2026-06-06 11:08:23
1925 ᠣᠨ᠎ᠳᠤ᠂ ᠳᠤᠮᠳᠠᠳᠤ ᠤᠯᠤᠰ᠎ᠲᠤ ᠶᠡᠬᠡ ᠬᠤᠪᠢᠰᠭᠠᠯ ᠰᠦᠷ ᠳᠠᠯᠠᠢᠴᠠᠲᠠᠶ ᠥᠷᠨᠢᠵᠦ᠍᠂ ᠤᠮᠠᠷᠠᠲᠤ᠎ᠶ᠋ᠢᠨ ᠴᠡᠷᠢᠭ᠎ᠦᠨ ᠡᠷᠬᠡᠲᠡᠨ᠎ᠦ ᠲᠡᠷᠰᠯᠡᠭᠦᠦ ᠨᠣᠶᠠᠷᠬᠠᠯ ᠬᠤᠪᠢᠰᠭᠠᠯ᠎ᠤᠨ ᠬᠦᠴᠦᠨ᠎ᠦ ᠳᠠᠭᠠᠷᠢᠯᠲᠠ ᠳᠣᠣᠷ᠎ᠠ ᠭᠤᠢᠪᠢᠯᠵᠠᠪᠠ᠃ ᠲᠤᠰ ᠵᠢᠯ᠎ᠦᠨ ᠬᠠᠪᠤᠷ᠂ ᠳᠤᠮᠳᠠᠳᠤ ᠤᠯᠤᠰ᠎ᠤᠨ ᠡᠪ ᠬᠠᠮᠲᠤ ᠨᠠᠮ ᠥᠪᠥᠷ ᠮᠣᠩᠭᠣᠯ ᠣᠷᠣᠨ᠎ᠳᠤ ᠬᠢᠯᠢ ᠬᠢᠵᠠᠭᠠᠷ᠎ᠤᠨ ᠦᠨᠳᠦᠰᠦᠲᠡᠨ᠎ᠦ ᠣᠷᠣᠨ᠎ᠤ ᠬᠠᠮᠤᠭ᠎ᠤᠨ ᠠᠩᠬᠠᠨ᠎ᠤ ᠨᠢᠭᠡ ᠪᠦᠯᠦᠭ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠪᠠᠢᠭᠤᠯᠪᠠ᠃
1924 ᠣᠨ᠎ᠳᠤ᠂ ᠭᠣᠮᠢᠨᠳᠠᠩ ᠨᠠᠮ ᠡᠪ ᠬᠠᠮᠲᠤ ᠨᠠᠮ ᠬᠠᠮᠲᠤᠷᠠᠨ ᠠᠵᠢᠯᠯᠠᠵᠤ ᠡᠵᠡᠷᠬᠡᠭ ᠲᠦᠷᠢᠮᠡᠬᠡᠢᠲᠡᠨᠢ ᠡᠰᠡᠷᠭᠦᠴᠡᠬᠦ᠌᠂ ᠹᠸᠤᠳᠠᠯ᠎ᠤᠨ ᠴᠡᠷᠢᠭ᠎ᠦᠨ ᠡᠷᠬᠡᠲᠡᠨ᠎ᠢ ᠡᠰᠡᠷᠭᠦᠴᠡᠬᠦ᠌ ᠨᠢᠭᠡᠳᠦᠮᠡᠯ ᠹᠷᠣᠨᠲ᠎ᠢ ᠪᠠᠢᠭᠤᠯᠵᠠᠶ᠃ 1925 ᠣᠨ᠎ᠤ ᠡᠬᠢ᠎ᠪᠡᠷ᠂ ᠤᠮᠠᠷᠠᠲᠤ ᠣᠷᠣᠨ᠎ᠤ ᠭᠣᠮᠢᠨᠳᠠᠩ ᠨᠠᠮ ᠡᠪ ᠬᠠᠮᠲᠤ ᠨᠠᠮ᠎ᠤᠨ ᠬᠠᠮᠲᠤᠷᠠᠯᠴᠠᠭ᠎ᠠ᠎ᠶ᠋ᠢ ᠪᠡᠶᠡᠯᠡᠭᠦᠯᠵᠦ᠍᠂ ᠢᠷᠭᠡᠨ᠎ᠦ ᠬᠤᠪᠢᠰᠭᠠᠯᠲᠤ ᠬᠥᠳᠡᠯᠭᠡᠭᠡᠨ ᠳ᠋ᠡᠬᠢ ᠤᠳᠤᠷᠢᠳᠤᠯᠭ᠎ᠠ ᠪᠠᠨ ᠴᠢᠩᠭᠠᠳᠭᠠᠬᠤ᠎ᠶ᠋ᠢᠨ ᠲᠥᠯᠥᠭᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠮᠠᠷᠠᠲᠤ ᠣᠷᠣᠨ᠎ᠤ ᠵᠣᠬᠢᠶᠠᠨ ᠪᠠᠢᠭᠤᠯᠤᠯᠲᠠ ᠿᠸᠾᠧ᠂ ᠴᠠᠬᠠᠷ᠂ ᠰᠦᠢᠶᠤᠸᠠᠨ ᠭᠤᠷᠪᠠᠨ ᠣᠨᠴᠠᠭᠠᠢ ᠣᠷᠣᠨ ᠵᠢᠴᠢ ᠪᠤᠭᠤᠲᠤ᠎ᠳᠤ ᠭᠣᠮᠢᠨᠳᠠᠩ ᠨᠠᠮ᠎ᠢ ᠬᠠᠪᠰᠤᠷᠤᠨ ᠵᠣᠬᠢᠶᠠᠨ ᠪᠠᠢᠭᠤᠯᠤᠯᠲᠠ᠎ᠶ᠋ᠢᠨ ᠪᠠᠢᠭᠤᠯᠤᠮᠵᠢ ᠪᠠᠢᠭᠤᠯᠬᠤ᠎ᠶ᠋ᠢᠨ ᠬᠠᠮᠲᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠵᠢᠯ᠎ᠤᠨ ᠪᠠᠢᠭᠤᠯᠤᠮᠵᠢ᠎ᠶ᠋ᠢ ᠨᠢᠭᠤᠴᠠ᠎ᠪᠠᠷ ᠪᠠᠢᠭᠤᠯᠵᠦ᠂ ᠳᠤᠮᠳᠠᠳᠤ ᠤᠯᠤᠰ᠎ᠤᠨ ᠭᠣᠮᠢᠨᠳᠠᠩ ᠨᠠᠮ᠎ᠤᠨ ᠨᠡᠷ᠎ᠡ᠎ᠪᠡᠷ ᠢᠯᠡ᠎ᠪᠡᠷ ᠬᠤᠪᠢᠰᠭᠠᠯ᠎ᠤᠨ ᠠᠵᠢᠯ ᠥᠷᠨᠢᠭᠦᠯᠵᠦ᠍᠂ ᠬᠤᠪᠢᠰᠭᠠᠯᠲᠤ ᠬᠥᠳᠡᠯᠭᠡᠭᠡᠨ ᠥᠷᠨᠢᠭᠦᠯᠬᠦ᠌᠎ᠪᠡᠷ ᠲᠣᠭ᠍ᠲᠠᠪᠠ᠃
