ᠭᠣᠣᠯ ᠰᠡᠳᠦᠪᠲᠦ ᠮᠡᠳᠡᠭᠡᠯᠡᠯ > ᠵᠣᠬᠢᠶᠠᠯ᠎ᠤᠨ ᠰᠤᠷᠲᠠᠯ᠎ᠢᠶᠠᠨ ᠰᠠᠢᠵᠢᠷᠠᠭᠤᠯᠤᠶ᠎ᠠ

2026-10-16 11:20:49

ᠵᠣᠬᠢᠶᠠᠭ᠍ᠴᠢ᠄ ᠵᠠᠩ ᠺᠦᠢ ᠣᠩᠱᠢᠭ᠍ᠰᠠᠨ ᠣᠳᠠᠭ᠎ᠠ᠄ 3

ᠣᠪᠣᠭ᠎ᠠ ᠲᠣᠰᠬᠣᠨ ᠎ᠳᠡᠬᠢ ᠰᠤᠷᠢᠭ᠎ᠠ ᠪᠤᠯᠪᠠᠰᠤᠷᠠᠯ ᠎ᠤᠨ ᠦᠵᠡᠬᠦᠯᠬᠡ ᠵᠢᠨ ᠲᠤᠬᠠᠢ᠎ᠶᠢᠨ ᠲᠠᠯᠠᠪᠤᠷ᠎ᠡᠴᠨ ᠭᠠᠷᠬᠤ᠎ᠳᠤ᠂ ᠲᠦᠮᠡᠳ ᠵᠡᠭᠦᠨ ᠬᠣᠰᠢᠭᠤᠨ᠎ᠤ ᠱᠠᠩᠳᠠ ᠪᠠᠯᠭᠠᠰᠤᠨ᠎ᠤ ᠬᠦᠩ ᠪᠥ᠋ ᠲᠣᠰᠬᠣᠨ᠎ᠤ ᠨᠠᠮ᠎ᠤᠨ ᠡᠭᠦᠷ᠎ᠦᠨ ᠱᠦᠵᠢ ᠷᠧᠨ ᠴᠦᠨ ᠮᠧᠶ ᠵᠡᠷᠭᠡᠯᠡᠳᠡᠭᠡ ᠲᠣᠰᠬᠣᠨ᠎ᠤ ᠱᠦᠵᠢ᠎ᠵᠢᠨ ᠭᠠᠷ ᠡᠴᠨ ᠨᠢ ᠴᠢᠩᠭᠠᠭᠠᠨ ᠵᠤᠭᠤᠬ ᠲᠡᠯᠬᠡᠵᠦ᠂ ᠬᠠᠷᠢᠮᠠᠭᠴᠨ ᠲᠠᠷᠤᠢ ᠬᠠᠮᠲᠤ᠎ᠶᠢᠨ ᠡᠳ᠋ ᠬᠥᠷᠥᠩᠭᠡ᠎ᠪᠡᠨ ᠪᠦᠷᠢᠳᠬᠡᠵᠦ᠂ ᠰᠤᠯᠠ ᠳᠠᠯᠪᠢᠬᠳᠠᠵᠦ ᠪᠠᠢᠭ᠎ᠠ ᠬᠦᠷᠢᠶ᠎ᠡ ᠬᠠᠰᠢᠶ᠎ᠠ᠎ᠪᠠᠨ ᠠᠮᠢᠳᠤᠯᠢᠭ᠋ ᠪᠤᠯᠭᠠᠬᠤ ᠲᠤᠬᠠᠢ ᠶᠠᠷᠢᠯᠴᠠᠨ᠎ᠠ᠃ ᠡᠨᠡ ᠬᠦ᠌ ᠦᠵᠡᠭᠳᠡᠯ ᠨᠢ ᠬᠥᠬᠡᠬᠣᠲᠠ᠎ᠶᠢᠨ ᠲᠣᠰᠬᠣᠨ᠎ᠤ ᠨᠠᠮ᠎ᠤᠨ ᠡᠬᠥᠷ ᠎ᠤᠨ  ᠱᠦᠵᠢ᠂ ᠲᠣᠰᠬᠣᠨ᠎ᠤ ᠵᠥᠪᠯᠡᠯ᠎ᠦᠨ ᠡᠷᠬᠢᠯᠡᠭᠴᠢ᠎ᠶᠢᠨ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ ᠰᠢᠷᠢᠰ ᠪᠣᠯᠪᠠᠰᠤᠷᠠᠯ᠎ᠤᠨ ᠠᠩᠭᠢ᠎ᠶᠢᠨ ᠰᠤᠷᠢᠭ᠎ᠠ ᠪᠤᠯᠪᠠᠰᠤᠷᠠᠯ᠎ᠤᠨ ᠦᠵᠡᠬᠦᠯᠬᠡ ᠵᠢᠨ ᠠᠬᠤᠢ ᠲᠠᠯᠠᠪᠠᠶ᠎ᠳᠤ ᠡᠭᠦᠰᠴᠡᠢ᠃

ᠰᠠᠷ᠎ᠠ ᠭᠠᠷᠤᠢ᠎ᠶᠢᠨ ᠬᠤᠭᠤᠴᠠᠭᠠᠨ᠎ᠳᠤ ᠪᠥᠬᠥ ᠬᠣᠲᠠ᠎ᠶᠢᠨ 300 ᠲᠣᠰᠬᠣᠨ᠎ᠤ ᠲᠠᠰ᠎ᠤᠨ ᠭᠣᠣᠯ ᠬᠠᠷᠢᠭᠤᠴᠠᠯᠭᠠᠲᠠᠨ᠎ᠢ ᠬᠠᠮᠤᠷᠤᠭᠰᠠᠨ ᠲᠤᠰᠬᠠᠢ ᠰᠡᠳᠦᠪᠲᠦ ᠳᠠᠳᠤᠯᠭ᠎ᠠ ᠪᠣᠯᠪᠠᠰᠤᠷᠠᠯ ᠲᠦᠷᠦᠭᠦᠬᠡᠨ ᠲᠡᠭᠦᠰ ᠠᠮᠵᠢᠯᠲᠠ᠎ᠲᠠᠢ ᠲᠠᠭᠤᠰᠪᠠ᠃ 300 ᠲᠣᠰᠬᠣᠨ᠎ᠤ ᠲᠠᠰ᠎ᠤᠨ 《ᠲᠦᠷᠦᠭᠦᠴᠢ ᠭᠠᠯᠠᠭᠤ》 6 ᠬᠤᠭᠤᠴᠠᠭ᠎ᠠ ᠬᠤᠪᠢᠶᠠᠨ᠂ 《ᠮᠡᠳᠡᠯᠭᠡ ᠰᠤᠷᠴᠤ ᠬᠦᠴᠦᠨ ᠬᠤᠷᠠᠮᠳᠤᠭᠤᠯᠤᠬᠰᠠᠨ》 ᠤ᠋  ᠳᠠᠷᠠᠭ᠎ᠠ ᠥᠪᠡᠷ ᠥᠪᠡᠷ᠎ᠦᠨ ᠠᠵᠢᠯ᠎ᠤᠨ ᠪᠠᠢᠷᠢ᠎ᠳᠠᠭᠠᠨ ᠪᠤᠴᠠᠵᠤ᠂ ᠡᠷᠴᠢ ᠵᠣᠷᠢᠭ᠋ ᠲᠡᠭᠦᠯᠳᠡᠷ᠎ᠢᠶᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯ ᠲᠠᠢᠯᠠᠯᠳᠤᠭᠠᠨ ᠤ᠋ ᠲᠠᠯᠠᠪᠤᠷ᠎ᠲᠤ ᠬᠥᠷᠪᠡ᠃

