎ᠳᠤ ᠨᠠᠩ ᠲᠥᠬᠥᠮ ᠦᠵᠡᠭᠦᠯᠬᠦ᠂ ᠲᠡᠳᠡᠨ᠎ᠦ ᠰᠠᠨᠠᠯ᠎ᠢᠶᠠᠨ ᠬᠠᠷᠢᠭᠤ ᠲᠤᠰᠬᠠᠬᠤ ᠠᠷᠭ᠎ᠠ ᠵᠠᠮ᠎ᠢ ᠨᠠᠩ ᠰᠠᠭᠠᠳ ᠥᠬᠡᠶ ᠨᠡᠪᠲᠡᠷᠡᠭᠦᠯᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠡᠢ》᠃ ᠼᠤᠤ ᠰᠢᠤᠸᠠᠢ᠂ ᠦᠢᠯᠡᠴᠢᠯᠡᠭᠡᠨ᠎ᠦ ᠲᠥᠪ ᠨᠢ ᠠᠷᠠᠳ᠎ᠲᠤ᠌ ᠲᠥᠬᠥᠮ ᠦᠵᠡᠭᠦᠯᠬᠦ᠌ ᠦᠢᠯᠡᠴᠢᠯᠡᠭᠡᠨ᠎ᠦ ᠪᠤᠯᠤᠩ᠂ ᠵᠣᠯ ᠵᠢᠷᠭᠠᠯᠲᠤ᠌ ᠨᠠᠰᠤᠲᠠᠶ᠋ᠢᠴᠤᠳ᠎ᠤᠨ ᠬᠣᠭᠣᠯᠠᠨ ᠬᠡᠷ᠂ ᠤᠷᠠᠨ ᠪᠢᠴᠢᠯᠭᠡ ᠤᠷᠠᠨ ᠵᠢᠷᠤᠭ᠎ᠤᠨ ᠬᠢᠴᠢᠶᠡᠯ᠎ᠦᠨ ᠬᠡᠷ ᠵᠡᠷᠭᠡ 20 ᠭᠠᠷᠤᠶ ᠴᠢᠳᠠᠮᠵᠢᠲᠤ᠌ ᠲᠣᠭᠣᠷᠢᠭ᠎ᠢ ᠪᠠᠶ᠋ᠢᠭᠤᠯᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠰᠠᠭᠤᠭᠠᠯᠢ ᠠᠷᠠᠳ᠎ᠲᠠᠶ ᠬᠠᠷᠢᠯᠴᠠᠬᠤ ᠴᠣᠩᠬᠣᠪᠴᠢ ᠪᠣᠯᠬᠤ᠎ᠪᠠᠷ ᠪᠠᠷᠠᠬᠤ ᠥᠬᠡᠶ ᠪᠠᠰᠠ ᠴᠤ᠌ ᠰᠠᠭᠤᠭᠠᠯᠢ ᠠᠷᠠᠳ᠎ᠤᠨ ᠥᠪᠡᠷᠲᠡᠭᠡᠨ ᠵᠠᠰᠠᠬᠤ᠎ᠳᠤ ᠤᠷᠤᠯᠴᠠᠬᠤ᠂ ᠠᠵᠢᠯᠯᠠᠭ᠎ᠠ ᠥᠷᠨᠢᠭᠦᠯᠬᠦ᠌ ᠲᠠᠪᠴᠠᠩ ᠪᠣᠯᠤᠭᠰᠠᠨ ᠪᠠᠢᠨ᠎ᠠ᠃ 《ᠪᠢᠳᠡᠨ᠎ᠤ ᠬᠠᠷᠠᠯᠲᠠ ᠪᠣᠯ ᠨᠠᠮ᠎ᠤᠨ ᠭᠡᠰᠢᠭᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠢ ᠨᠠᠮ ᠬᠢᠭᠡᠳ ᠠᠷᠠᠳ᠎ᠤᠨ ᠰᠡᠳᠬᠢᠯ᠎ᠢ ᠬᠣᠯᠪᠣᠬᠤ ᠬᠤᠪᠢᠰᠬᠠᠯᠲᠤ ᠵᠢᠭᠰᠠᠭᠠᠯ᠎ᠤᠨ ᠭᠠᠵᠠᠷ ᠪᠣᠯᠭᠠᠨ ᠪᠠᠶ᠋ᠢᠭᠤᠯᠤᠨ᠎ᠠ》 ᠭᠡᠵᠡᠢ᠃

ᠦᠢᠯᠡᠴᠢᠯᠡᠭᠡᠨ᠎ᠤ ᠲᠥᠪ᠎ᠦᠨ ᠨᠢᠭᠡᠳᠦᠭᠡᠷ ᠳᠠᠪᠬᠤᠷᠯᠢᠭ᠎ᠤᠨ ᠶᠡᠬᠡ ᠲᠢᠩᠬᠢᠮ᠎ᠳᠦ᠂ ᠰᠠᠭᠤᠭᠠᠯᠢ ᠠᠷᠠᠳ ᠬᠤᠢᠨ᠎ᠠ ᠬᠤᠢᠨ᠎ᠠ ᠡᠴᠡ ᠪᠡᠨ ᠬᠦᠷᠦᠯᠴᠡᠨ ᠢᠷᠡᠵᠦ᠍ ᠲᠤᠬᠠᠶ᠋ᠢᠯᠠᠭᠰᠠᠨ ᠠᠵᠢᠯ᠎ᠢᠶᠠᠨ ᠭᠦᠢᠴᠡᠳᠬᠡᠨ᠎ᠡ᠃ ᠰᠤᠷᠪᠤᠯᠵᠢᠯᠠᠭᠴᠢ ᠶᠡᠬᠡ ᠲᠢᠩᠬᠢᠮ᠎ᠳᠦ᠂ ᠠᠰᠠᠭᠤᠨ ᠯᠠᠪᠯᠠᠬᠤ ᠭᠠᠵᠠᠷ᠂ ᠰᠢᠷᠡᠭᠡ ᠰᠠᠨᠳᠠᠯᠢ᠂ ᠠᠦ᠋ᠲ᠋ᠣ᠋ ᠠᠰᠠᠭᠤᠨ ᠯᠠᠪᠯᠠᠬᠤ ᠮᠠᠰᠢᠨ ᠵᠡᠷᠭᠡ ᠲᠤᠨᠤᠭ ᠲᠥᠬᠥᠭᠡᠷᠦᠮᠵᠢ ᠪᠠᠶ᠋ᠢᠬᠤ ᠪᠥᠭᠡᠳ ᠪᠠᠰᠠ ᠰᠠᠭᠤᠭᠠᠯᠢ ᠠᠷᠠᠳ᠎ᠤᠨ ᠤᠷᠠᠨ ᠪᠢᠴᠢᠯᠭᠡ ᠤᠷᠠᠨ ᠵᠢᠷᠤᠭ᠎ᠤᠨ ᠪᠦᠲᠦᠭᠡᠯ᠂ ᠨᠡᠶ᠋ᠢᠭᠡᠮ ᠲᠣᠭᠣᠷᠢᠭ᠎ᠤᠨ ᠠᠵᠢᠯᠯᠠᠭᠠᠨ᠎ᠤ ᠬᠡᠷᠡᠯ ᠵᠢᠷᠤᠭ ᠵᠡᠷᠭᠡ᠎ᠶᠢ ᠳᠡᠯᠭᠡᠨ ᠦᠵᠡᠭᠦᠯᠵᠦ᠍᠂ ᠤᠯᠠᠭᠠᠨ ᠳ᠋ᠧᠩᠯᠦ᠍᠂ ᠳᠤᠮᠳᠠᠳᠤ ᠤᠯᠤᠰ᠎ᠤᠨ ᠵᠠᠩᠭᠢᠶ᠎ᠠ ᠵᠡᠷᠭᠡ ᠵᠠᠰᠠᠯ ᠴᠢᠮᠡᠭᠯᠡᠯ᠎ᠢ ᠬᠠᠪᠰᠤᠷᠭᠠᠵᠤ᠂ ᠬᠠᠯᠠᠭᠤᠨ ᠳᠤᠯᠠᠭᠠᠬᠠᠨ ᠦᠵᠡᠭᠳᠡᠯ ᠪᠠᠢᠳᠠᠯ᠎ᠢ ᠭᠦᠢᠴᠡᠳ ᠢᠯᠡᠷᠡᠭᠦᠯᠦᠭᠰᠡᠨ᠎ᠢ ᠤᠯᠵᠤ ᠬᠠᠷᠠᠪᠠ᠃

