2026-10-09 10:07:40
《ᠵᠠᠰᠠᠯᠲᠠ》 《ᠤᠶᠤᠨᠴᠢᠯᠠᠯᠲᠠ》 ᠵᠢ ᠠᠭᠤᠰᠤᠯᠴᠠᠭᠤᠯᠵᠤ ᠣᠯᠠᠨ ᠲᠦᠮᠡᠨ᠎ᠦ ᠪᠤᠬᠢᠨᠢᠳᠤᠯ ᠢ ᠠᠷᠢᠯᠭᠠᠨ᠎ᠠ
ᠣᠢᠷ᠎ᠠ᠎ᠳᠤ᠂ ᠦᠬᠠᠶ ᠬᠣᠲᠠ᠎ᠶ᠋ᠢᠨ ᠤᠳᠠ᠎ᠵᠢᠨ ᠲᠤᠬᠤᠢ ᠲᠣᠭᠣᠷᠢᠭ᠎ᠤᠨ ᠨᠢᠭᠡ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠦᠨ ᠬᠡᠷ ᠪᠠᠢᠱᠢᠩ ᠤᠰᠤ ᠭᠣᠭᠣᠵᠢᠭ᠍ᠰᠠᠨ᠎ᠡᠴᠡ ᠪᠣᠯᠵᠣ ᠬᠥᠷᠰᠢ ᠵᠡᠷᠭᠡᠯᠡᠳᠡᠭᠡ᠎ᠶ᠋ᠢᠨ ᠵᠠᠭᠤᠷᠠᠯᠳᠤᠭᠠᠨ ᠡᠭᠦᠰᠴᠦ᠍᠂ ᠲᠤᠤᠷᠵᠢᠭᠤᠯᠤᠯᠲᠠ᠎ᠶ᠋ᠢᠨ ᠠᠵᠢᠯᠲᠠᠨ ᠶᠡᠷᠦᠩᠬᠡᠢᠯᠡᠨ ᠵᠠᠰᠠᠬᠤ ᠪᠠ ᠲᠤᠤᠷᠵᠢᠯᠲᠠ᠎ᠵᠢᠨ ᠮᠡᠳᠡᠭᠡ ᠵᠠᠩᠭᠢ᠎ᠶ᠋ᠢᠨ ᠲᠠᠪᠴᠠᠩ᠎ᠢᠶᠠᠷ ᠳᠠᠮᠵᠢᠭᠤᠯᠤᠨ ᠲᠤᠬᠠᠶ᠎ᠶ᠋ᠢᠨ ᠲᠠᠯᠠᠪᠠᠶ᠎ᠶ᠋ᠢᠨ ᠪᠠᠢᠳᠠᠯ ᠂ᠬᠤᠶᠡᠷ ᠲᠠᠯ᠎ᠠ ᠵᠢᠨ ᠬᠦᠰᠡᠯ ᠱᠠᠭᠠᠷᠳᠠᠯᠭ᠎ᠠ ᠵᠢᠴᠢ ᠭᠡᠷᠡᠴᠢᠯᠡᠬᠦ᠌ ᠮᠠᠲ᠋ᠧᠷᠢᠶᠠᠯ ᠢ ᠴᠠᠭ ᠲᠤᠬᠠᠶ᠎ᠳᠤᠨᠢ ᠳᠡᠭᠡᠭ᠌ᠰᠢ ᠳᠠᠮᠵᠢᠭᠤᠯᠵᠤ᠂ ᠲᠠᠪᠴᠠᠩ ᠨᠢ ᠠᠦ᠋ᠲ᠋ᠣ᠋ ᠲᠥᠷᠥᠯ ᠬᠤᠪᠢᠶᠠᠨ ᠬᠠᠮᠢᠶ᠎ᠠ ᠪᠥᠬᠥᠶ ᠰᠠᠯᠠᠭ᠎ᠠ ᠮᠥᠴᠢᠷ᠎ᠲᠦ ᠱᠢᠯᠵᠢᠭᠦᠯᠵᠦ᠍᠂ ᠳᠠᠷᠠᠭ᠎ᠠ ᠨᠢ ᠬᠠᠮᠢᠶ᠎ᠠ ᠪᠥᠬᠥᠶ ᠰᠠᠯᠠᠭ᠎ᠠ ᠮᠥᠴᠢᠷ ᠬᠠᠮᠲᠤᠷᠠᠨ ᠰᠦᠯᠵᠢᠶᠡᠨ ᠳᠡᠭᠡᠷ᠎ᠡ ᠡᠶᠡᠳᠡᠭᠦᠯᠬᠦ᠌ ᠪᠠ ᠠᠬᠤᠢ ᠲᠠᠯᠠᠪᠠᠢ᠎ᠵᠢᠨ ᠬᠢᠨᠠᠨ ᠪᠠᠢᠴᠠᠭᠠᠯᠲᠠ᠎ᠶ᠋ᠢ ᠥᠷᠨᠢᠭᠦᠯᠵᠦ᠍᠂ ᠵᠥᠪᠬᠡᠨ 2 ᠡᠳᠦᠷ ᠬᠡᠷᠡᠭ᠌ᠰᠡᠨ ᠬᠣᠶᠠᠷ ᠲᠠᠯ᠎ᠠ᠎ᠪᠠᠷ᠎ᠢᠶᠠᠨ ᠡᠶᠡᠳᠡᠬᠦ᠌ ᠬᠡᠯᠡᠯᠴᠡᠭᠡᠷ ᠲᠣᠭ᠍ᠲᠠᠵᠤ᠂ ᠵᠥᠷᠢᠴᠡᠯ ᠵᠠᠭᠤᠷᠠᠯᠳᠤᠭᠠᠨ᠎ᠢ ᠲᠦᠷᠭᠡᠨ ᠱᠢᠶ᠋ᠳᠪᠦᠷᠢᠯᠡᠪᠡ᠃