ᠲᠣᠰᠬᠣᠨ᠎ᠤ ᠺᠠᠳ᠋ᠷ᠎ᠤᠨ ᠠᠵᠢᠯ᠎ᠤᠨ ᠳᠤᠮᠳᠠ ᠶᠠᠭᠤ ᠳᠤᠲᠠᠪᠠᠯ ᠪᠣᠯᠪᠠᠰᠤᠷᠠᠯ ᠨᠢ ᠶᠠᠭᠤ᠎ᠶᠢ ᠣᠨᠢᠯᠠᠨ᠎ᠠ᠃ ᠪᠣᠯᠪᠠᠰᠤᠷᠠᠯ ᠡᠬᠢᠯᠡᠬᠦ᠎ᠡᠴᠡ ᠡᠮᠦᠨ᠎ᠡ᠂ ᠬᠥᠬᠡᠬᠣᠲᠠ᠎ᠶᠢᠨ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ ᠲᠦᠷᠦᠭᠦᠯᠡᠨ ᠤᠯᠠᠨ ᠰᠠᠯᠠᠭ᠎ᠠ ᠮᠥᠴᠢᠷ ᠰᠢᠶᠠᠩ ᠪᠠᠯᠭᠠᠰᠤ᠂  ᠠᠢᠯ ᠲᠣᠰᠬᠣᠨ᠎ᠳᠤ ᠭᠦᠨᠵᠡᠭᠡᠢᠷᠡᠨ᠂ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠡᠴᠨ ᠠᠪᠤᠷᠠᠬᠤ᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠰᠢᠢᠳᠪᠦᠷᠢᠯᠡᠬᠦ᠂ ᠬᠠᠮᠲᠤ᠎ᠶᠢᠨ ᠡᠳ᠋ ᠬᠥᠷᠥᠩᠭᠡ᠎ᠶᠢ ᠬᠢᠨᠠᠨ ᠬᠠᠮᠢᠶᠠᠷᠬᠤ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠪᠦᠲᠦᠭᠡᠨ ᠪᠠᠢᠭᠤᠯᠤᠯᠲᠠ ᠵᠡᠷᠭᠡ ᠡᠮᠦᠨ᠎ᠡ ᠹᠷᠣᠨᠲ᠎ᠤᠨ ᠶᠠᠷᠰᠢᠬ ᠲᠦᠪᠡᠭᠳᠡᠢ ᠠᠵᠢᠯ᠎ᠢ ᠵᠢᠬᠰᠠᠭᠠᠨ ᠭᠠᠷᠭᠠᠵᠤ᠂ ᠠᠰᠠᠭᠤᠳᠠᠯ᠎ᠤᠨ ᠨᠠᠷᠢᠨ ᠲᠠᠩᠰᠠ᠎ᠶᠢ ᠪᠦᠷᠢᠯᠳᠦᠭᠦᠯᠵᠦ᠂ ᠬᠢᠴᠢᠶᠡᠯ᠎ᠦᠨ ᠲᠣᠬᠢᠷᠠᠭᠤᠯᠤᠯᠲᠠ᠎ᠶᠢᠨ ᠦᠨᠳᠦᠰᠦᠯᠡᠯ ᠪᠣᠯᠭᠠᠨ ᠬᠤᠪᠢᠷᠠᠭᠤᠯᠪᠠ᠃

《ᠶᠠᠭᠤ ᠳᠤᠲᠠᠬᠳᠠᠵᠦ ᠪᠠᠢᠪᠠᠯ ᠶᠠᠭᠤ᠎ᠶᠢ ᠨᠢ ᠨᠥᠬᠥᠪᠦᠷᠢᠯᠡᠨ᠎ᠠ》᠃ ᠬᠥᠬᠡᠬᠣᠲᠠ᠎ᠶᠢᠨ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠳᠡᠳ᠋ ᠳᠠᠷᠤᠭ᠎ᠠ ᠰᠦᠨ ᠵᠥᠩ ᠬᠣᠶ ᠲᠠᠨᠢᠯᠴᠠᠭᠤᠯᠤᠭᠰᠡᠨ ᠵᠢᠡᠷ᠂ ᠲᠣᠰ ᠤᠳᠠᠭᠠᠨ᠎ᠤ ᠪᠤᠯᠪᠠᠰᠤᠷᠠᠯ᠎ᠳᠤ ᠦᠶᠡᠷ᠎ᠢ ᠰᠡᠷᠭᠡᠢᠯᠡᠵᠦ ᠪᠠᠴᠢᠮ ᠪᠠᠢᠳᠠᠯ᠎ᠢ ᠠᠷᠭᠠᠴᠠᠭᠠᠬᠤ᠂ ᠦᠨᠳᠦᠰᠦᠨ ᠱᠠᠲᠤᠨ᠎ᠤ ᠵᠠᠰᠠᠯᠲᠠ᠂ ᠵᠠᠬᠢᠳᠠᠯ ᠰᠤᠷᠪᠤᠯᠵᠢᠯᠠᠯ᠎ᠤᠨ ᠠᠵᠢᠯ᠂ ᠬᠥᠳᠡᠭᠡ ᠲᠣᠰᠬᠣᠨ᠎ᠤ ᠬᠠᠮᠲᠤ᠎ᠶᠢᠨ 