2026-09-07 10:05:04
《ᠣᠢᠷ᠎ᠠ᠎ᠶᠢᠨ ᠬᠡᠳᠦᠨ ᠵᠢᠯ᠎ᠳᠦ ᠮᠠᠨ᠎ᠤ ᠰᠢᠩᠾᠧ ᠰᠢᠶᠠᠨ᠎ᠤ ᠠᠮᠲᠠᠲᠤ ᠡᠷᠳᠡᠨᠢ ᠰᠢᠰᠢ ᠡᠳ᠋ᠰᠢᠭᠦᠯᠬᠦ ᠦᠢᠯᠡᠳᠪᠦᠷᠢ ᠤᠯᠠᠮ᠎ᠡᠴᠡ ᠤᠯᠠᠮ ᠣᠯᠠᠰᠢᠷᠠᠵᠤ᠂ ᠪᠢᠳᠡᠨ᠎ᠤ ᠠᠮᠲᠠᠲᠤ ᠡᠷᠳᠡᠨᠢ ᠰᠢᠰᠢ᠎ᠶᠢ ᠬᠡᠪᠴᠢᠶᠡᠵᠢᠭᠦᠯᠦᠨ ᠳᠠᠷᠢᠬᠤ ᠢᠲᠡᠭᠡᠯ ᠵᠣᠷᠢᠭ᠋ ᠨᠠᠩ ᠲᠡᠭᠦᠯᠳᠡᠷ ᠪᠣᠯᠵᠠᠢ》 ᠭᠡᠵᠦ ᠥᠪᠥᠷ ᠮᠣᠩᠭᠣᠯ᠎ᠤᠨ ᠸᠸᠨ ᠹᠸᠩ ᠵᠧᠩ ᠮᠣᠣ ᠲᠠᠷᠢᠶᠠᠯᠠᠩ ᠵᠢᠴᠢ ᠮᠠᠰᠢᠨ ᠮᠸᠬᠠᠨᠢᠭ᠎ᠤᠨ ᠲᠤᠰᠬᠠᠢ ᠬᠤᠷᠰᠢᠶ᠎ᠠ᠎ᠶᠢᠨ ᠬᠠᠷᠢᠭᠤᠴᠠᠯᠭᠠᠲᠠᠨ᠂ ᠤᠯᠠᠭᠠᠨᠴᠠᠪ ᠬᠤᠳᠠ᠎ᠶᠢᠨ ᠰᠢᠩᠾᠧ ᠰᠢᠶᠠᠨ᠎ᠤ ᠪᠦᠯᠬᠦᠮᠳᠡᠯ ᠰᠢᠶᠠᠩ᠎ᠤᠨ ᠳᠠ ᠦ᠋ ᠬᠤᠤ ᠲᠣᠰᠬᠣᠨ᠎ᠤ ᠲᠠᠷᠢᠮᠠᠯ᠎ᠤᠨ ᠲᠣᠮᠣ᠌ ᠡᠷᠦᠬᠡ ᠭᠤᠤ ᠹᠸᠩ ᠰᠢ ᠰᠡᠳᠬᠢᠯ ᠳᠣᠭᠳᠣᠯᠤᠨ ᠬᠡᠯᠡᠪᠡ᠃
ᠭᠤᠤ ᠹᠧᠩ ᠰᠢ᠎ᠵᠢᠨ ᠢᠲᠡᠭᠡᠯ ᠵᠣᠷᠢᠭ᠋ ᠨᠡᠮᠡᠭᠳᠡᠭᠰᠡᠡᠦ ᠠᠷᠤ᠎ᠳᠤ᠂ ᠰᠢᠩᠾᠧ ᠰᠢᠶᠠᠨ ᠠᠮᠲᠠᠲᠤ ᠡᠷᠳᠡᠨᠢ ᠰᠢᠰᠢ ᠡᠳ᠋ᠰᠢᠭᠦᠯᠬᠦ ᠠᠵᠤ ᠠᠬᠤᠢᠯᠠᠯ᠎ᠢ ᠣᠷᠣᠭᠤᠯᠤᠨ ᠠᠪᠴᠢᠷᠠᠬᠤ᠂ ᠠᠮᠲᠠᠲᠤ ᠡᠷᠳᠡᠨᠢ ᠰᠢᠰᠢ ᠳᠠᠷᠢᠬᠤ ᠬᠡᠪᠴᠢᠶ᠎ᠡ᠎ᠶᠢ ᠥᠷᠭᠡᠳᠬᠡᠬᠦ ᠵᠡᠷᠭᠡ ᠬᠦᠴᠦᠲᠡᠢ ᠠᠷᠭ᠎ᠠ ᠬᠡᠮᠵᠢᠶ᠎ᠡ ᠠᠪᠴᠤ᠂ ᠠᠮᠲᠠᠲᠤ ᠡᠷᠳᠡᠨᠢ ᠰᠢᠰᠢ᠎ᠶᠢᠨ ᠠᠵᠤ ᠦᠢᠯᠡᠰ᠎ᠦᠨ ᠲᠣᠭᠲᠠᠭᠤᠨ᠎ᠢᠶᠠᠷ ᠬᠥᠭᠵᠢᠬᠦ᠎ᠶᠢ ᠠᠬᠢᠭᠤᠯᠵᠤ᠂ ᠲᠠᠷᠢᠶᠠᠴᠢᠳ᠎ᠤᠨ ᠣᠷᠣᠯᠭ᠎ᠠ᠎ᠪᠠᠨ ᠨᠡᠮᠡᠭᠳᠡᠭᠦᠯᠬᠦ᠎ᠶᠢ ᠳᠠᠢᠴᠢᠯᠠᠬᠤ᠎ᠶᠢᠨ ᠲᠥᠯᠥᠭᠡ ᠭᠠᠷᠭᠠᠭᠰᠠᠨ ᠴᠢᠷᠮᠠᠢᠯᠭ᠎ᠠ ᠪᠣᠶ᠃
