ᠭᠣᠣᠯ ᠰᠡᠳᠦᠪᠲᠦ ᠮᠡᠳᠡᠭᠡᠯᠡᠯ > ᠠᠮᠤᠭᠤᠯᠠᠩᠲᠤ ᠤᠮᠠᠷᠠᠲᠤ ᠬᠢᠯᠢ

2026-11-06 12:17:04

ᠵᠣᠬᠢᠶᠠᠭ᠍ᠴᠢ᠄ ᠸᠠᠩ ᠬᠤᠤ ᠪᠠᠢ ᠰᠢᠦᠸᠠᠢ ᠯᠢᠶᠠᠩ ᠣᠩᠱᠢᠭ᠍ᠰᠠᠨ ᠣᠳᠠᠭ᠎ᠠ᠄ 3

《ᠥᠩᠭᠡᠷᠡᠭᠰᠡᠨ᠎ᠳᠦ ᠵᠡᠷᠭᠡᠯᠡᠳᠡᠭᠡ ᠠᠢᠯ᠎ᠤᠨ ᠬᠢᠨ᠎ᠲᠠᠢ᠎ᠪᠡᠨ 30 ᠮᠦ᠍ ᠬᠠᠳᠤᠯᠠᠩ ᠪᠡᠯᠴᠢᠭᠡᠷ᠎ᠦᠨ ᠵᠠᠭᠠᠭ ᠱᠤᠭᠤᠮ᠎ᠤᠨ ᠠᠰᠠᠭᠤᠳᠠᠯ᠎ᠠᠴᠠ ᠪᠣᠯᠵᠤ ᠮᠠᠭᠤᠳᠠᠯᠴᠠᠵᠠᠢ᠂ ᠡᠨᠡ᠎ᠬᠦ ᠪᠠᠢᠳᠠᠯ ᠳᠤᠤᠷ᠎ᠠ ᠺᠣᠳ᠋ ᠰᠢᠷᠪᠢᠵᠦ ᠠᠰᠠᠭᠤᠳᠠᠯ ᠵᠢᠡᠨ ᠲᠤᠰᠬᠠᠬᠰᠠᠨ᠎ᠳᠤ᠂ ᠳᠠᠷᠤᠢᠬᠠᠨ ᠲᠤᠰᠬᠠᠢ ᠲᠤᠰᠢᠶᠠᠯᠲᠦ ᠲᠤᠤᠷᠵᠢᠯ᠎ᠤᠨ ᠠᠵᠢᠯᠲᠠᠨ᠂ ᠬᠠᠤᠯᠢ ᠴᠠᠭᠠᠵᠠ᠎ᠶᠢᠨ ᠭᠠᠵᠠᠷ᠎ᠤᠨ ᠺᠠᠳ᠋ᠷ ᠪᠣᠯᠣᠨ ᠲᠠᠷᠢᠶᠠᠯᠠᠩ ᠮᠠᠯ ᠠᠵᠦ ᠠᠬᠤᠢ᠎ᠵᠢᠨ ᠮᠡᠷᠭᠡᠵᠢᠯᠲᠡᠨ ᠬᠦᠷᠴᠦ ᠢᠷᠡᠵᠠᠢ᠃ ᠲᠡᠳᠡ ᠳᠠᠭᠠᠭᠤᠯᠢ ᠤᠳᠤᠨ᠎ᠤ ᠭᠠᠵᠠᠷ᠎ᠤᠨ ᠵᠢᠷᠤᠭ᠎ᠢᠶᠠᠷ ᠵᠠᠭᠠᠭ ᠬᠠᠢᠵᠤ᠂ ᠪᠠᠰᠠ ᠭᠠᠴᠠᠭᠠᠨ᠎ᠤ ᠠᠬᠠᠮᠠᠳ ᠮᠠᠯᠴᠢᠨ᠎ᠢ ᠤᠷᠢᠨ ᠭᠡᠷᠡᠴᠢᠯᠡᠭᠦᠯᠵᠦ᠂ ᠠᠰᠠᠭᠤᠳᠠᠯ᠎ᠢ ᠲᠤᠰᠬᠠᠬᠤ᠎ᠠᠴᠠ ᠠᠪᠤᠭᠠᠳ ᠡᠶᠡᠳᠡᠭᠦᠯᠭᠡ᠎ᠶᠢᠨ ᠪᠢᠴᠢᠭ᠎ᠲᠦ ᠭᠠᠷ᠎ᠤᠨ ᠦᠰᠦᠭ ᠵᠢᠷᠤᠬᠤ ᠪᠣᠯᠲᠠᠯ᠎ᠠ ᠲᠠᠪᠤᠬᠠᠨ ᠡᠳᠦᠷ ᠬᠡᠷᠡᠭᠰᠡᠵᠡᠢ᠂ ᠤᠳᠤ ᠪᠢᠳᠡᠨ᠎ᠤ ᠬᠦᠷᠰᠢ ᠵᠡᠷᠭᠡᠯᠡᠳᠡᠭᠡ ᠵᠢᠨ ᠬᠠᠷᠢᠴᠠᠭ᠎ᠠ ᠥᠩᠭᠡᠷᠡᠭᠰᠡᠨ᠎ᠦ ᠬᠢ᠎ᠡᠴᠡ ᠪᠠᠰᠠ ᠰᠠᠢᠨ ᠪᠣᠯᠵᠠᠢ》ᠭᠡᠵᠦ ᠣᠷᠳᠣᠰ ᠬᠤᠳᠠ᠎ᠶᠢᠨ ᠬᠠᠩᠭᠢᠨ ᠬᠣᠰᠢᠭᠤᠨ᠎ᠤ ᠶᠡᠬᠡᠠᠤᠰᠤ ᠰᠤᠮᠤᠨ᠎ᠤ ᠨᠢᠭᠡᠨ ᠮᠠᠯᠴᠢᠨ ᠡᠨᠡ᠎ᠬᠦ ᠥᠩᠭᠡᠷᠡᠯᠲᠡ᠎ᠪᠡᠨ ᠶᠠᠷᠢᠬᠤ᠎ᠳᠤ ᠮᠠᠰᠢ ᠰᠡᠳᠬᠢᠯ ᠳᠣᠭᠳᠣᠯᠵᠦ ᠪᠠᠢᠯ᠎ᠠ᠃

