2026-08-24 16:51:21
ᠠᠩᠬᠢᠯᠤᠮ᠎ᠠ ᠰᠦ ᠵᠢᠨ ᠮᠢᠯᠢᠶᠠᠯᠭ᠎ᠠ ᠲᠠᠢ ᠠᠯᠳᠠᠨ ᠰᠢᠷᠭᠠᠯ ᠭᠤᠪᠢ ᠨᠤᠳᠤᠭ
ᠨᠠᠮᠤᠷ ᠤᠨ ᠡᠬᠢ ᠪᠡᠷ᠂ ᠠᠯᠠᠱᠠ ᠠᠶ᠋ᠢᠮᠠᠭ ᠤ᠋ᠨ ᠠᠯᠠᠱᠠ ᠪᠠᠷᠠᠭᠤᠨ ᠬᠣᠰᠢᠭᠤᠨ ᠤ᠋ ᠠᠯᠲᠠᠨ ᠣᠪᠣᠭ᠎ᠠ ᠪᠠᠯᠭᠠᠰᠤᠨ ᠤ᠋ ᠰᠦ᠋ ᠬᠤᠷᠢᠶᠠᠬᠤ ᠥᠷᠲᠡᠭᠡ ᠳ᠋ᠤ ᠮᠠᠯᠴᠢᠳ ᠰᠢᠨᠡᠬᠡᠨ ᠰᠠᠭᠠᠬᠰᠠᠨ ᠢᠩᠭᠡᠨ ᠰᠦ᠋ ᠪᠡᠨ ᠬᠦᠷᠭᠡᠨ ᠢᠷᠡᠵᠡᠭᠡᠵᠦ ᠪᠠᠢᠯ᠎ᠠ᠃
《ᠢᠨᠭᠭᠡᠨ ᠰᠦ ᠵᠢ ᠦᠢᠯᠡᠳᠪᠦᠷᠢ ᠳ᠋ᠤ ᠬᠦᠷᠭᠡᠬᠦ ᠡᠴᠡ ᠪᠦᠲᠦᠭᠡᠭᠳᠡᠬᠦᠨ ᠢ᠋ ᠦᠢᠯᠡᠳᠪᠦᠷᠢ ᠡᠴᠡ ᠭᠠᠷᠭᠠᠬᠤ ᠬᠦᠷᠲᠡᠯ᠎ᠡ᠂ ᠡᠯ᠎ᠡ ᠵᠦᠢᠯ ᠤ᠋ᠨ ᠭᠦᠢᠴᠡᠳᠭᠡᠯ ᠲᠣᠭ᠎ᠠ ᠵᠢ ᠱᠠᠲᠤ᠌ ᠱᠠᠲᠤ ᠪᠡᠷ ᠴᠢᠨᠭᠭ᠎ᠠ ᠠᠳᠬᠤᠬᠤ ᠶ᠋ᠢᠨ ᠬᠠᠮᠲᠤ᠌ ᠪᠢᠳᠡ ᠪᠥᠬᠥ᠌ ᠶᠠᠪᠤᠴᠠ ᠶ᠋ᠢᠨ ᠲᠣᠭᠠᠴᠢᠯᠠᠭᠰᠠᠨ ᠡᠬᠢ ᠡᠭᠦᠰᠦᠯ ᠢ᠋ ᠮᠦᠷᠳᠡᠬᠦ ᠰᠢᠰᠲ᠋ᠧᠮ ᠢ᠋ ᠪᠠᠶ᠋ᠢᠭᠤᠯᠵᠤ᠂ 〈ᠳᠤᠰᠤᠯ ᠰᠦ᠋ ᠪᠦᠷᠢ ᠵᠢ ᠴᠥᠮ ᠮᠥᠷᠳᠡᠵᠦ᠍ ᠪᠣᠯᠬᠤ〉 ᠵᠢ ᠪᠡᠶᠡᠯᠡᠭᠦᠯᠵᠦ᠍᠂ ᠬᠡᠷᠡᠭᠯᠡᠭᠴᠢᠳ ᠺᠣᠳ᠋ ᠰᠢᠷᠪᠢᠪᠡᠯ ᠳᠠᠷᠤᠶ ᠰᠦ᠋ ᠶ᠋ᠢᠨ ᠢᠷᠡᠯᠲᠡ ᠶ᠋ᠢᠨ ᠮᠠᠯᠵᠢᠯ ᠤ᠋ᠨ ᠲᠠᠯᠠᠪᠠᠶ᠂ ᠦᠢᠯᠡᠳᠪᠦᠷᠢᠯᠡᠯ ᠤ᠋ᠨ ᠶᠠᠪᠤᠴᠠ᠂ ᠪᠠᠶ᠋ᠢᠴᠠᠭᠠᠨ ᠬᠡᠮᠵᠢᠭᠰᠡᠨ ᠮᠡᠳᠡᠭᠦᠯᠦᠯᠲᠡ ᠵᠡᠷᠭᠡ ᠪᠥᠬᠥ᠌ ᠭᠣᠭᠴᠣᠭ᠎ᠠ ᠶ᠋ᠢᠨ ᠮᠡᠳᠡᠭᠡ ᠵᠠᠩᠭᠢ ᠵᠢ ᠤᠢᠯᠠᠭᠠᠵᠤ ᠪᠤᠯᠤᠨ᠎ᠠ》 ᠭᠡᠵᠦ ᠠᠯᠠᠱᠠ ᠪᠠᠷᠠᠭᠤᠨ ᠬᠣᠰᠢᠭᠤᠨ ᠤ᠋ ᠱᠸᠨ ᠲᠦᠸᠸ ᠰᠦ᠋ ᠶ᠋ᠢᠨ ᠦᠢᠯᠡᠰ ᠤ᠋ᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠺᠣᠮᠫᠠᠨᠢ ᠶ᠋ᠢᠨ ᠰᠢᠨᠵᠢᠯᠡᠨ ᠰᠢᠯᠭᠠᠬᠤ ᠲᠠᠰᠤᠭ ᠤ᠋ᠨ ᠡᠷᠬᠢᠯᠡᠭᠴᠢ ᠰᠢᠤᠸᠠᠢ ᠬᠣᠶ ᠲᠠᠨᠢᠯᠴᠠᠭᠤᠯᠪᠠ᠃