8 ᠰᠠᠷ᠎ᠠ᠎ᠶᠢᠨ 23 ᠤ᠋ ᠦᠳᠡ᠎ᠶᠢᠨ ᠬᠣᠢᠨ᠎ᠠ᠂ ᠥᠪᠥᠷ ᠮᠣᠩᠭᠣᠯ᠎ᠤᠨ ᠸᠧᠨ ᠹᠧᠩ ᠵᠧᠩ ᠮᠣᠣ ᠲᠠᠷᠢᠶᠠᠯᠠᠩ ᠵᠢᠴᠢ ᠮᠠᠰᠢᠨ ᠮᠸᠬᠠᠨᠢᠭ᠎ᠤᠨ ᠲᠤᠰᠬᠠᠢ ᠬᠣᠷᠰᠢᠶ᠎ᠠ᠎ᠶᠢᠨ 2000 ᠮᠦ᠍ ᠠᠮᠲᠠᠲᠤ ᠡᠷᠳᠡᠨᠢ ᠰᠢᠰᠢ ᠳᠠᠷᠢᠬᠤ ᠰᠠᠭᠤᠷᠢᠨ᠎ᠳᠤ᠂ ᠡᠷᠳᠡᠨᠢ ᠰᠢᠰᠢ ᠬᠠᠳᠤᠵᠤ ᠬᠤᠷᠢᠶᠠᠬᠤ ᠲᠣᠮᠣ᠌ ᠬᠡᠯᠪᠡᠷᠢ᠎ᠶᠢᠨ ᠮᠠᠰᠢᠨ᠂ ᠪᠠᠷᠠᠭᠠᠨ᠎ᠤ ᠲᠣᠮᠣ᠌ ᠲᠡᠷᠭᠡ᠂ ᠲᠷᠠᠺᠲ᠋ᠣᠷ ᠵᠡᠷᠭᠡ ᠣᠯᠠᠨ ᠲᠠᠷᠢᠶᠠᠯᠠᠩ᠎ᠤᠨ ᠮᠠᠰᠢᠨ ᠪᠠᠭᠠᠵᠢ ᠰᠦᠯᠵᠢᠯᠳᠦᠨᠠ᠃
《 ᠪᠢ ᠡᠷᠳᠡᠨᠢ ᠰᠢᠰᠢ ᠳᠠᠷᠢᠭᠠᠳ ᠠᠷᠪᠠᠨ ᠬᠡᠳᠦᠨ ᠵᠢᠯ ᠪᠣᠯᠵᠤ ᠪᠠᠢᠨ᠎ᠠ᠂ ᠤᠤᠯ ᠨᠢ ᠭᠣᠣᠯᠳᠠᠭᠤ ᠡᠨᠭ᠎ᠤᠨ ᠡᠷᠳᠡᠨᠢ ᠰᠢᠰᠢ ᠳᠠᠷᠢᠵᠤ ᠪᠠᠢᠵᠠᠢ᠂ ᠮᠠᠨ᠎ᠤ ᠰᠢᠩᠾᠧ ᠰᠢᠶᠠᠨ ᠳ᠋ᠦ ᠠᠮᠲᠠᠲᠤ ᠡᠷᠳᠡᠨᠢ ᠰᠢᠰᠢ ᠡᠳ᠋ᠰᠢᠭᠦᠯᠬᠦ ᠦᠢᠯᠡᠳᠪᠦᠷᠢ ᠲᠠᠢ ᠪᠤᠯᠤᠭᠰᠠᠠᠢ ᠣᠯᠵᠤ ᠮᠡᠳᠡᠭᠰᠡᠨ᠎ᠦ ᠳᠠᠷᠠᠭ᠎ᠠ᠂ ᠡᠨᠡ ᠵᠢᠯ ᠲᠤᠬᠠᠢ᠎ᠶᠢᠨ ᠭᠠᠵᠠᠷ᠎ᠤᠨ ᠦᠢᠯᠡᠳᠪᠦᠷᠢ᠎ᠲᠠᠢ ᠵᠠᠬᠢᠶᠠᠯᠠᠭ᠎ᠠ ᠲᠤᠭᠲᠠᠵᠤ 2000 ᠮᠦ᠍ ᠠᠮᠲᠠᠲᠤ ᠡᠷᠳᠡᠨᠢ ᠰᠢᠰᠢ ᠳᠠᠷᠢᠵᠤ᠂ ᠣᠢᠷ᠎ᠠ᠎ᠶᠢᠨ ᠬᠡᠳᠦᠨ ᠡᠳᠦᠷ ᠶᠠᠭ ᠬᠠᠳᠤᠵᠤ ᠬᠤᠷᠢᠶᠠᠬᠤ᠎ᠶᠢᠨ ᠬᠠᠮᠲᠤ ᠵᠠᠬᠢᠶᠠᠯᠠᠭ᠎ᠠ ᠲᠣᠭᠲᠠᠭᠰᠠᠨ ᠡᠳ᠋ᠰᠢᠭᠦᠯᠬᠦ ᠦᠢᠯᠡᠳᠪᠦᠷᠢ᠎ᠳᠦ ᠲᠡᠭᠡᠭᠡᠪᠦᠷᠢᠯᠡᠨ ᠬᠦᠷᠭᠡᠵᠦ ᠪᠠᠢᠨ᠎ᠠ᠃ ᠡᠨᠡ ᠵᠢᠯ᠎ᠦᠨ ᠪᠣᠷᠣᠭᠠᠨᠬᠤᠷᠠ ᠰᠠᠢᠨ᠂ ᠡᠷᠳᠡᠨᠢ ᠰᠢᠰᠢ᠎ᠶᠢᠨ ᠶᠠᠰᠤ ᠴᠢᠨᠠᠷ ᠰᠠᠢᠨ᠂ ᠵᠢᠱ᠌ᠢᠯᠲᠡ᠎ᠪᠡᠷ ᠮᠦ᠍ ᠪᠦᠷᠢ᠎ᠶᠢᠨ ᠤᠨᠠᠯᠲᠠ 3000 ᠵᠢᠩ᠎ᠳᠦ ᠬᠦᠷᠴᠦ᠂ ᠴᠡᠪᠡᠷ ᠣᠷᠣᠯᠭ᠎ᠠ 500 — 600 ᠲᠥᠭᠥᠷᠢᠭ᠎ᠲᠦ ᠬᠦᠷᠬᠦ ᠪᠣᠯᠣᠨ᠎ᠠ》᠃
ᠭᠤᠤ ᠹᠸᠨᠭ ᠰᠢ ᠨᠢᠬᠡ ᠲᠠᠯ᠎ᠠ ᠪᠠᠷ ᠬᠠᠳᠤᠵᠤ ᠬᠤᠷᠢᠶᠠᠬᠤ ᠠᠵᠢᠯ᠎ᠢ ᠵᠢᠯᠤᠭᠤᠳᠤᠨ ᠨᠦᠬᠦᠬᠡ ᠲᠠᠯ᠎ᠠ ᠪᠠᠷ ᠰᠤᠷᠪᠤᠯᠵᠢᠯᠠᠭ᠍ᠴᠢ᠎ᠳᠤ᠄ 《ᠠᠮᠲᠠᠲᠤ ᠡᠷᠳᠡᠨᠢ ᠰᠢᠰᠢ᠎ᠶᠢ ᠬᠠᠳᠤᠵᠤ ᠬᠤᠷᠢᠶᠠᠭᠰᠠᠨ᠎ᠤ ᠳᠠᠷᠠᠭ᠎ᠠ ᠡᠷᠬᠡᠪᠰᠢ ᠴᠠᠭ ᠲᠤᠬᠠᠢ ᠳ᠋ᠤᠨᠢ ᠦᠢᠯᠡᠳᠪᠦᠷᠢ᠎ᠳᠦ ᠬᠦᠷᠭᠡᠵᠦ ᠡᠳ᠋ᠰᠢᠭᠦᠯᠬᠦ ᠬᠡᠷᠡᠭᠲᠡᠢ᠂ ᠬᠡᠷᠪᠡ ᠬᠠᠳᠤᠵᠤ ᠬᠤᠷᠢᠶᠠᠭᠰᠠᠨ᠎ᠤ ᠳᠠᠷᠠᠭ᠎ᠠ ᠬᠡᠲᠦᠷᠬᠡᠢ ᠤᠳᠠᠭᠠᠨ ᠲᠠᠯᠪᠢᠪᠠᠯ ᠡᠷᠳᠡᠨᠢ ᠰᠢᠰᠢ ᠠᠮᠠᠷᠬᠠᠨ ᠬᠠᠳᠠᠵᠤ ᠬᠠᠭᠰᠠᠷᠠᠬᠤ ᠪᠣᠯᠣᠨ᠎ᠠ᠂ ᠣᠲᠣ᠌ ᠰᠢᠶᠠᠨ᠎ᠳᠤ ᠠᠮᠲᠠᠲᠤ ᠡᠷᠳᠡᠨᠢ ᠰᠢᠰᠢ ᠡᠳ᠋ᠰᠢᠭᠦᠯᠬᠦ ᠦᠢᠯᠡᠳᠪᠦᠷᠢ᠎ᠲᠠᠢ ᠪᠤᠯᠤᠭᠰᠠᠨ᠎ᠢᠶᠡᠷ ᠪᠢᠳᠡ ᠡᠷᠳᠡᠨᠢ ᠰᠢᠰᠢ᠎ᠪᠠᠨ ᠬᠠᠳᠤᠵᠤ ᠬᠤᠷᠢᠶᠠᠮᠠᠭᠴᠠ ᠦᠢᠯᠡᠳᠪᠦᠷᠢ᠎ᠳᠦ ᠬᠦᠷᠭᠡᠵᠦ ᠡᠳ᠋ᠰᠢᠭᠦᠯᠳᠡᠭ》 ᠭᠡᠪᠡ᠃
ᠥᠪᠥᠷ ᠮᠣᠩᠭᠣᠯ᠎ᠤᠨ ᠸᠸᠨ ᠹᠸᠩ ᠵᠧᠩ ᠮᠣᠣ ᠲᠠᠷᠢᠶᠠᠯᠠᠩ ᠵᠢᠴᠢ ᠮᠠᠰᠢᠨ ᠮᠸᠬᠠᠨᠢᠭ᠎ᠤᠨ ᠲᠤᠰᠬᠠᠢ ᠬᠤᠷᠰᠢᠶ᠎ᠠ 2016 ᠣᠨ᠎ᠤ 12 ᠰᠠᠷ᠎ᠠ᠎ᠳᠤ ᠪᠠᠢᠭᠤᠯᠤᠭᠳᠠᠵᠤ᠂ ᠲᠤᠬᠠᠢ᠎ᠶᠢᠨ ᠭᠠᠵᠠᠷ᠎ᠤᠨ ᠲᠠᠷᠢᠵᠤ ᠲᠡᠵᠢᠭᠡᠬᠦ ᠂ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠣᠷᠣᠯᠠᠭᠤᠯᠬᠤ᠂ ᠬᠥᠳᠡᠭᠡ ᠠᠵᠤ ᠠᠬᠤᠢ᠎ᠶᠢᠨ ᠨᠡᠢᠭᠡᠮᠴᠢᠯᠡᠭᠰᠡᠨ ᠦᠢᠯᠡᠴᠢᠯᠡᠭᠡ᠎ᠶᠢ ᠨᠢᠭᠡ ᠴᠣᠭᠴᠠᠵᠢᠭᠤᠯᠤᠭᠰᠠᠨ ᠲᠠᠷᠢᠶᠠᠴᠢᠳ᠎ᠤᠨ ᠲᠤᠰᠬᠠᠢ ᠬᠤᠷᠰᠢᠶ᠎ᠠ ᠪᠣᠯᠣᠨ᠎ᠠ᠃ ᠣᠯᠠᠨ ᠵᠢᠯ᠎ᠦᠨ ᠲᠤᠷᠰᠢ᠂ ᠲᠤᠰ ᠬᠣᠷᠰᠢᠶ᠎ᠠ ᠡᠷᠭᠢᠨ ᠲᠣᠭᠣᠷᠢᠨ᠎ᠤ ᠲᠠᠷᠢᠶᠠᠴᠢᠨ ᠡᠷᠦᠬᠡ᠎ᠶᠢ ᠢᠳᠡᠪᠬᠢᠲᠡᠢ᠎ᠪᠡᠷ ᠳᠠᠶ᠋ᠢᠴᠢᠯᠠᠨ ᠬᠠᠮᠲᠤ᠎ᠪᠠᠷ ᠬᠥᠭᠵᠢᠭᠦᠯᠪᠡ᠃ ᠣᠳᠣᠬᠠᠨ᠎ᠳᠤ᠂ ᠲᠣᠰ ᠬᠣᠷᠰᠢᠶ᠎ᠠ ᠨᠢ ᠭᠠᠵᠠᠷ ᠰᠢᠷᠣᠢ᠎ᠵᠢᠨ ᠡᠵᠡᠨᠭᠨᠡᠯᠲᠡ᠎ᠵᠢᠨ ᠡᠷᠬᠡ᠎ᠶᠢ ᠭᠦᠢᠯᠭᠡᠭᠡᠬᠦ᠂ ᠲᠠᠷᠢᠶᠠᠯᠠᠩ᠎ᠤᠨ ᠶᠠᠭᠠᠷᠠᠤ ᠤᠯᠠᠷᠢᠯ᠎ᠳᠤ ᠬᠥᠳᠡᠯᠮᠦᠷᠢ ᠬᠦᠴᠦ ᠬᠥᠯᠥᠰᠦᠯᠡᠬᠦ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ ᠲᠤᠬᠠᠢ᠎ᠶᠢᠨ ᠭᠠᠵᠠᠷ᠎ᠤᠨ 50 ᠭᠠᠷᠤᠢ ᠲᠠᠷᠢᠶᠠᠴᠢᠨ ᠡᠷᠦᠬᠡ᠎ᠶᠢ ᠲᠠᠢᠴᠢᠯᠠᠨ ᠣᠷᠣᠯᠭ᠎ᠠ᠎ᠶᠢ ᠨᠢ ᠨᠡᠮᠡᠭᠳᠡᠭᠦᠯᠦᠨ ᠪᠠᠶᠠᠵᠢᠭᠤᠯᠬᠤ᠎ᠶᠢᠨ ᠬᠠᠮᠲᠤ ᠲᠠᠷᠢᠶᠠᠯᠠᠩ᠎ᠤᠨ ᠮᠠᠰᠢᠨ ᠮᠧᠬᠠᠨᠢᠭ᠋᠎ᠤᠨ ᠠᠵᠢᠯ᠎ᠢ ᠶᠡᠬᠡ ᠪᠡᠷ ᠬᠥᠭᠵᠢᠭᠦᠯᠵᠦ᠂ ᠲᠠᠷᠢᠮᠠᠯ᠎ᠤᠨ ᠡᠰᠢ ᠰᠦᠷᠡᠯ᠎ᠢ ᠰᠢᠢᠳᠪᠦᠷᠢᠯᠡᠬᠦ᠂ ᠲᠠᠷᠢᠶᠠᠯᠠᠩ᠎ᠤᠨ ᠮᠠᠰᠢᠨ ᠲᠦᠷᠢᠶᠡᠰᠦᠯᠡᠬᠦ᠂ ᠲᠠᠷᠢᠶᠠᠯᠠᠩ᠎ᠤᠨ ᠪᠦᠲᠦᠭᠡᠭᠳᠡᠬᠦᠨ᠎ᠢ ᠬᠤᠳᠠᠯᠳᠤᠨ ᠠᠪᠴᠤ ᠨᠥᠭᠡᠴᠡᠯᠡᠵᠦ ᠡᠳ᠋ᠰᠢᠭᠦᠯᠬᠦ᠂ ᠪᠣᠷᠣᠯᠠᠭᠤᠯᠵᠤ ᠲᠡᠭᠡᠭᠡᠪᠦᠷᠢᠯᠡᠬᠦ ᠵᠡᠷᠭᠡ ᠪᠥᠬᠥ ᠬᠡᠯᠬᠢᠶᠡᠨ᠎ᠦ ᠦᠢᠯᠡᠴᠢᠯᠡᠭᠡ᠎ᠶᠢ ᠥᠷᠨᠢᠭᠦᠯᠵᠦ᠂ ᠲᠠᠷᠢᠶᠠᠴᠢᠨ ᠡᠷᠦᠬᠡ᠎ᠶᠢᠨ ᠦᠢᠯᠡᠳᠪᠦᠷᠢᠯᠡᠯ᠎ᠦᠨ ᠥᠪᠡᠷ᠎ᠦᠨ ᠥᠷᠲᠡᠭ᠎ᠢ ᠪᠠᠭᠤᠷᠠᠭᠤᠯᠤᠨ᠂ ᠲᠠᠷᠢᠶᠠᠯᠠᠩ᠎ᠤᠨ ᠪᠦᠲᠦᠭᠡᠭᠳᠡᠬᠦᠨ᠎ᠦ ᠪᠣᠷᠤᠯᠠᠭᠤᠯᠭ᠎ᠠ᠎ᠶᠢ ᠥᠷᠭᠡᠳᠬᠡᠵᠦ᠂ ᠨᠤᠲᠤᠭ᠎ᠤᠨ ᠠᠬ᠎ᠠ ᠳᠡᠭᠦᠦ ᠨᠠᠷ᠎ᠢ ᠳᠠᠶ᠋ᠢᠴᠢᠯᠠᠨ ᠲᠤᠬᠠᠢ᠎ᠶᠢᠨ ᠭᠠᠵᠠᠷ ᠲᠤᠨᠢ ᠣᠷᠣᠯᠭ᠎ᠠ᠎ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠣᠷᠣᠨ ᠨᠤᠲᠤᠭ᠎ᠤᠨ ᠬᠥᠳᠡᠭᠡ ᠲᠣᠰᠬᠣᠨ᠎ᠤ ᠠᠵᠤ ᠦᠢᠯᠡᠰ᠎ᠢ ᠬᠥᠭᠵᠢᠭᠦᠯᠦᠨ ᠮᠠᠨᠳᠤᠭᠤᠯᠬᠤ᠎ᠳᠤ ᠠᠮᠢᠳᠤᠯᠢᠭ ᠬᠦᠴᠦᠨ᠎ᠢ ᠨᠡᠮᠡᠷᠢᠯᠡᠪᠡ᠃
ᠰᠢᠩᡁᠸ ᠰᠢᠶᠠᠨ᠎ᠤ ᠪᠦᠯᠬᠦᠮᠳᠡᠯ ᠰᠢᠶᠠᠩ᠎ᠤᠨ ᠳᠠ ᠦ᠋ ᠬᠤᠤ ᠲᠣᠰᠬᠣᠨ᠎ᠤ ᠠᠷᠠᠳ ᠯᠢᠦ ᠶᠤᠸᠠᠢ ᠮᠢᠩ᠄ 《ᠲᠠᠷᠢᠶᠠᠯᠠᠩ᠎ᠤᠨ ᠶᠠᠭᠠᠷᠠᠤ ᠤᠯᠠᠷᠢᠯ᠎ᠳᠤ ᠪᠢ ᠥᠪᠥᠷ ᠮᠣᠩᠭᠣᠯ᠎ᠤᠨ ᠸᠸᠨ ᠹᠸᠩ ᠵᠧᠩ ᠮᠣᠣ ᠲᠠᠷᠢᠶᠠᠯᠠᠩ ᠵᠢᠴᠢ ᠮᠠᠰᠢᠨ ᠮᠸᠬᠠᠨᠢᠭ᠎ᠤᠨ ᠲᠤᠰᠬᠠᠢ ᠬᠤᠷᠰᠢᠶ᠎ᠠ᠎ᠶᠢᠨ ᠲᠠᠷᠢᠮᠠᠯ᠎ᠤᠨ ᠰᠠᠭᠤᠷᠢᠨ᠎ᠳᠤ ᠬᠦᠴᠦ ᠶᠠᠪᠤᠵᠤ᠂ ᠭᠣᠣᠯᠳᠠᠭᠤ ᠡᠪᠡᠰᠦ ᠠᠷᠴᠢᠬᠤ᠂ ᠲᠠᠷᠢᠶᠠᠨ ᠡᠮ ᠰᠦᠷᠴᠢᠬᠦ ᠵᠡᠷᠭᠡ ᠠᠵᠢᠯ᠎ᠢ ᠬᠠᠷᠢᠭᠤᠴᠠᠵᠤ᠂ ᠰᠠᠷ᠎ᠠ ᠪᠦᠷᠢ 5000 ᠲᠥᠭᠥᠷᠢᠭ ᠣᠷᠴᠢᠮ᠎ᠤᠨ ᠴᠠᠯᠢᠩ ᠤᠯᠵᠤ᠂ ᠪᠦᠬᠦ ᠵᠢᠯ᠎ᠳᠦ ᠪᠠᠷᠤᠭ 4 ᠰᠠᠷ᠎ᠠ ᠬᠢᠷᠢ ᠠᠵᠢᠯᠯᠠᠠ᠂ 2 ᠲᠦᠮᠡᠨ ᠲᠥᠭᠥᠷᠢᠭ ᠣᠷᠴᠢᠮ᠎ᠤᠨ ᠤᠷᠤᠯᠭ᠎ᠠ ᠤᠯᠳᠠᠭ》 ᠭᠡᠪᠡ᠃
ᠡᠨᠡ ᠲᠠᠯ᠎ᠠ ᠳ᠋ᠤᠨᠢ ᠡᠷᠳᠡᠨᠢ ᠰᠢᠰᠢ ᠬᠠᠳᠤᠵᠤ ᠬᠤᠷᠢᠶᠠᠬᠤ ᠬᠦᠭᠵᠢᠶᠡᠨᠳᠦ ᠠᠬᠤᠢ ᠲᠠᠯᠠᠪᠠᠢ ᠪᠠᠢᠵᠤ᠂ ᠨᠥᠭᠥᠭᠡ ᠲᠠᠯ᠎ᠠ ᠳ᠋ᠤᠨᠢ ᠠᠮᠲᠠᠲᠤ ᠡᠷᠳᠡᠨᠢ ᠰᠢᠰᠢ ᠡᠳ᠋ᠰᠢᠭᠦᠯᠬᠦ ᠠᠵᠤ ᠠᠬᠤᠢᠯᠠᠯ᠎ᠤᠨ ᠡᠳ᠋ᠰᠢᠭᠦᠯᠬᠦ ᠦᠢᠯᠡᠳᠪᠦᠷᠢ ᠨᠤᠭᠦᠳ ᠠᠴᠢᠶ᠎ᠠ ᠭᠦᠢᠴᠡᠳ ᠠᠵᠢᠯᠯᠠᠨ᠎ᠠ᠃
ᠰᠢᠩᠾᠧ ᠰᠢᠶᠠᠨ᠎ᠳᠤ ᠪᠠᠢᠭ᠎ᠠ ᠥᠪᠥᠷ ᠮᠣᠩᠭᠣᠯ᠎ᠤᠨ ᠴᠤᠸᠠᠨ ᠱᠦᠨ ᠲᠠᠷᠢᠶᠠᠯᠠᠩ᠎ᠤᠨ ᠬᠥᠭᠵᠢᠭᠦᠯᠦᠯᠲᠡ᠎ᠶᠢᠨ ᠬᠢᠵᠠᠭᠠᠷᠲᠤ ᠺᠣᠮᠫᠠᠨᠢ᠎ᠶᠢᠨ ᠠᠮᠲᠠᠲᠤ ᠡᠷᠳᠡᠨᠢ ᠰᠢᠰᠢ ᠡᠳ᠋ᠰᠢᠭᠦᠯᠬᠦ ᠲᠠᠰᠤᠭ᠎ᠲᠤ ᠣᠷᠣᠬᠤ᠎ᠳᠤ᠂ ᠠᠦ᠋ᠲ᠋ᠣᠴᠢᠯᠠᠭᠰᠠᠨ ᠴᠤᠪᠤᠷᠠᠯ ᠱᠤᠭᠤᠮ᠎ᠢ ᠪᠥᠬᠥ ᠬᠤᠷᠳᠤᠴᠠ᠎ᠪᠠᠷ ᠠᠵᠢᠯᠯᠠᠭᠤᠯᠵᠤ᠂ ᠰᠠᠶᠢᠬᠠᠨ ᠦᠢᠯᠡᠳᠪᠦᠷᠢ᠎ᠶᠢᠨ ᠲᠣᠭᠣᠷᠢᠭ᠋᠎ᠲᠤ ᠬᠦᠷᠭᠡᠵᠦ ᠢᠷᠡᠭᠰᠡᠨ ᠰᠢᠨ᠎ᠡ ᠰᠤᠷᠭᠤᠭ ᠡᠷᠳᠡᠨᠢ ᠰᠢᠰᠢ᠎ᠶᠢᠨ ᠬᠠᠯᠢᠰᠤ᠎ᠶᠢ ᠨᠢ ᠱᠠᠭᠠᠯᠵᠤ᠂ ᠮᠥᠯᠢᠬᠦ ᠮᠠᠰᠢᠨ᠎ᠢᠶᠠᠷ ᠳᠡᠮᠵᠢᠨ ᠠᠯᠲᠠᠨ ᠰᠢᠷᠭᠠᠯ ᠡᠷᠳᠡᠨᠢ ᠰᠢᠰᠢ᠎ᠶᠢᠨ ᠮᠥᠬᠥᠯᠢᠭᠢᠭᠠᠷᠭᠠᠵᠤ᠂ ᠳᠠᠬᠢᠨ ᠨᠢᠭᠡ ᠤᠳᠠᠭ᠎ᠠ ᠤᠬᠢᠶᠠᠵᠤ ᠠᠷᠢᠯᠭᠠᠵᠤ᠂ ᠴᠢᠨᠠᠵᠤ ᠪᠤᠯᠭᠤᠭᠠᠵᠤ᠂ ᠬᠥᠷᠥᠭᠡᠵᠦ ᠬᠦᠯᠳᠡᠭᠡᠵᠦ ᠰᠢᠨ᠎ᠡ ᠰᠤᠷᠭᠤᠭᠵᠢᠡᠷ ᠨᠢ ᠬᠠᠳᠠᠭᠠᠯᠠᠳᠠᠭ᠃ ᠬᠤᠪᠢᠶᠠᠨ ᠰᠣᠩᠭᠣᠬᠤ᠂ ᠰᠢᠯᠭᠠᠨ ᠪᠠᠢᠴᠠᠭᠠᠬᠤ᠂ ᠪᠣᠭᠣᠳᠠᠯᠯᠠᠨ ᠪᠠᠭᠯᠠᠬᠤ᠎ᠶᠢ ᠨᠢᠭᠡ ᠯᠡ ᠳᠤᠤᠷ᠎ᠠ ᠪᠡᠶᠡᠯᠡᠭᠦᠯᠵᠦ᠂ ᠲᠠᠷᠢᠶᠠᠨ ᠭᠠᠵᠠᠷ᠎ᠤᠨ ᠰᠢᠨ᠎ᠡ ᠰᠣᠷᠭᠣᠭ ᠡᠷᠳᠡᠨᠢ ᠰᠢᠰᠢ᠎ᠶᠢ ᠤᠷᠢᠳᠴᠢᠯᠠᠨ ᠦᠢᠯᠡᠳᠦᠭᠰᠡᠨ ᠲᠠᠸᠠᠷ ᠪᠣᠯᠭᠠᠨ ᠬᠤᠪᠢᠷᠠᠭᠤᠯᠵᠤ᠂ ᠡᠯᠪᠡᠭ ᠬᠤᠷᠢᠶᠠᠯᠲᠠ᠎ᠶᠢᠨ ᠥᠷᠲᠡᠭ᠎ᠢ ᠤᠯᠠᠨ ᠲᠦᠮᠡᠨ ᠳ᠋ᠦ ᠦᠨᠡᠨ ᠬᠦ᠌ ᠡᠳ᠋ᠯᠠᠭᠦᠯᠦᠨᠠ᠃
ᠥᠪᠥᠷ ᠮᠣᠩᠭᠣᠯ᠎ᠤᠨ ᠴᠤᠸᠠᠨ ᠱᠦᠨ ᠲᠠᠷᠢᠶᠠᠯᠠᠩ᠎ᠤᠨ ᠬᠥᠭᠵᠢᠯᠲᠡ᠎ᠶᠢᠨ ᠬᠢᠵᠠᠭᠠᠷᠲᠤ ᠺᠣᠮᠫᠠᠨᠢ᠎ᠶᠢᠨ ᠶᠠᠰᠤ ᠴᠢᠨᠠᠷ᠎ᠤᠨ ᠦᠢᠯᠡᠳᠪᠦᠷᠢ᠎ᠶᠢᠨ ᠳᠠᠷᠤᠭ᠎ᠠ ᠯᠢᠨ ᠬᠠᠢ ᠲᠤᠤ᠄ 《ᠮᠠᠨ᠎ᠤ ᠺᠣᠮᠫᠠᠨᠢ 2018 ᠣᠨ᠎ᠳᠤ ᠪᠠᠢᠭᠤᠯᠤᠭᠳᠠᠵᠤ᠂ 2021 ᠣᠨ᠎ᠳᠤ ᠠᠰᠢᠭ᠍ᠯᠠᠯᠲᠠ᠎ᠳᠤ ᠣᠷᠣᠵᠤ᠂ ᠵᠢᠯ᠎ᠳᠦ ᠲᠦᠷᠭᠡᠨ ᠬᠥᠯᠳᠡᠭᠡᠭᠰᠡᠡ ᠠᠮᠲᠠᠲᠤ ᠡᠷᠳᠡᠨᠢ ᠰᠢᠰᠢ᠎ᠶᠢᠨ ᠪᠦᠲᠦᠭᠡᠭᠳᠡᠬᠦᠨ᠎ᠢ 10000 ᠲᠣᠨ ᠦᠢᠯᠡᠳᠪᠦᠷᠢᠯᠡᠵᠦ ᠳᠡᠢᠯᠦᠨ᠎ᠡ᠃ ᠪᠢᠳᠡᠨ᠎ᠦ ᠪᠦᠲᠦᠭᠡᠭᠳᠡᠬᠦᠨ ᠪᠦᠬᠦ ᠤᠯᠤᠰ᠎ᠤᠨ ᠡᠯ᠎ᠡ ᠭᠠᠵᠠᠷ᠎ᠤᠨ ᠬᠤᠳᠠᠯᠳᠤᠭᠠᠨ᠎ᠤ ᠲᠠᠯᠠᠪᠤᠷ᠂ ᠬᠠᠮ ᠳᠡᠯᠭᠡᠭᠦᠷ ᠵᠢᠴᠢ ᠶᠠᠫᠤᠨ᠎ᠳᠤ ᠪᠣᠷᠣᠯᠠᠭᠤᠯᠤᠭᠳᠠᠵᠤ ᠪᠠᠢᠨ᠎ᠠ》 ᠭᠡᠵᠦ ᠲᠠᠨᠢᠯᠴᠠᠭᠤᠯᠪᠠ᠃
ᠣᠢᠯᠠᠭᠠᠭᠰᠠᠨ᠎ᠢᠶᠠᠷ᠂ ᠣᠳᠣᠬᠠᠨ᠎ᠳᠤ ᠰᠢᠩᠾᠧ ᠰᠢᠶᠠᠨ᠎ᠤ ᠠᠮᠲᠠᠲᠤ ᠡᠷᠳᠡᠨᠢ ᠰᠢᠰᠢ ᠳᠠᠷᠢᠬᠤ ᠲᠠᠯᠠᠪᠠᠶ ᠨᠢ 0.78 ᠲᠦᠮᠡᠨ ᠮᠦ᠍᠎ᠳᠦ ᠬᠦᠷᠴᠦ᠂ ᠡᠳ᠋ᠰᠢᠭᠦᠯᠬᠦ ᠠᠵᠤ ᠠᠬᠤᠢᠯᠠᠯ 4 ᠪᠠᠢᠵᠤ᠂ ᠵᠢᠯ᠎ᠦᠨ ᠡᠳ᠋ᠰᠢᠭᠦᠯᠬᠦ ᠴᠢᠳᠠᠪᠤᠷᠢ ᠨᠢ 20000 ᠲᠣᠨ᠎ᠳᠤ ᠬᠦᠷᠴᠦ ᠪᠠᠢᠨ᠎ᠠ᠃
[ᠰᠤᠷᠪᠤᠯᠵᠢᠯᠠᠭ᠍ᠴᠢ᠎ᠶᠢᠨ ᠡᠪᠦᠷ ᠲᠡᠮᠳᠡᠭᠯᠡᠯ]
