ᠭᠣᠣᠯ ᠰᠡᠳᠦᠪᠲᠦ ᠮᠡᠳᠡᠭᠡᠯᠡᠯ > ᠠᠮᠤᠭᠤᠯᠠᠩᠲᠤ ᠤᠮᠠᠷᠠᠲᠤ ᠬᠢᠯᠢ

2025-03-27 09:56:34

ᠵᠣᠬᠢᠶᠠᠭ᠍ᠴᠢ᠄ ᠸᠠᠩ ᠬᠤᠤ ᠣᠩᠱᠢᠭ᠍ᠰᠠᠨ ᠣᠳᠠᠭ᠎ᠠ᠄ 3

ᠵᠦᠷᠢᠴᠡᠯ ᠵᠠᠭᠤᠷᠠᠯᠳᠤᠭᠠᠨ᠎ᠢ ᠠᠷᠢᠯᠭᠠᠬᠤ᠎ᠳᠤ 《ᠬᠠᠮᠤᠭ᠎ᠤᠨ ᠤᠯᠠᠨ᠎ᠳᠠᠭᠠᠨ ᠨᠢᠭᠡᠯᠡ ᠭᠠᠵᠠᠷ ᠲᠦ᠍ ᠰᠢᠢᠳᠪᠦᠷᠢᠯᠡᠬᠦ》 ᠵᠢ ᠪᠡᠶᠡᠯᠡᠬᠦᠯᠵᠦ ᠮᠠᠨ᠎ᠤ ᠤᠷᠤᠨ ᠶᠡᠷᠦᠩᠬᠡᠢᠯᠡᠨ ᠵᠠᠰᠠᠬᠤ ᠲᠥᠪ᠎ᠦᠨ ᠲᠦᠷᠢᠮᠵᠢᠭᠰᠡᠨ ᠪᠠᠢᠭᠤᠯᠤᠯᠲᠠ᠎ᠶ᠋ᠢ ᠲᠦᠷᠭᠡᠳᠭᠡᠨ ᠠᠬ

ᠲᠦᠷᠦᠭᠦᠬᠡᠨ ᠤᠯᠠᠭᠠᠨᠬᠠᠳᠠ ᠬᠣᠲᠠ᠎ᠶ᠋ᠢᠨ ᠬᠠᠷᠠᠴᠢᠨ ᠬᠣᠱᠢᠭᠤᠨ᠎ᠤ ᠶᠡᠷᠦᠩᠬᠡᠢᠯᠡᠨ ᠵᠠᠰᠠᠬᠤ ᠲᠥᠪ᠎ᠲᠦ ᠬᠦᠷᠬᠦ᠌᠎ᠳᠦ᠂ ᠠᠭᠤᠵᠢᠮ ᠰᠠᠷᠠᠭᠤᠯᠬᠠᠨ ᠭᠥᠯᠢᠶᠡᠨ ᠠᠪᠬᠤ ᠲᠢᠩᠬᠢᠮ᠎ᠳ᠋ᠤ ᠡᠯ᠎ᠠ ᠵᠤᠢᠯ᠎ᠤᠨ ᠠᠵᠢᠯ ᠡᠮᠬᠢ ᠵᠢᠷᠤᠮ᠎ᠲᠠᠶ ᠶᠠᠪᠤᠬᠳᠠᠵᠦ ᠪᠠᠢᠯ᠎ᠠ ᠃ ᠴᠢᠳᠠᠮᠵᠢ ᠶ᠋ᠢᠨ ᠣᠷᠣᠨ ᠪᠤᠯᠭᠠᠨ ᠨᠢ ᠠᠵᠢᠯ᠎ᠤᠨ ᠬᠤᠪᠢᠶᠠᠷᠢᠯᠠᠯ ᠲᠣᠳᠣᠷᠬᠠᠶ᠂ ᠬᠥᠲᠥᠴᠢ ᠲᠡᠮᠳᠡᠭ ᠢᠯᠡ ᠲᠣᠳᠣ ᠪᠠᠢᠵᠤ ᠂ ᠬᠥᠮᠦᠰ ᠦᠵᠡᠮᠡᠭᠴᠡ ᠲᠣᠪ ᠲᠣᠳᠣᠷᠬᠠᠶ ᠤᠢᠯᠠᠭᠠᠴᠢᠬᠠᠨ᠎ᠠ᠃

《ᠣᠲᠣ ᠶᠡᠷᠦᠩᠬᠡᠢᠯᠡᠨ ᠵᠠᠰᠠᠬᠤ ᠲᠥᠪ ᠮᠠᠰᠢ ᠣᠯᠠᠨ ᠦᠶ᠋ᠯᠡᠴᠢᠯᠡᠭᠡᠨ᠎ᠦ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠵᠦ᠍᠂ ᠬᠠᠤᠯᠢ ᠴᠠᠭᠠᠵᠠ᠎ᠶ᠋ᠢᠨ ᠠᠰᠠᠭᠤᠳᠠᠯ ᠪᠠᠢᠪᠠᠯ ᠴᠥᠮ ᠡᠨᠳᠡ᠎ᠡᠴᠡ ᠠᠰᠠᠭᠤᠨ ᠯᠠᠪᠯᠠᠵᠤ ᠪᠣᠯᠤᠨ᠎ᠠ》 ᠬᠡᠵᠦ ᠤᠯᠠᠭᠠᠨᠬᠠᠳᠠ ᠬᠣᠲᠠ᠎ᠶ᠋ᠢᠨ ᠬᠠᠷᠠᠴᠢᠨ ᠬᠣᠱᠢᠭᠤᠨ᠎ᠤ ᠾᠸ ᠪᠸᠢ ᠵᠡᠭᠡᠯᠢ ᠭᠤᠳᠤᠮᠵᠢ᠎ᠳᠤ ᠰᠠᠭᠤᠭ᠎ᠠ ᠵᠠᠩ ᠤᠪᠤᠬᠳᠤ ᠨᠠᠰᠤᠳᠠᠨ ᠶᠡᠷᠦᠩᠬᠡᠢᠯᠡᠨ ᠵᠠᠰᠠᠬᠤ ᠲᠥᠪ᠎ᠦᠨ ᠦᠶ᠋ᠯᠡᠴᠢᠯᠡᠭᠡ᠎ᠶ᠋ᠢ ᠮᠠᠭ᠍ᠲᠠᠨ ᠰᠠᠢᠱᠢᠶᠠᠵᠤ ᠪᠠᠢᠯ᠎ᠠ᠃

ᠬᠠᠷᠠᠴᠢᠨ ᠬᠣᠱᠢᠭᠤ ᠣᠷᠣᠨ ᠪᠦᠰᠡ᠎ᠶ᠋ᠢᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠤᠤᠯ᠎ᠤᠨ ᠶᠡᠷᠦᠩᠬᠡᠢᠯᠡᠨ ᠵᠠᠰᠠᠬᠤ ᠲᠥᠪ ᠲᠡᠭᠡᠨ ᠲᠦᠱᠢᠭ᠌ᠯᠡᠨ᠂ ᠪᠠᠯᠠ ᠮᠥᠩᠭᠥ ᠶ᠋ᠢᠨ ᠣᠷᠣᠭᠤᠯᠤᠯᠲᠠ᠎ᠪᠠᠨ ᠨᠡᠮᠡᠭ᠌ᠳᠡᠭᠦᠯᠵᠦ᠍᠂ ᠲᠡᠭᠦᠨ ᠎ᠢ ᠲᠠᠰ ᠳᠡᠪᠱᠢᠭᠦᠯᠦᠨ ᠥᠭᠡᠷᠡᠴᠢᠯᠡᠵᠦ᠍᠂ 《ᠣᠯᠠᠨ ᠲᠥᠪ ᠎ᠢ ᠨᠢᠭᠡᠳᠭᠡᠨ᠂ ᠨᠢᠭᠡ ᠲᠥᠪ ᠎ᠢ ᠣᠯᠠᠨ ᠲᠠᠯ᠎ᠠ ᠎ᠪᠠᠷ ᠬᠡᠷᠡᠭ᠌ᠯᠡᠬᠦ᠌ 》 ᠵᠠᠷᠴᠢᠮ ᠎ᠢ᠋ ᠪᠠᠷᠢᠮᠲᠠᠯᠠᠵᠤ᠂ 《ᠭᠤᠤᠯᠳᠠᠯᠭ᠎ᠠ᠎ᠲᠠᠶ ᠰᠠᠯᠠᠭ᠎ᠠ ᠮᠥᠴᠢᠷ ᠲᠥᠪᠯᠡᠷᠡᠨ ᠪᠠᠢᠩᠭᠤ ᠰᠠᠭᠤᠬᠤ᠂ ᠡᠩ᠎ᠦᠨ ᠰᠠᠯᠠᠭ᠎ᠠ ᠮᠥᠴᠢᠷ ᠡᠭᠡᠯᠵᠢᠯᠡᠨ ᠣᠷᠣᠵᠤ ᠰᠠᠭᠤᠬᠤ᠂ ᠬᠡᠷᠡᠭ᠎ᠲᠦ ᠬᠣᠯᠪᠣᠭ᠍ᠳᠠᠬᠤ ᠰᠠᠯᠠᠭ᠎ᠠ ᠮᠥᠴᠢᠷ ᠳᠠᠭᠤᠳᠠᠪᠠᠯ ᠤᠷᠤᠵᠦ ᠰᠠᠭᠤᠬᠤ》ᠠᠵᠢᠯ᠎ᠤᠨ ᠵᠠᠷᠴᠢᠮ ᠲᠤᠭᠳᠠᠭᠠᠵᠦ᠂ ᠱᠢᠭᠦᠬᠦ᠌ ᠬᠣᠷᠢᠶ᠎ᠠ᠂ ᠪᠠᠢᠴᠠᠭᠠᠬᠤ ᠬᠣᠷᠢᠶ᠎ᠠ᠂ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ ᠵᠡᠷᠭᠡ 14 ᠨᠢᠭᠡᠴᠢ ᠶ᠋ᠢ ᠡᠮᠬᠢᠯᠡᠨ ᠨᠡᠢᠯᠡᠭᠦᠯᠵᠦ ᠶᠡᠷᠦᠨᠭᠬᠡᠢᠯᠡᠨ ᠵᠠᠰᠠᠬᠤ ᠲᠥᠪ᠎ᠲᠦ ᠰᠠᠭᠤᠯᠭᠠᠨ ᠂ ᠨᠢᠭᠡ ᠴᠤᠭ᠍ᠴᠠᠵᠢᠭᠤᠯᠤᠨ ᠲᠥᠪᠯᠡᠷᠡᠭᠦᠯᠦᠨ ᠠᠯᠪᠠᠯᠠᠬᠤ ᠶ᠋ᠢ ᠪᠡᠶᠡᠯᠡᠭᠦᠯᠵᠠᠢ᠃ ᠪᠠᠰᠠ ᠣᠯᠠᠨ ᠲᠦᠮᠡᠨ ᠎ᠢ ᠭᠥᠯᠢᠶᠡᠨ ᠠᠪᠬᠤ ᠲᠠᠰᠤ᠂ ᠠᠷᠠᠳ ᠤ᠋ᠨ ᠡᠶᠡᠳᠡᠭᠦᠯᠬᠦ᠌ ᠲᠠᠰᠤᠭ᠂ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ ᠎ᠦ ᠠᠵᠢᠯᠯᠠᠬᠤ ᠲᠠᠰᠤᠭ᠂ ᠰᠡᠳᠭᠢᠴᠡ᠎ᠶ᠋ᠢᠨ ᠯᠠᠪᠯᠠᠭ᠎ᠠ ᠎ᠶ᠋ᠢᠨ ᠲᠠᠰᠤᠭ ᠵᠡᠷᠭᠡ ᠣᠯᠠᠨ ᠤᠨᠴᠠᠭᠠᠢ ᠴᠢᠳᠠᠮᠵᠢᠲᠤ ᠣᠷᠣᠨ ᠎ᠢ ᠪᠠᠢᠭᠤᠯᠵᠤ᠂ ᠠᠰᠠᠭᠤᠳᠠᠯ᠎ᠲᠠᠶ ᠪᠣᠯ 《ᠨᠢᠭᠡᠯᠡ ᠡᠭᠦᠳᠡ᠎ᠪᠡᠷ ᠣᠷᠣᠵᠤ᠂ ᠨᠢᠭᠡᠯᠡ ᠴᠣᠩᠬᠣᠪᠴᠢ ᠎ᠳᠦ ᠬᠦᠷᠴᠦ᠂ ᠨᠢᠭᠡᠯᠡ ᠤᠳᠠᠭ᠎ᠠ ᠬᠦᠶᠦᠬᠦ》 ᠵᠢ ᠪᠡᠶᠡᠯᠡᠬᠦᠯᠵᠦ᠂ ᠶᠡᠷᠦᠩᠬᠡᠢᠯᠡᠨ ᠵᠠᠰᠠᠬᠤ ᠲᠥᠪ ᠎ᠢ ᠣᠯᠠᠨ ᠲᠦᠮᠡᠨ ᠎ᠦ ᠳᠡᠷᠭᠡᠳᠡᠬᠢ 《ᠬᠠᠯᠠᠭᠤᠨ ᠳᠤᠯᠠᠭᠠᠨ ᠥᠷᠲᠡᠭᠡ》 ᠪᠣᠯᠭᠠᠭᠰᠠᠨ ᠪᠠᠢᠨ᠎ᠠ᠃

ᠠᠵᠢᠯ᠎ᠤᠨ ᠲᠣᠭ᠍ᠲᠠᠴᠠ ᠶ᠋ᠢ ᠪᠠᠢᠭᠤᠯᠤᠨ ᠪᠦᠷᠢᠨᠱᠢᠭᠦᠯᠪᠡᠯ ᠰᠠᠶᠢ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭᠤᠨ ᠪᠥᠭᠡᠳ ᠡᠮᠬᠢ ᠵᠢᠷᠤᠮ᠎ᠲᠠᠶ ᠠᠵᠢᠯᠯᠠᠬᠤ ᠶ᠋ᠢ ᠪᠠᠲᠤᠯᠠᠵᠤ ᠴᠢᠳᠠᠨ᠎ᠠ᠃ ᠤᠯᠠᠭᠠᠨᠴᠠᠪ ᠬᠣᠲᠠ ᠶ᠋ᠢᠨ ᠱᠠᠩᠳᠤ ᠱᠢᠶᠠᠨ ᠳ᠋ᠦ᠍᠂ ᠡᠯ᠎ᠡ ᠱᠠᠲᠤᠨ ᠎ᠤ ᠶᠡᠷᠦᠩᠬᠡᠢᠯᠡᠨ ᠵᠠᠰᠠᠬᠤ ᠲᠥᠪ ᠵᠥᠷᠢᠴᠡᠯ ᠵᠠᠭᠤᠷᠠᠯᠳᠤᠭᠠᠨ᠎ᠢ ᠡᠶᠡᠳᠡᠭᠦᠯᠦᠨ ᠱᠢᠶ᠋ᠳᠪᠦᠷᠢᠯᠡᠬᠦ᠌ ᠲᠣᠭ᠍ᠲᠠᠴᠠ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ 《ᠡᠶᠡᠳᠡᠭᠦᠯᠪᠡᠯ ᠪᠤᠯᠬᠤ ᠶ᠋ᠢ᠎ᠨᠢ ᠪᠦᠬᠦᠨ᠎ᠢ ᠡᠶᠡᠳᠡᠭᠦᠯᠵᠦ᠍᠂ ᠲᠤᠬᠢᠷᠠᠭᠤᠯᠵᠦ ᠪᠣᠯᠬᠤ ᠎ᠶ᠋ᠢ ᠎ᠨᠢ ᠪᠦᠬᠦᠨ᠎ᠢ ᠲᠣᠬᠢᠷᠠᠭᠤᠯᠬᠤ》ᠤᠢᠯᠠᠭᠠᠬᠳᠠᠬᠤᠨ᠎ᠢ ᠪᠠᠷᠢᠮᠲᠠᠯᠠᠨ᠂ ᠱᠢᠶᠠᠨ᠂ ᠱᠢᠶᠠᠩ᠂ ᠲᠣᠰᠭᠣᠨ(ᠨᠡᠢᠭᠡᠮ ᠲᠣᠭᠣᠷᠢᠭ) ᠭᠤᠷᠪᠠᠨ ᠱᠠᠲᠤᠨ ᠎ᠤ ᠵᠥᠷᠢᠴᠡᠯ ᠵᠠᠭᠤᠷᠠᠯᠳᠤᠭᠠᠨ ᠎ᠢ ᠡᠶᠡᠳᠡᠭᠦᠯᠦᠨ ᠱᠢᠶ᠋ᠳᠪᠦᠷᠢᠯᠡᠬᠦ᠌ ᠲᠤᠭᠳᠠᠴᠠ ᠵᠢ ᠪᠠᠢᠭᠤᠯᠵᠦ᠂ ᠡᠶᠡᠳᠡᠭᠦᠯᠬᠦ᠌ ᠠᠵᠢᠯ᠎ᠤᠨ ᠱᠢᠰᠲ᠋ᠧᠮ᠎ᠢ ᠲᠠᠰ ᠳᠠᠪᠬᠤᠷᠭ᠎ᠠ ᠬᠤᠪᠢᠶᠠᠨ ᠡᠮᠬᠢ ᠴᠡᠭᠴᠡ ᠲᠠᠢ ᠪᠤᠯᠭᠠᠵᠠᠢ᠃ ᠲᠥᠷᠥᠯ ᠬᠤᠪᠢᠶᠠᠨ ᠰᠢᠯᠵᠢᠬᠦᠯᠬᠦ ᠲᠣᠭ᠍ᠲᠠᠴᠠ᠎ᠶ᠋ᠢ ᠴᠢᠩᠭᠠᠳᠬᠠᠵᠦ᠂ ᠵᠠᠭᠤᠷᠠᠯᠳᠤᠭᠠᠨ᠎ᠢ ᠱᠢᠶ᠋ᠳᠪᠦᠷᠢᠯᠡᠬᠦ᠌ 《ᠲᠤᠱᠢᠶᠠᠨ ᠱᠢᠶ᠋ᠳᠪᠦᠷᠢᠯᠡᠭᠦᠯᠬᠦ᠌᠂ ᠰᠢᠯᠵᠢᠬᠦᠯᠬᠦ᠂ ᠮᠥᠷᠳᠡᠬᠦ᠌》 ᠡᠯ᠎ᠡ ᠭᠣᠭ᠍ᠴᠣᠭ᠎ᠠ ᠎ᠶ᠋ᠢ ᠱᠢᠯᠢᠳᠡᠭ᠌ᠵᠢᠭᠦᠯᠦᠨ᠂ ᠵᠥᠷᠢᠴᠡᠯ ᠵᠠᠭᠤᠷᠠᠯᠳᠤᠭᠠᠨ ᠎ᠢ ᠲᠤᠢᠯ᠎ᠤᠨ ᠣᠨᠣᠪᠴᠢᠲᠠᠶ᠎ᠪᠠᠷ ᠰᠠᠯᠭᠠᠵᠤ᠂ ᠬᠠᠤᠯᠢ᠎ᠪᠠᠷ ᠲᠣᠭ᠍ᠲᠠᠭᠠᠭ᠍ᠰᠠᠨ ᠶᠠᠪᠤᠴᠠ᠎ᠳᠤ ᠴᠠᠭ ᠲᠤᠬᠠᠶ᠎ᠳᠤᠨᠢ ᠣᠷᠣᠭᠤᠯᠤᠨ᠂ ᠰᠠᠯᠠᠭ᠎ᠠ ᠮᠥᠴᠢᠷ ᠪᠤᠶᠤ ᠱᠢᠶᠠᠩ ᠪᠠᠯᠭᠠᠰᠤ᠎ᠳᠤ ᠱᠢᠯᠵᠢᠭᠦᠯᠵᠦ᠍ ᠬᠠᠤᠯᠢ ᠶᠣᠰᠣᠭᠠᠷ ᠨᠠᠮᠳᠠᠭᠤᠯᠤᠨ ᠱᠢᠶ᠋ᠳᠪᠦᠷᠢᠯᠡᠵᠠᠢ ᠃

