2025-01-11 13:02:53
《ᠲᠦᠷᠦ ᠵᠢᠨ ᠶᠠᠪᠤᠳᠠᠯ ᠳ᠋ᠸ᠋ ᠤᠷᠤᠯᠴᠠᠵᠤ ᠲᠦᠷᠦ ᠵᠢᠨ ᠶᠠᠪᠤᠳᠠᠯ ᠢ ᠵᠦᠪᠯᠡᠬᠦ ᠠᠵᠢᠯᠢ ᠰᠠᠢᠳᠤᠷ ᠬᠢᠬᠦ ᠳ᠋ᠸ᠋ ᠡᠩ ᠲᠡᠷᠢᠬᠦᠨ ᠳ᠋ᠸ᠋ ᠤᠯᠤᠰ ᠤᠷᠤᠨᠤ ᠬᠠᠢᠷ᠎ᠠ ᠰᠡᠳᠬᠢᠯᠬᠡ ᠳᠠᠢ᠂ ᠡᠭᠦᠷᠭᠡ ᠬᠠᠷᠢᠭᠤᠴᠠᠯᠭ᠎ᠠ ᠵᠢᠨ ᠤᠬᠠᠮᠰᠠᠷ ᠲᠠᠢ ᠪᠠᠢᠬᠤ ᠬᠡᠷᠡᠭᠳᠡᠢ》᠃ 1 ᠰᠠᠷ᠎ᠠ ᠵᠢᠨ 2 ᠤ᠋ᠨ ᠡᠳᠦᠷ᠂ ᠦᠪᠡᠷᠳᠡᠬᠡᠨ ᠵᠠᠰᠠᠬᠤ ᠤᠷᠤᠨ ᠤ᠋ ᠤᠯᠤᠰ ᠲᠦᠷᠦ ᠵᠢᠨ ᠵᠦᠪᠯᠡᠯᠬᠡᠨ ᠤ᠋ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ᠋ ᠠᠮᠢ ᠠᠬᠤᠢ ᠬᠢᠬᠡᠳ ᠲᠠᠷᠢᠶᠠᠯᠠᠩ ᠤ᠋ᠨ ᠴᠠᠬ ᠠᠭᠤᠷ ᠤ᠋ᠨ ᠲᠦᠪ ᠤ᠋ᠨ ᠲᠡᠭᠡᠳᠦ ᠵᠡᠷᠬᠡ ᠵᠢᠨ ᠢᠨᠵᠸᠨ᠋ᠸᠷ ᠨᠠᠷᠠᠰᠤ ᠰᠤᠷᠪᠤᠯᠵᠢᠯᠠᠭ᠎ᠠ ᠬᠦᠯᠢᠶᠡᠬᠦ ᠲᠤᠮᠳᠠ᠂ ᠡᠢᠨ ᠬᠥ᠌ ᠦᠪᠡᠷ ᠤ᠋ᠨ ᠲᠤᠰᠢᠶᠠᠯ ᠵᠢᠡᠨ ᠬᠦᠢᠴᠡᠳᠭᠡᠭᠰᠡᠨ ᠤᠯᠤᠯᠳᠠ ᠲᠦᠷᠦᠭᠳᠡᠯ ᠵᠢᠡᠨ ᠳ᠋ᠦᠩᠨᠡᠨ᠎ᠡ᠃ ᠨᠢᠬᠡ ᠵᠢᠯ ᠤ᠋ᠨ ᠲᠤᠰᠢᠶᠠᠯ ᠵᠢᠡᠨ ᠬᠦᠢᠴᠡᠳᠭᠡᠭᠰᠡᠨ ᠠᠵᠢᠯᠢ ᠡᠷᠬᠢᠴᠡᠬᠦᠯᠬᠦ ᠳ᠋ᠸ᠋᠂ ᠨᠠᠷᠠᠰᠤ ᠰᠡᠳᠬᠢᠯ ᠲᠦᠭᠦᠷᠡᠩ ᠪᠠᠢᠯ᠎ᠠ᠃ ᠰᠢᠨᠵᠢᠯᠡᠨ ᠪᠠᠢᠴᠠᠭᠠᠬᠤ᠂ ᠪᠠᠢᠴᠠᠭᠠᠨ ᠰᠤᠳᠤᠯᠬᠤ᠂ ᠶᠠᠷᠢᠯᠴᠠᠬᠤ ᠬᠤᠷᠠᠯ ᠬᠢᠬᠦ᠂ ᠰᠤᠳᠤᠯᠤᠨ ᠶᠠᠷᠢᠯᠴᠠᠬᠤ ᠁ ᠲᠡᠷᠡ ᠪᠦᠬᠦ ᠰᠡᠳᠬᠢᠯ ᠪᠦᠬᠦ ᠵᠤᠷᠢᠬ ᠵᠢᠡᠷ ᠵᠢᠡᠨ ᠠᠵᠢᠯ ᠵᠢᠡᠨ ᠬᠢᠵᠦ᠂ ᠦᠴᠦᠬᠡᠨ ᠴᠦ᠍ ᠴᠠᠯᠠᠭᠠᠢᠷᠠᠬᠰᠠᠨ ᠦᠬᠡᠢ᠃
ᠴᠢᠨᠠᠷ ᠰᠠᠢᠳᠠᠢ ᠰᠠᠨᠠᠯ ᠲᠤᠷᠠᠳᠤᠯᠭ᠎ᠠ ᠭᠠᠷᠭᠠᠬᠤ ᠳ᠋ᠸ᠋᠂ ᠬᠦᠨᠵᠡᠬᠡᠢ ᠨᠠᠷᠢᠯᠢᠬ ᠪᠠᠢᠴᠠᠭᠠᠨ ᠰᠤᠳᠤᠯᠤᠯᠳᠠ ᠡᠴᠨ ᠰᠠᠯᠵᠤ ᠴᠢᠳᠠᠬᠤ ᠦᠬᠡᠢ᠃ 《ᠠᠰᠠᠭᠤᠳᠠᠯᠢ ᠪᠠᠷᠢᠵᠤ ᠪᠠᠢᠴᠠᠭᠠᠨ ᠰᠤᠳᠤᠯᠬᠤ ᠪᠤᠯ ᠮᠢᠨᠤ ᠤᠯᠠᠨ ᠵᠢᠯ ᠤ᠋ᠨ ᠰᠢᠨᠵᠢᠯᠡᠬᠦ ᠤᠬᠠᠭᠠᠨ ᠰᠤᠳᠤᠯᠭᠠᠨ ᠤ᠋ ᠠᠵᠢᠯ ᠪᠠ ᠬᠡᠰᠢᠬᠦᠨ ᠤ᠋ ᠲᠤᠰᠢᠶᠠᠯ ᠵᠢᠡᠨ ᠬᠦᠢᠴᠡᠳᠬᠡᠬᠦ ᠲᠤᠮᠳᠡᠬᠢ ᠲᠠᠳᠬᠠᠯ ᠪᠠᠢᠵᠤ᠂ ᠬᠦᠨᠵᠡᠬᠡᠢ ᠪᠠᠢᠴᠠᠭᠠᠨ ᠰᠤᠳᠤᠯᠬᠤ ᠪᠡᠷ ᠲᠠᠮᠵᠢᠨ᠂ ᠠᠰᠠᠭᠤᠳᠠᠯ ᠢ᠋ ᠨᠡᠩ ᠲᠤᠳᠤᠷᠬᠠᠢ ᠤᠢᠯᠠᠭᠠᠵᠤ᠂ ᠠᠷᠭ᠎ᠠ ᠤᠬᠠᠭᠠᠨ ᠲᠠᠪᠰᠢᠬᠦᠯᠤᠨ ᠵᠠᠰᠠᠬ ᠲᠦ᠍ ᠲᠤᠰᠠᠯᠠᠬᠤ ᠦᠷ᠎ᠠ ᠪᠦᠳᠤᠮᠵᠢ ᠪᠠᠨ ᠲᠡᠭᠡᠭᠰᠢᠯᠡᠬᠦᠯᠵᠠᠢ》 ᠭᠡᠵᠤ ᠲᠠᠷᠠ ᠭᠡᠯᠡᠨ᠎ᠠ᠃ 2024 ᠤᠨ ᠳ᠋ᠸ᠋᠂ ᠨᠠᠷᠠᠰᠤ ᠦᠪᠡᠷᠳᠡᠬᠡᠨ ᠵᠠᠰᠠᠬᠤ ᠤᠷᠤᠨ ᠤ᠋ ᠤᠯᠤᠰ ᠲᠦᠷᠦ ᠵᠢᠨ ᠵᠦᠪᠯᠡᠯᠬᠡᠨ ᠤ᠋ ᠨᠢᠩᠰᠢᠶᠠ ᠵᠢᠨ ᠬᠤᠳᠤᠩ ᠦᠨᠳᠦᠰᠦᠳᠡᠨ ᠤ᠋ ᠦᠪᠡᠷᠳᠡᠬᠡᠨ ᠵᠠᠰᠠᠬᠤ ᠤᠷᠤᠨ ᠳ᠋ᠸ᠋ ᠬᠦᠷᠴᠦ ᠶᠠᠪᠤᠬᠳᠠᠭᠤᠯᠤᠬᠰᠠᠨ 《〈ᠤᠮᠠᠷᠠᠳᠤ ᠵᠢᠨ ᠭᠤᠷᠪᠠᠨ ᠤᠷᠤᠨ〉 ᠤ᠋ ᠢᠨᠵᠸᠨ᠋ᠸᠷᠢᠩ ᠤ᠋ᠨ ᠪᠦᠳᠦᠬᠡᠨ ᠪᠠᠢᠭᠤᠯᠤᠯᠳᠠ ᠵᠢ ᠠᠬᠢᠭᠤᠯᠤᠨ᠂ ᠴᠦᠯᠯᠡᠷᠭᠡᠭᠵᠢᠯᠢ ᠶᠡᠷᠦᠩᠬᠡᠢᠯᠡᠨ ᠰᠡᠷᠬᠡᠢᠯᠡᠨ ᠵᠠᠰᠠᠬᠤ ᠵᠢ ᠴᠢᠩᠭᠠᠳᠬᠠᠬᠤ》 ᠭᠤᠷᠪᠠᠨ ᠱᠠᠳᠤᠨ ᠤ᠋ ᠤᠯᠤᠰ ᠲᠦᠷᠦ ᠵᠢᠨ ᠵᠦᠪᠯᠡᠯᠬᠡᠨ ᠤ᠋ ᠠᠷᠠᠳᠴᠢᠯᠠᠯ ᠳ᠋ᠸ᠋ ᠬᠢᠨᠠᠯᠳᠠ ᠲᠠᠯᠪᠢᠬᠤ ᠬᠡᠯᠪᠡᠷᠢ ᠵᠢᠨ ᠵᠦᠪᠯᠡᠬᠦ ᠰᠡᠳᠦᠪ ᠢ ᠵᠦᠪᠳᠡᠯᠴᠡᠬᠦ ᠰᠤᠷᠤᠯᠴᠠᠯᠭ᠎ᠠ ᠰᠢᠨᠵᠢᠯᠡᠨ ᠪᠠᠢᠴᠠᠭᠠᠯᠳᠠ ᠳ᠋ᠸ᠋ ᠤᠷᠤᠯᠴᠠᠵᠤ᠂ ᠮᠦᠨ ᠰᠢᠨᠵᠢᠯᠡᠨ ᠪᠠᠢᠴᠠᠭᠠᠬᠰᠠᠨ ᠦᠷ᠎ᠡ ᠳ᠋ᠦᠩ ᠵᠢᠡᠨ ᠦᠨᠳᠦᠰᠦᠯᠡᠨ 《〈ᠤᠮᠠᠷᠠᠳᠤ ᠵᠢᠨ ᠭᠤᠷᠪᠠᠨ ᠤᠷᠤᠨ〉 ᠤ᠋ ᠢᠨᠵᠸᠨ᠋ᠸᠷᠢᠩ ᠤ᠋ᠨ ᠪᠦᠳᠦᠬᠡᠨ ᠪᠠᠢᠭᠤᠯᠤᠯᠳᠠ ᠲᠤᠮᠳᠠᠬᠢ ᠮᠤᠳᠤ ᠲᠠᠷᠢᠬᠤ ᠡᠳᠡᠬᠡᠷᠡᠯᠳᠡ ᠵᠢᠨ ᠨᠤᠷᠮ᠎ᠠ》 ᠬᠡᠬᠦ ᠭᠠᠷᠴᠠᠬ ᠲᠠᠢ ᠶᠠᠷᠢᠶᠠᠨ ᠤ᠋ ᠨᠤᠤᠷᠠᠬ ᠵᠢᠡᠨ ᠲᠤᠰᠢᠶᠠᠵᠠᠢ; 《ᠮᠠᠨ ᠤ᠋ ᠤᠷᠤᠨ ᠤ᠋ ᠬᠤᠵᠢᠷᠯᠢᠬ ᠭᠠᠵᠠᠷ ᠢ ᠨᠡᠬᠡᠬᠡᠨ ᠠᠰᠢᠬᠯᠠᠬᠤ》 ᠪᠠᠢᠴᠠᠭᠠᠨ ᠰᠤᠳᠤᠯᠤᠯᠳᠠ ᠵᠢᠨ ᠲᠤᠮᠳᠠ᠂ ᠬᠤᠯᠪᠤᠬᠳᠠᠯ ᠪᠦᠬᠦᠢ ᠲᠤᠰᠬᠠᠢ ᠮᠡᠷᠬᠡᠵᠢᠯᠳᠡᠨ ᠡᠷᠳᠡᠮᠳᠡᠨ ᠲᠠᠢ ᠬᠠᠮᠳᠤ ᠪᠡᠷ ᠤᠷᠤᠨ ᠪᠦᠰᠡ ᠵᠢᠨ ᠴᠢᠨᠠᠷᠳᠠᠢ ᠬᠤᠵᠢᠷᠯᠢᠬ ᠭᠠᠵᠠᠷᠢ ᠲᠦᠷᠦᠯ ᠬᠤᠪᠢᠶᠠᠨ ᠵᠠᠰᠠᠬᠤ ᠮᠡᠷᠬᠡᠵᠢᠯ ᠤ᠋ᠨ ᠰᠢᠰᠲᠸᠮ ᠤ᠋ᠨ ᠪᠦᠳᠦᠬᠡᠨ ᠪᠠᠢᠭᠤᠯᠤᠯᠳᠠ ᠵᠢᠨ ᠦᠨᠳᠦᠰᠦᠨ ᠪᠠᠢᠳᠠᠯ᠂ ᠲᠠᠷᠢᠶᠠᠯᠠᠩ ᠤ᠋ᠨ ᠦᠢᠯᠡᠳᠪᠦᠷᠢᠯᠡᠯ ᠲᠤᠮᠳᠠᠬᠢ ᠲᠠᠷᠢᠶᠠᠯᠠᠭ᠎ᠠ ᠬᠢᠬᠡᠳ ᠤᠰᠤᠯᠠᠯᠳᠠ ᠵᠢᠨ ᠬᠠᠮᠢᠶᠠᠷᠤᠯᠳᠠ ᠵᠢᠨ ᠲᠤᠮᠳᠠᠬᠢ ᠤᠷᠤᠰᠢᠵᠤ ᠪᠠᠢᠭ᠎ᠠ ᠠᠰᠠᠭᠤᠳᠠᠯ ᠵᠡᠷᠬᠡ ᠲᠠᠯ᠎ᠠ ᠪᠡᠷ ᠶᠠᠷᠢᠯᠴᠠᠬᠤ ᠬᠤᠷᠠᠯ ᠬᠢᠵᠦ ᠪᠤᠳᠤᠯ ᠰᠠᠨᠠᠯ ᠵᠢᠡᠨ ᠰᠤᠯᠢᠯᠴᠠᠵᠠᠢ; 《ᠠᠭᠤᠷᠬᠠᠢ ᠵᠢᠨ ᠵᠠᠰᠠᠯᠳᠠ ᠰᠡᠷᠬᠦᠯᠳᠡ ᠵᠢ ᠴᠢᠩᠭᠠᠳᠬᠠᠵᠤ᠂ ᠭᠤᠷᠪᠠᠳᠠᠬᠢ ᠡᠳᠡᠭᠡᠳᠤᠨ ᠵᠠᠰᠠᠯᠳᠠ ᠵᠢ ᠲᠡᠮᠵᠢᠬᠦ ᠵᠠᠬᠪᠤᠷ ᠢ ᠰᠦᠪᠡᠭᠴᠢᠯᠡᠬᠦ》 ᠬᠠᠷᠠᠭᠠᠯᠵᠠᠭᠤᠯᠤᠨ ᠵᠦᠪᠳᠡᠯᠴᠡᠬᠦ ᠬᠤᠷᠠᠯ ᠳ᠋ᠸ᠋ ᠤᠷᠤᠯᠴᠠᠵᠤ᠂ ᠪᠦᠬᠦ ᠤᠷᠤᠨ ᠤ᠋ ᠠᠭᠤᠷᠬᠠᠢ ᠵᠢᠨ ᠤᠷᠴᠢᠨ ᠲᠤᠭᠤᠷᠢᠨ ᠤ᠋ ᠵᠠᠰᠠᠯᠳᠠ ᠬᠢᠬᠡᠳ ᠠᠮᠢ ᠠᠬᠤᠢ ᠵᠢᠨ ᠰᠡᠷᠬᠦᠬᠡᠯᠳᠠᠵᠢ ᠤᠯᠠᠮ ᠨᠢᠬᠡ ᠠᠯᠬᠤᠮ ᠴᠢᠩᠭᠠᠳᠬᠠᠬᠤ ᠳ᠋ᠸ᠋ ᠢᠳᠡᠪᠬᠢᠳᠡᠢ ᠪᠡᠷ ᠰᠠᠨᠠᠯ ᠰᠠᠨᠠᠭᠤᠯᠭ᠎ᠠ ᠲᠤᠷᠠᠳᠴᠠᠢ᠃
