2025-01-12 12:21:54
《ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠎ᠦ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠶ᠋ᠢ ᠲᠤᠬᠠᠢᠯᠠᠭ᠍ᠰᠠᠨ ᠠᠵᠢᠯ᠎ᠲᠠᠶ᠎ᠪᠠᠨ ᠤᠶᠠᠯᠳᠤᠭᠤᠯᠵᠤ ᠂ ᠳᠠᠬᠢᠨ ᠲᠤᠰᠭᠠᠶ ᠮᠡᠷᠭᠡᠵᠢᠯ᠎ᠦᠨ ᠬᠦᠷᠢᠶ᠎ᠡ ᠴᠠᠷᠠᠭ᠎ᠠ ᠪᠠ ᠠᠷᠠᠳ ᠣᠯᠠᠨ᠎ᠤ ᠪᠣᠳᠣᠵᠤ ᠬᠦᠰᠡᠵᠤ ᠪᠠᠢᠭ᠎ᠠ ᠵᠦᠢᠯ᠎ᠤᠨ ᠤᠶᠠᠯᠳᠤᠯ ᠴᠡᠭ᠎ᠢ ᠡᠷᠢᠵᠦ᠍ ᠣᠯᠪᠠᠯ ᠰᠠᠶᠢ ᠰᠠᠨᠠᠯ ᠳᠤᠷᠠᠳᠤᠯᠭ᠎ᠠ᠎ᠨᠢ ᠨᠠᠩ ᠬᠦᠴᠦᠨ᠎ᠲᠡᠶ ᠂ ᠨᠠᠩ ᠪᠣᠯᠤᠮᠵᠢᠲᠤ ᠴᠢᠨᠠᠷᠲᠠᠶ ᠪᠣᠯᠵᠣ ᠴᠢᠳᠠᠨ᠎ᠠ》᠃ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠬᠤᠷᠠᠯᠳᠤᠬᠤᠭᠡᠵᠤ ᠪᠠᠢᠭ᠎ᠠ ᠲᠠᠰᠢᠷᠠᠮ ᠵᠢᠡᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠥᠪᠥᠷ ᠮᠣᠩᠭᠣᠯ᠎ᠤᠨ ᠪᠣᠷᠣᠯᠠᠭᠤᠯᠭ᠎ᠠ᠎ᠶ᠋ᠢᠨ ᠺᠣᠮᠫᠠᠨᠢ᠎ᠶ᠋ᠢᠨ ᠨᠠᠮ᠎ᠤᠨ ᠬᠣᠷᠢᠶ᠎ᠠ ᠵᠢᠨ ᠱᠦᠵᠢ᠂ ᠭᠦᠶ᠋ᠴᠡᠳᠭᠡᠬᠦ᠌ ᠬᠡᠷᠡᠭ ᠮᠡᠳᠡᠭ᠌ᠴᠢ ᠶᠠᠩ ᠵᠢᠶᠧ ᠮᠥᠨ ᠬᠦ᠌ ᠡᠬᠦᠨ ᠡᠴᠡ ᠡᠮᠦᠨᠡᠬᠢ ᠪᠠᠢᠴᠠᠭᠠᠨ ᠰᠤᠳᠤᠯᠤᠯᠲᠠ ᠬᠢᠭᠰᠡᠨ ᠪᠠᠢᠳᠠᠯ᠎ᠢᠶᠡᠨ ᠦᠨᠳᠦᠰᠦᠯᠡᠨ ᠲᠡᠪᠰᠢᠬᠦᠯᠬᠦ᠎ᠪᠠᠷ ᠪᠡᠯᠡᠳᠬᠡᠵᠤ ᠪᠠᠢᠭ᠎ᠠ ᠰᠠᠨᠠᠯ ᠳᠤᠷᠠᠳᠤᠯᠭ᠎ᠠ᠎ᠪᠠᠨ ᠲᠠᠬᠢᠨ ᠲᠠᠪᠳᠠᠨ ᠨᠥᠬᠥᠪᠥᠷᠢᠯᠡᠨ ᠲᠡᠭᠦᠯᠳᠡᠷᠵᠢᠭᠦᠯᠵᠦ᠍ ᠪᠠᠢᠯ᠎ᠠ᠃
ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠥᠩᠭᠡᠷᠡᠯᠲᠡ᠎ᠪᠡᠨ ᠡᠷᠭᠢᠴᠡᠭᠦᠯᠬᠦᠶ᠎ᠡ᠂ ᠶᠠᠩ ᠵᠢᠶᠧ ᠮᠥᠷᠥᠨ ᠳᠡᠭᠡᠷᠡᠬᠢ ᠬᠠᠷᠢᠭᠤᠴᠠᠯᠭ᠎ᠠ ᠨᠠᠩ ᠬᠦᠨᠳᠦ ᠪᠣᠯᠵᠠᠶ ᠭᠡᠨ᠎ᠠ᠂ ᠲᠡᠷᠡ᠄ 《ᠥᠪᠡᠷᠲᠡᠭᠡᠨ ᠵᠠᠰᠠᠬᠤ ᠣᠷᠣᠨ᠎ᠤ᠋ ᠲᠦᠯᠦᠬᠡ ᠵᠢᠨ ᠵᠢᠳᠬᠦᠯ ᠴᠢᠷᠮᠠᠢᠯᠭ᠎ᠠ ᠭᠠᠷᠭᠠᠵᠤ᠂ ᠲᠤᠬᠠᠶ᠎ᠶ᠋ᠢᠨ ᠭᠠᠵᠠᠷ᠎ᠤᠨ ᠣᠯᠠᠨ ᠲᠦᠮᠡᠨ᠎ᠳᠦ ᠪᠤᠶᠠᠨ ᠦᠶ᠋ᠯᠡᠳᠬᠦ᠌ ᠪᠠᠰᠠ ᠨᠢᠬᠡᠨ ᠬᠠᠷᠢᠭᠤᠴᠠᠯᠭ᠎ᠠ ᠨᠡᠮᠡᠭ᠌ᠳᠡᠵᠡᠢ》 ᠭᠡᠵᠤ ᠵᠤᠷᠢᠭ᠎ᠵᠢᠡᠨ ᠬᠦᠪᠴᠢᠯᠡᠨ᠎ᠠ᠃
ᠬᠡᠷᠬᠢᠨ ᠲᠣᠰ ᠪᠡᠶ᠎ᠡ᠎ᠶ᠋ᠢᠨ ᠲᠤᠰᠭᠠᠶ ᠮᠡᠷᠭᠡᠵᠢᠯ ᠪᠠ ᠡᠬᠢ ᠪᠠᠶᠠᠯᠢᠭ᠎ᠤᠨ ᠳᠠᠪᠠᠭᠤᠯᠢᠭ᠎ᠢᠶᠠᠨ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠎ᠶ᠋ᠢᠨ ᠬᠥᠭ᠌ᠵᠢᠯᠲᠡ᠎ᠳᠦ ᠬᠦᠴᠦ᠍ᠨ ᠨᠡᠮᠡᠷᠢᠯᠡᠬᠦ ᠪᠤᠢ? 《ᠤᠶᠠᠯᠳᠤᠯ ᠴᠡᠭ᠎ᠢ ᠡᠷᠢᠵᠤ ᠤᠯᠬᠤ ᠬᠡᠷᠡᠭ᠌ᠲᠡᠢ》 ᠭᠡᠵᠤ ᠶᠠᠩ ᠵᠢᠶᠸ ᠭᠡᠯᠡᠨ᠎ᠠ᠃