ᠡᠨᠡ ᠬᠦ᠌ ᠥᠨᠳᠥᠷ ᠪᠦᠲᠦᠮᠵᠢᠲᠡᠢ ᠱᠢᠢᠳᠪᠦᠷᠢᠯᠡᠯᠲᠡ ᠨᠢ ᠤᠳᠠ᠎ᠶ᠋ᠢᠨ ᠲᠤᠬᠤᠢ ᠲᠣᠭᠣᠷᠢᠭ᠎ᠤᠨ ᠬᠢᠨ ᠶᠡᠷᠦᠩᠬᠡᠢᠯᠡᠨ ᠵᠠᠰᠠᠬᠤ ᠪᠠ ᠲᠤᠤᠷᠵᠢᠯᠲᠠ᠎ᠵᠢᠨ ᠮᠡᠳᠡᠭᠡ ᠵᠠᠩᠭᠢ᠎ᠶ᠋ᠢᠨ ᠲᠠᠪᠴᠠᠩ᠎ᠳᠤ ᠲᠦᠱᠢᠭ᠌ᠯᠡᠵᠦ᠍᠂ ᠲᠣᠭᠠᠴᠢᠯᠠᠭ᠍ᠰᠠᠨ ᠠᠷᠭ᠎ᠠ ᠪᠠᠷᠢᠯ᠎ᠢᠶᠠᠷ ᠦᠨᠳᠦᠰᠦᠨ ᠱᠠᠲᠤᠨ ᠤ ᠵᠠᠰᠠᠯᠲᠠ᠂ ᠵᠥᠷᠢᠴᠡᠯ ᠵᠠᠭᠤᠷᠠᠯᠳᠤᠭᠠᠨ ᠢ ᠱᠢᠢᠳᠪᠦᠷᠢᠯᠡᠵᠦ᠍ ᠬᠦᠴᠢᠷ ᠠᠰᠠᠭᠤᠳᠠᠯ ᠢ ᠱᠢᠢᠳᠪᠦᠷᠢᠯᠡᠬᠰᠡᠨ ᠠᠮᠢᠳᠤᠯᠢᠭ ᠬᠤᠷᠢᠶᠠᠩᠭᠤᠢ ᠵᠢᠱ᠌ᠢᠶ᠎ᠡ ᠪᠣᠯᠤᠨ᠎ᠠ᠃
ᠣᠢᠷ᠎ᠠ᠎ᠶ᠋ᠢᠨ ᠵᠢᠯ᠎ᠡᠴᠡ ᠤᠳᠠ᠎ᠵᠢᠨ ᠲᠤᠬᠤᠢ ᠲᠣᠭᠣᠷᠢᠭ᠎ᠤᠨ᠎ᠬᠢᠨ ᠵᠥᠷᠢᠴᠡᠯ ᠵᠠᠭᠤᠷᠠᠯᠳᠤᠭᠠᠨ᠎ᠢ ᠠᠷᠢᠯᠭᠠᠬᠤ᠂ ᠲᠣᠭ᠎ᠠ ᠪᠠᠷᠢᠮᠲᠠ᠎ᠶ᠋ᠢ ᠣᠶᠤᠨᠴᠢ᠎ᠪᠠᠷ ᠬᠡᠷᠡᠭ᠌ᠯᠡᠬᠦ᠌ ᠵᠡᠷᠭᠡ ᠭᠤᠤᠯ ᠡᠭᠦᠷᠭᠡ᠎ᠳᠦ ᠠᠩᠬᠠᠷᠤᠯ ᠢᠶᠠᠨ ᠲᠥᠪᠯᠡᠷᠡᠭᠦᠯᠵᠦ᠍᠂ ᠶᠡᠷᠦᠩᠬᠡᠢᠯᠡᠨ ᠵᠠᠰᠠᠬᠤ ᠪᠠ ᠲᠤᠤᠷᠵᠢᠯᠲᠠ᠎ᠵᠢᠨ ᠮᠡᠳᠡᠭᠡ ᠵᠠᠩᠭᠢ᠎ᠶ᠋ᠢᠨ ᠲᠠᠪᠴᠠᠩ ᠢ ᠥᠨᠳᠥᠷ ᠪᠠᠷᠢᠮᠵᠢᠶ᠎ᠠ᠎ᠪᠠᠷ ᠪᠠᠢᠭᠤᠯᠪᠠ᠃ ᠲᠠᠪᠴᠠᠩ᠎ᠨᠢ ᠤᠳᠠ ᠵᠢᠨ ᠲᠤᠬᠤᠢ ᠲᠣᠭᠣᠷᠢᠭ ᠤᠨ 22 ᠨᠡᠢᠭᠡᠮ ᠲᠣᠭᠣᠷᠢᠭ ᠢ ᠬᠠᠮᠤᠷᠴᠤ᠌᠂ 148 ᠲᠤᠤᠷᠵᠢᠭᠤᠯᠤᠯᠲᠠ᠎ᠶ᠋ᠢᠨ ᠠᠵᠢᠯᠲᠠᠨ᠎ᠳᠤ ᠴᠥᠮ ᠲᠤᠰᠭᠠᠶ ᠲᠠᠩᠰᠠᠨ ᠨᠣᠮᠧᠷ ᠲᠣᠬᠢᠷᠠᠭᠤᠯᠵᠤ᠂ ᠵᠥᠷᠢᠴᠡᠯ ᠵᠠᠭᠤᠷᠠᠯᠳᠤᠭᠠᠨ᠎ᠢ ᠢᠯᠡᠷᠡᠭᠦᠯᠬᠦ᠌᠂ ᠳᠡᠭᠡᠭ᠌ᠰᠢ ᠮᠡᠳᠡᠭᠦᠯᠬᠦ᠌᠂ ᠰᠠᠯᠭᠠᠵᠤ ᠬᠤᠪᠢᠶᠠᠷᠢᠯᠠᠬᠤ᠂ ᠱᠢᠶ᠋ᠳᠪᠦᠷᠢᠯᠡᠬᠦ᠌᠎ᠡᠴᠡ ᠭᠦᠶ᠋ᠴᠡᠳᠭᠡᠵᠦ᠍ ᠳᠠᠭᠤᠰᠭᠠᠬᠤ᠂ ᠬᠠᠷᠢᠭᠤ ᠰᠤᠷᠪᠤᠯᠵᠢᠯᠠᠬᠤ ᠬᠦᠷᠲᠡᠯᠡᠬᠢ ᠪᠥᠬᠥ᠌ ᠶᠠᠪᠤᠴᠠ᠎ᠶ᠋ᠢᠨ ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢ ᠪᠡᠶᠡᠯᠡᠭᠦᠯᠵᠦ᠍᠂ 《ᠪᠥᠬᠥ᠌ ᠣᠷᠣᠨ ᠪᠦᠰᠡ ᠶ᠋ᠢ ᠬᠠᠮᠤᠷᠤᠭ᠍ᠰᠠᠨ᠂ ᠪᠥᠬᠥ᠌ ᠰᠦᠯᠵᠢᠶ᠎ᠡ᠎ᠳᠦ ᠬᠠᠮᠲᠤ᠎ᠪᠠᠷ ᠡᠳ᠋ᠯᠡᠭ᠌ᠰᠡᠨ᠂ ᠪᠥᠬᠥ᠌ ᠶᠠᠪᠤᠴᠠ᠎ᠳᠤ ᠡᠵᠡᠮᠳᠡᠵᠦ᠍ ᠪᠣᠯᠬᠤ 》 ᠲᠣᠭᠠᠴᠢᠯᠠᠭ᠍ᠰᠠᠨ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠪᠠ᠃
ᠲᠣᠭᠠᠴᠢᠯᠠᠯᠲᠠ ᠤᠶᠤᠨᠴᠢᠯᠠᠯᠲᠠ ᠪᠡᠷ ᠡᠨ᠋ᠸᠷᠬᠢ ᠣᠯᠭᠣᠬᠤ ᠱᠢᠨ᠎ᠡ᠎ᠶ᠋ᠢ ᠡᠭᠦᠳᠦᠭᠰᠡᠨ ᠦᠶ᠋ᠯᠡᠳᠦᠯᠭᠡ ᠨᠢ ᠵᠠᠰᠠᠯᠲᠠ ᠶ᠋ᠢ ᠨᠠᠩ ᠥᠨᠳᠥᠷ ᠪᠦᠲᠦᠮᠵᠢᠲᠡᠶ ᠪᠣᠯᠭᠠᠪᠠ᠃ ᠲᠤᠤᠷᠵᠢᠭᠤᠯᠤᠯᠲᠠ᠎ᠶ᠋ᠢᠨ ᠠᠵᠢᠯᠲᠠᠨ ᠲᠣᠭᠣᠷᠢᠨ ᠪᠠᠢᠴᠠᠭᠠᠭᠠᠳ ᠬᠥᠷᠰᠢ ᠵᠡᠷᠭᠡᠯᠡᠳᠡᠭᠡ᠎ᠶ᠋ᠢᠨ ᠵᠠᠭᠤᠷᠠᠯᠳᠤᠭᠠᠨ᠂ ᠠᠳᠠᠯ ᠠᠬᠤᠶ᠎ᠶ᠋ᠢᠨ ᠵᠥᠷᠢᠴᠡᠯ ᠵᠡᠷᠭᠡ ᠪᠠᠢᠳᠠᠯ᠎ᠢ ᠣᠯᠵᠤ ᠮᠡᠳᠡᠭ᠌ᠰᠡᠨ᠎ᠦ ᠳᠠᠷᠠᠭ᠎ᠠ᠂ ᠭᠠᠷ ᠤᠲᠠᠰᠤ ᠪᠡᠷ ᠵᠢᠡᠨ ᠳᠠᠮᠵᠢᠭᠤᠯᠤᠨ ᠵᠠᠭᠤᠷᠠᠯᠳᠤᠭᠠᠨ᠎ᠤ ᠲᠥᠷᠥᠯ ᠬᠡᠯᠪᠡᠷᠢ᠂ ᠬᠣᠯᠪᠣᠭ᠍ᠳᠠᠬᠤ ᠬᠥᠮᠦᠨ᠂ ᠲᠤᠬᠠᠶ᠎ᠶ᠋ᠢᠨ ᠲᠠᠯᠠᠪᠠᠶ᠎ᠶ᠋ᠢᠨ ᠬᠡᠷᠡᠯ ᠵᠢᠷᠤᠭ᠂ ᠬᠦᠰᠡᠯ ᠱᠠᠭᠠᠷᠳᠠᠯᠭ᠎ᠠ᠎ᠶ᠋ᠢᠨ ᠨᠠᠷᠢᠨ ᠪᠠᠢᠳᠠᠯ ᠵᠡᠷᠭᠡ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠱᠢᠩᠭᠡᠭᠡᠨ ᠣᠷᠣᠭᠤᠯᠵᠤ᠂ ᠵᠠᠭᠤᠷᠠᠯᠳᠤᠭᠠᠨ ᠨᠢᠭᠡᠪᠦᠷᠢ᠎ᠳᠦ 《ᠮᠦᠷᠳᠡᠬᠦ ᠤᠯᠠ ᠮᠦᠷ ᠲᠠᠢ ᠪᠠᠢᠬᠤ᠂ ᠪᠠᠢᠴᠠᠭᠠᠬᠤ ᠦᠨᠳᠦᠰᠦ ᠪᠠᠷᠢᠮᠲᠠ᠎ᠲᠠᠶ ᠪᠠᠢᠬᠤ》 ᠶ᠋ᠢ ᠦᠨᠡᠨ ᠬᠦ᠌ ᠪᠠᠲᠤᠯᠠᠪᠠ᠃ ᠠᠳᠠᠯᠢ ᠪᠤᠰᠤ ᠲᠥᠷᠥᠯ ᠬᠡᠯᠪᠡᠷᠢ᠎ᠶ᠋ᠢᠨ ᠵᠥᠷᠢᠴᠡᠯ᠎ᠳᠦ ᠴᠢᠭ᠌ᠯᠡᠭᠦᠯᠦᠨ᠂ ᠲᠠᠪᠴᠠᠩ ᠨᠢ ᠱᠢᠶ᠋ᠳᠪᠦᠷᠢᠯᠡᠬᠦ᠌ ᠭᠤᠤᠯ ᠴᠣᠭ᠍ᠴᠠ᠎ᠵᠢ ᠣᠶᠤᠨᠴᠢ᠎ᠪᠠᠷ ᠲᠤᠬᠢᠷᠠᠭᠤᠯᠤᠨ᠂ ᠲᠥᠬᠥᠮ ᠵᠠᠭᠤᠷᠠᠯᠳᠤᠭᠠᠨ᠎ᠢ ᠨᠡᠢᠭᠡᠮ ᠲᠣᠭᠣᠷᠢᠭ᠎ᠤᠨ ᠲᠤᠤᠷᠵᠢᠭᠤᠯᠤᠯᠲᠠ᠎ᠶ᠋ᠢᠨ ᠠᠵᠢᠯᠲᠠᠨ᠎ᠡᠴᠡ ᠱᠢᠭᠤᠳ ᠲᠦᠷᠭᠡᠨ ᠡᠶᠡᠳᠡᠭᠦᠯᠵᠦ᠍᠂ ᠨᠠᠷᠢᠨ ᠪᠤᠳᠤᠯᠢᠶᠠᠨᠲᠠᠶ ᠵᠠᠭᠤᠷᠠᠯᠳᠤᠭᠠᠨ᠎ᠢ ᠬᠠᠮᠢᠶ᠎ᠠ ᠪᠥᠬᠥᠶ ᠠᠵᠢᠯ ᠲᠥᠷᠥᠯ ᠦᠨ ᠰᠠᠯᠠᠭ᠎ᠠ ᠮᠥᠴᠢᠷ᠎ᠲᠦ ᠱᠢᠯᠵᠢᠭᠦᠯᠦᠨ ᠦᠭᠴᠦ ᠬᠠᠮᠵᠢᠯᠴᠠᠨ ᠱᠢᠶ᠋ᠳᠪᠦᠷᠢᠯᠡᠵᠦ᠍᠂ 《ᠡᠬᠢᠨ ᠤ ᠬᠤᠭᠤᠴᠠᠭ᠎ᠠ᠎ᠳᠤ ᠢᠯᠡᠷᠡᠭᠦᠯᠬᠦ᠌᠂ ᠳᠤᠮᠳᠠ ᠬᠤᠭᠤᠴᠠᠭ᠎ᠠ ᠳᠤ ᠰᠠᠯᠭᠠᠨ ᠬᠤᠪᠢᠶᠠᠷᠢᠯᠠᠬᠤ᠂ ᠰᠡᠭᠦᠯ ᠤᠨ ᠬᠤᠭᠤᠴᠠᠭ᠎ᠠ᠎ᠳᠤ ᠱᠢᠶ᠋ᠳᠪᠦᠷᠢᠯᠡᠬᠦ᠌᠂ ᠪᠥᠬᠥ᠌ ᠶᠠᠪᠤᠴᠠ᠎ᠳᠤ ᠮᠥᠷᠳᠡᠬᠦ᠌ 》 ᠠᠵᠢᠯ᠎ᠤᠨ ᠬᠡᠯᠬᠢᠶ᠎ᠡ᠎ᠶ᠋ᠢ ᠪᠦᠷᠢᠯᠳᠦᠭᠦᠯᠪᠡ᠃ ᠡᠭᠦᠨ ᠦ ᠬᠠᠮᠲᠤ᠂ ᠲᠠᠪᠴᠠᠩ᠎ᠳᠤ ᠴᠠᠭ᠎ᠡᠴᠡ ᠬᠡᠲᠦᠷᠡᠬᠦ᠎ᠵᠢ ᠰᠡᠷᠡᠮᠵᠢᠯᠡᠭᠦᠯᠬᠦ᠌ ᠴᠢᠳᠠᠮᠵᠢ ᠳᠣᠭᠢᠷᠠᠭᠤᠯᠵᠤ᠂ ᠴᠠᠭ ᠲᠤᠬᠠᠶ᠎ᠳᠤᠨᠢ ᠱᠢᠶ᠋ᠳᠪᠦᠷᠢᠯᠡᠭ᠌ᠰᠡᠨ ᠥᠬᠡᠶ ᠵᠠᠭᠤᠷᠠᠯᠳᠤᠭᠠᠨ᠎ᠢ ᠱᠠᠯᠠᠪᠳᠠᠭᠤᠯᠤᠨ ᠭᠦᠢᠴᠡᠳᠭᠡᠯᠭᠡᠬᠦ᠎ᠪᠡᠷ ᠰᠠᠨᠠᠭᠤᠯᠵᠤ᠂ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠭᠡᠳᠡᠷᠭᠦ᠌ ᠱᠢᠬᠠᠮᠳᠠᠭᠤᠯᠳᠠᠭ᠃ ᠣᠳᠣᠬᠠᠨ ᠪᠣᠯᠲᠠᠯ᠎ᠠ᠂ ᠤᠳᠠ ᠵᠢᠨ ᠲᠤᠬᠤᠢ ᠲᠣᠭᠣᠷᠢᠭ᠎ᠲᠤ ᠨᠡᠢᠲᠡ 939 ᠵᠤᠷᠪᠤᠰ ᠵᠥᠷᠢᠴᠡᠯ ᠵᠠᠭᠤᠷᠠᠯᠳᠤᠭᠠᠨ ᠢ ᠱᠢᠩᠭᠡᠭᠡᠨ ᠣᠷᠣᠭᠤᠯᠵᠤ᠂ ᠱᠢᠶ᠋ᠳᠪᠦᠷᠢᠯᠡᠵᠦ᠍ ᠳᠠᠭᠤᠰᠭᠠᠭ᠍ᠰᠠᠨ ᠨᠣᠷᠮ᠎ᠠ 99% ᠳ᠋ᠤ ᠬᠦᠷᠴᠦ᠍᠂ ᠡᠭᠦᠨ᠎ᠳᠦ 60% ᠡᠴᠡ ᠳᠡᠭᠡᠭ᠌ᠰᠢᠬᠢ ᠵᠥᠷᠢᠴᠡᠯ ᠵᠠᠭᠤᠷᠠᠯᠳᠤᠭᠠᠨ᠎ᠢ ᠨᠡᠢᠭᠡᠮ ᠲᠣᠭᠣᠷᠢᠭ ᠤᠨ ᠨᠢᠭᠡᠳᠦᠭᠡᠷ ᠱᠠᠲᠤᠨ᠎ᠳᠤ ᠱᠢᠶ᠋ᠳᠪᠦᠷᠢᠯᠡᠵᠦ᠍ ᠳᠠᠭᠤᠰᠭᠠᠬᠤ ᠶ᠋ᠢ ᠪᠡᠶᠡᠯᠡᠭᠦᠯᠪᠡ᠃
ᠤᠳᠠ᠎ᠶ᠋ᠢᠨ ᠲᠤᠬᠤᠢ ᠲᠣᠭᠣᠷᠢᠭ ᠪᠠᠰᠠ ᠲᠤᠮᠤ ᠳ᠋ᠠᠢᠲ᠋ᠠ᠎ᠪᠠᠷ ᠵᠠᠳᠠᠯᠤᠯᠲᠠ ᠬᠢᠬᠦ᠂ ᠣᠶᠤᠨᠴᠢ᠎ᠪᠠᠷ ᠰᠤᠳᠤᠯᠤᠨ ᠮᠠᠭᠠᠳᠯᠠᠬᠤ᠎ᠳᠤ ᠲᠦᠰᠢᠭᠯᠡᠨ ᠦᠨᠳᠦᠰᠦᠨ ᠱᠠᠲᠤᠨ᠎ᠤ ᠵᠠᠰᠠᠯᠲᠠ ᠶ᠋ᠢ 《ᠰᠠᠨᠠᠭᠠᠴᠢᠯᠠᠭᠠᠲᠤ ᠪᠤᠰᠤ ᠪᠠᠷ ᠱᠢᠢᠳᠪᠦᠷᠢᠯᠡᠵᠦ᠍》 ᠪᠠᠢᠭ᠍ᠰᠠᠨ᠎ᠡᠴᠡ 《ᠰᠠᠨᠠᠭᠠᠴᠢᠯᠠᠭ᠎ᠠ᠎ᠡᠴᠡ᠎ᠪᠠᠨ ᠤᠷᠢᠳᠴᠢᠯᠠᠨ ᠰᠡᠷᠡᠮᠵᠢᠯᠡᠭᠦᠯᠬᠦ᠌ 》 ᠪᠣᠯᠭᠠᠨ ᠬᠤᠪᠢᠷᠠᠭᠤᠯᠬᠤ᠎ᠶ᠋ᠢ ᠠᠬᠢᠭᠤᠯᠪᠠ᠃ ᠵᠥᠷᠢᠴᠡᠯ ᠵᠠᠭᠤᠷᠠᠯᠳᠤᠭᠠᠨ᠎ᠤ ᠲᠥᠷᠥᠯ ᠬᠡᠯᠪᠡᠷᠢ᠂ ᠱᠢᠶ᠋ᠳᠪᠦᠷᠢᠯᠡᠬᠦ᠌ ᠦᠶᠡᠯᠡᠯ᠎ᠦᠨ ᠬᠤᠭᠤᠴᠠᠭ᠎ᠠ ᠵᠡᠷᠭᠡ ᠲᠣᠭ᠎ᠠ ᠪᠠᠷᠢᠮᠲᠠ᠎ᠶ᠋ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠪᠦᠷᠢᠳᠭᠡᠨ ᠵᠠᠳᠠᠯᠵᠤ᠂ ᠠᠳᠠᠯ ᠠᠬᠤᠶ᠎ᠶ᠋ᠢᠨ ᠵᠠᠭᠤᠷᠠᠯᠳᠤᠭᠠᠨ᠂ ᠬᠥᠷᠰᠢ ᠵᠡᠷᠭᠡᠯᠡᠳᠡᠭᠡ᠎ᠶ᠋ᠢᠨ ᠵᠥᠷᠢᠴᠡᠯ ᠵᠡᠷᠭᠡ ᠦᠨᠳᠦᠷ ᠳᠠᠪᠲᠠᠮᠵᠢ᠎ᠲᠦ ᠠᠰᠠᠭᠤᠳᠠᠯ᠎ᠢ ᠣᠨᠣᠪᠴᠢᠲᠠᠶ ᠢᠯᠭᠠᠨ ᠲᠠᠨᠢᠵᠤ ᠂ ᠦᠨᠳᠦᠰᠦᠨ ᠱᠠᠲᠤᠨ᠎ᠤ ᠵᠠᠰᠠᠯᠲᠠ᠎ᠳᠤ ᠬᠠᠨᠳᠤᠯᠭᠠᠲᠤ ᠴᠢᠨᠠᠷᠲᠠᠶ᠎ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠳᠦ ᠲᠣᠭ᠎ᠠ ᠪᠠᠷᠢᠮᠲᠠ᠎ᠶ᠋ᠢᠨ ᠲᠤᠯᠭᠠᠭᠤᠷᠢᠯᠠᠯ ᠬᠠᠩᠭᠠᠪᠠ᠃ 2.4 ᠲᠦᠮᠡᠨ ᠤᠳᠠᠭ᠎ᠠ ᠲᠣᠭᠣᠷᠢᠨ ᠪᠠᠢᠴᠠᠭᠠᠵᠤ ᠰᠤᠷᠪᠤᠯᠵᠢᠯᠠᠨ᠂ ᠬᠡᠪ᠎ᠦᠨ ᠪᠤᠰᠤ ᠪᠠᠢᠳᠠᠯ᠎ᠢ ᠴᠠᠭ ᠲᠤᠬᠠᠢᠳᠤᠨᠢ ᠡᠵᠡᠮᠱᠢᠵᠦ᠍᠂ ᠠᠶᠤᠯ ᠲᠦᠭ᠌ᠰᠢᠭᠦᠷᠢ᠎ᠶ᠋ᠢ ᠤᠷᠢᠳᠴᠢᠯᠠᠨ ᠰᠡᠷᠭᠡᠢᠯᠡᠵᠦ᠍᠂ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠡᠬᠢᠵᠢᠭᠦᠯᠵᠦ᠍᠂ ᠬᠥᠮᠦᠨ ᠠᠮᠠ᠎ᠶ᠋ᠢᠨ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢ ᠪᠡᠶᠡᠯᠡᠭᠦᠯᠪᠡ᠃ ᠡᠭᠦᠨ᠎ᠡᠴᠡ ᠭᠠᠳᠠᠨ᠎ᠠ᠂ ᠡᠭᠦᠷᠭᠡ ᠴᠢᠳᠠᠪᠬᠢᠲᠦ ᠰᠠᠯᠠᠭ᠎ᠠ ᠮᠥᠴᠢᠷ᠎ᠦᠨ ᠲᠣᠭ᠎ᠠ ᠪᠠᠷᠢᠮᠲᠠ᠎ᠶ᠋ᠢ ᠬᠥᠨᠳᠡᠯᠡᠨ᠎ᠢᠶᠡᠷ ᠬᠣᠯᠪᠣᠯᠳᠤᠭᠤᠯᠬᠤ᠂ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌᠎ᠶ᠋ᠢ ᠪᠡᠶᠡᠯᠡᠭᠦᠯᠵᠦ᠍᠂ ᠵᠠᠰᠠᠯᠲᠠ᠎ᠶ᠋ᠢᠨ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠡᠷ ᠬᠣᠯᠪᠣᠯᠳᠤᠭᠤᠯᠤᠨ᠂ ᠬᠠᠮᠵᠢᠯᠴᠠᠨ ᠬᠦᠴᠦᠯᠡᠭᠦᠯᠵᠦ᠍᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠨᠠᠷᠢᠯᠢᠬ᠍ᠵᠢᠭᠤᠯᠬᠤ ᠬᠢᠷᠢ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠪᠡ᠃
ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭ᠍ᠰᠠᠨ ᠪᠠᠢᠭᠤᠯᠤᠯᠲᠠ ᠨᠢ 《ᠵᠠᠰᠠᠯᠲᠠ》 ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠳᠦ ᠪᠠᠢᠬᠤ᠎ᠪᠠᠷ ᠪᠠᠷᠠᠬᠤ ᠥᠬᠡᠶ ᠨᠠᠩ ᠴᠤ᠌ 《ᠤᠶᠤᠨᠴᠢᠯᠠᠯᠲᠠ》 ᠵᠢᠨ ᠱᠢᠨ᠎ᠡ᠎ᠶ᠋ᠢ ᠡᠭᠦᠳᠬᠦ᠌ ᠱᠢᠪᠲᠤᠯᠤᠯᠲᠠ᠎ᠳᠤ ᠪᠠᠢᠨ᠎ᠠ᠃ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭᠰᠠᠨ ᠪᠠᠢᠭᠤᠯᠤᠯᠲᠠ ᠦᠷᠭᠦᠯᠵᠢᠯᠡᠨ ᠭᠦᠨᠵᠡᠭᠡᠢᠷᠡᠨ ᠠᠭᠢᠬᠤ᠎ᠶ᠋ᠢ ᠳᠠᠭᠠᠯᠳᠤᠨ ᠡᠨᠡ ᠬᠦ᠌ 《ᠶᠣᠰᠣ ᠶᠠᠷᠢᠬᠤ ᠡᠭᠦᠳᠡ》 ᠨᠢ ᠨᠡᠪᠲᠡᠷᠡᠯᠴᠡᠬᠦ᠌ 《ᠬᠥᠭᠥᠷᠭᠡ 》 ᠪᠣᠯᠵᠣ᠂ ᠣᠯᠠᠨ ᠲᠦᠮᠡᠨ᠎ᠦ 《 ᠪᠤᠬᠢᠨᠢᠳᠤᠵᠤ ᠪᠠᠢᠭ᠎ᠠ ᠶᠠᠪᠤᠳᠠᠯ 》 ᠢ᠋ 《 ᠶᠠᠪᠤᠳᠠᠯ》 ᠪᠣᠯᠭᠠᠵᠤ᠂ ᠦᠨᠳᠦᠰᠦᠨ ᠱᠠᠲᠤᠨ᠎ᠤ ᠵᠠᠰᠠᠯᠲᠠ᠎ᠶ᠋ᠢᠨ 《ᠡᠴᠦᠰ ᠦᠨ ᠨᠢᠭᠡ ᠺᠢᠯᠣᠮᠧᠲ᠋ᠷ 》 ᠢ᠋ 《ᠬᠠᠮᠤᠭ᠎ᠤᠨ ᠳᠤᠯᠠᠭᠠᠨ ᠨᠢᠭᠡ ᠺᠢᠯᠣᠮᠧᠲ᠋ᠷ 》 ᠪᠣᠯᠭᠠᠪᠠ᠃
