ᠭᠣᠣᠯ ᠰᠡᠳᠦᠪᠲᠦ ᠮᠡᠳᠡᠭᠡᠯᠡᠯ > ᠲᠥᠯᠥᠭᠡᠯᠡᠭᠴᠢ ᠭᠡᠱᠢᠭᠦᠨ᠎ᠦ᠌ ᠲᠤᠱᠢᠶᠠᠯ᠎ᠢ᠋ᠶ᠋ᠠᠨ ᠭᠦᠢᠴᠡᠳᠭᠡᠭᠰᠡᠨ ᠦᠯᠢᠭᠡᠷ

2025-01-13 10:12:54

ᠵᠣᠬᠢᠶᠠᠭ᠍ᠴᠢ᠄ ᠰᠦᠩ ᠱᠤᠸᠠᠩ ᠣᠩᠱᠢᠭ᠍ᠰᠠᠨ ᠣᠳᠠᠭ᠎ᠠ᠄ 3

1 ᠰᠠᠷ᠎ᠠ᠎ᠶ᠋ᠢᠨ 11 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠠᠭᠠᠨᠬᠠᠳᠠ ᠬᠣᠲᠠ᠎ᠶ᠋ᠢᠨ ᠪᠠᠭᠠᠷᠢᠨ ᠪᠠᠷᠠᠭᠤᠨ ᠬᠣᠱᠢᠭᠤᠨ᠎ᠤ ᠮᠦᠽᠧᠶ᠎ᠶ᠋ᠢᠨ ᠳᠡᠳ᠋ ᠳᠠᠷᠤᠭ᠎ᠠ ᠬᠠᠢᠲᠠᠩ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠭᠰᠡᠨ ᠠᠮᠵᠢᠯᠲᠠ ᠪᠦᠳᠦᠮᠵᠢ ᠪᠠᠨ ᠠᠪᠴᠤ᠂ ᠤᠷᠤᠨ᠎ᠤ ᠲᠦᠪ ᠬᠥᠬᠡᠬᠣᠲᠠ᠎ᠵᠢ ᠵᠤᠷᠢᠵᠤ ᠢᠷᠠᠯ᠎ᠠ᠃

2023 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠪᠡᠷ ᠰᠣᠩᠭᠣᠭ᠍ᠳᠠᠭ᠍ᠰᠠᠨ᠎ᠤ ᠳᠠᠷᠠᠭ᠎ᠠ᠂ ᠬᠠᠢᠳᠠᠩ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠦ ᠲᠠᠯ᠎ᠠ᠎ᠵᠢᠨ ᠰᠠᠨᠠᠭᠤᠯᠭ᠎ᠠ ᠳᠡᠪᠱᠢᠭᠦᠯᠵᠤ ᠢᠷᠠᠵᠠᠢ᠃ ᠲᠡᠷᠠ᠂ ᠲᠤᠬᠠᠢᠯᠠᠭ᠍ᠰᠠᠨ ᠠᠵᠢᠯ ᠪᠣᠯ ᠲᠡᠭᠦᠨ᠎ᠦ ᠡᠬᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌ 《ᠪᠠᠶᠠᠨ ᠠᠭᠤᠷᠬᠠᠢ》 ᠪᠤᠯᠤᠨ᠎ᠠ᠂ ᠲᠥᠯᠥᠭᠡᠯᠡᠭ᠌ᠴᠢ᠎ᠵᠢᠨ ᠡᠬᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌ ᠨᠢ ᠬᠠᠷᠢᠨ ᠲᠤᠬᠠᠢᠯᠠᠭ᠍ᠰᠠᠨ ᠠᠵᠢᠯ᠎ᠢᠶᠠᠨ ᠰᠠᠢᠲᠤᠷ ᠬᠢᠬᠦ᠌᠎ᠶ᠋ᠢ ᠠᠬᠢᠭᠤᠯᠳᠠᠭ ᠭᠡᠯ᠎ᠠ᠃

2024 ᠣᠨ᠎ᠳᠤ᠂ ᠬᠠᠢᠲᠠᠩ ᠰᠦᠯᠵᠢᠶᠡᠨ ᠳᠡᠭᠡᠷ᠎ᠠ ᠪᠠ ᠠᠬᠤᠢ ᠲᠠᠯᠠᠪᠠᠢ ᠳ᠋ᠤ ᠤᠷᠤᠯᠴᠠᠬᠤ ᠵᠡᠷᠭᠡ ᠬᠡᠯᠪᠡᠷᠢ᠎ᠪᠡᠷ 20 ᠭᠠᠷᠤᠢ ᠤᠳᠠᠭ᠎ᠠ᠎ᠶ᠋ᠢᠨ ᠰᠤᠷᠤᠯᠴᠠᠯᠭ᠎ᠠ᠂ ᠪᠠᠢᠴᠠᠭᠠᠨ ᠰᠤᠳᠤᠯᠤᠯᠲᠠ᠎ᠳᠤ ᠣᠷᠣᠯᠴᠠᠪᠠ᠃ ᠲᠦᠷᠦᠬᠦᠬᠡᠨ ᠳᠡᠭᠡᠷ᠎ᠡ ᠰᠠᠷ᠎ᠠ᠎ᠳᠤ᠂ ᠲᠡᠷᠡ ᠪᠠᠰᠠ ᠪᠠᠭᠠᠷᠢᠨ ᠪᠠᠷᠠᠭᠤᠨ ᠬᠣᠱᠢᠭᠤᠨ᠎ᠤ ᠪᠠᠶᠠᠨᠲᠠᠯ᠎ᠠ ᠰᠤᠮᠤ ᠵᠡᠷᠭᠡ ᠭᠠᠵᠠᠷ᠎ᠢᠶᠠᠷ ᠪᠠᠢᠴᠠᠭᠠᠨ ᠰᠤᠳᠤᠯᠤᠯᠲᠠ ᠬᠢᠵᠦ᠍᠂ ᠰᠠᠨᠠᠭᠤᠯᠭ᠎ᠠ ᠪᠢᠴᠢᠬᠦ᠌᠎ᠳᠡᠭᠡᠨ ᠪᠣᠷᠣ ᠮᠠᠲ᠋ᠧᠷᠢᠶᠠᠯ ᠬᠤᠷᠠᠮᠳᠤᠭᠤᠯᠪᠠ᠃ ᠬᠠᠢᠳᠠᠡᠭ᠂ ᠲᠠᠪᠰᠢᠬᠦᠯᠬᠦ ᠭᠡᠵᠤ ᠪᠠᠢᠭ᠎ᠠ ᠰᠠᠨᠠᠭᠤᠯᠭ᠎ᠠ᠎ᠵᠢᠨ᠎ᠵᠢᠡᠨ ᠨᠡᠩ ᠪᠠᠷᠠᠯᠠᠯᠲᠦ ᠴᠢᠨᠠᠷ ᠪᠠ ᠪᠣᠯᠤᠮᠵᠢᠲᠤ ᠴᠢᠨᠠᠷ᠎ᠲᠠᠶ ᠪᠠᠢᠬᠤ᠎ᠶ᠋ᠢ ᠪᠠᠲᠤᠯᠠᠬᠤ᠎ᠶ᠋ᠢᠨ ᠲᠥᠯᠥᠭᠡ᠂ ᠲᠡᠭᠡᠷ᠎ᠠ ᠱᠠᠳᠤᠨ ᠤ᠋ ᠪᠠᠢᠳᠠᠯ᠎ᠢ᠋ ᠰᠠᠢᠳᠤᠷ ᠣᠢᠯᠠᠭᠠᠵᠤ᠂ ᠦᠨᠳᠤᠰᠤᠨ ᠱᠠᠳᠤᠨ ᠤ᠋ ᠪᠠᠢᠳᠠᠯ᠎ᠢ ᠲᠣᠳᠣᠷᠬᠠᠢ ᠪᠠᠢᠴᠠᠭᠠᠵᠤ᠂ ᠪᠣᠳᠠᠲᠤ ᠪᠠᠢᠳᠠᠯ᠎ᠢ ᠡᠵᠡᠮᠱᠢᠬᠦ᠌ ᠲᠠᠯ᠎ᠠ᠎ᠪᠠᠷ ᠬᠦᠴᠤᠯᠠᠵᠤ᠂ ᠰᠠᠨᠠᠭᠤᠯᠭ᠎ᠠ ᠪᠦᠷᠢ ᠪᠠᠨ ᠲᠠᠬᠢᠨ ᠳᠠᠪᠲᠠᠨ ᠲᠤᠩᠭᠠᠨ ᠪᠣᠳᠣᠯᠬᠢᠯᠠᠵᠤ᠂ ᠬᠠᠯᠠᠱᠢᠷᠠᠯ ᠦᠭᠡᠢ ᠵᠠᠰᠠᠪᠤᠷᠢ ᠤᠷᠤᠭᠤᠯᠤᠬᠰᠠᠨ ᠶᠤᠮ ᠭᠡᠵᠤ ᠰᠤᠷᠪᠤᠯᠵᠢᠯᠠᠭ᠍ᠴᠢ᠎ᠳᠤ ᠭᠡᠯᠡᠨ᠎ᠠ᠃

《ᠮᠦᠽᠧᠶ᠎ᠪᠡᠷ ᠵᠢᠭᠤᠯᠴᠢᠯᠠᠬᠤᠢ》 ᠨᠢ ᠲᠠᠰᠤᠷᠠᠯᠲᠠ ᠥᠬᠡᠶ ᠬᠠᠯᠠᠮᠰᠢᠯ ᠪᠤᠯᠬᠤ ᠵᠢ ᠳᠠᠭᠠᠯᠳᠤᠨ᠂ ᠬᠠᠢᠲᠠᠩ ᠳ᠋ᠤ ᠪᠠᠰᠠ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠳᠦ ᠱᠢᠨ᠎ᠡ ᠠᠵᠠ ᠲᠤᠬᠢᠶᠠᠯ ᠠᠪᠴᠢᠷᠠᠭ᠍ᠰᠠᠨ ᠪᠠᠢᠨ᠎ᠠ᠃ 《ᠰᠣᠶᠣᠯ᠎ᠤᠨ ᠦᠢᠯᠡᠴᠢᠯᠡᠭᠡ ᠪᠣᠯᠤᠨ ᠰᠣᠶᠣᠯ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠱᠢᠯᠢᠳᠡᠭ᠌ᠵᠢᠭᠦᠯᠵᠦ᠍᠂ ᠠᠷᠠᠳ ᠲᠦᠮᠡᠨ᠎ᠳᠦ ᠨᠡᠩ ᠤᠯᠠᠨ᠂ ᠨᠡᠩ ᠰᠠᠢ᠌ᠨ᠂ ᠨᠡᠩ ᠱᠢᠯᠢᠳᠡᠭ ᠥᠨᠳᠥᠷ ᠲᠦᠪᠱᠢᠨ ᠪᠦᠬᠦᠢ ᠤᠶᠤᠨ᠎ᠤ ᠰᠣᠶᠣᠯ᠎ᠤᠨ ᠠᠮᠢᠳᠤᠷᠠᠯ᠎ᠢ ᠡᠳ᠋ᠯᠡᠭᠦᠯᠬᠦ᠌ ᠪᠣᠯ ᠮᠠᠨ᠎ᠤ ᠮᠦᠽᠸᠢ ᠵᠢᠨ ᠠᠵᠢᠯᠳᠠᠳ᠎ᠤᠨ ᠡᠭᠦᠷᠭᠡ ᠬᠠᠷᠢᠭᠤᠴᠠᠯᠭ᠎ᠠ ᠪᠣᠯᠤᠨ᠎ᠠ》᠃ ᠬᠠᠢᠳᠠᠡᠭ᠂ ᠮᠦᠽᠸᠢ ᠳ᠋ᠤ ᠠᠵᠢᠯᠯᠠᠬᠰᠡᠨ 12 ᠵᠢᠯ᠎ᠦᠨ ᠲᠤᠷᠰᠢ᠂ ᠪᠢ ᠬᠠᠮᠲᠤ ᠠᠵᠢᠯᠯᠠᠭ᠍ᠰᠠᠳ᠎ᠲᠠᠶ᠎ᠪᠠᠨ ᠠᠩᠬᠠᠨ᠎ᠤ ᠰᠡᠬᠦᠳᠡᠷᠯᠡᠭᠰᠡᠨ ᠬᠡᠷᠡᠯ ᠵᠢᠷᠤᠭ᠎ᠢᠶᠠᠨ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ᠂ ᠨᠡᠢᠭᠡᠮ ᠲᠣᠭᠣᠷᠢᠭ᠎ᠲᠤ ᠣᠷᠣᠭᠤᠯᠬᠤ᠂ ᠦᠵᠡᠮᠵᠢ᠎ᠶ᠋ᠢᠨ ᠣᠷᠣᠨ᠎ᠳᠤ ᠣᠷᠣᠭᠤᠯᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠨ᠂ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡ᠎ᠶ᠋ᠢ ᠨᠠᠷᠢᠯᠢᠭ ᠪᠣᠳᠠᠲᠠᠢ ᠬᠢᠵᠦ᠍᠂ ᠮᠦᠽᠧᠢ᠎ᠳᠦ ᠬᠠᠳᠠᠭᠠᠯᠠᠵᠤ ᠪᠠᠢᠭ᠎ᠠ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠦᠯᠢᠬᠡᠷ᠎ᠢ ᠰᠠᠢᠲᠤᠷ ᠶᠠᠷᠢᠬᠤ᠎ᠪᠠᠷ ᠬᠦᠴᠤᠯᠠᠪᠠ ᠭᠡᠯ᠎ᠠ᠃

ᠨᠡᠩ ᠣᠯᠠᠨ ᠵᠠᠯᠠᠭᠤᠴᠤᠳ ᠪᠠᠭᠠᠴᠤᠳ ᠮᠦᠽᠧᠶ ᠳ᠋ᠤ ᠢᠷᠠᠵᠤ ᠰᠤᠷᠤᠯᠴᠠᠬᠤ ᠵᠢ ᠲᠠᠭᠠᠯᠳᠤᠨ᠂ ᠬᠠᠢᠲᠠᠩ ᠪᠠ ᠲᠡᠬᠦᠨ᠎ᠤ ᠬᠠᠮᠲᠤ ᠠᠵᠢᠯᠯᠠᠭ᠍ᠰᠠᠳ᠂ ᠵᠠᠯᠠᠭᠤᠴᠤᠳ ᠪᠠᠭᠠᠴᠤᠳ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠦᠯᠢᠭᠡᠷ ᠪᠠ ᠲᠡᠦᠬᠡ ᠳ᠋ᠤ ᠮᠠᠰᠢ ᠰᠣᠨᠢᠷᠬᠠᠯ᠎ᠲᠠᠶ ᠪᠠᠢᠬᠤ ᠵᠢ ᠤᠯᠵᠤ ᠮᠡᠳᠡᠪᠡ᠃ ᠡᠭᠦᠨ᠎ᠳᠦ᠂ ᠲᠡᠷᠡ ᠡᠨᠡ ᠲᠤᠬᠠᠢ ᠰᠠᠨᠠᠭᠤᠯᠭ᠎ᠠ ᠲᠤᠭᠤᠷᠪᠢᠵᠤ᠂ ᠵᠠᠯᠠᠭᠤᠴᠤᠳ ᠪᠠᠭᠠᠴᠤᠳ᠎ᠢ ᠳᠠᠭᠠᠭᠤᠯᠤᠨ ᠰᠣᠶᠣᠯ᠎ᠤᠨ ᠪᠦᠳᠦᠬᠡᠯᠴᠢ ᠦᠢᠯᠡᠳᠬᠦᠨ ᠦᠢᠯᠡᠳᠬᠦ᠌᠂ ᠮᠦᠽᠧᠢ᠎ᠶ᠋ᠢᠨ ᠪᠢᠴᠢᠬᠠᠨ ᠲᠠᠢᠯᠪᠤᠷᠢᠯᠠᠭ᠍ᠴᠢ ᠡᠯᠰᠡᠬᠦ᠌ ᠵᠡᠷᠭᠡ ᠠᠷᠭ᠎ᠠ ᠬᠡᠯᠪᠡᠷᠢ᠎ᠪᠡᠷ ᠳᠠᠮᠵᠢᠨ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠬᠣᠢᠴᠢ ᠦᠶ᠎ᠡ᠎ᠳᠡᠭᠡᠨ ᠨᠡᠩ ᠰᠠᠢ᠌ᠳᠤᠷ ᠤᠯᠠᠮᠵᠢᠯᠠᠨ ᠪᠠᠳᠠᠷᠠᠭᠤᠯᠬᠤ᠎ᠵᠢ ᠵᠤᠷᠢᠵᠠᠢ᠃

ᠡᠨᠡ ᠵᠢᠯ᠎ᠦᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠳ᠋ᠤ᠂ ᠬᠠᠢᠲᠠᠩ 3 ᠬᠤᠪᠢ ᠰᠠᠨᠠᠭᠤᠯᠭ᠎ᠠ ᠪᠡᠯᠡᠳᠭᠡᠪᠠ᠂ ᠡᠬᠦᠨ᠎ᠳᠤ ᠠᠡᠭᠬᠠᠷᠤᠨ ᠬᠠᠯᠠᠮᠵᠢᠯᠠᠵᠤ ᠢᠷᠡᠭ᠌ᠰᠡᠨ ᠰᠣᠶᠣᠯ᠎ᠤᠨ ᠬᠦᠷᠢᠶ᠎ᠡ ᠴᠠᠷᠠᠭ᠎ᠠ᠎ᠡᠴᠡ ᠪᠡᠨ ᠭᠠᠳᠠᠨ᠎ᠠ᠂ ᠲᠦᠷᠦᠬᠦᠤ ᠤᠳᠠᠭ᠎ᠠ ᠮᠣᠩᠭᠣᠯ ᠡᠮ ᠡᠮᠨᠡᠯᠭᠡ᠎ᠶ᠋ᠢᠨ ᠬᠦᠷᠢᠶ᠎ᠡ ᠴᠠᠷᠠᠭ᠎ᠠ᠎ᠵᠢᠨ ᠠᠭᠤᠯᠭ᠎ᠠ᠎ᠵᠢ ᠪᠠᠭᠳᠠᠭᠠᠵᠠᠢ᠃ ᠬᠠᠢᠲᠠᠩ᠄ 《ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠮᠢᠨᠦ᠍ ᠡᠭᠦᠷᠭᠡ ᠬᠠᠷᠢᠭᠤᠴᠠᠯᠭ᠎ᠠ ᠪᠡᠨ ᠭᠦᠢᠴᠡᠳᠭᠡᠬᠦ᠌ ᠤᠭ ᠰᠠᠨᠠᠭ᠎ᠠ ᠪᠣᠯ ᠳᠠᠷᠤᠢ ᠤᠯᠠᠨ ᠲᠦᠮᠡᠨ᠎ᠤ ᠪᠤᠳᠤᠯ ᠰᠠᠨᠠᠯ᠎ᠢ ᠰᠤᠨᠤᠰᠴᠤ᠂ ᠤᠷᠤᠰᠢᠵᠤ ᠪᠠᠢᠭ᠎ᠠ ᠦᠨᠡᠨ ᠪᠣᠳᠠᠲᠠᠢ ᠠᠰᠠᠭᠤᠳᠠᠯ᠎ᠢ ᠲᠤᠰᠭᠠᠵᠤ᠂ ᠤᠯᠠᠨ ᠲᠦᠮᠡᠨ ᠳ᠋ᠤ ᠪᠣᠳᠠᠲᠦ ᠶᠠᠪᠤᠳᠠᠯ ᠬᠢᠵᠦ᠍ ᠥᠭ᠌ᠬᠦ ᠶᠠᠪᠤᠳᠠᠯ ᠪᠣᠯᠤᠨ᠎ᠠ!》 ᠭᠡᠵᠤ ᠵᠤᠷᠢᠯᠳᠠ ᠪᠡᠨ ᠲᠠᠯᠭᠡᠵᠤ ᠭᠠᠷᠤᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面