ᠭᠣᠣᠯ ᠰᠡᠳᠦᠪᠲᠦ ᠮᠡᠳᠡᠭᠡᠯᠡᠯ > ᠠᠮᠤᠭᠤᠯᠠᠩᠲᠤ ᠤᠮᠠᠷᠠᠲᠤ ᠬᠢᠯᠢ

2025-03-19 16:34:31

ᠵᠣᠬᠢᠶᠠᠭ᠍ᠴᠢ᠄ ᠸᠠᠩ ᠬᠤᠤ ᠣᠩᠱᠢᠭ᠍ᠰᠠᠨ ᠣᠳᠠᠭ᠎ᠠ᠄ 3

3 ᠰᠠᠷ᠎ᠠ᠎ᠶ᠋ᠢᠨ ᠶᠡᠬᠡ ᠬᠢᠩᠭᠠᠨ ᠳᠠᠪᠠᠭ᠎ᠠ ᠳ᠋ᠤ ᠠᠭᠤᠷ ᠠᠮᠢᠰᠭᠤᠯ ᠬᠠᠷᠠᠬᠠᠨ ᠬᠦᠢᠳᠡᠨ ᠪᠠᠢᠯ᠎ᠠ᠃ ᠬᠥᠯᠥᠨ ᠪᠣᠢᠷ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠡᠩᠬᠡᠬᠠᠳᠠ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠠᠷᠠᠳ᠎ᠤᠨ ᠴᠠᠭ᠍ᠳᠠᠭ᠎ᠠ ᠳᠤᠮᠳᠠᠳᠤ ᠣᠷᠣᠰ᠎ᠤᠨ ᠬᠢᠯᠢ᠎ᠶ᠋ᠢᠨ ᠱᠤᠭᠤᠮ ᠳᠠᠭᠠᠤ ᠬᠢᠯᠢ᠎ᠶ᠋ᠢᠨ ᠲᠥᠬᠥᠭᠡᠷᠦᠮᠵᠢ᠎ᠶ᠋ᠢ ᠨᠠᠷᠢᠨ ᠬᠢᠨᠠᠮᠠᠭᠠᠶ ᠪᠠᠢᠴᠠᠭᠠᠵᠤ᠂ ᠬᠠᠷᠢᠶᠠᠲᠤ ᠣᠷᠣᠨ᠎ᠤ ᠠᠮᠤᠷ ᠲᠦᠪᠱᠢᠨ᠎ᠦ ᠪᠠᠢᠳᠠᠯ᠎ᠢ ᠲᠣᠭᠣᠷᠢᠨ ᠪᠠᠢᠴᠠᠭᠠᠵᠤ ᠪᠠᠢᠪᠠ᠃

《ᠠᠯᠤᠰ᠎ᠢ ᠪᠠᠷᠠᠯᠠᠬᠤᠶ᠎ᠠ》᠂ 8000 ᠭᠠᠷᠤᠢ ᠭᠠᠵᠠᠷ᠎ᠤᠨ ᠬᠢᠯᠢ᠎ᠶ᠋ᠢᠨ ᠱᠤᠭᠤᠮ᠂ 36 ᠲᠦᠮᠡᠨ ᠲᠡᠭ᠌ᠰᠢ ᠳᠥᠷᠪᠡᠯᠵᠢᠨ ᠺᠢᠯᠤᠮᠸᠲᠷ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠣᠷᠣᠨ ᠲᠠᠢ ᠥᠪᠥᠷ ᠮᠣᠩᠭᠣᠯ᠎ᠳᠤ 《ᠨᠡᠭᠦᠳᠡᠯ ᠬᠠᠷᠠᠭᠤᠯ᠎ᠤᠨ ᠴᠡᠷᠢᠭ》 ᠨᠢᠭᠡᠪᠦᠷᠢ᠂ 《ᠠᠮᠢ ᠨᠠᠰᠤ ᠲᠠᠢ ᠬᠢᠯᠢ᠎ᠶ᠋ᠢᠨ ᠬᠥᠱᠢᠢ᠎ᠡ》 ᠨᠤᠭᠦᠳ ᠬᠢᠯᠢ ᠬᠢᠵᠠᠭᠠᠷ᠎ᠤᠨ ᠠᠮᠤᠷ ᠲᠣᠭ᠍ᠲᠠᠭᠤᠨ ᠪᠠ ᠨᠡᠢᠭᠡᠮ᠎ᠦᠨ ᠲᠣᠭ᠍ᠲᠠᠭᠤᠨ᠎ᠢ ᠬᠠᠮᠲᠤ᠎ᠪᠠᠷ ᠰᠠᠬᠢᠨ ᠬᠠᠮᠠᠭᠠᠯᠠᠵᠤ ᠪᠠᠢᠨ᠎ᠠ᠃