ᠲᠤᠰ ᠮᠠᠯᠴᠢᠨ᠎ᠤ ᠬᠡᠯᠡᠭᠰᠡᠨ 《ᠺᠣᠳ᠋ ᠰᠢᠷᠪᠢᠨ ᠠᠰᠠᠭᠤᠳᠠᠯ ᠲᠤᠰᠬᠠᠬᠤ》 ᠶᠠᠪᠤᠳᠠᠯ ᠨᠢ ᠣᠢᠷ᠎ᠠ᠎ᠶᠢᠨ ᠵᠢᠯ᠎ᠡᠴᠡ ᠨᠠᠭᠠᠰᠢᠬᠢ ᠬᠠᠩᠭᠢᠨ ᠬᠣᠰᠢᠭᠤᠨ᠎ᠤ ᠰᠢᠨ᠎ᠡ᠎ᠶᠢ ᠡᠭᠦᠳᠦᠨ ᠪᠠᠢᠭᠤᠯᠤᠭᠰᠠᠨ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢᠨ 《ᠺᠣᠳ᠋ ᠰᠢᠷᠪᠢᠨ ᠰᠢᠢᠳᠪᠦᠷᠢᠯᠡᠬᠦ》 ᠲᠠᠪᠴᠠᠩ ᠡᠴᠡ ᠢᠷᠡᠯ ᠲᠠᠢ ᠶᠤᠮ᠃ ᠡᠨᠡ᠎ᠬᠦ ᠬᠣᠶᠠᠷ ᠬᠡᠮᠵᠢᠯᠲᠦ ᠺᠤᠳ᠋ ᠨᠢ ᠣᠯᠠᠨ ᠲᠦᠮᠡᠨ᠎ᠦ ᠪᠠᠴᠢᠮᠳᠠᠵᠦ ᠬᠦᠴᠢᠷᠳᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠨᠠᠭᠠᠰᠢ ᠴᠠᠭᠠᠰᠢ ᠬᠦᠶᠦᠵᠦ ᠰᠢᠢᠳᠪᠦᠷᠢᠯᠡᠵᠦ ᠪᠠᠢᠭᠰᠠᠨ᠎ᠠᠴᠠ 《ᠬᠤᠷᠤᠭᠤᠨ ᠦᠵᠦᠭᠦᠷ ᠰᠢᠢᠳᠪᠦᠷᠢᠯᠡᠬᠦ》 ᠪᠣᠯᠭᠠᠨ ᠬᠤᠪᠢᠷᠠᠭᠤᠯᠵᠤ᠂ 《ᠱᠠᠲᠤ ᠱᠠᠲᠤ᠎ᠪᠠᠷ ᠰᠢᠯᠵᠢᠭᠦᠯᠬᠦ》 ᠪᠠᠢᠭᠰᠠᠨ᠎ᠠᠴᠠ《ᠳᠠᠷᠤᠢᠬᠠᠨ ᠭᠦᠢᠴᠡᠳᠬᠡᠬᠦ》 ᠪᠣᠯᠭᠠᠨ ᠬᠤᠪᠢᠷᠠᠭᠤᠯᠤᠭᠰᠠᠨ ᠪᠠᠢᠨ᠎ᠠ᠃

ᠬᠠᠩᠭᠢᠨ ᠬᠣᠰᠢᠭᠤᠨ᠎ᠤ ᠶᠡᠷᠦᠩᠬᠡᠢᠯᠡᠨ ᠵᠠᠰᠠᠬᠤ ᠲᠥᠪ᠎ᠦᠨ ᠡᠷᠬᠢᠯᠡᠭᠴᠢ ᠪᠢᠶᠠᠨ ᠹᠧᠢ ᠶᠦᠨ᠄《ᠥᠩᠭᠡᠷᠡᠭᠰᠡᠨ᠎ᠳᠦ ᠣᠯᠠᠨ ᠲᠦᠮᠡᠨ ᠠᠰᠠᠭᠤᠳᠠᠯ ᠲᠤᠰᠬᠠᠪᠠᠯ ᠴᠠᠭᠠᠰᠤᠨ ᠳᠡᠭᠡᠷ᠎ᠡ ᠳᠡᠩᠰᠡᠯᠡᠨ ᠲᠡᠮᠳᠡᠭᠯᠡᠨ᠂ ᠰᠠᠯᠠᠭ᠎ᠠ ᠮᠥᠴᠢᠷ᠎ᠲᠠᠢ ᠵᠣᠯᠭᠠᠭᠤᠯᠬᠤ ᠪᠡᠷ ᠬᠦᠶᠦᠵᠦ᠂ ᠶᠠᠪᠤᠴᠠ᠎ᠨᠢ ᠨᠡᠯᠢᠶᠡᠳ ᠣᠷᠳᠣ᠌ ᠪᠠᠢᠵᠤ᠂ ᠵᠠᠷᠢᠮ ᠵᠢᠵᠢᠭ ᠵᠥᠷᠢᠴᠡᠯ ᠢ᠋ ᠤᠳᠠᠭᠠᠰᠢᠷᠠᠭᠤᠯᠤᠨ ᠶᠡᠬᠡᠰᠬᠡᠴᠢᠭᠡᠳᠡᠭ》 ᠭᠡᠵᠠᠢ᠃

ᠬᠤᠪᠢᠷᠠᠯᠲᠠ ᠨᠢ ᠨᠢᠭᠡᠨ ᠵᠢᠵᠢᠭᠬᠡᠨ ᠬᠣᠶᠠᠷ ᠬᠡᠮᠵᠢᠯᠲᠦ ᠺᠤᠳ᠋᠎ᠡᠴᠡ ᠡᠬᠢᠯᠡᠪᠡ᠃ ᠬᠠᠩᠭᠢᠨ ᠬᠣᠰᠢᠭᠤᠨ᠎ᠤ ᠬᠢᠨ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢᠨ 《ᠺᠤᠳ᠋ ᠰᠢᠷᠪᠢᠬᠦ》 ᠲᠡᠪᠴᠡᠩ᠎ᠵᠢᠡᠷ ᠳᠠᠮᠵᠢᠨ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠪᠦᠬᠦ ᠡᠳᠦᠷ᠎ᠢᠶᠡᠷ᠎ᠬᠦᠯᠢᠶᠡᠨ ᠠᠪᠬᠤ ᠪᠤᠯᠵᠠᠢ᠃ ᠤᠯᠠᠨ ᠲᠦᠮᠡᠨ ᠭᠠᠷ ᠤᠲᠠᠰᠤ ᠪᠡᠷ ᠺᠤᠳ᠋ ᠰᠢᠷᠪᠢᠵᠦ᠂ ᠮᠡᠳᠡᠭᠡ ᠵᠠᠩᠭᠢ᠎ᠪᠠᠨ ᠲᠠᠭᠯᠠᠵᠤ᠂ ᠪᠠᠢᠳᠠᠯ᠎ᠢᠶᠠᠨ ᠲᠤᠭᠠᠴᠢᠵᠦ᠂ ᠨᠢᠭᠡ ᠯᠡ ᠳᠠᠷᠤᠪᠴᠢ᠎ᠪᠠᠷ ᠠᠰᠠᠭᠤᠳᠠᠯ ᠵᠢᠡᠨ ᠲᠤᠰᠢᠶᠠᠪᠠᠯ ᠰᠢᠰᠲᠧᠮ ᠨᠢ ᠠᠶᠠᠨᠳᠠᠭᠠᠨ ᠠᠵᠢᠯ᠎ᠤᠨ ᠬᠠᠭᠤᠳᠠᠰᠤ᠎ᠵᠢ ᠪᠦᠷᠢᠯᠳᠦᠬᠦᠯᠦᠨ᠎ᠡ᠃ ᠡᠭᠦᠨ᠎ᠦ ᠬᠠᠮᠳᠦ᠂ ᠰᠦᠯᠵᠢᠶᠡᠨ ᠳᠡᠭᠡᠷ᠎ᠡ ᠠᠵᠢᠯᠯᠠᠬᠤ᠎ᠳᠤ ᠳᠥᠭᠥᠮ ᠦᠭᠡᠢ ᠣᠯᠠᠨ ᠲᠦᠮᠡᠨ᠎ᠪᠠᠰᠠ ᠢᠯᠡ ᠨᠡᠢᠲᠡᠯᠡᠭᠰᠡᠨ ᠬᠠᠷᠢᠯᠴᠠᠬᠤ ᠤᠲᠠᠰᠤ᠎ᠪᠠᠷ ᠠᠰᠠᠭᠤᠳᠠᠯ ᠵᠢᠡᠨ ᠲᠤᠰᠬᠠᠵᠤ ᠪᠣᠯᠣᠨ᠎ᠠ᠂ ᠡᠨᠡ ᠨᠢ ᠰᠦᠯᠵᠢᠶᠡᠨ ᠳᠡᠭᠡᠷᠡᠬᠢ ᠪᠠ ᠪᠤᠳᠠᠳᠦ ᠴᠤᠬᠴᠠ᠎ᠶ᠋ᠢᠨ ᠦᠨᠳᠦᠰᠦᠨ ᠵᠦᠢᠯ ᠢ᠋ ᠪᠠᠲᠤᠯᠠᠬᠤ ᠶ᠋ᠢ ᠪᠡᠶᠡᠯᠡᠭᠦᠯᠦᠭᠰᠡᠨ ᠶᠠᠪᠤᠳᠠᠯ ᠪᠤᠯᠤᠨ᠎ᠠ᠃