《ᠡᠨᠳᠡᠬᠢ ᠵᠢ ᠪᠠᠶ᠋ᠢᠭᠤᠯᠵᠤ ᠪᠠᠷᠠᠭᠰᠠᠨ᠎ᠤ ᠳᠠᠷᠠᠭ᠎ᠠ᠂ ᠪᠢ ᠪᠠᠷᠤᠭ ᠡᠳᠦᠷ ᠪᠣᠯᠭᠠᠨ ᠢᠷᠡᠳᠡᠭ᠃ ᠣᠷᠴᠢᠨ ᠲᠣᠭᠣᠷᠢᠨ ᠨᠢ ᠲᠠᠭᠠᠯᠠᠮᠵᠢᠲᠠᠢ᠂ ᠴᠢᠳᠠᠮᠵᠢ ᠨᠢ ᠪᠦᠷᠢᠨ ᠪᠠᠢᠵᠤ᠂ ᠨᠡᠶ᠋ᠢᠭᠡᠮ ᠲᠣᠭᠣᠷᠢᠭ᠎ᠤᠨ ᠠᠵᠢᠯᠲᠠᠨ ᠮᠠᠰᠢ ᠬᠠᠯᠠᠭᠤᠮᠰᠤᠭ ᠪᠤᠯᠬᠤᠷ ᠡᠨᠳᠡ ᠬᠦᠷᠦᠯᠴᠡᠨ ᠢᠷᠡᠬᠦ ᠪᠡᠷ ᠯᠡ ᠪᠢ ᠮᠠᠰᠢ ᠪᠠᠶᠠᠷ ᠲᠠᠢ ᠰᠠᠨᠠᠭᠳᠠᠳᠠᠭ》 ᠭᠡᠵᠦ ᠶᠠᠭ ᠰᠠᠶ᠋ᠢᠬᠠᠨ ᠨᠣᠮ ᠤᠩᠰᠢᠵᠤ ᠪᠠᠢᠭᠰᠠᠨ ᠠᠵᠢᠯ᠎ᠡᠴᠡ᠎ᠪᠠᠨ ᠠᠮᠠᠷᠠᠭᠰᠠᠨ ᠰᠠᠭᠤᠭᠠᠯᠢ ᠠᠷᠠᠳ ᠼᠠᠢ ᠠᠨᠢᠶ᠎ᠠ ᠬᠡᠯᠡᠨ᠎ᠡ᠃

《ᠪᠦᠭᠦᠳᠡ ᠬᠤᠷᠠᠯ᠎ᠤᠨ 〈ᠲᠣᠭᠲᠠᠭᠠᠯ〉 ᠳ᠋ᠦ 〈ᠨᠠᠮ᠎ᠤᠨ ᠪᠠᠢᠭᠤᠯᠤᠯᠲᠠ᠎ᠶᠢ ᠭᠦᠨᠵᠡᠭᠡᠢᠷᠡᠭᠦᠯᠵᠦ ᠦᠨᠳᠦᠰᠦᠨ ᠱᠠᠲᠤᠨ᠎ᠤ ᠵᠠᠰᠠᠯᠲᠠ ᠪᠣᠯᠣᠨ ᠦᠨᠳᠦᠰᠦᠨ ᠱᠠᠲᠤᠨ᠎ᠤ ᠵᠠᠰᠠᠭ᠎ᠤᠨ ᠡᠷᠬᠡ᠎ᠶᠢᠨ ᠪᠠᠢᠭᠤᠯᠤᠯᠲᠠ᠎ᠶᠢ ᠬᠥᠲᠥᠯᠥᠨ ᠳᠠᠭᠠᠭᠤᠯᠬᠤ ᠬᠡᠷᠡᠭᠳᠡᠢ〉 ᠭᠡᠵᠦ ᠴᠢᠬᠤᠯᠠᠴᠢᠯᠠᠪᠠ᠂ ᠡᠨᠡ ᠨᠢ ᠮᠠᠨ᠎ᠤ ᠦᠨᠳᠦᠰᠦᠨ ᠱᠠᠲᠤᠨ᠎ᠤ ᠵᠠᠰᠠᠯᠲᠠ᠎ᠶᠢᠨ ᠠᠵᠢᠯ᠎ᠳᠤ ᠲᠣᠳᠣᠷᠬᠠᠢ ᠳᠣᠬᠢᠶ᠎ᠠ ᠵᠢ ᠳᠠᠮᠵᠢᠭᠤᠯᠵᠠᠢ》᠃ ᠼᠤᠤ ᠰᠢᠦᠸᠠᠢ᠂ ᠳᠠᠷᠠᠭᠠᠴᠢ ᠪᠡᠷ᠂ ᠨᠡᠢᠭᠡᠮ ᠲᠣᠭᠣᠷᠢᠭ᠋᠎ᠤᠨ ᠭᠢᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠥᠲᠥᠯᠥᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠤᠯᠠᠨ ᠲᠦᠮᠡᠨ᠎ᠲᠠᠢ ᠬᠠᠷᠢᠯᠴᠠᠵᠤ᠂ ᠤᠯᠠᠨ ᠲᠦᠮᠡᠨ᠎ᠢ ᠵᠣᠬᠢᠶᠠᠨ ᠪᠠᠢᠭᠤᠯᠵᠤ᠂ ᠤᠯᠠᠨ ᠲᠦᠮᠡᠨ᠎ᠳᠦ ᠦᠢᠯᠡᠴᠢᠯᠡᠨ᠎ᠡ᠃ 《ᠪᠢᠳᠡ ᠦᠨᠡᠨ ᠰᠡᠳᠬᠢᠯ ᠢ᠋ᠶ᠋ᠡᠨ ᠵᠣᠷᠢᠭᠤᠯᠪᠠᠯ ᠰᠠᠭᠤᠭᠠᠯᠢ ᠠᠷᠠᠳ ᠰᠠᠶᠢ ᠦᠨᠡᠨ ᠰᠡᠳᠬᠢᠯ ᠢ᠋ᠶ᠋ᠡᠷ ᠢ᠋ᠶ᠋ᠡᠨ ᠪᠢᠳᠡᠨ ᠲᠠᠢ ᠶᠠᠪᠤᠯᠴᠠᠨ᠎ᠠ》 ᠭᠡᠪᠠ᠃

ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠋᠎ᠢ ᠥᠭᠡᠷᠡᠴᠢᠯᠡᠨ ᠪᠠᠶ᠋ᠢᠭᠤᠯᠬᠤ ᠦᠶ᠎ᠡ᠎ᠳᠦ᠂ ᠴᠠᠩ ᠠᠨ ᠨᠡᠢᠭᠡᠮ ᠲᠣᠭᠣᠷᠢᠭ᠋᠎ᠤᠨ ᠭᠢᠨ ᠨᠠᠮ᠎ᠤᠨ ᠭᠡᠰᠢᠭᠦᠨ᠂ ᠰᠠᠢᠨ ᠳᠤᠷ᠎ᠠ᠎ᠶᠢᠨ ᠠᠵᠢᠯᠯᠠᠭ᠍ᠴᠢ ᠵᠡᠷᠭᠡ᠎ᠪᠡᠷ ᠪᠦᠷᠢᠯᠳᠦᠭᠰᠡᠨ ᠬᠢᠨᠠᠯᠲᠠ ᠲᠠᠯᠪᠢᠭ᠍ᠴᠢ᠎ᠶᠢᠨ ᠡᠩᠨᠡᠭᠡ᠎ᠶᠢ ᠵᠣᠬᠢᠶᠠᠨ ᠪᠠᠢᠭᠤᠯᠵᠤ᠂ ᠬᠢᠨᠠᠯᠲᠠ ᠲᠠᠯᠪᠢᠬᠤ ᠠᠵᠢᠯ᠎ᠢ ᠬᠠᠮᠵᠢᠯᠴᠠᠨ ᠥᠷᠨᠢᠭᠦᠯᠵᠦ᠂ ᠥᠭᠡᠷᠡᠴᠢᠯᠡᠨ ᠪᠠᠶ᠋ᠢᠭᠤᠯᠬᠤ ᠠᠵᠢᠯ ᠨᠢ ᠰᠠᠭᠤᠭᠠᠯᠢ ᠠᠷᠠᠳ᠎ᠤᠨ ᠬᠦᠰᠡᠯ ᠰᠠᠨᠠᠭ᠎ᠠ᠎ᠳᠤ ᠨᠡᠢᠴᠡᠬᠦᠯᠬᠦ᠎ᠶᠢ ᠪᠠᠲᠤᠯᠠᠵᠤ᠂ ᠪᠠᠷᠢᠯᠭ᠎ᠠ᠎ᠶᠢᠨ ᠠᠵᠢᠯ᠎ᠤᠨ ᠳᠤᠮᠳᠠᠬᠢ ᠵᠥᠷᠢᠴᠡᠯ ᠵᠠᠭᠤᠷᠠᠯᠳᠤᠭᠠᠨ᠎ᠢ ᠰᠢᠢᠳᠪᠦᠷᠢᠯᠡᠪᠡ᠃

ᠴᠥᠭᠡᠨ ᠪᠤᠰᠤ ᠬᠢᠨᠠᠯᠲᠠ ᠲᠠᠯᠪᠢᠭ᠍ᠴᠢ ᠨᠢᠭᠡᠨᠲᠡ ᠰᠢᠨ᠎ᠡ᠎ᠪᠡᠷ ᠪᠠᠢᠭᠤᠯᠤᠭᠳᠠᠭᠰᠠᠨ ᠰᠠᠭᠤᠭᠠᠯᠢ ᠠᠷᠠᠳ᠎ᠤᠨ ᠲᠣᠭᠣᠷᠢᠭ᠋᠎ᠤᠨ ᠥᠮᠴᠢᠲᠡᠨ᠎ᠦ ᠵᠥᠪᠯᠡᠯ᠎ᠳᠦ ᠣᠷᠣᠯᠴᠠᠵᠤ᠂ ᠨᠡᠢᠭᠡᠮ ᠲᠣᠭᠣᠷᠢᠭ᠋᠎ᠤᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠳᠤᠮᠳᠠ ᠢᠳᠡᠪᠬᠢᠲᠡᠢ ᠠᠵᠢᠯᠯᠠᠵᠤ᠂ ᠰᠠᠭᠤᠭᠠᠯᠢ ᠠᠷᠠᠳ᠎ᠤᠨ ᠬᠦᠰᠡᠯ ᠱᠠᠭᠠᠷᠳᠠᠯᠭ᠎ᠠ᠎ᠶᠢ ᠴᠠᠭ ᠲᠤᠬᠠᠢ ᠳ᠋ᠤᠨᠢ ᠲᠤᠰᠬᠠᠵᠤ᠂ ᠮᠠᠨ᠎ᠤ ᠨᠡᠢᠭᠡᠮ ᠲᠣᠭᠣᠷᠢᠭ᠋᠎ᠤᠨ ᠵᠠᠰᠠᠯᠲᠠ᠎ᠶᠢᠨ ᠳᠤᠮᠳᠠᠬᠢ ᠳᠣᠲᠣᠨᠣ᠌ ᠬᠠᠮᠲᠤᠷᠠᠯᠴᠠᠭᠠᠨ᠎ᠤ ᠬᠠᠨᠢᠲᠠᠨ ᠪᠣᠯᠤᠭᠰᠠᠨ ᠪᠠᠢᠨ᠎ᠠ᠃ 《ᠡᠨᠡ ᠨᠢ ᠪᠢᠳᠡᠨ᠎ᠢ ᠬᠠᠪᠰᠤᠷᠴᠤ ᠠᠷᠠᠳ᠎ᠤᠨ ᠰᠠᠨᠠᠯ ᠠᠷᠠᠳ᠎ᠤᠨ ᠰᠠᠨᠠᠭ᠎ᠠ᠎ᠶᠢ ᠨᠡᠩ ᠰᠠᠢᠲᠤᠷ ᠰᠣᠨᠣᠰᠴᠤ᠂ ᠦᠢᠯᠡᠴᠢᠯᠡᠭᠡ᠎ᠶᠢ  ᠰᠠᠭᠤᠭᠠᠯᠢ ᠠᠷᠠᠳ᠎ᠤᠨ ᠰᠡᠳᠬᠢᠯ᠎ᠳᠦ ᠬᠠᠨᠤᠮᠵᠢᠳᠠᠢ ᠪᠤᠯᠳᠠᠯ᠎ᠠ ᠬᠢᠵᠤ᠂ ᠤᠯᠠᠨ᠎ᠤ ᠰᠡᠳᠬᠢᠯ᠎ᠢ ᠴᠢᠨᠠᠭᠰᠢᠳᠠ ᠨᠢᠭ᠍ᠲᠠᠷᠠᠭᠤᠯᠵᠤ ᠴᠢᠳᠡᠵᠠᠢ》 ᠭᠡᠵᠦ ᠼᠤᠤ ᠰᠢᠤᠸᠠᠢ ᠬᠡᠯᠡᠪᠡ᠃

(ᠰᠢᠨᠬᠤᠸᠠ ᠬᠤᠷᠢᠶ᠎ᠠ ᠵᠢᠨ ᠮᠦᠭᠳᠡᠨ᠎ᠤ 11 ᠰᠠᠷ᠎ᠠ᠎ᠶᠢᠨ 16 ᠎ᠤ᠋ ᠴᠠᠬᠢᠯᠭᠠᠨ ᠮᠡᠳᠡᠭᠡ ᠡᠴᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面