ᠭᠣᠣᠯ ᠰᠡᠳᠦᠪᠲᠦ ᠮᠡᠳᠡᠭᠡᠯᠡᠯ > ᠲᠥᠯᠥᠭᠡᠯᠡᠭᠴᠢ ᠭᠡᠱᠢᠭᠦᠨ᠎ᠦ᠌ ᠲᠤᠱᠢᠶᠠᠯ᠎ᠢ᠋ᠶ᠋ᠠᠨ ᠭᠦᠢᠴᠡᠳᠭᠡᠭᠰᠡᠨ ᠦᠯᠢᠭᠡᠷ

2025-01-07 11:20:28

ᠵᠣᠬᠢᠶᠠᠭ᠍ᠴᠢ᠄ ​ ᠸᠠᠩ ᠬᠤᠤ ᠣᠩᠱᠢᠭ᠍ᠰᠠᠨ ᠣᠳᠠᠭ᠎ᠠ᠄ 3

ᠪᠤᠯᠤᠩ ᠨᠡᠭᠡᠭᠡᠬᠦ ᠦᠭᠡ

2025 ᠣᠨ᠎ᠤ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠤᠳᠠᠯ ᠦᠭᠡᠢ ᠬᠤᠷᠠᠯᠳᠤᠬᠤ᠎ᠪᠠᠷ ᠪᠣᠶ᠃ ᠥᠩᠭᠡᠷᠡᠭᠰᠡᠨ ᠨᠢᠭᠡ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢᠳ ᠪᠣᠯᠣᠨ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠳ ᠨᠢᠭᠡ ᠭᠣᠣᠯ ᠰᠢᠵᠢᠮ᠎ᠢ ᠲᠤᠭᠤᠱᠢᠯᠠᠭᠤᠯᠵᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠰᠢᠨ᠎ᠡ ᠵᠠᠮ᠎ᠨᠡᠬᠡᠭᠡᠵᠦ ᠳᠤᠮᠳᠠ ᠲᠦᠪᠰᠢᠨ᠎ᠳᠤ ᠣᠷᠣᠵᠤ᠂ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠭᠦᠨᠵᠡᠭᠡᠢᠷᠡᠵᠦ᠂ ᠠᠷᠠᠳ᠎ᠤᠨ ᠪᠠᠢᠳᠠᠯ᠎ᠢ ᠣᠢᠯᠠᠭᠠᠵᠤ᠂ ᠠᠷᠠᠳ᠎ᠤᠨ ᠰᠡᠳᠭᠢᠯ᠎ᠤᠨ ᠳᠠᠭᠤᠨ᠎ᠢ ᠰᠣᠨᠣᠰᠴᠤ᠂ ᠠᠷᠠᠳ᠎ᠤᠨ ᠰᠠᠨᠠᠭ᠎ᠠ᠎ᠶᠢ ᠴᠤᠭᠯᠠᠭᠤᠯᠵᠤ᠂ ᠣᠯᠠᠨ ᠲᠦᠮᠡᠨ᠎ᠦ ᠬᠦᠰᠡᠯ ᠡᠷᠡᠮᠡᠯᠵᠡᠯ᠎ᠳᠦ ᠠᠩᠬᠠᠷᠤᠯ᠎ᠢᠶᠠᠨ ᠲᠥᠪᠯᠡᠷᠡᠭᠦᠯᠦᠨ ᠲᠤᠰᠢᠶᠠᠯ ᠬᠠᠷᠢᠴᠠᠭᠤᠯᠭ᠎ᠠ ᠪᠠᠨ ᠭᠦᠢᠴᠡᠳᠬᠡᠭᠰᠡᠨ ᠰᠢᠨ᠎ᠡ ᠬᠠᠷᠢᠭᠤᠯᠲᠠ᠎ᠶᠢᠨ ᠬᠠᠭᠤᠳᠠᠰᠤ᠎ᠶᠢ ᠴᠢᠷᠮᠠᠢᠨ ᠲᠤᠰᠢᠶᠠᠪᠠ᠃ ᠲᠤᠰ ᠰᠣᠨᠢᠨ ᠡᠨᠡ ᠡᠳᠤᠷ ᠡᠴᠡ ᠡᠬᠢᠯᠡᠨ 《ᠲᠥᠯᠥᠭᠡᠯᠡᠭᠴᠢ ᠭᠡᠰᠢᠭᠦᠨ᠎ᠤ ᠲᠤᠰᠢᠶᠠᠯ ᠵᠢᠡᠨ ᠭᠦᠢᠴᠡᠳᠬᠡᠭᠰᠡᠨ ᠥᠯᠢᠭᠡᠷ》 ᠭᠡᠬᠦ ᠪᠤᠯᠤᠩ ᠨᠡᠭᠡᠭᠡᠵᠤ᠂ ᠪᠢᠳᠡ ᠬᠠᠮᠲᠤ᠎ᠪᠠᠷ ᠲᠡᠳᠡᠨ᠎ᠦ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠠᠯᠬᠤᠭ᠎ᠠ ᠵᠢ ᠳᠠᠭᠠᠵᠤ᠂ ᠲᠡᠳᠡᠨ᠎ᠦ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠰᠡᠨ ᠰᠡᠳᠬᠢᠯ᠎ᠦᠨ ᠲᠠᠭᠤᠨ᠎ᠢ ᠰᠣᠨᠣᠰᠤᠶ᠎ᠠ᠃


《ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠪᠣᠯ ᠵᠥᠪᠬᠡᠨ ᠨᠡᠷᠡᠢᠳᠦᠯ ᠲᠡᠳᠦᠢ ᠪᠢᠰᠢ ᠶᠤᠮ᠂ ᠨᠡᠩ ᠴᠦ᠍ ᠨᠦᠷᠢ ᠶᠡᠭᠡ ᠬᠠᠷᠢᠭᠤᠴᠠᠯᠭ᠎ᠠ ᠪᠠᠢᠵᠤ᠂ ᠣᠯᠠᠨ ᠲᠦᠮᠡᠨ᠎ᠦ ᠬᠦᠰᠡᠯ ᠪᠠ ᠢᠲᠡᠭᠡᠯ᠎ᠢ ᠡᠭᠦᠷᠭᠡᠯᠡᠵᠦ ᠪᠠᠢᠳᠠᠭ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠤᠯᠠᠭᠠᠨᠴᠠᠪ ᠬᠤᠳᠠ᠎ᠶᠢᠨ ᠰᠢᠩ ᠡᡁᠸ ᠰᠢᠶᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠡ ᠵᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠡᠷᠬᠢᠯᠡᠭᠴᠢ ᠵᠤᠤ ᠷᠦᠢ ᠬᠡᠯᠡᠨ᠎ᠠ᠃

ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠪᠣᠯᠤᠭᠰᠠᠨ᠎ᠤ ᠬᠤᠪᠢ᠎ᠳᠤ ᠂ ᠵᠣᠣ ᠷᠦᠢ ᠲᠤᠰᠢᠶᠠᠯ ᠬᠠᠷᠢᠭᠤᠴᠠᠯᠭ᠎ᠠ᠎ᠪᠠᠨ ᠢᠳᠡᠪᠬᠢᠲᠡᠢ ᠭᠦᠢᠴᠡᠳᠬᠡᠭᠰᠡᠭᠡᠷ ᠢᠷᠡᠵᠡᠶ᠃ ᠲᠡᠷᠡ ᠲᠥᠯᠥᠭᠡᠯᠡᠭᠴᠢ ᠵᠢᠨ ᠬᠥᠭᠥᠷᠭᠡ ᠬᠣᠯᠪᠣᠭᠠᠰᠤ᠎ᠶᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠦᠷᠭᠦᠯᠵᠢ ᠦᠨᠳᠦᠰᠦᠨ ᠱᠠᠲᠤᠨ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠰᠣᠷᠪᠤᠯᠵᠢᠯᠠᠭ᠎ᠠ ᠥᠷᠨᠢᠭᠦᠯᠵᠦ᠂ ᠤᠯᠠᠨ ᠲᠦᠮᠡᠨ᠎ᠲᠠᠢ ᠨᠢᠭᠤᠷᠳᠠᠨ ᠶᠠᠷᠢᠯᠴᠠᠵᠤ᠂ ᠲᠡᠳᠡᠨ᠎ᠦ ᠬᠡᠷᠡᠭᠴᠡᠭᠡ ᠪᠠ ᠱᠠᠭᠠᠷᠳᠠᠯᠭ᠎ᠠ᠎ᠶᠢ ᠴᠠᠭ ᠲᠤᠬᠠᠢ ᠳ᠋ᠤᠨᠢ ᠣᠢᠯᠠᠭᠠᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠶᠠᠪᠤᠴᠠ᠎ᠶᠢ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠪᠡᠶᠡᠯᠡᠭᠦᠯᠬᠦ ᠴᠢᠬᠤᠯᠠ ᠠᠷᠭ᠎ᠠ ᠵᠠᠮ ᠪᠣᠯᠭᠠᠵᠤ᠂ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠤᠨ ᠢᠳᠡᠪᠬᠢᠲᠡᠢ ᠦᠢᠯᠡᠳᠦᠯᠭᠡᠵᠢᠭᠦᠯᠦᠭᠴᠢ ᠪᠣᠯᠬᠤ᠎ᠪᠠᠷ ᠭᠤᠢᠪᠢᠰᠢ ᠦᠭᠡᠢ ᠴᠢᠷᠮᠠᠢᠪᠠ᠃

ᠣᠢᠷ᠎ᠠ᠎ᠶᠢᠨ ᠵᠢᠯ᠎ᠡᠴᠡ᠂ ᠰᠢᠩ ᠡᡁᠸ ᠰᠢᠶᠠᠨ ᠪᠦᠬᠦ ᠣᠷᠣᠨ᠎ᠳᠤ ᠰᠢᠶᠠᠨ ᠰᠢᠶᠠᠩ ᠲᠣᠰᠬᠣᠨ ᠭᠤᠷᠪᠠᠨ ᠱᠠᠲᠤᠨ᠎ᠤᠮ 《ᠬᠣᠶᠠᠷ ᠲᠥᠯᠥᠭᠡᠯᠡᠭᠴᠢ ᠨᠢᠭᠡ ᠭᠡᠰᠢᠭᠦᠨ》 ᠤ᠋ ᠬᠣᠯᠪᠣᠭ᠎ᠠ ᠠᠪᠬᠤ ᠠᠯᠪᠠᠨ ᠭᠡᠷ (ᠦᠷᠦᠭᠡ᠂ ᠦᠷᠳᠡᠭᠡ ) ᠢ᠋ ᠡᠩ ᠲᠡᠷᠢᠭᠦᠨ᠎ᠳᠦ ᠪᠠᠢᠭᠤᠯᠤᠭᠰᠡᠨ ᠶᠤᠮ᠃ ᠨᠢᠭᠡᠨᠲᠡ ᠣᠯᠣᠭᠰᠠᠨ ᠠᠵᠢᠯ᠎ᠤᠨ ᠦᠷ᠎ᠡ ᠪᠦᠲᠦᠮᠵᠢ᠎ᠶᠢᠨ ᠵᠢᠡᠨ ᠰᠠᠭᠤᠷᠢᠨ ᠳᠡᠭᠡᠷ᠎ᠡ᠂ ᠬᠡᠷᠬᠢᠨ ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢᠶᠠᠷ ᠦᠨᠳᠦᠰᠦᠨ ᠱᠠᠲᠤᠨ᠎ᠤ ᠵᠠᠰᠠᠯᠲᠠ ᠳ᠋ᠦ ᠴᠢᠳᠠᠪᠬᠢ ᠣᠯᠭᠣᠬᠤ ᠦᠢᠯᠡᠳᠦᠯᠭᠡ᠎ᠶᠢᠨ ᠠᠷᠭ᠎ᠠ ᠵᠠᠮ᠎ᠢ ᠰᠦᠪᠡᠭᠴᠢᠯᠡᠬᠦ ᠪᠤᠢ? ᠭᠡᠳᠡᠭ ᠨᠢ ᠵᠣᠣ ᠷᠦᠢ᠎ᠶᠢᠨ ᠠᠩᠬᠠᠷᠤᠯ᠎ᠢ ᠲᠠᠲᠠᠭᠰᠠᠭᠠᠷ ᠢᠷᠡᠭᠰᠡᠨ ᠰᠡᠳᠦᠪ ᠪᠣᠯᠤᠭᠰᠠᠨ ᠪᠥᠭᠡᠳ ᠬᠣᠯᠪᠣᠭᠳᠠᠯ ᠪᠦᠬᠦᠢ ᠠᠵᠢᠯ᠎ᠤᠨ ᠨᠠᠢᠳᠠᠪᠤᠷᠢᠵᠢᠭᠤᠯᠤᠯᠲᠠ᠎ᠶᠢ ᠦᠷᠭᠦᠯᠵᠢᠯᠡᠨ ᠠᠬᠢᠭᠤᠯᠵᠤ ᠪᠠᠢᠨ᠎ᠠ᠃

ᠵᠤᠤ ᠷᠦᠢ ᠵᠢᠨ ᠢᠳᠡᠪᠬᠢᠲᠡᠢ ᠠᠬᠢᠭᠤᠯᠤᠯ ᠳᠣᠣᠷ᠎ᠠ᠂ ᠱᠢᠩ ᠾᠧ ᠱᠢᠶᠠᠨ ᠨᠢᠭᠡᠨᠲᠡ ᠤᠯᠠᠨ ᠡᠱᠢᠴᠢᠯᠡᠭ᠌ᠰᠡᠨ ᠪᠣᠰᠣᠭ᠎ᠠ ᠴᠣᠭ᠍ᠴᠠᠲᠤ ᠲᠤᠱᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠬᠦ ᠣᠷᠣᠨ ᠵᠠᠢ᠎ᠶ᠋ᠢ ᠪᠠᠢᠭᠤᠯᠵᠤ᠂ 1 ᠬᠣᠯᠪᠣᠭ᠎ᠠ ᠠᠪᠬᠤ ᠠᠯᠪᠠᠨ ᠭᠡᠷ᠂ 12 ᠬᠣᠯᠪᠣᠭ᠎ᠠ ᠠᠪᠬᠤ ᠲᠠᠰᠤᠭ᠂ 139 ᠬᠣᠯᠪᠣᠭ᠎ᠠ ᠠᠪᠬᠤ ᠦᠷᠲᠡᠭᠡ᠎ᠪᠠᠢᠭᠤᠯᠵᠤ᠂ ᠦᠷᠲᠡᠭᠡ ᠪᠠᠢᠭᠤᠯᠬᠤ ᠨᠥᠬᠥᠴᠡᠯ ᠦᠭᠡᠢ ᠵᠠᠰᠠᠭ ᠵᠠᠬᠢᠷᠭᠠᠨ᠎ᠤ ᠲᠣᠰᠭᠣᠨ ᠪᠣᠯᠤᠨ ᠪᠠᠢᠷᠢᠯᠠᠯ ᠨᠢ ᠪᠤᠢᠳᠠ ᠪᠥᠭ᠌ᠯᠡᠭᠦᠦ ᠪᠠᠢᠭᠠᠯᠢ᠎ᠶ᠋ᠢᠨ ᠲᠣᠰᠭᠣᠨ᠎ᠳᠤ ᠲᠥᠯᠥᠭᠡᠯᠡᠭ᠌ᠴᠢ᠎ᠶ᠋ᠢᠨ ᠣᠷᠣᠨ ᠰᠠᠭᠤᠴᠠ᠂ ᠭᠤᠳᠤᠮ ᠬᠦᠬᠦᠷᠭᠡ ᠲᠢᠩᠰᠡ ᠵᠡᠷᠭᠡ ᠲᠠᠯᠠᠪᠤᠷ᠎ᠢ ᠠᠱᠢᠭ᠍ᠯᠠᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ᠎ᠲᠡᠶ ᠬᠣᠯᠪᠣᠭ᠎ᠠ ᠠᠪᠬᠤ ᠴᠡᠭ᠎ᠪᠠᠢᠭᠤᠯᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠵᠢᠭ᠍ᠰᠠᠭᠠᠯ᠎ᠤᠨ ᠭᠠᠵᠠᠷ᠎ᠢ ᠪᠦᠬᠦᠨ᠎ᠢ ᠪᠦᠷᠬᠦᠬᠦᠯᠬᠦ᠌᠎ᠶ᠋ᠢ ᠪᠡᠶᠡᠯᠡᠭᠦᠯᠪᠡ; 《ᠤᠮᠠᠷᠠᠲᠤ ᠬᠢᠯᠢ᠎ᠶ᠋ᠢᠨ ᠠᠷᠠᠳ᠎ᠤᠨ ᠰᠡᠳᠭᠢᠯ᠎ᠦᠨ ᠬᠥᠭᠥᠷᠭᠡ》 ᠵᠢᠷᠭᠢᠶ᠎ᠡ᠎ᠶᠢᠨ ᠪᠢᠴᠢᠯ ᠫᠷᠤᠭ᠌ᠷᠠᠮ᠎ᠢ ᠨᠡᠪᠲᠡᠷᠡᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠬᠢᠭᠡᠳ ᠣᠯᠠᠨ ᠲᠦᠮᠡᠨ ᠰᠦᠯᠵᠢᠶᠡᠨ ᠳᠡᠭᠡᠷ᠎ᠡ 《ᠵᠠᠢ ᠦᠭᠡᠢ》 ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠌᠎ᠶ᠋ᠢ ᠪᠡᠶᠡᠯᠡᠭᠦᠯᠪᠡ; 《ᠬᠣᠶᠠᠷ ᠬᠠᠷᠢᠯᠴᠠᠬᠤ》 ᠠᠵᠢᠯ᠎ᠤᠨ ᠡᠭᠦᠷᠭᠡ᠎ᠶ᠋ᠢ ᠤᠯᠠᠮ ᠨᠢᠭᠡ ᠠᠯᠬᠤᠮ ᠲᠣᠳᠣᠷᠬᠠᠢᠯᠠᠵᠤ᠂ ᠱᠢᠶᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠪᠦᠷᠢᠯᠳᠦᠬᠦᠨ᠎ᠨᠡᠷ᠎ᠢ ᠰᠠᠷ᠎ᠠ ᠪᠦᠷᠢ ᠬᠠᠷᠢᠯᠴᠠᠬᠤ ᠱᠢᠶᠠᠩ ᠪᠠᠯᠭᠠᠰᠤᠨ᠎ᠤ ᠪᠠᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ 3 ᠬᠥᠮᠦᠨ᠎ᠡᠴᠡ ᠳᠡᠭᠡᠭ᠌ᠰᠢ ᠰᠤᠷᠪᠤᠯᠵᠢᠯᠠᠬᠤ᠎ᠶ᠋ᠢ ᠱᠠᠭᠠᠷᠳᠠᠪᠠ; ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠰᠠᠷ᠎ᠠ ᠪᠦᠷᠢ ᠰᠣᠩᠭᠣᠭᠤᠯᠢ᠎ᠶ᠋ᠢᠨ ᠲᠣᠭᠣᠷᠢᠭ᠎ᠤᠨ 5 ᠡᠷᠦᠬᠡ᠎ᠡᠴᠡ ᠳᠡᠭᠡᠭ᠌ᠰᠢᠬᠢ ᠣᠯᠠᠨ ᠲᠦᠮᠡᠨ᠎ᠲᠡᠶ ᠬᠠᠷᠢᠯᠴᠠᠵᠤ᠂ ᠭᠠᠳᠠᠭ᠍ᠰᠢ ᠭᠠᠷᠤᠭᠰᠠᠨ ᠡᠷᠦᠬᠡ ᠲᠠᠢ ᠤᠲᠠᠰᠤ᠂ ᠵᠢᠷᠭᠢᠶ᠎ᠡ᠂ ᠵᠠᠬᠢᠳᠠᠯ ᠴᠢᠮᠡᠭᠡ ᠵᠡᠷᠭᠡ ᠠᠷᠭ᠎ᠠ ᠬᠡᠯᠪᠡᠷᠢ᠎ᠪᠡᠷ ᠪᠠᠢᠩᠭᠤ ᠬᠠᠷᠢᠯᠴᠠᠬᠤ᠎ᠶ᠋ᠢ ᠪᠡᠶᠡᠯᠡᠭᠦᠯᠬᠦ ᠵᠢ ᠳᠤᠭᠳᠠᠭᠠᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠶᠢᠨ ᠬᠢᠵᠠᠭᠠᠷᠯᠠᠬᠤ ᠴᠢᠨᠠᠷᠳᠠᠢ᠂ ᠤᠷᠮᠠᠱᠢᠭᠤᠯᠬᠤ ᠴᠢᠨᠠᠷᠲᠠᠶ ᠵᠢᠭᠠᠯᠳᠠ ᠲᠣᠭ᠎ᠠ᠎ᠶ᠋ᠢ ᠵᠢᠷᠤᠮᠵᠢᠭᠤᠯᠪᠠ᠃

ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠢᠨᠠᠯᠲᠠ᠎ᠶ᠋ᠢᠨ ᠴᠢᠬᠤᠯᠠ ᠴᠢᠨᠠᠷ ᠪᠠ ᠪᠣᠳᠠᠲᠤ ᠦᠷ᠎ᠡ ᠪᠦᠲᠦᠮᠵᠢ᠎ᠶ᠋ᠢ ᠴᠢᠩᠭᠠᠳᠭᠠᠬᠤ᠎ᠶᠢᠨ ᠲᠤᠭᠤᠷᠢᠨ᠎ᠳᠦ ᠵᠤᠤ ᠷᠦᠢ ᠭᠦᠢᠴᠡᠳ ᠪᠠᠢᠴᠠᠭᠠᠨ ᠰᠤᠳᠤᠯᠤᠯᠲᠠ ᠬᠢᠵᠦ᠍᠂ ᠠᠯᠢ ᠤᠯᠠᠨ ᠱᠢᠨ᠎ᠡ᠎ᠶ᠋ᠢ ᠡᠭᠦᠳᠦᠭᠰᠡᠨ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠭ᠍ᠰᠠᠨ ᠪᠥᠭᠡᠳ ᠥᠷᠨᠢᠭᠦᠯᠪᠡ᠃ 《ᠱᠢᠩ ᠾᠧ ᠱᠢᠶᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠰᠡᠳᠦᠪ ᠰᠣᠩᠭᠣᠬᠤ᠎ᠳᠠᠭᠠᠨ ᠠᠷᠠᠳ᠎ᠤᠨ ᠰᠠᠨᠠᠭ᠎ᠠ᠎ᠲᠠᠶ ᠨᠢᠭ᠍ᠲᠠ ᠤᠶᠠᠯᠳᠤᠭᠤᠯᠬᠤ᠂ ᠶᠠᠪᠤᠴᠠ᠎ᠳᠠᠭᠠᠨ ᠠᠷᠠᠳ᠎ᠤᠨ ᠤᠶᠤᠨ ᠤᠬᠠᠭᠠᠨ᠎ᠢ ᠨᠢᠭ᠍ᠲᠠᠷᠠᠭᠤᠯᠬᠤ᠂ ᠦᠷ᠎ᠡ ᠳ᠋ᠦᠩ ᠨᠢ ᠠᠷᠠᠳ᠎ᠤᠨ ᠬᠦᠰᠡᠯ ᠡᠷᠡᠮᠡᠯᠵᠡᠯ᠎ᠳᠦ ᠬᠦᠷᠬᠦ᠌᠎ᠶ᠋ᠢ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠢᠨᠠᠯᠲᠠ ᠲᠠᠯᠪᠢᠬᠤ ᠠᠵᠢᠯ᠎ᠤᠨ ᠪᠠᠷᠢᠮᠵᠢᠶ᠎ᠠ ᠪᠣᠯᠭᠠᠵᠤ᠂ 〈ᠨᠢᠭᠡ ᠯᠡ ᠤᠳᠠᠭ᠎ᠠ᠎ᠶ᠋ᠢᠨ ᠴᠢᠨᠠᠷᠲᠠᠢ ᠬᠢᠨᠠᠯᠲᠠ ᠲᠠᠯᠪᠢᠬᠤ〉ᠡᠴᠡ〈ᠡᠷᠬᠢᠯᠳᠡᠳᠤ ᠬᠢᠨᠠᠯᠲᠠ ᠲᠠᠯᠪᠢᠬᠤ〉 ᠪᠣᠯᠭᠠᠨ ᠬᠤᠪᠢᠷᠠᠭᠤᠯᠬᠤ᠎ᠶ᠋ᠢ ᠢᠳᠡᠪᠬᠢᠲᠡᠢ ᠰᠦᠪᠡᠭ᠌ᠴᠢᠯᠡᠵᠦ᠍᠂ ᠬᠢᠨᠠᠨ ᠵᠥᠪᠯᠡᠭ᠌ᠰᠡᠨ ᠰᠠᠨᠠᠯ᠎ᠤᠨ 〈ᠨᠠᠷᠢᠨ ᠲᠠᠩᠰᠠ᠎ᠶ᠋ᠢᠨ ᠬᠡᠯᠪᠡᠷᠢ〉 ᠵᠢᠨ ᠱᠠᠯᠠᠪᠳᠠᠭᠤᠯᠤᠨ ᠱᠢᠢᠳᠪᠦᠷᠢᠯᠡᠭᠦᠯᠬᠦ ᠠᠵᠢᠯ᠎ᠤᠨ ᠲᠥᠰᠦᠯ᠎ᠢ ᠲᠣᠭ᠍ᠲᠠᠭᠠᠵᠤ᠂ ᠲᠥᠯᠥᠭᠡᠯᠡᠭ᠌ᠴᠢᠳ᠎ᠦᠨ ᠰᠠᠨᠠᠭᠤᠯᠭ᠎ᠠ ᠵᠢ 〈ᠬᠣᠶᠠᠷ ᠬᠤᠷᠠᠯ〉 ᠲᠡᠭᠦᠰᠦᠭ᠌ᠰᠡᠨ᠎ᠤ ᠳᠠᠷᠠᠭ᠎ᠠ ᠲᠥᠪᠯᠡᠷᠡᠭᠦᠯᠦᠨ ᠲᠤᠱᠢᠶᠠᠨ ᠱᠢᠢᠳᠪᠦᠷᠢᠯᠡᠭᠦᠯᠬᠦ᠌᠂ ᠱᠢᠶᠠᠨ᠎ᠤ ᠱᠠᠲᠤᠨ᠎ᠤ ᠤᠳᠤᠷᠢᠳᠤᠯᠭ᠎ᠠ ᠡᠭᠦᠷᠭᠡ ᠬᠦᠯᠢᠶᠡᠵᠦ ᠱᠠᠯᠠᠪᠳᠠᠨ ᠱᠢᠢᠳᠪᠦᠷᠢᠯᠡᠬᠦ᠎ᠶᠢ ᠠᠬᠢᠭᠤᠯᠵᠤ᠂ ᠲᠠᠪᠴᠠᠩ᠎ᠢ ᠨᠡᠪᠳᠡᠷᠡᠭᠦᠯᠵᠦ ᠬᠢᠨᠠᠯᠲᠠ ᠲᠠᠯᠪᠢᠵᠤ ᠮᠦᠷᠳᠡᠨ ᠱᠢᠢᠳᠪᠦᠷᠢᠯᠡᠬᠦᠯᠬᠦ ᠨᠢᠭᠡᠳᠦᠯᠲᠡᠢ ᠲᠥᠯᠥᠪᠵᠢᠭᠦᠯᠦᠨ ᠲᠤᠱᠢᠶᠠᠨ ᠱᠢᠢᠳᠪᠦᠷᠢᠯᠡᠭᠦᠯᠬᠦ᠌ ᠲᠣᠭ᠍ᠲᠠᠴᠠ᠎ᠶ᠋ᠢ ᠪᠠᠢᠭᠤᠯᠬᠤ᠎ᠶ᠋ᠢ ᠠᠬᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠢᠨᠠᠯᠲᠠ᠎ᠪᠠᠷ ᠭᠠᠵᠠᠷ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠲᠦᠭ᠌ᠵᠢᠷᠡᠯ ᠴᠡᠭ ᠪᠤᠯᠤᠨ ᠠᠷᠠᠳ ᠤᠯᠠᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠬᠠᠯᠠᠮᠰᠢᠯ ᠠᠰᠠᠭᠤᠳᠠᠯ᠎ᠢ ᠰᠠᠢᠳᠤᠷ ᠰᠢᠢᠳᠪᠦᠷᠯᠡᠬᠦ ᠵᠢ ᠠᠬᠢᠭᠤᠯᠬᠤ ᠵᠢ ᠪᠠᠳᠤᠯᠠᠪᠠ》ᠭᠡᠵᠦ᠍ ᠲᠡᠷᠡ ᠲᠠᠨᠢᠯᠴᠠᠭᠤᠯᠵᠠᠢ᠃

ᠵᠣᠣ ᠷᠦᠢ᠂ ᠪᠢ ᠲᠤᠱᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠬᠦ᠌ ᠤᠬᠠᠮᠰᠠᠷ᠎ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠠᠷᠠᠳ ᠲᠦᠮᠡᠨ ᠡᠴᠡ ᠣᠯᠭᠣᠭ᠍ᠰᠠᠨ ᠳᠠᠷᠬᠠᠨ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭᠠᠷ ᠬᠡᠷᠡᠭ᠌ᠵᠢᠭᠦᠯᠦᠨ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ ᠬᠢᠭᠡᠳ ᠭᠠᠵᠠᠷ ᠣᠷᠣᠨ᠎ᠤ ᠬᠥᠭ᠌ᠵᠢᠯᠲᠡ᠎ᠶ᠋ᠢᠨ ᠨᠢᠭ᠍ᠲᠠ ᠠᠭᠤᠰᠤᠯᠴᠠᠬᠤ᠂ ᠬᠠᠷᠢᠯᠴᠠᠨ ᠠᠬᠢᠭᠤᠯᠵᠤ ᠬᠠᠮᠳᠤᠪᠡᠷ ᠳᠠᠪᠰᠢᠬᠤ᠎ᠶ᠋ᠢ ᠠᠬᠢᠭᠤᠯᠵᠤ᠂ ᠠᠷᠠᠳ ᠲᠦᠮᠡᠨ᠎ᠦ ᠲᠦᠯᠦᠭᠡ ᠲᠤᠱᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠵᠦ᠂ ᠬᠥᠭ᠌ᠵᠢᠯᠲᠡ᠎ᠶ᠋ᠢᠨ ᠲᠥᠯᠥᠭᠡ ᠰᠠᠨᠠᠯ ᠰᠠᠨᠠᠭᠤᠯᠭ᠎ᠠ ᠳᠤᠷᠠᠳᠤᠨ᠎ᠠ ᠭᠡᠵᠦ ᠢᠯᠡᠳᠬᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面