ᠳᠤᠰ ᠲᠠᠪᠴᠠᠩ᠎ᠤᠨ ᠥᠨᠳᠥᠷ ᠪᠦᠲᠦᠮᠵᠢᠲᠡᠢ᠎ᠪᠡᠷ ᠠᠵᠢᠯᠯᠠᠬᠰᠠᠨ ᠨᠢ ᠨᠢᠭᠡᠨ ᠢᠵᠢ ᠪᠠᠷᠢᠮᠵᠢᠶᠠᠵᠢᠭ᠍ᠰᠠᠨ ᠪᠢᠲᠡᠭᠦᠦ ᠴᠠᠭᠠᠷᠢᠭᠲᠦ ᠰᠢᠢᠳᠪᠦᠷᠢᠯᠡᠬᠦ ᠶᠠᠪᠤᠴᠠ᠎ᠠᠴᠠ ᠢᠷᠡᠯᠲᠡ᠎ᠲᠠᠢ ᠶᠤᠮ᠃ ᠺᠣᠳ᠋ ᠰᠢᠷᠪᠢᠵᠦ ᠠᠰᠠᠭᠤᠳᠠᠯ ᠵᠢᠡᠨ ᠳᠡᠭᠡᠭᠰᠢ ᠮᠡᠳᠡᠭᠦᠯᠦᠭᠰᠡᠨ᠎ᠦ ᠳᠠᠷᠠᠭ᠎ᠠ᠂ ᠬᠣᠰᠢᠭᠤ ᠪᠠᠯᠭᠠᠰᠤ ᠬᠣᠶᠠᠷ ᠱᠠᠲᠤᠨ᠎ᠤ ᠶᠡᠷᠦᠩᠬᠡᠢᠯᠡᠨ ᠵᠠᠰᠠᠬᠤ ᠲᠥᠪ᠎ᠦᠨ ᠵᠢᠵᠢᠭᠦᠷᠯᠡᠭᠴᠢ ᠲᠡᠷᠡ ᠳᠠᠷᠤᠢ ᠳ᠋ᠤᠨᠢ ᠤᠲᠠᠰᠤ᠎ᠪᠠᠷ ᠬᠢᠨᠠᠨ ᠬᠠᠷᠭᠤᠭᠤᠯᠵᠤ᠂ ᠲᠥᠷᠥᠯ ᠬᠤᠪᠢᠶᠠᠨ ᠰᠢᠢᠳᠪᠦᠷᠢᠯᠡᠨ᠎ᠡ᠄ ᠲᠥᠬᠥᠮ ᠠᠰᠠᠭᠤᠳᠠᠯ᠎ᠢ ᠲᠡᠷᠡ ᠳᠠᠷᠤᠢ ᠳ᠋ᠤᠨᠢ ᠤᠲᠠᠰᠤ᠎ᠪᠠᠷ ᠬᠠᠷᠢᠭᠤ ᠥᠭᠴᠦ᠂ ᠪᠤᠳᠤᠯᠢᠶᠠᠨᠲᠠᠢ ᠵᠦᠢᠯᠡᠰ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢᠯᠡᠨ ᠵᠠᠰᠠᠬᠤ ᠲᠤᠤᠷᠵᠢᠬᠰᠠᠨ ᠰᠢᠰᠲᠧᠮ ᠵᠢᠡᠷ ᠳᠠᠮᠵᠢᠨ ᠬᠠᠷᠢᠭᠤᠴᠠᠯᠭᠠᠲᠤ ᠨᠢᠭᠡᠴᠢ᠎ᠳ᠋ᠤ ᠲᠤᠰᠢᠶᠠᠨ ᠰᠢᠢᠳᠪᠦᠷᠢᠯᠡᠭᠦᠯᠵᠦ᠂ 1 ᠠᠵᠢᠯᠯᠠᠬᠤ ᠡᠳᠦᠷ᠎ᠦᠨ ᠳᠣᠲᠣᠷ᠎ᠠ ᠣᠯᠠᠨ ᠲᠦᠮᠡᠨ᠎ᠳᠦ ᠲᠤᠰᠢᠶᠠᠨ ᠰᠢᠢᠳᠪᠦᠷᠢᠯᠡᠭᠦᠯᠦᠭᠰᠡᠨ ᠪᠠᠢᠳᠠᠯ᠎ᠢᠶᠠᠨ ᠬᠠᠷᠢᠭᠤ ᠲᠤᠰᠬᠠᠵᠦ᠂  ᠡᠩ᠎ᠦᠨ ᠵᠥᠷᠢᠴᠡᠯ ᠵᠠᠭᠤᠷᠠᠯᠳᠤᠭᠠᠨ᠎ᠢ 1 ᠠᠵᠢᠯᠯᠠᠬᠤ ᠡᠳᠦᠷ᠎ᠦᠨ ᠳᠣᠲᠣᠷ᠎ᠠ ᠰᠢᠢᠳᠪᠦᠷᠢᠯᠡᠵᠦ ᠳᠠᠭᠤᠰᠬᠠᠨ ᠬᠠᠷᠢᠭᠤᠯᠲᠠ ᠥᠭᠴᠦ᠂ ᠰᠠᠯᠠᠭ᠎ᠠ ᠮᠥᠴᠢᠷ ᠠᠯᠤᠰᠯᠠᠭᠰᠠᠨ ᠬᠦᠴᠢᠷ ᠲᠦᠪᠡᠭᠲᠡᠢ ᠵᠦᠢᠯᠡᠰ᠎ᠢ 3 ᠠᠵᠢᠯᠯᠠᠬᠤ ᠡᠳᠦᠷ᠎ᠦᠨ ᠳᠣᠲᠣᠷ᠎ᠠ ᠬᠠᠷᠢᠭᠤᠴᠠᠯᠭ᠎ᠠ᠎ᠶᠢᠨ ᠭᠣᠣᠯ ᠴᠣᠭᠴᠠ᠎ᠶᠢ ᠰᠤᠳᠤᠯᠤᠨ ᠮᠠᠭᠠᠳᠯᠠᠵᠤ ᠲᠣᠭᠲᠠᠭᠠᠨ᠎ᠠ᠃ 《ᠺᠤᠳ᠋ ᠰᠢᠷᠪᠢᠨ ᠰᠢᠢᠳᠪᠦᠷᠢᠯᠡᠬᠦ》 ᠲᠡᠪᠴᠡᠩ᠎ᠢ ᠠᠵᠢᠯᠯᠠᠭᠤᠯᠤᠬᠰᠠᠨ᠎ᠡᠴᠡ ᠨᠠᠭᠠᠰᠢ᠂ ᠨᠢᠭᠡᠨᠲᠡ ᠡᠯ᠎ᠡ ᠲᠥᠷᠥᠯ᠎ᠦᠨ ᠵᠥᠷᠢᠴᠡᠯ ᠵᠠᠭᠤᠷᠠᠯᠳᠤᠭᠠᠨ᠂ 280 ᠭᠠᠷᠤᠢ ᠵᠤᠷᠪᠤᠰ ᠬᠦᠰᠡᠯ ᠱᠠᠭᠠᠷᠳᠠᠯᠭ᠎ᠠ᠎ᠶᠢ ᠰᠢᠢᠳᠪᠦᠷᠢᠯᠡᠵᠦ᠂ ᠰᠢᠢᠳᠪᠦᠷᠢᠯᠡᠭᠰᠡᠨ ᠨᠣᠷᠮ᠎ᠠ ᠨᠢ 100%᠎ᠳᠤ ᠬᠥᠷᠪᠡ᠃

ᠨᠢᠭᠡ ᠵᠢᠵᠢᠭ ᠺᠤᠳ᠋ ᠨᠢ ᠬᠡᠳᠦᠢ ᠶᠡᠬᠡ ᠵᠠᠰᠠᠯᠲᠠ᠎ᠶᠢᠨ ᠦᠢᠯᠡᠳᠦᠯ ᠴᠢᠳᠠᠪᠤᠷᠢ᠎ᠶᠢ ᠪᠠᠳᠠᠷᠠᠭᠤᠯᠬᠤ ᠪᠤᠢ?  ᠬᠠᠩᠭᠢᠨ ᠬᠣᠰᠢᠭᠤᠨ᠎ᠤ ᠬᠠᠷᠢᠭᠤᠯᠲᠠ ᠪᠣᠯ᠄ 《ᠺᠣᠳ᠋》 ᠢ᠋ 《ᠰᠦᠯᠵᠢᠶ᠎ᠡ》 ᠳᠠᠢ ᠬᠣᠯᠪᠣᠵᠤ᠂ ᠰᠠᠯᠠᠭ᠎ᠠ ᠮᠥᠴᠢᠷ᠎ᠦᠨ ᠲᠠᠷᠠᠬᠠᠢ ᠪᠤᠲᠠᠷᠬᠠᠢ ᠬᠦᠴᠦᠨ᠎ᠢ ᠨᠢᠭ᠍ᠲᠠᠷᠠᠭᠤᠯᠪᠡ᠃ ᠬᠠᠩᠭᠢᠨ ᠬᠣᠰᠢᠭᠤᠨ᠎ᠤ ᠶᠡᠷᠦᠩᠬᠡᠢᠯᠡᠨ ᠵᠠᠰᠠᠬᠤ ᠲᠥᠪ ᠨᠢ ᠳᠣᠲᠣᠭᠠᠳᠤ᠎ᠶᠢ ᠬᠠᠮᠠᠭᠠᠯᠠᠬᠤ᠂ ᠪᠠᠢᠴᠠᠭᠠᠬᠤ ᠬᠣᠷᠢᠶ᠎ᠠ᠂ ᠰᠢᠭᠦᠬᠦ ᠬᠣᠷᠢᠶ᠎ᠠ᠂ ᠬᠠᠤᠯᠢ ᠴᠠᠭᠠᠵᠠ᠂ ᠵᠠᠬᠢᠳᠠᠯ ᠰᠣᠷᠪᠤᠯᠵᠢᠯᠠᠯ ᠵᠡᠷᠭᠡ 10 ᠭᠠᠷᠤᠢ ᠠᠵᠢᠯ ᠲᠥᠷᠥᠯ᠎ᠦᠨ ᠰᠠᠯᠠᠭ᠎ᠠ ᠮᠥᠴᠢᠷ᠎ᠦᠨ ᠡᠬᠢ ᠪᠠᠶᠠᠯᠢᠭ᠋ ᠵᠢᠴᠢ ᠬᠠᠤᠯᠢ᠎ᠶᠢᠨ ᠤᠬᠠᠭᠠᠨ᠎ᠤ ᠨᠡᠢᠭᠡᠮᠯᠢᠭ᠂ ᠰᠡᠳᠬᠢᠴᠡ᠎ᠶᠢᠨ ᠦᠢᠯᠡᠴᠢᠯᠡᠭᠡᠨ᠎ᠦ ᠪᠠᠢᠭᠤᠯᠤᠮᠵᠢ ᠵᠡᠷᠭᠡ ᠨᠡᠢᠭᠡᠮ᠎ᠦᠨ ᠵᠣᠬᠢᠶᠠᠨ ᠪᠠᠢᠭᠤᠯᠤᠯᠲᠠ ᠪᠣᠯᠣᠨ 9 ᠠᠵᠢᠯ ᠲᠥᠷᠥᠯ᠎ᠦᠨ ᠡᠶᠡᠳᠡᠭᠦᠯᠬᠦ ᠵᠥᠪᠯᠡᠯ᠎ᠦᠨ ᠬᠦᠴᠦᠨ᠎ᠢ ᠭᠦᠢᠴᠡᠳ ᠡᠮᠬᠢᠯᠡᠨ ᠨᠡᠢᠯᠡᠭᠦᠯᠵᠦ᠂ 《ᠲᠥᠪ᠎ᠡᠴᠡ ᠱᠦᠭᠯᠦ ᠦᠯᠢᠶᠡᠬᠦ᠂ ᠰᠠᠯᠠᠭ᠎ᠠ ᠮᠥᠴᠢᠷ᠎ᠡᠴᠡ ᠨᠡᠷ᠎ᠡ ᠮᠡᠳᠡᠭᠦᠯᠬᠦ》 ᠬᠣᠯᠪᠤᠭᠠᠯᠠᠨ ᠬᠥᠳᠡᠯᠦᠯᠴᠡᠬᠦ ᠵᠠᠭᠪᠤᠷ᠎ᠢ ᠪᠣᠶ ᠪᠣᠯᠭᠠᠪᠠ᠃ ᠣᠯᠠᠨ ᠲᠦᠮᠡᠨ᠎ᠦ ᠺᠣᠳ᠋ ᠰᠢᠷᠪᠢᠵᠦ ᠲᠤᠰᠬᠠᠭᠰᠠᠨ ᠬᠦᠰᠡᠯ ᠱᠠᠭᠠᠷᠳᠠᠯᠭ᠎ᠠ᠎ᠶᠢ ᠲᠠᠪᠴᠠᠩ᠎ᠤᠨ ᠡᠵᠡᠩᠨᠡᠯᠲᠡ᠎ᠶᠢᠨ ᠲᠥᠪ᠎ᠲᠦ ᠨᠢᠭᠡᠳᠦᠯᠲᠡᠢ ᠬᠤᠷᠢᠶᠠᠩᠭᠤᠢᠯᠠᠵᠤ᠂ ᠲᠥᠪ᠎ᠡᠴᠡ ᠨᠠᠷᠢᠨ ᠣᠨᠣᠪᠴᠢᠲᠠᠶ᠎ᠪᠠᠷ ᠠᠰᠠᠭᠤᠳᠠᠯ᠎ᠢ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠲᠦ ᠲᠤᠰᠢᠶᠠᠵᠦ᠂ ᠣᠯᠠᠨ ᠰᠠᠯᠠᠭ᠎ᠠ ᠮᠥᠴᠢᠷ᠎ᠦᠨ ᠬᠣᠯᠪᠤᠭᠠᠯᠠᠨ ᠬᠥᠳᠡᠯᠦᠯᠴᠡᠵᠦ ᠰᠢᠢᠳᠪᠦᠷᠢᠯᠡᠬᠦ ᠲᠣᠭᠲᠠᠴᠠ᠎ᠶᠢ ᠪᠠᠢᠭᠤᠯᠪᠠ᠃

《ᠺᠤᠳ᠋ ᠰᠢᠷᠪᠢᠬᠦ》 ᠵᠢᠨ ᠦᠨ᠎ᠡ ᠦᠷᠳᠡᠭ ᠨᠢ 《ᠲᠦᠷᠭᠡᠨ ᠰᠢᠢᠳᠪᠦᠷᠢᠯᠡᠬᠦ》 ᠳ᠋ᠤ᠎ᠯᠡ ᠪᠠᠢᠬᠤ ᠪᠢᠰᠢ᠂ ᠨᠡᠩ ᠴᠤ᠌ 《ᠬᠤᠯᠠ᠎ᠶᠢ ᠬᠠᠷᠠᠬᠤ》 ᠳ᠋ᠤ ᠪᠠᠢᠬᠤ ᠶᠤᠮ᠃ ᠲᠠᠪᠴᠠᠩ ᠨᠢ 《ᠺᠣᠳ᠋ ᠰᠢᠷᠪᠢᠪᠡᠯ ᠵᠠᠪᠠᠯ ᠬᠠᠷᠢᠭᠤ ᠥᠭᠬᠦ᠂ ᠬᠦᠰᠡᠯ ᠱᠠᠭᠠᠷᠳᠠᠯᠭ᠎ᠠ᠎ᠶᠢ ᠵᠠᠪᠠᠯ ᠰᠢᠢᠳᠪᠦᠷᠢᠯᠡᠬᠦ᠂ ᠰᠢᠢᠳᠪᠦᠷᠢᠯᠡᠵᠦ ᠳᠠᠭᠤᠰᠬᠠᠪᠠᠯ ᠵᠠᠪᠠᠯ ᠬᠠᠷᠢᠭᠤ ᠰᠤᠷᠪᠤᠯᠵᠢᠯᠠᠬᠤ》 ᠵᠠᠷᠴᠢᠮ᠎ᠢ ᠪᠠᠷᠢᠮᠲᠠᠯᠠᠵᠤ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠡᠮᠬᠢᠯᠡᠨ ᠵᠠᠳᠠᠯᠵᠤ᠂ ᠣᠨᠴᠠᠭᠠᠶ ᠬᠡᠷᠡᠭ᠎ᠦᠨ ᠳᠣᠲᠣᠷ᠎ᠠ ᠠ᠋ᠴᠠ ᠨᠡᠢᠲᠡᠯᠢᠭ ᠴᠢᠨᠠᠷ᠎ᠢ ᠡᠷᠢᠨ ᠣᠯᠵᠤ᠂ ᠲᠣᠭ᠎ᠠ ᠪᠠᠷᠢᠮᠲᠠ᠎ᠵᠢ ᠲᠠᠰᠤᠷᠠᠯᠲᠠ ᠦᠭᠡᠢ ᠬᠤᠷᠢᠶᠠᠩᠭᠤᠢᠯᠠᠨ ᠳ᠋ᠦᠩᠨᠡᠪᠠ᠃