ᠲᠠᠷᠢᠶᠠᠨ ᠭᠠᠵᠠᠷ ᠲᠦ᠍ ᠬᠠᠳᠤᠵᠤ ᠬᠤᠷᠢᠶᠠᠬᠤ ᠮᠠᠰᠢᠨ ᠬᠦᠷᠴᠢᠭᠢᠨᠡᠵᠦ᠂ ᠡᠳ᠋ᠰᠢᠭᠦᠯᠬᠦ ᠦᠢᠯᠡᠳᠪᠦᠷᠢ᠎ᠶᠢᠨ ᠲᠠᠰᠤᠭ᠎ᠲᠦ ᠮᠠᠰᠢᠨ ᠮᠸᠬᠠᠨᠢᠭ ᠵᠤᠭᠰᠤᠰᠢ ᠦᠭᠡᠢ ᠠᠵᠢᠯᠯᠠᠨ᠎ᠠ᠂ ᠡᠨᠡ ᠪᠣᠯ ᠰᠤᠷᠪᠤᠯᠵᠢᠯᠠᠭ᠍ᠴᠢ ᠰᠢᠩᠾᠧ ᠰᠢᠶᠠᠨ᠎ᠳᠤ ᠠᠮᠲᠠᠲᠤ ᠡᠷᠳᠡᠨᠢ ᠰᠢᠰᠢ᠎ᠶᠢᠨ ᠠᠵᠤ ᠦᠢᠯᠡᠰ᠎ᠢ ᠰᠤᠷᠪᠤᠯᠵᠢᠯᠠᠭᠰᠠᠨ ᠬᠠᠮᠤᠭ᠎ᠤᠨ ᠦᠨᠡᠨ ᠪᠣᠳᠠᠲᠠᠢ ᠲᠥᠷᠥᠭᠳᠡᠯ ᠪᠣᠯᠣᠨ᠎ᠠ᠃ ᠥᠩᠭᠡᠷᠡᠭᠰᠡᠨ᠎ᠳᠦ ᠲᠠᠷᠢᠶᠠᠴᠢᠨ ᠡᠷᠦᠬᠡ ᠡᠩ᠎ᠦᠨ ᠡᠷᠳᠡᠨᠢ ᠰᠢᠰᠢᠳᠠᠷᠢᠵᠤ᠂ ᠠᠰᠢᠭ᠋ ᠣᠷᠣᠯᠭ᠎ᠠ ᠨᠢ ᠲᠣᠭᠲᠠᠪᠤᠷᠢ ᠦᠭᠡᠢ ᠪᠠᠢᠪᠠ᠂ ᠣᠲᠣ᠌ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠪᠦᠷᠢ ᠪᠠᠢᠭᠤᠯᠤᠭᠳᠠᠵᠤ᠂ ᠵᠠᠬᠢᠶᠠᠯᠠᠭ᠎ᠠ᠎ᠶᠢᠨ ᠲᠠᠷᠢᠶᠠᠯᠠᠩ ᠨᠢ ᠦᠢᠯᠡᠳᠪᠦᠷᠢᠯᠡᠯ ᠪᠣᠷᠤᠯᠠᠭᠤᠯᠭ᠎ᠠ᠎ᠶᠢᠨ ᠲᠦᠭᠵᠢᠷᠡᠯ᠎ᠦᠨ ᠴᠡᠭ᠎ᠢ ᠨᠠᠪᠲᠠᠷᠡᠭᠦᠯᠵᠦ᠂ ᠲᠠᠷᠢᠮᠠᠯ᠎ᠤᠨ ᠡᠷᠦᠬᠡ ᠵᠢᠨ ᠢᠲᠡᠭᠡᠯ ᠵᠣᠷᠢᠭ᠎ᠢ ᠬᠦᠪᠴᠢᠯᠡᠵᠡᠢ᠃
ᠲᠠᠷᠢᠶᠠᠨ ᠭᠠᠵᠠᠷ᠎ᠲᠦ ᠮᠠᠰᠢᠨᠵᠢᠡᠷ ᠵᠠᠪᠳᠤᠨ ᠬᠤᠷᠢᠶᠠᠬᠤ᠎ᠡᠴᠡ ᠠᠪᠤᠭᠠᠳ ᠦᠢᠯᠡᠳᠪᠦᠷᠢ᠎ᠶᠢᠨ ᠲᠠᠰᠤᠭ᠎ᠲᠦ ᠬᠠᠯᠢᠰᠤ ᠱᠠᠭᠠᠯᠬᠤ᠂ ᠮᠥᠯᠢᠬᠦ᠂ ᠲᠦᠷᠭᠡᠨ ᠬᠥᠯᠳᠡᠭᠡᠵᠦ ᠡᠳ᠋ᠰᠢᠭᠦᠯᠬᠦ ᠬᠦᠷᠲᠡᠯ᠎ᠡ᠂ ᠠᠮᠲᠠᠲᠤ ᠡᠷᠳᠡᠨᠢ ᠰᠢᠰᠢ᠎ᠵᠢ ᠴᠠᠭ ᠮᠥᠴᠡ᠎ᠲᠠᠢ ᠤᠷᠤᠯᠳᠤᠨ ᠰᠢᠨ᠎ᠡ ᠰᠣᠷᠭᠣᠭᠵᠢᠡᠷ ᠨᠢ ᠬᠠᠳᠠᠭᠠᠯᠠᠳᠠᠭ᠃ ᠨᠢᠭᠡ ᠵᠢᠵᠢᠭᠬᠡᠨ ᠠᠮᠲᠠᠲᠤ ᠡᠷᠳᠡᠨᠢ ