2025-01-13 10:21:02
《ᠡᠨᠡ ᠵᠢᠯ ᠪᠢ ᠠᠵᠢᠯ ᠮᠡᠷᠭᠡᠵᠢᠯ᠎ᠦᠨ ᠪᠠᠭ᠍ᠰᠢ᠎ᠶ᠋ᠢᠨ ᠶᠡᠬᠡ ᠳᠡᠭᠡᠳᠦ ᠰᠤᠷᠭᠠᠭᠤᠯᠢ᠎ᠶ᠋ᠢ ᠲᠠᠷᠤᠢ ᠲᠦᠷᠭᠡᠨ ᠪᠠᠢᠭᠤᠯᠬᠤᠲᠤᠬᠠᠢ ᠰᠠᠨᠠᠯ ᠳᠤᠷᠠᠳᠤᠯᠭ᠎ᠠ ᠳᠡᠪᠱᠢᠭᠦᠯᠬᠦ᠌᠎ᠪᠡᠷ ᠪᠠᠢᠨ᠎ᠠ》᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠬᠤᠷᠠᠯᠳᠤᠬᠤ ᠬᠡᠵᠤ ᠪᠠᠢᠭ᠎ᠠ ᠲᠠᠰᠢᠷᠠᠮ ᠳ᠋ᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ 《9·3》 ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠤᠯᠠᠭᠠᠨᠬᠠᠳᠠ ᠬᠣᠲᠠ᠎ᠶ᠋ᠢᠨ ᠬᠣᠷᠢᠶ᠎ᠠ ᠵᠢᠨ ᠡᠷᠬᠢᠯᠡᠭ᠌ᠴᠢ ᠭᠡᠱᠢᠭᠦᠨ᠂ ᠤᠯᠠᠭᠠᠨᠬᠠᠳᠠ ᠬᠣᠲᠠ᠎ᠶ᠋ᠢᠨ ᠵᠡᠮᠳᠡᠭ᠌ᠴᠦᠳ᠎ᠦᠨ ᠬᠣᠯᠪᠣᠭ᠎ᠠ ᠵᠢᠨ ᠬᠡᠷᠡᠭ ᠡᠷᠬᠢᠯᠡᠭ᠌ᠴᠢᠳ᠎ᠦᠨ ᠳᠠᠷᠤᠭ᠎ᠠ ᠰᠦᠨ ᠳ᠋ᠸ ᠱᠢᠨ ᠶᠠᠭ ᠰᠠᠨᠠᠯ ᠳᠤᠷᠠᠳᠤᠯᠭ᠎ᠠ ᠪᠠᠨ ᠱᠠᠯᠠᠪᠳᠠᠨ ᠡᠮᠬᠢᠯᠡᠨ᠎ᠠ᠃ ᠤᠤᠯ ᠨᠢ ᠰᠤᠷᠭᠠᠨ ᠬᠥᠮᠦᠵᠢᠯ᠎ᠢ ᠬᠤᠪᠢᠳᠠᠨ ᠬᠠᠮᠢᠶᠠᠷᠴᠤ᠌ ᠪᠠᠢᠭ᠍ᠰᠠᠨ ᠱᠢᠶᠠᠨ᠎ᠤ ᠳᠡᠳ᠋ ᠳᠠᠷᠤᠭ᠎ᠠ ᠪᠠᠢᠭᠰᠠᠨ ᠤ᠋ ᠬᠤᠪᠢ᠎ᠳᠤ᠂ ᠰᠤᠷᠭᠠᠨ ᠬᠥᠮᠦᠵᠢᠯ᠎ᠦᠨ ᠦᠶ᠋ᠯᠡᠰ᠎ᠦᠨ ᠬᠥᠭ᠌ᠵᠢᠯᠲᠡ ᠨᠢ ᠲᠡᠭᠦᠨ᠎ᠦ ᠣᠷᠳᠣ ᠬᠤᠭᠤᠴᠠᠭᠠᠨ᠎ᠤ ᠲᠤᠷᠰᠢ ᠠᠡᠭᠬᠠᠷᠤᠯ ᠵᠢᠡᠨ ᠲᠦᠪᠯᠡᠷᠡᠬᠦᠯᠵᠤ ᠢᠷᠡᠭᠰᠡᠨ ᠭᠤᠤᠯ ᠶᠠᠪᠤᠳᠠᠯ ᠪᠠᠢᠵᠤ᠂ ᠦᠨᠳᠦᠰᠦᠨ ᠱᠠᠳᠤᠨ᠎ᠤ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢ ᠮᠠᠰᠢ ᠰᠠᠢᠨ ᠣᠢᠯᠠᠭᠠᠳᠠᠭ ᠠᠵᠢ᠃
ᠥᠩᠭᠡᠷᠡᠭ᠌ᠰᠡᠨ ᠨᠢᠭᠡ ᠵᠢᠯ᠎ᠳᠦ᠂ ᠰᠦᠨ ᠳ᠋ᠸ ᠱᠢᠨ ᠤᠯᠠᠨ ᠰᠤᠷᠭᠠᠭᠤᠯᠢ᠎ᠪᠡᠷ ᠬᠦᠷᠴᠦ᠍ ᠲᠤᠬᠠᠢ᠎ᠶ᠋ᠢᠨ ᠭᠠᠵᠠᠷ᠎ᠲᠤᠨᠢ ᠪᠠᠢᠴᠠᠭᠠᠨ ᠰᠤᠳᠤᠯᠤᠯᠳᠠ ᠬᠢᠵᠤ᠂ ᠰᠤᠷᠭᠠᠭᠤᠯᠢ᠎ᠶ᠋ᠢᠨ ᠵᠠᠬᠢᠷᠤᠯ᠂ ᠪᠠᠭ᠍ᠰᠢ᠂ ᠭᠡᠷ᠎ᠦᠨ ᠠᠬᠠᠮᠠᠳ᠎ᠤᠨ ᠪᠤᠳᠤᠯ ᠰᠠᠨᠠᠯᠢ᠋ ᠰᠤᠨᠤᠰᠴᠤ᠂ ᠤᠷᠤᠰᠢᠵᠤ ᠪᠦᠬᠦᠢ ᠬᠦᠴᠢᠷ ᠠᠰᠠᠭᠤᠳᠠᠯ ᠵᠢᠴᠢ ᠰᠠᠨᠠᠯ ᠰᠠᠨᠠᠭᠤᠯᠭ᠎ᠠ ᠪᠦᠬᠦᠨ ᠢ᠋ ᠨᠢ ᠨᠠᠷᠢᠨ ᠲᠡᠮᠳᠡᠭ᠌ᠯᠡᠵᠦ᠍ ᠰᠠᠨᠠᠯ ᠳᠤᠷᠠᠳᠤᠯᠭ᠎ᠠ ᠶ᠋ᠢᠨ ᠵᠢᠡᠨ ᠪᠣᠷᠣ ᠮᠠᠲ᠋ᠧᠷᠢᠶᠠᠯ ᠪᠠ ᠦᠨᠳᠦᠰᠦᠯᠡᠯ ᠪᠣᠯᠭᠠᠪᠠ᠃ 《ᠡᠨᠡ ᠨᠢᠭᠡ ᠵᠢᠯ᠎ᠳᠦ᠂ ᠪᠢ ᠤᠷᠢᠳ ᠬᠣᠵᠢᠳ ᠰᠤᠷᠭᠠᠨ ᠬᠥᠮᠦᠵᠢᠯ᠎ᠦᠨ ᠲᠤᠬᠠᠢ ᠨᠡᠢᠭᠡᠮ᠎ᠦᠨ ᠪᠠᠢᠳᠠᠯ ᠠᠷᠠᠳ᠎ᠤᠨ ᠰᠠᠨᠠᠯ᠎ᠢ ᠲᠤᠰᠬᠠᠭᠰᠠᠨ ᠮᠡᠳᠡᠭᠡ ᠵᠠᠩᠭᠢ᠎ᠶ᠋ᠢ 6 ᠬᠤᠪᠢ ᠳᠡᠪᠱᠢᠭᠦᠯᠵᠦ᠍᠂ 2 ᠬᠤᠪᠢ ᠨᠢ ᠠᠳᠠᠯᠢ ᠪᠤᠰᠤ ᠱᠠᠳᠤᠨ᠎ᠤ ᠰᠠᠯᠠᠭ᠎ᠠ ᠮᠥᠴᠢᠷ᠎ᠲᠦ ᠬᠡᠷᠡᠭ᠌ᠯᠡᠭ᠌ᠳᠡᠵᠦ᠍᠂ ᠡᠭᠦᠨ ᠡᠴᠡ ᠭᠠᠳᠠᠨ᠎ᠠ 〈ᠲᠣᠭ᠎ᠠ ᠬᠡᠮᠵᠢᠶ᠎ᠠ᠂ ᠶᠠᠰᠤ ᠴᠢᠨᠠᠷ᠂ ᠦᠷ᠎ᠡ ᠠᠱᠢᠭ᠎ᠢ ᠳᠡᠭᠡᠭ᠌ᠰᠢᠯᠡᠭᠦᠯᠵᠦ᠍᠂ ᠪᠡᠭᠡᠵᠢᠩ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠬᠠᠮᠵᠢᠯᠴᠠᠭ᠎ᠠ᠎ᠶ᠋ᠢ ᠨᠠᠷᠢᠯᠢᠭ᠍ᠵᠢᠭᠤᠯᠤᠨ ᠦᠷᠨᠢᠭᠦᠯᠬᠦ ᠲᠤᠬᠠᠢ ᠰᠠᠨᠠᠭᠤᠯᠭ᠎ᠠ〉 ᠳ᠋ᠤ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠦᠬᠦᠢ ᠤᠳᠤᠷᠢᠳᠤᠯᠭ᠎ᠠ ᠴᠣᠬᠣᠯᠠᠪᠤᠷᠢ ᠥᠭ᠌ᠴᠡᠢ》 ᠭᠡᠵᠤ ᠰᠦᠨ ᠳ᠋ᠸ ᠱᠢᠨ ᠨᠢᠭᠡ ᠵᠢᠯ᠎ᠦᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠶᠠᠪᠤᠴᠠ ᠪᠠᠨ ᠡᠷᠭᠢᠴᠡᠭᠦᠯᠤᠨ ᠭᠡᠯᠡᠨ᠎ᠠ᠃
《ᠰᠤᠷᠭᠠᠨ ᠬᠥᠮᠦᠵᠢᠯ ᠪᠣᠯ ᠲᠤᠮᠤ ᠰᠡᠳᠦᠪ ᠮᠥᠨ᠂ ᠤᠯᠤᠰ᠎ᠤᠨ ᠬᠥᠭ᠌ᠵᠢᠯᠲᠡ ᠪᠣᠯᠤᠨ ᠦᠨᠳᠦᠰᠦᠲᠡᠨ᠎ᠦ ᠢᠷᠡᠭᠡᠳᠦᠢ᠎ᠲᠡᠶ ᠬᠣᠯᠪᠣᠭ᠍ᠳᠠᠵᠤ ᠪᠠᠢᠳᠠᠭ᠃ ᠤᠢ᠍ᠢᠷ᠎ᠠ᠎ᠶ᠋ᠢᠨ ᠵᠢᠯ ᠡᠴᠡ ᠨᠠᠭᠠᠰᠢ᠂ ᠨᠠᠮ ᠪᠠ ᠤᠯᠤᠰ᠎ᠡᠴᠡ ᠰᠤᠷᠭᠠᠨ ᠬᠥᠮᠦᠵᠢᠯ᠎ᠢ ᠢᠮᠠᠭ᠍ᠲᠠ ᠤᠷᠢᠳ ᠵᠢᠡᠷ ᠬᠥᠭ᠌ᠵᠢᠭᠦᠯᠬᠦ᠌ ᠪᠠᠢᠯᠳᠤᠬᠤ ᠪᠤᠳᠤᠯᠭ᠎ᠠ᠎ᠶ᠋ᠢᠨ ᠪᠠᠢᠷᠢᠨ᠎ᠳᠤ ᠲᠠᠯᠪᠢᠵᠤ᠂ ᠮᠠᠨ᠎ᠤ ᠤᠯᠤᠰ᠎ᠤᠨ ᠰᠤᠷᠭᠠᠨ ᠬᠥᠮᠦᠵᠢᠯ᠎ᠦᠨ ᠠᠵᠢᠯ ᠦᠢᠯᠡᠰ ᠮᠠᠰᠢ ᠶᠡᠬᠡ ᠲᠠᠪᠱᠢᠯᠳᠠ᠎ᠲᠠᠶ ᠪᠣᠯᠤᠭ᠍ᠰᠠᠨ ᠪᠣᠯᠪᠠᠴᠤ᠌ ᠬᠥᠭ᠌ᠵᠢᠯᠲᠡ᠎ᠶ᠋ᠢᠨ ᠶᠠᠪᠤᠴᠠ᠎ᠳᠤ ᠮᠥᠨ ᠯᠡ ᠵᠠᠷᠢᠮ ᠠᠰᠠᠭᠤᠳᠠᠯ᠎ᠢ ᠠᠩᠬᠠᠷᠤᠨ ᠱᠢᠢᠳᠪᠦᠷᠢᠯᠡᠬᠦ᠌ ᠴᠢᠬᠤᠯᠠᠲᠠᠢ ᠪᠠᠢᠨ᠎ᠠ》 ᠭᠡᠵᠤ ᠰᠦᠨ ᠳ᠋ᠸ ᠱᠢᠨ ᠭᠡᠯᠡᠨ᠎ᠠ᠃ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠪᠣᠯᠤᠭ᠍ᠰᠠᠨ᠎ᠤ ᠬᠤᠪᠢ᠎ᠳᠤ᠂ ᠦᠨᠳᠦᠰᠦᠨ ᠱᠠᠲᠤᠨ᠎ᠤ ᠪᠠᠢᠳᠠᠯ᠂ ᠬᠡᠷᠡᠭ᠌ᠴᠡᠭᠡ ᠱᠠᠭᠠᠷᠳᠠᠯᠭ᠎ᠠ ᠪᠠ ᠬᠦᠰᠡᠯ ᠡᠷᠡᠮᠡᠯᠵᠡᠯ᠎ᠢ ᠰᠠᠢᠲᠤᠷ ᠳᠠᠮᠵᠢᠭᠤᠯᠵᠤ᠂ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠰᠤᠷᠭᠠᠨ ᠬᠥᠮᠦᠵᠢᠯ᠎ᠦᠨ ᠦᠶ᠋ᠯᠡᠰ᠎ᠢ ᠬᠥᠭ᠌ᠵᠢᠭᠦᠯᠬᠦ᠌᠎ᠳᠦ ᠦᠨᠡᠨ ᠪᠣᠳᠠᠲᠠᠶ᠂ ᠲᠤᠰᠭᠠᠶ ᠮᠡᠷᠭᠡᠵᠢᠯ ᠤ᠋ᠨ᠂ ᠴᠠᠭ ᠲᠤᠬᠠᠶ᠎ᠳᠤᠨᠢ ᠰᠠᠨᠠᠭᠤᠯᠭ᠎ᠠ ᠲᠠᠪᠰᠢᠬᠦᠯᠬᠦ ᠬᠠᠷᠢᠭᠤᠴᠠᠯᠭ᠎ᠠ᠎ᠲᠠᠶ ᠶᠤᠮ ᠭᠡᠵᠤ ᠲᠠᠷᠠ ᠦᠪᠡᠷ᠎ᠤᠨ ᠡᠬᠦᠷᠭᠡᠯᠡᠯᠵᠢᠡᠨ ᠲᠤᠳᠤᠷᠠᠭᠤᠯᠵᠤ ᠭᠠᠷᠤᠯ᠎ᠠ᠃
ᠨᠢᠳᠤᠨᠤᠨ᠎ᠤ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠳᠤ᠂ ᠰᠦᠨ ᠳ᠋ᠸ ᠱᠢᠨ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠵᠢᠨ ᠰᠦᠢᠳᠭᠡᠯ ᠬᠤᠷᠢᠶᠠᠬᠤ ᠦᠭᠡᠢ ᠪᠠᠷ ᠨᠠᠰᠤᠵᠢᠯ᠎ᠤᠨ ᠠᠰᠠᠷᠠᠮᠵᠢ᠎ᠶ᠋ᠢᠨ ᠲᠤᠰᠭᠠᠶ ᠮᠡᠷᠭᠡᠵᠢᠯ ᠵᠢᠡᠷ ᠰᠤᠷᠤᠭᠴᠢ ᠡᠯᠰᠡᠬᠦ᠌᠎ᠶ᠋ᠢ ᠳᠡᠮᠵᠢᠬᠦ᠌ ᠲᠤᠬᠠᠶ ᠰᠠᠨᠠᠯ ᠳᠤᠷᠠᠳᠤᠯᠭ᠎ᠠ ᠳᠡᠪᠱᠢᠭᠦᠯᠵᠦ᠍᠂ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠬᠠᠮᠢᠶ᠎ᠠ ᠪᠥᠬᠥᠶ ᠲᠤᠰᠭᠠᠶ ᠮᠡᠷᠭᠡᠵᠢᠯ᠎ᠦᠨ ᠠᠵᠢᠯ᠎ᠤᠨ ᠡᠷᠴᠢᠮ ᠴᠢᠩᠭ᠎ᠠ᠂ ᠴᠠᠯᠢᠩ ᠳᠤᠤᠷ᠎ᠠ᠂ ᠬᠡᠷ᠎ᠦᠨ ᠠᠬᠠᠮᠠᠳ ᠴᠢᠬᠤᠯᠠᠴᠢᠯᠠᠬᠤ ᠥᠬᠡᠶ ᠪᠠᠢᠬᠤ ᠵᠡᠷᠭᠡ ᠲᠠᠯ᠎ᠠ᠎ᠡᠴᠡ᠂ ᠡᠨᠡ ᠬᠥ᠌ ᠲᠤᠰᠭᠠᠶ ᠮᠡᠷᠭᠡᠵᠢᠯ ᠳ᠋ᠤ ᠰᠣᠷᠣᠭ᠍ᠴᠢ ᠡᠯᠰᠡᠬᠦ᠌᠎ᠳᠦ ᠬᠦᠴᠢᠷᠲᠡᠶ ᠪᠠᠢᠬᠤ᠂ ᠠᠵᠢᠯ ᠤᠯᠬᠤ ᠨᠣᠷᠮ᠎ᠠ ᠳᠤᠤᠷ᠎ᠠ ᠪᠠ ᠠᠵᠢᠯᠯᠠᠭ᠍ᠰᠠᠨ᠎ᠤ ᠳᠠᠷᠠᠭ᠎ᠠ ᠠᠵᠢᠯ ᠬᠠᠶᠠᠬᠤ ᠨᠣᠷᠮ᠎ᠠ ᠥᠨᠳᠥᠷ ᠪᠠᠢᠬᠤ ᠠᠰᠠᠭᠤᠳᠠᠯ᠎ᠢ ᠵᠢᠭᠠᠵᠤ ᠭᠠᠷᠭᠠᠭ᠍ᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠡᠴᠡ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠲᠤᠰᠭᠠᠶ ᠮᠡᠷᠭᠡᠵᠢᠯ ᠳ᠋ᠤ ᠰᠦᠶ᠋ᠳᠭᠡᠯ ᠬᠤᠷᠢᠶᠠᠬᠤ ᠥᠬᠡᠶ᠎ᠪᠡᠷ ᠰᠤᠷᠤᠭᠴᠢ ᠡᠯᠰᠡᠬᠦ᠌ ᠲᠥᠷᠥ᠎ᠶ᠋ᠢᠨ ᠪᠣᠳᠣᠯᠭ᠎ᠠ ᠲᠤᠭᠳᠠᠭᠠᠵᠤ᠂ ᠨᠠᠰᠤᠵᠢᠯ᠎ᠤᠨ ᠠᠰᠠᠷᠠᠮᠵᠢ᠎ᠶ᠋ᠢᠨ ᠲᠤᠰᠭᠠᠶ ᠮᠡᠷᠭᠡᠵᠢᠯ᠎ᠦᠨ ᠲᠠᠲᠠᠬᠤ ᠬᠦᠴᠦᠨ᠎ᠢ ᠳᠡᠭᠡᠭ᠌ᠰᠢᠯᠡᠭᠦᠯᠦᠨ᠂ ᠨᠠᠰᠤᠵᠢᠯ᠎ᠤᠨ ᠠᠰᠠᠷᠠᠮᠵᠢ᠎ᠶ᠋ᠢᠨ ᠦᠢᠯᠡᠰ᠎ᠤᠨ ᠴᠢᠳᠠᠪᠤᠷᠢᠲᠠᠨ᠎ᠤ ᠬᠠᠩᠭᠠᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠬᠦᠰᠡᠭ᠌ᠰᠡᠨ ᠪᠠᠢᠨ᠎ᠠ᠃ ᠲᠤᠰ ᠰᠠᠨᠠᠯ ᠲᠤᠷᠠᠳᠤᠯᠭ᠎ᠠ ᠨᠢ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠳᠡᠭᠡᠳᠦ ᠬᠡᠮᠵᠢᠶᠡᠨ᠎ᠦ ᠠᠩᠬᠠᠷᠤᠯ᠎ᠢ ᠲᠠᠲᠠᠪᠠ᠃ ᠰᠦᠨ ᠳ᠋ᠸ ᠱᠢᠨ᠄ 《ᠦᠨᠳᠦᠰᠦᠨ ᠱᠠᠲᠤᠨ᠎ᠤ ᠠᠱᠢᠭ᠍ᠲᠠᠢ ᠲᠤᠷᠱᠢᠯᠭ᠎ᠠ᠎ᠶ᠋ᠢ ᠬᠦᠯᠢᠶᠡᠨ ᠠᠪᠤᠭ᠍ᠰᠠᠨ᠎ᠳᠤ ᠮᠠᠰᠢ ᠪᠠᠶᠠᠷᠯᠠᠵᠤ ᠪᠠᠢᠨ᠎ᠠ᠂ ᠭᠦᠨᠵᠡᠭᠡᠢ ᠪᠠᠢᠴᠠᠭᠠᠨ ᠰᠤᠳᠤᠯᠤᠯᠲᠠ ᠬᠢᠬᠦ᠌᠎ᠪᠡᠷ ᠳᠠᠮᠵᠢᠨ ᠪᠢ ᠨᠡᠩ ᠤᠯᠠᠨ ᠲᠠᠯ᠎ᠠ ᠡᠴᠡ ᠪᠣᠳᠣᠯᠬᠢᠯᠠᠵᠤ᠂ ᠡᠨᠡ ᠵᠢᠯ᠎ᠦᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠳᠡᠭᠡᠷ᠎ᠡ ᠬᠣᠯᠪᠣᠭ᠍ᠳᠠᠯ ᠪᠦᠬᠦᠢ ᠰᠠᠨᠠᠯ ᠳᠤᠷᠠᠳᠤᠯᠭ᠎ᠠ᠎ᠶ᠋ᠢ ᠦᠷᠭᠦᠯᠵᠢᠯᠡᠨ ᠳᠡᠪᠱᠢᠭᠦᠯᠦᠨ᠎ᠡ》 ᠭᠡᠵᠤ ᠪᠤᠳᠤᠯ᠎ᠵᠢᠡᠨ ᠲᠡᠯᠭᠡᠨ᠎ᠠ᠃
ᠣᠳᠣᠬᠠᠨ᠎ᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠳ᠋ᠤ ᠤᠨᠤᠯ᠎ᠤᠨ ᠵᠢᠭᠠᠨ ᠰᠤᠷᠭᠠᠯᠲᠠ ᠪᠠ ᠦᠢᠯᠡᠳᠦᠯᠭᠡ᠎ᠶ᠋ᠢᠨ ᠵᠢᠭᠠᠨ ᠰᠤᠷᠭᠠᠯᠲᠠ᠎ᠶ᠋ᠢᠨ ᠴᠢᠳᠠᠪᠤᠷᠢ᠎ᠶ᠋ᠢ ᠪᠦᠷᠢᠯᠳᠦᠭᠦᠯᠦᠭ᠌ᠰᠡᠨ ᠴᠢᠨᠠᠷ ᠰᠠᠢᠲᠠᠢ 《ᠬᠣᠣᠰ ᠴᠢᠳᠠᠪᠤᠷᠢ ᠲᠠᠢ》 ᠪᠠᠭ᠍ᠰᠢ ᠪᠠ ᠵᠢᠭᠠᠨ ᠰᠤᠷᠭᠠᠯᠲᠠ᠎ᠶ᠋ᠢᠨ ᠪᠦᠯᠬᠦᠮ ᠳᠤᠳᠠᠭᠳᠠᠵᠤ ᠪᠠᠢᠬᠤ ᠣᠳᠣᠬᠢ ᠪᠠᠢᠳᠠᠯ᠎ᠳᠤ ᠴᠢᠭ᠌ᠯᠡᠭᠦᠯᠦᠨ᠂ ᠰᠦᠨ ᠳ᠋ᠸ ᠱᠢᠨ ᠥᠷᠭᠡᠨ᠎ᠢᠶᠡᠷ ᠮᠠᠲ᠋ᠧᠷᠢᠶᠠᠯ ᠴᠤᠭ᠍ᠯᠠᠭᠤᠯᠵᠤ᠂ ᠪᠠᠢᠴᠠᠭᠠᠨ ᠰᠤᠳᠤᠯᠤᠯᠲᠠ᠎ᠶ᠋ᠢ ᠭᠦᠨᠵᠡᠭᠡᠢ ᠥᠷᠨᠢᠭᠦᠯᠵᠦ᠍᠂ ᠪᠦᠬᠦ᠌ ᠤᠯᠤᠰ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠪᠠᠭ᠍ᠰᠢ᠎ᠶ᠋ᠢᠨ ᠡᠩᠨᠡᠭᠡ᠎ᠳᠦ ᠣᠷᠣᠱᠢᠵᠤ ᠪᠠᠢᠭ᠎ᠠ ᠳᠤᠪᠤᠢ᠌ᠮ᠎ᠠ ᠠᠰᠠᠭᠤᠳᠠᠯ᠎ᠢ ᠪᠤᠰᠤᠳᠴᠢ᠎ᠪᠠᠷ ᠳ᠋ᠦᠩᠨᠡᠵᠦ᠍᠂ ᠮᠠᠨ᠎ᠤ ᠣᠷᠣᠨ᠎ᠤ ᠠᠵᠢᠯ ᠮᠡᠷᠭᠡᠵᠢᠯ᠎ᠦᠨ ᠪᠠᠭ᠍ᠰᠢ᠎ᠶ᠋ᠢᠨ ᠶᠡᠬᠡ ᠳᠡᠭᠡᠳᠦ ᠰᠤᠷᠭᠠᠭᠤᠯᠢ ᠪᠠᠢᠭᠤᠯᠬᠤ᠎ᠶ᠋ᠢᠨ ᠴᠢᠬᠤᠯᠠ ᠴᠢᠨᠠᠷ ᠪᠠ ᠳᠠᠪᠠᠭᠤᠯᠢᠭ ᠴᠢᠨᠠᠷ᠎ᠢ ᠭᠦᠨᠵᠡᠭᠡᠢ ᠵᠠᠳᠠᠯᠵᠤ᠂ ᠡᠨᠡ ᠤᠳᠠᠭ᠎ᠠ ᠤᠳᠠᠯ ᠦᠭᠡᠢ ᠳᠡᠪᠱᠢᠭᠦᠯᠬᠦ᠌ ᠭᠡᠵᠦ᠍ ᠪᠠᠢᠭ᠎ᠠ ᠮᠠᠨ᠎ᠤ ᠣᠷᠣᠨ᠎ᠤ ᠠᠵᠢᠯ ᠮᠡᠷᠭᠡᠵᠢᠯ᠎ᠦᠨ ᠪᠠᠭ᠍ᠰᠢ᠎ᠶ᠋ᠢᠨ ᠶᠡᠬᠡ ᠳᠡᠭᠡᠳᠦ ᠰᠤᠷᠭᠠᠭᠤᠯᠢ᠎ᠶ᠋ᠢ ᠳᠠᠷᠤᠢ ᠲᠦᠷᠭᠡᠨ ᠪᠠᠢᠭᠤᠯᠬᠤ ᠲᠤᠬᠠᠢ ᠰᠠᠨᠠᠯ ᠳᠤᠷᠠᠳᠤᠯᠭ᠎ᠠ᠎ᠶ᠋ᠢ ᠪᠦᠷᠢᠯᠳᠦᠭᠦᠯᠪᠡ᠃ ᠲᠡᠷᠡ᠂ ᠮᠠᠨ᠎ᠤ ᠣᠷᠣᠨ ᠳ᠋ᠤ ᠠᠵᠢᠯ ᠮᠡᠷᠭᠡᠵᠢᠯ᠎ᠦᠨ ᠪᠠᠭ᠍ᠰᠢ᠎ᠶ᠋ᠢᠨ ᠶᠡᠬᠡ ᠳᠡᠭᠡᠳᠦ ᠰᠤᠷᠭᠠᠭᠤᠯᠢ ᠵᠢ ᠲᠤᠰᠠᠭᠠᠷ ᠲᠤᠬᠢᠷᠠᠭᠤᠯᠤᠭᠠᠳᠤᠢ ᠪᠠᠢᠭ᠎ᠠ ᠬᠣᠭᠣᠰᠣᠨ ᠢ᠋ ᠨᠥᠬᠥᠪᠥᠷᠢᠯᠡᠵᠦ᠍᠂ ᠮᠠᠨ᠎ᠤ ᠣᠷᠣᠨ᠎ᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠦᠷᠢᠰᠦᠯᠳᠦᠬᠦ᠌ ᠬᠦᠴᠦᠨ᠎ᠢ ᠳᠡᠭᠡᠭ᠌ᠰᠢᠯᠡᠭᠦᠯᠪᠠᠯ ᠵᠤᠬᠢᠨ᠎ᠠ ᠭᠡᠵᠤ ᠰᠠᠨᠠᠭᠤᠯᠵᠤ ᠪᠠᠢᠯ᠎ᠠ᠃
《ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠪᠣᠯ ᠨᠢᠬᠡ ᠵᠦᠢᠯ᠎ᠤᠨ ᠢᠷᠠᠭᠤ ᠠᠯᠳᠠᠷ ᠮᠥᠨ᠂ ᠪᠠᠰᠠ ᠴᠤ᠌ ᠬᠠᠷᠢᠭᠤᠴᠠᠯᠭ᠎ᠠ ᠮᠥᠨ᠂ ᠬᠣᠢᠱᠢᠳᠠ ᠪᠢ ᠦᠷᠭᠦᠯᠵᠢᠯᠡᠨ ᠰᠤᠷᠤᠯᠴᠠᠯᠭ᠎ᠠ᠎ᠪᠠᠨ ᠴᠢᠩᠭᠠᠳᠭᠠᠵᠤ᠂ ᠡᠭᠦᠷᠭᠡ ᠬᠠᠷᠢᠭᠤᠴᠠᠯᠭ᠎ᠠ᠎ᠪᠠᠨ ᠢᠳᠡᠪᠬᠢᠲᠡᠢ ᠭᠦᠢᠴᠡᠳᠭᠡᠵᠦ᠍᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠰᠦᠨ ᠳ᠋ᠸ ᠱᠢᠨ ᠵᠤᠷᠢᠭ᠎ᠵᠢᠡᠨ ᠢᠯᠡᠳᠭᠡᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