ᠭᠣᠣᠯ ᠰᠡᠳᠦᠪᠲᠦ ᠮᠡᠳᠡᠭᠡᠯᠡᠯ > ᠵᠣᠬᠢᠶᠠᠯ᠎ᠤᠨ ᠰᠤᠷᠲᠠᠯ᠎ᠢᠶᠠᠨ ᠰᠠᠢᠵᠢᠷᠠᠭᠤᠯᠤᠶ᠎ᠠ

2026-08-20 09:52:49

ᠵᠣᠬᠢᠶᠠᠭ᠍ᠴᠢ᠄ ᠸᠠᠡᠭ ᠲᠠᠨ᠎ᠠ ᠣᠩᠱᠢᠭ᠍ᠰᠠᠨ ᠣᠳᠠᠭ᠎ᠠ᠄ 3

ᠤᠢᠷ᠎ᠠ ᠵᠢᠨ ᠬᠡᠳᠦᠨ ᠡᠳᠦᠷ ᠤᠯᠠᠭᠠᠨᠬᠠᠳᠠ ᠬᠤᠳᠠ᠎ᠶ᠋ᠢᠨ ᠬᠠᠷᠠᠴᠢᠨ ᠬᠤᠰᠢᠭᠤᠨ᠎ᠤ ᠨᠠᠷᠢᠨ ᠪᠠᠯᠭᠠᠰᠤ᠎ᠶ᠋ᠢᠨ 5000 ᠮᠦ᠍ ᠬᠠᠪᠲᠠᠭᠠᠢ ᠭᠦᠢᠯᠡᠰᠦ ᠡᠯᠪᠡᠭ ᠬᠤᠷᠢᠶᠠᠯᠲᠠ ᠪᠠᠨ ᠤᠭᠳᠤᠵᠤ᠂ ᠲᠠᠷᠢᠶᠠᠴᠢᠳ ᠬᠠᠪᠳᠠᠭᠠᠢ ᠬᠦᠢᠯᠡᠰᠤ ᠵᠢ ᠲᠡᠭᠦᠬᠦ᠂ ᠮᠥᠬᠦᠯᠢᠭᠯᠡᠬᠦ᠂ ᠬᠠᠳᠠᠭᠠᠬᠤ ᠬᠡᠮᠡᠨ ᠶᠠᠭᠠᠷᠠᠯᠳᠠᠢᠬᠠᠨ ᠠᠵᠢᠯᠯᠠᠵᠤ᠂ ᠲᠠᠷᠢᠶᠠᠨ ᠭᠠᠵᠠᠷ ᠲᠤ᠌ ᠡᠯᠪᠡᠭ ᠬᠤᠷᠢᠶᠠᠯᠲᠠ᠎ᠶ᠋ᠢᠨ ᠪᠠᠶ᠋ᠢᠳᠠᠯ ᠢᠯᠡᠷᠡᠨ᠎ᠡ᠃

ᠨᠠᠷᠢᠨ ᠪᠠᠯᠭᠠᠰᠤᠨ᠎ᠤ ᠵᠠᠩ ᠵᠶ᠋ᠢ ᠸᠧᠢ᠎ᠶ᠋ᠢᠨ ᠭᠡᠷ᠎ᠲᠤ᠌ ᠬᠦᠷᠬᠦ ᠳ᠋ᠤ ᠠᠯᠲᠠᠨ ᠰᠢᠷᠭᠠᠯ ᠭᠦᠢᠯᠡᠰᠦᠨ᠎ᠤ ᠴᠥᠮ᠎ᠡ ᠵᠢᠭᠳᠡ ᠲᠡᠯᠭᠡᠭᠳᠡᠵᠤ᠂ ᠠᠡᠭᠬᠢᠯᠤᠮ᠎ᠠ ᠦᠨᠦᠷ ᠬᠠᠮᠠᠷ ᠲᠤ᠌ ᠠᠶᠠᠳᠠᠢᠬᠠᠨ ᠦᠨᠦᠷᠳᠦᠭᠳᠡᠨ᠎ᠠ᠃ 《ᠮᠠᠨ ᠤ᠋ ᠬᠢ 80 ᠭᠠᠷᠤᠢ ᠮᠦ᠍ ᠭᠠᠵᠠᠷ ᠳᠠᠭᠠᠭᠠᠴᠢᠯᠠᠵᠤ᠂ ᠴᠥᠮ ᠴᠢᠨᠠᠷ ᠰᠠᠶ᠋ᠢᠲᠠᠢ ᠬᠠᠪᠳᠠᠭᠠᠢ ᠬᠦᠢᠯᠡᠰᠤ ᠵᠠᠯᠭᠠᠵᠤ᠂ ᠵᠢᠮᠢᠰᠯᠡᠬᠦ ᠬᠤᠭᠤᠴᠠᠭ᠎ᠠ᠎ᠨᠢ 15 — 20 ᠵᠢᠯ ᠦᠷᠭᠦᠯᠵᠢᠯᠡᠵᠦ᠍᠂ ᠮᠦ᠍ ᠨᠢᠭᠡᠴᠢ ᠵᠢᠨ ᠤᠨᠠᠯᠲᠠ᠎ᠨᠢ 200 ᠵᠢᠩ ᠣᠷᠴᠢᠮ ᠬᠦᠷᠳᠡᠭ᠃ ᠡᠨᠡ ᠵᠢᠯ ᠬᠠᠪᠲᠠᠭᠠᠢ ᠭᠦᠢᠯᠡᠰᠦ ᠡᠯᠪᠡᠭ ᠬᠤᠷᠢᠶᠠᠯᠲᠠ᠎ᠲᠠᠢ᠂ ᠵᠢᠩ ᠪᠦᠷᠢ 8.5 ᠲᠥᠭᠦᠷᠢᠭ ᠣᠷᠴᠢᠮ ᠬᠦᠷᠴᠦ ᠪᠠᠢᠨ᠎ᠠ》 ᠬᠡᠵᠦ ᠵᠠᠩ ᠵᠶ᠋ᠢ ᠸᠧᠢ ᠬᠦᠷᠢᠶ᠎ᠡ ᠳᠦᠭᠦᠷᠡᠩ ᠲᠡᠯᠭᠡᠭᠰᠡᠨ ᠭᠦᠢᠯᠡᠰᠦᠨ᠎ᠤ᠋ ᠴᠦᠮ᠎ᠠ ᠪᠠᠨ ᠬᠠᠷᠠᠭᠠᠳ ᠪᠠᠶᠠᠷᠳᠠᠢᠬᠠᠨ ᠬᠡᠯᠡᠨ᠎ᠠ᠃ ᠲᠡᠷᠡ ᠰᠤᠷᠪᠤᠯᠵᠢᠯᠠᠭᠴᠢ᠎ᠳᠤ᠂ ᠥᠩᠭᠡᠷᠡᠭᠰᠡᠨ᠎ᠳᠤ ᠤᠯᠠᠮᠵᠢᠯᠠᠯᠲᠤ᠌ ᠭᠦᠢᠯᠡᠰᠦ ᠲᠠᠷᠢᠵᠤ᠂ ᠤᠨᠠᠯᠲᠠ᠎ᠨᠢ ᠳᠣᠤᠷ᠎ᠠ᠂ ᠠᠰᠢᠭ ᠣᠷᠤᠯᠭ᠎ᠠ᠎ᠨᠢ ᠴᠦᠬᠡᠨ ᠪᠠᠶ᠋ᠢᠵᠤ᠂ ᠡᠭᠦᠯᠳᠡᠷ᠎ᠢ ᠰᠠᠶ᠋ᠢᠵᠢᠷᠠᠭᠤᠯᠤᠭᠰᠠᠨ᠎ᠤ ᠳᠠᠷᠠᠭ᠎ᠠ᠂ ᠵᠢᠮᠢᠰ᠎ᠤᠨ ᠮᠣᠳᠤᠨ᠎ᠤ ᠤᠷᠭᠤᠴᠠ᠎ᠨᠢ ᠲᠣᠭᠲᠠᠭᠤᠨ᠂ ᠵᠢᠮᠢᠰ᠎ᠤᠨ ᠶᠠᠰᠤ ᠴᠢᠨᠠᠷ᠎ᠨᠢ ᠰᠢᠯᠢᠳᠡᠭᠵᠢᠪᠡ᠃ ᠨᠡᠩ ᠰᠠᠨᠠᠭ᠎ᠠ ᠠᠮᠤᠷ ᠪᠠᠶ᠋ᠢᠯᠭᠠᠬᠤ ᠶᠠᠪᠤᠳᠠᠯ ᠭᠡᠪᠡᠯ᠂ ᠡᠳᠦᠷ ᠲᠤᠲᠤᠮ᠎ᠤᠨ ᠬᠠᠮᠢᠶᠠᠷᠤᠯᠲᠠ ᠬᠠᠮᠠᠭᠠᠯᠠᠯᠲᠠ᠎ᠳᠤ ᠡᠪᠡᠳᠴᠢᠨ ᠬᠤᠷᠤᠬᠠᠢ᠎ᠶ᠋ᠢᠨ ᠬᠥᠨᠦᠭᠡᠯ᠂ ᠮᠡᠷᠭᠡᠵᠢᠯ᠎ᠤᠨ ᠬᠦᠴᠢᠷ ᠠᠰᠠᠭᠤᠳᠠᠯ ᠲᠤᠯᠭᠠᠷᠠᠪᠠᠯ ᠪᠠᠯᠭᠠᠰᠤᠨ᠎ᠤ ᠣᠢ ᠰᠢᠭᠤᠢ ᠨᠤᠳᠤᠭ ᠪᠡᠯᠴᠢᠭᠡᠷ᠎ᠤᠨ ᠠᠵᠢᠯ᠎ᠤᠨ ᠥᠷᠲᠡᠭᠡᠨ᠎ᠤ ᠮᠡᠷᠭᠡᠵᠢᠯᠲᠡᠨ ᠴᠠᠭ ᠲᠤᠬᠠᠢ ᠳ᠋ᠤᠨᠢ ᠢᠷᠡᠵᠦ ᠵᠢᠯᠤᠭᠤᠳᠤᠯᠭ᠎ᠠ ᠬᠢᠵᠦ᠍᠂ ᠲᠡᠭᠦᠨ᠎ᠤ ᠲᠠᠷᠢᠮᠠᠯ᠎ᠤᠨ ᠡᠷᠡᠭᠡᠯᠵᠡᠭᠡ᠎ᠶ᠋ᠢ ᠲᠦᠢᠯᠪᠤᠷᠢᠲᠠᠢ ᠠᠷᠢᠯᠭᠠᠭᠰᠠᠨ ᠪᠠᠢᠨ᠎ᠠ ᠬᠡᠵᠠᠢ᠃

ᠨᠠᠷᠢᠨ ᠪᠠᠯᠭᠠᠰᠤ ᠠᠭᠤᠯᠠᠷᠬᠠᠭ ᠭᠠᠵᠠᠷ᠎ᠲᠤ ᠪᠠᠢᠷᠢᠰᠢᠵᠤ᠂ ᠥᠩᠭᠡᠷᠡᠭᠰᠡᠨ ᠳ᠋ᠤ ᠠᠭᠯᠠᠭ ᠠᠭᠤᠯᠠ᠎ᠶ᠋ᠢᠨ ᠤᠷᠭᠤᠮᠠᠯ᠎ᠤᠨ ᠪᠦᠷᠬᠦᠴᠡ ᠰᠡᠢᠷᠡᠭ᠂ ᠠᠵᠤ ᠠᠬᠤᠢ᠎ᠶ᠋ᠢᠨ ᠦᠷ᠎ᠡ ᠠᠰᠢᠭ ᠳᠣᠤᠷ᠎ᠠ ᠪᠠᠢᠵᠠᠢ᠃ ᠣᠶ᠋ᠢᠷ᠎ᠠ᠎ᠶ᠋ᠢᠨ ᠵᠢᠯ᠎ᠳᠤ ᠲᠣᠰ ᠪᠠᠯᠭᠠᠰᠤ ᠲᠣᠬᠠᠢ᠎ᠵᠢᠨ ᠭᠠᠵᠠᠷ᠎ᠤᠨ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠨ᠂ ᠪᠦᠳᠦᠭᠦᠯᠢᠭ ᠬᠡᠯᠪᠡᠷᠢ᠎ᠶ᠋ᠢᠨ ᠬᠠᠮᠢᠶᠠᠷᠤᠯᠲᠠ ᠬᠠᠮᠠᠭᠠᠯᠠᠯᠲᠠ᠎ᠶ᠋ᠢᠨ ᠵᠠᠭᠪᠤᠷ᠎ᠢ ᠲᠠᠶᠠᠭᠳᠠᠵᠤ᠂ ᠲᠠᠷᠢᠶᠠᠯᠠᠬᠤ᠎ᠶ᠋ᠢ ᠵᠣᠭᠰᠤᠭᠠᠵᠤ ᠤᠢᠵᠢᠭᠤᠯᠵᠤ᠂ ᠤᠮᠠᠷᠠᠲᠤ᠌ ᠵᠢᠨ ᠭᠤᠷᠪᠠᠨ ᠤᠷᠤᠨ᠎ᠤ ᠬᠠᠯᠬᠠᠪᠴᠢ ᠣᠢ ᠵᠡᠷᠭᠡ ᠭᠤᠤᠯᠳᠠᠯᠭ᠎ᠠ᠎ᠲᠠᠢ ᠠᠮᠢ ᠠᠬᠤᠢ᠎ᠶ᠋ᠢᠨ ᠲᠥᠷᠦᠯ ᠵᠦᠢᠯ᠎ᠳᠤ ᠲᠦᠰᠢᠭᠯᠡᠨ᠂ ᠠᠭᠯᠠᠭ ᠠᠭᠤᠯᠠ᠎ᠶ᠋ᠢᠨ ᠵᠠᠰᠠᠯᠲᠠ᠎ᠶ᠋ᠢ ᠦᠷᠭᠦᠯᠵᠢᠯᠡᠨ ᠠᠬᠢᠭᠤᠯᠵᠤ᠂ ᠬᠡᠭᠡᠷ᠎ᠡ᠎ᠶ᠋ᠢᠨ ᠭᠦᠢᠯᠡᠰᠦ᠂ ᠬᠠᠪᠳᠠᠭᠠᠢ ᠭᠦᠢᠯᠡᠰᠦ᠎ᠵᠡᠷᠬᠡ ᠤᠨᠴᠠᠯᠢᠭᠳᠤ ᠣᠢ ᠵᠢᠮᠢᠰ᠎ᠤᠨ ᠠᠵᠤ ᠦᠢᠯᠡᠰ᠎ᠢ ᠬᠡᠪᠴᠢᠶᠡᠵᠢᠭᠦᠯᠦᠨ ᠬᠥᠭᠵᠢᠭᠦᠯᠵᠦ᠍᠂ ᠠᠮᠢ ᠠᠬᠤᠢ᠎ᠶ᠋ᠢ ᠰᠡᠷᠭᠦᠭᠡᠬᠦ᠂ ᠠᠵᠤ ᠦᠢᠯᠡᠰ᠎ᠤᠨ ᠦᠷ᠎ᠡ ᠠᠰᠢᠭ᠎ᠢ ᠨᠡᠮᠡᠭᠳᠡᠭᠦᠯᠬᠦ᠂ ᠣᠯᠠᠨ ᠲᠦᠮᠡᠨ᠎ᠤ ᠣᠷᠤᠯᠭ᠎ᠠ᠎ᠶ᠋ᠢ ᠨᠡᠮᠡᠭᠳᠡᠭᠦᠯᠬᠦ᠌ ᠰᠠᠶ᠋ᠢᠨ ᠰᠠᠶ᠋ᠢᠬᠠᠨ ᠬᠥᠭᠵᠢᠯᠲᠡ᠎ᠶ᠋ᠢᠨ ᠵᠠᠮ᠎ᠢ ᠨᠡᠭᠡᠭᠡᠭᠰᠡᠨ ᠪᠠᠶ᠋ᠢᠨ᠎ᠠ᠃

ᠤᠯᠠᠮᠵᠢᠯᠠᠯᠲᠤ᠌ ᠬᠡᠬᠡᠷ᠎ᠠ ᠵᠢᠨ ᠭᠦᠢᠯᠡᠰᠦ᠎ᠶ᠋ᠢᠨ ᠦᠢᠯᠡᠳᠬᠦᠨ᠎ᠤ ᠥᠷᠲᠡᠭ ᠳᠣᠤᠷ᠎ᠠ᠂ ᠦᠷ᠎ᠡ ᠠᠰᠢᠭ ᠪᠠᠭᠤᠷᠠᠢ ᠪᠠᠶ᠋ᠢᠬᠤ ᠳᠤᠲᠠᠭᠤᠳᠠᠯ᠎ᠢ ᠰᠢᠢᠳᠪᠦᠷᠢᠯᠡᠬᠦ᠎ᠶ᠋ᠢᠨ ᠲᠥᠯᠦᠭᠡ᠂ ᠨᠠᠷᠢᠨ ᠪᠠᠯᠭᠠᠰᠤ ᠡᠭᠦᠯᠳᠡᠷ᠎ᠤᠨ ᠰᠠᠶ᠋ᠢᠵᠢᠷᠠᠭᠤᠯᠤᠯᠲᠠ᠎ᠶ᠋ᠢ ᠤᠨᠤᠴᠠᠲᠠᠢ᠎ᠬᠦᠴᠦᠯᠡᠨ ᠠᠬᠢᠭᠤᠯᠵᠤ᠂ 2020 ᠣᠨ᠂ 2025 ᠣᠨ᠎ᠳᠤ ᠬᠡᠬᠡᠷ᠎ᠠ ᠵᠢᠨ ᠭᠦᠢᠯᠡᠰᠦᠨ ᠮᠤᠳᠤᠨ ᠳ᠋ᠤ ᠬᠠᠪᠲᠠᠭᠠᠢ ᠭᠦᠢᠯᠡᠰᠦ᠎ᠵᠠᠯᠭᠠᠵᠤ ᠶᠠᠰᠤ ᠴᠢᠨᠠᠷ᠎ᠢ ᠳᠡᠭᠡᠭᠰᠢᠯᠡᠭᠦᠯᠬᠦ᠌ ᠲᠦᠷᠦᠯ ᠵᠦᠢᠯ᠎ᠢ ᠬᠡᠷᠡᠭᠵᠢᠭᠦᠯᠵᠦ᠍᠂ ᠨᠡᠶ᠋ᠢᠳᠡ1200 ᠮᠦ᠍ ᠪᠦᠬᠦᠢ ᠥᠭᠡᠷᠡᠴᠢᠯᠡᠯᠲᠡ᠎ᠶ᠋ᠢ ᠪᠡᠶᠡᠯᠡᠭᠦᠯᠪᠡ᠃ ᠦᠷᠭᠦᠯᠵᠢᠯᠡᠨ ᠰᠠᠶ᠋ᠢᠵᠢᠷᠠᠭᠤᠯᠤᠨ ᠰᠢᠯᠢᠳᠡᠭᠵᠢᠭᠦᠯᠬᠦ᠎ᠪᠠᠷ ᠳᠠᠮᠵᠢᠭᠤᠯᠤᠨ᠂ ᠣᠳᠤᠬᠠᠨ᠎ᠳᠤ ᠪᠦᠬᠦ᠌ ᠪᠠᠯᠭᠠᠰᠤᠨ᠎ᠤ ᠬᠠᠪᠲᠠᠭᠠᠢ ᠭᠦᠢᠯᠡᠰᠦ ᠲᠠᠷᠢᠬᠤ ᠲᠠᠯᠠᠪᠠᠢ 5000 ᠮᠦ᠍ ᠬᠦᠷᠴᠦ᠍᠂ ᠵᠣᠩᠬᠢᠯᠠᠬᠤ ᠤᠯᠠᠨ ᠲᠣᠭᠠᠨ᠎ᠤ ᠵᠢᠮᠢᠰ᠎ᠤᠨ ᠮᠣᠳᠤ ᠵᠢᠮᠢᠰᠯᠡᠬᠦ᠌ ᠬᠤᠭᠤᠴᠠᠭᠠᠨ᠎ᠳᠤ ᠣᠷᠤᠵᠤ᠂ ᠤᠢ ᠵᠢᠮᠢᠰ᠎ᠤᠨ ᠠᠵᠤ ᠦᠢᠯᠡᠰ ᠠᠯᠬᠤᠮ ᠠᠯᠬᠤᠮ᠎ᠢᠶᠠᠷ ᠬᠥᠳᠡᠭᠡ ᠲᠣᠰᠭᠤᠨ᠎ᠤ ᠤᠨᠴᠠᠯᠢᠭᠳᠤ ᠲᠤᠯᠭᠠᠭᠤᠷᠢ ᠠᠵᠤ ᠦᠢᠯᠡᠰ ᠪᠣᠯᠵᠠᠢ᠃

ᠠᠵᠤ ᠦᠢᠯᠡᠰ ᠣᠷᠤᠯᠭ᠎ᠠ᠎ᠪᠠᠨ ᠲᠣᠭᠲᠠᠭᠤᠨ᠎ᠢᠶᠠᠷ ᠨᠡᠮᠡᠭᠳᠡᠭᠦᠯᠬᠦ᠎ᠳᠤ ᠦᠢᠯᠡᠴᠢᠯᠡᠭᠡ ᠪᠣᠯ ᠵᠠᠩᠭᠢᠯᠠᠭ᠎ᠠ ᠪᠣᠯᠤᠨ᠎ᠠ᠃ 《ᠣᠢ ᠰᠢᠭᠤᠢ ᠨᠤᠲᠤᠭ ᠪᠡᠯᠴᠢᠭᠡᠷ᠎ᠤᠨ ᠠᠵᠢᠯ᠎ᠤᠨ ᠥᠷᠲᠡᠭᠡ ᠡᠴᠡ ᠲᠠᠷᠢᠶᠠᠨ ᠭᠠᠵᠠᠷ᠎ᠤᠨ ᠪᠣᠳᠠᠲᠤ᠌ ᠪᠣᠯᠪᠠᠰᠤᠷᠠᠯ᠎ᠢ ᠪᠠᠶ᠋ᠢᠩᠭᠤᠵᠢᠭᠤᠯᠤᠨ ᠥᠷᠨᠢᠭᠦᠯᠵᠦ᠍᠂ ᠨᠢᠭᠡ ᠪᠦᠯᠦᠭ ᠮᠡᠷᠭᠡᠵᠢᠯ᠎ᠢ ᠣᠶ᠋ᠢᠯᠠᠭᠠᠬᠤ᠂ ᠬᠠᠮᠢᠶᠠᠷᠬᠤ ᠳ᠋ᠠᠭᠠᠨ ᠴᠢᠳᠠᠮᠠᠭᠠᠢ ᠬᠥᠳᠡᠭᠡ ᠲᠣᠰᠭᠤᠨ᠎ᠤ 〈ᠨᠤᠲᠤᠭ᠎ᠤᠨ ᠲᠤᠰᠭᠠᠢ ᠮᠡᠷᠭᠡᠵᠢᠯᠲᠡᠨ〉᠂ 〈ᠲᠠᠷᠢᠶᠠᠯᠠᠡᠭ ᠤ᠋ᠨ ᠴᠢᠳᠠᠪᠤᠷᠢᠳᠠᠨ〉 ᠢ᠋ ᠬᠥᠮᠦᠵᠢᠭᠦᠯᠦᠨ ᠭᠠᠷᠭᠠᠵᠤ᠂ ᠲᠣᠬᠠᠢ᠎ᠵᠢᠨ ᠭᠠᠵᠠᠷ ᠣᠷᠤᠨ᠎ᠤ ᠲᠠᠷᠢᠮᠠᠯ᠎ᠤᠨ ᠮᠡᠷᠭᠡᠵᠢᠯ᠎ᠤᠨ ᠰᠠᠭᠤᠷᠢ᠎ᠶ᠋ᠢ ᠪᠠᠲᠤᠳᠭᠠᠪᠠ᠃ ᠡᠭᠦᠨ᠎ᠤ ᠬᠠᠮᠲᠤ᠌᠂ ᠳᠡᠭᠡᠳᠦ ᠱᠠᠲᠤᠨ᠎ᠤ ᠰᠠᠯᠠᠭ᠎ᠠ ᠮᠥᠴᠢᠷ᠎ᠲᠠᠢ ᠢᠳᠡᠪᠬᠢᠲᠡᠢ ᠵᠣᠯᠭᠠᠭᠤᠯᠵᠤ᠂ ᠣᠢ ᠰᠢᠭᠤᠢ ᠨᠤᠳᠤᠭ ᠪᠡᠯᠴᠢᠭᠡᠷ᠎ᠤᠨ ᠴᠢᠭᠢᠭᠯᠢᠭ ᠠᠲᠠᠷ ᠭᠠᠵᠠᠷ᠎ᠢ ᠨᠢᠭᠡ ᠴᠤᠭᠴᠠᠵᠢᠭᠤᠯᠤᠨ ᠬᠠᠮᠠᠭᠠᠯᠠᠨ ᠰᠡᠷᠭᠦᠭᠡᠬᠦ᠌ ᠲᠥᠷᠦᠯ ᠵᠦᠢᠯ᠎ᠤᠨ ᠪᠠᠯᠠ ᠮᠥᠩᠭᠦ᠎ᠶ᠋ᠢ ᠡᠷᠡᠮᠡᠯᠵᠡᠨ ᠣᠯᠵᠤ᠂ ᠲᠠᠷᠢᠶᠠᠴᠢᠨ ᠡᠷᠦᠬᠡ᠎ᠶ᠋ᠢᠨ ᠳᠠᠷᠢᠬᠤ ᠪᠠᠯᠠ ᠮᠥᠩᠭᠦ᠎ᠶ᠋ᠢᠨ ᠬᠦᠴᠢᠷ ᠠᠰᠠᠭᠤᠳᠠᠯ᠎ᠢ ᠣᠨᠤᠪᠴᠢᠲᠠᠢ ᠰᠢᠢᠳᠪᠦᠷᠢᠯᠡᠵᠦ᠍᠂ ᠠᠵᠤ ᠦᠢᠯᠡᠰ᠎ᠤᠨ ᠬᠥᠭᠵᠢᠯᠲᠡ᠎ᠶ᠋ᠢᠨ ᠪᠠᠲᠤᠯᠠᠭ᠎ᠠ᠎ᠶ᠋ᠢ ᠪᠥᠬᠦ᠌ ᠲᠠᠯ᠎ᠠ᠎ᠪᠠᠷ ᠪᠠᠬᠢᠵᠢᠭᠦᠯᠵᠡᠢ》 ᠬᠡᠵᠤ ᠨᠠᠷᠢᠨ ᠪᠠᠯᠭᠠᠰᠤᠨ᠎ᠤ ᠣᠢ ᠰᠢᠭᠤᠢ ᠨᠤᠳᠤᠭ ᠪᠡᠯᠴᠢᠭᠡᠷ᠎ᠤᠨ ᠠᠵᠢᠯ᠎ᠤᠨ ᠥᠷᠲᠡᠭᠡᠨ᠎ᠤ ᠳᠠᠷᠤᠭ᠎ᠠ ᠵᠢᠶᠠ ᠶᠦᠩ ᠱᠧᠩ ᠲᠠᠨᠢᠯᠴᠠᠭᠤᠯᠪᠠ᠃

《ᠡᠭᠦᠯᠳᠡᠷ ᠰᠠᠶ᠋ᠢᠵᠢᠷᠠᠭᠤᠯᠬᠤ᠂ ᠮᠡᠷᠭᠡᠵᠢᠯ᠎ᠤᠨ ᠦᠢᠯᠡᠴᠢᠯᠡᠭᠡ ᠪᠠ ᠲᠥᠷᠦ᠎ᠶ᠋ᠢᠨ ᠪᠣᠳᠤᠯᠭ᠎ᠠ ᠵᠢᠨ ᠳᠠᠮᠵᠢᠯᠭᠡ ᠪᠠᠢᠪᠠᠯ ᠰᠠᠶᠢ ᠣᠢ ᠰᠢᠭᠤᠢ ᠡᠴᠡ ᠵᠢᠩᠬᠢᠨᠢ ᠦᠷ᠎ᠡ ᠠᠰᠢᠭ ᠬᠦᠷᠳᠡᠵᠦ ᠴᠢᠳᠠᠨ᠎ᠠ》 ᠬᠡᠵᠤ ᠨᠠᠷᠢᠨ ᠪᠠᠯᠭᠠᠰᠤᠨ ᠤ᠋ ᠵᠠᠰᠠᠭ ᠤ᠋ᠨ ᠤᠷᠳᠤᠨ ᠤ᠋ ᠲᠡᠳ᠋ ᠲᠠᠷᠤᠭ᠎ᠠ ᠰᠤ᠌ ᠸᠸᠢ ᠰᠤᠷᠪᠤᠯᠵᠢᠯᠠᠭᠴᠢ ᠳ᠋ᠤ ᠠᠷᠠᠳ ᠢ᠋ ᠪᠠᠶᠠᠵᠢᠭᠤᠯᠬᠤ ᠲᠠᠡᠭᠰᠠ ᠪᠤᠳᠤᠵᠤ ᠦᠭᠬᠦᠯ᠎ᠠ᠄ ᠤᠯᠠᠮᠵᠢᠯᠠᠯᠲᠤ᠌ ᠬᠡᠬᠡᠷ᠎ᠠ ᠵᠢᠨ ᠭᠦᠢᠯᠡᠰᠦ᠎ᠶ᠋ᠢᠨ ᠮᠥ᠍ ᠨᠢᠭᠡᠴᠢ᠎ᠶ᠋ᠢᠨ ᠤᠨᠠᠯᠲᠠ ᠪᠠ ᠠᠰᠢᠭ ᠣᠷᠤᠯᠭ᠎ᠠ ᠳᠣᠣᠷ᠎ᠠ ᠪᠠᠶ᠋ᠢᠵᠤ᠂ ᠰᠠᠶ᠋ᠢᠵᠢᠷᠠᠭᠤᠯᠤᠭᠰᠠᠨ᠎ᠤ ᠳᠠᠷᠠᠭᠠᠬᠢ ᠬᠠᠪᠳᠠᠭᠠᠢ ᠭᠦᠢᠯᠡᠰᠦ᠎ᠶ᠋ᠢᠨ ᠮᠥ᠍ ᠪᠦᠷᠢ᠎ᠶ᠋ᠢᠨ ᠵᠢᠯ᠎ᠤᠨ ᠳᠤᠮᠳᠠᠴᠢ ᠠᠰᠢᠭ ᠣᠷᠤᠯᠭ᠎ᠠ᠎ᠨᠢ 1200 ᠲᠥᠭᠦᠷᠢᠭ᠎ᠲᠤ᠌ ᠬᠦᠷᠴᠦ᠍᠂ ᠬᠡᠭᠡᠷ᠎ᠡ᠎ᠶ᠋ᠢᠨ ᠭᠦᠢᠯᠡᠰᠦ᠎ᠶ᠋ᠢᠨ ᠮᠥ᠍ ᠨᠢᠭᠡᠴᠢ᠎ᠶ᠋ᠢᠨ ᠰᠢᠭᠤᠳ ᠣᠷᠤᠯᠭ᠎ᠠ᠎ᠶ᠋ᠢ 500 ᠲᠥᠭᠦᠷᠢᠭ ᠨᠡᠮᠡᠭᠳᠡᠭᠦᠯᠵᠦ᠍᠂ ᠠᠷᠠᠳ᠎ᠢ ᠪᠠᠶᠠᠵᠢᠭᠤᠯᠤᠭᠰᠠᠨ ᠦᠷ᠎ᠡ ᠪᠦᠲᠦᠮᠵᠢ᠎ᠨᠢ ᠮᠠᠰᠢ ᠢᠯᠡᠷᠬᠡᠢ ᠪᠠᠢᠯ᠎ᠠ᠃

ᠣᠳᠤᠬᠠᠨ᠎ᠳᠤ᠂ ᠨᠠᠷᠢᠨ ᠪᠠᠯᠭᠠᠰᠤᠨ᠎ᠤ ᠤᠢ ᠰᠢᠭᠤᠢ ᠵᠢᠮᠢᠰ᠎ᠤᠨ ᠠᠵᠤ ᠦᠢᠯᠡᠰ ᠨᠢᠭᠡᠨᠲᠡ 150 ᠭᠠᠷᠤᠢ ᠲᠠᠷᠢᠶᠠᠴᠢᠨ ᠡᠷᠦᠬᠡ᠎ᠶ᠋ᠢ ᠳᠠᠶ᠋ᠢᠴᠢᠯᠠᠨ ᠣᠷᠤᠯᠭ᠎ᠠ᠎ᠶ᠋ᠢ᠎ᠨᠢ ᠨᠡᠮᠡᠭᠳᠡᠭᠦᠯᠵᠦ᠍᠂ ᠬᠠᠮᠢᠶᠠᠷᠤᠨ ᠬᠠᠮᠠᠭᠠᠯᠠᠬᠤ᠂ ᠲᠡᠬᠦᠬᠦ᠂ ᠢᠯᠭᠠᠬᠤ ᠵᠡᠷᠭᠡ ᠭᠤᠭᠴᠤᠭ᠎ᠠ᠎ᠳᠤ ᠲᠦᠰᠢᠭᠯᠡᠨ᠂ ᠭᠡᠷ᠎ᠤᠨ ᠡᠭᠦᠳᠡᠨ᠎ᠳᠠᠬᠢ 350 ᠠᠵᠢᠯ᠎ᠤᠨ ᠪᠠᠶ᠋ᠢᠷᠢ ᠬᠠᠩᠭᠠᠵᠤ᠂ ᠲᠣᠰᠭᠤᠨ᠎ᠤ ᠠᠷᠠᠳ ᠤ᠋ᠨ 《ᠤᠢᠷ᠎ᠠ ᠬᠠᠪᠢ᠎ᠳᠠᠭᠠᠨ ᠠᠵᠢᠯ ᠬᠢᠵᠦ᠍᠂ ᠲᠤᠬᠠᠢ᠎ᠶ᠋ᠢᠨ ᠭᠠᠵᠠᠷ᠎ᠲᠠᠭᠠᠨ ᠣᠷᠤᠯᠭ᠎ᠠ᠎ᠪᠠᠨ ᠨᠡᠮᠡᠭᠳᠡᠭᠦᠯᠬᠦ᠌》 ᠶ᠋ᠢ ᠪᠡᠶᠡᠯᠡᠭᠦᠯᠪᠡ᠃ 《ᠮᠠᠨ᠎ᠤ ᠪᠠᠯᠭᠠᠰᠤ ᠦᠯᠡᠳᠡᠭᠰᠡᠨ 4300 ᠮᠦ᠍ ᠬᠡᠭᠡᠷ᠎ᠡ᠎ᠶ᠋ᠢᠨ ᠭᠦᠢᠯᠡᠰᠦ᠎ᠶ᠋ᠢ ᠰᠠᠶ᠋ᠢᠵᠢᠷᠠᠭᠤᠯᠤᠨ ᠥᠭᠡᠷᠡᠴᠢᠯᠡᠬᠦ᠌ ᠠᠵᠢᠯ᠎ᠢ ᠦᠷᠭᠦᠯᠵᠢᠯᠡᠨ ᠠᠬᠢᠭᠤᠯᠵᠤ᠂ ᠰᠢᠯᠢᠳᠡᠭ ᠬᠠᠪᠳᠠᠭᠠᠢ ᠭᠦᠢᠯᠡᠰᠦ ᠲᠠᠷᠢᠬᠤ ᠬᠡᠪᠴᠢᠶ᠎ᠡ᠎ᠶ᠋ᠢ ᠲᠠᠰᠤᠷᠠᠯᠲᠠ᠎ᠦᠭᠡᠢ ᠥᠷᠭᠡᠳᠬᠡᠵᠦ᠍᠂ ᠤᠢ ᠵᠢᠮᠢᠰ᠎ᠤᠨ ᠪᠦᠬᠦ᠌ ᠠᠵᠤ ᠦᠢᠯᠡᠰ᠎ᠤᠨ ᠬᠡᠯᠬᠢᠶ᠎ᠡ᠎ᠶ᠋ᠢ ᠲᠡᠭᠦᠯᠳᠡᠷᠵᠢᠭᠦᠯᠵᠦ᠍᠂ 〈ᠠᠮᠢ ᠠᠬᠤᠢ + ᠠᠵᠤ ᠦᠢᠯᠡᠰ〉 ᠤ᠋ᠨ ᠬᠤᠤᠰ ᠦᠷ᠎ᠡ ᠠᠰᠢᠭ᠎ᠢ ᠦᠷᠭᠦᠯᠵᠢᠯᠡᠨ ᠨᠡᠮᠡᠭᠳᠡᠭᠦᠯᠦᠨ᠎ᠠ》 ᠬᠡᠵᠦ ᠰᠤ᠌ ᠸᠧᠢ ᠢᠯᠡᠳᠭᠡᠪᠡ᠃

