2025-01-11 12:57:13
ᠬᠢᠩᠭᠠᠨ ᠠᠢᠮᠠᠭ᠎ᠤᠨ ᠲᠦᠴᠢᠦᠸᠠᠨ ᠱᠢᠶᠠᠨ᠎ᠤ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢᠵᠠᠰᠠᠬᠤ ᠪᠠ ᠰᠠᠯᠬᠢᠨ ᠬᠦᠴᠦᠨ᠎ᠤ ᠴᠠᠬᠢᠯᠭᠠᠨ ᠭᠡᠷᠡᠯᠴᠢ ᠴᠡᠨᠡᠭ᠎ᠢ ᠨᠢᠭᠡ ᠴᠣᠭ᠍ᠴᠠᠵᠢᠭᠤᠯᠤᠭ᠍ᠰᠠᠨ ᠤᠨᠳᠤᠤ ᠭᠠᠵᠠᠷ ᠡᠯᠡᠰᠦᠷᠬᠡᠭ᠌ᠵᠢᠯ᠎ᠢ ᠵᠠᠰᠠᠬᠤ ᠲᠥᠷᠥᠯ ᠵᠦᠶ᠋ᠯ᠎ᠳᠦ ᠭᠦᠨᠵᠡᠭᠡᠢᠷᠡᠵᠦ᠍᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠠᠵᠢᠯ᠎ᠢ ᠥᠷᠨᠢᠭᠦᠯᠦᠭ᠌ᠰᠡᠨ ᠪᠠᠢᠳᠠᠯ᠎ᠢ ᠪᠠᠢᠴᠠᠭᠠᠨ ᠰᠤᠳᠤᠯᠪᠠ; ᠢᠯᠴᠢ ᠬᠠᠩᠭᠠᠬᠤ ᠠᠵᠤ ᠠᠬᠤᠢᠯᠠᠯ᠎ᠤᠨ ᠦᠶ᠋ᠯᠡᠳᠪᠦᠷᠢ᠎ᠶ᠋ᠢᠨ ᠲᠠᠰᠤᠭ᠂ ᠢᠯᠴᠢ ᠰᠤᠯᠢᠯᠴᠠᠬᠤ ᠥᠷᠲᠡᠭᠡ᠎ᠶ᠋ᠢ ᠥᠭᠡᠷᠡᠴᠢᠯᠡᠨ ᠪᠠᠢᠭᠤᠯᠬᠤ ᠲᠥᠷᠥᠯ ᠵᠦᠶ᠋ᠯ ᠪᠠ ᠨᠡᠢᠭᠡᠮ ᠲᠣᠭᠣᠷᠢᠭ᠎ᠲᠤ ᠲᠤᠭᠤᠷᠢᠨ ᠰᠤᠷᠪᠤᠯᠵᠢᠯᠠᠵᠤ᠂ 《ᠳᠤᠯᠠᠭᠠᠯᠠᠭ᠎ᠠ᠎ᠶ᠋ᠢᠨ ᠢᠨᠵᠧᠨᠧᠷᠢᠩ》᠎ᠢ᠋ ᠬᠡᠷᠡᠭ᠌ᠵᠢᠭᠦᠯᠦᠭᠰᠠᠨ ᠶᠡᠷᠦᠩᠬᠡᠢ ᠪᠠᠢᠳᠠᠯ᠎ᠢ ᠣᠢᠯᠠᠭᠠᠵᠤ᠂ ᠢᠯᠴᠢ ᠬᠠᠩᠭᠠᠬᠤ ᠠᠵᠢᠯ᠎ᠤᠨ ᠲᠤᠬᠠᠶ ᠣᠯᠠᠨ ᠲᠦᠮᠡᠨ᠎ᠦ ᠰᠠᠨᠠᠯ ᠰᠠᠨᠠᠭᠤᠯᠭ᠎ᠠ᠎ᠶ᠋ᠢ ᠰᠣᠨᠣᠰᠪᠠ ᠁
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠳᠤ ᠴᠢᠨᠠᠷ ᠰᠠᠢᠲᠠᠶ ᠰᠠᠨᠠᠭᠤᠯᠭ᠎ᠠ ᠳᠡᠪᠱᠢᠭᠦᠯᠬᠦ᠌᠎ᠶ᠋ᠢᠨ ᠲᠥᠯᠥᠭᠡ᠂ ᠨᠢᠭᠡ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠲᠦᠴᠢᠦᠸᠠᠨ ᠱᠢᠶᠠᠨ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠳᠡᠭᠡᠳᠦ ᠵᠡᠷᠭᠡ᠎ᠶ᠋ᠢᠨ ᠢᠨᠵᠧᠨᠧᠷ ᠯᠢ ᠭᠦᠸᠧ ᠭᠤᠸᠠᠩ ᠬᠦᠢᠴᠡᠳ ᠪᠡᠯᠡᠳᠭᠡᠯ ᠬᠢᠵᠡᠶ᠃
1991 ᠣᠨ᠎ᠳᠤ ᠶᠡᠬᠡ ᠰᠤᠷᠭᠠᠭᠤᠯᠢ᠎ᠪᠠᠨ ᠲᠡᠭᠦᠰᠭᠡᠭ᠌ᠰᠡᠨ ᠯᠢ ᠭᠦᠸᠧ ᠭᠤᠸᠠᠩ ᠨᠤᠲᠤᠭ᠎ᠲᠠᠭᠠᠨ ᠪᠤᠴᠠᠵᠤ᠂ ᠲᠦᠴᠢᠦᠸᠠᠨ ᠱᠢᠶᠠᠨ᠎ᠤ ᠤᠢ ᠱᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠳᠤ ᠠᠵᠢᠯᠯᠠᠬᠰᠠᠨ ᠪᠦᠬᠡᠳ ᠤᠳᠤ ᠶᠠᠭ 34 ᠬᠠᠪᠤᠷ ᠨᠠᠮᠤᠷ᠎ᠢ ᠤᠭᠳᠤᠵᠤ ᠪᠤᠢ᠃ ᠤᠯᠠᠨ ᠵᠢᠯ᠎ᠦᠨ ᠲᠤᠷᠰᠢ᠂ ᠠᠭᠤᠯᠠ᠎ᠪᠠᠨ ᠨᠡᠩ ᠬᠥᠬᠡᠮᠳᠦᠭ᠂ ᠤᠰᠤ᠎ᠪᠠᠨ ᠨᠡᠩ ᠴᠠᠩᠬᠡᠭ᠂ ᠲᠩᠷᠢ᠎ᠪᠡᠨ ᠨᠡᠩ ᠴᠡᠯᠮᠡᠭ᠂ ᠡᠪᠡᠰᠦ ᠪᠡᠯᠴᠢᠭᠡᠷ᠎ᠢᠶᠡᠨ ᠨᠡᠩ ᠨᠤᠭᠤᠭᠠᠨ ᠪᠣᠯᠭᠠᠬᠤ ᠪᠣᠯ ᠯᠢ ᠭᠦᠸᠧ ᠭᠤᠸᠠᠩ᠎ᠤᠨ ᠡᠨᠡ ᠬᠦ᠌ ᠠᠵᠢᠯ᠎ᠢ ᠬᠢᠭ᠌ᠰᠡᠨ ᠤᠭ ᠰᠠᠨᠠᠭ᠎ᠠ ᠪᠣᠯᠤᠨ᠎ᠠ᠂ ᠲᠡᠷᠡ ᠡᠬᠦᠨ ᠤ᠋ ᠲᠥᠯᠥᠭᠡ ᠴᠥᠬᠥᠷᠡᠰᠢ ᠦᠭᠡᠢ ᠲᠡᠮᠡᠴᠡᠭᠰᠡᠭᠡᠷ ᠪᠠᠢᠨ᠎ᠠ᠃ ᠶᠡᠭᠡ ᠰᠤᠷᠭᠠᠭᠤᠯᠢ ᠲᠡᠭᠦᠰᠦᠭ᠌ᠰᠡᠨ ᠤᠶᠤᠳᠠᠨ ᠪᠠᠢᠬᠰᠠᠨ ᠡᠴᠡ ᠲᠤᠬᠠᠢᠯᠠᠭ᠍ᠰᠠᠨ ᠠᠵᠢᠯ᠎ᠳ᠋ᠠᠭᠠᠨ ᠴᠠᠭᠠᠷᠠᠬᠰᠡᠨ ᠬᠦᠷᠲᠡᠯ᠎ᠡ᠂ ᠮᠡᠷᠭᠡᠵᠢᠯᠲᠡᠨ ᠪᠠᠢᠬᠰᠠᠨ᠎ᠡᠴᠡ ᠵᠢᠩᠬᠢᠨᠢ ᠳᠡᠭᠡᠳᠦ ᠵᠡᠷᠭᠡ᠎ᠶ᠋ᠢᠨ ᠢᠨᠵᠧᠨᠧᠷ ᠪᠤᠯᠤᠬᠰᠠᠨ ᠬᠦᠷᠲᠡᠯ᠎ᠡ᠂ ᠲᠡᠷᠡ ᠰᠤᠷᠤᠭ᠍ᠰᠠᠨ ᠮᠡᠳᠡᠯᠭᠡ ᠪᠡᠷ᠎ᠢᠶᠡᠨ ᠬᠦᠭᠡ ᠠᠭᠤᠯᠠ ᠬᠦᠭᠡᠮᠳᠦᠭ ᠤᠰᠤ ᠨᠤᠮᠢᠨ ᠨᠤᠭᠤᠭᠠᠨ ᠲᠠᠯ᠎ᠠ ᠨᠤᠳᠤᠭ ᠵᠢᠡᠨ ᠬᠠᠮᠠᠭᠠᠯᠠᠬᠰᠠᠭᠠᠷ ᠢᠷᠠᠵᠠᠢ᠃
ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠪᠡᠷ ᠰᠣᠩᠭᠣᠭ᠍ᠳᠠᠭ᠍ᠰᠠᠨ᠎ᠡᠴᠡ ᠨᠠᠭᠠᠰᠢ᠂ ᠲᠡᠷᠡ ᠢᠮᠠᠭ᠍ᠲᠠ《ᠠᠷᠠᠳ ᠲᠦᠮᠡᠨ ᠨᠠᠮᠠᠶ᠋ᠢ ᠲᠥᠯᠥᠭᠡᠯᠡᠭ᠌ᠴᠢ᠎ᠪᠡᠷ ᠰᠣᠩᠭᠣᠬᠰᠠᠨ ᠶᠤᠮ᠂ ᠪᠢ ᠠᠷᠠᠳ ᠲᠦᠮᠡᠨ᠎ᠦ ᠲᠥᠯᠥᠭᠡ ᠲᠥᠯᠥᠭᠡᠯᠡᠭ᠌ᠴᠢ ᠪᠣᠯᠬᠤ》 ᠲᠠᠷᠬᠠᠨ ᠡᠭᠦᠷᠭᠡ᠎ᠶ᠋ᠢ ᠡᠪᠦᠷᠯᠡᠨ᠂ ᠲᠦᠷᠦ᠍᠎ᠶ᠋ᠢᠨ ᠪᠤᠳᠤᠯᠭ᠎ᠠ ᠬᠠᠤᠯᠢ ᠲᠣᠭ᠍ᠲᠠᠭᠠᠯ᠎ᠢ ᠨᠠᠷᠢᠨ ᠬᠢᠨᠠᠮᠠᠭᠠᠢ ᠰᠤᠷᠤᠯᠴᠠᠵᠤ᠂ ᠦᠨᠳᠦᠰᠦᠨ ᠱᠠᠲᠤᠨ᠎ᠳᠤ ᠭᠦᠨᠵᠡᠭᠡᠢᠷᠡᠨ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ ᠬᠢᠵᠦ᠍᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠤᠢ᠍ᠢᠯᠠᠭᠠᠨ᠂ ᠪᠣᠳᠠᠲᠤ ᠠᠵᠢᠯᠯᠠᠭ᠎ᠠ ᠪᠠᠷ᠎ᠢᠶᠠᠨ ᠨᠢᠭᠡᠨ ᠠᠷᠠᠳ᠎ᠤᠨ ᠲᠥᠯᠥᠭᠡᠯᠡᠭ᠌ᠴᠢ᠎ᠶ᠋ᠢᠨ ᠬᠠᠷᠢᠭᠤᠴᠠᠯᠭ᠎ᠠ ᠪᠠ ᠡᠭᠦᠷᠭᠡᠯᠡᠯ᠎ᠢ ᠦᠢᠯᠡᠳᠦᠯᠬᠡᠵᠢᠬᠦᠯᠦᠭᠰᠡᠨ ᠪᠠᠢᠨ᠎ᠠ᠃