《ᠪᠡᠯᠡ ᠮᠥᠩᠭᠥ ᠡᠳ᠋ ᠬᠥᠷᠥᠩᠭᠡ ᠡᠬᠢ ᠪᠠᠶᠠᠯᠢᠭ᠋》᠎ᠤ᠋ᠨ ᠬᠠᠮᠢᠶᠠᠷᠤᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠂ ᠠᠮᠢ ᠠᠬᠤᠢ ᠣᠷᠴᠢᠨ ᠲᠤᠭᠤᠷᠢᠨ ᠤ᠋ ᠬᠠᠮᠠᠭᠠᠯᠠᠯᠲᠠ ᠵᠡᠷᠭᠡ ᠵᠢᠷᠭᠤᠭᠠᠨ ᠶᠡᠬᠡ ᠲᠤᠰᠬᠠᠢ ᠰᠡᠳᠦᠪ ᠢ᠋ ᠬᠤᠪᠢᠶᠠᠨ ᠲᠤᠬᠢᠷᠠᠭᠤᠯᠵᠤ᠂ ᠬᠤᠭᠤᠴᠠᠭ᠎ᠠ ᠪᠦᠷᠢ ᠨᠢᠭᠡ ᠭᠣᠣᠯ ᠰᠡᠳᠦᠪ᠎ᠦᠨ ᠲᠣᠭᠣᠷᠢᠨ᠎ᠳᠤ ᠭᠦᠨᠵᠡᠭᠡᠢ ᠠᠭᠤᠳᠠᠯᠤᠨ ᠨᠠᠷᠢᠯᠢᠭ᠋ ᠶᠠᠷᠢᠵᠤ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠤᠨ ᠡᠪᠡᠷᠰᠢᠶᠡᠯ ᠴᠡᠭ᠎ᠢ ᠰᠢᠭᠤᠳ ᠤᠨᠢᠯᠠᠵᠠᠢ᠃

ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠲᠤᠰᠬᠠᠢ ᠰᠡᠳᠦᠪ ᠨᠢ ᠪᠥᠬᠥ ᠬᠣᠲᠠ᠎ᠶᠢᠨ ᠲᠥᠮᠥᠰᠥ᠎ᠶᠢᠨ ᠭᠣᠣᠯ ᠭᠠᠷᠤᠯᠲᠠ᠎ᠶᠢᠨ ᠣᠷᠣᠨ᠂ ᠴᠢᠨᠠᠷ ᠰᠠᠢᠲᠠᠢ ᠲᠡᠵᠢᠭᠡᠯ ᠡᠪᠡᠰᠦᠨ᠎ᠦ ᠰᠠᠭᠤᠷᠢᠨ ᠤ᠋ ᠪᠦᠲᠦᠭᠡᠨ ᠪᠠᠢᠭᠤᠯᠤᠯᠲᠠ᠎ᠶᠢᠨ ᠪᠣᠳᠠᠲᠤ ᠪᠠᠢᠳᠠᠯ᠎ᠲᠠᠢ ᠨᠢᠭ᠍ᠲᠠ ᠤᠶᠠᠯᠳᠤᠭᠤᠯᠤᠨ᠂ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ᠂ ᠵᠢᠷᠤᠵᠤ ᠲᠥᠯᠥᠪᠯᠡᠬᠦ᠎ᠡᠴᠨ  ᠪᠠᠷᠢᠯᠭ᠎ᠠ᠎ᠶᠢᠨ ᠠᠵᠢᠯ᠎ᠤᠨ ᠬᠢᠨᠠᠯᠲᠠ ᠬᠠᠮᠢᠶᠠᠷᠤᠯᠲᠠ᠂ ᠪᠠᠢᠭᠤᠯᠤᠭᠰᠠᠨ᠎ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠬᠦᠷᠲᠡᠯ᠎ᠡ᠂ ᠪᠥᠬᠥ ᠶᠠᠪᠤᠴᠠ᠎ᠶᠢ ᠲᠣᠪ ᠲᠣᠳᠣᠷᠬᠠᠢ ᠵᠠᠳᠠᠯᠪᠠ; ᠬᠥᠳᠡᠭᠡ ᠲᠣᠰᠬᠣᠨ᠎ᠤ ᠬᠠᠮᠲᠤ᠎ᠶᠢᠨ 《ᠪᠡᠯᠡ ᠮᠥᠩᠭᠥ ᠡᠳ᠋ ᠬᠥᠷᠥᠩᠭᠡ ᠡᠬᠢ ᠪᠠᠶᠠᠯᠢᠭ᠋》᠎ᠤ᠋ᠨ ᠬᠠᠮᠢᠶᠠᠷᠤᠯᠲᠠ᠎ᠶᠢᠨ ᠲᠤᠰᠬᠠᠢ ᠰᠡᠳᠦᠪ ᠨᠢ ᠬᠡᠷᠡᠯᠴᠢ ᠴᠡᠨᠡᠭ᠎ᠦᠨ ᠠᠰᠢᠭ᠋ ᠣᠷᠣᠯᠭ᠎ᠠ᠎ᠶᠢᠨ ᠬᠤᠪᠢᠶᠠᠷᠢᠯᠠᠯᠲᠠ᠂ ᠭᠠᠵᠠᠷ ᠰᠢᠷᠣᠢ᠎ᠶᠢᠨ ᠡᠵᠡᠩᠨᠡᠯᠳᠡ ᠵᠢᠨ ᠡᠷᠬᠡ ᠵᠢᠨ ᠬᠦᠢᠯᠬᠡᠭᠡᠨ᠎ᠦ ᠭᠡᠷ᠎ᠡ ᠲᠣᠭᠲᠠᠬᠤ᠂ ᠣᠨᠴᠠᠯᠢᠭ᠍ᠲᠤ ᠲᠡᠵᠢᠭᠡᠨ ᠦᠷᠡᠵᠢᠭᠦᠯᠬᠦ ᠡᠳ᠋ ᠬᠥᠷᠥᠩᠭᠡ᠎ᠶᠢ ᠲᠠᠩᠰᠠᠨ᠎ᠳᠤ ᠣᠷᠣᠭᠤᠯᠬᠤ ᠵᠡᠷᠭᠡ ᠦᠨᠡᠨ ᠪᠣᠳᠠᠲᠠᠢ ᠬᠡᠷᠡᠭ᠎ᠦᠨ ᠵᠢᠱ᠌ᠢᠶ᠎ᠡ᠎ᠶᠢ ᠬᠢᠴᠢᠶᠡᠯ᠎ᠦᠨ ᠲᠠᠩᠬᠢᠮ᠎ᠳᠤ ᠨᠡᠭᠦᠯᠭᠡᠨ ᠣᠷᠣᠭᠤᠯᠵᠤ᠂ ᠵᠤᠷᠪᠤᠰ ᠳᠠᠷᠠᠭᠠᠯᠠᠨ ᠵᠠᠭᠠᠭ ᠱᠤᠭᠤᠮ᠎ᠢ ᠲᠣᠳᠣᠷᠬᠠᠢᠯᠠᠵᠤ᠂ ᠵᠢᠷᠤᠮᠵᠢᠯ ᠢ᠋ ᠲᠤᠳᠤᠷᠬᠠᠢ ᠲᠠᠢᠯᠪᠤᠷᠢᠯᠠᠪᠠ᠃ 《ᠥᠩᠭᠡᠷᠡᠭᠰᠡᠨ᠎ᠳᠦ ᠪᠣᠯᠪᠠᠰᠤᠷᠠᠯ ᠬᠢᠬᠦ᠎ᠳᠦ ᠶᠡᠷᠦ ᠨᠢ 〈ᠰᠣᠨᠣᠰᠬᠤ ᠳ᠋ᠸ᠋ ᠪᠦᠷ ᠤᠢᠯᠠᠭᠠᠴᠢᠬᠠᠨ᠎ᠠ᠂ ᠬᠠᠷᠢᠵᠤ ᠢᠷᠡᠮᠡᠭᠴᠨ ᠯᠡ ᠴᠢᠳᠠᠬᠤ ᠦᠭᠡᠢ ᠪᠤᠯᠳᠠᠭ〉 ᠎ᠡᠴᠡ ᠠᠶᠤᠳᠠᠭ᠂ ᠡᠨᠡ ᠤᠳᠠᠭ᠎ᠠ ᠠᠳᠠᠯᠢ ᠦᠭᠡᠢ᠂ ᠭᠡᠷ᠎ᠡ᠎ᠪᠡᠨ ᠶᠠᠭᠠᠬᠢᠵᠤ ᠲᠣᠭᠲᠠᠬᠤ᠂ ᠳᠠᠩᠰᠠ᠎ᠪᠠᠨ ᠶᠠᠭᠠᠬᠢᠵᠤ ᠲᠡᠮᠳᠡᠭᠯᠡᠬᠦ᠎ᠶᠢ ᠬᠦᠷᠲᠡᠯ᠎ᠡ ᠲᠤᠳᠤᠷᠬᠠᠢ ᠶᠠᠷᠢᠵᠦ ᠳᠠᠢᠯᠪᠤᠷᠢᠯᠠᠵᠠᠢ》 ᠬᠡᠵᠦ  ᠲᠣᠭᠲᠠᠬᠤ ᠰᠢᠶᠠᠨ᠎ᠤ ᠱᠤᠸᠠᠩ ᠾᠧ ᠪᠠᠯᠭᠠᠰᠤᠨ᠎ᠤ ᠵᠠᠩ ᠵᠢᠶᠠ ᠳ᠋ᠠᠩ ᠫᠥ᠋ ᠯᠢᠶᠠᠩ ᠲᠣᠰᠬᠣᠨ᠎ᠤ ᠨᠠᠮ᠎ᠤᠨ ᠡᠭᠦᠷ᠎ᠦᠨ ᠱᠦᠵᠢ ᠳ᠋ᠦᠩ ᠴᠢᠤᠸᠠᠨ ᠱᠧᠩ ᠰᠡᠳᠬᠢᠯ ᠬᠦᠳᠡᠯᠦᠨ ᠶᠠᠷᠢᠵᠤ᠂ ᠤᠯᠠᠨ ᠰᠤᠷᠤᠭ᠍ᠴᠢᠳ᠎ᠤᠨ ᠰᠡᠳᠬᠢᠯ᠎ᠦᠨ ᠦᠭᠡ᠎ᠶᠢ ᠬᠡᠯᠡᠵᠦ ᠭᠠᠷᠭᠠᠪᠠ᠃

ᠦᠨᠳᠦᠰᠦᠨ ᠱᠠᠲᠤᠨ᠎ᠤ ᠵᠠᠰᠠᠯᠲᠠ᠎ᠶᠢᠨ ᠴᠢᠳᠠᠪᠤᠷᠢ᠎ᠶᠢ ᠳᠡᠭᠡᠭᠰᠢᠯᠡᠭᠦᠯᠬᠦ ᠲᠤᠰᠬᠠᠢ ᠰᠡᠳᠦᠪᠲᠦ᠍ ᠪᠤᠯᠪᠠᠰᠤᠷᠠᠯ ᠳ᠋ᠤ ᠦᠵᠡᠬᠦᠯᠬᠡ ᠵᠢᠨ ᠭᠣᠭᠴᠣᠭ᠎ᠠ᠎ᠶᠢ ᠲᠣᠬᠢᠷᠠᠭᠤᠯᠵᠤ᠂ ᠪᠥᠬᠥ ᠬᠣᠲᠠ᠎ᠵᠢᠨ ᠬᠡᠪᠴᠢᠶᠡᠨ ᠡᠴᠡ ᠰᠢᠯᠢᠳᠡᠭ ᠢ᠋ ᠨᠢ ᠰᠤᠩᠭᠤᠬᠤ ᠪᠡᠷ ᠳᠠᠮᠵᠢᠨ᠂ ᠰᠠᠢᠬᠠᠨ ᠲᠣᠭᠣᠷᠢᠭ᠋᠎ᠤᠨ ᠵᠢᠨ ᠾᠧ ᠪᠠᠯᠭᠠᠰᠤᠨ᠎ᠤ ᠬᠡᠷᠡᠯᠳᠦ ᠰᠦᠮ᠎ᠡ ᠲᠣᠰᠬᠣᠨ ᠵᠡᠷᠭᠡ 5 ᠬᠠᠮᠲᠤ᠎ᠶᠢᠨ ᠠᠵᠤ ᠠᠬᠤᠢ᠎ᠶᠢᠨ ᠬᠦᠴᠦᠷᠬᠡᠭ ᠲᠣᠰᠬᠣᠨ᠂ ᠵᠠᠰᠠᠯᠲᠠ᠎ᠶᠢᠨ ᠵᠢᠱ᠌ᠢᠶ᠎ᠡ ᠦᠵᠡᠭᠦᠯᠬᠦ ᠲᠣᠰᠬᠣᠨ ᠢ᠋ ᠰᠤᠩᠭᠤᠨ ᠲᠤᠬᠳᠠᠭᠠᠵᠤ ᠪᠣᠳᠠᠲᠤ ᠦᠵᠡᠭᠳᠡᠯᠳᠦ ᠬᠢᠴᠢᠶᠡᠯ᠎ᠦᠨ ᠲᠠᠩᠬᠢᠮ ᠪᠣᠯᠭᠠᠵᠤ᠂ 《ᠲᠤᠬᠠᠢ᠎ᠶᠢᠨ ᠲᠠᠯᠠᠪᠠᠶ᠎ᠶᠢᠨ ᠲᠠᠢᠯᠤᠮᠵᠢ + ᠬᠠᠷᠢᠯᠴᠠᠨ ᠬᠥᠳᠡᠯᠦᠯᠴᠡᠵᠦ ᠰᠡᠵᠢᠭᠯᠡᠯ᠎ᠢ ᠲᠠᠢᠯᠬᠤ + ᠳᠠᠪᠲᠠᠨ ᠰᠤᠳᠤᠯᠤᠨ ᠶᠠᠷᠢᠯᠴᠠᠬᠤ》 ᠵᠠᠭᠪᠤᠷ᠎ᠢ ᠬᠡᠷᠡᠭᠵᠢᠭᠦᠯᠵᠦ᠂ ᠰᠤᠷᠤᠯᠭᠠᠳᠠᠳ ᠢ᠋ ᠲᠡᠷᠢᠭᠦᠨ᠎ᠦ ᠲᠣᠰᠬᠣᠨ᠎ᠳᠤ ᠣᠷᠣᠵᠤ ᠵᠥᠷᠢᠶ᠎ᠡ᠎ᠪᠡᠨ ᠡᠷᠢᠵᠦ᠂ ᠲᠤᠷᠰᠢᠯᠭ᠎ᠠ ᠵᠢ ᠰᠤᠷᠤᠯᠴᠠᠬᠤ ᠪᠤᠯᠭᠠᠬᠰᠠᠨ ᠪᠠᠢᠨ᠎ᠠ᠃ ᠲᠡᠷᠢᠭᠦᠨ᠎ᠦ ᠲᠣᠰᠬᠣᠨ᠎ᠤ ᠱᠦᠵᠢ ᠥᠪᠡᠷ᠎ᠦᠨ ᠦᠵᠡᠯᠲᠡ᠎ᠪᠡᠨ ᠶᠠᠷᠢᠵᠤ᠂ ᠬᠠᠢᠨ ᠰᠦᠪᠡᠭᠴᠢᠯᠡᠵᠦ ᠭᠠᠷᠭᠠᠭᠰᠠᠨ ᠠᠷᠭ᠎ᠠ ᠳᠤᠷᠰᠢᠯᠭ᠎ᠠ ᠪᠠᠨ ᠬᠤᠪᠢᠶᠠᠯᠴᠠᠠ᠂ ᠰᠤᠷᠤᠯᠭᠠᠲᠠᠳ ᠠᠯᠬᠤᠯᠠᠬᠤ ᠵᠢᠨ ᠳᠠᠭᠠᠤ ᠠᠰᠠᠭᠤᠵᠤ᠂ ᠦᠵᠡᠬᠦ᠎ᠶᠢᠨ ᠳᠠᠭᠠᠤ ᠲᠡᠮᠳᠡᠭᠯᠡᠠ᠂ ᠪᠣᠳᠠᠲᠤ ᠠᠬᠤᠢ ᠪᠣᠳᠠᠲᠠᠢ ᠠᠵᠢᠯᠯᠠᠭ᠎ᠠ ᠳᠤᠮᠳᠠ᠎ᠪᠠᠨ ᠬᠥᠭᠵᠢᠯᠲᠡ᠎ᠶᠢᠨ ᠰᠡᠳᠬᠢᠮᠵᠢ᠎ᠪᠡᠨ ᠲᠣᠳᠣᠷᠬᠠᠢ ᠪᠣᠯᠭᠠᠪᠠ᠃ 《ᠬᠡᠷᠠᠯᠲᠤ ᠰᠦᠮ᠎ᠠ ᠲᠣᠰᠬᠣᠨ 〈ᠨᠢᠭᠡᠳᠦᠯᠲᠡᠢ ᠲᠠᠷᠢᠵᠤ ᠬᠠᠮᠲᠤ᠎ᠪᠠᠷ ᠪᠠᠶᠠᠵᠢᠬᠤ〉 3300 ᠮᠦ᠍ ᠭᠠᠵᠠᠷ᠎ᠢ ᠨᠠᠢᠳᠠᠨ ᠬᠠᠮᠢᠶᠠᠷᠤᠭᠤᠯᠵᠤ᠂ ᠲᠠᠷᠢᠶᠠᠴᠢᠨ ᠡᠷᠦᠬᠡ᠎ᠶᠢᠨ ᠮᠦ᠍ ᠳᠤᠮᠳᠠᠴᠢ ᠵᠢᠨ ᠣᠷᠣᠯᠭ᠎ᠠ 900 ᠭᠠᠷᠤᠢ ᠲᠥᠭᠥᠷᠢᠭ᠎ᠲᠦ ᠬᠦᠷᠴᠡᠢ᠃ ᠪᠢ ᠬᠠᠷᠢᠭ᠍ᠰᠠᠨ᠎ᠤ ᠳᠠᠷᠠᠭ᠎ᠠ ᠪᠠᠰᠠ ᠲᠣᠰᠬᠣᠨ᠎ᠤ ᠠᠷᠠᠳ ᠵᠢᠠᠨ ᠳᠠᠶ᠋ᠢᠴᠢᠯᠠᠵᠤ ᠭᠠᠵᠠᠷ ᠰᠢᠷᠣᠢ᠎ᠶᠢ ᠨᠠᠢᠳᠬᠡᠵᠤ ᠡᠷᠴᠢᠮᠵᠢᠭᠦᠯᠦᠭᠰᠡᠨ ᠡᠵᠡᠩᠨᠡᠯᠲᠡ ᠬᠢᠨ᠎ᠡ》᠃ ᠬᠣᠷᠢᠨᠭᠡᠷ ᠰᠢᠶᠠᠨ᠎ᠤ ᠱᠧᠩ ᠯᠸ ᠪᠠᠯᠭᠠᠰᠤᠨ ᠤ᠋ ᠭᠦᠸᠧ ᠪᠦᠦ ᠶᠢᠩ ᠲᠣᠰᠬᠣᠨ᠎ᠤ ᠨᠠᠮ᠎ᠤᠨ ᠡᠭᠦᠷ᠎ᠦᠨ ᠱᠦᠵᠢ ᠢᠦᠢ ᠭᠦᠸᠧ ᠴᠢᠶᠠᠩ ᠲᠣᠭᠣᠷᠢᠨ ᠦᠵᠡᠭᠰᠡᠨ᠎ᠦ ᠳᠠᠷᠠᠭ᠎ᠠ᠄ 《ᠮᠠᠰᠢ ᠤᠯᠠᠨ ᠠᠵᠢᠯ᠎ᠢ ᠰᠠᠢᠲᠤᠷ ᠬᠢᠵᠤ ᠴᠢᠲᠠᠬᠤ ᠦᠬᠡᠢ ᠪᠠᠢᠬᠤ ᠨᠢ ᠨᠥᠬᠥᠴᠡᠯ᠎ᠳᠦ ᠪᠠᠷᠢᠭᠳᠠᠭᠰᠠᠨ ᠪᠢᠰᠢ᠂ ᠬᠠᠷᠢᠨ ᠣᠢᠯᠠᠭᠠᠭᠳᠠᠬᠤᠨ᠎ᠳᠤ ᠪᠤᠢ》 ᠬᠡᠵᠤ ᠰᠡᠳᠬᠢᠯ ᠲᠤᠭᠲᠤᠯᠤᠨ ᠬᠡᠯᠡᠪᠠ᠃