1925 ᠣᠨ᠎ᠤ 3 ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠴᠧᠩᠳ᠋ᠧ᠂ ᠴᠢᠭᠤᠯᠤᠯᠳᠦ ᠬᠠᠭᠠᠯᠭ᠎ᠠ᠂ ᠬᠦᠢᠰᠦ᠋ᠢ (ᠤᠳᠤ᠎ᠶ᠋ᠢᠨ ᠬᠥᠬᠡᠬᠣᠲᠠ) ᠵᠢᠴᠢ ᠪᠤᠭᠤᠲᠤ ᠵᠡᠷᠭᠡ ᠲᠦᠷᠪᠡᠨ ᠬᠤᠳᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠿᠸᠾᠧ ᠣᠨᠴᠠᠭᠠᠢ ᠣᠷᠣᠨ᠎ᠤ ᠠᠵᠢᠯ᠎ᠤᠨ ᠬᠣᠷᠢᠶ᠎ᠠ (ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠿᠸᠾᠧᠵᠢᠨ ᠠᠵᠢᠯ᠎ᠤᠨ ᠬᠣᠷᠢᠶ᠎ᠠ ᠭᠡᠵᠦ ᠲᠦᠬᠦᠮᠴᠢᠯᠡᠨ᠎ᠡ)᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠠᠬᠠᠷ ᠣᠨᠴᠠᠭᠠᠢ ᠣᠷᠣᠨ᠎ᠤ ᠠᠵᠢᠯ᠎ᠤᠨ ᠬᠣᠷᠢᠶ᠎ᠠ (ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠠᠬᠠᠷ᠎ᠤᠨ ᠠᠵᠢᠯ᠎ᠤᠨ ᠬᠣᠷᠢᠶ᠎ᠠ ᠭᠡᠵᠦ ᠲᠦᠬᠦᠮᠴᠢᠯᠡᠨ᠎ᠡ) ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠢᠶᠤᠸᠠᠨ ᠣᠨᠴᠠᠭᠠᠢ ᠣᠷᠣᠨ᠎ᠤ ᠠᠵᠢᠯ᠎ᠤᠨ ᠬᠣᠷᠢᠶ᠎ᠠ (ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠢᠶᠤᠸᠠᠨ᠎ᠤ ᠠᠵᠢᠯ᠎ᠤᠨ ᠬᠣᠷᠢᠶ᠎ᠠ ᠭᠡᠵᠦ ᠲᠦᠬᠦᠮᠴᠢᠯᠡᠨ᠎ᠡ) ᠪᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠤᠭᠤᠲᠤ᠎ᠶ᠋ᠢᠨ ᠠᠵᠢᠯ᠎ᠤᠨ ᠬᠣᠷᠢᠶ᠎ᠠ ᠵᠢ ᠪᠠᠢᠭᠤᠯᠪᠠ᠃ 《ᠲᠦᠷᠪᠡᠨ ᠠᠵᠢᠯ᠎ᠤᠨ ᠬᠤᠷᠢᠶ᠎ᠠ》 ᠪᠠᠢᠭᠤᠯᠤᠭ᠍ᠳᠠᠮᠠᠭ᠍ᠴᠠ ᠮᠠᠰᠢ ᠶᠡᠬᠡ ᠦᠢᠯᠡᠳᠦᠯ ᠦᠵᠡᠭᠦᠯᠪᠡ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠿᠸᠾᠧᠵᠢᠨ ᠠᠵᠢᠯ᠎ᠤᠨ ᠬᠣᠷᠢᠶ᠎ᠠ᠎ᠵᠢᠨ ᠬᠠᠷᠢᠭᠤᠴᠠᠯᠭᠠᠲᠠᠨ ᠪᠣᠯ ᠴᠧᠨ ᠵᠢᠩ ᠬ᠍ᠦ ᠪᠠ ᠳ᠋ᠦ᠋ ᠵᠧᠨ ᠱᠧᠩ ᠪᠣᠯᠤᠨ᠎ᠠ᠃ ᠠᠵᠢᠯ᠎ᠤᠨ ᠬᠣᠷᠢᠶ᠎ᠠ ᠨᠢ ᠢᠷᠭᠡᠨ᠎ᠦ ᠬᠤᠪᠢᠰᠭᠠᠯ ᠪᠠ ᠠᠷᠠᠳᠴᠢᠯᠠᠭ᠍ᠰᠠᠨ ᠬᠤᠪᠢᠰᠭᠠᠯ᠎ᠤᠨ ᠦᠵᠡᠯ ᠰᠠᠨᠠᠭ᠎ᠠ᠎ᠶ᠋ᠢ ᠤᠬᠠᠭᠤᠯᠬᠤ᠂ ᠨᠠᠮ᠎ᠤᠨ ᠪᠠᠢᠭᠤᠯᠤᠯᠲᠠ ᠡᠪᠯᠡᠯ᠎ᠦᠨ ᠪᠠᠢᠭᠤᠯᠤᠯᠲᠠ᠂ ᠰᠤᠷᠤᠭ᠍ᠴᠢᠳ᠎ᠤᠨ ᠬᠥᠳᠡᠯᠭᠡᠭᠡᠨ᠎ᠢ ᠳᠠᠢᠴᠢᠯᠠᠬᠤ ᠵᠡᠷᠭᠡ ᠲᠠᠯ᠎ᠠ᠎ᠪᠠᠷ ᠮᠠᠰᠢ ᠶᠡᠬᠡ ᠭᠠᠪᠢᠶ᠎ᠠ ᠵᠢᠳᠬᠦᠯ ᠭᠠᠷᠭᠠᠭ᠍ᠰᠠᠨ ᠪᠠᠢᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠠᠬᠠᠷ᠎ᠤᠨ ᠠᠵᠢᠯ᠎ᠤᠨ ᠬᠣᠷᠢᠶ᠎ᠠ᠎ᠶ᠋ᠢᠨ ᠬᠠᠷᠢᠭᠤᠴᠠᠯᠭᠠᠲᠠᠨ ᠪᠣᠯ ᠵᠠᠩ ᠯᠢᠶᠠᠩ ᠬᠠᠨ ᠪᠠ ᠶᠠᠩ ᠬᠣᠩ ᠲᠤᠤ ᠪᠣᠯᠤᠨ᠎ᠠ᠃ 1926 ᠣᠨ᠎ᠤ ᠨᠠᠮᠤᠷ᠂ ᠵᠦᠪᠯᠡᠯᠳᠦ ᠬᠣᠯᠪᠣᠭᠠᠲᠤ ᠤᠯᠤᠰ᠎ᠠᠴᠠ ᠤᠯᠤᠰ᠎ᠲᠠᠭᠠᠨ ᠪᠤᠴᠠᠭ᠍ᠰᠠᠨ ᠳ᠋ᠦᠸᠸ ᠰᠦᠩ ᠨᠢᠶᠠᠨ ᠠᠵᠢᠯ᠎ᠤᠨ ᠬᠣᠷᠢᠶ᠎ᠠ᠎ᠵᠢᠨ ᠬᠠᠷᠢᠭᠤᠴᠠᠯᠭᠠᠲᠠᠨ ᠪᠣᠯᠪᠠ᠃ ᠠᠵᠢᠯ᠎ᠤᠨ ᠬᠣᠷᠢᠶ᠎ᠠ ᠨᠢ ᠬᠣᠲᠠ᠂ ᠲᠠᠷᠢᠶᠠᠯᠠᠬᠤ ᠣᠷᠣᠨ ᠪᠠ ᠮᠠᠯᠵᠢᠬᠤ ᠣᠷᠣᠨ᠎ᠳᠤ ᠬᠠᠨᠳᠤᠭᠤᠯᠤᠨ ᠠᠵᠢᠯ᠎ᠢᠶᠠᠨ ᠥᠷᠨᠢᠭᠦᠯᠵᠦ᠍᠂ ᠨᠡᠢᠭᠡᠮ᠎ᠦᠨ ᠡᠯ᠎ᠡ ᠡᠲᠡᠭᠡᠳ᠎ᠦᠨ ᠳᠤᠮᠲᠠ ᠢᠳᠡᠪᠬᠢᠲᠡᠶ ᠠᠵᠢᠯᠯᠠᠭ᠎ᠠ ᠬᠢᠵᠦ᠍᠂ 《ᠮᠣᠩᠭᠣᠯ ᠲᠠᠷᠢᠶᠠᠴᠢᠨ》 ᠵᠡᠷᠭᠡ ᠬᠤᠪᠢᠰᠭᠠᠯᠲᠤ ᠰᠡᠳᠬᠦᠯ᠎ᠢ ᠵᠣᠬᠢᠶᠠᠨ ᠪᠠᠢᠭᠤᠯᠤᠨ ᠲᠠᠷᠬᠠᠭᠠᠵᠤ᠂ ᠨᠢᠭᠡ ᠪᠦᠯᠦᠭ ᠳᠠᠪᠱᠢᠩᠭᠤᠶ ᠵᠠᠯᠠᠭᠤᠴᠤᠳ᠎ᠤᠨ ᠬᠤᠪᠢᠰᠭᠠᠯᠳᠤ ᠣᠷᠣᠯᠴᠠᠬᠤ᠎ᠶ᠋ᠢ ᠨᠥᠯᠥᠭᠡᠯᠡᠵᠦ᠍᠂ ᠬᠣᠢᠱᠢᠳᠠ᠎ᠶ᠋ᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠮᠠᠷᠠᠲᠤ ᠣᠷᠣᠨ᠎ᠤ ᠭᠦᠢᠴᠡᠳᠭᠡᠬᠦ᠌ ᠬᠣᠷᠢᠶ᠎ᠠ ᠪᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠢᠭᠤᠯᠤᠯᠲᠤ ᠬᠠᠭᠠᠯᠭ᠎ᠠ᠎ᠶ᠋ᠢᠨ ᠣᠷᠣᠨ ᠨᠤᠲᠤᠭ᠎ᠤᠨ ᠭᠦᠢᠴᠡᠳᠭᠡᠬᠦ᠌ ᠬᠣᠷᠢᠶᠠᠵᠢᠨᠴᠢᠭᠤᠯᠤᠯᠲᠤ ᠬᠠᠭᠠᠯᠭ᠎ᠠ᠎ᠪᠠᠷ ᠴᠢᠬᠤᠯᠠ ᠰᠠᠭᠤᠷᠢᠨ ᠭᠠᠵᠠᠷ ᠪᠣᠯᠭᠠᠨ ᠥᠪᠥᠷ ᠮᠣᠩᠭᠣᠯ ᠣᠷᠣᠨ᠎ᠤ ᠬᠤᠪᠢᠰᠭᠠᠯ᠎ᠤᠨ ᠠᠵᠢᠯ᠎ᠢ ᠥᠷᠨᠢᠭᠦᠯᠬᠦ᠌᠎ᠳᠦ ᠰᠠᠢᠨ ᠰᠠᠢᠬᠠᠨ ᠵᠣᠬᠢᠶᠠᠨ ᠪᠠᠢᠭᠤᠯᠤᠯᠲᠠ᠎ᠶ᠋ᠢᠨ ᠰᠠᠭᠤᠷᠢ ᠪᠠ ᠣᠯᠠᠨ ᠲᠦᠮᠡᠨ᠎ᠦ ᠰᠠᠭᠤᠷᠢ᠎ᠶ᠋ᠢ ᠲᠠᠯᠪᠢᠵᠤ ᠥᠭ᠌ᠴᠡᠶ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠢᠶᠤᠸᠠᠨ᠎ᠤ ᠠᠵᠢᠯ᠎ᠤᠨ ᠬᠣᠷᠢᠶ᠎ᠠ᠎ᠵᠢᠨ ᠬᠠᠷᠢᠭᠤᠴᠠᠯᠭᠠᠲᠠᠨ ᠪᠤᠯ ᠵᠠᠶᠠᠭ᠎ᠠ᠎ᠲᠠᠶ ᠪᠣᠯᠤᠨ᠎ᠠ᠃ ᠠᠵᠢᠯ᠎ᠤᠨ ᠬᠣᠷᠢᠶ᠎ᠠ ᠰᠦᠢᠶᠤᠸᠠᠨ᠎ᠤ ᠡᠯ᠎ᠡ ᠡᠲᠡᠭᠡᠳ᠎ᠦᠨ ᠬᠢᠨᠢ ᠤᠳᠤᠷᠢᠳᠤᠨ 《ᠲᠠᠪᠤᠨ ᠰᠠᠷ᠎ᠠ᠎ᠶ᠋ᠢᠨ ᠭᠤᠴᠢᠨ》 ᠤ᠋ ᠬᠥᠳᠡᠯᠭᠡᠭᠡᠨ᠎ᠢ ᠢᠳᠡᠪᠬᠢᠲᠡᠶ ᠳᠡᠮᠵᠢᠭ᠌ᠰᠡᠨ ᠪᠥᠭᠡᠳ ᠳᠡᠮᠵᠢᠬᠦ᠌ ᠠᠵᠢᠯᠯᠠᠭ᠎ᠠ᠎ᠶ᠋ᠢ ᠪᠤᠭᠤᠲᠤ᠂ ᠦᠶᠤᠸᠠᠨ᠂ ᠯᠢᠨ ᠾᠧ ᠵᠡᠷᠭᠡ ᠭᠠᠵᠠᠷ᠎ᠲᠤ ᠬᠦᠷᠲᠡᠯ᠎ᠡ ᠥᠷᠭᠡᠳᠭᠡᠵᠦ᠍᠂ ᠡᠯ᠎ᠡ ᠭᠠᠵᠠᠷ᠎ᠤᠨ ᠠᠷᠠᠳ ᠤᠯᠠᠨ᠎ᠳᠤ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ ᠬᠦᠷᠲᠡᠭᠡᠵᠦ᠍᠂ ᠡᠯ᠎ᠡ ᠦᠨᠳᠦᠰᠦᠲᠡᠨ᠎ᠦ ᠤᠯᠠᠨ ᠲᠦᠮᠡᠨ᠎ᠦ ᠰᠡᠬᠡᠭᠡᠷᠡᠯᠲᠡ᠎ᠶ᠋ᠢ ᠠᠬᠢᠭᠤᠯᠵᠠᠶ᠃ 1926 ᠣᠨ᠎ᠳᠤ᠂ ᠥᠪᠥᠷ ᠮᠣᠩᠭᠣᠯ ᠣᠷᠣᠨ᠎ᠤ ᠮᠠᠯᠴᠢᠨ ᠲᠠᠷᠢᠶᠠᠴᠢᠨ᠎ᠤ ᠬᠥᠳᠡᠯᠭᠡᠭᠡᠨ ᠡᠳᠦᠷ ᠢᠷᠡᠬᠦᠶ᠎ᠡ ᠥᠷᠨᠢᠬᠦ᠌᠎ᠶ᠋ᠢ ᠳᠠᠭᠠᠯᠳᠤᠨ᠂ ᠠᠵᠢᠯ᠎ᠤᠨ ᠬᠣᠷᠢᠶ᠎ᠠ ᠬᠦᠢᠰᠦ᠋ᠢ᠎ᠪᠠᠷ ᠲᠥᠪ ᠪᠣᠯᠭᠠᠨ᠂ ᠵᠡᠭᠦᠨᠰᠢ ᠹᠧᠩᠵᠧᠨ᠂ ᠪᠠᠷᠠᠭᠤᠨᠰᠢ ᠰᠠᠭᠠᠯᠢᠴᠢᠨ ᠬᠦᠷᠬᠦ ᠬᠥᠳᠡᠭᠡ ᠲᠣᠰᠭᠣᠨ᠎ᠳᠤ ᠡᠯ᠎ᠡ ᠱᠠᠲᠤᠨ᠎ᠤ ᠲᠠᠷᠢᠶᠠᠴᠢᠨ᠎ᠤ ᠨᠡᠢᠬᠡᠮᠯᠢᠭ ᠪᠠᠢᠭᠤᠯᠵᠤ᠂ ᠲᠦᠷᠢᠶᠡᠰᠦ᠎ᠵᠢ ᠬᠥᠩᠭᠡᠯᠡᠬᠦ᠌ ᠪᠠ ᠮᠥᠯᠵᠢᠯ᠎ᠢ ᠡᠰᠡᠷᠭᠦᠴᠡᠬᠦ᠌ ᠲᠡᠮᠡᠴᠡᠯ ᠶᠠᠪᠤᠭᠤᠯᠪᠠ᠃ ᠠᠵᠢᠯ᠎ᠤᠨ ᠬᠣᠷᠢᠶ᠎ᠠ ᠨᠢ ᠡᠪ ᠬᠠᠮᠲᠤ ᠨᠠᠮ᠎ᠤᠨ ᠭᠡᠱᠢᠭᠦᠨ ᠪᠠ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠭᠡᠱᠢᠭᠦᠨ᠎ᠢ ᠢᠳᠡᠪᠬᠢᠲᠡᠢ ᠬᠦᠮᠦᠵᠢᠬᠦᠯᠵᠦ᠍᠂ ᠨᠠᠮ ᠡᠪᠯᠡᠯ᠎ᠦᠨ ᠵᠣᠬᠢᠶᠠᠨ ᠪᠠᠢᠭᠤᠯᠤᠯᠲᠠ᠎ᠶ᠋ᠢ ᠪᠠᠢᠭᠤᠯᠵᠤ᠂ ᠰᠠᠭᠠᠯᠢᠴᠢᠨ ᠱᠢᠶᠠᠨ᠂ ᠬᠣᠷᠢᠨᠭᠡᠷ ᠱᠢᠶᠠᠨ᠂ ᠦᠴᠦᠸᠠᠨ ᠱᠢᠶᠠᠨ᠂ ᠬᠦᠢᠰᠦ᠋ᠢ ᠱᠢᠶᠠᠨ᠂ ᠲᠦᠮᠡᠳ ᠬᠣᠱᠢᠭᠤ ᠵᠡᠷᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠠᠪᠤᠨ ᠬᠣᠱᠢᠭᠤ ᠱᠢᠶᠠᠨ᠎ᠤ ᠠᠵᠢᠯ᠎ᠤᠨ ᠬᠣᠷᠢᠶ᠎ᠠ᠎ᠵᠢ ᠤᠳᠤᠷᠢᠳᠤᠨ ᠪᠠᠢᠭᠤᠯᠪᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠤᠭᠤᠲᠤ᠎ᠶ᠋ᠢᠨ ᠠᠵᠢᠯ᠎ᠤᠨ ᠬᠤᠷᠢᠶ᠎ᠠ ᠵᠢᠨ ᠬᠠᠷᠢᠭᠤᠴᠠᠯᠭᠠᠲᠠᠨ ᠪᠣᠯ ᠯᠢ ᠢᠦᠶ ᡁᠢ ᠪᠣᠯᠤᠨ᠎ᠠ᠃ ᠯᠢ ᠢᠦᠢ ᡁᠢ ᠭᠡᠷᠡᠯ ᠵᠢᠷᠤᠭ᠎ᠤᠨ ᠭᠠᠵᠠᠷ ᠡᠷᠬᠢᠯᠡᠬᠦ᠌᠎ᠪᠡᠷ ᠬᠠᠯᠬᠠᠪᠴᠢ ᠪᠣᠯᠭᠠᠵᠤ᠂ ᠤᠯᠠᠨ ᠲᠦᠮᠡᠨ ᠲᠠᠢ ᠨᠠᠢᠵᠠᠯᠠᠵᠤ᠂ ᠤᠯᠠᠨ ᠲᠦᠮᠡᠨ᠎ᠲᠡᠶ ᠬᠠᠷᠢᠯᠴᠠᠵᠤ᠂ ᠮᠠᠷᠺᠰ᠎ᠤᠨ ᠦᠵᠡᠯ᠎ᠦᠨ ᠰᠤᠷᠤᠯᠴᠠᠬᠤ ᠳᠤᠭᠤᠢᠯᠠᠩ᠎ᠢ ᠵᠣᠬᠢᠶᠠᠨ ᠪᠠᠢᠭᠤᠯᠵᠤ᠂ ᠬᠡᠪᠢᠰᠦᠨ ᠦᠢᠯᠡᠳᠪᠦᠷᠢ᠂ ᠲᠡᠮᠦᠷ᠎ᠦᠨ ᠦᠢᠯᠡᠳᠪᠦᠷᠢ᠂ ᠱᠢᠪᠠᠷ ᠮᠣᠳᠣᠨ᠎ᠤ ᠦᠢᠯᠡᠳᠪᠦᠷᠢ᠂ ᠱᠢᠬᠢᠷ ᠡᠪᠡᠰᠦ᠎ᠶ᠋ᠢᠨ ᠳᠡᠯᠭᠡᠭᠦᠷ᠎ᠦᠨ 50 ᠭᠠᠷᠤᠢ ᠠᠵᠢᠯᠴᠢᠨ᠎ᠢ ᠡᠯᠰᠡᠨ ᠰᠤᠷᠤᠯᠴᠠᠭᠤᠯᠵᠤ᠂ ᠠᠯᠬᠤᠮ ᠠᠯᠬᠤᠮ᠎ᠢᠶᠠᠷ 30 ᠭᠠᠷᠤᠢ ᠵᠠᠯᠠᠭᠤᠴᠤᠳ᠎ᠢ ᠨᠠᠮ᠎ᠳᠤ ᠡᠯᠰᠡᠵᠦ᠍ ᠡᠪᠯᠡᠯ᠎ᠳᠦ ᠣᠷᠣᠭᠤᠯᠪᠠ᠃ ᠠᠵᠢᠯ᠎ᠤᠨ ᠬᠤᠷᠢᠶ᠎ᠠ ᠪᠠᠰᠠ ᠰᠦᠢᠶᠤᠸᠠᠨ᠎ᠤ ᠪᠠᠷᠠᠭᠤᠨ ᠬᠡᠰᠡᠭ᠎ᠦᠨ ᠬᠠᠮᠤᠭ᠎ᠤᠨ ᠶᠡᠬᠡ ᠠᠷᠠᠳ᠎ᠤᠨ ᠵᠣᠬᠢᠶᠠᠨ ᠪᠠᠢᠭᠤᠯᠤᠯᠲᠠ ᠪᠣᠯᠬᠤ 《ᠭᠸ ᠯᠣᠣ ᠬᠤᠢ》 ᠡᠪᠯᠡᠯ᠎ᠳᠦ ᠪᠦᠯᠬᠦᠮᠳᠡᠬᠦ᠌ ᠪᠠ ᠲᠠᠲᠠᠵᠤ ᠠᠪᠬᠤ ᠠᠵᠢᠯ ᠬᠢᠵᠡᠶ᠃ 1925 ᠣᠨ᠎ᠤ 9 ᠰᠠᠷ᠎ᠠ᠎ᠳᠤ᠂ ᠠᠵᠢᠯ᠎ᠤᠨ ᠬᠤᠷᠢᠶ᠎ᠠ ᠱᠢᠭᠤᠢᠲᠤ ᠭᠤᠤ ᠠᠭᠤᠷᠬᠠᠢ᠎ᠶ᠋ᠢᠨ 1000 ᠭᠠᠷᠤᠢ ᠠᠭᠤᠷᠬᠠᠢ᠎ᠶ᠋ᠢᠨ ᠠᠵᠢᠯᠴᠢᠨ᠎ᠢ ᠤᠳᠤᠷᠢᠳᠤᠨ ᠠᠵᠢᠯ ᠬᠠᠶᠠᠯᠲᠠ᠎ᠶ᠋ᠢᠨ ᠢᠯᠠᠯᠲᠠ᠎ᠶ᠋ᠢ ᠣᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ ᠣᠷᠣᠨ᠎ᠳᠠᠬᠢ ᠨᠥᠯᠥᠭᠡ᠎ᠶ᠋ᠢ ᠥᠷᠭᠡᠳᠭᠡᠪᠡ᠃
ᠥᠪᠥᠷ ᠮᠣᠩᠭᠣᠯ᠎ᠤᠨ 《ᠲᠦᠷᠪᠡᠨ ᠠᠵᠢᠯ᠎ᠤᠨ ᠬᠤᠷᠢᠶ᠎ᠠ》 ᠠᠵᠢᠯ᠎ᠢᠶᠠᠨ ᠥᠷᠨᠢᠭᠦᠯᠬᠦ᠌ ᠶᠠᠪᠤᠴᠠ᠎ᠳᠤ᠂ ᠯᠢ ᠳ᠋ᠡ ᠵᠤᠤ ᠤᠯᠠᠨ ᠤᠳᠠᠭ᠎ᠠ ᠬᠥᠮᠦᠨ ᠲᠣᠮᠢᠯᠠᠨ ᠡᠯ᠎ᠡ ᠠᠵᠢᠯ᠎ᠤᠨ ᠬᠤᠷᠢᠶ᠎ᠠ ᠵᠢᠬᠠᠪᠰᠤᠷᠤᠨ ᠠᠵᠢᠯᠯᠠᠭ᠎ᠠ ᠥᠷᠨᠢᠭᠦᠯᠵᠦ᠍᠂ ᠥᠪᠥᠷ ᠮᠣᠩᠭᠣᠯ ᠣᠷᠣᠨ᠎ᠤ ᠬᠤᠪᠢᠰᠭᠠᠯᠲᠤ ᠲᠡᠮᠡᠴᠡᠯ᠎ᠢ ᠵᠢᠯᠣᠭᠣᠳᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠥᠪᠥᠷ ᠮᠣᠩᠭᠣᠯ ᠣᠷᠣᠨ᠎ᠳᠤ ᠨᠠᠮ᠎ᠤᠨ ᠵᠣᠬᠢᠶᠠᠨ ᠪᠠᠢᠭᠤᠯᠤᠯᠲᠠ ᠪᠠᠢᠭᠤᠯᠵᠤ᠂ ᠬᠤᠪᠢᠰᠭᠠᠯ᠎ᠤᠨ ᠠᠵᠢᠯᠥᠷᠨᠢᠭᠦᠯᠦᠭ᠌ᠰᠡᠨ ᠨᠢ ᠥᠪᠥᠷ ᠮᠣᠩᠭᠣᠯ᠎ᠤᠨ ᠲᠡᠦᠬᠡᠨ ᠳ᠋ᠦ ᠤᠷᠢᠳ ᠡᠮᠦᠨ᠎ᠡ ᠪᠠᠢᠭ᠎ᠠ ᠦᠭᠡᠢ ᠶᠡᠬᠡ ᠶᠠᠪᠤᠳᠠᠯ ᠪᠠᠢᠵᠤ᠂ ᠥᠪᠥᠷ ᠮᠣᠩᠭᠣᠯ ᠣᠷᠣᠨ᠎ᠤ ᠬᠤᠪᠢᠰᠭᠠᠯ᠎ᠤᠨ ᠦᠢᠯᠡᠰ᠎ᠦᠨ ᠬᠥᠭ᠌ᠵᠢᠯᠲᠡ᠎ᠳᠦ ᠠᠯᠤᠰ ᠬᠡᠳᠦ᠍᠎ᠶ᠋ᠢᠨ ᠲᠡᠦᠬᠡᠲᠦ ᠠᠴᠢ ᠬᠣᠯᠪᠣᠭ᠍ᠳᠠᠯ᠎ᠲᠠᠶ ᠪᠤᠯᠪᠠ᠃
ᠡᠭᠦᠨ᠎ᠡᠴᠡ ᠡᠬᠢᠯᠡᠨ ᠥᠪᠥᠷ ᠮᠣᠩᠭᠣᠯ ᠣᠷᠣᠨ᠎ᠤ ᠬᠤᠪᠢᠰᠭᠠᠯ ᠬᠠᠮᠤᠭ᠎ᠤᠨ ᠪᠠᠲᠤ ᠴᠢᠩᠭ᠎ᠠ ᠵᠣᠬᠢᠶᠠᠨ ᠪᠠᠢᠭᠤᠯᠤᠭ᠍ᠴᠢ ᠪᠠ ᠤᠳᠤᠷᠢᠳᠤᠭ᠍ᠴᠢ᠎ᠲᠠᠶ ᠪᠣᠯᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ ᠣᠷᠣᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠠᠢᠭᠤᠯᠤᠭ᠍ᠳᠠᠭ᠍ᠰᠠᠨ ᠨᠢ ᠥᠪᠥᠷ ᠮᠣᠩᠭᠣᠯ ᠣᠷᠣᠨ᠎ᠤ ᠠᠷᠠᠳ ᠲᠦᠮᠡᠨ᠎ᠦ ᠴᠢᠯᠥᠭᠡᠯᠡᠯᠲᠡ᠎ᠶ᠋ᠢᠨ ᠬᠥᠳᠡᠯᠭᠡᠭᠡᠨ᠎ᠢ ᠱᠢᠭᠤᠳ ᠤᠳᠤᠷᠢᠳᠭᠤ ᠬᠦᠴᠦᠨ᠎ᠲᠡᠶ ᠪᠣᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠥᠪᠥᠷ ᠮᠣᠩᠭᠣᠯ ᠣᠷᠣᠨ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠣᠬᠢᠶᠠᠨ ᠪᠠᠢᠭᠤᠯᠤᠯᠲᠠ᠎ᠶ᠋ᠢᠨ ᠰᠠᠭᠤᠷᠢ᠎ᠲᠠᠶ ᠪᠣᠯᠭᠠᠵᠠᠢ᠃ ᠨᠠᠮ᠎ᠤᠨ ᠵᠣᠬᠢᠶᠠᠨ ᠪᠠᠢᠭᠤᠯᠤᠯᠲᠠ ᠨᠢ ᠥᠪᠥᠷ ᠮᠣᠩᠭᠣᠯ ᠣᠷᠣᠨ᠎ᠳᠤ ᠪᠠᠢᠭᠤᠯᠤᠭ᠍ᠳᠠᠮᠠᠭ᠍ᠴᠠ ᠭᠦᠨ ᠦᠨᠳᠦᠰᠦᠯᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ ᠨᠢ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠠᠲᠤ ᠴᠢᠩᠭ᠎ᠠ ᠤᠳᠤᠷᠢᠳᠤᠯᠭ᠎ᠠ᠂ ᠥᠨᠳᠥᠷ ᠮᠠᠨᠳᠤᠭᠤᠯᠬᠤ ᠲᠤᠭ ᠲᠡᠮᠳᠡᠭ᠂ ᠬᠡᠷᠡᠯ ᠬᠡᠭᠡ ᠵᠢᠨ ᠵᠢᠯᠤᠭᠤᠳᠤᠮᠵᠢ ᠪᠣᠯᠤᠭ᠍ᠰᠠᠨ ᠪᠠᠢᠨ᠎ᠠ᠃ ᠥᠪᠥᠷ ᠮᠣᠩᠭᠣᠯ ᠣᠷᠣᠨ᠎ᠤ ᠡᠯ᠎ᠡ ᠦᠨᠳᠦᠰᠦᠲᠡᠨ᠎ᠦ ᠠᠷᠠᠳ ᠲᠦᠮᠡᠨ᠎ᠦ ᠴᠢᠯᠥᠭᠡᠯᠡᠯᠲᠡ ᠨᠢ ᠨᠠᠮ᠎ᠤᠨ ᠤᠳᠤᠷᠢᠳᠤᠭ᠍ᠰᠠᠨ ᠪᠦᠬᠦ᠌ ᠤᠯᠤᠰ᠎ᠤᠨ ᠬᠤᠪᠢᠰᠭᠠᠯ᠎ᠲᠠᠶ ᠨᠢᠭ᠍ᠲᠠ ᠬᠣᠯᠪᠣᠭ᠎ᠠ᠎ᠲᠠᠶ ᠶᠤᠮ᠃
ᠳᠤᠮᠳᠠᠳᠤ ᠤᠯᠤᠰ᠎ᠤᠨ ᠡᠪ ᠬᠠᠮᠲᠤ ᠨᠠᠮ ᠥᠪᠥᠷ ᠮᠣᠩᠭᠣᠯ ᠣᠷᠣᠨ᠎ᠳᠤ ᠨᠠᠮ᠎ᠤᠨ ᠭᠡᠱᠢᠭᠦᠨ ᠡᠯᠰᠡᠵᠦ᠍᠂ ᠨᠠᠮ᠎ᠤᠨ ᠵᠣᠬᠢᠶᠠᠨ ᠪᠠᠢᠭᠤᠯᠤᠯᠲᠠ ᠪᠠᠢᠭᠤᠯᠵᠤ᠂ ᠥᠪᠥᠷ ᠮᠣᠩᠭᠣᠯ ᠣᠷᠣᠨ᠎ᠢ ᠤᠳᠤᠷᠢᠳᠤᠨ ᠬᠤᠪᠢᠰᠭᠠᠯᠲᠤ ᠲᠡᠮᠡᠴᠡᠯ ᠥᠷᠨᠢᠭᠦᠯᠵᠦ᠍᠂ ᠥᠪᠥᠷ ᠮᠣᠩᠭᠣᠯ ᠣᠷᠣᠨ᠎ᠢ ᠨᠠᠮ᠎ᠤᠨ ᠤᠳᠤᠷᠢᠳᠤᠯᠭ᠎ᠠ ᠳᠣᠣᠷᠠᠬᠢ ᠳᠤᠮᠳᠠᠳᠤ ᠤᠯᠤᠰ᠎ᠤᠨ ᠬᠤᠪᠢᠰᠭᠠᠯ᠎ᠤᠨ ᠰᠠᠯᠵᠤ ᠪᠣᠯᠤᠰᠢ ᠦᠭᠡᠢ ᠨᠢᠭᠡ ᠬᠡᠰᠡᠭ ᠪᠣᠯᠭᠠᠵᠤ᠂ ᠥᠪᠥᠷ ᠮᠣᠩᠭᠣᠯ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠵᠠᠮ᠎ᠢᠶᠠᠷ ᠵᠠᠮᠨᠠᠭᠤᠯᠵᠤ᠂ ᠨᠠᠮ᠎ᠤᠨ ᠠᠴᠢ᠎ᠳᠤ ᠲᠠᠯᠠᠷᠬᠠᠨ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ ᠢᠷᠠᠭᠤ ᠠᠯᠳᠠᠷᠲᠤ ᠤᠯᠠᠮᠵᠢᠯᠠᠯ᠎ᠢ ᠡᠬᠢᠯᠡᠨ ᠪᠦᠷᠢᠯᠳᠦᠭᠦᠯᠪᠡ᠃
ᠶᠡᠬᠡ ᠬᠤᠪᠢᠰᠭᠠᠯ ᠪᠠ ᠭᠠᠵᠠᠷ ᠱᠢᠷᠣᠶ᠎ᠶ᠋ᠢᠨ ᠬᠤᠪᠢᠰᠭᠠᠯᠲᠤ ᠲᠡᠢᠨ᠎ᠦ ᠦᠶ᠎ᠡ᠎ᠳᠦ᠂ 《ᠳᠥᠷᠪᠡᠨ ᠠᠵᠢᠯ᠎ᠤᠨ ᠬᠤᠷᠢᠶ᠎ᠠ》 ᠪᠠᠢᠭᠤᠯᠤᠭ᠍ᠳᠠᠭ᠍ᠰᠠᠨ᠎ᠢᠶᠠᠷ ᠤᠷᠢᠲᠠᠯ ᠪᠣᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ ᠣᠷᠣᠨ᠎ᠤ ᠨᠠᠮ᠎ᠤᠨ ᠵᠣᠬᠢᠶᠠᠨ ᠪᠠᠢᠭᠤᠯᠤᠯᠲᠠ ᠲᠠᠰᠤᠷᠠᠯᠲᠠ ᠥᠬᠡᠶ ᠬᠥᠭ᠌ᠵᠢᠨ ᠪᠤᠵᠠᠭᠠᠢᠷᠠᠪᠠ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠠᠵᠢᠯ᠎ᠤᠨ ᠥᠷᠨᠢᠯᠲᠡ ᠨᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠤᠪᠢᠰᠭᠠᠯᠲᠤ ᠬᠠᠯᠠᠭᠤᠨ ᠰᠡᠳᠭᠢᠯᠭᠡ᠎ᠶ᠋ᠢ ᠲᠤᠢᠯ᠎ᠤᠨ ᠶᠡᠬᠡᠪᠡᠷ ᠬᠥᠭ᠌ᠵᠢᠭᠡᠵᠦ᠍᠂ ᠨᠠᠮ᠎ᠤᠨ ᠥᠪᠥᠷ ᠮᠣᠩᠭᠣᠯ ᠣᠷᠣᠨ᠎ᠳᠤ ᠰᠦᠷ ᠳᠠᠯᠠᠢᠴᠠᠲᠠᠶ ᠬᠤᠪᠢᠰᠭᠠᠯᠲᠤ ᠲᠡᠮᠡᠴᠡᠯ ᠥᠷᠨᠢᠭᠦᠯᠬᠦ᠌᠂ ᠴᠢᠨᠠᠭ᠍ᠰᠢᠯᠠᠪᠠᠯ ᠨᠠᠮ᠎ᠤᠨ ᠤᠳᠤᠷᠢᠳᠤᠯᠭ᠎ᠠ ᠳᠣᠣᠷ᠎ᠠ ᠠᠩᠬᠠᠳᠠᠭ᠍ᠴᠢ ᠮᠤᠵᠢ᠎ᠶ᠋ᠢᠨ ᠱᠠᠲᠤᠨ᠎ᠤ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠨᠤᠳᠤᠭ᠎ᠢ ᠪᠠᠢᠭᠤᠯᠬᠤ᠎ᠳᠤ ᠵᠣᠬᠢᠶᠠᠨ ᠪᠠᠢᠭᠤᠯᠤᠯᠲᠠ᠎ᠶ᠋ᠢᠨ ᠰᠠᠭᠤᠷᠢ ᠪᠠ ᠺᠠᠳ᠋ᠷ᠎ᠤᠨ ᠰᠠᠭᠤᠷᠢ᠎ᠶ᠋ᠢ ᠠᠩᠬ᠎ᠠ ᠠᠯᠬᠤᠮ ᠲᠠᠯᠪᠢᠵᠤ᠂ ᠥᠪᠥᠷ ᠮᠣᠩᠭᠣᠯ ᠣᠷᠣᠨ᠎ᠤ ᠬᠤᠪᠢᠰᠭᠠᠯ᠎ᠤᠨ ᠠᠬᠢᠴᠠ᠎ᠶ᠋ᠢ ᠲᠦᠷᠭᠡᠳᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