ᠴᠢᠨᠠᠷ ᠰᠠᠢᠲᠠᠶ ᠰᠠᠨᠠᠭᠤᠯᠭ᠎ᠠ ᠨᠢ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠨ᠎ᠡ᠃ 2024 ᠣᠨ᠎ᠤ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠬᠤᠭᠤᠴᠠᠭᠠᠨ᠎ᠳᠤ᠂ ᠯᠢ ᠭᠦᠸᠧ ᠭᠤᠸᠠᠩ᠎ᠤᠨ ᠳᠡᠪᠱᠢᠭᠦᠯᠦᠭ᠌ᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠭᠤᠮᠠᠯ᠎ᠤᠨ ᠬᠤᠴᠢᠯᠭ᠎ᠠ᠎ᠶ᠋ᠢ ᠰᠡᠷᠭᠦᠭᠡᠬᠦ᠌ ᠪᠠ ᠣᠶ ᠱᠢᠭᠤᠶ᠎ᠶ᠋ᠢᠨ ᠦᠶ᠋ᠯᠡᠳᠪᠦᠷᠢᠯᠡᠯ᠎ᠦᠨ ᠨᠥᠬᠥᠴᠡᠯ᠂ ᠣᠶ ᠮᠣᠳᠣ ᠨᠥᠬᠥᠵᠦ᠍ ᠳᠠᠷᠢᠬᠤ ᠮᠡᠷᠭᠡᠵᠢᠯ ᠪᠠ ᠬᠡᠷᠡᠭ᠌ᠰᠡᠬᠦ᠌ ᠵᠠᠷᠤᠳᠠᠯ᠎ᠤᠨ ᠪᠠᠷᠢᠮᠵᠢᠶ᠎ᠠ᠎ᠶ᠋ᠢ ᠲᠦᠷᠭᠡᠳᠭᠡᠨ ᠲᠣᠭ᠍ᠲᠠᠭᠠᠵᠤ ᠨᠡᠢᠲᠡᠯᠡᠬᠦ᠌ ᠲᠤᠬᠠᠶ》 ᠰᠠᠨᠠᠭᠤᠯᠭ᠎ᠠ ᠨᠢ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠬᠠᠷᠢᠭᠤ ᠲᠤᠰᠭᠠᠯ᠎ᠢ ᠣᠯᠤᠭ᠍ᠰᠠᠨ ᠪᠥᠭᠡᠳ 2024 ᠣᠨ᠎ᠤ 7 ᠰᠠᠷ᠎ᠠ᠎ᠶ᠋ᠢᠨ 17᠎ᠤ᠋ ᠡᠳᠦᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠭᠤᠮᠠᠯ᠎ᠤᠨ ᠬᠤᠴᠢᠯᠭ᠎ᠠ᠎ᠶ᠋ᠢ ᠰᠡᠷᠭᠦᠭᠡᠬᠦ᠌ ᠪᠠ ᠣᠶ ᠱᠢᠭᠤᠶ᠎ᠶ᠋ᠢᠨ ᠦᠶ᠋ᠯᠡᠳᠪᠦᠷᠢᠯᠡᠯ᠎ᠦᠨ ᠨᠥᠬᠥᠴᠡᠯ᠂ ᠣᠶ ᠮᠣᠳᠣ ᠨᠥᠬᠥᠵᠦ᠍ ᠳᠠᠷᠢᠬᠤ ᠪᠠᠷᠢᠮᠵᠢᠶ᠎ᠠ (ᠲᠤᠷᠱᠢᠨ ᠬᠡᠷᠡᠭ᠌ᠵᠢᠭᠦᠯᠬᠦ᠌)》᠎ᠶ᠋ᠢ ᠳᠠᠷᠤᠮᠠᠯᠯᠠᠨ ᠲᠠᠷᠬᠠᠭᠠᠪᠠ᠃
《ᠡᠨᠡ ᠪᠣᠯ ᠮᠢᠨᠦ᠍ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠲᠤᠬᠠᠢ ᠬᠠᠮᠤᠭ᠎ᠤᠨ ᠰᠠᠢᠨ ᠨᠤᠳᠠᠯᠠᠯᠳᠠ ᠪᠠ ᠬᠦᠬᠢᠬᠦᠯᠦᠯ ᠪᠣᠯᠤᠨ᠎ᠠ᠃ ᠲᠣᠰ ᠪᠠᠷᠢᠮᠵᠢᠶ᠎ᠠ᠎ᠶ᠋ᠢ ᠳᠠᠷᠤᠮᠠᠯᠯᠠᠨ ᠲᠠᠷᠬᠠᠭᠠᠭ᠍ᠰᠠᠨ᠎ᠨᠢ ᠣᠶ ᠱᠢᠭᠤᠶ᠎ᠶ᠋ᠢᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠠᠵᠢᠯ᠎ᠳᠤ ᠦᠨᠳᠦᠰᠦᠯᠡᠯ ᠬᠠᠩᠭᠠᠵᠤ᠂ ᠮᠠᠨ᠎ᠤ ᠣᠷᠣᠨ᠎ᠤ ᠤᠷᠭᠤᠮᠠᠯ᠎ᠤᠨ ᠬᠤᠴᠢᠯᠭ᠎ᠠ᠎ᠶ᠋ᠢ ᠰᠡᠷᠭᠦᠭᠡᠬᠦ᠌ ᠠᠵᠢᠯ᠎ᠢ ᠵᠢᠷᠤᠮᠵᠢᠭᠤᠯᠤᠨ᠂ ᠣᠢᠲᠤ ᠭᠠᠵᠠᠷ᠎ᠢ ᠰᠡᠷᠭᠦᠭᠡᠬᠦ᠌ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠦ ᠴᠢᠬᠤᠯᠠ ᠠᠴᠢ ᠬᠣᠯᠪᠣᠭ᠍ᠳᠠᠯ ᠲᠠᠶ ᠶᠤᠮ᠃ ᠡᠪᠡᠰᠦᠨ ᠦᠷ᠎ᠡ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 〈ᠪᠦᠰᠡᠯᠡᠯᠳᠡ ᠱᠢᠪᠲᠤᠯᠬᠤ〉 ᠪᠣᠯ ᠮᠢᠨᠦ᠍ ᠢᠮᠠᠭ᠍ᠲᠠ ᠠᠩᠬᠠᠷᠤᠭ᠍ᠰᠠᠭᠠᠷ ᠢᠷᠡᠭ᠌ᠰᠡᠨ ᠭᠤᠤᠯᠳᠠᠯᠭ᠎ᠠ ᠪᠣᠯᠤᠨ᠎ᠠ᠂ ᠡᠪᠡᠰᠦᠨ ᠦᠷ᠎ᠡ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 〈ᠪᠦᠰᠡᠯᠡᠯᠳᠡ ᠱᠢᠪᠲᠤᠯᠬᠤ〉 ᠪᠠᠷ ᠳᠡᠮᠵᠢᠨ ᠲᠡᠵᠢᠭᠡᠯ ᠡᠪᠡᠰᠦᠨ᠎ᠦ ᠦᠷ᠎ᠡ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠤᠯᠭᠤᠵᠤ᠂ ᠨᠤᠲᠤᠭ ᠪᠡᠯᠴᠢᠭᠡᠷ᠎ᠦᠨ ᠳᠠᠭᠠᠭᠠᠴᠠ᠎ᠡᠴᠡ ᠬᠡᠲᠦᠷᠡᠭᠦᠯᠦᠨ ᠮᠠᠯ ᠮᠠᠯᠵᠢᠬᠤ ᠠᠰᠠᠭᠤᠳᠠᠯ᠎ᠢ ᠱᠢᠶ᠋ᠳᠪᠦᠷᠢᠯᠡᠵᠦ᠍᠂ ᠨᠤᠲᠤᠭ ᠪᠡᠯᠴᠢᠭᠡᠷ᠎ᠦᠨ ᠬᠠᠮᠠᠭᠠᠯᠠᠯᠲᠠ ᠪᠠ ᠮᠠᠯ ᠠᠵᠤ ᠠᠬᠤᠶ᠎ᠶ᠋ᠢᠨ ᠬᠥᠭ᠌ᠵᠢᠯᠲᠡ᠎ᠳᠦ ᠬᠦᠴᠦᠨ ᠨᠡᠮᠡᠷᠢᠯᠡᠬᠦ᠌᠎ᠶ᠋ᠢ ᠬᠦᠰᠡᠵᠦ᠍ ᠪᠠᠢᠨ᠎ᠠ》 ᠭᠡᠵᠦ ᠯᠢ ᠭᠦᠸᠧ ᠭᠤᠸᠠᠩ ᠪᠠᠶᠠᠷᠳᠠᠢᠬᠠᠨ ᠭᠡᠯᠡᠨ᠎ᠠ᠃