ᠠᠮᠤᠷ ᠠᠮᠤᠭᠤᠯᠠᠩ ᠪᠣᠯ ᠠᠷᠠᠳ ᠎ᠤᠨ ᠬᠦᠰᠡᠯ᠂ ᠬᠥᠭ᠌ᠵᠢᠯᠲᠡ᠎ᠶ᠋ᠢᠨ ᠰᠠᠭᠤᠷᠢ ᠮᠥᠨ᠃ ᠣᠢᠷ᠎ᠠ᠎ᠶ᠋ᠢᠨ ᠵᠢᠯ ᠎ᠦᠨ ᠲᠤᠷᠰᠢ᠂ ᠮᠠᠨ ᠎ᠤ ᠣᠷᠣᠨ ᠱᠢᠨ᠎ᠡ ᠴᠠᠭ ᠦᠶ᠎ᠡ᠎ᠶ᠋ᠢᠨ 《ᠹᠧᠩᠴᠢᠶᠣᠤ᠎ᠶ᠋ᠢᠨ ᠲᠤᠷᠱᠢᠯᠭ᠎ᠠ 》 ᠶ᠋ᠢ ᠪᠠᠷᠢᠮᠲᠠᠯᠠᠨ ᠬᠥᠭ᠌ᠵᠢᠭᠦᠯᠵᠦ᠍᠂ ᠶᠡᠷᠦᠩᠬᠡᠢᠯᠡᠨ ᠵᠠᠰᠠᠬᠤ ᠲᠥᠪ᠎ᠢ ᠵᠢᠷᠤᠮᠵᠢᠭᠤᠯᠤᠨ ᠪᠥᠲᠥᠭᠡᠨ ᠪᠠᠢᠭᠤᠯᠬᠤ ᠪᠠ ᠪᠣᠳᠠᠲᠤ ᠴᠣᠭ᠍ᠴᠠᠵᠢᠭᠤᠯᠤᠨ ᠠᠵᠢᠯᠯᠠᠭᠤᠯᠬᠤ ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠡᠯ᠎ᠡ ᠰᠠᠯᠠᠭ᠎ᠠ ᠮᠥᠴᠢᠷ᠎ᠦᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠂ ᠬᠠᠮ ᠬᠦᠴᠦᠨ ᠎ᠢ ᠪᠦᠷᠢᠯᠳᠦᠭᠦᠯᠬᠦ᠌ ᠶ᠋ᠢ ᠠᠬᠢᠭᠤᠯᠤᠨ᠂ ᠵᠥᠷᠢᠴᠡᠯ ᠵᠠᠭᠤᠷᠠᠯᠳᠤᠭᠠᠨ ᠎ᠢ ᠤᠷᠢᠳᠴᠢᠯᠠᠨ ᠰᠡᠷᠭᠡᠢᠯᠡᠵᠦ᠍ ᠨᠠᠮᠳᠠᠭᠤᠯᠬᠤ ᠪᠠ ᠨᠡᠢᠭᠡᠮ᠎ᠦᠨ ᠠᠮᠤᠷ ᠲᠦᠪᠱᠢᠨ ᠎ᠦ ᠠᠶᠤᠯ ᠲᠦᠭ᠌ᠰᠢᠭᠦᠷᠢ ᠶ᠋ᠢ ᠰᠡᠷᠭᠡᠢᠯᠡᠨ ᠡᠵᠡᠮᠳᠡᠬᠦ᠌᠎ᠶ᠋ᠢ ᠥᠷᠨᠢᠭᠦᠯᠵᠦ᠍᠂ ᠶᠡᠷᠦᠩᠬᠡᠢᠯᠡᠨ ᠵᠠᠰᠠᠬᠤ ᠲᠥᠪ ᠎ᠢ ᠣᠯᠠᠨ ᠲᠦᠮᠡᠨ᠎ᠳᠦ ᠦᠶ᠋ᠯᠡᠴᠢᠯᠡᠬᠦ᠌ ᠴᠣᠩᠬᠣᠪᠴᠢ᠂ ᠵᠥᠷᠢᠴᠡᠯ᠎ᠢ ᠠᠷᠢᠯᠭᠠᠬᠤ ᠡᠮᠦᠨ᠎ᠡ ᠹᠷᠤᠨᠲ ᠪᠣᠯᠭᠠᠵᠤ᠂ ᠣᠯᠠᠨ ᠲᠦᠮᠡᠨ᠎ᠦ ᠭᠣᠮᠣᠳᠠᠯ ᠱᠠᠭᠠᠷᠳᠠᠯᠭ᠎ᠠ ᠨᠢᠭᠡ ᠪᠦᠷᠢ ᠶ᠋ᠢ ᠱᠢᠶ᠋ᠳᠪᠦᠷᠢᠯᠡᠬᠦ᠌ ᠬᠥᠮᠦᠨ᠎ᠲᠡᠶ ᠪᠠᠢᠯᠭᠠᠬᠤ ᠪᠠ ᠬᠠᠤᠯᠢ ᠶᠣᠰᠣᠭᠠᠷ ᠭᠦᠶ᠋ᠴᠡᠳᠭᠡᠬᠦ᠌᠎ᠶ᠋ᠢ ᠠᠬᠢᠭᠤᠯᠤᠨ᠂ ᠣᠯᠠᠨ ᠲᠦᠮᠡᠨ ᠎ᠳᠦ ᠲᠥᠪ ᠭᠤᠤᠯᠴᠢ ᠱᠢᠳᠤᠷᠭᠤ ᠶᠣᠰᠣ ᠳᠡᠷᠭᠡᠳᠡ ᠨᠢ ᠪᠠᠢᠬᠤ ᠎ᠶ᠋ᠢ ᠦᠨᠡᠨ ᠬᠦ᠌ ᠮᠡᠳᠡᠷᠡᠭᠦᠯᠵᠠᠢ᠃

3 ᠰᠠᠷ᠎ᠠ᠎ᠶ᠋ᠢᠨ 19 ᠤ᠋ ᠡᠳᠦᠷ᠂ ᠪᠥᠬᠥ᠌ ᠣᠷᠣᠨ ᠎ᠤ ᠶᠡᠷᠦᠩᠬᠡᠢᠯᠡᠨ ᠵᠠᠰᠠᠬᠤ ᠲᠥᠪ᠎ᠦᠨ ᠲᠦᠷᠢᠮᠵᠢᠬᠰᠡᠨ ᠪᠠᠢᠭᠤᠯᠤᠯᠲᠠ᠎ᠶ᠋ᠢᠨ ᠲᠤᠬᠠᠶ᠎ᠶ᠋ᠢᠨ ᠲᠠᠯᠠᠪᠠᠶ᠎ᠶ᠋ᠢᠨ ᠠᠬᠢᠭᠤᠯᠬᠤ ᠬᠤᠷᠠᠯ ᠪᠤᠭᠤᠲᠤ ᠬᠣᠲᠠ᠎ᠳᠤ ᠬᠤᠷᠠᠯᠳᠤᠵᠤ ᠂ ᠬᠤᠷᠠᠯ᠎ᠠᠴᠠ ᠪᠥᠬᠥ᠌ ᠣᠷᠣᠨ ᠎ᠤ ᠶᠡᠷᠦᠩᠬᠡᠢᠯᠡᠨ ᠵᠠᠰᠠᠬᠤ ᠲᠥᠪ ᠎ᠦᠨ ᠳᠦᠷᠢᠮᠵᠢᠭᠰᠡᠨ ᠪᠠᠢᠭᠤᠯᠤᠯᠲᠠ᠎ᠶ᠋ᠢ ᠳᠠᠬᠢᠨ ᠳᠠᠢᠴᠢᠯᠠᠵᠤ ᠳᠠᠬᠢᠨ ᠪᠠᠢᠷᠢᠯᠠᠭᠤᠯᠵᠦ᠂ ᠮᠠᠨ᠎ᠤ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ ᠬᠢᠨ ᠡᠬᠢ ᠪᠠᠶᠠᠯᠢᠭ ᠎ᠢ᠋ ᠡᠮᠬᠢᠯᠡᠨ ᠨᠡᠢᠯᠡᠭᠦᠯᠬᠦ᠌ ᠂ ᠣᠯᠠᠨ ᠲᠦᠮᠡᠨ᠎ᠳᠦ ᠳᠥᠭᠥᠮ ᠦᠵᠡᠭᠦᠯᠬᠦ᠌᠂ ᠬᠠᠤᠯᠢ᠎ᠪᠠᠷ ᠵᠠᠰᠠᠬᠤ᠎ᠶ᠋ᠢ ᠠᠬᠢᠭᠤᠯᠬᠤ ᠂ ᠪᠣᠳᠠᠲᠤ ᠦᠷ᠎ᠡ ᠪᠦᠲᠦᠮᠵᠢ᠎ᠶ᠋ᠢ ᠴᠢᠬᠤᠯᠠᠴᠢᠯᠠᠬᠤ ᠱᠠᠭᠠᠷᠳᠠᠯᠭ᠎ᠠ ᠶᠣᠰᠣᠭᠠᠷ᠂ ᠶᠡᠷᠦᠩᠬᠡᠢᠯᠡᠨ ᠵᠠᠰᠠᠬᠤ ᠲᠥᠪ ᠎ᠢ ᠲᠦᠷᠢᠮᠵᠢᠬᠦᠯᠦᠨ ᠪᠦᠲᠦᠭᠡᠨ ᠪᠠᠢᠭᠤᠯᠬᠤ ᠶ᠋ᠢ ᠲᠦᠷᠭᠡᠳᠭᠡᠨ ᠠᠬᠢᠭᠤᠯᠬᠤ ᠬᠡᠷᠡᠭᠳᠡᠢ ᠭᠡᠵᠦ ᠱᠠᠭᠠᠷᠳᠠᠪᠠ ᠃

— ᠵᠢᠭ᠍ᠰᠠᠭᠠᠯ᠎ᠤᠨ ᠭᠠᠵᠠᠷ᠎ᠤᠨ ᠪᠦᠲᠦᠭᠡᠨ ᠪᠠᠢᠭᠤᠯᠤᠯᠲᠠ ᠶ᠋ᠢ ᠵᠢᠷᠤᠮᠵᠢᠭᠤᠯᠤᠨ᠎ᠠ ᠃ ᠪᠦᠲᠦᠭᠡᠨ ᠪᠠᠢᠭᠤᠯᠬᠤ ᠪᠠᠷᠢᠮᠵᠢᠶ᠎ᠠ᠎ᠶ᠋ᠢᠨ ᠲᠠᠯ᠎ᠠ᠎ᠪᠠᠷ᠂ ᠵᠦᠶ᠋ᠯ ᠳᠠᠷᠠᠭᠠᠯᠠᠨ 《ᠳᠥᠷᠪᠡ ᠪᠠᠢᠬᠤ》 ᠪᠠᠷᠢᠮᠵᠢᠶ᠎ᠠ᠎ᠲᠠᠶ ᠬᠠᠷᠢᠴᠠᠭᠤᠯᠵᠤ᠂ ᠪᠦᠲᠦᠭᠡᠨ ᠪᠠᠢᠭᠤᠯᠬᠤ ᠠᠬᠢᠴᠠ᠎ᠪᠠᠨ ᠲᠦᠷᠭᠡᠳᠭᠡᠬᠦ᠌ ᠬᠡᠷᠡᠭ᠌ᠲᠡᠶ᠃ ᠲᠠᠯᠠᠪᠠᠢ ᠭᠠᠵᠠᠷ᠎ᠤᠨ ᠪᠠᠢᠷᠢᠯᠠᠭᠤᠯᠤᠯᠲᠠ᠎ᠶ᠋ᠢᠨ ᠲᠠᠯ᠎ᠠ᠎ᠪᠠᠷ᠂ ᠱᠢᠶᠠᠨ᠎ᠤ ᠱᠠᠲᠤᠨ᠎ᠤ ᠶᠡᠷᠦᠩᠬᠡᠢᠯᠡᠨ ᠵᠠᠰᠠᠬᠤ ᠲᠥᠪ᠎ᠤᠨ ᠬᠢᠨ ᠵᠥᠷᠢᠴᠡᠯ ᠵᠠᠭᠤᠷᠠᠯᠳᠤᠭᠠᠨ ᠎ᠢ ᠨᠠᠮᠳᠠᠭᠤᠯᠬᠤ ᠬᠠᠤᠯᠢ᠎ᠪᠠᠷ ᠵᠠᠰᠠᠬᠤ 《ᠵᠠᠮ ᠱᠤᠭᠤᠮ᠎ᠤᠨ ᠵᠢᠷᠤᠭ》 ᠪᠠ ᠲᠤᠬᠠᠢᠯᠠᠭ᠍ᠰᠠᠨ ᠠᠵᠢᠯ᠎ᠤᠨ ᠶᠠᠪᠤᠴᠠ᠎ᠶᠣᠰᠣᠭᠠᠷ᠂ ᠬᠥᠲᠥᠯᠦᠨ ᠵᠢᠯᠣᠭᠣᠳᠴᠤ᠌ ᠭᠥᠯᠢᠶᠡᠨ ᠠᠪᠴᠤ᠌ ᠱᠢᠶ᠋ᠳᠪᠦᠷᠢᠯᠡᠬᠦ᠌᠂ ᠣᠯᠠᠨ ᠡᠱᠢᠵᠢᠬᠦᠯᠦᠨ ᠱᠢᠶ᠋ᠳᠪᠦᠷᠢᠯᠡᠬᠦ᠌᠂ ᠵᠢᠯᠣᠭᠣᠳᠤᠨ ᠳᠣᠭᠢᠷᠠᠭᠤᠯᠬᠤ 3 ᠴᠢᠳᠠᠮᠵᠢᠳᠤ ᠣᠷᠣᠨ ᠎ᠢ ᠲᠤᠬᠢᠷᠠᠭᠤᠯᠵᠦ᠂ ᠱᠢᠶᠠᠩ ᠪᠠᠯᠭᠠᠰᠤᠨ᠎ᠤ ᠶᠡᠷᠦᠩᠬᠡᠢᠯᠡᠨ ᠵᠠᠰᠠᠬᠤ ᠲᠥᠪ᠎ᠲᠦ ᠭᠥᠯᠢᠶᠡᠨ ᠠᠪᠬᠤ᠂ ᠡᠶᠡᠳᠡᠭᠦᠯᠬᠦ᠌᠂ ᠠᠯᠪᠠᠯᠠᠬᠤ 3 ᠭᠤᠤᠯ ᠴᠢᠳᠠᠮᠵᠢᠳᠤ ᠣᠷᠣᠨ ᠪᠦᠰᠡ ᠲᠣᠬᠢᠷᠠᠭᠤᠯᠵᠠᠢ᠃ ᠰᠠᠯᠠᠭ᠎ᠠ ᠮᠥᠴᠢᠷ᠎ᠦᠨ ᠣᠷᠣᠵᠤ ᠰᠠᠭᠤᠬᠤ ᠲᠠᠯ᠎ᠠ᠎ᠪᠠᠷ᠂ ᠵᠥᠷᠢᠴᠡᠯ ᠵᠠᠭᠤᠷᠠᠯᠳᠤᠭᠠᠨ᠎ᠢ ᠡᠶᠡᠳᠡᠭᠦᠯᠬᠦ᠌᠂ ᠵᠠᠷᠭᠤ᠎ᠶ᠋ᠢᠨ ᠦᠶ᠋ᠯᠡᠴᠢᠯᠡᠭᠡ᠂ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡ᠂ ᠵᠠᠬᠢᠳᠠᠯ ᠰᠤᠷᠪᠤᠯᠵᠢᠯᠠᠯ᠎ᠢ ᠭᠥᠯᠢᠶᠡᠨ ᠠᠪᠬᠤ ᠵᠡᠷᠭᠡ ᠣᠯᠠᠨ ᠲᠥᠪ ᠎ᠢ᠋ ᠨᠢᠭᠡᠳᠭᠡᠬᠦ᠌᠎ᠶ᠋ᠢ ᠠᠬᠢᠭᠤᠯᠵᠤ᠂ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠥᠶ ᠰᠠᠯᠠᠭ᠎ᠠ ᠮᠥᠴᠢᠷ᠎ᠦᠨ ᠣᠷᠣᠵᠤ ᠰᠠᠭᠤᠬᠤ᠎ᠶ᠋ᠢ ᠠᠬᠢᠭᠤᠯᠵᠤ᠂ ᠪᠣᠳᠠᠲᠠᠶ᠎ᠲᠠᠶ᠎ᠪᠠᠨ ᠤᠶᠠᠯᠳᠤᠭᠤᠯᠤᠨ ᠪᠠᠢᠩᠭᠤ ᠰᠠᠭᠤᠬᠤ ᠪᠤᠶᠤ ᠡᠭᠡᠯᠵᠢᠯᠡᠨ ᠰᠠᠭᠤᠬᠤ ᠰᠠᠯᠠᠭ᠎ᠠ ᠮᠥᠴᠢᠷ ᠎ᠲᠦ ᠬᠥᠳᠡᠯᠦᠩᠭᠦᠶ᠎ᠪᠡᠷ ᠲᠣᠬᠢᠷᠠᠭᠤᠯᠤᠯᠲᠠ ᠬᠢᠵᠦ᠍᠂ ᠣᠯᠠᠨ ᠲᠦᠮᠡᠨ ᠎ᠦ ᠵᠥᠷᠢᠴᠡᠯ ᠵᠠᠭᠤᠷᠠᠯᠳᠤᠭᠠᠨ ᠎ᠢ ᠠᠷᠢᠯᠭᠠᠬᠤ᠎ᠳᠤ 《ᠬᠠᠮᠤᠭ᠎ᠤᠨ ᠤᠯᠠᠨ᠎ᠳᠠᠭᠠᠨ ᠨᠢᠭᠡᠯᠡ ᠭᠠᠵᠠᠷ᠎ᠲᠤ ᠰᠢᠢᠳᠪᠦᠷᠢᠯᠡᠬᠦ》 ᠶ᠋ᠢ ᠪᠡᠶᠡᠯᠡᠭᠦᠯᠦᠨ᠎ᠡ ᠃

— ᠭᠤᠤᠯ ᠡᠭᠦᠷᠭᠡ ᠴᠢᠳᠠᠪᠬᠢ ᠶ᠋ᠢᠨ ᠪᠠᠢᠷᠢ ᠲᠣᠭ᠍ᠲᠠᠭᠠᠯᠲᠠ ᠎ᠶ᠋ᠢ ᠲᠣᠳᠣᠷᠬᠠᠢᠯᠠᠨ᠎ᠠ᠃ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠳᠡᠮᠵᠢᠬᠦ᠌ ᠪᠠ ᠴᠢᠳᠠᠮᠵᠢ ᠣᠯᠭᠣᠬᠤ᠂ ᠵᠢᠯᠣᠭᠣᠳᠤᠨ ᠲᠣᠬᠢᠷᠠᠭᠤᠯᠬᠤ ᠴᠢᠳᠠᠪᠬᠢ ᠶ᠋ᠢ ᠳᠣᠪᠣᠢᠯᠭᠠᠨ᠂ ᠭᠠᠵᠠᠷ ᠣᠷᠣᠨ ᠠᠯᠤᠰᠯᠠᠭ᠍ᠰᠠᠨ ᠪᠠ ᠰᠠᠯᠠᠭ᠎ᠠ ᠮᠥᠴᠢᠷ ᠠᠯᠤᠰᠯᠠᠭ᠍ᠰᠠᠨ ᠴᠢᠬᠤᠯᠠ ᠶᠡᠬᠡ ᠬᠦᠴᠢᠷ ᠲᠦᠪᠡᠭ᠌ᠲᠡᠶ ᠨᠠᠷᠢᠨ ᠪᠤᠳᠤᠯᠢᠶᠠᠨᠲᠠᠶ ᠵᠦᠶ᠋ᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠠᠢᠮᠠᠭ ᠬᠣᠲᠠ᠎ᠶ᠋ᠢᠨ ᠶᠡᠷᠦᠩᠬᠡᠢᠯᠡᠨ ᠵᠠᠰᠠᠬᠤ ᠲᠥᠪ ᠎ᠢ᠋ ᠣᠷᠣᠨ ᠪᠦᠰᠡ᠎ᠶ᠋ᠢᠨ ᠵᠢᠯᠣᠭᠣᠳᠭᠤ ᠲᠠᠪᠴᠠᠩ ᠪᠣᠯᠭᠠᠨ ᠪᠠᠢᠭᠤᠯᠤᠨ᠎ᠠ᠃ 《ᠲᠥᠪᠯᠡᠷᠡᠭᠦᠯᠦᠨ ᠭᠦᠶ᠋ᠴᠡᠳᠭᠡᠬᠦ᠌》 ᠪᠠ 《ᠨᠢᠭᠡ ᠥᠷᠲᠡᠭᠡᠴᠢᠯᠡᠭᠰᠡᠨ ᠮᠠᠶᠢᠭ》 ᠤ᠋ᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠨ᠂ ᠬᠣᠱᠢᠭᠤ ᠱᠢᠶᠠᠨ᠎ᠤ ᠶᠡᠷᠦᠩᠬᠡᠢᠯᠡᠨ ᠵᠠᠰᠠᠬᠤ ᠲᠥᠪ᠎ᠢ ᠪᠥᠬᠥ᠌ ᠬᠦᠴᠦᠨ ᠵᠦᠶ᠋ᠯ᠎ᠦᠨ ᠶᠡᠷᠦᠩᠬᠡᠢᠯᠡᠭ᠌ᠰᠡᠨ ᠪᠣᠳᠠᠲᠠᠶ ᠠᠵᠢᠯᠯᠠᠬᠤ ᠲᠠᠪᠴᠠᠩ ᠪᠣᠯᠭᠠᠨ ᠪᠠᠢᠭᠤᠯᠤᠨ᠎ᠠ᠃ ᠵᠥᠷᠢᠴᠡᠯ ᠪᠠ ᠠᠶᠤᠯ ᠲᠦᠭ᠌ᠰᠢᠭᠦᠷᠢ ᠎ᠶ᠋ᠢ ᠵᠢᠭ᠍ᠰᠠᠭᠠᠨ ᠪᠠᠢᠴᠠᠭᠠᠬᠤ ᠪᠠ ᠠᠷᠢᠯᠭᠠᠬᠤ ᠴᠢᠳᠠᠮᠵᠢ ᠎ᠶ᠋ᠢ ᠳᠣᠪᠣᠢᠯᠭᠠᠵᠤ᠂ ᠱᠢᠶᠠᠩ ᠪᠠᠯᠭᠠᠰᠤᠨ᠎ᠤ᠋ ᠶᠡᠷᠦᠩᠬᠡᠢᠯᠡᠨ ᠵᠠᠰᠠᠬᠤ ᠲᠥᠪ᠎ᠢ ᠦᠨᠳᠦᠰᠦᠨ ᠱᠠᠲᠤᠨ᠎ᠤ ᠬᠦᠶ᠋ᠰᠦ ᠲᠠᠪᠴᠠᠩ ᠪᠣᠯᠭᠠᠨ ᠪᠠᠢᠭᠤᠯᠵᠤ᠂ ᠵᠥᠷᠢᠴᠡᠯ ᠵᠠᠭᠤᠷᠠᠯᠳᠤᠭᠠᠨ᠎ᠢ ᠰᠡᠷᠭᠡᠢᠯᠡᠨ ᠠᠷᠢᠯᠭᠠᠬᠤ 《ᠡᠮᠦᠨ᠎ᠡ ᠹᠷᠣᠨᠲ᠎ᠤᠨ ᠵᠢᠭ᠍ᠰᠠᠭᠠᠯ᠎ᠤᠨ ᠭᠠᠵᠠᠷ》 ᠪᠣᠯᠭᠠᠨ᠎ᠠ᠃