ᠢᠨᠭᠭᠡᠨ ᠰᠦ᠋ ᠶ᠋ᠢᠨ ᠰᠢᠨ᠎ᠡ ᠰᠣᠷᠭᠣᠭ ᠤ᠋ᠨ ᠬᠡᠮᠵᠢᠶ᠎ᠡ ᠪᠠ ᠭᠤᠤᠯ ᠰᠢᠮ᠎ᠡ ᠲᠡᠵᠢᠭᠡᠯ ᠤ᠋ᠨ ᠪᠦᠷᠢᠯᠳᠦᠬᠦᠨ ᠢ᠋ ᠬᠠᠮᠤᠭ ᠤ᠋ᠨ ᠶᠡᠬᠡ ᠬᠡᠮᠵᠢᠶ᠎ᠡ ᠪᠡᠷ ᠬᠠᠳᠠᠭᠠᠯᠠᠬᠤ ᠶ᠋ᠢᠨ ᠲᠥᠯᠥᠭᠡ᠂ ᠲᠤᠬᠠᠶ ᠶ᠋ᠢᠨ ᠭᠠᠵᠠᠷ ᠤ᠋ᠨ ᠢᠨᠭᠭᠡᠨ ᠰᠦ᠋ ᠡᠳ᠋ᠰᠢᠭᠦᠯᠬᠦ᠌ ᠠᠵᠤ ᠠᠬᠤᠶ᠋ᠢᠯᠠᠯ ᠤᠢᠷ᠎ᠠ ᠤᠬᠲᠠᠷᠭᠤᠢ ᠶ᠋ᠢᠨ ᠢᠨᠭᠭᠡᠨ ᠰᠦ᠋ ᠶ᠋ᠢᠨ ᠲᠡᠭᠡᠭᠡᠪᠦᠷᠢ ᠶ᠋ᠢᠨ ᠠᠵᠤ ᠠᠬᠤᠶ᠋ᠢᠯᠠᠯ᠂ ᠬᠡᠷ ᠪᠦᠯᠢ ᠶ᠋ᠢᠨ ᠮᠠᠯᠵᠢᠯ ᠤ᠋ᠨ ᠲᠠᠯᠠᠪᠠᠶ ᠲᠠᠢ ᠢᠳᠡᠪᠬᠢᠲᠡᠶ ᠬᠣᠯᠪᠣᠭᠠᠯᠠᠨ ᠬᠠᠮᠲᠤᠷᠠᠯᠴᠠᠵᠦ᠂ ᠲᠤᠰᠬᠠᠢ ᠦᠢᠯᠡᠳᠦᠭᠰᠡᠨ ᠳᠤᠯᠠᠭᠠᠨ ᠢ᠋ ᠡᠵᠡᠮᠳᠡᠬᠦ᠌ ᠲᠥᠬᠥᠭᠡᠷᠦᠮᠵᠢ ᠬᠢᠭᠡᠳ ᠲᠤᠰᠬᠠᠶ ᠠᠶᠠᠯᠠᠯ ᠤ᠋ᠨ ᠱᠤᠭᠤᠮ ᠢ᠋ᠶ᠋ᠡᠷ ᠳᠠᠮᠵᠢᠨ᠂ ᠢᠨᠭᠭᠡᠨ ᠰᠦ ᠵᠢ ᠬᠠᠮᠤᠭ ᠤ᠋ᠨ ᠣᠬᠣᠷᠬᠠᠨ ᠬᠤᠭᠤᠴᠠᠭᠠᠨ ᠳ᠋ᠤ ᠦᠢᠯᠡᠳᠪᠦᠷᠢ ᠳ᠋ᠤ ᠬᠦᠷᠭᠡᠵᠦ᠍᠂ ᠢᠨᠭᠭᠡᠨ ᠰᠦ᠋ ᠶ᠋ᠢᠨ ᠰᠢᠮ᠎ᠡ ᠲᠡᠵᠢᠭᠡᠯ ᠪᠠ ᠦᠨᠦᠷ ᠠᠮᠲᠠ ᠵᠢ ᠪᠦᠲᠦᠮᠵᠢᠲᠡᠶ ᠪᠠᠲᠤᠯᠠᠪᠠ᠃
《ᠳᠤᠮᠳᠠᠳᠤ ᠤᠯᠤᠰ ᠤ᠋ᠨ ᠢᠨᠭᠭᠡᠨ ᠰᠦ᠋ ᠶ᠋ᠢᠨ ᠨᠤᠲᠤᠭ》 ᠬᠡᠮᠡᠨ ᠠᠯᠳᠠᠷᠰᠢᠬᠰᠠᠨ ᠠᠯᠠᠱᠠ ᠪᠠᠷᠠᠭᠤᠨ ᠬᠣᠰᠢᠭᠤ ᠪᠤᠯ ᠪᠥᠬᠥ᠌ ᠤᠯᠤᠰ ᠤ᠋ᠨ ᠬᠤᠤᠰ ᠪᠥᠬᠥᠲᠦ᠍ ᠲᠡᠮᠡᠭᠡᠨ ᠤ᠋ ᠲᠣᠭ᠎ᠠ ᠬᠡᠮᠵᠢᠶ᠎ᠡ ᠪᠡᠷ ᠬᠠᠮᠤᠭ ᠤ᠋ᠨ ᠣᠯᠠᠨ ᠭᠤᠤᠯ ᠣᠷᠣᠨ ᠪᠤᠯᠤᠨ᠎ᠠ᠃ ᠣᠳᠣᠬᠠᠨ ᠳ᠋ᠤ ᠲᠣᠰ ᠬᠣᠰᠢᠭᠤᠨ ᠤ᠋ ᠬᠤᠤᠰ ᠪᠥᠬᠥᠲᠦ᠍ ᠲᠡᠮᠡᠭᠡᠨ ᠤ᠋ ᠲᠣᠭ᠎ᠠ 8 ᠲᠦᠮᠡ ᠭᠠᠷᠤᠶ ᠪᠠᠶ᠋ᠢᠵᠤ᠂ ᠡᠭᠦᠨ ᠳ᠋ᠤ ᠰᠠᠭᠠᠯᠢ ᠶ᠋ᠢᠨ ᠢᠨᠭᠭᠡ 2.4 ᠲᠦᠮᠡ ᠰᠢᠬᠠᠮ ᠪᠠᠶ᠋ᠢᠨ᠎ᠠ᠃ ᠣᠶ᠋ᠢᠷ᠎ᠠ ᠶ᠋ᠢᠨ ᠵᠢᠯ ᠡᠴᠡ ᠨᠠᠭᠠᠰᠢ᠂ ᠲᠣᠰ ᠬᠣᠰᠢᠭᠤ ᠬᠤᠤᠰ ᠪᠥᠬᠥᠲᠦ᠍ ᠲᠡᠮᠡᠭᠡᠨ ᠤ᠋ ᠡᠬᠢ ᠪᠠᠶᠠᠯᠢᠭ ᠤ᠋ᠨ ᠳᠠᠪᠠᠭᠤᠯᠢᠭ ᠲᠠᠭᠠᠨ ᠰᠠᠭᠤᠷᠢᠯᠠᠨ᠂ ᠲᠡᠮᠡᠭᠡᠨ ᠤ᠋ ᠠᠵᠤ ᠦᠢᠯᠡᠰ ᠢ᠋ ᠦᠷᠭᠦᠯᠵᠢᠯᠡᠨ ᠬᠦᠴᠦᠷᠬᠡᠭᠵᠢᠭᠦᠯᠵᠦ᠍᠂ ᠲᠡᠮᠡᠭᠡᠨ ᠰᠦᠷᠦᠭ ᠢ᠋ ᠨᠠᠶ᠋ᠢᠳᠠᠨ ᠬᠠᠮᠢᠶᠠᠷᠤᠭᠤᠯᠬᠤ᠂ ᠬᠤᠪᠢ ᠣᠷᠣᠭᠤᠯᠤᠨ ᠠᠰᠢᠭ ᠬᠤᠪᠢᠶᠠᠬᠤ᠂ ᠵᠠᠬᠢᠶᠠᠯᠠᠭ᠎ᠠ ᠪᠡᠷ ᠬᠤᠳᠠᠯᠳᠤᠨ ᠠᠪᠬᠤ ᠵᠡᠷᠭᠡ ᠣᠯᠠᠨ ᠵᠦᠢᠯ ᠤ᠋ᠨ ᠠᠷᠭ᠎ᠠ ᠬᠡᠯᠪᠡᠷᠢ ᠪᠡᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠡᠷᠦᠬᠡ ᠲᠠᠢ ᠬᠣᠯᠪᠣᠭᠠᠯᠠᠨ 《ᠳᠠᠭᠠᠭᠤᠯᠤᠭᠴᠢ ᠠᠵᠤ ᠠᠬᠤᠶ᠋ᠢᠯᠠᠯ + ᠬᠣᠷᠰᠢᠶ᠎ᠠ + ᠲᠡᠵᠢᠭᠡᠨ ᠦᠷᠡᠵᠢᠭᠦᠯᠬᠦ᠌ ᠰᠠᠭᠤᠷᠢᠨ + ᠮᠠᠯᠵᠢᠬᠤ ᠲᠠᠷᠢᠶᠠᠯᠠᠬᠤ ᠡᠷᠦᠬᠡ》 ᠶ᠋ᠢᠨ ᠠᠰᠢᠭ ᠲᠤᠰᠠ ᠵᠢᠨ ᠬᠤᠯᠪᠤᠭᠠᠨᠤ ᠲᠣᠭᠲᠠᠴᠠ ᠵᠢ ᠪᠠᠶ᠋ᠢᠭᠤᠯᠵᠤ᠂ ᠮᠠᠯᠴᠢᠨ ᠲᠠᠷᠢᠶᠠᠴᠢᠨ ᠢ᠋ ᠠᠵᠤ ᠦᠢᠯᠡᠰ ᠤ᠋ᠨ ᠬᠡᠯᠬᠢᠶ᠎ᠡ ᠳ᠋ᠤ ᠭᠦᠨ ᠠᠭᠤᠰᠤᠯᠴᠠᠭᠤᠯᠵᠤ᠂ ᠬᠥᠭᠵᠢᠯᠲᠡ ᠶ᠋ᠢᠨ ᠠᠰᠢᠭ ᠲᠤᠰᠠ ᠵᠢ ᠬᠠᠮᠲᠤ ᠪᠡᠷ ᠡᠳ᠋ᠯᠡᠭᠦᠯᠵᠦ᠍ ᠪᠠᠶ᠋ᠢᠨ᠎ᠠ᠃ ᠣᠲᠣ ᠲᠡᠮᠡᠭᠡᠨ ᠤ᠋ ᠠᠵᠤ ᠦᠢᠯᠡᠰ ᠨᠢ ᠮᠠᠯᠴᠢᠨ ᠲᠠᠷᠢᠶᠠᠴᠢᠨ ᠤ᠋ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ᠂ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ 《ᠴᠢᠨᠡᠭᠡᠯᠢᠭᠵᠢᠯ ᠢ᠋ ᠬᠦᠲᠦᠯᠬᠦ ᠠᠵᠤ ᠦᠢᠯᠡᠰ》 ᠪᠤᠯᠪᠠ᠃
ᠠᠯᠠᠱᠠ ᠪᠠᠷᠠᠭᠤᠨ ᠬᠣᠰᠢᠭᠤᠨ ᠤ᠋ ᠱᠧᠨ ᠲᠦᠸᠧ ᠰᠦ ᠶ᠋ᠢᠨ ᠦᠢᠯᠡᠰ ᠤ᠋ᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠺᠣᠮᠫᠠᠨᠢ ᠶ᠋ᠢᠨ ᠣᠳᠣᠬᠢᠴᠢᠯᠠᠭᠰᠠᠨ ᠦᠢᠯᠡᠳᠪᠦᠷᠢᠯᠡᠯ ᠤ᠋ᠨ ᠲᠠᠰᠤᠭ ᠲᠦ᠍ ᠬᠦᠷᠪᠡᠯ᠂ 4 ᠨᠠᠷᠢᠯᠢᠭ ᠡᠳ᠋ᠰᠢᠭᠦᠯᠬᠦ᠌ ᠦᠢᠯᠡᠳᠪᠦᠷᠢᠯᠡᠯ ᠤ᠋ᠨ ᠱᠤᠭᠤᠮ ᠶᠠᠭ ᠡᠮᠬᠢ ᠵᠢᠷᠤᠮ ᠲᠠᠢ ᠠᠵᠢᠯᠯᠠᠵᠤ ᠪᠠᠶ᠋ᠢᠯ᠎ᠠ ᠃ ᠰᠢᠨ᠎ᠡ ᠰᠣᠷᠭᠣᠭ ᠢᠩᠭᠡᠨ ᠰᠦ ᠵᠢ ᠱᠦᠭᠦᠬᠦ᠌᠂ ᠪᠠᠺᠲ᠋ᠧᠷᠢ ᠤᠰᠠᠳᠬᠠᠬᠤ᠂ ᠥᠳᠬᠡᠷᠡᠭᠦᠯᠬᠦ᠌᠂ ᠬᠠᠳᠠᠭᠠᠬᠤ ᠵᠡᠷᠭᠡ ᠣᠯᠠᠨ ᠵᠦᠢᠯ ᠤ᠋ᠨ ᠠᠵᠢᠯ ᠤ᠋ᠨ ᠶᠠᠪᠤᠴᠠ ᠪᠠᠷ ᠳᠠᠮᠵᠢᠭᠤᠯᠤᠨ᠂ ᠣᠷᠭᠠᠨᠢᠭ ᠢᠩᠭᠡᠨ ᠰᠦᠨ ᠲᠠᠯᠬ᠎ᠠ᠂ ᠣᠷᠭᠠᠨᠢᠭ ᠰᠤᠷᠭᠤᠭ ᠢᠩᠭᠡᠨ ᠰᠦ᠋᠂ ᠢᠩᠭᠡᠨ ᠰᠦ᠋ ᠶ᠋ᠢᠨ ᠫᠧᠫᠲ᠋ᠢᠳ᠋ ᠵᠡᠷᠭᠡ ᠳᠡᠭᠡᠳᠦ ᠲᠠᠰ ᠤ᠋ᠨ ᠦᠢᠯᠡᠳᠬᠦᠨ ᠪᠣᠯᠭᠠᠨ ᠨᠠᠷᠢᠯᠢᠭ ᠪᠣᠯᠪᠠᠰᠤᠷᠠᠭᠤᠯᠵᠤ᠂ ᠪᠥᠬᠥ᠌ ᠤᠯᠤᠰ ᠤ᠋ᠨ ᠡᠯ᠎ᠡ ᠭᠠᠵᠠᠷ ᠲᠦ᠍ ᠲᠠᠰᠤᠷᠠᠯᠲᠠ ᠥᠬᠡᠶ ᠪᠣᠷᠣᠯᠠᠭᠤᠯᠵᠤ ᠪᠠᠶ᠋ᠢᠨ᠎ᠠ᠃ ᠦᠢᠯᠡᠳᠪᠦᠷᠢᠯᠡᠬᠦ ᠶᠠᠪᠤᠴᠠᠳᠤ᠂ ᠠᠵᠤ ᠠᠬᠤᠶ᠋ᠢᠯᠠᠯ ᠤ᠋ᠨ ᠬᠢᠨ ᠪᠥᠬᠥ᠌ ᠬᠡᠯᠬᠢᠶ᠎ᠡ ᠶ᠋ᠢᠨ ᠶᠠᠰᠤ ᠴᠢᠨᠠᠷ ᠤ᠋ᠨ ᠪᠣᠭᠣᠮᠲᠠ ᠵᠢ ᠴᠢᠩᠭ᠎ᠠ ᠠᠳᠬᠤᠵᠤ᠂ ᠳᠤᠤᠷ᠎ᠠ ᠳᠤᠯᠠᠭᠠᠨ ᠢ᠋ᠶ᠋ᠡᠷ ᠪᠠᠺᠲ᠋ᠧᠷᠢ ᠤᠰᠠᠳᠬᠠᠬᠤ ᠪᠠ ᠰᠦᠷᠴᠢᠨ ᠬᠠᠳᠠᠭᠠᠬᠤ ᠵᠡᠷᠭᠡ ᠲᠡᠷᠢᠭᠦᠨ ᠤ᠋ ᠤᠷ᠎ᠠ ᠮᠡᠷᠭᠡᠵᠢᠯ ᠢ᠋ ᠬᠡᠷᠡᠭᠯᠡᠨ᠂ 18 ᠤᠳᠠᠭ᠎ᠠ ᠶ᠋ᠢᠨ ᠪᠥᠬᠥ᠌ ᠶᠠᠪᠤᠴᠠ ᠶ᠋ᠢᠨ ᠪᠠᠶ᠋ᠢᠴᠠᠭᠠᠨ ᠬᠡᠮᠵᠢᠯᠲᠡ ᠵᠢ ᠴᠢᠩᠭ᠎ᠠ ᠬᠡᠷᠡᠭᠵᠢᠭᠦᠯᠵᠦ᠍᠂ ᠢᠨᠭᠭᠡᠨ ᠰᠦ᠋ ᠶ᠋ᠢᠨ ᠴᠡᠪᠡᠷ ᠰᠤᠷᠭᠤᠭ ᠪᠠ ᠰᠢᠮ᠎ᠡ ᠲᠡᠵᠢᠭᠡᠯ ᠢ᠋ ᠪᠥᠬᠥ᠌ ᠲᠠᠯ᠎ᠠ ᠪᠡᠷ ᠪᠠᠳᠤᠯᠠᠵᠤ ᠪᠠᠢᠨ᠎ᠠ᠃
ᠠᠯᠠᠱᠠ ᠪᠠᠷᠠᠭᠤᠨ ᠬᠣᠰᠢᠭᠤᠨ ᠤ᠋ ᠱᠸᠨ ᠲᠦᠸᠸ ᠰᠦ ᠶ᠋ᠢᠨ ᠦᠢᠯᠡᠰ ᠤ᠋ᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠺᠣᠮᠫᠠᠨᠢ ᠶ᠋ᠢᠨ ᠶᠡᠷᠦᠩᠬᠡᠶ ᠳᠠᠭᠠᠭᠠᠮᠠᠯ ᠸᠠᠩ ᠬᠠᠨ ᠯᠢᠨ ᠤ᠋ ᠲᠠᠨᠢᠯᠴᠠᠭᠤᠯᠤᠬᠰᠠᠨ ᠢ᠋ᠶ᠋ᠡᠷ᠂ ᠣᠳᠣᠬᠠᠨ ᠳ᠋ᠤ᠂ ᠱᠸᠨ ᠲᠦᠸᠸ ᠰᠦ᠋ ᠶ᠋ᠢᠨ ᠦᠢᠯᠡᠰ ᠨᠢᠭᠡᠨᠲᠡ ᠶᠠᠰᠤ ᠴᠢᠨᠠᠷ ᠤ᠋ᠨ ᠬᠠᠮᠢᠶᠠᠷᠤᠯᠲᠠ ᠶ᠋ᠢᠨ ᠰᠢᠰᠲ᠋ᠧᠮ᠂ ᠢᠳᠡᠭᠡᠨ ᠤ᠋ ᠠᠮᠤᠷ ᠲᠦᠪᠰᠢᠨ ᠤ᠋ ᠰᠢᠰᠲ᠋ᠧᠮ᠂ ᠣᠷᠭᠠᠨᠢᠭ ᠦᠢᠯᠡᠳᠬᠦᠨ ᠵᠡᠷᠭᠡ ᠣᠯᠠᠨ ᠵᠦᠢᠯ ᠤ᠋ᠨ ᠡᠷᠬᠡ ᠰᠦᠷᠲᠦ᠍ ᠭᠡᠷᠡᠴᠢᠯᠡᠯ ᠢ᠋ ᠥᠩᠭᠡᠷᠡᠭᠡᠵᠦ᠍᠂ ᠪᠥᠬᠥ᠌ ᠤᠯᠤᠰ ᠤ᠋ᠨ ᠠᠩᠬᠠᠳᠠᠭᠴᠢ ᠳᠤᠤᠷ᠎ᠠ ᠳᠤᠯᠠᠭᠠᠨ ᠢ᠋ᠶ᠋ᠡᠷ ᠪᠠᠺᠲ᠋ᠧᠷᠢ ᠤᠰᠠᠳᠬᠠᠬᠰᠠᠨ ᠢᠩᠭᠡᠨ ᠰᠦ᠋ ᠶ᠋ᠢᠨ 《ᠦᠪᠦᠷ ᠮᠤᠨᠭᠭᠤᠯ ᠨᠡᠷᠡᠮᠵᠢᠲᠦ》 ᠲᠦᠷᠦᠯ ᠲᠡᠮᠲᠡᠭ ᠤ᠋ᠨ ᠭᠡᠷᠡᠴᠢᠯᠡᠯ ᠢ᠋ ᠣᠯᠵᠤ᠂ 8 ᠵᠦᠢᠯ ᠤ᠋ᠨ ᠤᠯᠤᠰ ᠤ᠋ᠨ ᠲᠤᠰᠬᠠᠶ ᠠᠰᠢᠭ ᠲᠠᠢ ᠪᠠᠶ᠋ᠢᠵᠤ᠂ 12 ᠵᠦᠢᠯ ᠤ᠋ᠨ ᠢᠨᠭᠭᠡᠨ ᠰᠦ᠋ ᠶ᠋ᠢᠨ ᠦᠢᠯᠡᠳᠬᠦᠨ ᠢ᠋ ᠭᠠᠷᠭᠠᠵᠤ᠂ ᠬᠦᠴᠦᠷᠬᠡᠭ ᠶᠡᠬᠡ ᠪᠤᠳᠠᠳᠤ ᠬᠦᠴᠦᠨ ᠢ᠋ᠶ᠋ᠡᠷ ᠠᠵᠤ ᠦᠢᠯᠡᠰ ᠤ᠋ᠨ ᠶᠠᠰᠤ ᠴᠢᠨᠠᠷ ᠤ᠋ᠨ ᠱᠤᠭᠤᠮ ᠢ᠋ ᠪᠠᠲᠤ᠌ ᠴᠣᠭᠴᠠᠯᠠᠪᠠ᠃ 《ᠮᠠᠨ ᠤ᠋ ᠳᠠᠪᠠᠭᠤᠯᠢᠭ ᠬᠠᠮᠢᠭ᠎ᠠ ᠪᠠᠶ᠋ᠢᠨ᠎ᠠ ᠪᠤᠢ?ᠬᠡᠪᠡᠯ ᠮᠠᠯᠵᠢᠯ ᠤ᠋ᠨ ᠲᠠᠯᠠᠪᠠᠢ ᠤᠯᠤᠰ ᠤ᠋ᠨ ᠣᠷᠭᠠᠨᠢᠭ ᠤ᠋ᠨ ᠭᠡᠷᠡᠴᠢᠯᠡᠯ ᠢ᠋ ᠦᠨᠭᠭᠡᠷᠡᠭᠡᠵᠦ᠂ ᠦᠢᠯᠡᠳᠪᠦᠷᠢᠯᠡᠵᠦ ᠪᠤᠯᠪᠠᠰᠤᠷᠠᠭᠤᠯᠬᠤ ᠭᠤᠬᠴᠤᠭ᠎ᠠ ᠳ᠋ᠤ ᠤᠷᠭᠠᠨᠢᠭᠤᠨ ᠪᠠᠷᠢᠮᠵᠢᠶ᠎ᠠ ᠵᠢ ᠴᠢᠩᠭ᠎ᠠ ᠵᠢᠷᠤᠮᠯᠡᠵᠦ ᠪᠠᠢᠬᠤ ᠳ᠋ᠤ ᠪᠤᠢ᠃ ᠶᠠᠭ ᠡᠨᠡ ᠬᠦ᠌ ᠰᠢᠯᠢᠳᠡᠭ ᠴᠢᠨᠠᠷ ᠴᠢᠨᠰᠠᠭ᠎ᠠ ᠡᠴᠡ ᠪᠣᠯᠵᠤ᠂ ᠺᠣᠮᠫᠠᠨᠢ ᠶ᠋ᠢᠨ ᠦᠢᠯᠡᠳᠪᠦᠷᠢᠯᠡᠭᠰᠡᠨ ᠢᠨᠭᠭᠡᠨ ᠰᠦᠨ ᠲᠠᠯᠬ᠎ᠠ ᠡᠮᠦᠨᠡᠲᠦ᠍ ᠣᠷᠣᠨ ᠤ᠋ ᠵᠠᠬ᠎ᠠ ᠳᠡᠯᠭᠡᠭᠦᠷᠲᠦ ᠬᠡᠷᠡᠭᠯᠡᠭᠴᠢᠳ ᠤ᠋ᠨ ᠬᠦᠷᠢᠶᠡᠯᠡᠯ ᠢ᠋ ᠣᠯᠵᠤ ᠪᠠᠢᠨ᠎ᠠ》 ᠭᠡᠵᠦ᠍ ᠸᠠᠩ ᠬᠠᠨ ᠯᠢᠨ ᠬᠡᠯᠡᠨ᠎ᠠ᠃
ᠱᠸᠨ ᠲᠦᠸᠸ ᠰᠦ᠋ ᠶ᠋ᠢᠨ ᠦᠢᠯᠡᠰ ᠤ᠋ᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠺᠣᠮᠫᠠᠨᠢᠵᠢᠨ ᠬᠢᠨ ᠠᠯᠠᠱᠠ ᠪᠠᠷᠠᠭᠤᠨ ᠬᠣᠰᠢᠭᠤᠨ ᠤ᠋ ᠢᠨᠭᠭᠡᠨ ᠰᠦ᠋ ᠶ᠋ᠢᠨ ᠴᠢᠨᠠᠷ ᠰᠠᠶ᠋ᠢᠲᠠᠶ ᠡᠬᠢ ᠪᠠᠶᠠᠯᠢᠭ ᠲᠦ᠍ ᠲᠦᠰᠢᠭᠯᠡᠨ᠂ ᠦᠢᠯᠡᠳᠬᠦᠨ ᠢ᠋ᠶ᠋ᠡᠨ ᠲᠣᠰ ᠭᠠᠵᠠᠷ ᠤ᠋ᠨ ᠵᠠᠬ᠎ᠠ ᠳᠡᠯᠭᠡᠭᠦᠷ ᠲᠦ᠍ ᠬᠠᠩᠭᠠᠵᠤ ᠪᠠᠢᠬᠤ ᠪᠠᠷ ᠪᠠᠷᠠᠬᠤ ᠥᠬᠡᠶ ᠪᠠᠰᠠ ᠰᠦᠯᠵᠢᠶ᠎ᠠ ᠪᠠ ᠠᠬᠤᠢ ᠲᠠᠯᠠᠪᠠᠢᠵᠢᠨ ᠠᠷᠭ᠎ᠠ ᠬᠡᠯᠪᠡᠷᠢ ᠪᠡᠷ ᠳᠠᠮᠵᠢᠭᠤᠯᠤᠨ ᠪᠥᠬᠥ᠌ ᠤᠯᠤᠰ ᠤ᠋ᠨ 30 ᠭᠠᠷᠤᠶ ᠮᠤᠵᠢ ᠣᠷᠣᠨ ᠬᠣᠲᠠ ᠳ᠋ᠤ ᠪᠣᠷᠣᠯᠠᠭᠤᠯᠵᠤ᠂ 300 ᠭᠠᠷᠤᠶ ᠰᠠᠭᠠᠯᠢ ᠶ᠋ᠢᠨ ᠢᠨᠭᠭᠡ ᠶ᠋ᠢᠨ ᠲᠡᠵᠢᠭᠡᠨ ᠦᠷᠡᠵᠢᠭᠦᠯᠬᠦ᠌ ᠡᠷᠦᠬᠡ ᠵᠢ ᠳᠠᠶ᠋ᠢᠴᠢᠯᠠᠨ ᠣᠷᠣᠯᠭ᠎ᠠ ᠵᠢ ᠨᠢ ᠲᠣᠭᠲᠠᠭᠤᠨ ᠢ᠋ᠶ᠋ᠡᠷ ᠨᠡᠮᠡᠭᠳᠡᠭᠦᠯᠪᠡ ᠃
《ᠲᠡᠮᠡᠭᠡ ᠲᠡᠵᠢᠭᠡᠬᠦ᠌ ᠪᠣᠯ ᠮᠠᠨ ᠤ᠋ ᠮᠠᠯᠴᠢᠨ ᠲᠠᠷᠢᠶᠠᠴᠢᠨ ᠤ᠋ ᠪᠠᠶᠠᠵᠢᠨ ᠴᠢᠨᠡᠭᠡᠯᠢᠭᠵᠢᠬᠦ᠌ ᠰᠠᠢ᠌ᠨ ᠠᠵᠤ ᠦᠢᠯᠡᠰ ᠪᠣᠯᠤᠨ᠎ᠠ᠃ ᠤᠢ᠌ᠷ᠎ᠠ ᠶ᠋ᠢᠨ ᠵᠢᠯ ᠡᠴᠡ ᠨᠠᠭᠠᠰᠢ᠂ ᠲᠡᠮᠡᠭᠡᠨ ᠤ᠋ ᠠᠵᠤ ᠦᠢᠯᠡᠰ ᠢ᠋ ᠬᠥᠭᠵᠢᠭᠦᠯᠬᠦ᠌ ᠪᠡᠷ ᠳᠠᠮᠵᠢᠨ᠂ ᠭᠠᠴᠠᠭᠠᠨ ᠤ᠋ ᠮᠠᠰᠢ ᠤᠯᠠᠨ ᠮᠠᠯᠴᠢᠨ ᠲᠠᠷᠢᠶᠠᠴᠢᠨ ᠣᠷᠣᠯᠭ᠎ᠠ ᠪᠠᠨ ᠨᠡᠮᠡᠭᠳᠡᠭᠦᠯᠵᠦ᠍ ᠪᠠᠶᠠᠵᠢᠨ ᠴᠢᠨᠡᠭᠡᠯᠢᠭᠵᠢᠬᠦ᠌ ᠵᠠᠮ ᠢ᠋ᠶ᠋ᠡᠷ ᠵᠠᠮᠨᠠᠵᠠᠢ᠃ ᠣᠲᠣ ᠪᠢ ᠡᠳᠦᠷ ᠪᠦᠷᠢ ᠪᠠᠷᠢᠮᠵᠢᠶ᠎ᠠ ᠶᠣᠰᠣᠭᠠᠷ ᠰᠦ᠋ ᠰᠠᠭᠠᠵᠤ᠂ ᠰᠢᠨ᠎ᠡ ᠰᠤᠷᠭᠤᠭ ᠢᠨᠭᠭᠡᠨ ᠰᠦ᠋ ᠪᠠᠨ ᠬᠦᠢᠲᠡᠨ ᠢ᠋ᠶ᠋ᠡᠷ ᠬᠠᠳᠠᠭᠠᠯᠠᠭᠰᠠᠨ ᠤ᠋ ᠳᠠᠷᠠᠭ᠎ᠠ᠂ ᠣᠷᠳᠣ ᠬᠤᠭᠤᠴᠠᠭ᠎ᠠ ᠪᠠᠷ ᠬᠠᠮᠲᠤᠷᠠᠯᠴᠠᠭᠰᠠᠨ ᠢᠨᠭᠭᠡᠨ ᠰᠦ᠋ ᠡᠳ᠋ᠰᠢᠭᠦᠯᠬᠦ᠌ ᠠᠵᠤ ᠠᠬᠤᠶ᠋ᠢᠯᠠᠯ ᠳ᠋ᠤ ᠬᠦᠷᠭᠡᠨ ᠪᠣᠷᠣᠯᠠᠭᠤᠯᠵᠤ ᠪᠠᠶ᠋ᠢᠨ᠎ᠠ》 ᠭᠡᠵᠦ᠍ ᠭᠠᠴᠠᠭᠠᠨ ᠤ᠋ ᠮᠠᠯᠴᠢᠨ ᠡᠷᠳᠡᠨᠢᠰᠠᠩ ᠬᠡᠯᠡᠯ᠎ᠠ᠃
ᠡᠷᠳᠡᠨᠢᠰᠠᠩ ᠤ᠋ᠨ ᠬᠢᠨ 200 ᠭᠠᠷᠤᠢ ᠲᠡᠮᠡᠭᠡ ᠲᠡᠵᠢᠭᠡᠨ᠂ ᠰᠠᠭᠠᠯᠢ ᠶ᠋ᠢᠨ ᠢᠩᠭᠡ ᠪᠡᠷ ᠭᠣᠣᠯ ᠪᠣᠯᠭᠠᠵᠤ᠂ ᠲᠡᠷᠡ ᠰᠤᠯᠠ ᠲᠡᠵᠢᠭᠡᠬᠦ᠌ ᠪᠠ ᠪᠣᠷᠳᠣᠭ᠎ᠠ ᠨᠥᠬᠥᠪᠥᠷᠢᠯᠡᠬᠦ᠌ ᠠᠷᠭ᠎ᠠ ᠪᠡᠷ ᠰᠠᠭᠠᠯᠢ ᠶ᠋ᠢᠨ ᠢᠩᠭᠡ ᠶ᠋ᠢᠨ ᠡᠷᠡᠭᠦᠯ ᠢ᠋ᠶ᠋ᠡᠷ ᠤᠨᠳᠤᠷᠤᠬᠤ ᠵᠢ ᠪᠠᠲᠤᠯᠠᠳᠠᠭ᠃ ᠲᠡᠮᠡᠭᠡ ᠲᠡᠵᠢᠭᠡᠬᠦ᠌ ᠳ᠋ᠤ ᠲᠦᠰᠢᠭᠯᠡᠨ᠂ ᠡᠷᠳᠡᠨᠢᠰᠠᠩ ᠤ᠋ᠨ ᠬᠢᠨ ᠴᠢᠨᠡᠭᠡᠯᠢᠭᠵᠢᠯ ᠤ᠋ᠨ ᠵᠠᠮ ᠢ᠋ᠶ᠋ᠡᠷ ᠵᠠᠮᠨᠠᠵᠤ᠂ ᠵᠢᠯ ᠪᠦᠷᠢ ᠶ᠋ᠢᠨ ᠢᠨᠭᠭᠡᠨ ᠰᠦ᠋ ᠪᠣᠷᠣᠯᠠᠭᠤᠯᠤᠭᠰᠠᠨ ᠣᠷᠣᠯᠭ᠎ᠠ ᠨᠢ 20 ᠭᠠᠷᠤᠶ ᠲᠦᠮᠡᠨ ᠲᠥᠭᠥᠷᠢᠭ ᠲᠦ᠍ ᠬᠦᠷᠴᠡᠶ᠃
ᠮᠠᠯᠴᠢᠨ ᠲᠠᠷᠢᠶᠠᠴᠢᠨ ᠤ᠋ ᠲᠡᠮᠡᠭᠡ ᠲᠡᠵᠢᠭᠡᠬᠦ᠌ ᠢᠳᠡᠪᠬᠢᠵᠢᠯ ᠢ᠋ ᠲᠠᠢᠴᠢᠯᠠᠬᠤ ᠵᠢᠨ ᠲᠥᠯᠥᠭᠡ᠂ ᠣᠶ᠋ᠢᠷ᠎ᠠ ᠶ᠋ᠢᠨ ᠵᠢᠯ ᠡᠴᠡ ᠨᠠᠭᠠᠰᠢ᠂ ᠠᠯᠠᠱᠠ ᠪᠠᠷᠠᠭᠤᠨ ᠬᠣᠰᠢᠭᠤ ᠪᠠᠰᠠ ᠬᠠᠰᠢᠶ᠎ᠠ ᠰᠠᠷᠠᠪᠴᠢ ᠶ᠋ᠢᠨ ᠨᠥᠬᠥᠪᠥᠷᠢ᠂ ᠡᠪᠡᠰᠦ ᠪᠣᠷᠳᠣᠭ᠎ᠠ ᠬᠣᠷᠢᠶᠠᠨ ᠬᠠᠳᠠᠭᠠᠯᠠᠬᠤ ᠨᠥᠬᠥᠪᠥᠷᠢ᠂ ᠲᠡᠮᠡᠭᠡᠨ ᠤ᠋ ᠳᠠᠭᠠᠳᠬᠠᠯ ᠵᠡᠷᠭᠡ ᠠᠯᠢ ᠣᠯᠠᠨ ᠠᠷᠠᠳ ᠲᠦ᠍ ᠠᠰᠢᠭ ᠬᠦᠷᠲᠡᠭᠡᠬᠦ᠌ ᠲᠥᠷᠥ ᠶ᠋ᠢᠨ ᠪᠣᠳᠣᠯᠭ᠎ᠠ ᠵᠢ ᠬᠡᠷᠡᠭᠵᠢᠭᠦᠯᠵᠦ᠍᠂ ᠳᠠᠭᠠᠭᠤᠯᠤᠭᠴᠢ ᠠᠵᠤ ᠠᠬᠤᠶ᠋ᠢᠯᠠᠯ ᠤ᠋ᠨ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠪᠡᠷ ᠳᠠᠮᠵᠢᠭᠤᠯᠤᠨ᠂ ᠲᠡᠮᠡᠭᠡ ᠲᠡᠵᠢᠭᠡᠨ ᠦᠷᠡᠵᠢᠭᠦᠯᠬᠦ᠌ ᠵᠢᠷᠤᠮᠵᠢᠭᠰᠠᠨ ᠰᠢᠰᠲ᠋ᠧᠮ ᠢ᠋ ᠢᠳᠡᠪᠬᠢᠲᠡᠶ ᠪᠠᠶ᠋ᠢᠭᠤᠯᠵᠤ᠂ ᠣᠶᠤᠨᠴᠢ ᠮᠠᠯᠵᠢᠯ ᠤ᠋ᠨ ᠲᠠᠯᠠᠪᠠᠶ ᠶ᠋ᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠂ ᠲᠡᠮᠡᠭᠡᠨ ᠤ᠋ ᠠᠵᠤ ᠦᠢᠯᠡᠰ ᠤ᠋ᠨ ᠬᠡᠪᠴᠢᠶ᠎ᠡ ᠵᠢ ᠲᠠᠰᠤᠷᠠᠯᠲᠠ ᠥᠬᠡᠶ ᠬᠥᠭᠵᠢᠭᠦᠯᠦᠨ ᠪᠤᠵᠠᠭᠠᠶ᠋ᠢᠷᠠᠭᠤᠯᠤᠬᠰᠠᠨ ᠵᠢᠡᠷ ᠲᠡᠮᠡᠭᠡᠨ ᠤ᠋ ᠲᠣᠭ᠎ᠠ ᠪᠠ ᠰᠦ᠋ ᠶ᠋ᠢᠨ ᠭᠠᠷᠤᠯᠲᠠ ᠨᠢ ᠴᠥᠮ ᠪᠥᠬᠥ᠌ ᠣᠷᠣᠨ ᠳ᠋ᠤ ᠲᠦᠷᠦᠬᠦᠯᠡᠵᠤ᠂ ᠠᠵᠤ ᠦᠢᠯᠡᠰ ᠤ᠋ᠨ ᠬᠡᠪᠴᠢᠶ᠎ᠡ ᠪᠠ ᠦᠷ᠎ᠡ ᠠᠰᠢᠭ ᠤ᠋ᠨ ᠲᠠᠯ᠎ᠠ ᠪᠠᠷ ᠴᠢᠨᠠᠷ ᠤ᠋ᠨ ᠬᠤᠪᠢᠷᠠᠯᠳᠠ ᠵᠢ ᠪᠡᠶᠡᠯᠡᠭᠦᠯᠪᠡ᠃
[ ᠰᠤᠷᠪᠤᠯᠵᠢᠯᠠᠭᠴᠢ ᠶ᠋ᠢᠨ ᠡᠪᠦᠷ ᠲᠡᠮᠳᠡᠭᠯᠡᠯ ]