ᠡᠨᠧᠷᠭᠢ᠂ ᠵᠠᠮ ᠬᠠᠷᠢᠯᠴᠠᠭ᠎ᠠ ᠪᠣᠯ ᠶᠠᠩ ᠵᠢᠶ᠍ᠸ ᠵᠢᠨ ᠰᠠᠢ᠌ᠨ ᠮᠡᠳᠡᠳᠡᠭ ᠬᠦᠷᠢᠶ᠎ᠡ ᠴᠠᠷᠠᠭ᠎ᠠ ᠪᠣᠯᠤᠨ᠎ᠠ᠃ ᠨᠢᠳᠤᠨᠤᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠬᠣᠶᠠᠳᠤᠭᠠᠷ ᠬᠤᠷᠠᠯ᠎ᠤᠨ ᠬᠤᠭᠤᠴᠠᠭᠠᠨ᠎ᠳᠤ᠂ ᠲᠡᠷᠡ 《ᠣᠲᠣ ᠪᠠᠢᠭ᠎ᠠ ᠲᠣᠰᠣ ᠨᠡᠮᠡᠬᠦ᠌ ᠲᠤᠤᠷ ᠤ᠋ᠨ ᠪᠠᠢᠷᠢᠱᠢᠭᠤᠯᠤᠯᠲᠠ᠎ᠶ᠋ᠢᠨ ᠱᠢᠨ᠎ᠡ ᠡᠨᠧᠷᠭᠢ᠎ᠶ᠋ᠢᠨ ᠲᠤᠬᠠᠢᠯᠠᠭ᠍ᠰᠠᠨ ᠠᠵᠢᠯ᠎ᠢ ᠭᠦᠶ᠋ᠴᠡᠳ ᠠᠱᠢᠭ᠍ᠯᠠᠨ ᠵᠠᠮ ᠬᠠᠷᠢᠯᠴᠠᠭ᠎ᠠ ᠡᠨᠧᠷᠭᠢ᠎ᠶ᠋ᠢᠨ ᠬᠦᠷᠢᠶᠡᠨ᠎ᠦ ᠪᠣᠬᠢᠷᠲᠤᠯ ᠥᠬᠡᠶ ᠲᠡᠢᠰᠢ ᠬᠡᠯᠪᠡᠷᠢ ᠪᠠᠨ ᠬᠤᠪᠢᠷᠠᠭᠤᠯᠬᠤ ᠬᠦᠭᠵᠢᠯᠳᠠ᠎ᠵᠢᠨ ᠵᠠᠮ᠎ᠢᠶᠠᠷ ᠰᠠᠢᠲᠤᠷ ᠵᠠᠮᠨᠠᠬᠤ ᠲᠤᠬᠠᠶ ᠰᠠᠨᠠᠯ ᠳᠤᠷᠠᠳᠤᠯᠭ᠎ᠠ》 ᠶ᠋ᠢ ᠳᠡᠪᠱᠢᠭᠦᠯᠪᠡ᠃
《ᠪᠥᠬᠥ᠌ ᠣᠷᠣᠨ᠎ᠳᠤ ᠣᠲᠣ 3400 ᠭᠠᠷᠤᠶ ᠲᠣᠰᠣ ᠨᠡᠮᠡᠬᠦ᠌ ᠥᠷᠲᠡᠭᠡ ᠪᠣᠶ᠂ ᠡᠭᠦᠨ᠎ᠳ᠋ᠤ ᠳᠤᠮᠳᠠᠳᠤ ᠤᠯᠤᠰ᠎ᠤᠨ ᠴᠢᠯᠠᠭᠤᠨ ᠲᠣᠰᠣ ᠨᠡᠮᠡᠬᠦ ᠦᠷᠳᠡᠬᠡ ᠳᠠᠷᠤᠶ 1600 ᠭᠠᠷᠤᠶ ᠪᠠᠢᠵᠤ᠂ ᠪᠥᠬᠥ᠌ ᠣᠷᠣᠨ᠎ᠳᠤ ᠲᠠᠷᠬᠠᠭ᠍ᠰᠠᠨ ᠲᠣᠰᠣ ᠨᠡᠮᠡᠬᠦ᠌ ᠲᠤᠤᠷ ᠨᠡᠯᠢᠶᠡᠳ ᠪᠣᠯᠪᠠᠰᠤᠷᠠᠩᠭᠤᠶ ᠪᠣᠯᠵᠠᠶ》᠃ ᠶᠠᠩ ᠵᠢᠶᠧ᠂ ᠲᠡᠭᠦᠨ᠎ᠢ ᠱᠢᠨ᠎ᠡ ᠡᠨᠧᠷᠭᠢ᠎ᠶ᠋ᠢᠨ ᠲᠤᠤᠷ ᠤ᠋ᠨ ᠪᠠᠢᠷᠢᠱᠢᠭᠤᠯᠤᠯᠲᠠ᠎ᠳᠤ ᠣᠷᠣᠭᠤᠯᠪᠠᠯ ᠵᠤᠬᠢᠨ᠎ᠠ᠂ ᠲᠡᠷᠡᠴᠢᠯᠡᠨ ᠴᠠᠬᠢᠯᠭᠠᠨ ᠴᠡᠨᠡᠭ᠌ᠯᠡᠬᠦ᠌ ᠲᠤᠤᠷ ᠤ᠋ᠨ ᠪᠠᠢᠷᠢᠯᠠᠭᠤᠯᠤᠯᠲᠠ᠎ᠶ᠋ᠢᠨ ᠪᠦᠲᠦᠴᠡ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠬᠣᠲᠠ᠎ᠶ᠋ᠢᠨ ᠪᠠᠢᠳᠠᠯ᠂ ᠵᠠᠰᠠᠮᠠᠯ ᠵᠠᠮ᠎ᠤᠨ ᠱᠤᠭᠤᠮ᠂ ᠬᠥᠳᠡᠭᠡ ᠲᠣᠰᠭᠣᠨ᠎ᠤ ᠴᠡᠭ᠎ᠦᠨ ᠪᠠᠢᠷᠢᠯᠠᠭᠤᠯᠤᠯᠲᠠ᠎ᠶ᠋ᠢᠨ ᠴᠠᠬᠢᠯᠭᠠᠨ ᠴᠡᠨᠡᠭ᠌ᠯᠡᠬᠦ᠌ ᠲᠤᠤᠷ ᠬᠢᠭᠡᠳ ᠣᠲᠣ᠎ᠶ᠋ᠢᠨ ᠪᠠᠢᠭ᠎ᠠ ᠲᠣᠰᠣ ᠨᠡᠮᠡᠬᠦ᠌ ᠥᠷᠲᠡᠭᠡ᠎ᠶ᠋ᠢᠨ ᠱᠢᠨ᠎ᠡ᠎ᠶ᠋ᠢ ᠡᠭᠦᠳᠴᠦ᠍ ᠠᠭᠤᠰᠤᠯᠴᠠᠨ ᠬᠥᠭ᠌ᠵᠢᠬᠦ᠌ ᠰᠡᠳᠭᠢᠴᠠ᠎ᠶ᠋ᠢ ᠲᠣᠳᠣᠷᠬᠠᠶ ᠪᠣᠯᠭᠠᠵᠤ᠂ ᠰᠠᠭᠤᠭᠠᠯᠢ ᠠᠷᠠᠳ᠎ᠤᠨ ᠶᠠᠪᠤᠵᠤ ᠰᠠᠭᠤᠬᠤ᠎ᠳᠤ 《ᠴᠠᠬᠢᠯᠭᠠᠨ ᠴᠡᠨᠡᠭ᠌ᠯᠡᠬᠦ᠌᠎ᠳᠦ ᠬᠦᠴᠢᠷᠲᠡᠶ》 ᠪᠠᠢᠬᠤ ᠠᠰᠠᠭᠤᠳᠠᠯ᠎ᠢ ᠱᠢᠶ᠋ᠳᠪᠦᠷᠢᠯᠡᠪᠠᠯ ᠵᠤᠬᠢᠨ᠎ᠠ ᠭᠡᠵᠦ᠍ ᠰᠠᠨᠠᠭᠤᠯᠭ᠎ᠠ ᠪᠠᠨ ᠲᠡᠯᠭᠡᠨ᠎ᠠ᠃
《 ᠰᠠᠨᠠᠯ ᠳᠤᠷᠠᠳᠤᠯᠭ᠎ᠠ ᠪᠠᠨ ᠳᠡᠪᠱᠢᠭᠦᠯᠦᠭ᠌ᠰᠡᠨᠦ ᠲᠠᠷᠠᠭ᠎ᠠ᠂ ᠺᠣᠮᠫᠠᠨᠢ ᠤᠷᠢᠯᠭ᠎ᠠ᠎ᠪᠠᠷ ᠲᠤᠰᠭᠠᠢ ᠬᠥᠮᠦᠨ ᠲᠣᠮᠢᠯᠠᠨ ᠥᠪᠡᠷᠲᠡᠭᠡᠨ ᠵᠠᠰᠠᠬᠤ ᠣᠷᠣᠨ᠎ᠤ 〈 ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠎ᠳᠤ ᠣᠷᠣᠯᠴᠠᠪᠠ᠂ ᠡᠨᠡ ᠨᠢ ᠨᠠᠳᠠ᠎ᠳᠤ ᠮᠠᠰᠢ ᠶᠡᠬᠡ ᠵᠣᠷᠢᠭ᠍ᠵᠢᠭᠤᠯᠤᠯ ᠪᠣᠯᠵᠠᠢ》 ᠭᠡᠵᠦ ᠶᠠᠩ ᠵᠢᠶᠧ ᠪᠠᠶᠠᠷᠳᠠᠢᠬᠠᠨ ᠶᠠᠷᠢᠵᠤ ᠪᠠᠢᠯ᠎ᠠ᠃