ᠰᠠᠢᠨ ᠰᠣᠷᠣᠭᠰᠠᠨ ᠡᠰᠡᠬᠦ ᠪᠡᠨ ᠠᠳᠠᠯᠢᠳᠬᠠᠵᠤ ᠦᠵᠡᠬᠦ ᠨᠢ ᠴᠢᠬᠤᠯᠠ᠃ ᠪᠣᠯᠪᠠᠰᠤᠷᠠᠯ᠎ᠤᠨ ᠠᠩᠭᠢ᠎ᠶᠢᠨ ᠰᠤᠷᠤᠯᠭ᠎ᠠ ᠳᠡᠬᠦᠰᠬᠦ ᠱᠠᠲᠤᠨ᠎ᠳᠤ ᠡᠷᠬᠢᠯᠡᠭᠰᠡᠨ 《ᠡᠷᠲᠠᠮ ᠴᠢᠲᠠᠪᠤᠷᠢ ᠪᠠ ᠮᠥᠷᠥᠢᠴᠡᠬᠡᠨ᠎ᠦ ᠣᠳᠣᠨ ᠪᠣᠯᠬᠤ ᠪᠡᠷ ᠴᠢᠷᠮᠠᠢᠬᠤ》 ᠤᠷᠤᠯᠳᠤᠭᠠᠨ ᠨᠢ ᠰᠤᠷᠤᠯᠭ᠎ᠠ᠎ᠶᠢᠨ ᠦᠷ᠎ᠡ ᠪᠦᠲᠦᠮᠵᠢ᠎ᠶᠢ ᠰᠢᠯᠭᠠᠬᠤ 《ᠰᠢᠯᠭᠠᠭᠤᠷ》 ᠪᠣᠯᠵᠠᠢ᠃ 10 ᠰᠢᠯᠢᠳᠡᠭ ᠰᠤᠷᠤᠯᠭᠠᠲᠠᠨ ᠡᠭᠡᠯᠵᠢᠯᠡᠨ ᠲᠠᠢᠰᠠᠨ᠎ᠳᠤ ᠭᠠᠷᠴᠤ᠂ ᠲᠥᠷᠥ᠎ᠶᠢᠨ ᠪᠣᠳᠣᠯᠭ᠎ᠠ᠎ᠳᠤ ᠲᠠᠢᠯᠤᠮᠵᠢ ᠬᠢᠵᠦ᠂ ᠨᠡᠢᠲᠡᠯᠢᠭ ᠬᠡᠷᠡᠭ᠎ᠦᠨ ᠵᠢᠱ᠌ᠢᠶ᠎ᠡ᠎ᠳᠦ ᠵᠠᠳᠠᠯᠤᠯᠲᠠ ᠬᠢᠵᠦ᠂ ᠬᠥᠭᠵᠢᠯᠲᠡ᠎ᠶᠢᠨ ᠠᠷᠭ᠎ᠠ ᠵᠠᠮ᠎ᠢ ᠰᠦᠪᠡᠭᠴᠢᠯᠡᠵᠦ᠂ ᠡᠯ᠎ᠡ ᠲᠣᠰᠬᠣᠨ᠎ᠤ ᠦᠨᠡᠨ ᠪᠣᠳᠠᠲᠠᠢ ᠠᠵᠢᠯ᠎ᠤᠨ ᠦᠷ᠎ᠡ ᠪᠦᠲᠦᠮᠵᠢ᠎ᠶᠢ ᠢᠯᠡᠷᠡᠭᠦᠯᠵᠠᠢ᠃ 《ᠮᠠᠨ᠎ᠤ ᠲᠣᠰᠬᠣᠨ ᠤᠰᠤᠨ᠎ᠤ ᠡᠬᠢ ᠪᠠᠶᠠᠯᠢᠭ ᠵᠢᠠᠨ ᠠᠰᠢᠬᠯᠠᠨ ᠠᠮᠢ ᠠᠬᠤᠢ᠎ᠶᠢᠨ ᠰᠠᠮ ᠬᠣᠷᠣᠬᠠᠢ ᠨᠠᠢ᠍ᠮᠠᠯᠵᠢ ᠲᠡᠵᠢᠭᠡᠨ ᠦᠷᠡᠵᠢᠭᠦᠯᠵᠦ ᠪᠤᠢ᠂ ᠡᠨᠡ ᠤᠳᠠᠭ᠎ᠠ᠎ᠶᠢᠨ ᠮᠥᠷᠥᠢᠴᠡᠭᠡᠨ ᠨᠢ ᠭᠡᠷ᠎ᠦᠨ ᠪᠠᠢᠳᠠᠯ ᠵᠢᠡᠨ ᠢᠯᠠ ᠪᠤᠯᠭᠠᠭᠰᠠᠨ ᠪᠦᠬᠡᠳ ᠪᠣᠳᠠᠲᠠᠢ ᠠᠷᠭ᠎ᠠ ᠶ᠋ᠢ ᠴᠸ᠋ ᠰᠤᠷᠴᠠᠢ》 ᠭᠡᠵᠦ ᠴᠢᠩ ᠱᠦᠢ ᠾᠧ ᠰᠢᠶᠠᠨ᠎ᠤ ᠯᠠᠮᠠ᠎ᠶᠢᠨ ᠲᠣᠬᠣᠢ ᠪᠠᠯᠭᠠᠰᠤᠨ᠎ᠤ ᠬᠠᠢᠯᠠᠰᠤᠨ ᠲᠤᠬᠤᠢ ᠲᠣᠰᠬᠣᠨ ᠤ᠋ ᠨᠠᠮ᠎ᠤᠨ ᠡᠭᠦᠷ᠎ᠦᠨ ᠱᠦᠵᠢ ᠬᠤᠤ ᠯᠢ ᠫᠢᠩ ᠬᠡᠯᠡᠪᠡ᠃ ᠤᠷᠤᠯᠳᠤᠭᠠᠨ ᠨᠢ ᠨᠡᠷᠡᠰ᠎ᠦᠨ ᠳᠠᠷᠠᠭᠠᠯᠠᠯ᠎ᠢ ᠬᠦᠭᠡᠭᠡᠴᠡᠯᠳᠦᠬᠦ ᠦᠭᠡᠢ ᠵᠦᠪᠬᠡᠨ ᠵᠦᠷᠢᠶ᠎ᠠ ᠪᠠᠨ ᠠᠳᠠᠯᠢᠳᠬᠠᠵᠦ᠂ ᠢᠷᠠᠭᠤ ᠠᠯᠳᠠᠷ᠎ᠢ ᠬᠥᠭᠡᠭᠡᠴᠡᠯᠳᠦᠬᠦ ᠦᠭᠡᠢ ᠵᠦᠪᠬᠡᠨ ᠵᠠᠮ ᠴᠢᠭᠯᠡᠯ᠎ᠢ ᠬᠦᠭᠡᠭᠡᠴᠡᠯᠳᠦᠵᠦ᠂ ᠰᠤᠷᠤᠯᠭᠠᠲᠠᠳ᠎ᠤᠨ ᠰᠣᠯᠢᠯᠴᠠᠭ᠎ᠠ ᠮᠥᠷᠭᠥᠯᠳᠦᠭᠡᠨ᠎ᠦ ᠳᠤᠮᠳᠠ ᠠᠳᠠᠯᠢᠳᠬᠠᠬᠤ ᠰᠤᠷᠬᠤ ᠭᠦᠢᠴᠡᠬᠦ ᠳᠠᠪᠠᠬᠤ ᠠᠵᠢᠯ ᠬᠢᠬᠦ ᠡᠷᠴᠢ ᠵᠣᠷᠢᠭ᠋᠎ᠢ ᠨᠢ ᠤᠯᠠᠮ ᠨᠢᠭᠡ ᠠᠯᠬᠤᠮ ᠬᠥᠭᠵᠢᠭᠡᠵᠠᠢ᠃