ᠬᠠᠩᠭᠢᠨ ᠬᠣᠰᠢᠭᠤᠨ᠎ᠤ ᠶᠡᠷᠦᠩᠬᠡᠢᠯᠡᠨ ᠵᠠᠰᠠᠬᠤ ᠲᠥᠪ᠎ᠦᠨ ᠠᠵᠢᠯᠲᠠᠨ᠎ᠤ ᠲᠠᠨᠢᠯᠴᠠᠭᠤᠯᠤᠭᠰᠠᠨ᠎ᠢᠶᠠᠷ᠂ ᠬᠦᠰᠡᠯ ᠱᠠᠭᠠᠷᠳᠠᠯᠭ᠎ᠠ᠎ᠶᠢᠨ ᠲᠣᠭ᠎ᠠ ᠪᠠᠷᠢᠮᠲᠠ᠎ᠶᠢ ᠵᠠᠳᠠᠯᠤᠨ ᠰᠤᠳᠤᠯᠵᠤ ᠮᠠᠭᠠᠳᠯᠠᠬᠤ᠎ᠪᠠᠷ ᠳᠡᠮᠵᠢᠨ᠂ ᠵᠠᠷᠢᠮ ᠤᠯᠠᠨ ᠡᠬᠦᠰᠬᠦ ᠠᠰᠠᠭᠤᠳᠠᠯ ᠪᠠ ᠴᠤᠬᠤᠶ᠋ᠢᠯᠲᠠ᠎ᠶᠢᠨ ᠴᠢᠨᠠᠷᠲᠠᠢ ᠵᠥᠷᠢᠴᠡᠯ᠎ᠢ ᠤᠷᠢᠳᠴᠢᠯᠠᠨ ᠰᠡᠷᠡᠵᠦ ᠮᠡᠳᠡᠵᠦ᠂ ᠤᠷᠢᠳᠴᠢᠯᠠᠨ ᠭᠠᠷ ᠳᠦᠷᠦᠵᠦ᠂ ᠵᠠᠰᠠᠯᠲᠠ᠎ᠶᠢᠨ ᠵᠠᠭᠪᠤᠷ᠎ᠢ 《ᠬᠡᠷᠡᠭ᠎ᠦᠨ ᠳᠠᠷᠠᠭ᠎ᠠ ᠰᠢᠢᠳᠪᠦᠷᠢᠯᠡᠵᠦ》 ᠪᠠᠢᠭᠰᠠᠨ᠎ᠠᠴᠠ 《ᠤᠷᠢᠳ᠎ᠢᠶᠠᠷ ᠰᠢᠢᠳᠪᠦᠷᠢᠯᠡᠬᠦ》 ᠪᠣᠯᠭᠠᠨ ᠬᠤᠪᠢᠷᠠᠭᠤᠯᠬᠤ᠎ᠶᠢ ᠪᠦᠲᠦᠮᠵᠢᠲᠡᠶ ᠠᠬᠢᠭᠤᠯᠤᠭᠰᠠᠨ ᠪᠠᠢᠨ᠎ᠠ᠃

ᠡᠨᠡ ᠬᠦ᠌ ᠬᠤᠪᠢᠷᠠᠯᠲᠠ ᠨᠢ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠨᠡᠩ ᠴᠤ᠌ ᠢᠯᠡᠷᠬᠡᠢ ᠪᠠᠢᠳᠠᠭ᠃ ᠬᠠᠩᠭᠢᠨ ᠬᠣᠰᠢᠭᠤᠨ᠎ᠤ ᠰᠢᠨ᠎ᠠ ᠪᠠᠯᠭᠠᠰᠤᠨ᠎ᠤ ᠵᠢᠶᠠᠨ ᠠᠨ ᠨᠡᠢᠭᠡᠮ ᠲᠣᠭᠣᠷᠢᠭ᠋᠎ᠤᠨ ᠰᠠᠭᠤᠭᠠᠯᠢ ᠠᠷᠠᠳ᠎ᠤᠨ ᠵᠥᠪᠯᠡᠯ᠎ᠦᠨ ᠡᠷᠬᠢᠯᠡᠭᠴᠢ ᠵᠠᠩ ᠰᠢᠦᠸᠠᠢ ᠹᠧᠩ᠄ 《ᠪᠢᠳᠡ ᠲᠤᠤᠷᠵᠢᠯ᠎ᠵᠢᠡᠷ ᠲᠣᠭᠣᠷᠢᠨ ᠪᠠᠢᠴᠠᠭᠠᠬᠤ ᠠᠵᠢᠯᠯᠠᠭ᠎ᠠ᠎ᠥᠷᠨᠢᠭᠦᠯᠵᠦ᠂ ᠡᠷᠦᠬᠡ᠎ᠳᠦ ᠬᠦᠷᠴᠦ ᠰᠤᠷᠪᠤᠯᠵᠢᠯᠠᠬᠤ ᠦᠶ᠎ᠡ᠎ᠳᠦ᠂ 〈ᠺᠣᠳ᠋ ᠰᠢᠷᠪᠢᠬᠦ〉 ᠪᠠᠷ ᠳᠠᠮᠵᠢᠨ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠴᠠᠭ ᠬᠢᠵᠠᠭᠠᠷᠯᠠᠨ ᠰᠢᠢᠳᠪᠦᠷᠢᠯᠡᠵᠦ᠂ ᠪᠢᠲᠡᠭᠦᠦ ᠴᠠᠭᠠᠷᠢᠭ᠋᠎ᠢᠶᠠᠷ ᠬᠠᠮᠢᠶᠠᠷᠴᠤ᠂ ᠦᠨᠳᠦᠰᠦᠨ ᠱᠠᠲᠤᠨ᠎ᠤ ᠵᠠᠰᠠᠯᠲᠠ᠎ᠶᠢ ᠨᠠᠩ ᠨᠠᠷᠢᠯᠢᠭ᠋ ᠣᠨᠣᠴᠠᠲᠠᠢ ᠪᠥᠭᠡᠳ ᠥᠨᠳᠥᠷ ᠪᠦᠲᠦᠮᠵᠢᠲᠡᠶ ᠪᠣᠯᠭᠠᠵᠢ》 ᠭᠡᠵᠡᠢ ᠃

