ᠭᠣᠣᠯ ᠰᠡᠳᠦᠪᠲᠦ ᠮᠡᠳᠡᠭᠡᠯᠡᠯ > ᠠᠮᠤᠭᠤᠯᠠᠩᠲᠤ ᠤᠮᠠᠷᠠᠲᠤ ᠬᠢᠯᠢ

2026-09-04 09:45:27

ᠵᠣᠬᠢᠶᠠᠭ᠍ᠴᠢ᠄ ᠸᠠᠩ ᠬᠤᠤ ᠣᠩᠱᠢᠭ᠍ᠰᠠᠨ ᠣᠳᠠᠭ᠎ᠠ᠄ 3

ᠣᠢᠷ᠎ᠠ᠎ᠳᠤ᠂ ᠲᠦᠩᠯᠢᠶᠣᠣ ᠬᠣᠲᠠ᠎ᠶᠢᠨ ᠵᠠᠷᠤᠳ ᠬᠣᠰᠢᠭᠤᠨ᠎ᠤ ᠶᠡᠷᠦᠩᠬᠡᠢᠯᠡᠨ ᠵᠠᠰᠠᠬᠤ ᠲᠥᠪ᠎ᠦᠨ ᠡᠶᠡᠳᠡᠭᠦᠯᠬᠦ ᠲᠠᠰᠤᠭ᠎ᠲᠤ᠂ ᠵᠢᠯᠣᠭᠣᠴᠢ᠎ᠶᠢᠨ ᠰᠢᠯᠭᠠᠯᠲᠠ᠎ᠶᠢᠨ ᠰᠦᠢᠳᠬᠡᠯ ᠪᠤᠴᠠᠭᠠᠬᠤ ᠵᠠᠭᠤᠷᠠᠯᠳᠤᠭᠠᠨ ᠠᠮᠵᠢᠯᠲᠠᠲᠠᠢ ᠰᠢᠢᠳᠪᠦᠷᠢᠯᠡᠭᠳᠡᠯ᠎ᠡ᠃ 2022 ᠣᠨ᠎ᠤ 3 ᠰᠠᠷ᠎ᠠ᠎ᠶᠢᠨ 8᠎ᠤ᠋ ᠡᠳᠦᠷ᠂ ᠭᠦᠸᠸ ᠣᠪᠣᠭᠲᠤ 2600 ᠲᠥᠭᠥᠷᠢᠭ᠎ᠦᠨ ᠨᠡᠷ᠎ᠡ ᠮᠡᠳᠡᠭᠦᠯᠬᠦ ᠵᠠᠷᠤᠳᠠᠯ ᠲᠤᠰᠢᠶᠠᠭᠰᠠᠨ᠎ᠤ ᠲᠠᠷᠠᠭ᠎ᠠ ᠭᠡᠨᠡᠳᠲᠡ ᠲᠠᠷᠢᠬᠢᠨ᠎ᠤ ᠲᠦᠭᠵᠢᠷᠡᠯ᠎ᠡᠴᠡ ᠪᠣᠯᠵᠤ ᠲᠡᠷᠭᠡᠨ ᠪᠣᠯᠪᠠᠰᠤᠷᠠᠯ᠎ᠳᠤ ᠣᠷᠣᠯᠴᠠᠭᠰᠠᠨ ᠦᠭᠡᠢ᠃ ᠲᠡᠭᠦᠨ᠎ᠦ ᠬᠦᠦ ᠯᠢ ᠣᠪᠣᠭᠲᠤ ᠰᠦᠢᠳᠬᠡᠯ ᠪᠤᠴᠠᠭᠠᠯᠭᠠᠬᠤ᠎ᠪᠠᠷ ᠭᠤᠶᠤᠴᠢᠯᠠᠬᠤ ᠦᠶ᠎ᠡ᠎ᠳᠦ᠂ ᠵᠢᠯᠣᠭᠣᠴᠢ᠎ᠶᠢᠨ ᠰᠤᠷᠭᠠᠭᠤᠯᠢ ᠨᠡᠷ᠎ᠡ ᠮᠡᠳᠡᠭᠦᠯᠦᠭᠰᠡᠨ ᠴᠠᠭ ᠨᠢ ᠨᠢᠭᠡᠨᠲᠡ ᠪᠦᠬᠦᠯᠢ 3 ᠵᠢᠯ ᠪᠣᠯᠵᠤ᠂ ᠰᠤᠷᠭᠠᠭᠤᠯᠢ᠎ᠳᠤ ᠣᠷᠣᠬᠤ ᠴᠠᠭ ᠬᠤᠭᠤᠴᠠᠭ᠎ᠠ᠎ᠡᠴᠡ ᠬᠡᠲᠦᠷᠡᠭᠰᠡᠨ ᠭᠡᠬᠦ ᠰᠢᠯᠲᠠᠭᠠᠨ᠎ᠢᠶᠠᠷ ᠲᠡᠪᠴᠢᠵᠡᠢ᠂ ᠬᠣᠶᠠᠷ ᠲᠠᠯ᠎ᠠ᠎ᠪᠠᠷ᠎ᠢᠶᠠᠨ ᠣᠯᠠᠨ ᠤᠳᠠᠭ᠎ᠠ ᠵᠥᠪᠳᠡᠯᠴᠡᠭᠡᠳ ᠦᠷ᠎ᠡ ᠳ᠋ᠦᠩ ᠭᠠᠷᠤᠭᠰᠠᠨ ᠦᠭᠡᠢ ᠪᠣᠯᠬᠣᠷ ᠵᠥᠷᠢᠴᠡᠯ᠎ᠢ ᠣᠷᠳᠣ᠌ ᠬᠤᠭᠤᠴᠠᠭ᠎ᠠ᠎ᠪᠠᠷ ᠰᠢᠢᠳᠪᠦᠷᠢᠯᠡᠵᠦ ᠴᠢᠳᠠᠭᠰᠠᠨ ᠦᠭᠡᠢ ᠪᠠᠢᠪᠠ᠃ ᠵᠠᠷᠤᠳ ᠬᠣᠰᠢᠭᠤᠨ᠎ᠤ ᠶᠡᠷᠦᠩᠬᠡᠢᠯᠡᠨ ᠵᠠᠰᠠᠬᠤ ᠲᠥᠪ ᠵᠠᠷᠭᠤ᠎ᠶᠢ ᠣᠯᠣᠮᠠᠭᠴᠠ ᠳᠠᠷᠤᠢ ᠭᠦᠢᠴᠡᠳᠬᠡᠵᠦ᠂ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ᠂ ᠨᠡᠷ᠎ᠡ ᠮᠡᠳᠡᠭᠦᠯᠦᠭᠰᠡᠨ ᠲᠡᠮᠳᠡᠭᠯᠡᠯ᠂ ᠡᠪᠡᠳᠴᠢᠨ᠎ᠤ ᠲᠡᠤᠭᠡ ᠵᠡᠷᠭᠡ ᠵᠠᠩᠭᠢᠯᠠᠭ᠎ᠠ᠎ᠶᠢᠨ ᠭᠡᠷᠡᠴᠢ ᠪᠠᠷᠢᠮᠲᠠ᠎ᠶᠢ ᠳᠠᠷᠤᠢ ᠲᠦᠷᠭᠡᠨ ᠬᠢᠨᠠᠨ ᠬᠠᠷᠭᠤᠭᠤᠯᠵᠤ᠂ ᠪᠣᠳᠠᠲᠤ ᠬᠡᠷᠡᠭ᠎ᠦᠨ ᠰᠠᠭᠤᠷᠢ ᠲᠣᠳᠣᠷᠬᠠᠢ ᠪᠠᠢᠬᠤ ᠪᠠᠢᠳᠠᠯ ᠳᠣᠣᠷ᠎ᠠ᠂ ᠬᠣᠶᠠᠷ ᠲᠠᠯ᠎ᠠ᠎ᠶᠢᠨ ᠤᠷᠮ᠎ᠠ ᠰᠡᠳᠬᠢᠯᠭᠡ᠎ᠶᠢ ᠬᠥᠲᠥᠯᠥᠨ ᠵᠢᠯᠤᠭᠣᠳᠴᠤ᠂ ᠵᠢᠯᠣᠭᠣᠴᠢ᠎ᠶᠢᠨ ᠰᠤᠷᠭᠠᠭᠤᠯᠢ᠎ᠶᠢᠨ ᠡᠵᠡᠩᠨᠡᠯᠲᠡ᠎ᠶᠢᠨ ᠡᠷᠬᠡ ᠠᠰᠢᠭ᠋ ᠪᠣᠯᠣᠨ ᠣᠯᠠᠨ ᠲᠦᠮᠡᠨ᠎ᠦ ᠪᠣᠳᠠᠲᠠᠢ ᠬᠦᠴᠢᠷᠳᠡᠯ᠎ᠢ ᠬᠠᠮᠲᠤ ᠳ᠋ᠤᠨᠢ ᠬᠠᠷᠠᠭᠠᠯᠵᠠᠵᠤ᠂ ᠬᠣᠶᠠᠷ ᠲᠠᠯ᠎ᠠ᠎ᠶᠢᠨ ᠵᠥᠷᠢᠯᠳᠦᠭᠡᠨ᠎ᠢ ᠠᠯᠬᠤᠮ ᠠᠯᠬᠤᠮ᠎ᠢᠶᠠᠷ ᠪᠠᠭᠠᠰᠬᠠᠪᠠ᠃

ᠡᠴᠦᠰ᠎ᠲᠡᠭᠡᠨ ᠡᠶᠡᠳᠡᠭᠦᠯᠦᠭᠴᠢ᠎ᠶᠢᠨ ᠴᠢᠷᠮᠠᠢᠯᠭ᠎ᠠ ᠳᠣᠣᠷ᠎ᠠ᠂ ᠬᠣᠶᠠᠷ ᠲᠠᠯ᠎ᠠ᠎ᠪᠠᠷ᠎ᠢᠶᠠᠨ ᠰᠠᠢᠨ ᠳᠤᠷ᠎ᠠ᠎ᠡᠴᠡ᠎ᠪᠠᠨ ᠬᠡᠯᠡᠯᠴᠡᠭᠡᠷ ᠲᠣᠭᠲᠠᠭᠠᠵᠤ᠂ ᠵᠢᠯᠣᠭᠣᠴᠢ᠎ᠶᠢᠨ ᠰᠤᠷᠭᠠᠭᠤᠯᠢ ᠭᠦᠸᠸ ᠣᠪᠣᠭᠲᠤ᠎ᠳᠤ 1240 ᠲᠥᠭᠥᠷᠢᠭ ᠪᠤᠴᠠᠭᠠᠵᠤ ᠥᠭᠭᠦᠭᠡᠳ ᠵᠠᠭᠤᠷᠠᠯᠳᠤᠭᠠᠨ᠎ᠢ ᠲᠤᠬᠠᠢ᠎ᠶᠢᠨ ᠭᠠᠵᠠᠷ ᠲᠤᠨᠢ ᠰᠢᠢᠳᠪᠦᠷᠢᠯᠡᠵᠦ ᠴᠢᠳᠠᠵᠠᠢ᠃