ᠪᠣᠯᠪᠠᠰᠤᠷᠠᠯ᠎ᠳᠤ ᠣᠷᠣᠯᠴᠠᠭᠰᠠᠨ ᠴᠥᠭᠡᠨ ᠪᠤᠰᠤ ᠰᠤᠷᠤᠯᠭᠠᠲᠠᠨ᠂ ᠬᠢᠴᠢᠶᠡᠯ᠎ᠦᠨ ᠲᠠᠩᠬᠢᠮ᠎ᠠᠴᠠ ᠰᠤᠷᠤᠭᠰᠠᠨ ᠰᠡᠳᠬᠢᠴᠡ ᠠᠷᠭ᠎ᠠ᠂ ᠲᠣᠭᠣᠷᠢᠨ ᠦᠵᠡᠵᠦ ᠮᠡᠳᠡᠭᠰᠡᠨ ᠰᠠᠢᠨ ᠲᠤᠷᠰᠢᠯᠭ᠎ᠠ᠎ᠪᠠᠨ ᠠᠯᠢ ᠲᠦᠷᠭᠡᠨ᠎ᠢᠶᠡᠷ ᠠᠢᠯ ᠲᠣᠰᠬᠣᠨ᠎ᠤ ᠵᠠᠰᠠᠯᠲᠠ᠂ ᠠᠵᠤ ᠦᠢᠯᠡᠰ᠎ᠦᠨ ᠬᠥᠭᠵᠢᠯᠲᠡ ᠳᠤᠮᠳᠠᠬᠢ  ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠤᠨ᠎ᠠ ᠬᠡᠵᠤ ᠢᠯᠡᠷᠬᠡᠢᠯᠡᠪᠠ᠃ 《ᠤᠯᠠᠨ ᠲᠦᠮᠡᠨ᠎ᠳ᠋ᠤ ᠦᠭᠡᠳᠡ ᠳᠠᠢ ᠠᠮᠢᠳᠤᠷᠠᠯ ᠡᠳ᠋ᠯᠡᠬᠦᠯᠬᠦ ᠪᠤᠯ ᠪᠢᠳᠡᠨ᠎ᠤ ᠡᠴᠦᠰ᠎ᠦᠨ ᠬᠠᠷᠢᠭᠤᠯᠲᠠ᠎ᠶᠢᠨ ᠬᠠᠭᠤᠳᠠᠰᠤ ᠮᠦᠨ》᠃ ᠰᠠᠢᠬᠠᠨ ᠲᠣᠭᠣᠷᠢᠭ᠋᠎ᠤᠨ ᠴᠡᠯᠡᠭᠡᠷ ᠲᠠᠯ᠎ᠠ ᠵᠠᠮ ᠵᠡᠭᠡᠯᠢ ᠭᠤᠳᠤᠮᠵᠢ᠎ᠶᠢᠨ ᠵᠡᠭᠦᠨ ᠪᠠᠶᠠᠨ ᠪᠠᠯᠴᠢᠬᠡᠷ ᠲᠣᠰᠬᠣᠨ᠎ᠤ ᠨᠠᠮ᠎ᠤᠨ ᠶᠡᠷᠦᠩᠬᠡᠢ ᠡᠭᠦᠷ᠎ᠦᠨ ᠱᠦᠵᠢ ᠶᠠᠩ ᡁᠢ ᠶᠦᠩ ᠣᠯᠣᠯᠲᠠ ᠲᠥᠷᠥᠭᠳᠡᠯ᠎ᠳᠡᠭᠡᠨ ᠢᠡᠭᠬᠢᠵᠤ ᠪᠢᠴᠢᠵᠠᠢ᠃


[ᠰᠤᠷᠪᠤᠯᠵᠢᠯᠠᠭ᠍ᠴᠢ᠎ᠶᠢᠨ ᠡᠪᠤᠷ ᠲᠡᠮᠳᠡᠭᠯᠡᠯ]

ᠬᠥᠬᠡᠬᠣᠲᠠ᠎ᠶᠢᠨ ᠳᠤᠰ ᠤᠳᠠᠭ᠎ᠠ᠎ᠶᠢᠨ ᠲᠣᠰᠬᠣᠨ᠎ᠤ ᠨᠠᠮ᠎ᠤᠨ ᠡᠬᠦᠷ᠎ᠤᠨ ᠱᠦᠵᠢ᠂ ᠲᠣᠰᠬᠣᠨ᠎ᠤ ᠠᠷᠠᠳ ᠤ᠋ᠨ ᠵᠥᠪᠯᠡᠯ᠎ᠦᠨ ᠡᠷᠬᠢᠯᠡᠭᠴᠢ᠎ᠶᠢᠨ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ ᠨᠢ ᠰᠤᠷᠪᠤᠯᠵᠢᠯᠠᠭ᠍ᠴᠢ᠎ᠳᠤ ᠦᠨᠳᠦᠰᠦᠨ ᠱᠠᠲᠤᠨ᠎ᠤ ᠺᠠᠳ᠋ᠷ᠎ᠤᠨ ᠪᠣᠯᠪᠠᠰᠤᠷᠠᠯ ᠬᠡᠪᠰᠢᠮᠡᠯ ᠰᠡᠳᠬᠢᠬᠦᠢ᠎ᠡᠴᠡ ᠭᠠᠷᠴᠦ ᠪᠠᠢᠬᠤ᠎ᠶᠢ ᠮᠡᠳᠡᠷᠡᠬᠦᠯᠪᠡ᠃ ᠥᠩᠭᠡᠷᠡᠭᠰᠡᠨ᠎ᠳᠦ ᠵᠠᠷᠢᠮ ᠪᠣᠯᠪᠠᠰᠤᠷᠠᠯ ᠨᠢ ᠵᠦᠪᠬᠡᠨ ᠭᠠᠭᠴᠠ ᠲᠠᠯ᠎ᠠ᠎ᠠᠴᠠ ᠤᠬᠠᠭᠤᠯᠬᠤ᠎ᠳᠤ ᠵᠠᠩᠰᠢᠵᠤ᠂ ᠲᠣᠰᠬᠣᠨ᠎ᠤ ᠨᠠᠮ᠎ᠤᠨ ᠡᠬᠦᠷ᠎ᠤᠨ ᠱᠦᠵᠢ᠂ ᠲᠣᠰᠬᠣᠨ᠎ᠤ ᠠᠷᠠᠳ ᠤ᠋ᠨ ᠵᠥᠪᠯᠡᠯ᠎ᠦᠨ ᠡᠷᠬᠢᠯᠡᠭᠴᠢ ᠬᠥᠳᠡᠭᠡ ᠲᠣᠰᠬᠣᠨ᠎ᠤ ᠵᠠᠰᠠᠯᠲᠠ᠎ᠶᠢᠨ ᠡᠮᠦᠨ᠎ᠡ ᠹᠷᠣᠨᠲ᠎ᠲᠤ ᠪᠠᠢᠬᠤ᠎ᠶᠢ ᠣᠮᠲᠣᠭᠠᠢᠯᠠᠵᠤ᠂ ᠨᠠᠢᠳᠠᠪᠤᠷᠢᠵᠢᠭᠤᠯᠵᠤ ᠪᠣᠯᠬᠤᠢᠴᠠ᠂ ᠪᠠᠢᠳᠠᠯ᠎ᠢ ᠡᠪᠳᠡᠵᠦ ᠳᠡᠶ᠋ᠢᠯᠬᠦᠢᠴᠡ ᠪᠣᠳᠠᠲᠠᠢ ᠠᠵᠢᠯᠯᠠᠬᠤ ᠰᠡᠳᠬᠢᠴᠡ ᠵᠢ ᠬᠠᠮᠤᠭ ᠡᠴᠡ ᠪᠠᠴᠢᠮ ᠱᠠᠭᠠᠷᠳᠠᠭᠳᠠᠵᠤ ᠪᠠᠢᠪᠠ᠃

ᠳᠤᠰ ᠤᠳᠠᠭᠠᠨ᠎ᠤ ᠪᠣᠯᠪᠠᠰᠤᠷᠠᠯ᠎ᠤᠨ ᠡᠷᠬᠢᠮ ᠨᠠᠨᠳᠢᠨ ᠲᠠᠯ᠎ᠠ ᠭᠡᠪᠡᠯ᠂ ᠦᠨᠳᠦᠰᠦᠨ ᠱᠠᠲᠤᠨ᠎ᠤ ᠺᠠᠳ᠋ᠷᠴᠤᠳ᠎ᠤᠨ ᠬᠠᠷᠠᠭᠠᠰᠦᠨ᠎ᠳᠦ ᠵᠣᠭᠰᠣᠵᠤ᠂ ᠡᠯ᠎ᠡ ᠲᠣᠰᠬᠣᠨ᠎ᠤ ᠡᠬᠢ ᠪᠠᠶᠠᠯᠢᠭ᠋᠎ᠤᠨ ᠠᠳᠠᠯᠢ ᠪᠤᠰᠤ ᠪᠤᠳᠠᠳᠦ ᠪᠠᠢᠳᠠᠯ᠎ᠳᠦ ᠭᠦᠢᠴᠡᠳ ᠵᠥᠪ᠎ᠢᠶᠡᠷ ᠬᠠᠨᠳᠤᠵᠤ᠂ ᠲᠡᠷᠡ ᠬᠡᠪ᠎ᠢᠶᠡᠷ ᠨᠢ ᠨᠡᠭᠦᠯᠭᠡᠨ ᠬᠡᠷᠡᠭᠯᠡᠬᠦ ᠦᠭᠡᠢ ᠪᠠᠢᠬᠤ᠎ᠶᠢᠨ ᠬᠠᠮᠲᠤ᠂ ᠦᠨᠳᠦᠰᠦᠨ ᠱᠠᠲᠤᠨ᠎ᠤ ᠰᠦᠪᠡᠭᠴᠢᠯᠡᠵᠦ ᠭᠠᠷᠭᠠᠭᠰᠠᠨ ᠣᠷᠣᠨ ᠨᠤᠲᠤᠭ᠎ᠤᠨ ᠦᠢᠯᠡᠳᠦᠯᠭᠡ᠎ᠶᠢᠨ ᠲᠤᠷᠰᠢᠯᠭ᠎ᠠ᠎ᠶᠢ ᠨᠠᠨᠳᠢᠩᠨᠠᠠ ᠦᠵᠡᠭᠰᠡᠨ᠎ᠳᠦ ᠪᠤᠢ᠃

ᠬᠢᠴᠢᠶᠡᠯ᠎ᠦᠨ ᠲᠠᠩᠬᠢᠮ᠎ᠳᠤ ᠰᠤᠷᠤᠭᠰᠠᠠ ᠨᠢ ᠵᠥᠪᠬᠡᠨ ᠠᠷᠭ᠎ᠠ ᠲᠡᠳᠦᠢ ᠶᠤᠮ᠂ ᠬᠡᠷᠬᠢᠨ ᠲᠤᠭᠤᠷᠢᠨ ᠦᠵᠡᠵᠦ ᠰᠤᠷᠤᠭᠰᠠᠨ ᠲᠤᠷᠰᠢᠯᠭ᠎ᠠ᠎ᠪᠠᠨ ᠲᠤᠰ ᠲᠣᠰᠬᠣᠨ᠎ᠤ ᠨᠥᠬᠥᠴᠡᠯ᠎ᠲᠠᠢ ᠪᠠᠨ ᠤᠶᠠᠯᠳᠤᠭᠤᠯᠵᠤ ᠪᠠᠢᠭᠠᠳ ᠣᠯᠠᠷᠢᠭᠤᠯᠤᠨ ᠬᠤᠪᠢᠷᠠᠭᠤᠯᠵᠤ᠂ ᠥᠪᠡᠷ᠎ᠦᠨ ᠬᠢ᠎ᠳᠡᠭᠡᠨ ᠲᠣᠬᠢᠷᠠᠭᠰᠠᠨ ᠬᠥᠭᠵᠢᠯᠲᠡ᠎ᠶᠢᠨ ᠵᠠᠮ᠎ᠢᠶᠠᠷ ᠵᠠᠮᠨᠠᠬᠤ ᠪᠣᠯ ᠰᠠᠶᠢ ᠡᠳᠡᠬᠡᠷ ᠲᠣᠰᠬᠣᠨ᠎ᠤ ᠨᠠᠮ᠎ᠤᠨ ᠡᠬᠦᠷ᠎ᠤᠨ ᠱᠦᠵᠢ᠂ ᠲᠣᠰᠬᠣᠨ᠎ᠤ ᠠᠷᠠᠳ ᠤ᠋ᠨ ᠵᠥᠪᠯᠡᠯ᠎ᠦᠨ ᠡᠷᠬᠢᠯᠡᠭᠴᠢ᠎ᠳᠦ ᠲᠠᠯᠪᠢᠭ᠍ᠰᠠᠨ ᠵᠢᠩᠬᠢᠨᠢ ᠰᠢᠯᠭᠠᠯᠲᠠ ᠪᠣᠯᠣᠨ᠎ᠠ᠃ ᠪᠣᠯᠪᠠᠰᠤᠷᠠᠯ᠎ᠳᠤ ᠣᠷᠣᠯᠴᠠᠬᠰᠠᠨ ᠺᠠᠳ᠋ᠷᠴᠤᠤᠨ ᠡᠬᠦᠷᠬᠡ ᠲᠤᠰᠢᠶᠠᠯ ᠶ᠋ᠢᠡᠨ ᠬᠦᠢᠴᠡᠳᠬᠡᠬᠦ ᠲᠤᠬᠠᠢ ᠰᠡᠳᠬᠢᠨ ᠪᠤᠲᠤᠯᠬᠢᠯᠠᠵᠤ᠂ ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠶᠢ ᠣᠯᠠᠨ ᠲᠦᠮᠡᠨ᠎ᠦ ᠨᠢᠳᠦᠨ᠎ᠳᠦ ᠦᠵᠡᠭᠳᠡᠵᠦ ᠭᠠᠷ᠎ᠲᠤ ᠪᠠᠷᠢᠭ᠍ᠳᠠᠮ᠎ᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠦᠷ᠎ᠡ ᠪᠦᠲᠦᠭᠡᠯ ᠪᠣᠯᠭᠠᠨ ᠬᠤᠪᠢᠷᠠᠭᠤᠯᠬᠤ᠎ᠶᠢ ᠦᠨᠡᠨᠬᠦ  ᠬᠦᠰᠡᠵᠦ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面