ᠠᠷᠠᠳ᠎ᠤᠨ ᠠᠮᠢᠳᠤᠷᠠᠯ᠎ᠳᠤ ᠪᠠᠭ᠎ᠠ ᠶᠠᠪᠤᠳᠠᠯ ᠭᠡᠵᠦ ᠠᠯᠠᠭ᠎ᠠ᠃ 《ᠰᠠᠨᠠᠭᠠᠴᠢᠯᠠᠭ᠎ᠠ ᠦᠬᠡᠢ ᠪᠡᠷ᠎ᠴᠤᠤᠷᠢᠶᠠᠲᠤᠨ ᠳᠠᠭᠠᠬᠤ》 ᠡᠴᠡ 《ᠰᠠᠨᠠᠭᠠᠴᠢᠯᠠᠭ᠎ᠠ᠎ᠠᠴᠠ᠎ᠪᠠᠨ ᠵᠠᠰᠠᠬᠤ》 ᠬᠦᠷᠲᠡᠯ᠎ᠡ᠂ 《ᠤᠯᠠᠨ ᠲᠦᠮᠡᠨ ᠭᠦᠶᠦᠬᠦ》 ᠡᠴᠡ 《ᠲᠣᠭ᠎ᠠ ᠪᠠᠷᠢᠮᠲᠠ ᠭᠦᠶᠦᠬᠦ》 ᠬᠦᠷᠲᠡᠯ᠎ᠡ᠂ ᠬᠠᠩᠭᠢᠨ ᠬᠣᠰᠢᠭᠤ ᠨᠢ 《ᠺᠣᠳ᠋ ᠰᠢᠷᠪᠢᠬᠦ》 ᠪᠡᠷ ᠲᠤᠯᠬᠤ ᠴᠡᠭ ᠪᠣᠯᠭᠠᠵᠤ᠂ ᠦᠨᠳᠦᠰᠦᠨ ᠱᠠᠲᠤᠨ᠎ᠤ ᠵᠠᠰᠠᠯᠲᠠ᠎ᠶᠢᠨ ᠰᠢᠰᠲ᠋ᠸᠮᠲᠦ ᠴᠢᠨᠠᠷᠲᠠᠢ ᠬᠤᠪᠢᠰᠤᠯᠲᠠ᠎ᠶᠢ ᠦᠷᠭᠦᠯᠵᠢᠯᠡᠨ ᠰᠢᠯᠢᠳᠡᠭᠵᠢᠭᠦᠯᠵᠦ᠂ ᠰᠠᠯᠠᠭ᠎ᠠ ᠮᠥᠴᠢᠷ᠎ᠦᠨ ᠬᠠᠮᠵᠢᠯᠴᠠᠭ᠎ᠠ᠎ᠶᠢ ᠭᠦᠨᠵᠡᠭᠡᠢᠷᠡᠭᠦᠯᠵᠦ᠂ ᠵᠠᠰᠠᠯᠲᠠ᠎ᠶᠢᠨ ᠬᠦᠷᠢᠶ᠎ᠡ ᠬᠡᠪᠴᠢᠶ᠎ᠡ᠎ᠶᠢ ᠨᠡᠩ ᠭᠦᠨᠵᠡᠭᠡᠢᠷᠡᠭᠦᠯᠵᠦ᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠵᠢᠨ 《ᠵᠤᠷᠪᠤᠰ ᠪᠤᠯᠭᠠᠨ᠎ᠢ ᠨᠠᠢᠳᠠᠪᠤᠷᠢᠵᠢᠭᠤᠯᠬᠤ᠂ ᠶᠠᠪᠤᠳᠠᠯ ᠪᠦᠬᠦᠨ᠎ᠳᠦ ᠬᠠᠷᠢᠭᠤ ᠥᠭᠬᠦ》 ᠵᠢ ᠪᠡᠶᠡᠯᠡᠬᠦᠯᠵᠦ᠂ ᠦᠨᠳᠦᠰᠦᠨ ᠱᠠᠲᠤᠨ᠎ᠤ ᠵᠠᠰᠠᠯᠲᠠ᠎ᠳᠤ ᠦᠢᠯᠡᠴᠢᠯᠡᠬᠦ 《ᠡᠴᠦᠰ᠎ᠦᠨ ᠨᠢᠭᠡ ᠮᠧᠲᠷ》 ᠎ᠢ᠋ ᠦᠨᠡᠨ᠎ᠬᠦ ᠨᠡᠪᠲᠡᠷᠡᠭᠦᠯᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面