ᠲᠠᠪᠴᠠᠩ ᠢ ᠡᠬᠢᠯᠡᠨ ᠠᠵᠢᠯᠯᠠᠭᠤᠯᠤᠭ᠍ᠰᠠᠨ᠎ᠡᠴᠡ ᠤᠳᠠ᠎ᠵᠢᠨ ᠲᠤᠬᠤᠢ ᠲᠣᠭᠣᠷᠢᠭ᠎ᠤᠨ ᠵᠥᠷᠢᠴᠡᠯ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠦᠷ᠎ᠡ ᠪᠦᠲᠦᠮᠵᠢ ᠢᠯᠡᠳᠲᠡ ᠳᠡᠭᠡᠭ᠌ᠰᠢᠯᠡᠵᠦ᠍᠂ ᠱᠢᠶ᠋ᠳᠪᠦᠷᠢᠯᠡᠬᠦ᠌ ᠦᠶᠡᠯᠡᠯ᠎ᠦᠨ ᠬᠤᠭᠤᠴᠠᠭ᠎ᠠ ᠶᠡᠬᠡᠪᠡᠷ ᠪᠠᠭᠠᠰᠴᠤ᠌᠂ ᠣᠯᠠᠨ ᠲᠦᠮᠡᠨ᠎ᠦ ᠬᠠᠨᠤᠮᠵᠢ᠎ᠶ᠋ᠢᠨ ᠬᠡᠮᠵᠢᠶ᠎ᠡ ᠦᠷᠭᠦᠯᠵᠢᠯᠡᠨ ᠳᠡᠭᠡᠭ᠌ᠰᠢᠯᠡᠪᠡ᠃ ᠤᠳᠠ᠎ᠶ᠋ᠢᠨ ᠲᠤᠬᠤᠢ ᠲᠣᠭᠣᠷᠢᠭ ᠤᠨ ᠶᠡᠷᠦᠩᠬᠡᠢᠯᠡᠨ ᠵᠠᠰᠠᠬᠤ ᠲᠥᠪ᠎ᠦᠨ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ᠂ 《ᠪᠢᠳᠡ ᠶᠡᠷᠦᠩᠬᠡᠢᠯᠡᠨ ᠵᠠᠰᠠᠬᠤ ᠪᠠ ᠲᠣᠣᠷᠵᠢᠯᠲᠠ᠎ᠵᠢᠨ ᠮᠡᠳᠡᠭᠡ ᠵᠠᠩᠭᠢ᠎ᠶ᠋ᠢᠨ ᠲᠠᠪᠴᠠᠩ᠎ᠢᠶᠠᠷ ᠭᠠᠷᠳᠡᠴᠡ ᠪᠣᠯᠭᠠᠵᠤ᠂ ᠲᠣᠭ᠎ᠠ ᠪᠠᠷᠢᠮᠲᠠ᠎ᠶ᠋ᠢᠨ ᠣᠶᠤᠨᠴᠢ ᠬᠡᠷᠡᠭ᠌ᠯᠡᠭᠡ᠎ᠶ᠋ᠢ ᠲᠠᠰᠤᠷᠠᠯᠳᠠ ᠦᠭᠡᠢ ᠭᠦᠨᠵᠡᠭᠡᠢᠷᠡᠭᠦᠯᠵᠦ᠍᠂ ᠦᠢᠯᠡᠴᠢᠯᠡᠭᠡᠨ ᠦ ᠪᠠᠢᠳᠠᠯ ᠢ ᠥᠷᠭᠡᠳᠭᠡᠵᠦ᠍᠂ ᠲᠣᠭᠠᠴᠢᠯᠠᠭ᠍ᠰᠠᠨ ᠵᠠᠰᠠᠯᠲᠠ᠎ᠶ᠋ᠢᠨ ᠦᠷ᠎ᠡ ᠪᠦᠲᠦᠮᠵᠢ ᠶ᠋ᠢ ᠤᠯᠠᠮ ᠴᠢᠨᠠᠭ᠍ᠰᠢᠳᠠ ᠬᠥᠭ᠌ᠵᠢᠭᠡᠵᠦ᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠣᠳᠣᠬᠢᠴᠢᠯᠠᠯᠲᠠ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠨ᠎ᠡ 》 ᠭᠡᠵᠦ᠍ ᠲᠠᠨᠢᠯᠴᠠᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