ᠠᠭᠯᠠᠭ ᠠᠭᠤᠯᠠ ᠬᠥᠬᠡᠷᠡᠨ ᠨᠣᠭᠤᠭᠠᠷᠠᠵᠤ᠂ ᠭᠦᠢᠯᠡᠰᠦᠨ ᠤ᠋ ᠠᠩᠬᠢᠯᠤᠮ᠎ᠠ ᠦᠨᠦᠷ ᠬᠠᠩᠬᠤᠯᠤᠨ᠎ᠠ᠃ ᠨᠠᠷᠢᠨ ᠪᠠᠯᠭᠠᠰᠤᠨ᠎ᠤ ᠠᠮᠢ ᠠᠬᠤᠢ᠎ᠶ᠋ᠢᠨ ᠵᠠᠰᠠᠯᠲᠠ᠎ᠶ᠋ᠢᠨ ᠦᠷ᠎ᠡ ᠪᠦᠲᠦᠭᠡᠯ ᠦᠷᠭᠦᠯᠵᠢᠯᠡᠨ ᠪᠠᠬᠢᠵᠢᠵᠦ᠍᠂ ᠠᠵᠤ ᠦᠢᠯᠡᠰ᠎ᠢᠶᠠᠷ ᠠᠷᠠᠳ᠎ᠢ ᠪᠠᠶᠠᠵᠢᠭᠤᠯᠬᠤ ᠦᠷ᠎ᠡ ᠠᠰᠢᠭ ᠲᠠᠰᠤᠷᠠᠯᠲᠠ᠎ᠦᠭᠡᠢ ᠢᠯᠡᠷᠡᠵᠦ᠍᠂ ᠵᠢᠵᠢᠭ ᠭᠦᠢᠯᠡᠰᠦ ᠶᠠᠭ ᠤᠯᠠᠨ ᠲᠦᠮᠡᠨ᠎ᠢ ᠳᠠᠶ᠋ᠢᠴᠢᠯᠠᠨ ᠣᠷᠤᠯᠭ᠎ᠠ᠎ᠶ᠋ᠢ ᠲᠣᠭᠲᠠᠭᠤᠨ᠎ᠢᠶᠠᠷ ᠨᠡᠮᠡᠭᠳᠡᠭᠦᠯᠵᠦ᠍᠂ ᠬᠥᠳᠡᠭᠡ ᠲᠣᠰᠭᠤᠨ᠎ᠢ ᠪᠦᠬᠦ᠌ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌ ᠪᠣᠬᠢᠷᠲᠤᠯ᠎ᠦᠭᠡᠢ ᠲᠣᠮᠤ ᠠᠵᠤ ᠦᠢᠯᠡᠰ ᠪᠣᠯᠵᠤ ᠪᠠᠶ᠋ᠢᠨ᠎ᠠ᠃

【ᠰᠤᠷᠪᠤᠯᠵᠢᠯᠠᠭᠴᠢ ᠶ᠋ᠢᠨ ᠡᠪᠦᠷ ᠲᠡᠮᠳᠡᠭᠯᠡᠯ】

ᠨᠠᠷᠢᠨ ᠪᠠᠯᠭᠠᠰᠤᠨ᠎ᠤ ᠲᠠᠷᠢᠶᠠᠨ ᠭᠠᠵᠠᠷ ᠵᠢᠡᠷ ᠬᠦᠨᠵᠡᠬᠡᠢᠷᠡᠬᠦ᠎ᠳᠤ ᠨᠢᠳᠦᠨ᠎ᠳᠦ ᠦᠵᠡᠭᠳᠡᠵᠦ᠍ ᠭᠠᠷ᠎ᠲᠤ᠌ ᠪᠠᠷᠢᠭᠳᠠᠮ᠎ᠠ ᠡᠯᠪᠡᠭ ᠬᠤᠷᠢᠶᠠᠯᠲᠠ᠎ᠨᠢ ᠬᠥᠮᠦᠰ᠎ᠦᠨ ᠰᠡᠳᠭᠢᠯ᠎ᠢ ᠬᠠᠮᠤᠭ᠎ᠠᠴᠠ ᠢᠯᠡᠭᠦᠦ ᠬᠥᠳᠡᠯᠭᠡᠨ᠎ᠡ᠃ ᠡᠵᠡᠭᠦᠢ ᠠᠭᠤᠯᠠ ᠠᠲᠠᠷ ᠬᠥᠲᠦᠯ ᠡᠴᠡ ᠠᠮᠳᠠᠲᠤ ᠵᠢᠮᠢᠰ ᠪᠠᠭᠰᠢᠷᠠᠯᠳᠤᠭᠰᠠᠨ ᠭᠦᠢᠯᠡᠰᠦᠨ ᠬᠦᠷᠢᠶᠡᠯᠡᠨᠭ ᠬᠦᠷᠲᠡᠯ᠎ᠡ᠂ ᠤᠨᠠᠯᠲᠠ ᠳᠣᠤᠷ᠎ᠠ ᠤᠯᠠᠮᠵᠢᠯᠠᠯᠲᠤ᠌ ᠬᠡᠬᠡᠷ᠎ᠠ ᠵᠢᠨ ᠭᠦᠢᠯᠡᠰᠦ ᠡᠴᠡ ᠴᠢᠨᠠᠷ ᠰᠠᠶ᠋ᠢᠲᠠᠢ ᠥᠨᠳᠦᠷ ᠪᠦᠲᠦᠮᠵᠢᠲᠡᠢ ᠬᠠᠪᠲᠠᠭᠠᠢ ᠭᠦᠢᠯᠡᠰᠦ ᠪᠤᠯᠭᠠᠨ ᠰᠠᠶ᠋ᠢᠵᠢᠷᠠᠭᠤᠯᠤᠭᠰᠠᠨ ᠬᠦᠷᠲᠡᠯ᠎ᠡ᠂ ᠨᠠᠷᠢᠨ ᠪᠠᠯᠭᠠᠰᠤ᠎ᠨᠢ ᠬᠥᠭᠵᠢᠯᠲᠡ᠎ᠶ᠋ᠢᠨ ᠵᠠᠭᠪᠤᠷ᠎ᠢᠶᠠᠨ ᠲᠡᠷᠡ ᠬᠡᠪ᠎ᠢᠶᠠᠷ᠎ᠨᠢ ᠨᠡᠬᠦᠯᠬᠡᠭᠰᠡᠨ᠎ᠦᠭᠡᠢ᠂ ᠬᠠᠷᠢᠨ ᠨᠤᠲᠤᠭ᠎ᠤᠨ ᠪᠣᠳᠠᠲᠤ᠌ ᠪᠠᠶ᠋ᠢᠳᠠᠯ᠎ᠳᠠᠭᠠᠨ ᠰᠠᠭᠤᠷᠢᠯᠠᠨ᠂ ᠨᠤᠲᠤᠭ᠎ᠤᠨ ᠳᠠᠪᠠᠭᠤᠯᠢᠭ᠎ᠢᠶᠠᠨ ᠭᠦᠨᠵᠡᠭᠡᠢ ᠠᠭᠤᠳᠠᠯᠵᠤ᠂ ᠵᠢᠵᠢᠭᠬᠡᠨ ᠤᠢ ᠵᠢᠮᠢᠰ᠎ᠢᠶᠠᠷ ᠲᠣᠮᠤ ᠠᠵᠤ ᠦᠢᠯᠡᠰ ᠢ᠋ ᠬᠦᠭᠵᠢᠬᠦᠯᠦᠨ ᠪᠤᠵᠠᠭᠠᠢᠷᠠᠭᠤᠯᠵᠠᠢ᠃

ᠠᠮᠢ ᠠᠬᠤᠢ᠎ᠶ᠋ᠢᠨ ᠰᠡᠷᠭᠦᠭᠡᠯᠲᠡ᠎ᠨᠢ ᠤᠢᠵᠢᠭᠤᠯᠤᠯᠳᠠ ᠪᠠᠷ ᠵᠣᠭᠰᠤᠬᠤ᠎ᠦᠭᠡᠢ᠂ ᠨᠠᠩ᠎ᠴᠤ᠌ 《ᠠᠷᠠᠳ᠎ᠢ ᠪᠠᠶᠠᠵᠢᠭᠤᠯᠬᠤ》 ᠳ᠋ᠤ ᠪᠣᠢ᠃ ᠡᠭᠦᠯᠳᠡᠷ᠎ᠢ ᠰᠠᠶ᠋ᠢᠵᠢᠷᠠᠭᠤᠯᠤᠨ ᠶᠠᠰᠤ ᠴᠢᠨᠠᠷ᠎ᠢ ᠳᠡᠭᠡᠭᠰᠢᠯᠡᠭᠦᠯᠵᠦ᠍᠂ ᠮᠡᠷᠭᠡᠵᠢᠯ᠎ᠤᠨ ᠦᠢᠯᠡᠴᠢᠯᠡᠭᠡ ᠪᠡᠷ ᠬᠦᠴᠦᠨ ᠣᠯᠭᠤᠵᠤ᠂ ᠲᠦᠷᠦ᠎ᠶ᠋ᠢᠨ ᠪᠤᠳᠤᠯᠭ᠎ᠠ᠎ᠶ᠋ᠢᠨ ᠪᠡᠯᠡ ᠮᠥᠩᠭᠦ᠎ᠪᠠᠷ ᠬᠦᠭᠵᠢᠯᠳᠡ ᠵᠢᠨ ᠠᠶᠠᠨ᠎ᠢ ᠬᠠᠮᠠᠭᠠᠯᠠᠵᠤ᠂ ᠠᠯᠢ ᠤᠯᠠᠨ ᠪᠣᠳᠠᠲᠠᠢ᠎ᠶ᠋ᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠌᠂ ᠡᠵᠡᠭᠦᠢ ᠠᠭᠤᠯᠠ᠎ᠶ᠋ᠢ ᠨᠤᠮᠢᠨ ᠪᠦᠷᠢᠳᠤ ᠪᠤᠯᠭᠠᠵᠤ᠂ ᠤᠢ ᠮᠣᠳᠤ᠎ᠶ᠋ᠢ ᠡᠳ᠋᠎ᠤᠨ ᠢᠷᠡᠯᠲᠡ ᠪᠣᠯᠭᠠᠨ ᠬᠤᠪᠢᠷᠠᠭᠤᠯᠵᠤ᠂ ᠠᠮᠢ ᠠᠬᠤᠢ᠎ᠶ᠋ᠢᠨ ᠦᠷ᠎ᠡ ᠠᠰᠢᠭ ᠪᠣᠯᠤᠨ ᠠᠵᠤ ᠠᠬᠤᠢ᠎ᠶ᠋ᠢᠨ ᠦᠷ᠎ᠡ ᠠᠰᠢᠭ᠎ᠤᠨ ᠬᠤᠤᠰ ᠠᠮᠵᠢᠯᠲᠠ᠎ᠶ᠋ᠢ ᠦᠨᠡᠨ ᠬᠦ᠌ ᠪᠡᠶᠡᠯᠡᠭᠦᠯᠦᠭᠰᠡᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面