ᠡᠨᠡ ᠵᠢᠯ᠎ᠦᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠳᠡᠭᠡᠷ᠎ᠡ᠂ ᠯᠢ ᠭᠦᠸᠧ ᠭᠤᠸᠠᠩ᠎ᠤᠨ ᠲᠡᠪᠰᠢᠬᠦᠯᠬᠦ 3 ᠰᠠᠨᠠᠭᠤᠯᠭ᠎ᠠ ᠨᠢ ᠮᠥᠨ ᠴᠤ᠌ ᠣᠶ ᠱᠢᠭᠤᠶ ᠪᠠ ᠨᠤᠲᠤᠭ ᠪᠡᠯᠴᠢᠭᠡᠷ᠎ᠦᠨ ᠬᠥᠭ᠌ᠵᠢᠯᠲᠡ᠎ᠲᠡᠶ ᠬᠣᠯᠪᠣᠭ᠎ᠠ᠎ᠲᠠᠶ ᠶᠤᠮ᠃ ᠯᠢ ᠭᠦᠸᠧ ᠭᠤᠸᠠᠩ᠄ 《ᠪᠢ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠲᠤᠰᠢᠶᠠᠯ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠵᠣᠷᠢᠭ᠍ᠲᠠᠢ ᠪᠠᠷ ᠬᠠᠷᠢᠭᠤᠴᠠᠯᠭ᠎ᠠ ᠡᠭᠦᠷᠭᠡᠯᠡᠵᠦ᠍᠂ ᠴᠢᠳᠠᠮᠠᠭᠠᠢ᠎ᠪᠠᠷ ᠵᠢᠳᠬᠦᠯ ᠴᠢᠷᠮᠠᠢᠯᠭ᠎ᠠ ᠭᠠᠷᠭᠠᠵᠤ᠂ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠵᠤ᠂ ᠤᠢ ᠱᠢᠭᠤᠢ ᠨᠤᠲᠤᠭ ᠪᠡᠯᠴᠢᠭᠡᠷ᠎ᠦᠨ ᠡᠬᠢ ᠪᠠᠶᠠᠯᠢᠭ᠎ᠢ ᠰᠠᠢᠲᠤᠷ ᠬᠠᠮᠠᠭᠠᠯᠠᠵᠤ᠂ ᠡᠭᠡ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠬᠦᠴᠦᠨ ᠴᠢᠳᠠᠯ᠎ᠢᠶᠠᠨ ᠨᠡᠮᠡᠷᠢᠯᠡᠨ᠎ᠠ》 ᠭᠡᠵᠤ ᠵᠤᠷᠢᠯᠳᠠ ᠪᠠᠨ ᠲᠤᠳᠤᠷᠠᠭᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