2024 ᠣᠨ᠎ᠳᠤ᠂ ᠶᠠᠩ ᠵᠢᠶᠧ᠎ᠶ᠋ᠢᠨ ᠠᠩᠬᠠᠷᠤᠯ ᠲᠠᠯᠪᠢᠬᠰᠠᠨ ᠭᠤᠤᠯᠳᠠᠯᠭ᠎ᠠ᠎ᠨᠢ ᠮᠥᠨ ᠬᠦ᠌ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠳᠤᠮᠳᠠᠳᠤ ᠤᠯᠤᠰ᠎ᠤᠨ ᠴᠢᠯᠠᠭᠤᠨ ᠲᠣᠰᠣ ᠪᠠᠢᠭᠠᠯᠢ᠎ᠶ᠋ᠢᠨ ᠱᠢᠲᠠᠮᠠᠬᠠᠶ ᠬᠡᠶ᠎ᠶ᠋ᠢᠨ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠲᠤᠭᠲᠠᠭᠰᠠᠨ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭᠠᠨ᠎ᠤ ᠪᠦᠳᠦᠭᠦᠪᠴᠢ ᠵᠥᠪᠯᠡᠯᠴᠡᠭᠡᠷ᠎ᠦᠨ ᠡᠯ᠎ᠡ ᠵᠦᠶ᠋ᠯ᠎ᠦᠨ ᠠᠭᠤᠯᠭ᠎ᠠ᠎ᠶ᠋ᠢ ᠲᠦᠷᠭᠡᠨ ᠨᠠᠢᠳᠠᠪᠤᠷᠢᠵᠢᠭᠤᠯᠤᠨ ᠬᠡᠷᠡᠭ᠌ᠵᠢᠭᠦᠯᠬᠦ᠌᠎ᠶ᠋ᠢ ᠠᠬᠢᠭᠤᠯᠵᠤ᠂ 《ᠦᠪᠦᠷ ᠮᠣᠩᠭᠣᠯ ᠨᠡᠷᠡᠮᠵᠢᠲᠦ》 ᠦᠶ᠋ᠯᠡᠳᠬᠦᠨ᠎ᠢ ᠪᠥᠬᠥ᠌ ᠤᠯᠤᠰ᠎ᠲᠤ ᠳᠡᠯᠭᠡᠷᠡᠭᠦᠯᠬᠦ᠌ ᠶᠠᠪᠤᠳᠠᠯ ᠪᠣᠯᠤᠨ᠎ᠠ᠃ 《ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠎ᠶ᠋ᠢᠨ ᠬᠥᠭ᠌ᠵᠢᠯᠲᠡ᠎ᠳᠦ ᠬᠠᠮᠤᠭ᠎ᠤᠨ ᠶᠡᠬᠡ ᠬᠡᠮᠵᠢᠶ᠎ᠡ᠎ᠪᠡᠷ ᠦᠢᠯᠡᠴᠢᠯᠡᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌᠎ᠶ᠋ᠢ ᠬᠦᠰᠡᠵᠦ ᠪᠠᠢᠨ᠎ᠠ》 ᠭᠡᠵᠤ ᠶᠠᠩ ᠵᠢᠶᠧ ᠭᠡᠯᠡᠨ᠎ᠠ᠃ ᠲᠠᠷᠠ᠂ ᠨᠢᠭᠡ ᠵᠢᠯ᠎ᠦᠨ ᠲᠤᠷᠰᠢ ᠳᠤᠮᠳᠠᠳᠤ ᠤᠯᠤᠰ᠎ᠤᠨ ᠴᠢᠯᠠᠭᠤᠨ ᠲᠣᠰᠣ ᠪᠠᠢᠭᠠᠯᠢ ᠵᠢᠨ ᠰᠢᠳᠠᠮᠠᠬᠠᠢ ᠭᠡᠢ ᠵᠢᠨ ᠪᠦᠯᠦᠭᠯᠡᠯ ᠬᠢᠵᠠᠭᠠᠷᠳᠤ ᠺᠤᠮᠫᠠᠨᠢ ᠥᠪᠥᠷ ᠮᠣᠩᠭᠣᠯ᠎ᠳᠤ ᠨᠡᠢᠲᠡ 200 ᠭᠠᠷᠤᠶ ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠ᠎ᠶ᠋ᠢ ᠨᠠᠢᠳᠠᠪᠤᠷᠢᠵᠢᠭᠤᠯᠪᠠ; 10 ᠭᠠᠷᠤᠶ ᠲᠣᠮᠣ ᠲᠥᠷᠥᠯ᠂ 100 ᠭᠠᠷᠤᠶ 《ᠦᠪᠦᠷ ᠮᠣᠩᠭᠣᠯ ᠨᠡᠷᠡᠮᠵᠢᠲᠦ》 ᠲᠠᠩ ᠦᠶ᠋ᠯᠡᠳᠬᠦᠨ ᠳᠤᠮᠳᠠᠳᠤ ᠤᠯᠤᠰ᠎ᠤᠨ ᠴᠢᠯᠠᠭᠤᠨ ᠲᠣᠰᠣ ᠪᠠᠢᠭᠠᠯᠢ ᠵᠢᠨ ᠰᠢᠳᠠᠮᠠᠬᠠᠢ ᠭᠡᠢ ᠵᠢᠨ ᠪᠦᠯᠦᠭᠯᠡᠯ ᠬᠢᠵᠠᠭᠠᠷᠳᠤ ᠺᠤᠮᠫᠠᠨᠢ ᠵᠢᠨ ᠠᠷᠭ᠎ᠠ ᠵᠠᠮ᠎ᠢᠶᠠᠷ ᠳᠡᠮᠵᠢᠨ ᠪᠥᠬᠥ᠌ ᠤᠯᠤᠰ᠎ᠲᠤ᠌ ᠪᠤᠷᠤᠯᠠᠭᠤᠯᠤᠬᠰᠠᠨ ᠬᠡᠮᠵᠢᠶ᠎ᠡ 2 ᠳ᠋ᠦᠩᠱᠢᠭᠤᠷ ᠲᠥᠭᠥᠷᠢᠭ᠎ᠢ ᠳᠠᠪᠠᠵᠤ᠂ ᠵᠥᠪᠬᠡᠨ 《ᠱᠢᠯᠢ᠎ᠶ᠋ᠢᠨ ᠭᠤᠤᠯ᠎ᠤᠨ ᠬᠤᠨᠢ》 ᠭᠡᠬᠦ ᠨᠢᠭᠡ ᠵᠦᠶ᠋ᠯ᠎ᠦᠨ ᠪᠣᠷᠣᠯᠠᠭᠤᠯᠭ᠎ᠠ᠎ᠨᠢ ᠳᠠᠷᠤᠶ 3000 ᠭᠠᠷᠤᠶ ᠲᠦᠮᠡᠨ ᠲᠥᠭᠥᠷᠢᠭ᠎ᠲᠦ ᠬᠦᠷᠴᠡᠶ ᠭᠡᠵᠦ ᠲᠠᠨᠢᠯᠴᠠᠭᠤᠯᠤᠯ᠎ᠠ᠃
《 ᠪᠢᠳᠡ 〈ᠦᠪᠦᠷ ᠮᠣᠩᠭᠣᠯ ᠨᠡᠷᠡᠮᠵᠢᠲᠦ〉 ᠦᠢᠯᠡᠳᠭᠦᠨ᠎ᠤ ᠭᠠᠳᠠᠭ᠍ᠰᠢ ᠭᠠᠷᠬᠤ᠎ᠳᠤ ᠬᠥᠭᠥᠷᠭᠡ ᠬᠤᠯᠪᠤᠭᠠᠰᠤ ᠵᠢᠨ ᠦᠢᠯᠡᠳᠤᠯ ᠦᠵᠡᠬᠦᠯᠵᠤ᠂ ᠣᠢᠷ᠎ᠠ᠎ᠶ᠋ᠢᠨ ᠵᠢᠯ᠎ᠳᠦ ᠬᠡᠷᠡᠭ᠌ᠯᠡᠭᠡᠨ᠎ᠢᠶᠡᠷ ᠬᠠᠪᠰᠤᠷᠤᠨ ᠲᠡᠳᠬᠦᠭ᠌ᠰᠡᠨ〈ᠦᠪᠦᠷ ᠮᠣᠩᠭᠣᠯ ᠳᠡᠮᠳᠡᠭᠲᠦ〉 ᠦᠢᠯᠡᠳᠭᠦᠨ ᠨᠡᠢᠲᠡ 6 ᠳ᠋ᠦᠩᠱᠢᠭᠤᠷ ᠱᠢᠬᠠᠮ ᠲᠥᠭᠥᠷᠢᠭ᠎ᠲᠦ ᠬᠥᠷᠪᠡ》 ᠭᠡᠵᠦ ᠶᠠᠩ ᠵᠢᠶᠧ ᠣᠮᠣᠭᠳᠠᠢᠬᠠᠨ ᠭᠡᠯᠡᠨ᠎ᠠ ᠃
