ᠭᠣᠣᠯ ᠰᠡᠳᠦᠪᠲᠦ ᠮᠡᠳᠡᠭᠡᠯᠡᠯ > ᠱᠢᠨ᠎ᠡ ᠵᠢᠯ᠎ᠳᠡᠭᠡᠨ ᠡᠷᠡᠮᠡᠬᠡᠢᠯᠡᠨ ᠤᠷᠤᠭ᠍ᠰᠢᠯᠠᠶ᠎ᠠ

2026-02-18 10:27:10

ᠵᠣᠬᠢᠶᠠᠭ᠍ᠴᠢ᠄ ᠰᠦᠨ ᠯᠢᠦ ᠣᠩᠱᠢᠭ᠍ᠰᠠᠨ ᠣᠳᠠᠭ᠎ᠠ᠄ 3

ᠮᠤᠷᠢᠨ ᠵᠢᠯ᠎ᠤᠨ ᠬᠠᠪᠤᠷ᠎ᠰᠠᠭᠠᠲᠠᠵᠤ᠂ ᠣᠮᠣᠭ ᠵᠣᠷᠢᠭ᠋ ᠬᠦᠭᠵᠢᠨ ᠪᠠᠳᠠᠷᠠᠨ᠎ᠠ᠃ 2 ᠰᠠᠷ᠎ᠠ᠎ᠶᠢᠨ 16 ᠎ᠤ᠋ ᠡᠳᠦᠷ ᠪᠢᠲᠡᠭᠦᠨ᠎ᠦ ᠰᠥᠨᠢ᠂ 2026 ᠣᠨ᠎ᠤ ᠲᠥᠪ ᠲᠧᠯᠸᠢᠰ᠎ᠦᠨ ᠮᠣᠷᠢᠨ ᠵᠢᠯ᠎ᠦᠨ ᠴᠠᠭᠠᠨ ᠰᠠᠷ᠎ᠠ᠎ᠶᠢᠨ ᠦᠳᠡᠰᠢᠯᠡᠭᠡ ᠳᠡᠭᠡᠷ᠎ᠡ ᠲᠡᠨᠢᠭᠡᠷ ᠠᠭᠤᠳᠠᠮ ᠲᠠᠯ᠎ᠠ ᠨᠤᠲᠤᠭ ᠡᠴᠡ ᠢᠷᠡᠭᠰᠡᠨ ᠲᠤᠭᠯᠠᠯᠲᠠ ᠦᠵᠡᠭᠴᠢᠳ ᠲᠠᠢ ᠵᠤᠯᠭᠠᠪᠠ᠃ ᠳᠠᠭᠤᠴᠢᠨ ᠤᠷᠠᠨ᠎ᠠ᠂ ᠠᠪᠢᠶᠠᠰᠤᠯᠢᠭ ᠲᠣᠭᠯᠠᠭ᠍ᠴᠢ ᠠᠷᠢᠭᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨᠮᠥ᠋ᠴᠢᠷ᠎ᠦᠨ ᠲᠣᠭᠯᠠᠯᠲᠠ᠎ᠶᠢᠨ ᠪᠦᠯᠬᠦᠮ᠎ᠲᠠᠢ ᠬᠠᠮᠲᠤᠷᠠᠵᠤ᠂ 《ᠳᠦᠷᠪᠡᠨ ᠨᠠᠰᠤᠲᠠᠢ ᠬᠠᠯᠢᠭᠤᠨ》 ᠭᠡᠬᠦ ᠳᠠᠭᠤᠤ᠎ᠪᠠᠷ᠎ᠢᠶᠠᠨ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠴᠠᠭᠠᠨ ᠰᠠᠷ᠎ᠠ᠎ᠶᠢᠨ ᠪᠠᠶᠠᠷ᠎ᠤᠨ ᠳᠠᠭᠤᠤ᠎ᠳᠠᠭᠠᠨ ᠠᠭᠤᠰᠬᠠᠵᠤ᠂ ᠪᠥᠬᠥ ᠲᠠᠯᠠᠪᠠᠶ᠎ᠶᠢᠨ ᠬᠥᠮᠥᠰ᠎ᠦᠨ ᠠᠩᠬᠠᠷᠤᠯ᠎ᠢ ᠲᠠᠲᠠᠪᠠ᠃