ᠴᠡᠭ ᠡᠴᠡ ᠨᠡᠢᠳᠡᠮ᠎ᠢ ᠠᠵᠢᠭᠯᠠᠬᠤ ᠳ᠋ᠤ ᠠᠮᠤᠭᠤᠯᠠᠩᠲᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ ᠵᠢᠨ ᠭᠦᠨ ᠭᠦᠨᠵᠡᠭᠡᠢ ᠤᠳᠭ᠎ᠠ ᠰᠠᠨᠠᠭ᠎ᠠ᠎ᠶ᠋ᠢ ᠨᠠᠩ ᠢᠯᠡᠭᠦᠦ ᠮᠡᠳᠡᠷᠡᠨ᠎ᠡ᠃ ᠪᠠᠭ᠎ᠠ ᠠᠮᠤᠷ ᠲᠤᠭᠲᠠᠭᠤᠨ᠎ᠢ ᠬᠤᠷᠠᠮᠳᠤᠭᠤᠯᠵᠤ ᠶᠡᠬᠡ ᠠᠮᠤᠷ ᠲᠤᠭᠲᠠᠭᠤᠨ ᠪᠤᠯᠭᠠᠨ᠎ᠠ᠂ ᠰᠠᠭᠤᠷᠢ ᠨᠢ ᠪᠠᠲᠤ ᠪᠤᠯᠪᠠᠯ ᠦᠨᠳᠦᠰᠦᠨ ᠱᠠᠲᠤ ᠰᠠᠶᠢ ᠠᠮᠤᠷ ᠲᠤᠭᠲᠠᠭᠤᠨ ᠪᠠᠢᠵᠤ ᠴᠢᠳᠠᠨ᠎ᠠ᠂ ᠤᠯᠠᠨ ᠪᠠᠭ᠎ᠠ ᠠᠮᠤᠷ ᠲᠤᠭᠲᠠᠭᠤᠨ ᠰᠠᠶᠢ ᠶᠡᠬᠡ ᠠᠮᠤᠷ ᠲᠤᠭᠲᠠᠭᠤᠨ᠎ᠢ ᠪᠦᠷᠢᠯᠳᠦᠭᠦᠯᠵᠦ ᠴᠢᠳᠠᠨ᠎ᠠ᠃

ᠡᠬᠡ ᠤᠯᠤᠰ᠎ᠤᠨ 《ᠤᠮᠠᠷᠠᠲᠤ ᠶᠡᠬᠡ ᠬᠠᠭᠠᠯᠭ᠎ᠠ》᠂ ᠨᠡᠢᠰᠯᠡᠯ᠎ᠦᠨ《ᠬᠠᠮᠠᠭᠠᠯᠠᠯᠲᠠ᠎ᠵᠢᠨ ᠭᠤᠤᠯ》 ᠪᠣᠯᠤᠭ᠍ᠰᠠᠨ᠎ᠤ ᠬᠤᠪᠢ᠎ᠳᠤ ᠥᠩᠭᠡᠷᠡᠭ᠌ᠰᠡᠨ ᠨᠢᠭᠡ ᠵᠢᠯ᠎ᠳᠦ ᠮᠠᠨ᠎ᠤ ᠣᠷᠣᠨ ᠢᠳᠡᠪᠬᠢᠲᠡᠶ᠎ᠪᠡᠷ ᠰᠡᠳᠭᠢᠮᠵᠢ᠎ᠪᠡᠨ ᠱᠢᠨᠡᠴᠢᠯᠡᠵᠦ᠍᠂ ᠱᠢᠨᠵᠢᠯᠡᠬᠦ᠌ ᠤᠬᠠᠭᠠᠨᠴᠢ᠎ᠪᠠᠷ ᠠᠷᠭ᠎ᠠ ᠬᠡᠮᠵᠢᠶ᠎ᠡ ᠲᠥᠯᠥᠪᠵᠢᠭᠦᠯᠵᠦ᠍᠂ ᠠᠮᠤᠭᠤᠯᠠᠩᠲᠦ ᠥᠪᠥᠷ ᠮᠣᠩᠭᠣᠯ᠂ ᠬᠠᠤᠯᠢ ᠪᠡᠷ ᠵᠠᠰᠠᠬᠤ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠨᠠᠩ ᠪᠠᠲᠤ ᠪᠠᠬᠢ ᠪᠣᠯᠭᠠᠨ ᠴᠣᠭ᠍ᠴᠠᠯᠠᠪᠠ᠃

— ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ᠎ᠳᠤ ᠨᠠᠩ ᠰᠠᠨᠠᠭᠠᠴᠢᠯᠠᠭ᠎ᠠ᠎ᠲᠠᠶ ᠪᠣᠯᠪᠠ᠃ ᠮᠠᠨ᠎ᠤ ᠣᠷᠣᠨ ᠤᠯᠤᠰ᠎ᠤᠨ ᠤᠯᠤᠰ ᠲᠥᠷᠥ᠎ᠶ᠋ᠢᠨ ᠠᠮᠤᠷ ᠲᠦᠪᠱᠢᠨ᠎ᠢ ᠬᠠᠮᠠᠭᠠᠯᠠᠬᠤ᠎ᠶ᠋ᠢ ᠲᠡᠷᠢᠭᠦᠨ ᠪᠠᠢᠷᠢᠨ᠎ᠳᠤ ᠲᠠᠯᠪᠢᠬᠤ᠎ᠶ᠋ᠢ ᠪᠠᠷᠢᠮᠲᠠᠯᠠᠵᠤ᠂ ᠤᠯᠤᠰ᠎ᠤᠨ ᠶᠡᠷᠦᠩᠬᠡᠶ ᠠᠮᠤᠷ ᠲᠦᠪᠱᠢᠨ᠎ᠦ ᠦᠵᠡᠯᠲᠡ᠎ᠶ᠋ᠢ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠶ᠋ᠢᠨ ᠣᠨᠣᠯ ᠰᠤᠷᠤᠯᠴᠠᠬᠤ ᠭᠤᠤᠯ ᠳᠤᠭᠤᠢᠯᠠᠩ ᠪᠣᠯᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶ᠋ᠢᠨ ᠭᠤᠤᠯ ᠴᠣᠭ᠍ᠴᠠ᠎ᠶ᠋ᠢᠨ ᠠᠩᠭᠢ᠎ᠶ᠋ᠢᠨ ᠭᠤᠤᠯᠳᠠᠯᠭ᠎ᠠ᠎ᠲᠠᠶ ᠰᠤᠷᠤᠯᠴᠠᠬᠤ ᠠᠭᠤᠯᠭ᠎ᠠ᠎ᠳᠤ ᠣᠷᠣᠭᠤᠯᠪᠠ᠃ ᠤᠯᠤᠰ᠎ᠤᠨ ᠶᠡᠷᠦᠩᠬᠡᠶ ᠠᠮᠤᠷ ᠲᠦᠪᠱᠢᠨ᠎ᠦ ᠲᠣᠭᠣᠷᠢᠨ ᠦᠵᠡᠬᠦ᠌ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠠᠢᠮᠠᠭ ᠬᠣᠲᠠ᠎ᠶ᠋ᠢ ᠪᠦᠬᠦᠨ᠎ᠢ ᠪᠥᠷᠬᠥᠭᠦᠯᠬᠦ᠌᠎ᠶ᠋ᠢ ᠪᠡᠶᠡᠯᠡᠭᠦᠯᠪᠡ᠃ ᠤᠯᠤᠰ᠎ᠤᠨ ᠠᠮᠤᠷ ᠲᠦᠪᠱᠢᠨ᠎ᠦ ᠤᠬᠠᠭᠤᠯᠭ᠎ᠠ ᠬᠥᠮᠦᠵᠢᠯ᠎ᠢ《ᠳᠣᠯᠣᠭᠠᠨ᠎ᠭᠠᠵᠠᠷ ᠲᠤ᠌ ᠤᠷᠤᠭᠤᠯᠬᠤ》ᠠᠵᠢᠯ᠎ᠢ ᠭᠦᠨᠵᠡᠭᠡᠶ ᠠᠬᠢᠭᠤᠯᠵᠤ᠂ 9000 ᠭᠠᠷᠤᠶ ᠤᠳᠠᠭ᠎ᠠ ᠠᠵᠢᠯᠯᠠᠭ᠎ᠠ ᠥᠷᠨᠢᠭᠦᠯᠵᠦ᠍᠂ 150 ᠭᠠᠷᠤᠶ ᠲᠦᠮᠡᠨ ᠬᠥᠮᠦᠨ᠎ᠢ ᠬᠠᠮᠤᠷᠤᠭ᠍ᠰᠠᠨ ᠪᠠᠢᠨ᠎ᠠ᠃

— ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ ᠲᠠᠰᠤᠷᠠᠯᠲᠠ ᠦᠭᠡᠢ ᠪᠡᠬᠢᠵᠢᠪᠡ᠃ ᠮᠠᠨ᠎ᠤ ᠣᠷᠣᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠣᠨᠣᠯ᠎ᠤᠨ ᠰᠤᠳᠤᠯᠭᠠᠨ᠎ᠢ ᠭᠦᠨᠵᠡᠭᠡᠢᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠤᠳᠤᠯᠭᠠᠨ᠎ᠤ ᠰᠠᠭᠤᠷᠢᠨ᠎ᠤ ᠬᠣᠯᠪᠣᠭ᠎ᠠ᠎ᠶ᠋ᠢ ᠪᠠᠢᠭᠤᠯᠵᠤ᠂ ᠭᠤᠷᠪᠠᠳᠤᠭᠠᠷ ᠳᠡᠰ᠎ᠤᠨ ᠰᠤᠷᠭᠠᠨ ᠬᠥᠮᠦᠵᠢᠯ᠎ᠦᠨ ᠦᠶ᠋ᠯᠡᠳᠦᠯᠭᠡ᠎ᠶ᠋ᠢᠨ ᠰᠠᠭᠤᠷᠢᠨ᠎ᠢ 429 ᠨᠡᠷᠡᠢᠳᠪᠡ᠃ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠡᠭᠦᠳᠦᠨ ᠪᠠᠢᠭᠤᠯᠬᠤ ᠠᠵᠢᠯ᠎ᠢ ᠭᠦᠨᠵᠡᠭᠡᠶ ᠠᠬᠢᠭᠤᠯᠵᠤ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ 《ᠭᠤᠷᠪᠠᠨ ᠵᠦᠶ᠋ᠯ᠎ᠦᠨ ᠲᠥᠯᠥᠪᠯᠡᠭᠡ》ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠷᠢᠯᠴᠠᠨ ᠰᠢᠬᠢᠳᠭᠡᠭᠰᠡᠨ ᠮᠠᠶᠢᠭ᠎ᠤᠨ ᠬᠥᠭ᠌ᠵᠢᠯᠲᠡ᠎ᠶ᠋ᠢᠨ 165 ᠲᠤᠷᠱᠢᠯᠲᠠ᠎ᠶ᠋ᠢᠨ ᠴᠡᠭ᠎ᠢ ᠪᠣᠶ ᠪᠣᠯᠭᠠᠪᠠ᠃

— ᠨᠡᠢᠭᠡᠮ᠎ᠦᠨ ᠶᠡᠬᠡ ᠲᠠᠯ᠎ᠠ ᠦᠷᠭᠦᠯᠵᠢᠯᠡᠨ ᠲᠣᠭᠲᠠᠭᠤᠨ ᠪᠤᠯᠪᠠ᠃ ᠮᠠᠨ᠎ᠤ ᠣᠷᠣᠨ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠵᠠᠰᠠᠯᠲᠠ᠎ᠶᠢᠨ ᠦᠷ᠎ᠡ ᠪᠦᠲᠦᠮᠵᠢ᠎ᠶᠢ ᠬᠦᠴᠦᠯᠡᠨ ᠳᠡᠭᠡᠭᠰᠢᠯᠡᠭᠦᠯᠵᠦ᠂ ᠨᠡᠢᠭᠡᠮ᠎ᠦᠨ ᠠᠮᠤᠷ ᠲᠦᠪᠰᠢᠨ᠎ᠢ ᠶᠡᠷᠦᠩᠬᠡᠢᠯᠡᠨ ᠵᠠᠰᠠᠬᠤ᠎ᠶᠢ ᠴᠢᠩᠭᠠᠳᠬᠠᠵᠤ᠂ ᠠᠮᠢᠨ ᠬᠡᠷᠡᠭ᠎ᠢ ᠢᠯᠡᠷᠡᠭᠦᠯᠦᠭᠰᠡᠨ ᠨᠣᠷᠮ᠎ᠠ᠂ ᠳᠠᠷᠤᠭᠳᠠᠮᠠᠯ ᠬᠡᠷᠡᠭ᠎ᠦᠨ ᠬᠦᠮᠦᠷᠭᠡᠯᠡᠯᠳᠡ᠎ᠶᠢ ᠪᠠᠭᠤᠷᠠᠭᠤᠯᠤᠭᠰᠠᠨ ᠨᠣᠷᠮ᠎ᠠ᠎ᠶᠢ ᠪᠥᠬᠥ ᠤᠯᠤᠰ᠎ᠤᠨ ᠡᠮᠦᠨ᠎ᠡ ᠡᠩᠨᠡᠭᠡᠨ᠎ᠳᠦ ᠪᠠᠢᠯᠭᠠᠬᠤ᠎ᠶᠢ ᠪᠠᠲᠤᠯᠠᠵᠤ᠂ ᠴᠠᠬᠢᠯᠭᠠᠨ ᠬᠤᠯᠪᠤᠭᠠᠨ᠎ᠤ ᠰᠦᠯᠵᠢᠶᠡᠨ ᠮᠡᠬᠡᠯᠡᠯ᠎ᠢ ᠬᠡᠷᠡᠭ ᠪᠣᠯᠭᠠᠨ ᠳᠡᠩᠰᠡᠯᠡᠬᠤ ᠪᠠ ᠬᠣᠬᠢᠷᠠᠯ᠎ᠢ 《ᠬᠣᠶᠠᠷ᠎ᠢ ᠪᠠᠭᠤᠷᠠᠭᠤᠯᠬᠤ》 ᠶ᠋ᠢ ᠪᠡᠶᠡᠯᠡᠭᠦᠯᠪᠡ᠃ ᠨᠡᠢᠭᠡᠮ᠎ᠦᠨ ᠵᠥᠷᠢᠴᠡᠯ ᠵᠠᠭᠤᠷᠠᠯᠳᠤᠭᠠᠨ᠎ᠢ ᠰᠡᠷᠭᠡᠢᠯᠡᠨ ᠠᠷᠢᠯᠭᠠᠬᠤ ᠴᠢᠳᠠᠪᠤᠷᠢ᠎ᠶᠢ ᠳᠡᠭᠡᠭᠰᠢᠯᠡᠭᠦᠯᠵᠦ᠂ ᠡᠯ᠎ᠡ ᠱᠠᠲᠤᠨ᠎ᠤ ᠠᠷᠠᠳ᠎ᠤᠨ ᠡᠶᠡᠳᠡᠭᠦᠯᠭᠡ᠎ᠶᠢᠨ ᠵᠣᠬᠢᠶᠠᠨ ᠪᠠᠢᠭᠤᠯᠤᠯᠲᠠ 18 ᠲᠦᠮᠡᠨ ᠬᠤᠪᠢ ᠵᠥᠷᠢᠴᠡᠯ ᠵᠠᠭᠤᠷᠠᠯᠳᠤᠭᠠᠨ᠎ᠢ ᠡᠶᠡᠳᠡᠭᠦᠯᠵᠦ᠂ ᠠᠮᠵᠢᠯᠲᠠ ᠣᠯᠣᠭᠰᠠᠨ ᠨᠤᠷᠮ᠎ᠠ 99%᠎ᠳᠤ ᠬᠦᠷᠪᠡ᠃ ᠵᠠᠬᠢᠳᠠᠯ ᠰᠣᠷᠪᠤᠯᠵᠢᠯᠠᠯ᠎ᠤᠨ ᠠᠵᠢᠯ᠎ᠤᠨ ᠬᠠᠤᠯᠢᠵᠢᠭᠤᠯᠤᠯᠲᠠ᠎ᠶᠢ ᠠᠬᠢᠭᠤᠯᠵᠤ᠂ ᠲᠠᠪᠤᠨ ᠱᠠᠲᠤᠨ᠎ᠤ ᠬᠣᠣᠰ ᠴᠢᠭᠯᠡᠯ᠎ᠢᠶᠡᠷ ᠨᠡᠪᠲᠡᠷᠡᠭᠰᠡᠨ ᠵᠠᠬᠢᠳᠠᠯ ᠰᠣᠷᠪᠤᠯᠵᠢᠯᠠᠯ᠎ᠤᠨ ᠣᠷᠣᠯᠠᠨ ᠭᠦᠢᠴᠡᠳᠬᠡᠬᠦ ᠰᠢᠰᠲᠧᠮ᠎ᠢ ᠪᠠᠢᠭᠤᠯᠤᠨ ᠪᠦᠷᠢᠯᠳᠦᠭᠦᠯᠵᠦ᠂ ᠵᠠᠬᠢᠳᠠᠯ ᠰᠣᠷᠪᠤᠯᠵᠢᠯᠠᠯ᠎ᠤᠨ ᠣᠷᠣᠯᠠᠨ ᠭᠦᠢᠴᠡᠳᠬᠡᠬᠦ ᠡᠯ᠎ᠡ ᠲᠦᠷᠦᠯ ᠵᠦᠢᠯᠡᠰ᠎ᠢ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ 90% ᠡᠴᠡ ᠳᠡᠭᠡᠭᠰᠢ ᠳ᠋ᠦ ᠬᠦᠷᠪᠡ᠃ ᠤᠯᠠᠨ ᠨᠡᠶ᠋ᠢᠲᠡ᠎ᠶᠢᠨ ᠠᠮᠤᠷ ᠲᠦᠪᠰᠢᠨ᠎ᠦ ᠵᠠᠰᠠᠯᠲᠠ᠎ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ᠎ᠢ ᠦᠨᠳᠦᠰᠦ᠎ᠡᠴᠡ ᠨᠢ ᠵᠠᠰᠠᠵᠤ ᠪᠤᠭᠤᠮᠳᠠ ᠰᠢᠪᠲᠤᠯᠬᠤ ᠭᠤᠷᠪᠠᠨ ᠵᠢᠯ᠎ᠦᠨ ᠠᠵᠢᠯᠯᠠᠭ᠎ᠠ᠎ᠶᠢ ᠭᠦᠨᠵᠡᠭᠡᠢ ᠠᠬᠢᠯᠭᠤᠯᠪᠠ᠃

— ᠬᠢᠯᠢ ᠵᠢ ᠬᠠᠮᠢᠶᠠᠷᠴᠦ ᠬᠢᠯᠢ ᠵᠢ ᠡᠵᠡᠮᠳᠡᠬᠦ ᠦᠢᠯᠡᠳᠦᠯ ᠴᠢᠳᠠᠪᠤᠷᠢ ᠲᠣᠭᠲᠠᠭᠤᠨ᠎ᠢᠶᠠᠷ ᠳᠡᠭᠡᠭᠰᠢᠯᠡᠪᠡ᠃ ᠮᠠᠨ᠎ᠤ ᠣᠷᠣᠨ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ᠎ᠪᠡᠨ ᠬᠠᠮᠲᠤᠳᠬᠠᠨ ᠬᠢᠯᠢ ᠬᠢᠵᠠᠭᠠᠷ᠎ᠢᠶᠡᠨ ᠬᠦᠴᠦᠷᠬᠡᠭᠵᠢᠭᠦᠯᠦᠨ ᠰᠡᠷᠭᠡᠢᠯᠡᠯᠲᠡ᠎ᠶᠢ ᠪᠡᠬᠢᠵᠢᠭᠦᠯᠬᠦ᠎ᠶᠢ ᠪᠠᠷᠢᠮᠲᠠᠯᠠᠵᠤ᠂ ᠬᠢᠯᠢ᠎ᠶᠢᠨ ᠬᠠᠮᠠᠭᠠᠯᠠᠯᠲᠠ᠎ᠶᠢᠨ ᠰᠠᠭᠤᠷᠢ ᠲᠦᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠵᠤ᠂ 《ᠤᠰᠤ ᠴᠠᠬᠢᠯᠭᠠᠨ ᠵᠠᠮ ᠴᠢᠮᠡᠭᠡ ᠬᠤᠯᠪᠤᠭ᠎ᠠ》 ᠵᠢᠨ ᠰᠠᠭᠤᠷᠢ ᠲᠦᠬᠦᠭᠡᠷᠤᠮᠵᠢ᠎ᠶᠢ ᠨᠢᠭᠡ ᠴᠣᠭᠴᠠᠵᠢᠭᠤᠯᠬᠤ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ 60 ᠭᠠᠷᠤᠢ ᠬᠢᠯᠢ᠎ᠶᠢᠨ ᠬᠠᠮᠠᠭᠠᠯᠠᠯᠲᠠ᠎ᠶᠢᠨ ᠬᠠᠷᠠᠭᠤᠯ᠎ᠤᠨ ᠭᠠᠵᠠᠷ ᠪᠠ 3 ᠲᠦᠮᠡ ᠢᠯᠡᠬᠦᠦ ᠬᠢᠯᠢ ᠵᠢᠨ ᠠᠷᠠᠳ ᠲᠦ᠍ ᠤᠰᠤᠨ ᠴᠠᠬᠢᠯᠭᠠᠨ᠎ᠤ ᠬᠦᠴᠢᠷ ᠠᠰᠠᠭᠤᠳᠠᠯ᠎ᠢ ᠰᠢᠢᠳᠪᠦᠷᠢᠯᠡᠵᠦ ᠥᠭᠪᠡ᠃ 《ᠠᠷᠠᠳ᠎ᠤᠨ ᠰᠡᠷᠭᠡᠢᠯᠡᠯᠲᠡ + ᠮᠡᠷᠭᠡᠵᠢᠯ᠎ᠦᠨ ᠰᠡᠷᠭᠡᠢᠯᠡᠯᠲᠡ》 ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 《ᠲᠠᠯ᠎ᠠ ᠨᠤᠲᠤᠭ᠎ᠤᠨ 110》 ᠂ 《ᠬᠤᠪᠢᠰᠬᠠᠯᠳᠦ ᠪᠡᠬᠢᠯᠡᠯᠲᠡ ᠡᠷᠦᠬᠡ》᠂ 《ᠮᠣᠩᠭᠣᠯ ᠭᠡᠷ ᠬᠠᠷᠠᠭᠤᠯ᠎ᠤᠨ ᠭᠠᠵᠠᠷ》 ᠵᠡᠷᠭᠡ ᠪᠦᠲᠦᠮᠵᠢᠲᠡᠶ ᠠᠷᠭ᠎ᠠ ᠬᠢᠳᠡᠯ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠬᠢᠯᠢ ᠵᠢᠨ ᠴᠠᠭᠳᠠᠭᠠᠨ᠎ᠤ ᠶᠠᠪᠤᠳᠠᠯ᠎ᠤᠨ ᠲᠠᠰᠤᠭ᠂ ᠬᠢᠯᠢ᠎ᠶᠢᠨ ᠪᠠᠢᠴᠠᠭᠠᠬᠤ ᠥᠷᠲᠡᠭᠡ᠎ᠶᠢ ᠵᠦᠢ ᠵᠣᠬᠢᠰᠲᠠᠢ ᠲᠣᠬᠢᠷᠠᠭᠤᠯᠤᠨ ᠪᠠᠢᠷᠢᠯᠠᠭᠤᠯᠵᠤ᠂ ᠬᠢᠯᠢ ᠬᠠᠮᠠᠭᠠᠯᠠᠭ᠍ᠴᠢ᠎ᠶᠢ ᠵᠣᠬᠢᠶᠠᠨ ᠪᠠᠢᠭᠤᠯᠤᠨ ᠬᠠᠷᠢᠶ᠎ᠠ ᠣᠷᠣᠨ᠎ᠤ ᠲᠣᠭᠣᠷᠢᠨ ᠪᠠᠢᠴᠠᠭᠠᠬᠤ ᠪᠠ ᠬᠠᠮᠵᠢᠯᠴᠠᠨ ᠵᠢᠵᠢᠭᠦᠷᠯᠡᠬᠦ᠎ᠳᠦ ᠣᠷᠣᠯᠴᠠᠭᠤᠯᠵᠤ᠂ ᠲᠣᠭᠠᠴᠢᠯᠠᠭᠰᠠᠨ᠂ ᠣᠶᠤᠨᠴᠢᠯᠠᠭᠰᠠᠨ᠂ ᠪᠣᠰᠣᠭ᠎ᠠ ᠴᠣᠭᠴᠠᠲᠤ ᠬᠢᠯᠢ᠎ᠶᠢᠨ ᠬᠠᠮᠠᠭᠠᠯᠠᠯᠲᠠ᠎ᠶᠢᠨ ᠬᠠᠮᠢᠶᠠᠷᠤᠨ ᠡᠵᠡᠮᠳᠡᠬᠦ ᠲᠤᠷᠰᠢᠯᠲᠠ᠎ᠶᠢᠨ ᠴᠡᠭ᠎ᠤᠨ ᠪᠦᠲᠦᠭᠡᠨ ᠪᠠᠢᠭᠤᠯᠤᠯᠲᠠ᠎ᠶᠢ ᠥᠷᠨᠢᠭᠦᠯᠵᠦ᠂ 1 ᠬᠢᠯᠢ᠎ᠶᠢᠨ ᠬᠣᠰᠢᠭᠤ᠂ 2 ᠬᠢᠯᠢ᠎ᠶᠢᠨ ᠪᠠᠯᠭᠠᠰᠤ ᠪᠥᠬᠥ ᠤᠯᠤᠰ᠎ᠤᠨ ᠠᠩᠬᠠᠳᠠᠭ᠍ᠴᠢ ᠪᠦᠯᠦᠭ ᠠᠮᠤᠭᠤᠯᠠᠨᠭᠲᠦ ᠬᠢᠯᠢ᠎ᠶᠢᠨ ᠵᠢᠱ᠌ᠢᠶᠡᠴᠢ ᠰᠢᠶᠠᠨ ᠬᠤᠲᠠ ᠪᠠ ᠵᠢᠱ᠌ᠢᠶᠡᠴᠢ ᠰᠢᠶᠠᠩ ᠪᠠᠯᠭᠠᠰᠤ᠎ᠪᠠᠷ ᠦᠨᠡᠯᠡᠭᠳᠡᠪᠡ᠃

— ᠠᠷᠠᠳ᠎ᠤᠨ ᠠᠮᠢᠳᠤᠷᠠᠯ᠎ᠤᠨ ᠭᠣᠣᠯᠳᠠᠯᠭ᠎ᠠ᠎ᠲᠠᠶ ᠲᠥᠷᠥᠯ ᠵᠦᠢᠯ᠎ᠢ ᠡᠮᠬᠢ ᠵᠢᠷᠤᠮ᠎ᠲᠠᠶ ᠠᠬᠢᠭᠤᠯᠪᠠ᠃ ᠮᠠᠨ᠎ᠤ ᠣᠷᠣᠨ ᠦᠨᠳᠦᠰᠦᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ 《ᠬᠣᠷᠢᠭ᠎ᠠ ᠱᠤᠭᠤᠮ᠎ᠢ ᠪᠠᠲᠤᠯᠠᠬᠤ》 ᠵᠠᠩᠭᠢᠯᠠᠭ᠎ᠠ᠎ᠶ᠋ᠢᠨ ᠭᠣᠭ᠍ᠴᠣᠭ᠎ᠠ ᠪᠣᠯᠭᠠᠵᠤ᠂ ᠬᠣᠲᠠ ᠪᠠᠯᠭᠠᠰᠤᠨ᠎ᠤ ᠰᠠᠭᠤᠷᠢ ᠲᠦᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠨ᠂ 《ᠳᠤᠯᠠᠭᠠᠯᠠᠭ᠎ᠠ᠎ᠶᠢᠨ ᠢᠨᠵᠧᠨᠧᠷᠢᠩ》 ᠤ᠋ᠨ 528 ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠬᠠᠭᠤᠴᠢᠨ ᠰᠠᠭᠤᠭᠠᠯᠢ ᠲᠣᠭᠣᠷᠢᠭ᠎ᠢ ᠥᠭᠡᠷᠡᠴᠢᠯᠡᠨ ᠱᠢᠨᠡᠳᠭᠡᠬᠦ ᠪᠡᠷ ᠲᠠᠮᠵᠢᠨ 19.61 ᠲᠦᠮᠡᠨ ᠡᠷᠦᠬᠡ᠎ᠶᠢᠨ ᠰᠠᠭᠤᠭᠠᠯᠢ ᠠᠷᠠᠳ᠎ᠲᠤ ᠠᠱᠢᠭ ᠬᠦᠷᠲᠡᠭᠡᠵᠦ᠍᠂ ᠬᠣᠲᠠ᠎ᠶ᠋ᠢᠨ ᠳᠥᠷᠪᠡᠨ ᠲᠥᠷᠥᠯ᠎ᠦᠨ ᠬᠣᠭᠣᠯᠠᠶ ᠲᠤᠤᠷ᠎ᠢ ᠱᠢᠨᠡᠳᠭᠡᠨ ᠥᠭᠡᠷᠡᠴᠢᠯᠡᠬᠦ᠌ ᠣᠨ᠎ᠤ ᠬᠠᠷᠠᠯᠲᠠᠲᠤ ᠡᠭᠦᠷᠭᠡ᠎ᠪᠡᠨ ᠳᠠᠪᠠᠭᠤᠯᠤᠨ ᠪᠡᠶᠡᠯᠡᠭᠦᠯᠪᠡ᠃ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠵᠡᠷᠭᠡ ᠵᠠᠯᠠᠭᠤᠴᠤᠳ᠎ᠤᠨ ᠠᠵᠢᠯ ᠣᠯᠵᠤ ᠦᠢᠯᠡᠰ ᠪᠤᠰᠭᠠᠬᠤ ᠵᠢ ᠵᠤᠷᠢᠭᠵᠢᠭᠤᠯᠤᠨ ᠳᠡᠮᠵᠢᠵᠦ᠂ ᠵᠠᠭᠤᠨ ᠲᠦᠮᠡ ᠭᠠᠷᠤᠢ ᠠᠵᠢᠯ᠎ᠤᠨ ᠪᠠᠢᠷᠢ ᠬᠠᠩᠭᠠᠪᠠ᠃ ᠡᠮᠴᠢᠯᠡᠭᠡᠨ᠎ᠤ ᠦᠢᠯᠡᠴᠢᠯᠡᠭᠡ ᠵᠢᠨ ᠱᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠦᠨ ᠨᠡᠢᠳᠭᠡᠵᠦ᠍᠂ ᠱᠢᠯᠢᠳᠡᠭ ᠡᠮᠴᠢᠯᠡᠭᠡᠨ᠎ᠤ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠪᠠᠭᠤᠯᠭᠠᠬᠤ᠎ᠶ᠋ᠢ ᠠᠬᠢᠭᠤᠯᠵᠠᠢ᠃

ᠠᠮᠤᠷ ᠲᠤᠭᠳᠠᠭᠤᠨ ᠡᠰᠡᠬᠦ᠌᠎ᠶ᠋ᠢ ᠣᠯᠠᠨ ᠲᠦᠮᠡᠨ ᠲᠤᠳᠤᠷᠬᠠᠢ ᠮᠡᠳᠡᠨ᠎ᠠ᠃ 2024 ᠣᠨ᠎ᠳᠤ ᠮᠠᠨ᠎ᠤ ᠣᠷᠣᠨ᠎ᠤ ᠣᠯᠠᠨ ᠲᠦᠮᠡᠨ᠎ᠤ ᠠᠮᠤᠷ ᠲᠦᠪᠱᠢᠨ᠎ᠦ ᠲᠥᠷᠥᠭ᠌ᠳᠡᠯ 98.3% ᠎ᠳ᠋ᠤ ᠬᠥᠷᠪᠡ᠃ ᠠᠯᠢ ᠤᠯᠠᠨ ᠪᠣᠳᠠᠲᠠᠢ᠎ᠶ᠋ᠢ ᠡᠷᠬᠢᠮᠯᠡᠭ᠌ᠰᠡᠨ ᠥᠨᠳᠥᠷ ᠪᠦᠲᠦᠮᠵᠢᠲᠡᠢ ᠠᠵᠢᠯ᠎ᠤᠨ ᠠᠷᠭ᠎ᠠ ᠬᠡᠮᠵᠢᠶ᠎ᠡ ᠨᠢ ᠤᠯᠠᠨ ᠲᠦᠮᠡᠨ᠎ᠢ ᠨᠡᠩ ᠤᠯᠠᠨ ᠨᠡᠩ ᠱᠢᠭᠤᠳ ᠨᠡᠩ ᠪᠣᠳᠠᠲᠠᠢ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠲᠡᠶ ᠪᠣᠯᠭᠠᠭ᠍ᠰᠠᠨ ᠪᠥᠭᠡᠳ 《ᠠᠮᠤᠷ ᠲᠤᠭᠳᠠᠭᠤᠨ》 ᠤ᠋ ᠠᠭᠤᠯᠤᠭ᠍ᠳᠠᠬᠤᠨ ᠪᠣᠯᠤᠨ ᠠᠭᠤᠯᠬᠤᠨ᠎ᠢ ᠭᠦᠨᠵᠡᠭᠡᠢ ᠢᠯᠡᠷᠡᠭᠦᠯᠵᠡᠢ᠃ ᠡᠨᠡ ᠨᠢ ᠨᠡᠢᠭᠡᠮ᠎ᠦᠨ ᠠᠮᠤᠷ ᠲᠦᠪᠱᠢᠨ᠎ᠤ ᠡᠮᠬᠢ ᠵᠢᠷᠤᠮ ᠲᠣᠭ᠍ᠲᠠᠭᠤᠨ᠎ᠢᠶᠡᠷ ᠪᠠᠷᠠᠬᠤ ᠦᠭᠡᠢ ᠨᠡᠩ ᠴᠤ᠌ ᠠᠮᠢᠳᠤᠷᠠᠯ᠎ᠤᠨ ᠦᠨᠳᠦᠰᠦᠨ ᠬᠡᠷᠡᠭᠴᠡᠭᠡ᠂ ᠠᠮᠢ ᠠᠬᠤᠢ ᠣᠷᠴᠢᠨ ᠲᠣᠭᠣᠷᠢᠨ᠂ ᠡᠮᠴᠢᠯᠡᠭᠡ ᠨᠡᠢᠭᠡᠮ᠎ᠦᠨ ᠪᠠᠲᠤᠯᠠᠪᠤᠷᠢ᠂ ᠨᠡᠢᠭᠡᠮ᠎ᠦᠨ ᠲᠥᠪ ᠭᠣᠣᠯᠴᠢ ᠵᠡᠷᠭᠡ ᠤᠯᠠᠨ ᠲᠦᠮᠡᠨ᠎ᠦ ᠲᠤᠰ ᠪᠡᠶ᠎ᠡ᠎ᠶ᠋ᠢᠨ ᠠᠱᠢᠭ ᠲᠤᠰᠠ᠎ᠲᠠᠶ ᠨᠢᠭ᠍ᠲᠠ ᠬᠣᠯᠪᠣᠭ᠎ᠠ᠎ᠲᠠᠶ ᠤᠯᠠᠨ ᠬᠦᠷᠢᠶ᠎ᠡ᠂ ᠪᠦᠬᠦ᠌ ᠲᠠᠯ᠎ᠠ᠎ᠶ᠋ᠢᠨ ᠠᠮᠤᠷ ᠲᠦᠪᠱᠢᠨ ᠪᠣᠯᠤᠨ᠎ᠠ᠃

ᠠᠮᠤᠷ ᠲᠦᠪᠱᠢᠨ᠎ᠦ ᠬᠠᠯᠬᠠᠪᠴᠢ᠎ᠶᠢ ᠪᠠᠢᠭᠤᠯᠵᠤ᠂ ᠲᠦᠭ ᠲᠦᠮᠡᠨ ᠠᠢᠯ ᠡᠷᠦᠭᠡ ᠵᠢᠨ ᠠᠮᠤᠷ ᠠᠮᠤᠭᠤᠯᠠᠩ᠎ᠢ ᠪᠠᠳᠤᠯᠠᠨ᠎ᠠ᠃ 2025 ᠣᠨ᠎ᠳᠤ ᠮᠠᠨ᠎ᠤ ᠣᠷᠣᠨ ᠶᠠᠭ ᠨᠠᠩ ᠥᠨᠳᠥᠷ ᠲᠦᠪᠱᠢᠨ ᠪᠥᠬᠥᠶ ᠠᠮᠤᠭᠤᠯᠠᠩᠲᠤ ᠥᠪᠥᠷ ᠮᠣᠩᠭᠣᠯ᠂ ᠬᠠᠤᠯᠢ ᠪᠡᠷ ᠵᠠᠰᠠᠬᠤ ᠥᠪᠥᠷ ᠮᠣᠩᠭᠣᠯ᠎ᠢ ᠲᠦᠷᠭᠡᠨ ᠪᠥᠭᠡᠳ ᠲᠣᠭ᠍ᠲᠠᠭᠤᠨ᠎ᠢᠶᠠᠷ ᠪᠥᠲᠥᠭᠡᠨ ᠪᠠᠢᠭᠤᠯᠵᠤ᠂ ᠠᠷᠠᠳ ᠣᠯᠠᠨ᠎ᠳ᠋ᠦ ᠨᠠᠩ ᠠᠮᠤᠷ ᠲᠠᠢᠪᠤᠩ ᠦᠢᠯᠡᠰ ᠪᠤᠰᠬᠠᠬᠤ᠂ ᠠᠮᠤᠷ ᠳᠠᠢᠪᠤᠩ ᠠᠵᠤ ᠲᠦᠷᠦᠬᠦ᠂ ᠠᠮᠤᠷ ᠮᠡᠨᠳᠦ᠂ ᠰᠡᠳᠬᠢᠯ ᠠᠮᠤᠷ ᠰᠠᠢᠨ ᠰᠠᠢᠬᠠᠨ ᠨᠡᠢᠭᠡᠮ᠎ᠦᠨ ᠣᠷᠴᠢᠨ ᠨᠦᠬᠦᠴᠡᠯ᠎ᠢ ᠴᠢᠷᠮᠠᠢᠨ ᠡᠭᠦᠳᠴᠦ᠍ ᠦᠭᠭᠦᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面