ᠠᠯᠠᠱᠠ ᠪᠠᠷᠠᠭᠤᠨ ᠬᠣᠰᠢᠭᠤᠨ ᠳ᠋ᠤ ᠭᠦᠨᠵᠡᠭᠡᠶ᠋ᠢᠷᠡᠨ ᠰᠤᠷᠪᠤᠯᠵᠢᠯᠠᠵᠤ ᠶᠠᠪᠤᠬᠤ ᠳ᠋ᠤ ᠂ ᠰᠢᠨ᠎ᠡ ᠰᠤᠷᠭᠤᠭ ᠢᠨᠭᠭᠡᠨ ᠰᠦ᠋ ᠬᠤᠳᠠᠯᠳᠤᠨ ᠠᠪᠬᠤ ᠥᠷᠲᠡᠭᠡ᠂ ᠣᠳᠣᠬᠢᠴᠢᠯᠠᠭᠰᠠᠨ ᠡᠳ᠋ᠰᠢᠭᠦᠯᠬᠦ᠌ ᠦᠢᠯᠡᠳᠪᠦᠷᠢ ᠶ᠋ᠢᠨ ᠲᠠᠰᠤᠭ ᠡᠴᠡ ᠮᠠᠯᠵᠢᠬᠤ ᠣᠷᠣᠨ ᠤ᠋ ᠪᠠᠷᠢᠮᠵᠢᠶᠠᠵᠢᠭᠰᠠᠨ ᠲᠡᠮᠡᠭᠡ ᠲᠡᠵᠢᠭᠡᠬᠦ᠌ ᠲᠠᠯᠠᠪᠠᠶ ᠬᠦᠷᠲᠡᠯ᠎ᠡ ᠴᠦᠮ ᠢᠨᠭᠭᠡᠨ ᠰᠦ᠋ ᠶ᠋ᠢᠨ ᠠᠩᠬᠢᠯᠤᠮ᠎ᠠ ᠦᠨᠦᠷ ᠬᠠᠩᠬᠤᠯᠵᠤ ᠂ ᠲᠤᠬᠠᠶ ᠶ᠋ᠢᠨ ᠭᠠᠵᠠᠷ ᠤ᠋ᠨ ᠣᠨᠴᠠᠯᠢᠭᠲᠤ᠌ ᠲᠡᠮᠡᠭᠡᠨ ᠤ᠋ ᠠᠵᠤ ᠦᠢᠯᠡᠰ ᠤ᠋ᠨ ᠥᠷᠨᠢᠩᠭᠦᠶ ᠬᠥᠭᠵᠢᠯᠲᠡ ᠬᠤᠪᠢᠷᠠᠯᠲᠠ ᠵᠢ ᠲᠤᠳᠤᠷᠠᠭᠤᠯᠤᠨ᠎ᠠ᠃
ᠣᠳᠣᠬᠠᠨ ᠳ᠋ᠤ ᠂ ᠠᠯᠠᠱᠠ ᠪᠠᠷᠠᠭᠤᠨ ᠬᠣᠰᠢᠭᠤᠨ ᠳ᠋ᠤ ᠲᠡᠮᠡᠭᠡᠨ ᠤ᠋ ᠠᠵᠤ ᠦᠢᠯᠡᠰ ᠨᠢ ᠣᠷᠣᠨ ᠨᠤᠲᠤᠭ ᠤ᠋ᠨ ᠴᠢᠨᠠᠷ ᠰᠠᠶ᠋ᠢᠲᠠᠶ ᠬᠥᠭᠵᠢᠯᠲᠡ ᠶ᠋ᠢᠨ ᠥᠪᠡᠷᠮᠢᠴᠡ ᠣᠨᠴᠠᠯᠢᠭᠳᠤ ᠨᠡᠷ᠎ᠡ ᠶ᠋ᠢᠨ ᠬᠠᠭᠤᠳᠠᠰᠤ ᠪᠣᠯᠤᠭᠰᠠᠨ ᠪᠥᠭᠡᠳ ᠨᠠᠩ ᠴᠤ᠌ ᠣᠯᠠᠨ ᠲᠦᠮᠡᠨ ᠤ᠋ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ᠂ ᠬᠥᠳᠡᠭᠡ ᠲᠣᠰᠬᠣᠨ ᠢ᠋ ᠪᠥᠬᠥ᠌ ᠲᠠᠯ᠎ᠠ ᠪᠡᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠴᠢᠬᠤᠯᠠ ᠲᠤᠯᠭᠠᠭᠤᠷᠢᠯᠠᠯ ᠪᠣᠯᠵᠠᠶ᠃ ᠢᠷᠡᠭᠡᠳᠦᠶ ᠳ᠋ᠤ ᠲᠣᠰ ᠬᠣᠰᠢᠭᠤ ᠶ᠋ᠢᠨ ᠬᠢᠨ ᠲᠡᠮᠡᠭᠡᠨ ᠤ᠋ ᠠᠵᠤ ᠦᠢᠯᠡᠰ ᠤ᠋ᠨ ᠬᠡᠯᠬᠢᠶ᠎ᠡ ᠵᠢ ᠦᠷᠭᠦᠯᠵᠢᠯᠡᠨ ᠲᠡᠭᠦᠯᠳᠡᠷᠵᠢᠭᠦᠯᠵᠦ᠍᠂ ᠪᠥᠬᠥ᠌ ᠠᠵᠤ ᠦᠢᠯᠡᠰ ᠤ᠋ᠨ ᠬᠥᠭᠵᠢᠯᠲᠡ ᠶ᠋ᠢᠨ ᠲᠠᠪᠴᠠᠩ ᠢ᠋ ᠪᠠᠶ᠋ᠢᠭᠤᠯᠤᠨ 《 ᠳᠤᠮᠳᠠᠳᠤ ᠤᠯᠤᠰ ᠤ᠋ᠨ ᠢᠨᠭᠭᠡᠨ ᠰᠦ᠋ ᠶ᠋ᠢᠨ ᠨᠤᠲᠤᠭ 》 ᠭᠡᠬᠦ᠌ ᠲᠦᠷᠦᠯ ᠲᠡᠮᠲᠡᠭ ᠵᠢᠡᠨ ᠨᠠᠡᠭ ᠬᠦᠭᠵᠢᠬᠦᠯᠤᠨ ᠠᠯᠳᠠᠷᠰᠢᠭᠤᠯᠬᠤ ᠨᠢ ᠯᠠᠪᠳᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