《ᠳᠦᠷᠪᠡᠨ ᠨᠠᠰᠤᠲᠠᠢ ᠬᠠᠯᠢᠭᠤᠨ》 ᠨᠢ ᠮᠣᠷᠢᠨ ᠵᠢᠯ᠎ᠦᠨ 《ᠠᠵᠢᠨᠠᠢ ᠬᠦᠯᠦᠭ ᠳᠡᠭᠦᠯᠢᠨ ᠳᠠᠪᠬᠢᠬᠤᠶ᠎ᠠ ᠰᠦᠷ ᠬᠦᠴᠦᠨ ᠨᠢ ᠬᠣᠷᠢᠭ᠍ᠯᠠᠭᠳᠠᠰᠢ ᠦᠭᠡᠢ》 ᠭᠡᠬᠦ ᠭᠣᠣᠯ ᠰᠡᠳᠦᠪ᠎ᠦᠨ ᠲᠣᠭᠣᠷᠢᠨ᠎ᠳᠤ ᠥᠪᠥᠷ ᠮᠣᠩᠭᠣᠯ᠎ᠤᠨ ᠰᠣᠩᠭᠣᠳᠠᠭ ᠣᠷᠳᠣ᠌᠎ᠶᠢᠨ ᠳᠠᠭᠤᠤ᠎ᠶᠢ ᠥᠭᠡᠷᠡᠴᠢᠯᠡᠨ ᠨᠠᠢᠷᠠᠭᠤᠯᠵᠤ᠂ ᠤᠯᠠᠮᠵᠢᠯᠠᠯᠲᠤ ᠲᠠᠯ᠎ᠠ ᠨᠤᠲᠤᠭ᠎ᠤᠨ ᠳᠠᠭᠤᠤ ᠬᠥᠭᠵᠢᠮ᠎ᠢ ᠣᠲᠣ᠌ ᠦᠶ᠎ᠡ᠎ᠶᠢᠨ ᠳᠠᠭᠤᠤ ᠬᠥᠭᠵᠢᠮ᠎ᠲᠠᠢ ᠤᠷᠠᠨ᠎ᠢᠶᠠᠷ ᠠᠭᠤᠰᠤᠯᠴᠠᠭᠤᠯᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠰᠠᠢᠨ ᠰᠠᠢᠬᠠᠨ ᠠᠮᠢᠳᠤᠷᠠᠯ᠎ᠢ ᠠᠮᠢᠳᠤᠯᠢᠭ᠋᠎ᠢᠶᠠᠷ ᠲᠠᠢᠯᠪᠤᠷᠢᠯᠠᠵᠤ᠂ 《ᠲᠡᠰᠪᠦᠷᠢ ᠬᠠᠲᠠᠭᠤᠵᠢᠯᠲᠠᠢ᠂ ᠴᠤᠴᠠᠯᠲᠠ ᠦᠭᠡᠢ ᠤᠷᠤᠭᠰᠢᠯᠠᠬᠤ᠂ ᠵᠣᠷᠢᠭ᠍ᠰᠠᠨ᠎ᠳᠠᠭᠠᠨ ᠵᠠᠪᠠᠯ ᠬᠦᠷᠬᠦ》 ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠭᠦᠢᠴᠡᠳ ᠲᠠᠢᠯᠪᠤᠷᠢᠯᠠᠪᠠ᠃ 《ᠡᠨᠡ ᠬᠦ᠌ ᠲᠣᠭᠯᠠᠯᠲᠠ ᠨᠢ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠵᠣᠯ ᠵᠢᠷᠭᠠᠯ᠎ᠲᠠᠢ ᠰᠠᠢᠨ ᠰᠠᠢᠬᠠᠨ ᠠᠮᠢᠳᠤᠷᠠᠯ᠎ᠢ ᠬᠠᠷᠠᠭᠤᠯᠤᠭᠰᠠᠨ ᠪᠥᠭᠡᠳ ᠪᠢᠳᠡᠨ᠎ᠦ ᠥᠭᠡᠳᠡᠯᠡᠨ ᠲᠠᠪᠰᠢᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠪᠡ》 ᠭᠡᠵᠦ ᠪᠦᠯᠬᠦᠮ᠎ᠦᠨ ᠳᠠᠭᠠᠭᠤᠯᠤᠭ᠍ᠴᠢ ᠪᠠᠢ ᠯᠠᠨ ᠢᠯᠡᠳᠬᠡᠪᠡ᠃

