ᠭᠣᠣᠯ ᠰᠡᠳᠦᠪᠲᠦ ᠮᠡᠳᠡᠭᠡᠯᠡᠯ > ᠲᠥᠯᠥᠭᠡᠯᠡᠭᠴᠢ ᠭᠡᠱᠢᠭᠦᠨ᠎ᠦ᠌ ᠲᠤᠱᠢᠶᠠᠯ᠎ᠢ᠋ᠶ᠋ᠠᠨ ᠭᠦᠢᠴᠡᠳᠭᠡᠭᠰᠡᠨ ᠦᠯᠢᠭᠡᠷ

2025-01-08 10:01:06

ᠵᠣᠬᠢᠶᠠᠭ᠍ᠴᠢ᠄ ᠪᠠᠶ ᠳ᠋ᠠᠨ ᠣᠩᠱᠢᠭ᠍ᠰᠠᠨ ᠣᠳᠠᠭ᠎ᠠ᠄ 3

《ᠡᠨᠡ ᠬᠣᠶᠠᠷ ᠡᠳᠦᠷ ᠲᠤᠬᠠᠢᠯᠠᠭ᠍ᠰᠠᠨ ᠠᠵᠢᠯ᠎ᠢᠶᠠᠨ ᠱᠢᠢᠳᠪᠦᠷᠢᠯᠡᠬᠦ᠌᠎ᠡᠴᠡ ᠭᠠᠳᠠᠨ᠎ᠠ᠂ ᠪᠢ ᠬᠣᠯᠪᠣᠭ᠍ᠳᠠᠯ ᠪᠦᠬᠦᠢ ᠬᠦᠷᠢᠶᠡᠨ᠎ᠦ ᠠᠵᠢᠯᠳᠠᠨ᠂ ᠲᠤᠰᠭᠠᠢ ᠮᠡᠷᠭᠡᠵᠢᠯᠲᠡᠨ ᠡᠷᠳᠡᠮᠲᠡᠨ᠎ᠡᠴᠡ ᠪᠠᠢᠳᠠᠯ᠎ᠢ ᠣᠢᠯᠠᠭᠠᠬᠤ᠎ᠶ᠋ᠢᠨ ᠬᠠᠮᠲᠤ ᠰᠠᠨᠠᠯ᠎ᠢᠶᠠᠨ ᠰᠣᠯᠢᠯᠴᠠᠨ ᠶᠠᠷᠢᠯᠴᠠᠵᠤ᠂ ᠲᠤᠱᠢᠶᠠᠬᠤ᠎ᠪᠠᠷ ᠪᠠᠢᠭ᠎ᠠ ᠰᠠᠨᠠᠯ ᠳᠤᠷᠠᠳᠤᠯᠭ᠎ᠠ᠎ᠪᠠᠨ ᠵᠠᠰᠠᠨ ᠲᠡᠭᠦᠯᠳᠡᠷᠵᠢᠭᠦᠯᠪᠡ》 ᠭᠡᠵᠤ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠳᠠᠯ ᠦᠭᠡᠢ ᠬᠤᠷᠠᠯᠳᠤᠬᠤ ᠪᠡᠷ ᠪᠠᠢᠭ᠎ᠠ ᠲᠠᠰᠢᠷᠠᠮ᠎ᠳ᠋ᠦ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠢᠲᠡᠭᠡᠮᠵᠢ᠎ᠶ᠋ᠢᠨ ᠬᠤᠳᠠᠯᠳᠤᠭᠠᠴᠢᠳ᠎ᠤᠨ ᠨᠡᠢᠭᠡᠮᠯᠢᠭ᠎ᠦᠨ ᠳᠠᠷᠤᠭ᠎ᠠ ᠵᠠᠩ ᠸᠧᠨ ᠴᠢᠩ᠎ᠶᠠᠭᠠᠷᠠᠯᠲᠠᠢ ᠠᠵᠢᠯᠯᠠᠵᠤ ᠪᠠᠢᠯ᠎ᠠ᠃

