2025-01-12 12:19:50
1 ᠰᠠᠷ᠎ᠠ᠎ᠶ᠋ᠢᠨ 10 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠦᠯᠦᠭᠡᠯᠡᠭᠴᠢ᠂ ᠥᠪᠥᠷ ᠮᠣᠩᠭᠣᠯ᠎ᠤᠨ ᠤᠷᠠᠨ ᠪᠢᠴᠢᠯᠭᠡᠲᠡᠳ᠎ᠤᠨ ᠡᠪᠯᠡᠯ᠎ᠦᠨ ᠳᠡᠳ᠋ ᠲᠡᠷᠢᠭᠦᠯᠡᠭ᠌ᠴᠢ᠂ ᠤᠯᠠᠭᠠᠨᠴᠠᠪ ᠬᠤᠳᠠ᠎ᠶ᠋ᠢᠨ ᠤᠷᠠᠨ ᠪᠢᠴᠢᠯᠭᠡᠲᠡᠳ᠎ᠤᠨ ᠡᠪᠯᠡᠯ᠎ᠦᠨ ᠲᠡᠷᠢᠭᠦᠯᠡᠭ᠌ᠴᠢ ᠯᠢᠶᠠᠩ ᠨᠸᠩ ᠸᠧᠢ᠄ 《ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠦᠯᠦᠭᠡᠯᠡᠭᠴᠢ ᠪᠤᠯ ᠠᠷᠠᠳ ᠲᠦᠮᠡᠨ᠎ᠡᠴᠡ ᠤᠯᠭᠤᠬᠰᠠᠨ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠤᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠦᠯᠦᠭᠡᠯᠡᠭᠴᠢ᠎ᠪᠡᠷ ᠰᠣᠩᠭᠣᠭ᠍ᠳᠠᠭ᠍ᠰᠠᠨ ᠪᠤᠯᠬᠤᠷ ᠮᠦᠷᠦᠨ ᠳ᠋ᠡᠬᠢ ᠡᠭᠦᠷᠭᠡ ᠬᠠᠷᠢᠭᠤᠴᠠᠯᠭ᠎ᠠ ᠬᠦᠨᠳᠦ ᠬᠡᠳᠡᠭ᠎ᠢ ᠭᠦᠨᠵᠡᠭᠡᠢ ᠣᠢᠯᠠᠭᠠᠨ᠎ᠠ》 ᠬᠡᠵᠤ ᠰᠤᠷᠪᠤᠯᠵᠢᠯᠠᠭᠴᠢ ᠭᠡᠯᠡᠨ᠎ᠠ᠃
ᠥᠩᠭᠡᠷᠡᠭ᠌ᠰᠡᠨ ᠨᠢᠭᠡ ᠵᠢᠯ᠎ᠳᠦ᠂ ᠯᠢᠶᠠᠩ ᠨᠸᠩ ᠸᠧᠢ ᠤᠳᠭ᠎ᠠ ᠤᠷᠠᠯᠢᠭᠤᠨᠵᠤᠬᠢᠶᠠᠨ ᠪᠦᠲᠦᠭᠡᠯᠭᠡ ᠪᠣᠯᠤᠨ ᠲᠥᠯᠥᠭᠡᠯᠡᠭ᠌ᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠵᠡᠷᠭᠡ᠎ᠪᠡᠷ ᠠᠳᠭᠤᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠦᠯᠢᠭᠡᠷ᠎ᠢ ᠰᠠᠢᠲᠤᠷ ᠶᠠᠷᠢᠬᠤ᠂ ᠤᠳᠭ᠎ᠠ ᠤᠷᠠᠯᠢᠭ᠎ᠤᠨ ᠵᠣᠬᠢᠶᠠᠨ ᠪᠦᠲᠦᠭᠡᠯᠭᠡ᠎ᠪᠡᠷ ᠠᠷᠠᠳ᠎ᠲᠤ ᠠᠱᠢᠭ ᠬᠦᠷᠲᠡᠭᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠂ ᠰᠠᠢ᠌ᠨ ᠳᠤᠷ᠎ᠠ᠎ᠶ᠋ᠢᠨ ᠦᠢᠯᠡᠴᠢᠯᠡᠭᠡ ᠥᠷᠨᠢᠭᠦᠯᠬᠦ᠌ ᠵᠡᠷᠭᠡ ᠵᠢᠨ ᠲᠤᠭᠤᠷᠢᠨ ᠳ᠋ᠤ ᠪᠠᠢᠴᠠᠭᠠᠨ ᠰᠤᠳᠤᠯᠵᠤ᠂ ᠥᠪᠡᠷ᠎ᠦᠨ ᠲᠡᠪᠰᠢᠬᠦᠯᠬᠦ ᠪᠡᠷ ᠪᠠᠢᠭ᠎ᠠ ᠰᠠᠨᠠᠭᠤᠯᠭ᠎ᠠ᠎ᠳᠠᠭᠠᠨ ᠪᠤᠷᠤ ᠮᠠᠲ᠋ᠧᠷᠢᠶᠠᠯ ᠴᠤᠭ᠍ᠯᠠᠭᠤᠯᠪᠠ᠃
《2024 ᠣᠨ᠎ᠤ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠬᠤᠭᠤᠴᠠᠭᠠᠨ᠎ᠳᠤ᠂ ᠤᠳᠭ᠎ᠠ ᠤᠷᠠᠯᠢᠭ᠎ᠤᠨ ᠵᠣᠬᠢᠶᠠᠨ ᠪᠦᠲᠦᠭᠡᠯᠭᠡ ᠪᠠ 〈ᠰᠦᠷᠯᠢᠭ ᠰᠠᠢᠬᠠᠨ ᠥᠪᠥᠷ ᠮᠣᠩᠭᠣᠯ· ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ〉 ᠭᠡᠬᠦ ᠵᠢᠭᠤᠯᠴᠢᠯᠠᠯ᠎ᠤᠨ ᠲᠦᠷᠦᠯ ᠲᠡᠮᠳᠡᠭ᠎ᠦᠨ ᠪᠠᠢᠭᠤᠯᠤᠯᠲᠠ᠎ᠶ᠋ᠢᠨ ᠲᠣᠭᠣᠷᠢᠨ᠎ᠳᠤ᠂ ᠪᠢ 〈ᠥᠪᠥᠷ ᠮᠣᠩᠭᠣᠯ᠎ᠤᠨ ᠴᠢᠬᠤᠯᠠ ᠶᠡᠬᠡ ᠤᠳᠭ᠎ᠠ ᠤᠷᠠᠯᠢᠭ᠎ᠤᠨ ᠲᠦᠷᠦᠯ ᠵᠦᠢᠯ ᠢ᠋ ᠳᠡᠮᠵᠢᠬᠦ ᠪᠠ ᠰᠣᠳᠣᠨ ᠪᠦᠲᠦᠭᠡᠯ᠎ᠢ ᠬᠥᠬᠢᠭᠦᠯᠦᠨ ᠱᠠᠩᠨᠠᠬᠤ ᠠᠷᠭ᠎ᠠ᠎ᠶ᠋ᠢ ᠲᠤᠭᠳᠠᠭᠠᠬᠤ ᠲᠤᠬᠠᠢ ᠰᠠᠨᠠᠭᠤᠯᠭ᠎ᠠ〉᠂ 〈ᠥᠪᠥᠷ ᠮᠣᠩᠭᠣᠯ᠎ᠤᠨ ᠪᠦᠬᠦ᠌ ᠣᠷᠣᠨ ᠪᠦᠰᠡ᠎ᠶ᠋ᠢᠨ ᠵᠢᠭᠤᠯᠴᠢᠯᠠᠯ᠎ᠤᠨ ᠲᠤᠮᠤ ᠳ᠋ᠠᠢᠲ᠋ᠠ᠎ᠶ᠋ᠢᠨ ᠴᠠᠬᠢᠮ ᠮᠡᠳᠡᠭᠡ᠎ᠶ᠋ᠢ ᠬᠡᠷᠡᠭ᠌ᠵᠢᠭᠦᠯᠬᠦ᠌ ᠵᠢ ᠠᠬᠢᠭᠤᠯᠬᠤ ᠲᠤᠬᠠᠢ ᠰᠠᠨᠠᠭᠤᠯᠭ᠎ᠠ〉 ᠵᠢ ᠳᠤᠷᠠᠳᠴᠤ᠌᠂ ᠬᠤᠯᠪᠤᠭᠳᠠᠯ ᠪᠦᠬᠦᠢ ᠰᠠᠯᠠᠭ᠎ᠠ ᠮᠥᠴᠢᠷ᠎ᠦᠨ ᠠᠩᠬᠠᠷᠤᠯ᠎ᠢ ᠲᠠᠲᠠᠪᠠ᠃ ᠮᠢᠨᠦ ᠰᠠᠨᠠᠭᠤᠯᠭ᠎ᠠ ᠴᠢᠬᠤᠯᠠᠴᠢᠯᠠᠭ᠍ᠳᠠᠭᠰᠠᠨ ᠡᠴᠡ ᠰᠠᠨᠠᠯ ᠰᠠᠨᠠᠭᠤᠯᠭ᠎ᠠ ᠳᠤᠷᠠᠳᠭᠤ ᠬᠠᠷᠢᠭᠤᠴᠠᠯᠭ᠎ᠠ ᠬᠦᠨᠳᠦ ᠴᠢᠬᠤᠯᠠ ᠪᠠᠢᠬᠤ᠎ᠶ᠋ᠢ ᠨᠠᠡᠭ ᠭᠦᠨᠵᠠᠬᠡᠢ ᠣᠢᠯᠠᠭᠠᠪᠠ》 ᠭᠡᠵᠦ᠍ ᠯᠢᠶᠠᠩ ᠨᠸᠩ ᠸᠧᠢ ᠬᠡᠯᠡᠨ᠎ᠠ᠃ ᠡᠢᠮᠦ᠍᠎ᠡᠴᠡ᠂ ᠲᠡᠷᠡ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠵᠢᠷᠭᠤᠳᠤᠭᠠᠷ ᠬᠤᠭᠤᠴᠠᠭ᠎ᠠ᠂ ᠨᠠᠢ᠍ᠮᠠᠳᠤᠭᠠᠷ ᠬᠤᠭᠤᠴᠠᠭᠠᠨ᠎ᠤ ᠶᠡᠷᠦᠩᠬᠡᠢᠯᠡᠭ᠌ᠰᠡᠨ ᠪᠣᠯᠪᠠᠰᠤᠷᠠᠯ᠎ᠤᠨ ᠠᠩᠭᠢ᠎ᠳᠤ ᠣᠷᠣᠯᠴᠠᠵᠤ᠂ ᠤᠳᠠᠭ᠎ᠠ ᠪᠦᠷᠢ᠎ᠶ᠋ᠢᠨ ᠰᠤᠷᠤᠯᠴᠠᠯᠭ᠎ᠠ ᠰᠣᠯᠢᠯᠴᠠᠭ᠎ᠠ ᠳᠤᠮᠳᠠ᠂ ᠥᠪᠡᠷ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠪᠡ᠃
《ᠪᠢ ᠪᠣᠯ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠠᠰᠠ ᠴᠦ᠍ ᠤᠳᠭ᠎ᠠ ᠤᠷᠠᠯᠢᠭ᠎ᠤᠨ ᠠᠵᠢᠯᠳᠠᠨ ᠮᠥᠨ᠂ ᠦᠨᠡᠨ ᠰᠡᠳᠭᠢᠯ᠎ᠡᠴᠡ᠎ᠪᠡᠨ ᠠᠷᠠᠳ ᠲᠦᠮᠡᠨ᠎ᠦ ᠡᠮᠦᠨ᠎ᠡ᠎ᠡᠴᠡ ᠦᠭᠡ ᠬᠡᠯᠡᠬᠦ᠌᠂ ᠠᠷᠠᠳ ᠲᠦᠮᠡᠨ᠎ᠳᠦ ᠦᠢᠯᠡᠴᠢᠯᠡᠬᠦ᠌ ᠤᠬ ᠰᠠᠨᠠᠭ᠎ᠠ᠎ᠵᠢ ᠪᠠᠷᠢᠮᠳᠠᠯᠠᠬᠤ ᠡᠴᠡ ᠭᠠᠳᠠᠨ᠎ᠠ᠂ ᠪᠠᠰᠠ ᠠᠮᠢᠳᠤᠷᠠᠯ᠎ᠳᠤ ᠭᠦᠨᠵᠡᠭᠡᠢᠷᠡᠵᠦ᠍᠂ ᠠᠷᠠᠳ ᠲᠦᠮᠡᠨ᠎ᠦ ᠳᠤᠮᠳᠠ ᠦᠨᠳᠦᠰᠦᠯᠡᠵᠦ᠍᠂ 〈ᠤᠳᠭ᠎ᠠ ᠤᠷᠠᠯᠢᠭ᠎ᠤᠨ ᠲᠠᠭᠤᠨ〉 ᠢ᠋ ᠴᠤᠤᠷᠢᠶᠠᠳᠤᠭᠤᠯᠵᠤ᠂ ᠮᠠᠨ᠎ᠤ ᠣᠷᠣᠨ᠎ᠤ ᠤᠳᠭ᠎ᠠ ᠤᠷᠠᠯᠢᠭ᠎ᠤᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠳᠦ ᠬᠦᠴᠦᠨ ᠨᠡᠮᠡᠷᠢᠯᠡᠨ᠎ᠡ》 ᠭᠡᠵᠤ ᠲᠤᠱᠢᠶᠠᠯ᠎ᠬᠠᠷᠢᠭᠤᠴᠠᠯᠭ᠎ᠠ ᠪᠠᠨ ᠭᠦᠢᠴᠡᠳᠭᠡᠬᠦ᠌ ᠲᠤᠬᠠᠢ ᠯᠢᠶᠠᠩ ᠨᠸᠩ ᠸᠧᠢ ᠪᠤᠳᠤᠯ᠎ᠵᠢᠡᠨ ᠲᠡᠯᠭᠡᠨ᠎ᠠ᠃
ᠨᠢᠳᠤᠨᠤᠨ᠎ᠤ ᠵᠢᠯ᠎ᠤᠨ ᠰᠡᠬᠦᠯᠴᠢ ᠪᠡᠷ᠂ ᠥᠪᠥᠷ ᠮᠣᠩᠭᠣᠯ᠎ᠤᠨ ᠤᠳᠭ᠎ᠠ ᠤᠷᠠᠯᠢᠭᠤᠨᠬᠢᠨᠦ ᠬᠣᠯᠪᠣᠭ᠎ᠠ᠂ ᠤᠯᠠᠭᠠᠨᠴᠠᠪ ᠬᠣᠲᠠ᠎ᠶ᠋ᠢᠨ ᠤᠳᠭ᠎ᠠ ᠤᠷᠠᠯᠢᠭᠤᠨᠬᠢᠨᠦ ᠬᠣᠯᠪᠣᠭ᠎ᠠ 30 ᠰᠢᠬᠠᠮ ᠤᠳᠭ᠎ᠠ ᠤᠷᠠᠯᠢᠭ᠍ᠴᠢᠳ᠎ᠤᠨ ᠲᠥᠯᠥᠭᠡᠯᠡᠭ᠌ᠴᠢ᠎ᠶ᠋ᠢ ᠵᠣᠬᠢᠶᠠᠨ ᠪᠠᠢᠭᠤᠯᠵᠤ ᠱᠠᠨ ᠰᠢ ᠮᠤᠵᠢ᠎ᠳᠤ ᠣᠴᠢᠭᠤᠯᠵᠤ᠂ 《ᠤᠮᠠᠷᠠᠲᠤ ᠬᠢᠯᠢ᠎ᠶ᠋ᠢᠨ ᠰᠣᠶᠣᠯ᠎ᠤᠨ ᠲᠤᠮᠳᠠᠳᠤ ᠤᠯᠤᠰ ᠲᠡᠬᠢ ᠠᠶᠠᠯᠠᠯ — ᠪᠠᠷᠠᠭᠤᠨ ᠪᠤᠭᠤᠮᠳᠠ ᠪᠡᠷ ᠭᠠᠷᠤᠭᠰᠠᠨ ᠨᠡᠭᠦᠳᠡᠯ᠎ᠤᠨ ᠬᠠᠭᠤᠴᠢᠨ ᠵᠠᠮ᠎ᠢᠶᠠᠷ ᠵᠠᠮᠨᠠᠬᠤᠢ》ᠮᠠᠲ᠋ᠧᠷᠢᠶᠠᠯ ᠴᠤᠭ᠍ᠯᠠᠭᠤᠯᠵᠤ ᠰᠣᠯᠢᠯᠴᠠᠬᠤ ᠠᠵᠢᠯᠯᠠᠭ᠎ᠠ ᠥᠷᠨᠢᠭᠦᠯᠪᠡ᠃ ᠲᠤᠰ ᠤᠳᠠᠭ᠎ᠠ ᠵᠢᠨ ᠠᠵᠢᠯᠯᠠᠭ᠎ᠠ ᠵᠢᠨ ᠲᠥᠯᠥᠭᠡᠯᠡᠭ᠌ᠴᠢ᠎ᠶ᠋ᠢᠨ ᠨᠢᠭᠡ ᠪᠣᠯᠤᠭ᠍ᠰᠠᠨ᠎ᠤ ᠬᠤᠪᠢ᠎ᠳᠤ᠂ ᠯᠢᠶᠠᠩ ᠨᠸᠩ ᠸᠧᠢ ᠲᠤᠬᠠᠢ᠎ᠶ᠋ᠢᠨ ᠭᠠᠵᠠᠷ ᠵᠢᠡᠷ ᠲᠣᠭᠣᠷᠢᠨ ᠦᠵᠡᠬᠦ᠂ ᠤᠯᠠ ᠮᠥᠷ ᠵᠢᠡᠷ ᠨᠢ ᠶᠠᠪᠤᠵᠤ ᠰᠤᠷᠪᠤᠯᠵᠢᠯᠠᠬᠤ᠂ ᠲᠠᠢᠯᠪᠤᠷᠢᠯᠠᠬᠤ᠎ᠶ᠋ᠢ ᠰᠣᠨᠣᠰᠬᠤ ᠳᠤᠮᠳᠠ ᠤᠮᠠᠷᠠᠲᠤ ᠬᠢᠯᠢ᠎ᠶ᠋ᠢᠨ ᠰᠣᠶᠣᠯ ᠪᠣᠯᠤᠨ ᠪᠠᠷᠠᠭᠤᠨ ᠪᠣᠭᠣᠮᠲᠠ᠎ᠶ᠋ᠢᠨ ᠰᠣᠶᠣᠯ᠎ᠤᠨ ᠠᠭᠤᠰᠤᠯᠴᠠᠯ᠎ᠢ ᠮᠡᠳᠡᠷᠡᠪᠡ᠃ ᠠᠵᠢᠯᠯᠠᠭ᠎ᠠ᠎ᠳ᠋ᠤ᠂ ᠯᠢᠶᠠᠩ ᠨᠸᠩ ᠸᠧᠢ ᠵᠣᠬᠢᠶᠠᠨ ᠪᠦᠲᠦᠭᠡᠬᠦ᠌ ᠬᠠᠷᠠᠭ᠎ᠠ᠎ᠪᠠᠨ ᠥᠷᠭᠡᠳᠭᠡᠵᠦ᠍᠂ ᠵᠣᠬᠢᠶᠠᠨ ᠪᠦᠲᠦᠭᠡᠬᠦ᠌ ᠤᠢ ᠮᠠᠳᠡᠷᠠᠮᠵᠢ ᠪᠠᠨ ᠬᠥᠭ᠌ᠵᠢᠭᠡᠪᠡ᠃ ᠲᠡᠷᠡ᠂ ᠨᠠᠩ ᠣᠯᠠᠨ ᠨᠠᠩ ᠰᠠᠢᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠵᠦ᠍᠂ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠨᠥᠯᠥᠭᠡᠯᠡᠬᠦ᠌ ᠬᠦᠴᠦᠨ᠎ᠢ ᠥᠷᠭᠡᠳᠭᠡᠬᠦ᠌᠎ᠳᠦ ᠥᠪᠡᠷ᠎ᠦᠨ ᠬᠤᠪᠢ ᠨᠡᠮᠡᠷᠢ᠎ᠪᠡᠨ ᠦᠵᠡᠭᠦᠯᠬᠦ᠌ ᠴᠢᠬᠤᠯᠠᠳᠠᠢ ᠭᠡᠳᠡᠭ᠎ᠢ ᠭᠦᠨᠵᠡᠭᠡᠶ ᠣᠢᠯᠠᠭᠠᠪᠠ᠃
ᠡᠨᠡ ᠵᠢᠯ᠎ᠦᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠳᠡᠭᠡᠷ᠎ᠡ᠂ ᠯᠢᠶᠠᠩ ᠨᠸᠩ ᠸᠧᠢ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢᠨ ᠳᠡᠭᠡᠭ᠌ᠰᠢᠯᠡᠭᠦᠯᠬᠦ᠌ ᠠᠵᠢᠯᠯᠠᠭ᠎ᠠ᠂ ᠵᠢᠭᠤᠯᠴᠢᠯᠠᠯ᠎ᠤᠨ ᠦᠢᠯᠡᠳᠬᠦᠨ᠎ᠦ ᠰᠣᠶᠣᠯ᠎ᠤᠨ ᠠᠭᠤᠯᠬᠤᠨ᠎ᠢ ᠠᠭᠤᠳᠠᠯᠬᠤ ᠪᠠ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠣᠶᠠᠷ ᠲᠠᠯ᠎ᠠ᠎ᠪᠠᠷ ᠰᠠᠨᠠᠭᠤᠯᠭ᠎ᠠ ᠳᠤᠷᠠᠳᠭᠤ ᠪᠣᠯᠤᠨ᠎ᠠ᠃ 《ᠪᠢᠳᠡ ᠡᠷᠭᠡᠪᠰᠢ ᠰᠣᠶᠣᠯ᠎ᠢᠶᠠᠷ ᠵᠢᠭᠤᠯᠴᠢᠯᠠᠯ᠎ᠢ ᠬᠦᠭᠵᠢᠬᠦᠯᠵᠤ᠂ ᠵᠢᠭᠤᠯᠴᠢᠯᠠᠯ᠎ᠢᠶᠠᠷ ᠰᠣᠶᠣᠯ᠎ᠢ ᠢᠯᠡᠷᠡᠭᠦᠯᠬᠦ᠌᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭ᠌ᠵᠢᠬᠦ᠌᠎ᠶ᠋ᠢ ᠭᠦᠨᠵᠡᠭᠡᠶ ᠠᠬᠢᠭᠤᠯᠵᠤ᠂ ᠤᠮᠠᠷᠠᠲᠤ ᠬᠢᠯᠢ᠎ᠶ᠋ᠢᠨ ᠰᠣᠶᠣᠯ ᠢ᠋ ᠪᠦᠲᠦᠭᠡᠯᠴᠢ ᠴᠢᠨᠠᠷᠲᠠᠶ ᠤᠨᠳᠤᠤᠰᠢᠭᠤᠯᠬᠤ᠂ ᠱᠢᠨ᠎ᠡ᠎ᠶ᠋ᠢ ᠡᠭᠦᠳᠬᠦ᠌ ᠴᠢᠨᠠᠷᠲᠠᠶ ᠬᠥᠭ᠌ᠵᠢᠬᠦᠯᠬᠦ᠎ᠶ᠋ᠢ ᠢᠳᠡᠪᠬᠢᠲᠡᠶ ᠠᠬᠢᠭᠤᠯᠤᠨ᠎ᠠ᠃ ᠡᠷᠭᠡᠪᠰᠢ ᠤᠮᠠᠷᠠᠲᠤ ᠬᠢᠯᠢ᠎ᠶ᠋ᠢᠨ ᠰᠣᠶᠣᠯ᠎ᠢ ᠥᠪᠥᠷ ᠮᠣᠩᠭᠣᠯ᠎ᠡᠴᠡ ᠭᠠᠷᠴᠤ ᠳᠡᠯᠡᠬᠡᠢ ᠳ᠋ᠠᠬᠢᠨ᠎ᠢ ᠵᠤᠷᠢᠬᠤ᠎ᠶ᠋ᠢ ᠠᠬᠢᠭᠤᠯᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠨᠡᠷ᠎ᠡ ᠠᠯᠳᠠᠷᠱᠢᠯ ᠪᠠ ᠨᠥᠯᠥᠭᠡᠯᠡᠬᠦ᠌ ᠬᠦᠴᠦᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠤᠨ᠎ᠠ》 ᠭᠡᠵᠦ ᠯᠢᠶᠠᠩ ᠨᠸᠩ ᠸᠧᠢ ᠬᠠᠷᠠᠯᠳᠠ ᠵᠤᠷᠢᠯᠳᠠ ᠪᠠᠨ ᠲᠤᠳᠤᠷᠠᠭᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