2026-09-05 11:20:29
8 ᠰᠠᠷ᠎ᠠ ᠶ᠋ᠢᠨ 19 ᠤ᠋ ᠡᠳᠦᠷ᠂ ᠳᠠᠯᠠᠨ ᠬᠠᠷ᠎ᠠ ᠠᠭᠤᠯᠠ ᠶ᠋ᠢᠨ ᠡᠮᠦᠨ᠎ᠡ ᠬᠣᠷᠮᠣᠶ ᠶ᠋ᠢᠨ ᠡᠷᠳᠡᠨᠢ ᠰᠢᠰᠢ ᠶ᠋ᠢᠨ ᠲᠠᠷᠢᠶ᠎ᠠ ᠨᠣᠭᠣᠭᠠᠨ ᠦᠨᠭᠭᠡ ᠪᠠᠷ ᠬᠠᠯᠢᠭᠤᠷᠠᠨ᠂ ᠤᠳᠠᠯ ᠦᠭᠡᠢ ᠡᠯᠪᠡᠭ ᠬᠤᠷᠢᠶᠠᠯᠲᠠ ᠶ᠋ᠢᠨ ᠤᠯᠠᠷᠢᠯ ᠢ᠋ᠶ᠋ᠡᠨ ᠤᠬᠲᠤᠬᠤ ᠪᠣᠯᠤᠨ᠎ᠠ᠃
ᠪᠤᠭᠤᠲᠤ᠌ ᠬᠤᠳᠠ ᠶ᠋ᠢᠨ ᠲᠦᠮᠡᠳ ᠪᠠᠷᠠᠭᠤᠨ ᠬᠣᠰᠢᠭᠤᠨ ᠤ᠋ ᠵᠠᠩᠵᠤᠨ ᠶᠣᠣ ᠪᠠᠯᠭᠠᠰᠤᠨ ᠤ᠋ ᠳ᠋ᠦ᠋ ᠵᠢᠶᠠ ᠶᠣᠣ ᠲᠣᠰᠬᠣᠨ ᠳ᠋ᠤ᠂ ᠤᠬᠤᠭᠤᠷ ᠮᠠᠰᠢᠨ ᠬᠦᠷᠴᠢᠭᠢᠨᠡᠨ ᠭᠤᠤ ᠰᠤᠪᠠᠭ ᠮᠠᠯᠲᠠᠵᠤ᠂ ᠠᠵᠢᠯᠴᠢᠳ ᠬᠥᠯᠥᠰᠥ᠍ ᠤᠷᠤᠰᠬᠠᠨ ᠶᠠᠭᠠᠷᠠᠯᠲᠠᠢ ᠠᠵᠢᠯᠯᠠᠨ᠎ᠠ ᠃
《 ᠠᠬ᠎ᠠ ᠡ ᠂ ᠨᠠᠮᠤᠷ ᠤ᠋ᠨ ᠠᠮᠤ ᠪᠤᠳᠠᠭ᠎ᠠ ᠤᠳᠠᠯ ᠦᠭᠡᠢ ᠬᠤᠷᠢᠶᠠᠬᠤ ᠭᠡᠵᠦ᠍ ᠪᠠᠢᠨ᠎ᠠ᠂ ᠬᠡᠷᠪᠡ ᠪᠣᠷᠣᠭᠠᠨ ᠣᠷᠣᠪᠠᠯ ᠡᠨᠡ ᠪᠠᠷᠢᠯᠭ᠎ᠠ ᠶ᠋ᠢᠨ ᠠᠵᠢᠯ ᠢ᠋ ᠠᠮᠵᠢᠨ ᠳᠠᠭᠤᠰᠬᠠᠵᠤ ᠳᠡᠢᠯᠦᠨ᠎ᠡ ᠤ᠋ᠤ? 》 ᠭᠡᠵᠦ᠍ ᠰᠤᠷᠪᠤᠯᠵᠢᠯᠠᠭᠴᠢ ᠠᠰᠠᠭᠤᠬᠤᠳᠤ᠂ 《ᠠᠮᠵᠢᠨ᠎ᠠ᠂ ᠪᠠᠷᠢᠯᠭ᠎ᠠ ᠵᠢᠨ ᠠᠵᠢᠯ ᠢ᠋ ᠨᠠᠮᠤᠷ ᠤ᠋ᠨ ᠬᠤᠷᠢᠶᠠᠯᠲᠠ ᠡᠴᠡ ᠡᠮᠦᠨ᠎ᠡ ᠳᠠᠭᠤᠰᠬᠠᠴᠢᠬᠠᠨ᠎ᠠ》 ᠭᠡᠵᠤ ᠪᠠᠷᠢᠯᠭ᠎ᠠ ᠶ᠋ᠢᠨ ᠠᠩᠭᠢ ᠶ᠋ᠢᠨ ᠳ᠋ᠦᠩ ᠠᠬ᠎ᠠ ᠬᠠᠷᠢᠭᠤᠯᠤᠯ᠎ᠠ᠃
ᠲᠤᠰ ᠪᠠᠷᠢᠯᠭ᠎ᠠ ᠶ᠋ᠢᠨ ᠠᠨᠭᠭᠢ ᠶ᠋ᠢᠨ ᠬᠢᠵᠦ᠍ ᠪᠠᠶ᠋ᠢᠭ᠎ᠠ ᠲᠦᠷᠦᠯ ᠵᠦᠢᠯ ᠪᠣᠯ 2025 ᠣᠨ ᠤ᠋ ᠲᠦᠮᠡᠳ ᠪᠠᠷᠠᠭᠤᠨ ᠬᠣᠰᠢᠭᠤᠨ ᠤ᠋ 27.5 ᠲᠦᠮᠡᠨ ᠮᠦ᠍ ᠶ᠋ᠢᠨ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠤ᠋ᠨ ᠪᠦᠲᠦᠭᠡᠨ ᠪᠠᠶ᠋ᠢᠭᠤᠯᠤᠯᠲᠠ ᠶ᠋ᠢᠨ ᠨᠢᠭᠡ ᠬᠡᠰᠡᠭ ᠪᠣᠯᠤᠨ᠎ᠠ᠃ ᠲᠦᠮᠡᠳ ᠪᠠᠷᠠᠭᠤᠨ ᠬᠣᠰᠢᠭᠤ ᠪᠣᠯ ᠪᠤᠭᠤᠲᠤ᠌ ᠬᠣᠲᠠ ᠶ᠋ᠢᠨ ᠲᠠᠷᠢᠶᠠᠯᠠᠩ ᠤ᠋ᠨ ᠲᠣᠮᠣ ᠬᠣᠰᠢᠭᠤ ᠪᠠᠢᠵᠤ᠂ 178 ᠲᠦᠮᠡᠨ ᠮᠥ᠍ ᠲᠠᠷᠢᠶᠠᠨ ᠭᠠᠵᠠᠷ ᠤ᠋ᠨ ᠵᠢᠯ ᠪᠦᠷᠢ ᠶ᠋ᠢᠨ ᠭᠠᠷᠭᠠᠯᠲᠠ ᠨᠢ 17 ᠳ᠋ᠦᠩᠰᠢᠭᠤᠷ ᠵᠢᠩ ᠡᠴᠡ ᠳᠠᠪᠠᠵᠤ᠂ ᠨᠢᠭᠡᠨᠲᠡ 13 ᠵᠢᠯ ᠳᠠᠷᠠᠭᠠᠯᠠᠨ 《 ᠪᠥᠬᠥ᠌ ᠤᠯᠤᠰ ᠤ᠋ᠨ ᠠᠮᠤ ᠪᠤᠳᠠᠭᠠᠨ ᠤ᠋ ᠭᠠᠷᠤᠯᠲᠠ ᠶ᠋ᠢᠨ ᠲᠣᠮᠣ ᠰᠢᠶᠠᠨ 》 ᠢ᠋ᠶ᠋ᠡᠷ ᠦᠨᠡᠯᠡᠭᠳᠡᠪᠡ᠃ ᠪᠥᠬᠥ᠌ ᠬᠣᠰᠢᠭᠤᠨ ᠤ᠋ ᠡᠭᠦᠷᠢᠳᠡ ᠶ᠋ᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ 139.53 ᠲᠦᠮᠡᠨ ᠮᠥ᠍ ᠪᠠᠶ᠋ᠢᠵᠤ᠂ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠢ᠋ ᠨᠡᠶ᠋ᠢᠲᠡ 120 ᠲᠦᠮᠡᠨ ᠮᠥ᠍ ᠪᠦᠲᠦᠭᠡᠨ ᠪᠠᠶ᠋ᠢᠭᠤᠯᠪᠠ᠃ ᠡᠨᠡ ᠵᠢᠯ᠂ ᠲᠦᠮᠡᠳ ᠪᠠᠷᠠᠭᠤᠨ ᠬᠣᠰᠢᠭᠤ 7 ᠰᠢᠶᠠᠩ ᠪᠠᠯᠭᠠᠰᠤᠨ ᠤ᠋ 60 ᠲᠣᠰᠬᠣᠨ ᠳ᠋ᠤ 27.5 ᠲᠦᠮᠡᠨ ᠮᠦ᠍ ᠶ᠋ᠢᠨ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠤ᠋ᠨ ᠪᠥᠲᠥᠭᠡᠨ ᠪᠠᠶ᠋ᠢᠭᠤᠯᠤᠯᠲᠠ ᠵᠢ ᠰᠢᠨ᠎ᠡ ᠪᠡᠷ ᠡᠬᠢᠯᠡᠭᠦᠯᠵᠦ᠍᠂ ᠡᠭᠦᠨ ᠳ᠋ᠤ 16.5 ᠲᠦᠮᠡᠨ ᠮᠦ᠍ ᠵᠢ ᠰᠢᠨ᠎ᠡ ᠪᠡᠷ ᠪᠠᠶ᠋ᠢᠭᠤᠯᠵᠤ᠂ 11 ᠲᠦᠮᠡᠨ ᠮᠦ᠍ ᠵᠢ ᠥᠭᠡᠷᠡᠴᠢᠯᠡᠨ ᠪᠠᠢᠭᠤᠯᠬᠤ ᠪᠤᠯᠤᠨ᠎ᠠ᠃