ᠰᠠᠨᠠᠯ ᠳᠤᠷᠠᠳᠤᠯᠭ᠎ᠠ ᠪᠣᠯ ᠤᠯᠤᠰ ᠲᠥᠷᠤ᠎ᠶ᠋ᠢᠨ ᠵᠥᠪᠯᠡᠯᠭᠡᠨ᠎ᠦ ᠭᠡᠱᠢᠭᠦᠳ᠎ᠦᠨ ᠲᠤᠱᠢᠶᠠᠯ ᠵᠢᠡᠨ ᠭᠦᠢᠴᠡᠳᠭᠡᠬᠦ᠌ ᠴᠢᠬᠤᠯᠠ ᠠᠴᠢᠶᠠᠯᠠᠪᠤᠷᠢ ᠮᠥᠨ᠃ ᠨᠢᠭᠡᠨ《ᠠᠬᠠᠮᠠᠳ ᠭᠡᠱᠢᠭᠦᠨ》 ᠪᠣᠯᠤᠭ᠍ᠰᠠᠨ᠎ᠤ ᠬᠤᠪᠢ᠎ᠳᠤ᠂ ᠵᠠᠩ ᠸᠸᠨ ᠴᠢᠩ᠎ᠦᠨ ᠳᠡᠪᠱᠢᠭᠦᠯᠦᠭ᠌ᠰᠡᠨ ᠤᠯᠠᠨ ᠰᠠᠨᠠᠯ ᠳᠤᠷᠠᠳᠤᠯᠭ᠎ᠠ ᠨᠢ ᠱᠢᠯᠢᠳᠡᠭ ᠰᠠᠨᠠᠯ ᠳᠤᠷᠠᠳᠤᠯᠭ᠎ᠠ᠎ᠪᠠᠷ ᠰᠣᠩᠭᠣᠭ᠍ᠳᠠᠵᠤ᠂ ᠠᠯᠢ ᠤᠯᠠᠨ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢ ᠨᠢ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠡᠴᠡ ᠬᠦᠨᠳᠦᠳᠭᠡᠨ ᠦᠵᠡᠭ᠌ᠰᠡᠨ ᠪᠥᠭᠡᠳ ᠴᠠᠭ ᠲᠤᠬᠠᠢ᠎ᠳᠤᠨᠢ ᠬᠠᠷᠢᠭᠤᠯᠲᠠ ᠥᠭ᠌ᠴᠦ᠂ ᠤᠯᠠᠨ ᠲᠦᠮᠡᠨ᠎ᠦ ᠰᠠᠨᠠᠭᠠᠱᠢᠷᠠᠨ ᠵᠣᠪᠠᠵᠤ ᠪᠠᠢᠭ᠎ᠠ ᠶᠠᠪᠤᠳᠠᠯ ᠪᠠ ᠲᠦᠪᠡᠭ᠌ᠳᠡᠵᠦ᠍ ᠪᠠᠢᠭ᠎ᠠ ᠶᠠᠪᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠪᠠ᠃ 《 2024 ᠣᠨ᠎ᠳᠤ᠂ ᠮᠢᠨᠦ᠍ ᠳᠡᠪᠱᠢᠭᠦᠯᠦᠭ᠌ᠰᠡᠨ ᠥᠪᠥᠷ ᠮᠣᠩᠭᠣᠯ᠎ᠤᠨ ᠢᠲᠡᠭᠡᠮᠵᠢ᠎ᠶ᠋ᠢᠨ ᠨᠡᠷ᠎ᠡ᠎ᠶ᠋ᠢᠨ ᠬᠠᠭᠤᠳᠠᠰᠤ᠎ᠶ᠋ᠢ ᠭᠢᠯᠠᠯᠵᠠᠭᠤᠯᠬᠤ ᠲᠤᠬᠠᠶ ᠰᠠᠨᠠᠯ ᠳᠤᠷᠠᠳᠤᠯᠭ᠎ᠠ ᠣᠨ᠎ᠤ ᠭᠤᠤᠯᠳᠠᠯᠭ᠎ᠠ᠎ᠲᠠᠶ ᠰᠠᠨᠠᠯ ᠳᠤᠷᠠᠳᠤᠯᠭ᠎ᠠ᠎ᠳᠤ ᠵᠢᠭ᠍ᠰᠠᠭᠠᠭ᠍ᠳᠠᠵᠤ᠂ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠣᠯᠠᠨ ᠡᠱᠢᠲᠦ ᠵᠠᠷᠤᠳᠠᠯ᠎ᠢ ᠳᠦᠷᠢᠮᠵᠢᠭᠦᠯᠬᠦ᠌ ᠪᠠᠲᠤᠯᠠᠭ᠎ᠠ᠎ᠶ᠋ᠢᠨ ᠲᠤᠬᠠᠶ ᠰᠠᠨᠠᠯ ᠳᠤᠷᠠᠳᠤᠯᠭ᠎ᠠ ᠱᠢᠯᠢᠳᠡᠭ ᠰᠠᠨᠠᠯ ᠳᠤᠷᠠᠳᠤᠯᠭ᠎ᠠ᠎ᠪᠠᠷ ᠰᠣᠩᠭᠣᠭ᠍ᠳᠠᠪᠠ》 ᠭᠡᠵᠦ ᠵᠠᠩ ᠸᠸᠨ ᠴᠢᠩ ᠰᠤᠷᠪᠤᠯᠵᠢᠯᠠᠭ᠍ᠴᠢ᠎ᠳᠤ ᠬᠡᠯᠡᠪᠡ᠃

《ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠦᠨᠳᠦᠰᠦᠨ ᠱᠠᠲᠤᠨ᠎ᠳᠤ ᠭᠦᠨᠵᠡᠭᠡᠢᠷᠡᠵᠦ᠍᠂ ᠣᠯᠠᠨ ᠲᠦᠮᠡᠨ᠎ᠲᠡᠶ ᠣᠢᠷᠠᠲᠤᠵᠤ᠂ ᠠᠷᠠᠳ᠎ᠤᠨ ᠪᠠᠢᠳᠠᠯ᠎ᠢ ᠣᠢᠯᠠᠭᠠᠵᠤ᠂ ᠠᠷᠠᠳ᠎ᠤᠨ ᠰᠠᠨᠠᠭ᠎ᠠ᠎ᠶ᠋ᠢ ᠣᠢᠯᠠᠭᠠᠬᠤ ᠬᠡᠷᠡᠭ᠌ᠲᠡᠶ》᠃ ᠵᠠᠩ ᠸᠸᠨ ᠴᠢᠩ᠂ ᠭᠡᠱᠢᠭᠦᠨ ᠪᠣᠯᠤᠭ᠍ᠰᠠᠨ ᠡᠴᠡ ᠨᠠᠭᠠᠰᠢ ᠳᠡᠷᠡ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠠᠩᠬᠠᠷᠤᠨ ᠰᠣᠨᠣᠰᠴᠤ᠌᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢ ᠥᠷᠭᠡᠨ᠎ᠢᠶᠡᠷ ᠬᠤᠷᠢᠶᠠᠨ ᠴᠤᠭ᠍ᠯᠠᠭᠤᠯᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠵᠣᠬᠢᠶᠠᠨ ᠪᠠᠢᠭᠤᠯᠤᠭ᠍ᠰᠠᠨ ᠡᠯ᠎ᠡ ᠲᠥᠷᠥᠯ᠎ᠦᠨ ᠬᠤᠷᠠᠯ᠎ᠳᠤ ᠴᠠᠭ ᠲᠤᠬᠠᠶ᠎ᠳᠤᠨᠢ ᠣᠷᠣᠯᠴᠠᠵᠤ᠂ ᠢᠳᠡᠪᠬᠢᠲᠡᠶ ᠶᠠᠷᠢᠯᠴᠠᠨ᠂ ᠢᠳᠡᠪᠬᠢᠲᠡᠶ ᠦᠭᠡ ᠬᠡᠯᠡᠵᠦ᠂ ᠱᠠᠭᠠᠷᠳᠠᠯᠭ᠎ᠠ ᠶᠣᠰᠣᠭᠠᠷ ᠤᠯᠤᠰ ᠲᠥᠷᠥ᠎ᠶ᠋ᠢᠨ ᠵᠥᠪᠯᠡᠯᠭᠡᠨ᠎ᠦ ᠵᠣᠬᠢᠶᠠᠨ ᠪᠠᠢᠭᠤᠯᠤᠭ᠍ᠰᠠᠨ ᠡᠯ᠎ᠡ ᠵᠦᠢᠯ᠎ᠦᠨ ᠪᠠᠢᠴᠠᠭᠠᠨ ᠰᠤᠳᠤᠯᠤᠯᠲᠠ᠂ ᠪᠠᠢᠴᠠᠭᠠᠯᠲᠠ ᠪᠠ ᠪᠤᠰᠤᠳ ᠠᠵᠢᠯᠯᠠᠭ᠎ᠠ᠎ᠳᠤ ᠣᠷᠣᠯᠴᠠᠭ᠍ᠰᠠᠨ ᠪᠥᠭᠡᠳ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠣᠯᠠᠨ ᠵᠦᠢᠯ᠎ᠦᠨ ᠬᠡᠯᠪᠡᠷᠢ᠎ᠶ᠋ᠢᠨ ᠪᠠᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠵᠦ᠍᠂ ᠳᠤᠤᠷᠠᠳᠤ ᠱᠠᠳᠤᠨ᠎ᠤ ᠪᠠᠢᠳᠠᠯ᠎ᠢ ᠳᠡᠭᠡᠷ᠎ᠠ ᠱᠠᠲᠤᠨ᠎ᠳᠦ ᠮᠡᠳᠡᠭᠦᠯᠵᠦ᠍᠂ ᠳᠡᠭᠡᠷ᠎ᠠ ᠱᠠᠲᠤᠨ᠎ᠤ ᠪᠠᠢᠳᠠᠯ᠎ᠢ ᠳᠤᠤᠷᠠᠳᠤ ᠱᠠᠳᠤᠨ᠎ᠳᠦ ᠪᠠᠭᠤᠯᠭᠠᠵᠠᠢ ᠭᠡᠪᠡ᠃ 《ᠬᠣᠢᠱᠢᠳᠠ ᠪᠢ ᠤᠯᠠᠨ ᠲᠦᠮᠡᠨ᠎ᠦ ᠰᠡᠳᠭᠢᠯ᠎ᠦᠨ ᠦᠭᠡ᠎ᠶ᠋ᠢ ᠦᠷᠭᠦᠯᠵᠢᠯᠡᠨ ᠰᠣᠨᠣᠰᠴᠤ᠌᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢ ᠢᠳᠡᠪᠬᠢᠲᠡᠢ ᠲᠤᠰᠭᠠᠨ᠎ᠠ 》 ᠭᠡᠵᠦ᠍ ᠵᠠᠩ ᠸᠧᠨ ᠴᠢᠩ ᠢᠯᠡᠳᠭᠡᠪᠡ᠃

2024 ᠣᠨ᠎ᠤ ᠡᠬᠢ᠎ᠪᠡᠷ ᠳᠡᠪᠱᠢᠭᠦᠯᠦᠭ᠌ᠰᠡᠨ ᠥᠪᠥᠷ ᠮᠣᠩᠭᠣᠯ᠎ᠤᠨ ᠢᠲᠡᠭᠡᠮᠵᠢ᠎ᠶ᠋ᠢᠨ ᠨᠡᠷ᠎ᠡ᠎ᠶ᠋ᠢᠨ ᠬᠠᠭᠤᠳᠠᠰᠤ᠎ᠶ᠋ᠢ ᠭᠢᠯᠠᠯᠵᠠᠭᠤᠯᠬᠤ ᠲᠤᠬᠠᠶ ᠰᠠᠨᠠᠯ ᠳᠤᠷᠠᠳᠤᠯᠭ᠎ᠠ ᠡᠴᠡ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ 《 ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ᠍ ᠨᠡᠢᠭᠡᠮ᠎ᠦᠨ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ 》 ᠲᠣᠭᠣᠷᠢᠨ᠎ᠳᠤ ᠬᠤᠷᠠᠯᠳᠤᠭᠤᠯᠤᠭ᠍ᠰᠠᠨ ᠲᠤᠰᠭᠠᠶ ᠰᠡᠳᠦᠪᠲᠦ ᠵᠥᠪᠯᠡᠬᠦ᠌ ᠬᠤᠷᠠᠯ ᠳᠡᠭᠡᠷ᠎ᠡ ᠭᠤᠤᠯᠳᠠᠯᠭ᠎ᠠ᠎ᠲᠠᠶ ᠦᠭᠡ ᠬᠡᠯᠡᠭᠰᠡᠨ ᠬᠦᠷᠳᠡᠯ᠎ᠡ᠂ ᠥᠩᠭᠡᠷᠡᠭ᠌ᠰᠡᠨ ᠨᠢᠭᠡ ᠵᠢᠯ᠎ᠦᠨ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠥᠩᠭᠡᠷᠡᠯᠲᠡ᠎ᠪᠡᠨ ᠡᠷᠭᠢᠴᠡᠭᠦᠯᠬᠦᠶ᠎ᠡ᠂ ᠵᠠᠩ ᠸᠧᠨ ᠴᠢᠩ ᠢᠮᠠᠭ᠍ᠲᠠ ᠮᠠᠨ᠎ᠤ ᠣᠷᠣᠨ᠎ᠤ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ ᠪᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠳᠦ ᠢᠳᠡᠪᠬᠢᠲᠡᠶ᠎ᠪᠡᠷ ᠰᠠᠨᠠᠯ ᠰᠠᠨᠠᠭᠤᠯᠭ᠎ᠠ ᠳᠤᠷᠠᠳᠴᠤ᠌᠂ ᠨᠡᠢᠭᠡᠮ᠎ᠦᠨ ᠢᠲᠡᠭᠡᠮᠵᠢ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢ ᠤᠷᠢᠶᠠᠯᠠᠪᠠ᠃

ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠲᠥᠷᠥᠭ᠌ᠳᠡᠯ᠎ᠢᠶᠡᠨ ᠶᠠᠷᠢᠬᠤ᠎ᠳᠠᠭᠠᠨ ᠵᠠᠩ ᠸᠸᠨ ᠴᠢᠩ᠄ 《ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ᠎ᠦᠨ ᠡᠭᠦᠷᠭᠡ ᠥᠩᠭᠡ ᠬᠡᠷᠡᠯ᠎ᠲᠡᠶ᠂ ᠬᠠᠷᠢᠭᠤᠴᠠᠯᠭ᠎ᠠ ᠬᠦᠨᠳᠦ ᠶᠡᠬᠡ ᠶᠤᠮ! ᠲᠤᠱᠢᠶᠠᠯ ᠬᠠᠷᠢᠭᠤᠴᠠᠯᠭ᠎ᠠ ᠪᠠᠨ ᠰᠠᠢᠲᠤᠷ ᠭᠦᠢᠴᠡᠳᠭᠡᠬᠦ᠌᠎ᠳᠦ ᠬᠤᠪᠢ ᠬᠥᠮᠦᠨ᠎ᠦ ᠲᠤᠰᠭᠠᠢ ᠮᠡᠷᠭᠡᠵᠢᠯ᠎ᠦᠨ ᠳᠠᠪᠠᠭᠤᠯᠢᠭ ᠲᠠᠢ ᠪᠠᠨ ᠰᠠᠢᠲᠤᠷ ᠤᠶᠠᠯᠳᠤᠭᠤᠯᠵᠤ᠂ ᠬᠠᠷᠠᠭ᠎ᠠ᠎ᠪᠠᠨ ᠤᠯᠠᠮ ᠨᠢᠭᠡ ᠠᠯᠬᠤᠮ ᠠᠭᠤᠵᠢᠮ ᠪᠤᠯᠭᠠᠵᠤ᠂ ᠰᠡᠳᠭᠢᠴᠡ᠎ᠪᠡᠨ ᠤᠯᠠᠮ ᠨᠢᠭᠡ ᠠᠯᠬᠤᠮ ᠥᠷᠭᠡᠳᠭᠡᠵᠦ᠍᠂ ᠠᠩᠬᠠᠷᠴᠤ᠌ ᠪᠠᠢᠭ᠎ᠠ ᠠᠰᠠᠭᠤᠳᠠᠯ᠎ᠤᠨ ᠬᠠᠮᠢᠶ᠎ᠠ ᠪᠦᠬᠦᠢ ᠦᠵᠦ᠍ ᠲᠥᠯᠥᠪᠯᠡᠭᠡ ᠪᠣᠯᠤᠨ ᠦᠨᠳᠦᠰᠦᠨ ᠱᠠᠲᠤᠨ᠎ᠤ ᠦᠢᠯᠡᠳᠦᠯᠭᠡ᠎ᠶ᠋ᠢᠨ ᠠᠬᠢᠴᠠ᠎ᠶ᠋ᠢ ᠭᠦᠨᠵᠡᠭᠡᠢ ᠣᠢᠯᠠᠭᠠᠵᠤ᠂ ᠯᠠᠪᠳᠠᠭᠤᠨ ᠪᠠᠲᠤᠲᠠᠢ ᠪᠠᠢᠴᠠᠭᠠᠨ ᠰᠤᠳᠤᠯᠤᠯᠲᠠ ᠬᠢᠵᠦ᠍᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠰᠣᠨᠣᠰᠤᠭ᠍ᠰᠠᠨ ᠰᠠᠭᠤᠷᠢᠨ ᠳᠡᠭᠡᠷ᠎ᠡ ᠭᠦᠨᠵᠡᠭᠡᠢ ᠰᠡᠳᠭᠢᠨ ᠪᠣᠳᠣᠯᠬᠢᠯᠠᠵᠤ᠂ ᠴᠢᠬᠤᠯᠠᠲᠠᠢ ᠦᠶ᠎ᠡ᠎ᠳᠦ ᠪᠤᠰᠤᠳ ᠳᠤᠰᠬᠠᠢ ᠮᠡᠷᠭᠡᠵᠢᠯ᠎ᠤᠨ ᠬᠦᠮᠦᠰ᠎ᠤᠨ ᠤᠶᠤᠨ ᠤᠬᠠᠭᠠᠨ᠎ᠢ ᠠᠱᠢᠭ᠍ᠯᠠᠨ᠂ ᠠᠰᠠᠭᠤᠨ ᠯᠠᠪᠯᠠᠬᠤ ᠠᠵᠢᠯ᠎ᠢ ᠰᠠᠢᠲᠤᠷ ᠬᠢᠵᠦ᠍᠂ ᠡᠴᠦᠰ᠎ᠲᠡᠬᠡᠨ ᠴᠢᠨᠠᠷ ᠰᠠᠢᠲᠠᠢ ᠰᠠᠨᠠᠯ ᠳᠤᠷᠠᠳᠤᠯᠭ᠎ᠠ ᠳᠤᠷᠠᠳᠭᠤ ᠬᠡᠷᠡᠭ᠌ᠲᠡᠢ》 ᠭᠡᠪᠡ᠃