— ᠪᠢᠴᠢᠯ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ 《ᠨᠠᠮ᠎ᠤᠨ ᠳᠤᠭᠤᠢᠯᠠᠩ + ᠲᠣᠣᠷᠵᠢᠭᠤᠯᠤᠭ᠍ᠰᠠᠨ ᠬᠠᠮᠢᠶᠠᠷᠤᠯᠲᠠ᠎ᠶ᠋ᠢᠨ ᠠᠵᠢᠯᠲᠠᠨ + ᠨᠢᠭᠡᠴᠢ ᠵᠢᠨ ᠳᠠᠷᠤᠭ᠎ᠠ (ᠬᠤᠯᠪᠤᠭᠠᠳᠤ ᠡᠷᠦᠬᠡ ᠵᠢᠨ ᠳᠠᠷᠤᠭ᠎ᠠ)》 ᠶ᠋ᠢᠨ ᠦᠨᠳᠦᠰᠦᠨ ᠱᠠᠲᠤᠨ᠎ᠤ ᠪᠢᠴᠢᠯ ᠵᠠᠰᠠᠯᠲᠠ᠎ᠶ᠋ᠢᠨ ᠲᠤᠭᠳᠠᠮᠠᠯ ᠱᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠨᠠᠮ᠎ᠤᠨ ᠵᠣᠬᠢᠶᠠᠨ ᠪᠠᠢᠭᠤᠯᠤᠯᠲᠠ ᠎ᠶ᠋ᠢᠨ ᠤᠳᠤᠷᠢᠳᠤᠯᠭ᠎ᠠ ᠳᠣᠣᠷ᠎ᠠ ᠣᠯᠠᠨ ᠲᠦᠮᠡᠨ᠎ᠦ ᠥᠪᠡᠷ ᠲᠡᠭᠡᠨ ᠵᠠᠰᠠᠬᠤ ᠦᠢᠯᠡᠳᠦᠯ᠎ᠢ ᠰᠠᠢᠲᠤᠷ ᠪᠠᠳᠠᠷᠠᠭᠤᠯᠵᠤ᠂ ᠵᠢᠭ᠍ᠰᠠᠭᠠᠨ ᠪᠠᠢᠴᠠᠭᠠᠵᠤ ᠤᠷᠢᠳᠴᠢᠯᠠᠨ ᠰᠡᠷᠭᠡᠢᠯᠡᠬᠦ᠌ ᠪᠠ ᠦᠢᠯᠡᠴᠢᠯᠡᠨ ᠵᠠᠰᠠᠬᠤ᠎ᠶ᠋ᠢ ᠠᠰᠠᠷ ᠬᠦᠷᠢᠶ᠎ᠡ᠂ ᠭᠡᠷ ᠪᠦᠯᠢ ᠲᠡᠢᠰᠢ ᠤᠷᠲᠤᠳᠭᠠᠬᠤ ᠎ᠶ᠋ᠢ ᠠᠬᠢᠭᠤᠯᠵᠤ᠂ ᠵᠥᠷᠢᠴᠡᠯ ᠪᠠ ᠠᠶᠤᠯ ᠲᠦᠭ᠌ᠰᠢᠭᠦᠷᠢ ᠎ᠶ᠋ᠢ ᠡᠷᠲᠡ ᠢᠯᠡᠷᠡᠭᠦᠯᠦᠨ ᠪᠠᠭ᠎ᠠ ᠳᠡᠭᠡᠷ᠎ᠡ ᠨᠢ ᠱᠢᠢᠳᠪᠦᠷᠢᠯᠡᠵᠦ᠍᠂ ᠲᠣᠣᠷᠵᠢᠭᠤᠯᠤᠭᠰᠠᠨ ᠬᠠᠮᠢᠶᠠᠷᠤᠯᠳᠠ᠎ᠶ᠋ᠢ ᠦᠨᠡᠨ ᠬᠦ᠌ ᠠᠮᠤᠷ ᠠᠮᠤᠭᠤᠯᠠᠩ ᠪᠦᠲᠦᠭᠡᠨ ᠪᠠᠢᠭᠤᠯᠤᠯᠲᠠ᠎ᠶ᠋ᠢᠨ ᠰᠠᠭᠤᠷᠢ ᠪᠣᠯᠭᠠᠨ ᠴᠣᠭ᠍ᠴᠠᠯᠠᠨ᠎ᠠ᠃

— ᠮᠡᠳᠡᠭᠡ ᠵᠠᠩᠭᠢᠴᠢᠯᠠᠯᠲᠠ᠎ᠶ᠋ᠢᠨ ᠪᠠᠢᠭᠤᠯᠤᠯᠲᠠ ᠎ᠶ᠋ᠢ ᠴᠢᠩᠭᠠᠳᠭᠠᠨ᠎ᠠ᠃ ᠲᠣᠭ᠎ᠠ ᠪᠠᠷᠢᠮᠲᠠ᠎ᠶ᠋ᠢ ᠴᠤᠭ᠍ᠯᠠᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠮᠡᠳᠡᠭᠡ ᠵᠠᠩᠭᠢ ᠶ᠋ᠢ ᠶᠡᠷᠦᠩᠬᠡᠢᠯᠡᠨ ᠵᠠᠰᠠᠬᠤ ᠲᠥᠪ᠎ᠲᠦ ᠪᠥᠬᠥ᠌ ᠬᠡᠮᠵᠢᠶ᠎ᠡ᠎ᠪᠡᠷ ᠲᠥᠪᠯᠡᠷᠡᠭᠦᠯᠬᠦ᠌ ᠎ᠶ᠋ᠢ ᠠᠬᠢᠭᠤᠯᠵᠤ᠂ ᠡᠯ᠎ᠡ ᠲᠥᠷᠥᠯ᠎ᠦᠨ ᠲᠣᠭ᠎ᠠ ᠪᠠᠷᠢᠮᠲᠠ ᠎ᠶ᠋ᠢ ᠪᠥᠬᠥ᠌ ᠬᠡᠮᠵᠢᠶ᠎ᠡ᠎ᠪᠡᠷ ᠡᠵᠡᠮᠱᠢᠨ᠂ ᠪᠢᠲᠡᠭᠦᠦ᠍᠎ᠪᠡᠷ ᠡᠷᠭᠢᠯᠳᠦᠭᠦᠯᠬᠦ᠌ ᠶ᠋ᠢ ᠪᠡᠶᠡᠯᠡᠭᠦᠯᠦᠨ᠎ᠡ᠃ ᠵᠥᠷᠢᠴᠡᠯ ᠵᠠᠭᠤᠷᠠᠯᠳᠤᠭᠠᠨ᠎ᠤ ᠪᠦᠲᠦᠴᠡ᠎ᠶ᠋ᠢᠨ ᠵᠠᠳᠠᠯᠤᠯᠲᠠ᠂ ᠣᠶᠤᠨᠴᠢᠯᠠᠭ᠍ᠰᠠᠨ ᠰᠤᠳᠤᠯᠤᠨ ᠮᠠᠭᠠᠳᠯᠠᠯᠲᠠ᠎ᠶ᠋ᠢ ᠴᠢᠩᠭᠠᠳᠭᠠᠵᠤ᠂ ᠵᠥᠷᠢᠴᠡᠯ ᠵᠠᠭᠤᠷᠠᠯᠳᠤᠭᠠᠨ᠎ᠤ ᠬᠥᠭ᠌ᠵᠢᠯᠲᠡ ᠶ᠋ᠢᠨ ᠪᠠᠢᠳᠠᠯ᠎ᠢ ᠬᠥᠳᠡᠯᠦᠩᠭᠦᠶ᠎ᠪᠡᠷ ᠡᠵᠡᠮᠳᠡᠨ᠎ᠡ᠃