ᠳ᠋ᠦ᠋ ᠵᠢᠶᠠ ᠶᠣᠣ ᠲᠣᠰᠬᠣᠨ ᠳ᠋ᠤ᠂ 12410 ᠮᠦ᠍ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠵᠢᠨ ᠠᠵᠢᠯ ᠢ᠋ ᠶᠠᠭ ᠡᠷᠴᠢᠮᠲᠠᠢ ᠦᠷᠨᠢᠭᠦᠯᠵᠦ᠂ ᠭᠤᠤ ᠰᠤᠪᠠᠭ ᠤ᠋ᠨ ᠳᠤᠲᠤᠷ᠎ᠠ ᠪᠸᠲ᠋ᠤᠨ ᠳᠡᠪᠢᠰᠬᠦ ᠠᠵᠢᠯ ᠶᠠᠭᠠᠷᠠᠯᠲᠠᠢ ᠶᠠᠪᠤᠬᠳᠠᠨ᠎ᠠ᠃ ᠲᠠᠷᠢᠮᠠᠯ ᠤ᠋ᠨ ᠲᠣᠮᠣ ᠡᠷᠦᠬᠡ ᠵᠢᠶᠠ ᠳ᠋ᠠ ᠵᠢᠶᠦ᠋ᠨ 6400 ᠮᠦ᠍ ᠲᠠᠷᠢᠶᠠᠨ ᠭᠠᠵᠠᠷ ᠳᠠᠭᠠᠭᠠᠴᠢᠯᠠᠵᠤ᠂ ᠡᠨᠡ ᠬᠡᠳᠦᠨ ᠡᠳᠦᠷ ᠪᠠᠷᠢᠯᠭ᠎ᠠ ᠶ᠋ᠢᠨ ᠭᠠᠵᠠᠷ ᠲᠦ᠍ ᠮᠤᠨᠭᠭᠠᠨᠢᠨ ᠠᠵᠢᠯᠯᠠᠨ᠎ᠠ᠃ 《ᠥᠩᠭᠡᠷᠡᠭᠰᠡᠨ ᠳ᠋ᠤ ᠲᠠᠷᠢᠶᠠᠨ ᠭᠠᠵᠠᠷ ᠲᠠᠷᠠᠬᠠᠶ ᠪᠤᠲᠠᠷᠬᠠᠶ ᠪᠠᠢᠵᠤ᠂ ᠶᠡᠬᠡ ᠤᠰᠤ ᠪᠡᠷ ᠨᠡᠯᠦᠶ᠋ᠢᠲᠡᠯᠡ ᠤᠰᠤᠯᠠᠬᠤ ᠳ᠋ᠤ ᠤᠰᠤ ᠴᠠᠬᠢᠯᠭᠠᠨ ᠢᠯᠡᠭᠦᠦ ᠵᠠᠷᠤᠴᠠᠭᠤᠯᠬᠤ ᠪᠦᠭᠡᠳ ᠬᠦᠷᠦᠰᠦ ᠰᠢᠷᠤᠢ ᠴᠢᠭᠢᠭ ᠪᠠᠷᠢᠵᠤ ᠳᠡᠢᠯᠬᠦ ᠦᠭᠡᠢ ᠪᠠᠢᠳᠠᠭ᠃ ᠣᠲᠣ ᠬᠣᠭᠣᠯᠠᠶ ᠵᠢ ᠳᠠᠯᠠᠩ ᠪᠦᠷᠢ ᠳ᠋ᠤ ᠳᠡᠪᠢᠰᠦᠨ ᠳᠤᠰᠤᠯᠭᠠᠨ ᠤᠰᠤᠯᠠᠵᠤ᠂ ᠲᠠᠷᠢᠶ᠎ᠠ ᠳᠠᠷᠢᠬᠤ ᠳ᠋ᠤ ᠰᠠᠨᠠᠭ᠎ᠠ ᠠᠮᠤᠷ ᠪᠤᠯᠵᠤ᠂ ᠤᠨᠠᠯᠲᠠ ᠵᠢ ᠴᠤ᠌ ᠨᠡᠮᠡᠭᠳᠡᠬᠦᠯᠵᠤ ᠪᠠᠢᠨ᠎ᠠ》 ᠭᠡᠵᠦ ᠵᠢᠶᠠ ᠳ᠋ᠠ ᠵᠢᠶᠦ᠋ᠨ ᠢᠨᠢᠶᠡᠮᠰᠦᠭᠯᠡᠨ ᠬᠡᠯᠡᠨ᠎ᠠ᠃ ᠬᠣᠶᠠᠷ ᠵᠢᠯ ᠤ᠋ᠨ ᠬᠤᠭᠤᠴᠠᠭᠠᠨ ᠳ᠋ᠤ᠂ ᠲᠡᠷᠡ 70 ᠭᠠᠷᠤᠢ ᠲᠦᠮᠡᠨ ᠲᠥᠭᠥᠷᠢᠭ ᠤ᠋ᠨ ᠪᠡᠯᠡ ᠣᠷᠣᠭᠤᠯᠵᠤ 26 ᠰᠠᠭᠤᠷᠢ ᠳᠠᠯᠠᠩ ᠪᠤᠰᠬᠠᠬᠤ ᠪᠦᠷᠬᠦᠪᠴᠢ ᠪᠦᠷᠬᠦᠬᠦ ᠵᠢ ᠨᠢᠭᠡ ᠴᠤᠬᠴᠠᠵᠢᠭᠤᠯᠤᠭᠰᠠᠨ ᠮᠠᠰᠢᠨ ᠬᠤᠳᠠᠯᠳᠤᠨ ᠠᠪᠴᠠᠢ᠃
ᠲᠦᠮᠡᠳ ᠪᠠᠷᠠᠭᠤᠨ ᠬᠣᠰᠢᠭᠤᠵᠢᠨ ᠬᠢᠨ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠤ᠋ᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠳᠤᠮᠳᠠ᠂ 《ᠪᠠᠯᠠ ᠣᠷᠣᠭᠤᠯᠬᠤ ᠪᠠᠯᠠ ᠬᠤᠷᠠᠮᠳᠤᠭᠤᠯᠬᠤ ᠪᠥᠲᠥᠭᠡᠨ ᠪᠠᠶ᠋ᠢᠭᠤᠯᠬᠤ ᠡᠵᠡᠨᠭᠨᠡᠬᠦ ᠬᠠᠮᠢᠶᠠᠷᠴᠤ ᠬᠠᠮᠠᠭᠠᠯᠠᠬᠤ 》 ᠵᠢ ᠨᠢᠭᠡ ᠴᠣᠭᠴᠠᠵᠢᠭᠤᠯᠤᠭᠰᠠᠨ ᠵᠠᠭᠪᠤᠷ ᠢ᠋ ᠬᠠᠶ᠋ᠢᠨ ᠰᠦᠪᠡᠭᠴᠢᠯᠡᠪᠡ᠃ ᠳᠠᠷᠤᠢ ᠵᠠᠰᠠᠭ ᠤ᠋ᠨ ᠣᠷᠳᠣᠨ ᠡᠴᠡ ᠲᠤᠰᠬᠠᠶ ᠪᠠᠯᠠ ᠮᠥᠩᠭᠥ ᠶ᠋ᠢᠨ 《ᠪᠡᠯᠡ ᠣᠷᠣᠭᠤᠯᠤᠯᠳᠠ 》 ᠵᠢ ᠴᠢᠷᠮᠠᠶ᠋ᠢᠨ ᠣᠯᠵᠤ᠂ ᠡᠵᠡᠩᠨᠡᠯᠲᠡ ᠶ᠋ᠢᠨ ᠭᠤᠤᠯ ᠴᠣᠭᠴᠠ ᠡᠴᠡ ᠶᠡᠷᠦᠩᠬᠡᠶ ᠪᠠᠯᠠ ᠣᠷᠣᠭᠤᠯᠤᠯᠲᠠ ᠶ᠋ᠢᠨ 10% ᠡᠴᠡ ᠳᠡᠭᠡᠭᠰᠢᠬᠢ 《ᠪᠠᠯᠠ ᠬᠤᠷᠠᠮᠳᠤᠭᠤᠯᠬᠤ 》 ᠵᠢ ᠪᠡᠶᠡᠯᠡᠭᠦᠯᠵᠦ ᠂ ᠡᠵᠡᠩᠨᠡᠭᠴᠢ ᠡᠴᠡ ᠪᠦᠲᠦᠭᠡᠨ ᠪᠠᠢᠭᠤᠯᠬᠤ ᠠᠵᠢᠯ ᠢ᠋ ᠬᠠᠷᠢᠭᠤᠴᠠᠨ᠂ 10 ᠵᠢᠯ ᠡᠴᠡ ᠳᠡᠭᠡᠭᠰᠢ ᠡᠵᠡᠩᠨᠡᠬᠦ ᠪᠦᠭᠡᠳ ᠬᠠᠮᠢᠶᠠᠷᠴᠤ ᠬᠠᠮᠠᠭᠠᠯᠠᠬᠤ ᠵᠢ ᠬᠠᠷᠢᠭᠤᠴᠠᠬᠤ ᠪᠤᠯᠤᠨ᠎ᠠ᠃
ᠨᠠᠭᠤᠷᠲᠤ᠌ ᠰᠢᠶᠠᠩ ᠤ᠋ᠨ ᠮᠢᠶᠣᠣ ᠯᠢᠦ ᠴᠢᠤᠸᠠᠨ ᠲᠣᠰᠬᠣᠨ ᠪᠣᠯ ᠬᠠᠮᠤᠭ ᠡᠷᠲᠡ ᠡᠨᠡ ᠬᠦ᠌ ᠵᠠᠭᠪᠤᠷ ᠢ᠋ ᠬᠡᠷᠡᠭᠵᠢᠭᠦᠯᠦᠭᠰᠡᠨ ᠲᠣᠰᠬᠣᠨ ᠪᠣᠯᠤᠨ᠎ᠠ᠃ 2024 ᠣᠨ ᠳ᠋ᠤ᠂ ᠲᠥᠷᠥᠯ ᠵᠦᠢᠯ ᠳ᠋ᠤ 3854.15 ᠲᠦᠮᠡᠨ ᠲᠥᠭᠥᠷᠢᠭ ᠤ᠋ᠨ ᠪᠡᠯᠡ ᠤᠷᠤᠭᠤᠯᠵᠤ᠂ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠢ᠋ 7568 ᠮᠥ᠍ ᠪᠥᠲᠥᠭᠡᠨ ᠪᠠᠶ᠋ᠢᠭᠤᠯᠪᠠ᠃ ᠲᠣᠰᠬᠣᠨ ᠤ᠋ ᠨᠠᠮ ᠤ᠋ᠨ ᠡᠭᠦᠷ ᠤ᠋ᠨ ᠱᠦᠵᠢ ᠯᠢᠦᠢ ᠪᠦᠦ ᠯᠦ᠍ ᠶ᠋ᠢᠨ ᠲᠠᠨᠢᠯᠴᠠᠭᠤᠯᠤᠬᠰᠠᠨ ᠢ᠋ᠶ᠋ᠡᠷ᠂ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠡᠴᠡ ᠪᠤᠯᠵᠤ ᠮᠦ᠍ ᠨᠢᠭᠡᠴᠢ ᠶ᠋ᠢᠨ ᠪᠤᠷᠳᠤᠭᠤᠷ ᠢ᠋ 30% ᠪᠡᠷ ᠠᠷᠪᠢᠯᠠᠵᠤ᠂ ᠠᠮᠤ ᠪᠤᠳᠠᠭᠠᠨ ᠤ᠋ ᠤᠨᠠᠯᠲᠠ 15% ᠡᠴᠡ ᠳᠡᠭᠡᠭᠰᠢ ᠨᠡᠮᠡᠭᠳᠡᠵᠦ᠍᠂ ᠰᠢᠨᠡᠪᠡᠷ ᠨᠡᠮᠡᠭᠳᠡᠭᠰᠡᠨ ᠲᠠᠷᠢᠮᠠᠯ ᠤ᠋ᠨ ᠲᠠᠯᠠᠪᠠᠢ 10% ᠡᠴᠡ ᠳᠡᠭᠡᠭᠰᠢ ᠬᠦᠷᠪᠡ᠃ 《ᠬᠦᠳᠡᠯᠮᠦᠷᠢᠯᠡᠬᠦ ᠪᠡᠷ ᠲᠡᠳᠭᠦᠮᠵᠢ ᠵᠢ ᠤᠷᠤᠯᠠᠭᠤᠯᠬᠤ 》 ᠪᠡᠷ ᠳᠠᠮᠵᠢᠭᠤᠯᠤᠨ᠂ ᠡᠷᠬᠢᠨ ᠲᠣᠭᠣᠷᠢᠨ ᠤ᠋ 200 ᠭᠠᠷᠤᠶ ᠲᠣᠰᠬᠣᠨ ᠤ᠋ ᠠᠷᠠᠳ ᠢ᠋ ᠬᠦᠳᠡᠯᠮᠤᠷᠢᠳᠤ ᠤᠷᠤᠯᠴᠠᠭᠤᠯᠵᠤ᠂ ᠬᠥᠮᠦᠨ ᠳᠤᠮᠳᠠᠴᠢ ᠶ᠋ᠢᠨ ᠣᠷᠣᠯᠭ᠎ᠠ ᠵᠢ 2 ᠲᠦᠮᠡᠨ ᠲᠥᠭᠥᠷᠢᠭ ᠨᠡᠮᠡᠭᠳᠡᠭᠦᠯᠪᠡ᠃ ᠲᠥᠷᠥᠯ ᠵᠦᠢᠯᠳᠦ ᠤᠰᠤ ᠠᠷᠪᠢᠯᠠᠬᠤ ᠤᠰᠤᠯᠠᠯᠲᠠ ᠶ᠋ᠢᠨ ᠢᠨᠵᠧᠨᠧᠷᠢᠩ ᠢ᠋ ᠵᠡᠷᠭᠡ ᠪᠡᠷ ᠢᠵᠢ ᠪᠥᠷᠢᠳᠦᠭᠦᠯᠵᠦ᠍᠂ ᠵᠥᠪᠬᠡᠨ ᠡᠷᠳᠡᠨᠢ ᠰᠢᠰᠢ ᠶ᠋ᠢᠨ ᠤᠷᠭᠤᠯᠲᠠ ᠶ᠋ᠢᠨ ᠬᠤᠭᠤᠴᠠᠭᠠᠨ ᠳ᠋ᠤ ᠮᠥ᠍ ᠪᠦᠷᠢᠳᠦ ᠪᠠᠷᠤᠭ 100 ᠪᠣᠰᠣᠭ᠎ᠠ ᠳᠥᠷᠪᠡᠯᠵᠢᠨ ᠮᠧᠲ᠋ᠷ ᠤᠰᠤ ᠠᠷᠪᠢᠯᠠᠵᠤ᠂ ᠲᠥᠷᠥᠯ ᠵᠦᠢᠯ ᠤ᠋ᠨ ᠣᠷᠣᠨ ᠳ᠋ᠤ 130 ᠲᠦᠮᠡᠨ ᠪᠣᠰᠣᠭ᠎ᠠ ᠳᠥᠷᠪᠡᠯᠵᠢᠨ ᠮᠧᠲ᠋ᠷ ᠤᠰᠤ ᠠᠷᠪᠢᠯᠠᠪᠠ᠃
ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ᠋ ᠰᠠᠢᠲᠤᠷ ᠪᠦᠲᠦᠭᠡᠨ ᠪᠠᠢᠭᠤᠯᠵᠤ ᠡᠷᠴᠢᠮᠳᠠᠢ ᠬᠠᠮᠢᠶᠠᠷᠴᠤ ᠬᠠᠮᠠᠭᠠᠯᠠᠬᠤ ᠴᠢᠬᠤᠯᠠᠳᠠᠢ᠃ ᠰᠠᠭᠠᠯᠢᠴᠢᠨ ᠪᠠᠯᠭᠠᠰᠤᠨ ᠤ᠋ ᠳᠤᠤᠷ᠎ᠠ ᠮᠤᠤ ᠠᠨ ᠲᠣᠰᠬᠣᠨ ᠤ᠋ 5150 ᠮᠥ᠍ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠢ᠋ 2025 ᠣᠨ ᠤ᠋ ᠰᠡᠭᠦᠯᠴᠢ ᠪᠡᠷ ᠪᠥᠬᠥ᠌ ᠲᠠᠯ᠎ᠠ ᠪᠡᠷ ᠪᠦᠲᠦᠭᠡᠨ ᠪᠠᠢᠭᠤᠯᠤᠨ ᠳᠠᠭᠤᠰᠬᠠᠵᠤ᠂ ᠨᠡᠶ᠋ᠢᠲᠡ 974.23 ᠲᠦᠮᠡᠨ ᠲᠥᠭᠥᠷᠢᠭ ᠤ᠋ᠨ ᠪᠠᠯᠠ ᠣᠷᠣᠭᠤᠯᠪᠠ᠃ ᠭᠠᠴᠠᠭᠠᠨ ᠤ᠋ ᠨᠠᠮ ᠤ᠋ᠨ ᠡᠭᠦᠷ ᠤ᠋ᠨ ᠱᠦᠵᠢ ᠬᠤᠸᠠᠩ ᠹᠦ᠋ ᠨᠠ᠂ ᠭᠠᠴᠠᠭᠠᠨ ᠤ᠋ ᠬᠣᠶᠠᠷ ᠵᠥᠪᠯᠡᠯ ᠲᠤᠰᠬᠠᠶ ᠵᠦᠢᠯ ᠤ᠋ᠨ ᠬᠠᠮᠢᠶᠠᠷᠴᠤ᠌ ᠬᠠᠮᠠᠭᠠᠯᠠᠬᠤ ᠠᠵᠢᠯ ᠤ᠋ᠨ ᠳᠤᠭᠤᠶ᠋ᠢᠯᠠᠩ ᠪᠠᠶ᠋ᠢᠭᠤᠯᠵᠤ᠂ ᠬᠠᠮᠢᠶᠠᠷᠴᠤ᠌ ᠬᠠᠮᠠᠭᠠᠯᠠᠬᠤ ᠪᠠᠯᠠ ᠮᠥᠩᠭᠥ ᠵᠢ ᠤᠰᠤᠨ ᠤ᠋ ᠵᠠᠷᠤᠳᠠᠯ ᠡᠴᠡ ᠭᠠᠷᠭᠠᠬᠤ᠂ ᠭᠠᠴᠠᠭᠠᠨ ᠤ᠋ ᠬᠠᠮᠲᠤ ᠶ᠋ᠢᠨ ᠠᠵᠤ ᠠᠬᠤᠶ ᠡᠴᠡ ᠨᠢᠭᠡᠳᠦᠯᠲᠡᠶ ᠲᠥᠯᠥᠪᠵᠢᠬᠦᠯᠬᠦ ᠪᠠ ᠳᠡᠭᠡᠳᠦ ᠱᠠᠲᠤᠨ ᠡᠴᠡ ᠳᠡᠮᠵᠢᠬᠦ ᠭᠤᠷᠪᠠᠨ ᠲᠠᠯ᠎ᠠ ᠶ᠋ᠢᠨ ᠪᠠᠲᠤᠯᠠᠭ᠎ᠠ ᠪᠡᠷ ᠳᠠᠮᠵᠢᠭᠤᠯᠤᠨ᠂ ᠰᠠᠶ᠋ᠢᠲᠤᠷ ᠪᠦᠲᠦᠭᠡᠨ ᠪᠠᠶ᠋ᠢᠭᠤᠯᠬᠤ᠂ ᠰᠠᠶ᠋ᠢᠲᠤᠷ ᠬᠠᠮᠢᠶᠠᠷᠴᠤ ᠬᠠᠮᠠᠭᠠᠯᠠᠬᠤ᠂ ᠣᠷᠳᠣ ᠬᠤᠭᠤᠴᠠᠭ᠎ᠠ ᠪᠡᠷ ᠬᠡᠷᠡᠭᠯᠡᠬᠦ᠌ ᠵᠢ ᠦᠨᠡᠨ ᠬᠦ᠌ ᠪᠠᠲᠤᠯᠠᠪᠠ ᠭᠡᠵᠤ ᠲᠠᠨᠢᠯᠴᠠᠭᠤᠯᠤᠯ᠎ᠠ᠃
ᠲᠦᠮᠡᠳ ᠪᠠᠷᠠᠭᠤᠨ ᠬᠣᠰᠢᠭᠤ 2030 ᠣᠨ ᠪᠣᠯᠬᠤ ᠳ᠋ᠤ ᠦᠨᠳᠦᠰᠦᠨ ᠲᠠᠷᠢᠶᠠᠨ ᠭᠠᠵᠠᠷ ᠢ᠋ ᠪᠦᠬᠦᠨ ᠢ᠋ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠪᠣᠯᠭᠠᠨ ᠪᠦᠲᠦᠭᠡᠨ ᠪᠠᠢᠭᠤᠯᠬᠤ ᠪᠡᠷ ᠨᠢᠭᠡᠨᠲᠡ ᠲᠥᠯᠥᠪᠯᠡᠪᠡ᠃ ᠲᠦᠷᠦᠭᠦᠬᠡᠨ᠂ ᠲᠣᠰ ᠬᠣᠰᠢᠭᠤᠨ ᠤ᠋ 2026 ᠣᠨ ᠤ᠋ 12.01 ᠲᠦᠮᠡᠨ ᠮᠦ᠍ ᠶ᠋ᠢᠨ ᠪᠥᠲᠥᠭᠡᠨ ᠪᠠᠶ᠋ᠢᠭᠤᠯᠤᠯᠲᠠ ᠶ᠋ᠢᠨ ᠲᠥᠷᠥᠯ ᠵᠦᠢᠯ ᠢ᠋ ᠨᠢᠭᠡᠨᠲᠡ ᠰᠤᠳᠤᠯᠵᠤ ᠬᠢᠨᠠᠨ ᠵᠥᠪᠯᠡᠵᠦ᠍ ᠪᠠᠲᠤᠯᠠᠪᠠ᠃ ᠲᠦᠮᠡᠳ ᠤ᠋ᠨ ᠲᠠᠯ᠎ᠠ ᠭᠠᠵᠠᠷ ᠲᠦ᠍᠂ ᠬᠡᠰᠡᠭ ᠬᠡᠰᠡᠭ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠲᠡᠭᠰᠢᠬᠡᠨ ᠳᠡᠯᠭᠡᠭᠳᠡᠵᠦ᠍᠂ ᠠᠮᠤ ᠪᠤᠳᠠᠭᠠᠨ ᠤ᠋ ᠠᠮᠤᠷ ᠲᠦᠪᠰᠢᠨ ᠤ᠋ ᠰᠠᠭᠤᠷᠢ ᠵᠢ ᠪᠠᠲᠤᠳᠬᠠᠭᠰᠠᠨ ᠢ᠋ᠶ᠋ᠡᠷ ᠪᠠᠷᠠᠬᠤ ᠦᠭᠡᠢ᠂ ᠡᠨᠡ ᠬᠡᠰᠡᠭ ᠭᠠᠵᠠᠷ ᠨᠤᠲᠤᠭ ᠢ᠋ ᠰᠢᠨ᠎ᠡ ᠠᠮᠢᠵᠢᠷᠠᠯ ᠤ᠋ᠨ ᠬᠦᠴᠦᠨ ᠵᠢᠡᠷ ᠪᠢᠯᠬᠠᠭᠤᠯᠤᠨ᠎ᠠ᠃
[ᠰᠤᠷᠪᠤᠯᠵᠢᠯᠠᠭᠴᠢ ᠶ᠋ᠢᠨ ᠡᠪᠦᠷ ᠲᠡᠮᠳᠡᠭᠯᠡᠯ]
ᠲᠦᠮᠡᠳ ᠪᠠᠷᠠᠭᠤᠨ ᠬᠤᠰᠢᠭᠤᠨ ᠤ᠋ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠶ᠋ᠢᠨ ᠰᠤᠷᠪᠤᠯᠵᠢᠯᠠᠬᠴᠢ ᠳ᠋ᠤ ᠦᠭᠭᠦᠭᠰᠡᠨ ᠬᠠᠮᠤᠭ ᠤ᠋ᠨ ᠶᠡᠬᠡ ᠲᠦᠷᠦᠭᠳᠡᠯ ᠪᠤᠯ ᠳᠠᠷᠤᠢ ᠦᠨᠡᠨᠬᠦ ᠪᠤᠳᠠᠳᠠᠢ ᠭᠡᠳᠡᠭᠲᠤ ᠪᠤᠢ᠃
ᠪᠠᠷᠢᠯᠭ᠎ᠠ ᠶ᠋ᠢᠨ ᠠᠵᠢᠯ ᠢ᠋ ᠦᠨᠡᠨᠬᠦ ᠪᠤᠳᠠᠲᠠᠢ ᠠᠬᠢᠭᠤᠯᠵᠤ᠂ ᠭᠤᠤ ᠰᠤᠪᠠᠭ ᠢ᠋ ᠠᠰᠬᠠᠨ ᠲᠡᠭᠰᠢ ᠵᠠᠰᠠᠵᠤ᠂ ᠬᠤᠭᠤᠯᠠᠢ ᠲᠤᠤᠷ ᠢ᠋ ᠬᠡᠰᠡᠭ ᠬᠡᠰᠡᠭ ᠢ᠋ᠶ᠋ᠡᠷ ᠳᠡᠪᠢᠰᠴᠦ ᠪᠤᠢ᠃
ᠠᠰᠢᠭ ᠤᠷᠤᠯᠭ᠎ᠠ ᠶ᠋ᠢᠨ ᠳᠠᠨᠭᠰᠠ ᠵᠢ ᠦᠨᠡᠨ ᠪᠤᠳᠠᠲᠠᠢ ᠪᠤᠳᠤᠵᠤ᠂ ᠲᠠᠷᠢᠮᠠᠯ ᠤ᠋ᠨ ᠲᠣᠮᠣ ᠡᠷᠦᠬᠡ ᠵᠢᠶᠠ ᠳ᠋ᠠ ᠵᠢᠶᠦ᠍ᠢ᠍ᠨ ᠰᠤᠷᠪᠤᠯᠵᠢᠯᠠᠭᠴᠢ ᠳ᠋ᠤ ᠤᠰᠤ ᠠᠷᠪᠢᠯᠠᠬᠤ ᠳᠠᠩᠰᠠ᠂ ᠭᠠᠷᠤᠯᠲᠠ ᠨᠡᠮᠡᠭᠳᠡᠭᠦᠯᠬᠦ᠌ ᠳᠠᠩᠰᠠ ᠵᠢ ᠪᠣᠳᠣᠨ ᠥᠭᠴᠦ᠂ ᠲᠣᠰᠬᠣᠨ ᠤ᠋ ᠺᠠᠳ᠋ᠷᠴᠤᠳ ᠲᠣᠰᠬᠣᠨ ᠤ᠋ ᠬᠠᠮᠲᠤ ᠶ᠋ᠢᠨ ᠣᠷᠣᠯᠭ᠎ᠠ ᠶ᠋ᠢᠨ ᠳᠠᠩᠰᠠ᠂ ᠲᠣᠰᠬᠣᠨ ᠤ᠋ ᠠᠷᠠᠳ ᠤ᠋ᠨ ᠬᠦᠳᠡᠯᠮᠦᠷᠢ ᠬᠦᠴᠦ ᠶ᠋ᠢᠨ ᠳᠠᠩᠰᠠ ᠵᠢ ᠲᠤᠲᠤᠷᠬᠠᠢ ᠪᠣᠳᠣᠵᠤ ᠪᠠᠢᠨ᠎ᠠ᠃