ᠤᠳᠠᠯ ᠦᠭᠡᠢ ᠬᠤᠷᠠᠯᠳᠤᠬᠤ ᠭᠡᠵᠦ᠍ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠳᠤ ᠵᠠᠩ ᠸᠸᠨ ᠴᠢᠩ ᠬᠦᠰᠡᠯ ᠡᠷᠡᠮᠡᠯᠵᠡᠯ᠎ᠢᠶᠡᠷ ᠪᠢᠯᠬᠠᠵᠤ᠂ 《 ᠪᠢ ᠥᠪᠡᠷᠲᠡᠭᠡᠨ ᠵᠠᠰᠠᠬᠤ ᠣᠷᠣᠨ᠎ᠤ 〈ᠵᠢᠷᠭᠤᠭᠠᠨ ᠠᠵᠢᠯᠯᠠᠭ᠎ᠠ〉ᠶ᠋ᠢᠨ ᠲᠤᠬᠠᠶ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢᠨ ᠲᠣᠭᠣᠷᠢᠨ᠎ᠳᠤ᠂ ᠬᠤᠳᠠᠯᠳᠤᠭᠠᠴᠢᠳ᠎ᠤᠨ ᠡᠪᠯᠡᠯ᠎ᠦᠨ ᠡᠭᠦᠷᠭᠡ ᠴᠢᠳᠠᠪᠬᠢ᠎ᠶ᠋ᠢᠨ ᠦᠶ᠋ᠯᠡᠳᠦᠯ᠎ᠢ ᠪᠠᠳᠠᠷᠠᠭᠤᠯᠵᠤ ᠠᠵᠤ ᠠᠬᠤᠢᠯᠠᠯ᠎ᠤᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ᠌᠂ ᠠᠵᠤ ᠠᠬᠤᠢᠯᠠᠯ᠎ᠤᠨ ᠡᠷᠬᠡ ᠠᠱᠢᠭ᠎ᠢᠶᠠᠨ ᠬᠠᠮᠠᠭᠠᠯᠠᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠬᠦ᠌᠂ ᠠᠵᠤ ᠠᠬᠤᠢᠯᠠᠯ᠎ᠤᠨ ᠬᠠᠤᠯᠢᠵᠢᠭᠰᠠᠨ ᠬᠥᠭ᠌ᠵᠢᠯᠲᠡ᠎ᠶ᠋ᠢᠨ ᠣᠷᠴᠢᠨ ᠨᠦᠬᠦᠴᠡᠯ᠎ᠢ ᠪᠣᠶ ᠪᠣᠯᠭᠠᠬᠤ᠂ ᠵᠠᠰᠠᠭ᠎ᠤᠨ ᠣᠷᠳᠣᠨ᠎ᠤ ᠠᠵᠢᠯ᠎ᠤᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠵᠡᠷᠭᠡ ᠲᠠᠯ᠎ᠠ ᠡᠴᠡ ᠲᠣᠰ ᠲᠣᠰ ᠰᠠᠨᠠᠯ ᠳᠤᠷᠠᠳᠤᠯᠭ᠎ᠠ ᠳᠤᠷᠠᠳᠴᠤ᠌᠂ ᠴᠢᠨᠠᠷ ᠰᠠᠢᠲᠠᠶ 〈ᠲᠤᠱᠢᠶᠠᠯ ᠵᠢᠡᠨ ᠭᠦᠶ᠋ᠴᠡᠳᠭᠡᠭ᠌ᠰᠡᠨ ᠬᠠᠷᠢᠭᠤᠯᠲᠠ᠎ᠶ᠋ᠢᠨ ᠬᠠᠭᠤᠳᠠᠰᠤ〉 ᠵᠢ ᠲᠤᠱᠢᠶᠠᠨ᠎ᠠ》 ᠭᠡᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面