ᠣᠢᠷ᠎ᠠ᠎ᠶᠢᠨ ᠵᠢᠯ᠎ᠡᠴᠡ ᠨᠠᠭᠠᠰᠢ᠂ ᠵᠠᠷᠤᠳ ᠬᠣᠰᠢᠭᠤ ᠶᠡᠷᠦᠩᠬᠡᠢᠯᠡᠨ ᠵᠠᠰᠠᠬᠤ ᠲᠥᠪ᠎ᠢ ᠵᠢᠷᠤᠮᠵᠢᠭᠤᠯᠤᠨ ᠪᠦᠲᠦᠭᠡᠨ ᠪᠠᠶ᠋ᠢᠭᠤᠯᠬᠤ᠂ ᠪᠣᠳᠠᠲᠤ ᠴᠣᠭᠴᠠᠵᠢᠭᠤᠯᠤᠨ ᠠᠵᠢᠯᠯᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠵᠥᠷᠢᠴᠡᠯ ᠵᠠᠭᠤᠷᠠᠯᠳᠤᠭᠠᠨ᠎ᠢ ᠰᠡᠷᠭᠡᠢᠯᠡᠨ ᠠᠷᠢᠯᠭᠠᠬᠤ ᠬᠠᠤᠯᠢ ᠪᠡᠷ ᠵᠠᠰᠠᠬᠤ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠦᠨᠳᠦᠰᠦᠨ ᠱᠠᠲᠤᠨ᠎ᠤ ᠵᠠᠰᠠᠯᠲᠠ᠎ᠶᠢᠨ ᠬᠦᠴᠢᠷ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠵᠦ᠂ ᠵᠠᠰᠠᠯᠲᠠ᠎ᠶᠢᠨ ᠦᠷ᠎ᠡ ᠪᠦᠲᠦᠮᠵᠢ ᠲᠣᠭᠲᠠᠭᠤᠨ᠎ᠢᠶᠠᠷ ᠳᠡᠭᠡᠭᠰᠢᠯᠡᠪᠡ᠃

3000 ᠲᠡᠭᠰᠢ ᠳᠥᠷᠪᠡᠯᠵᠢᠨ ᠮᠸᠲᠷ ᠲᠠᠯᠠᠪᠠᠢ ᠪᠦᠬᠦᠢ ᠵᠠᠷᠤᠳ ᠬᠣᠰᠢᠭᠤᠨ᠎ᠤ ᠶᠡᠷᠦᠩᠬᠡᠢᠯᠡᠨ ᠵᠠᠰᠠᠬᠤ ᠲᠥᠪ᠎ᠲᠦ ᠣᠷᠣᠬᠤ᠎ᠳᠤ᠂ ᠤᠯᠠᠨ ᠲᠦᠮᠡᠨ᠎ᠢ ᠬᠦᠯᠢᠶᠡᠨ ᠠᠪᠬᠤ ᠶᠡᠬᠡ ᠲᠢᠩᠬᠢᠮ᠎ᠳᠦ᠂ ᠨᠢᠭᠡᠳᠦᠯᠲᠡᠢ ᠴᠣᠩᠬᠣᠪᠴᠢ᠂ ᠵᠢᠷᠤᠮᠵᠢᠭ᠍ᠰᠠᠨ ᠲᠡᠮᠳᠡᠭ᠎ᠢ ᠲᠣᠪ ᠲᠣᠳᠣᠷᠬᠠᠢ ᠤᠯᠵᠤ ᠦᠵᠡᠨ᠎ᠡ᠃ ᠰᠢᠭᠦᠬᠦ ᠬᠣᠷᠢᠶ᠎ᠠ᠂ ᠪᠠᠢᠴᠠᠭᠠᠬᠤ ᠬᠣᠷᠢᠶ᠎ᠠ᠂ ᠳᠣᠲᠣᠭᠠᠳᠤ᠎ᠶᠢ ᠬᠠᠮᠠᠭᠠᠯᠠᠬᠤ᠂ ᠬᠠᠤᠯᠢ ᠴᠠᠭᠠᠵᠠ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠵᠡᠷᠭᠡ 5 ᠰᠠᠯᠠᠭ᠎ᠠ ᠮᠥᠴᠢᠷ ᠪᠠᠢᠩᠭᠤ ᠰᠠᠭᠤᠵᠤ᠂ ᠵᠠᠬᠢᠳᠠᠯ ᠰᠣᠷᠪᠤᠯᠵᠢᠯᠠᠯ᠎ᠤᠨ ᠲᠣᠪᠴᠢᠶ᠎ᠠ᠂ ᠬᠠᠤᠯᠢ᠎ᠶᠢᠨ ᠤᠬᠠᠭᠠᠨ᠎ᠤ ᠨᠡᠢᠭᠡᠮᠯᠢᠭ ᠵᠡᠷᠭᠡ 2 ᠨᠢᠭᠡᠴᠢ ᠪᠦᠬᠦᠯᠢ ᠴᠣᠭᠴᠠ᠎ᠪᠠᠷ᠎ᠢᠶᠠᠨ ᠣᠷᠣᠵᠤ ᠰᠠᠭᠤᠵᠤ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ ᠵᠡᠷᠭᠡ 31 ᠰᠠᠯᠠᠭ᠎ᠠ ᠮᠥᠴᠢᠷ ᠡᠭᠡᠯᠵᠢᠯᠡᠨ ᠰᠠᠭᠤᠬᠤ᠎ᠶᠢ ᠪᠡᠶᠡᠯᠡᠭᠦᠯᠦᠭᠰᠡᠨ ᠪᠥᠭᠡᠳ ᠯᠦᠪᠧᠢ ᠪᠠᠯᠭᠠᠰᠤᠨ᠎ᠤ ᠶᠡᠷᠦᠩᠬᠡᠢᠯᠡᠨ ᠵᠠᠰᠠᠬᠤ ᠲᠥᠪ᠎ᠲᠠᠢ ᠬᠤᠯᠪᠤᠭᠠᠯᠠᠨ ᠪᠠᠢᠭᠤᠯᠵᠤ ᠬᠤᠯᠪᠤᠭᠠᠯᠠᠨ ᠲᠤᠬᠢᠷᠠᠭᠤᠯᠪᠠ᠃

《ᠣᠯᠠᠨ ᠲᠦᠮᠡᠨ ᠬᠦᠴᠢᠷ ᠠᠰᠠᠭᠤᠳᠠᠯ᠎ᠳᠤ ᠲᠤᠯᠭᠠᠷᠠᠪᠠᠯ ᠨᠢᠭᠡ ᠯᠡ ᠰᠠᠯᠠᠭ᠎ᠠ ᠮᠥᠴᠢᠷ ᠰᠢᠢᠳᠪᠦᠷᠢᠯᠡᠬᠦ᠎ᠶᠢᠨ ᠠᠷᠭ᠎ᠠ ᠦᠭᠡᠢ᠂ ᠭᠡᠪᠡᠴᠦ ᠮᠠᠨ᠎ᠤ ᠡᠨᠳᠡ ᠣᠯᠠᠨ ᠰᠠᠯᠠᠭ᠎ᠠ ᠮᠥᠴᠢᠷ᠎ᠲᠣᠰ ᠲᠣᠰ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠂ ᠬᠠᠮᠲᠤ᠎ᠪᠠᠷ ᠰᠢᠢᠳᠪᠦᠷᠢᠯᠡᠬᠦ᠎ᠶᠢ ᠲᠦᠷᠭᠡᠨ ᠨᠢᠭᠡᠳᠦᠯᠲᠡᠢ ᠲᠥᠯᠥᠪᠵᠢᠭᠦᠯᠵᠦ ᠪᠣᠯᠣᠨ᠎ᠠ》 ᠭᠡᠵᠦ ᠵᠠᠷᠤᠳ ᠬᠣᠰᠢᠭᠤᠨ᠎ᠤ ᠶᠡᠷᠦᠩᠬᠡᠢᠯᠡᠨ ᠵᠠᠰᠠᠬᠤ ᠲᠥᠪ᠎ᠦᠨ ᠡᠷᠬᠢᠯᠡᠭᠴᠢ ᠲᠤᠤ ᠶᠠ ᠴᠢᠶᠠᠨ ᠲᠠᠨᠢᠯᠴᠠᠭᠤᠯᠪᠠ᠃