ᠲᠠᠷᠢᠶᠠᠨ ᠭᠠᠵᠠᠷ ᠢ᠋ ᠦᠨᠡᠨᠬᠦ ᠪᠤᠳᠠᠲᠠᠢ ᠬᠠᠮᠢᠶᠠᠷᠴᠤ ᠬᠠᠮᠠᠭᠠᠯᠠᠨ᠂ ᠳᠤᠤᠷ᠎ᠠ ᠮᠤᠤ ᠠᠨ ᠲᠣᠰᠬᠣᠨ ᠤ᠋ 5150 ᠮᠥ᠍ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠢ᠋ ᠪᠦᠲᠦᠭᠡᠨ ᠪᠠᠢᠭᠤᠯᠵᠤ ᠳᠠᠭᠤᠰᠬᠠᠬᠰᠠᠨ ᠤ᠋ ᠳᠠᠷᠠᠭ᠎ᠠ᠂ ᠲᠣᠰᠬᠣᠨᠤ ᠬᠢᠨ ᠤᠳᠠᠯ ᠦᠭᠡᠢ ᠬᠠᠮᠢᠶᠠᠷᠴᠤ ᠬᠠᠮᠠᠭᠠᠯᠠᠬᠤ ᠳᠤᠭᠤᠶ᠋ᠢᠯᠠᠩ ᠪᠠᠶ᠋ᠢᠭᠤᠯᠪᠠ᠃
ᠠᠯᠢ ᠤᠯᠠᠨ ᠦᠨᠡᠨᠬᠦ ᠪᠤᠳᠠᠳᠤ ᠠᠵᠢᠯᠯᠠᠭ᠎ᠠ ᠪᠠᠷ ᠳᠠᠮᠵᠢᠨ ᠂ ᠲᠦᠮᠡᠳ ᠪᠠᠷᠠᠭᠤᠨ ᠬᠣᠰᠢᠭᠤᠨ ᠤ᠋ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠤ᠋ᠨ ᠪᠥᠲᠥᠭᠡᠨ ᠪᠠᠶ᠋ᠢᠭᠤᠯᠤᠯᠲᠠ ᠨᠢ ᠪᠤᠳᠠᠳᠤ ᠦᠷ᠎ᠡ ᠪᠦᠲᠦᠮᠵᠢ ᠤᠯᠵᠤ᠂ ᠨᠡᠢᠲᠡ 27.5 ᠲᠦᠮᠡᠨ ᠮᠥ᠍ ᠶ᠋ᠢᠨ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ᠋ ᠪᠦᠲᠦᠭᠡᠨ ᠪᠠᠢᠭᠤᠯᠵᠤ᠂ ᠮᠥ᠍ ᠨᠢᠭᠡᠴᠢ ᠶ᠋ᠢᠨ ᠤᠨᠠᠯᠲᠠ ᠵᠢ ᠳᠤᠮᠳᠠᠴᠢ ᠪᠡᠷ 10% ᠡᠴᠡ 15% ᠨᠡᠮᠡᠭᠳᠡᠭᠦᠯᠪᠡ᠃ ᠡᠳᠡᠭᠡᠷ ᠪᠤᠳᠠᠳᠠᠢ ᠲᠤᠭ᠎ᠠ ᠪᠠᠷᠢᠮᠲᠠ ᠡᠴᠡ ᠭᠠᠳᠠᠨ᠎ᠠ ᠠᠷᠠᠳ ᠣᠯᠠᠨ ᠤ᠋ 《 ᠲᠠᠷᠢᠶ᠎ᠠ ᠳᠠᠷᠢᠬᠤ ᠳ᠋ᠤ ᠰᠠᠨᠠᠭ᠎ᠠ ᠠᠮᠤᠷ ᠪᠣᠯᠵᠣ᠂ ᠠᠮᠢᠳᠤᠷᠠᠯ ᠨᠡᠩ ᠦᠭᠡᠳᠡ ᠡᠰᠡᠷᠡᠭ ᠪᠤᠯᠵᠠᠢ 》 ᠭᠡᠰᠡᠨ ᠦᠭᠡ ᠨᠢ ᠬᠦᠮᠦᠰ ᠤ᠋ᠨ ᠰᠡᠳᠭᠢᠯ ᠢ᠋ ᠨᠡᠩ ᠳᠤᠬᠳᠤᠯᠤᠭᠤᠯᠤᠨᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