ᠠᠵᠢᠯ᠎ᠤᠨ ᠪᠣᠳᠠᠲᠤ ᠪᠠᠢᠳᠠᠯᠳ᠋ᠠᠭᠠᠨ ᠰᠠᠭᠤᠷᠢᠯᠠᠵᠤ᠂ ᠲᠤᠰ ᠪᠡᠶ᠎ᠡ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠵᠤ᠂ ᠭᠦᠨᠵᠡᠭᠡᠢ ᠪᠠᠢᠴᠠᠭᠠᠨ ᠰᠤᠳᠤᠯᠤᠯᠲᠠ ᠬᠢᠬᠦ᠌ ᠪᠣᠯ ᠶᠠᠩ ᠵᠢᠶ᠍ᠸ ᠵᠢᠨ ᠲᠤᠱᠢᠶᠠᠯ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠬᠦ᠎ᠵᠢᠨ ᠪᠠᠷᠢᠮᠳᠠᠯᠠᠯ ᠪᠠᠢᠵᠠᠢ᠃ ᠶᠠᠩ ᠵᠢᠶᠸ᠄ 《ᠪᠢ ᠯᠠᠪᠲᠠᠶ ᠭᠡᠱᠢᠭᠦᠨ᠎ᠦ ᠢᠷᠠᠭᠤ ᠠᠯᠳᠠᠷ᠎ᠢᠶᠠᠨ ᠨᠠᠨᠳᠢᠩᠨᠠᠵᠤ᠂ ᠣᠯᠠᠨ ᠲᠦᠮᠡᠨ᠎ᠦ ᠰᠡᠳᠭᠢᠯ᠎ᠦᠨ ᠲᠠᠭᠤᠨ ᠪᠠ ᠬᠦᠰᠡᠯ ᠡᠷᠡᠮᠡᠯᠵᠡᠯ᠎ᠢ ᠢᠳᠡᠪᠬᠢᠲᠡᠶ ᠳᠠᠮᠵᠢᠭᠤᠯᠵᠤ᠂ ᠣᠷᠣᠨ ᠨᠤᠲᠤᠭ᠎ᠤᠨ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠴᠣᠭ ᠪᠠᠳᠠᠷᠠᠩᠭᠤᠶ ᠣᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠲᠤᠰᠢᠶᠠᠯ ᠬᠠᠷᠢᠭᠤᠴᠠᠯᠭ᠎ᠠ᠎ᠪᠠᠨ ᠰᠠᠢᠲᠤᠷ ᠭᠦᠶ᠋ᠴᠡᠳᠭᠡᠨ᠎ᠡ》 ᠭᠡᠵᠤ ᠵᠤᠷᠢᠯᠳᠠ ᠪᠠᠨ ᠲᠤᠳᠤᠷᠠᠭᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