ᠵᠠᠷᠤᠳ ᠬᠣᠰᠢᠭᠤᠨ᠎ᠤ ᠶᠡᠷᠦᠩᠬᠡᠢᠯᠡᠨ ᠵᠠᠰᠠᠬᠤ ᠲᠥᠪ ᠨᠢ ᠵᠥᠷᠢᠴᠡᠯ ᠵᠠᠭᠤᠷᠠᠯᠳᠤᠭᠠᠨ᠎ᠢ ᠨᠠᠮᠳᠠᠭᠤᠯᠬᠤ ᠬᠠᠤᠯᠢ᠎ᠪᠠᠷ ᠵᠠᠰᠠᠬᠤ 《ᠵᠠᠮ ᠱᠤᠭᠤᠮ᠎ᠤᠨ ᠵᠢᠷᠤᠭ》 ᠶᠣᠰᠣᠭᠠᠷ᠂ ᠭᠥᠯᠢᠶᠡᠨ ᠠᠪᠴᠤ ᠰᠢᠢᠳᠪᠦᠷᠢᠯᠡᠬᠦ ᠲᠤᠭᠤᠷᠢᠭ᠂ ᠣᠯᠠᠨ ᠡᠰᠢᠵᠢᠭᠰᠡᠨ ᠨᠠᠮᠳᠠᠭᠤᠯᠬᠤ ᠲᠣᠭᠣᠷᠢᠭ᠋᠂ ᠵᠢᠯᠣᠭᠣᠳᠤᠨ ᠲᠣᠬᠢᠷᠠᠭᠤᠯᠬᠤ ᠲᠤᠭᠤᠷᠢᠭ᠎ᠢ ᠰᠢᠨᠵᠢᠯᠡᠬᠦ ᠤᠬᠠᠭᠠᠨᠴᠢ᠎ᠪᠠᠷ ᠲᠣᠬᠢᠷᠠᠭᠤᠯᠵᠤ᠂ 《ᠬᠠᠭᠤᠳᠠᠰᠤ ᠲᠣᠮᠢᠯᠠᠬᠤ》 ᠵᠠᠭᠪᠤᠷ᠎ᠢᠶᠠᠷ ᠬᠦᠰᠡᠯ ᠱᠠᠭᠠᠷᠳᠠᠯᠭ᠎ᠠ᠎ᠶᠢ ᠲᠥᠷᠥᠯ ᠬᠤᠪᠢᠶᠠᠨ ᠵᠣᠬᠢᠴᠠᠩᠭᠤᠢ ᠭᠦᠢᠴᠡᠳᠬᠡᠬᠦ ᠲᠠᠰ ᠳᠠᠷᠠᠭᠠᠯᠠᠯ᠎ᠳᠤ ᠣᠷᠣᠭᠤᠯᠵᠤ᠂ 《ᠶᠡᠷᠦᠩᠬᠡᠢᠯᠡᠨ ᠵᠠᠰᠠᠬᠤ ᠲᠥᠪ ᠲᠠᠰ ᠳᠠᠷᠠᠭᠠᠯᠠᠯ ᠵᠢᠡᠷ ᠠᠬᠢᠭᠤᠯᠬᠤ᠂ ᠣᠷᠣᠵᠤ ᠰᠠᠭᠤᠭᠰᠠᠨ ᠰᠠᠯᠠᠭ᠎ᠠ ᠮᠥᠴᠢᠷ ᠪᠣᠳᠠᠲᠠᠢ ᠨᠠᠮᠳᠠᠭᠤᠯᠬᠤ》 ᠠᠵᠢᠯ᠎ᠤᠨ ᠪᠠᠢᠷᠢᠰᠢᠯ᠎ᠢ ᠪᠣᠶ ᠪᠣᠯᠭᠠᠵᠤ᠂ ᠠᠷᠠᠳ᠎ᠤᠨ ᠡᠶᠡᠳᠡᠭᠦᠯᠭᠡ᠂ ᠵᠠᠰᠠᠭ ᠵᠠᠬᠢᠷᠭᠠᠨ᠎ᠤ ᠡᠶᠡᠳᠡᠭᠦᠯᠭᠡ᠂ ᠬᠠᠤᠯᠢ ᠴᠠᠭᠠᠵᠠ᠎ᠶᠢᠨ ᠡᠶᠡᠳᠡᠭᠦᠯᠭᠡ 《ᠭᠤᠷᠪᠠᠨ ᠡᠶᠡᠳᠡᠭᠦᠯᠭᠡ ᠬᠤᠯᠪᠤᠭᠠᠯᠠᠨ ᠬᠦᠳᠡᠯᠦᠯᠴᠡᠬᠦ》 ᠵᠢ ᠪᠡᠶᠡᠯᠡᠭᠦᠯᠪᠡ᠃ ᠡᠶᠡᠳᠡᠭᠦᠯᠬᠦ᠎ᠶᠢ ᠲᠡᠷᠢᠭᠦᠨ᠎ᠳᠦ ᠲᠠᠯᠪᠢᠬᠤ᠎ᠶᠢ ᠪᠠᠷᠢᠮᠲᠠᠯᠠᠵᠤ᠂ ᠵᠠᠭᠠᠯᠳᠤᠯᠭ᠎ᠠ ᠵᠢ ᠡᠶᠡᠳᠡᠭᠦᠯᠬᠦ᠂ ᠵᠠᠬᠢᠳᠠᠯ ᠰᠤᠷᠪᠤᠯᠵᠢᠯᠠᠯ᠎ᠵᠢᠡᠷ ᠡᠶᠡᠳᠡᠭᠦᠯᠬᠦ᠂ ᠴᠠᠭᠳᠠᠭᠠᠨ᠎ᠤ ᠡᠶᠡᠳᠡᠭᠦᠯᠬᠦ ᠵᠡᠷᠭᠡ ᠡᠬᠢ ᠪᠠᠶᠠᠯᠢᠭ᠋᠎ᠤᠨ ᠠᠭᠤᠰᠤᠯᠴᠠᠯ᠎ᠢ ᠢᠳᠡᠪᠬᠢᠲᠡᠢ ᠠᠬᠢᠭᠤᠯᠵᠤ᠂ ᠪᠠᠭ᠎ᠠ ᠶᠠᠪᠤᠳᠠᠯ᠎ᠢ ᠲᠤᠬᠠᠢ᠎ᠶᠢᠨ ᠭᠠᠵᠠᠷ ᠣᠢᠷ᠎ᠠ ᠬᠠᠪᠢ ᠳ᠋ᠤᠨᠢ ᠰᠢᠢᠳᠪᠦᠷᠢᠯᠡᠬᠦ᠂ ᠶᠡᠬᠡ ᠶᠠᠪᠤᠳᠠᠯ᠎ᠢ ᠲᠡᠰ ᠬᠤᠪᠢᠶᠠᠨ ᠬᠣᠯᠪᠤᠭᠠᠯᠠᠨ ᠰᠢᠢᠳᠪᠦᠷᠢᠯᠡᠬᠦ᠎ᠶᠢ ᠪᠡᠶᠡᠯᠡᠭᠦᠯᠬᠦ᠎ᠶᠢ ᠠᠬᠢᠭᠤᠯᠪᠠ᠃ ᠨᠢᠭᠡᠳᠦᠯᠲᠡᠢ ᠭᠥᠯᠢᠶᠡᠨ ᠠᠪᠴᠤ ᠰᠢᠢᠳᠪᠦᠷᠢᠯᠡᠬᠦ᠂ ᠲᠥᠷᠥᠯ ᠬᠤᠪᠢᠶᠠᠨ ᠡᠷᠭᠢᠯᠳᠦᠭᠦᠯᠬᠦ᠂ ᠬᠠᠤᠯᠢ ᠶᠣᠰᠣᠭᠠᠷ ᠭᠦᠢᠴᠡᠳᠬᠡᠬᠦ᠂ ᠵᠥᠪᠳᠡᠯᠴᠡᠨ ᠰᠤᠳᠤᠯᠤᠨ ᠮᠠᠭᠠᠳᠯᠠᠬᠤ᠂ ᠱᠠᠯᠠᠪᠳᠠᠭᠤᠯᠤᠨ ᠭᠦᠢᠴᠡᠳᠬᠡᠬᠦ ᠬᠠᠷᠢᠭᠤᠴᠠᠯᠭ᠎ᠠ ᠨᠡᠬᠡᠮᠵᠢᠯᠡᠬᠦ ᠵᠡᠷᠭᠡ 12 ᠵᠦᠢᠯ᠎ᠦᠨ ᠳᠦᠷᠢᠮ᠎ᠢ ᠪᠠᠢᠭᠤᠯᠵᠤ᠂ 《ᠭᠤᠷᠪᠠᠨ ᠬᠠᠭᠤᠳᠠᠰᠤ ᠬᠣᠶᠠᠷ ᠪᠢᠴᠢᠭ》 (ᠭᠥᠯᠢᠶᠡᠨ ᠠᠪᠴᠤ ᠰᠢᠢᠳᠪᠦᠷᠢᠯᠡᠬᠦ ᠮᠡᠳᠡᠭᠳᠡᠯ᠎ᠦᠨ ᠬᠠᠭᠤᠳᠠᠰᠤ᠂ ᠰᠢᠯᠵᠢᠭᠦᠯᠦᠨ ᠬᠦᠷᠭᠡᠵᠦ ᠲᠤᠰᠢᠶᠠᠨ ᠰᠢᠢᠳᠪᠦᠷᠢᠯᠡᠭᠦᠯᠬᠦ ᠬᠠᠭᠤᠳᠠᠰᠤ᠂ ᠭᠦᠢᠴᠡᠳᠬᠡᠭᠰᠡᠨ ᠦᠷ᠎ᠡ ᠳ᠋ᠦᠩ᠎ᠢ ᠮᠡᠳᠡᠭᠳᠡᠬᠦ ᠬᠠᠭᠤᠳᠠᠰᠤ᠂ ᠠᠵᠢᠯ᠎ᠤᠨ ᠰᠠᠨᠠᠭᠤᠯᠤᠮᠵᠢ᠎ᠶᠢᠨ ᠪᠢᠴᠢᠭ᠂ ᠲᠦᠭᠰᠢᠭᠦᠷᠢ᠎ᠶᠢ ᠰᠡᠷᠡᠮᠵᠢᠯᠡᠭᠦᠯᠬᠦ ᠪᠢᠴᠢᠭ) ᠤ᠋ᠨ ᠠᠵᠢᠯ᠎ᠤᠨ ᠴᠤᠪᠤᠷᠠᠯ᠎ᠢ ᠴᠢᠩᠭ᠎ᠠ ᠨᠠᠢᠳᠠᠪᠤᠷᠢᠵᠢᠭᠤᠯᠪᠠ᠃ 《ᠨᠢᠭᠡ ᠬᠡᠷᠡᠭ᠎ᠲᠦ ᠨᠢᠭᠡ ᠺᠤᠳ᠋》 ᠢ᠋ ᠬᠡᠷᠡᠭᠵᠢᠭᠦᠯᠵᠦ᠂ ᠳᠠᠩᠰᠠᠯᠠᠬᠤ᠂ ᠰᠠᠯᠭᠠᠬᠤ᠂ ᠰᠢᠢᠳᠪᠦᠷᠢᠯᠡᠬᠦ᠎ᠡᠴᠡ ᠡᠬᠢᠯᠡᠨ ᠬᠠᠷᠢᠭᠤ ᠰᠤᠷᠪᠤᠯᠵᠢᠯᠠᠬᠤ ᠪᠥᠬᠥ ᠶᠠᠪᠤᠴᠠ᠎ᠵᠢ ᠪᠠᠢᠴᠠᠭᠠᠨ ᠯᠠᠪᠯᠠᠵᠤ᠂ ᠮᠥᠷᠳᠡᠵᠦ ᠪᠣᠯᠣᠨ᠎ᠠ᠂ ᠬᠥᠷᠰᠢ ᠵᠡᠷᠭᠡᠯᠡᠳᠡᠭᠡ᠎ᠶᠢᠨ ᠵᠠᠭᠤᠷᠠᠯᠳᠤᠭᠠᠨ᠂ ᠭᠠᠵᠠᠷ ᠰᠢᠷᠣᠢ᠎ᠶᠢᠨ ᠵᠥᠷᠢᠴᠡᠯ ᠭᠡᠰᠡᠨ ᠦᠭᠡᠢ᠂ ᠡᠰᠡᠬᠦᠯ᠎ᠡ ᠠᠳᠠᠯ ᠠᠬᠤᠢ᠎ᠶᠢᠨ ᠵᠠᠭᠤᠷᠠᠯᠳᠤᠭᠠᠨ᠂ ᠭᠡᠷ ᠪᠦᠯᠢ᠎ᠶᠢᠨ ᠠᠷᠰᠠᠷ ᠶᠠᠪᠤᠳᠠᠯ ᠭᠡᠰᠡᠨ ᠦᠭᠡᠢ᠂ ᠣᠯᠠᠨ ᠲᠦᠮᠡᠨ ᠵᠥᠪᠬᠡᠨ 《ᠨᠢᠭᠡ ᠡᠭᠦᠳᠡ》 ᠳ᠋ᠤ᠌ ᠣᠷᠣᠪᠠᠯ ᠳᠠᠷᠤᠢ 《ᠨᠢᠭᠡ ᠥᠷᠲᠡᠭᠡᠴᠢᠯᠡᠭᠰᠡᠨ ᠮᠠᠶᠢᠭ᠋᠎ᠤᠨ ᠭᠥᠯᠢᠶᠡᠨ ᠠᠪᠴᠤ ᠰᠢᠢᠳᠪᠦᠷᠢᠯᠡᠬᠦ᠂ ᠪᠦᠬᠦᠨ᠎ᠢ ᠵᠣᠬᠢᠴᠠᠭᠤᠯᠤᠨ ᠰᠢᠢᠳᠪᠦᠷᠢᠯᠡᠬᠦ᠂ ᠪᠥᠬᠥ ᠬᠡᠯᠬᠢᠶ᠎ᠡ᠎ᠪᠡᠷ ᠰᠢᠢᠳᠪᠦᠷᠢᠯᠡᠬᠦ》 ᠵᠢ ᠪᠡᠶᠡᠯᠡᠭᠦᠯᠵᠦ ᠪᠤᠯᠤᠨ᠎ᠠ᠃

《ᠠᠷᠠᠳ᠎ᠤᠨ ᠡᠶᠡᠳᠡᠭᠦᠯᠭᠡ᠎ᠳᠦ ᠪᠠᠭ᠎ᠠ ᠶᠠᠪᠤᠳᠠᠯ ᠠᠯᠠᠭ᠎ᠠ᠃ ᠬᠠᠷᠢᠭᠤᠴᠠᠯᠭ᠎ᠠ ᠪᠠ ᠬᠦᠯᠢᠴᠡᠩᠭᠦᠢ᠎ᠪᠡᠷ ᠵᠥᠷᠢᠴᠡᠯ ᠵᠠᠭᠤᠷᠠᠯᠳᠤᠭᠠᠨ ᠨᠢᠭᠡᠪᠦᠷᠢ᠎ᠶᠢ ᠪᠦᠬᠦ ᠬᠦᠴᠦ᠎ᠪᠡᠷ᠎ᠢᠶᠡᠨ ᠠᠷᠢᠯᠭᠠᠵᠤ᠂ ᠰᠡᠳᠬᠢᠯ ᠵᠣᠪᠠᠨᠢᠵᠤ ᠪᠠᠢᠭᠰᠠᠨ ᠶᠠᠪᠤᠳᠠᠯ᠎ᠢ ᠰᠡᠳᠬᠢᠯ᠎ᠢ ᠳᠤᠯᠠᠭᠠᠴᠡᠭᠤᠯᠬᠤ ᠶᠠᠪᠤᠳᠠᠯ ᠪᠣᠯᠭᠠᠬᠤ ᠪᠣᠯ ᠮᠠᠨ᠎ᠤ ᠲᠤᠰᠢᠶᠠᠯ ᠬᠠᠷᠢᠭᠤᠴᠠᠯᠭ᠎ᠠ ᠮᠥᠨ》 ᠭᠡᠵᠦ ᠲᠦᠷᠦᠭᠦᠬᠡᠨ ᠨᠢᠭᠡ ᠵᠠᠭᠤᠷᠠᠯᠳᠤᠭᠠᠨ᠎ᠢ ᠠᠮᠵᠢᠯᠲᠠ᠎ᠲᠠᠢ ᠡᠶᠡᠳᠡᠭᠦᠯᠦᠭᠰᠡᠨ ᠡᠶᠡᠳᠡᠭᠦᠯᠦᠭᠴᠢ ᠯᠢ ᠱᠣ᠌ ᠯᠢᠶᠠᠨ ᠭᠦᠨ ᠲᠥᠷᠥᠭᠳᠡᠯ᠎ᠲᠠᠢ ᠬᠡᠯᠡᠪᠡ᠃