ᠲᠣᠰ ᠤᠳᠠᠭ᠎ᠠ ᠲᠠᠢᠰᠠᠨ᠎ᠳᠤ ᠭᠠᠷᠤᠭᠰᠠᠨ ᠤᠯᠠᠭᠠᠨᠮᠥ᠋ᠴᠢᠷ᠎ᠦᠨ ᠲᠣᠭᠯᠠᠯᠲᠠ᠎ᠶᠢᠨ ᠪᠦᠯᠬᠦᠮ᠎ᠤᠨ ᠬᠢᠨ᠎ᠢ 《ᠨᠡᠷᠡᠲᠦ ᠤᠳᠤᠳ ᠎ᠤᠨ ᠴᠤᠭᠯᠠᠭᠠᠨ》 ᠬᠡᠵᠦ ᠪᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠤᠯᠠᠭᠠᠨᠮᠥ᠋ᠴᠢᠷ᠂ ᠬᠠᠭᠤᠴᠢᠨ ᠪᠠᠷᠭᠤ ᠬᠣᠰᠢᠭᠤᠨ᠎ᠤ ᠤᠯᠠᠭᠠᠨᠮᠥ᠋ᠴᠢᠷ᠂ ᠺᠠᠢᠯᠤ ᠰᠢᠶᠠᠨ᠎ᠤ ᠤᠯᠠᠭᠠᠨᠮᠥ᠋ᠴᠢᠷ ᠵᠡᠷᠭᠡ 6 ᠠᠢᠮᠠᠭ ᠬᠣᠲᠠ᠎ᠶᠢᠨ 47 ᠠᠩᠬᠢ᠎ᠶᠢᠨ 95 ᠭᠡᠰᠢᠭᠦᠨ᠎ᠢᠶᠡᠷ ᠪᠦᠷᠢᠯᠳᠦᠵᠦ᠂ ᠪᠥᠵᠢᠭ᠂ ᠳᠠᠭᠤᠯᠠᠬᠤᠢ᠂ ᠬᠥᠭᠵᠢᠮ᠂ ᠳᠠᠭᠤᠷᠢᠯᠢᠭ᠋ ᠵᠡᠷᠭᠡ ᠣᠯᠠᠨ ᠤᠷᠠᠯᠢᠭ᠋᠎ᠤᠨ ᠲᠥᠷᠥᠯ᠎ᠢ ᠬᠠᠮᠤᠷᠴᠠᠢ᠃ ᠴᠠᠭᠠᠨ ᠰᠠᠷ᠎ᠠ᠎ᠶᠢᠨ ᠦᠳᠡᠰᠢᠯᠡᠭᠡ᠎ᠶᠢᠨ ᠡᠨᠡ ᠬᠦ᠌ ᠭᠣᠢᠳᠠ ᠰᠠᠢᠬᠠᠨ ᠴᠠᠭ ᠮᠥᠴᠡ᠎ᠶᠢᠨ ᠲᠥᠯᠥᠭᠡ᠂ ᠤᠯᠠᠭᠠᠨᠮᠥ᠋ᠴᠢᠷ᠎ᠦᠨ ᠭᠡᠰᠢᠭᠦᠳ 1 ᠰᠠᠷ᠎ᠠ᠎ᠶᠢᠨ 4 ᠎ᠤ᠋ ᠡᠳᠦᠷ ᠪᠡᠭᠡᠵᠢᠩ᠎ᠳᠦ ᠬᠦᠷᠴᠦ ᠲᠥᠪᠯᠡᠷᠡᠭᠦᠯᠦᠭᠰᠡᠨ ᠪᠣᠯᠪᠠᠰᠤᠷᠠᠯ ᠳ᠋ᠤ ᠤᠷᠤᠯᠴᠠᠪᠠ᠂ ᠲᠡᠳᠡ ᠳᠥᠴᠢ ᠭᠠᠷᠤᠢ ᠡᠳᠦᠷ᠎ᠦᠨ ᠥᠨᠳᠥᠷ ᠬᠦᠴᠦᠯᠡᠴᠡ᠎ᠲᠠᠢ ᠪᠣᠯᠪᠠᠰᠤᠷᠠᠯ ᠳᠤᠮᠳᠠ ᠰᠤᠳᠤᠨ ᠰᠢᠯᠢᠳᠡᠭ᠎ᠢ ᠬᠦᠭᠡᠭᠡᠴᠡᠯᠳᠦᠵᠦ᠂ ᠨᠠᠷᠢᠨ ᠵᠦᠢᠯᠡᠰ ᠨᠢᠭᠡ ᠪᠦᠷᠢ᠎ᠶᠢ ᠪᠦᠬᠦ ᠬᠦᠴᠦᠨ᠎ᠢᠶᠡᠷ᠎ᠢᠶᠡᠨ ᠨᠢᠭᠲᠠᠯᠠᠵᠤ᠂ ᠤᠯᠠᠭᠠᠨᠮᠥ᠋ᠴᠢᠷ᠎ᠦᠨ 《ᠪᠦᠬᠦ ᠤᠯᠤᠰ᠎ᠤᠨ ᠤᠳᠬ᠎ᠠ ᠤᠷᠠᠯᠢᠭ᠋᠎ᠤᠨ ᠹᠷᠣᠨᠲ᠎ᠤᠨ ᠨᠢᠭᠡᠨ ᠲᠤᠭ》 ᠪᠠ 《ᠬᠤᠪᠢᠰᠬᠠᠯᠲᠤ ᠤᠳᠬ᠎ᠠ ᠤᠷᠠᠯᠢᠭ᠋᠎ᠤᠨ ᠬᠥᠩᠭᠡᠨ ᠮᠣᠷᠢᠲᠤ ᠴᠡᠷᠢᠭ》 ᠤ᠋ᠨ ᠴᠤᠭ ᠵᠢᠪᠬᠤᠭ᠎ᠠ᠎ᠶᠢ ᠠᠮᠢᠳᠤᠯᠢᠭ᠋᠎ᠢᠶᠠᠷ ᠢᠯᠡᠷᠡᠭᠦᠯᠪᠡ᠃

《ᠠᠵᠠ ᠪᠠᠷ ᠴᠠᠭᠠᠨ ᠰᠠᠷ᠎ᠠ᠎ᠶᠢᠨ ᠦᠳᠡᠰᠢᠯᠡᠭᠡ᠎ᠶᠢᠨ ᠲᠠᠢᠰᠠᠨ᠎ᠳᠤ ᠭᠠᠷᠤᠯ᠎ᠠ᠂ ᠮᠠᠨᠤᠰ ᠴᠥᠮ ᠮᠠᠰᠢ ᠣᠮᠣᠭᠰᠢᠭᠰᠠᠨ ᠮᠦᠷᠲᠡᠭᠡᠨ ᠪᠠᠰᠠ ᠮᠠᠰᠢ ᠰᠠᠨᠳᠤᠷᠴᠦ ᠪᠠᠢᠯ᠎ᠠ》᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠤᠯᠠᠭᠠᠨᠮᠥ᠋ᠴᠢᠷ᠎ᠦᠨ ᠪᠥᠵᠢᠭᠴᠢᠨ ᠪᠦᠦ ᠷᠦᠢ᠄ 《ᠪᠢᠳᠡ ᠮᠠᠰᠢ ᠬᠠᠲᠠᠭᠤᠵᠢᠯᠲᠠᠢ ᠪᠣᠯᠪᠠᠰᠤᠷᠠᠪᠠ᠂ ᠴᠠᠭᠠᠨ ᠰᠠᠷ᠎ᠠ᠎ᠶᠢᠨ ᠦᠳᠡᠰᠢᠯᠡᠭᠡ᠎ᠪᠡᠷ ᠳᠡᠮᠵᠢᠨ ᠤᠯᠠᠭᠠᠨᠮᠥ᠋ᠴᠢᠷ᠎ᠦᠨ ᠥᠯᠢᠭᠡᠷ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠥᠯᠢᠭᠡᠷ᠎ᠢ ᠪᠥᠬᠥ ᠤᠯᠤᠰ᠎ᠤᠨ ᠠᠷᠠᠳ ᠲᠦᠮᠡᠨ᠎ᠳᠦ ᠶᠠᠷᠢᠵᠤ ᠥᠭᠬᠦ᠎ᠶᠢ ᠬᠦᠰᠡᠨ᠎ᠠ》 ᠭᠡᠵᠦ ᠳᠣᠭᠳᠣᠯᠤᠭᠰᠠᠨ ᠰᠡᠳᠬᠢᠯ᠎ᠢᠶᠡᠨ ᠳᠠᠷᠤᠵᠤ ᠶᠠᠳᠠᠨ ᠬᠡᠯᠡᠵᠦ ᠪᠠᠢᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面