ᠶᠡᠷᠦᠩᠬᠡᠢᠯᠡᠨ ᠵᠠᠰᠠᠬᠤ ᠲᠥᠪ᠎ᠦᠨ ᠦᠢᠯᠡᠳᠦᠯ ᠎ᠢ ᠦᠨᠡᠨ ᠬᠦ᠌ ᠪᠠᠳᠠᠷᠠᠭᠤᠯᠵᠤ᠂ ᠶᠡᠷᠦᠩᠬᠡᠢᠯᠡᠨ ᠵᠠᠰᠠᠬᠤ ᠲᠥᠪ᠎ᠦᠨ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠦᠯᠦᠬᠡ᠂ ᠮᠠᠨ᠎ᠤ ᠣᠷᠣᠨ ᠶᠡᠷᠦᠩᠬᠡᠢᠯᠡᠨ ᠵᠠᠰᠠᠬᠤ ᠲᠥᠪ ᠎ᠦᠨ ᠳᠦᠷᠢᠮ ᠲᠣᠭ᠍ᠲᠠᠴᠠ᠎ᠶ᠋ᠢ ᠲᠡᠭᠦᠯᠳᠡᠷᠵᠢᠭᠦᠯᠬᠦ᠌᠂ ᠤᠬᠠᠭᠤᠯᠵᠤ ᠬᠥᠲᠥᠯᠥᠨ ᠵᠢᠯᠣᠭᠣᠳᠭᠤ ᠵᠡᠷᠭᠡ ᠲᠠᠯ᠎ᠠ᠎ᠪᠠᠷ ᠲᠠᠰᠤᠷᠠᠯᠲᠠ ᠤᠢ᠍ᠭᠡᠢ ᠬᠦᠴᠦ᠍ᠯᠡᠵᠦ᠂ ᠶᠡᠷᠦᠩᠬᠡᠢᠯᠡᠨ ᠵᠠᠰᠠᠬᠤ ᠲᠥᠪ᠎ᠦᠨ ᠠᠵᠢᠯᠯᠠᠭᠠᠨ᠎ᠤ ᠥᠨᠳᠥᠷ ᠦᠷ᠎ᠡ ᠪᠦᠲᠦᠮᠵᠢᠲᠡᠶ ᠪᠥᠭᠡᠳ ᠰᠠᠭᠠᠳ ᠦᠭᠡᠶ ᠪᠠᠢᠬᠤ᠎ᠶ᠋ᠢ ᠦᠨᠡᠨ ᠬᠦ᠌ ᠪᠠᠲᠤᠯᠠᠵᠤ ᠂ ᠵᠥᠷᠢᠴᠡᠯ ᠵᠠᠭᠤᠷᠠᠯᠳᠤᠭᠠᠨ ᠎ᠢ᠋ ᠬᠥᠲᠥᠯᠥᠨ ᠵᠢᠯᠣᠭᠣᠳᠴᠤ ᠶᠡᠷᠦᠩᠬᠡᠢᠯᠡᠨ ᠵᠠᠰᠠᠬᠤ ᠲᠥᠪ ᠲᠡᠢᠰᠢ ᠲᠥᠪᠯᠡᠷᠡᠭᠦᠯᠵᠦ᠍᠂ ᠶᠡᠷᠦᠩᠬᠡᠢᠯᠡᠨ ᠵᠠᠰᠠᠬᠤ ᠲᠥᠪ ᠎ᠢ ᠵᠥᠷᠢᠴᠡᠯ ᠵᠠᠭᠤᠷᠠᠯᠳᠤᠭᠠᠨ᠎ᠢ ᠠᠷᠢᠯᠭᠠᠬᠤ᠎ᠶ᠋ᠢᠨ ᠲᠡᠷᠢᠭᠦᠨ ᠰᠣᠩᠭᠣᠯᠳᠡ᠎ᠶᠢᠨ ᠭᠠᠵᠠᠷ᠂ ᠲᠥᠪᠯᠡᠷᠡᠭᠦᠯᠵᠦ᠍ ᠲᠠᠷᠬᠠᠭᠠᠬᠤ ᠭᠠᠵᠠᠷ᠂ ᠲᠡᠭᠦᠰᠭᠡᠯ᠎ᠦᠨ ᠭᠠᠵᠠᠷ ᠪᠣᠯᠭᠠᠨ᠎ᠠ᠃

ᠶᠡᠷᠦᠩᠬᠡᠢᠯᠡᠨ ᠵᠠᠰᠠᠬᠤ ᠲᠥᠪ᠎ᠢ ᠵᠢᠷᠤᠮᠵᠢᠭᠤᠯᠬᠤ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠵᠤ᠂ ᠠᠵᠢᠯ᠎ᠤᠨ ᠠᠷᠭ᠎ᠠ ᠬᠡᠮᠵᠢᠶ᠎ᠡ ᠨᠢᠭᠡ ᠪᠦᠷᠢ ᠶ᠋ᠢ ᠠᠯᠬᠤᠮ ᠠᠯᠬᠤᠮ᠎ᠢᠶᠠᠷ ᠨᠠᠢᠳᠠᠪᠤᠷᠢᠵᠢᠭᠤᠯᠬᠤ ᠨᠢ ᠮᠠᠨ᠎ᠤ ᠣᠷᠣᠨ᠎ᠤ ᠨᠡᠢᠭᠡᠮ᠎ᠦᠨ ᠵᠠᠰᠠᠯᠲᠠ᠎ᠶ᠋ᠢᠨ ᠦᠷ᠎ᠡ ᠪᠦᠲᠦᠮᠵᠢ ᠶ᠋ᠢ ᠲᠤᠢᠯ᠎ᠤᠨ ᠶᠡᠬᠡ᠎ᠪᠡᠷ ᠬᠥᠭᠡᠭᠡᠴᠡᠯᠳᠦᠵᠦ᠍ ᠪᠠᠢᠬᠤ ᠶ᠋ᠢ ᠢᠯᠡᠷᠡᠭᠦᠯᠵᠦ ᠪᠤᠢ᠃

ᠰᠡᠷᠭᠡᠢᠯᠡᠬᠦ᠌᠎ᠳᠦ ᠰᠠᠭᠤᠷᠢᠯᠠᠵᠤ᠂ ᠡᠶᠡᠳᠡᠭᠦᠯᠬᠦ᠌᠎ᠳᠦ ᠰᠠᠭᠤᠷᠢᠯᠠᠵᠤ᠂ ᠬᠠᠤᠯᠢ᠎ᠪᠠᠷ ᠵᠠᠰᠠᠬᠤ᠎ᠳᠤ ᠰᠠᠭᠤᠷᠢᠯᠠᠵᠤ᠂ ᠦᠨᠳᠦᠰᠦᠨ ᠱᠠᠲᠤᠨ᠎ᠳᠤ ᠰᠠᠭᠤᠷᠢᠯᠠᠨ᠎ᠠ᠃ ᠮᠠᠨ᠎ᠤ ᠣᠷᠣᠨ ᠶᠠᠭ ᠶᠡᠷᠦᠩᠬᠡᠢᠯᠡᠨ ᠵᠠᠰᠠᠬᠤ ᠲᠥᠪ᠎ᠢᠶᠡᠷ ᠲᠤᠯᠭᠠᠭᠤᠷᠢᠯᠠᠬᠤ ᠴᠡᠭ ᠪᠣᠯᠭᠠᠵᠤ᠂ ᠨᠡᠢᠭᠡᠮ᠎ᠦᠨ ᠵᠠᠰᠠᠯᠲᠠ ᠶ᠋ᠢᠨ ᠦᠨᠳᠦᠰᠦᠨ ᠱᠠᠲᠤᠨ᠎ᠤ ᠰᠠᠭᠤᠷᠢ ᠎ᠶ᠋ᠢ ᠴᠢᠨᠠᠭ᠍ᠰᠢᠳᠠ ᠪᠡᠬᠢᠵᠢᠭᠦᠯᠵᠦ᠍᠂ ᠠᠮᠤᠷ ᠠᠮᠤᠭᠤᠯᠠᠩ ᠎ᠤᠨ ᠪᠠᠢᠭᠤᠯᠤᠯᠲᠠ᠎ᠶ᠋ᠢᠨ ᠰᠠᠭᠤᠷᠢ᠎ᠶ᠋ᠢ ᠪᠡᠬᠢᠵᠢᠭᠦᠯᠵᠦ᠍᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ ᠎ᠤ᠋ ᠬᠠᠯᠬᠠᠪᠴᠢ᠎ᠶ᠋ᠢ ᠨᠠᠩ ᠪᠠᠲᠤ ᠪᠠᠬᠢ ᠪᠣᠯᠭᠠᠵᠤ ᠪᠤᠢ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面