ᠲᠣᠭ᠎ᠠ ᠪᠠᠷᠢᠮᠲᠠ ᠪᠡᠷ ᠭᠡᠷᠡᠴᠢᠯᠡᠭᠡ ᠪᠤᠯᠭᠠᠵᠦ᠂ ᠠᠮᠤᠷ ᠲᠦᠪᠰᠢᠨ ᠦᠨᠡᠨ ᠪᠤᠳᠠᠳᠠᠢ ᠲᠦᠷᠦᠭᠳᠡᠯ ᠪᠤᠯᠪᠠ᠃ ᠵᠠᠷᠤᠳ ᠬᠣᠰᠢᠭᠤᠨ᠎ᠤ ᠶᠡᠷᠦᠩᠬᠡᠢᠯᠡᠨ ᠵᠠᠰᠠᠬᠤ ᠲᠥᠪ ᠪᠠᠢᠭᠤᠯᠤᠭᠳᠠᠭᠰᠠᠨ᠎ᠡᠴᠡ ᠨᠠᠭᠠᠰᠢ᠂ ᠵᠥᠷᠢᠴᠡᠯ ᠵᠠᠭᠤᠷᠠᠯᠳᠤᠭᠠᠨ᠎ᠢ ᠨᠡᠶ᠋ᠢᠲᠡ 3392 ᠬᠤᠪᠢ ᠭᠥᠯᠢᠶᠡᠨ ᠠᠪᠴᠤ ᠰᠢᠢᠳᠪᠦᠷᠢᠯᠡᠨ᠂ 3226 ᠬᠤᠪᠢ᠎ᠶᠢ ᠡᠶᠡᠳᠡᠭᠦᠯᠦᠭᠡᠳ ᠠᠮᠵᠢᠯᠲᠠ ᠣᠯᠵᠤ᠂ ᠡᠶᠡᠳᠡᠭᠦᠯᠦᠭᠰᠡᠨ ᠨᠣᠷᠮ᠎ᠠ ᠨᠢ 95.1%᠎ᠳ᠋ᠤ᠌ ᠬᠦᠷᠴᠡᠢ᠃

《ᠤᠯᠠᠨ ᠰᠠᠯᠠᠭ᠎ᠠ ᠮᠥᠴᠢᠷ ᠲᠤ᠌ ᠭᠦᠶᠦᠬᠦ》 ᠡᠴᠡ 《ᠨᠢᠭᠡ ᠡᠭᠦᠳᠡᠡ᠎ᠳᠤ ᠭᠦᠢᠴᠡᠳᠭᠡᠬᠦ》 ᠬᠦᠷᠲᠡᠯ᠎ᠡ᠂ ᠶᠡᠷᠦᠩᠬᠡᠢᠯᠡᠨ ᠵᠠᠰᠠᠬᠤ ᠲᠥᠪ ᠨᠢ ᠤᠯᠠᠨ ᠲᠦᠮᠡᠨ᠎ᠦ ᠳᠡᠷᠭᠡᠳᠡᠬᠢ 《ᠵᠣᠪᠠᠨᠢᠯ᠎ᠢ ᠠᠷᠢᠯᠭᠠᠬᠤ ᠦᠷᠳᠡᠭᠡ》 ᠪᠣᠯᠪᠠ᠃ ᠵᠠᠷᠤᠳ ᠬᠣᠰᠢᠭᠤ ᠬᠦᠴᠦᠲᠡᠢ ᠠᠷᠭ᠎ᠠ ᠬᠡᠮᠵᠢᠶ᠎ᠡ᠎ᠪᠡᠷ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭ᠍ᠰᠠᠨ ᠪᠠᠢᠭᠤᠯᠤᠯᠲᠠ᠎ᠶᠢ ᠭᠦᠨᠵᠡᠭᠡᠢᠷᠡᠭᠦᠯᠦᠨ ᠠᠬᠢᠭᠤᠯᠵᠤ᠂ ᠨᠡᠢᠭᠡᠮ᠎ᠦᠨ ᠵᠠᠰᠠᠯᠲᠠ᠎ᠶᠢᠨ ᠣᠨᠣᠪᠴᠢ᠎ᠶᠢᠨ ᠬᠡᠮᠵᠢᠶ᠎ᠡ ᠪᠣᠯᠣᠨ ᠳᠤᠯᠠᠭᠠᠨ᠎ᠤ ᠬᠡᠮᠵᠢᠶ᠎ᠡ᠎ᠶᠢ ᠦᠷᠭᠦᠯᠵᠢᠯᠡᠨ ᠳᠡᠭᠡᠭᠰᠢᠯᠡᠭᠦᠯᠵᠦ᠂ ᠠᠮᠤᠷ ᠠᠮᠤᠭᠤᠯᠠᠩ᠎ᠤᠨ ᠨᠡᠷᠡᠨ᠎ᠦ ᠬᠡᠷᠡᠯ᠎ᠢ ᠥᠨᠴᠥᠭ ᠪᠤᠯᠤᠩ ᠪᠦᠬᠦᠨ᠎ᠳᠦ ᠰᠠᠴᠤᠵᠤ᠂ ᠴᠢᠨᠠᠷ ᠰᠠᠢᠲᠠᠢ ᠬᠥᠭᠵᠢᠯᠲᠡ᠎ᠳᠦ ᠠᠮᠤᠷ ᠲᠦᠪᠰᠢᠨ᠎ᠦ ᠪᠠᠲᠤ ᠪᠡᠬᠢ ᠰᠠᠭᠤᠷᠢ᠎ᠶᠢ ᠪᠡᠬᠢᠵᠢᠭᠦᠯᠵᠦ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面