ᠴᠠᠬ ᠠᠭᠤᠷ ᠤ᠋ᠨ ᠰᠢᠨᠵᠢᠯᠡᠬᠦ ᠤᠬᠠᠭᠠᠨ ᠲᠸᠭᠨᠢᠭ ᠮᠡᠷᠬᠡᠵᠢᠯ ᠤ᠋ᠨ ᠠᠵᠢᠯᠳᠠᠨ ᠪᠤᠯᠤᠬᠰᠠᠨ ᠤ᠋ ᠬᠤᠪᠢ ᠳ᠋ᠸ᠋᠂ ᠨᠠᠷᠠᠰᠤ ᠨᠠᠷᠢᠨ ᠨᠢᠮᠪᠠᠢ ᠮᠦᠷᠳᠡᠭᠡᠨ ᠬᠠᠷᠢᠭᠤᠴᠠᠯᠭᠠᠳᠤ ᠰᠡᠳᠬᠢᠯᠭᠡ ᠡᠪᠤᠷᠯᠡᠨ ᠤᠯᠤᠰ ᠲᠦᠷᠦ ᠵᠢᠨ ᠵᠦᠪᠯᠡᠯᠬᠡᠨ ᠤ᠋ ᠲᠤᠰᠢᠶᠠᠯ ᠵᠢᠡᠨ ᠬᠦᠢᠴᠡᠳᠬᠡᠬᠦ ᠠᠵᠢᠯᠵᠢᠡᠨ ᠡᠷᠴᠢᠮᠳᠠᠢ ᠦᠷᠨᠢᠬᠦᠯᠵᠠᠢ᠃ ᠲᠡᠷᠡ ᠬᠤᠯᠪᠤᠬᠳᠠᠯ ᠪᠦᠬᠦᠢ ᠲᠦᠷᠦ ᠵᠢᠨ ᠪᠤᠳᠤᠯᠭ᠎ᠠ ᠵᠢ ᠯᠠᠪᠯᠠᠨ ᠤᠩᠰᠢᠬᠤ᠂ ᠲᠤᠰᠬᠠᠢ ᠮᠡᠷᠬᠡᠵᠢᠯᠳᠡᠨ ᠵᠢᠡᠷ ᠯᠠᠪᠯᠠᠨ ᠠᠰᠠᠭᠤᠬᠤ᠂ ᠲᠠᠷᠠᠴᠢᠯᠠᠨ ᠪᠠᠢᠳᠠᠯᠢ ᠤᠢᠯᠠᠭᠠᠨ᠂ ᠲᠤᠭ᠎ᠠ ᠪᠠᠷᠢᠮᠳᠠ ᠵᠢ ᠴᠤᠬᠯᠠᠭᠤᠯᠤᠨ᠂ ᠲᠠᠬᠢᠨ ᠲᠠᠪᠳᠠᠨ ᠰᠤᠳᠤᠯᠬᠤ᠂ ᠲᠠᠬᠢᠨ ᠲᠠᠪᠳᠠᠨ ᠪᠤᠯᠭᠤᠭᠠᠨ ᠲᠤᠩᠭᠠᠬᠤ᠂ ᠲᠠᠬᠢᠨ ᠲᠠᠪᠳᠠᠨ ᠪᠠᠳᠤᠯᠠᠨ ᠨᠤᠳᠠᠯᠠᠬᠤ ᠪᠡᠷ ᠲᠠᠮᠵᠢᠨ᠂ ᠰᠠᠨᠠᠯ ᠲᠤᠷᠠᠳᠤᠯᠭ᠎ᠠ ᠵᠢᠨ ᠤᠨᠤᠴᠨ ᠵᠢᠨ ᠬᠡᠮᠵᠢᠶ᠎ᠡ ᠪᠠ ᠶᠠᠰᠦ ᠴᠢᠨᠠᠷᠢ ᠲᠠᠰᠤᠷᠠᠯᠳᠠ ᠦᠬᠡᠢ ᠲᠡᠭᠡᠭᠰᠢᠯᠡᠬᠦᠯᠵᠡᠢ᠃
2024 ᠤᠨ ᠳ᠋ᠸ᠋᠂ ᠨᠠᠷᠠᠰᠤ 《ᠲᠠᠷᠢᠮᠠᠯᠤᠨ ᠲᠡᠵᠢᠬᠡᠯ ᠪᠤᠷᠳᠤᠭ᠎ᠠ ᠵᠢᠨ ᠴᠠᠬ ᠠᠭᠤᠷ ᠤ᠋ᠨ ᠪᠠᠳᠤᠯᠠᠭ᠎ᠠ ᠵᠢᠨ ᠦᠢᠯᠡᠴᠢᠯᠡᠬᠡ ᠵᠢ ᠲᠡᠭᠡᠭᠰᠢᠯᠡᠬᠦᠯᠦᠨ᠂ ᠤᠯᠤᠰ ᠤ᠋ᠨ ᠴᠢᠬᠤᠯᠠ ᠮᠠᠯ ᠤ᠋ᠨ ᠠᠰᠢᠬ ᠰᠢᠮ᠎ᠡ ᠲᠠᠷᠢᠶᠠᠯᠠᠩ ᠤ᠋ᠨ ᠪᠦᠳᠦᠭᠡᠭᠳᠡᠬᠦᠨ ᠤ᠋ ᠦᠢᠯᠡᠳᠪᠦᠷᠢᠯᠡᠯ ᠤ᠋ᠨ ᠰᠠᠭᠤᠷᠢᠨ ᠤ᠋ ᠪᠦᠳᠦᠬᠡᠨ ᠪᠠᠢᠭᠤᠯᠤᠯᠳᠠ ᠳ᠋ᠸ᠋ ᠬᠦᠴᠦᠨ ᠨᠡᠮᠡᠷᠢᠯᠡᠬᠦ ᠲᠤᠬᠠᠢ ᠰᠠᠨᠠᠯ ᠲᠤᠷᠠᠳᠤᠯᠭ᠎ᠠ》 ᠵᠡᠷᠬᠡ 3 ᠬᠤᠪᠢ ᠰᠠᠨᠠᠯ ᠲᠤᠷᠠᠳᠤᠯᠭ᠎ᠠ ᠵᠢᠴᠢ 《ᠤᠳᠤᠬᠢᠴᠢᠯᠠᠬᠰᠠᠨ ᠠᠵᠤ ᠦᠢᠯᠡᠰ ᠤ᠋ᠨ ᠰᠢᠰᠲᠸᠮ ᠤ᠋ᠨ ᠪᠦᠳᠦᠬᠡᠨ ᠪᠠᠢᠭᠤᠯᠤᠯᠳᠠ ᠵᠢ ᠠᠬᠢᠭᠤᠯᠤᠨ᠂ ᠮᠠᠯᠵᠢᠬᠤ ᠲᠠᠷᠢᠶᠠᠯᠠᠬᠤ ᠦᠢᠯᠡᠰᠤᠨ ᠰᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ ᠲᠦᠷᠬᠡᠳᠬᠡᠨ ᠬᠦᠭᠵᠢᠬᠦᠯᠬᠦ》 ᠵᠡᠷᠬᠡ 4 ᠬᠤᠪᠢ ᠨᠡᠢᠬᠡᠮ ᠤ᠋ᠨ ᠪᠠᠢᠳᠠᠯ ᠠᠷᠠᠳ ᠤ᠋ᠨ ᠰᠠᠨᠠᠭ᠎ᠠ ᠵᠢ ᠲᠤᠰᠢᠶᠠᠵᠤ᠂ ᠮᠠᠨ ᠤ᠋ ᠤᠷᠤᠨ ᠤ᠋ ᠡᠪᠡᠰᠦᠨ ᠤ᠋ ᠦᠢᠯᠡᠰ ᠤ᠋ᠨ ᠴᠢᠨᠠᠷ ᠰᠠᠢᠳᠠᠢ ᠬᠦᠭᠵᠢᠯᠳᠡ ᠪᠠ ᠠᠮᠢ ᠠᠬᠤᠢ ᠵᠢᠨ ᠪᠤᠯᠪᠠᠰᠤᠨ ᠤ᠋ ᠪᠠᠢᠭᠤᠯᠤᠯᠳᠠ ᠵᠢ ᠠᠬᠢᠭᠤᠯᠬᠤ ᠳ᠋ᠸ᠋ ᠰᠢᠢᠳᠪᠦᠷᠢᠳᠦ ᠪᠤᠳᠤᠯᠭ᠎ᠠ ᠲᠤᠬᠳᠠᠭᠠᠬᠤ ᠯᠠᠪᠯᠠᠯᠳᠠ ᠬᠠᠩᠭᠠᠬᠰᠠᠨ ᠪᠠᠢᠨ᠎ᠠ᠃
ᠨᠠᠷᠠᠰᠤ᠂ ᠡᠨᠡ ᠵᠢᠯ ᠲᠡᠷᠡ ᠤᠢᠷ᠎ᠠ ᠤᠬᠳᠠᠷᠭᠤᠢ ᠵᠢᠨ ᠠᠵᠤ ᠠᠬᠤᠢ ᠵᠢᠨ ᠬᠦᠭᠵᠢᠯᠳᠡ ᠵᠢᠨ ᠠᠰᠠᠭᠤᠳᠠᠯ ᠵᠢᠴᠢ ᠨᠠᠰᠤᠵᠢᠯ ᠤ᠋ᠨ ᠠᠰᠠᠷᠠᠮᠵᠢ᠂ ᠰᠤᠷᠭᠠᠨ ᠬᠦᠮᠦᠵᠢᠯ᠂ ᠡᠮ ᠡᠮᠨᠡᠯᠬᠡ ᠡᠷᠡᠬᠦᠯ ᠬᠠᠮᠠᠭᠠᠯᠠᠯ ᠵᠡᠷᠬᠡ ᠠᠷᠠᠳ ᠤ᠋ᠨ ᠠᠮᠢᠳᠤᠷᠠᠯ ᠤ᠋ᠨ ᠬᠠᠯᠠᠮᠰᠢᠯ ᠠᠰᠠᠭᠤᠳᠠᠯᠢ ᠭᠤᠤᠯᠳᠠᠯᠭ᠎ᠠ ᠲᠠᠢ ᠠᠩᠬᠠᠷᠴᠠᠢ᠃ ᠦᠪᠡᠷᠳᠡᠬᠡᠨ ᠵᠠᠰᠠᠬᠤ ᠤᠷᠤᠨ ᠤ᠋ ᠤᠯᠤᠰ ᠲᠦᠷᠦ ᠵᠢᠨ ᠵᠦᠪᠯᠡᠯᠬᠡᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠭᠤᠷᠪᠠᠳᠤᠭᠠᠷ ᠬᠤᠷᠠᠯ ᠬᠤᠷᠠᠯᠳᠤᠬᠤ ᠪᠡᠷ ᠪᠠᠢᠭ᠎ᠠ ᠲᠠᠰᠢᠷᠠᠮ ᠳ᠋ᠸ᠋᠂ ᠲᠡᠷᠡ 《ᠴᠠᠬ ᠠᠭᠤᠷ ᠵᠢᠡᠷ ᠤᠢᠷ᠎ᠠ ᠤᠬᠳᠠᠷᠭᠤᠢ ᠵᠢᠨ ᠠᠵᠤ ᠠᠬᠤᠢ ᠵᠢᠨ ᠴᠢᠨᠠᠷ ᠰᠠᠢᠳᠠᠢ ᠬᠦᠭᠵᠢᠯᠳᠡ ᠵᠢ ᠬᠠᠮᠠᠭᠠᠯᠠᠬᠤ》 ᠵᠡᠷᠬᠡ ᠤᠯᠠᠨ ᠰᠠᠨᠠᠯ ᠲᠤᠷᠠᠳᠤᠯᠭ᠎ᠠ ᠪᠡᠯᠡᠳᠬᠡᠵᠡᠢ ᠭᠡᠵᠦ ᠲᠠᠨᠢᠯᠴᠠᠭᠤᠯᠤᠨ᠎ᠠ᠃
《ᠤᠯᠤᠰ ᠲᠦᠷᠦ ᠵᠢᠨ ᠵᠦᠪᠯᠡᠯᠬᠡᠨ ᠤ᠋ ᠬᠡᠰᠢᠬᠦᠨ ᠪᠤᠯᠬᠤ ᠨᠢ ᠠᠮᠠᠷᠬᠠᠨ ᠶᠠᠪᠤᠳᠠᠯ ᠪᠢᠰᠢ ᠶᠤᠮ᠂ ᠭᠠᠬᠴᠠ ᠬᠥ᠌ ᠦᠪᠡᠷ ᠤ᠋ᠨ ᠲᠤᠰᠬᠠᠢ ᠮᠡᠷᠬᠡᠵᠢᠯ ᠤ᠋ᠨ ᠬᠦᠷᠢᠶᠡᠨ ᠤ᠋ ᠵᠢᠵᠢᠭᠬᠡᠨ ᠭᠠᠵᠠᠷ ᠵᠢᠡᠨ ᠰᠠᠬᠢᠭᠠᠳ ᠯᠡ ᠪᠤᠯᠴᠢᠬᠠᠬᠤ ᠪᠢᠰᠢ》᠃ ᠨᠠᠷᠠᠰᠤ ᠲᠤᠰᠢᠶᠠᠯ ᠵᠢᠡᠨ ᠬᠦᠢᠴᠡᠳᠭᠡᠭᠰᠡᠨ ᠲᠦᠷᠦᠭᠳᠡᠯ ᠵᠢᠡᠨ ᠶᠠᠷᠢᠬᠤᠳᠦ᠂ ᠦᠪᠡᠷ ᠤ᠋ᠨ ᠲᠤᠰᠬᠠᠢ ᠮᠡᠷᠬᠡᠵᠢᠯ ᠤ᠋ᠨ ᠬᠦᠷᠢᠶᠡᠨ ᠡᠴᠨ ᠭᠠᠳᠠᠨ᠎ᠠ ᠪᠠᠰᠠ ᠤᠯᠤᠰ ᠤ᠋ᠨ ᠲᠦᠷᠦ ᠵᠢᠨ ᠪᠤᠳᠤᠯᠭ᠎ᠠ ᠵᠢ ᠠᠩᠬᠠᠷᠬᠤ ᠴᠢᠬᠤᠯᠠᠳᠠᠢ ᠮᠦᠷᠳᠡᠬᠡᠨ ᠪᠠᠰᠠ ᠨᠢᠬᠡᠳᠦᠬᠡᠷ ᠹᠷᠤᠨᠲ ᠲᠦ᠍ ᠬᠦᠨᠵᠡᠬᠡᠢᠷᠡᠨ ᠤᠯᠠᠨ ᠲᠦᠮᠡᠨ ᠤ᠋ ᠪᠤᠳᠤᠯ ᠰᠡᠨᠠᠯ ᠢ᠋ ᠤᠢᠯᠠᠭᠠᠵᠤ᠂ ᠦᠪᠡᠷ ᠤ᠋ᠨ ᠲᠠᠪᠠᠭᠤᠯᠢᠬ ᠵᠢᠡᠨ ᠬᠦᠢᠴᠡᠳ ᠪᠠᠳᠠᠷᠠᠭᠤᠯᠤᠨ ᠲᠤᠰᠬᠠᠢ ᠮᠡᠷᠬᠡᠵᠢᠯ ᠤ᠋ᠨ ᠬᠦᠴᠦᠨ ᠴᠢᠳᠠᠯ ᠵᠢᠡᠨ ᠡᠷᠬᠦᠬᠦ ᠵᠢᠨ ᠵᠡᠷᠬᠡ ᠪᠡᠷ᠂ ᠤᠯᠤᠰ ᠲᠦᠷᠦ ᠵᠢᠨ ᠵᠦᠪᠯᠡᠯᠬᠡᠨ ᠤ᠋ 《ᠲᠤᠮᠤ ᠲᠠᠪᠴᠠᠩ》ᠢ᠋ ᠠᠰᠢᠬᠯᠠᠨ᠂ ᠦᠪᠡᠷᠳᠡᠬᠡᠨ ᠵᠠᠰᠠᠬᠤ ᠤᠷᠤᠨ ᠤ᠋ ᠭᠤᠤᠯ ᠠᠵᠢᠯ ᠪᠠ ᠠᠷᠠᠳ ᠤ᠋ᠨ ᠠᠮᠢᠳᠤᠷᠠᠯ ᠤ᠋ᠨ ᠠᠰᠠᠭᠤᠳᠠᠯ ᠤ᠋ᠨ ᠲᠤᠭᠤᠷᠢᠨ ᠳ᠋ᠸ᠋ ᠰᠠᠨᠠᠯ ᠰᠠᠨᠠᠭᠤᠯᠭ᠎ᠠ ᠭᠠᠷᠭᠠᠬᠤ ᠬᠡᠷᠡᠭᠳᠡᠢ ᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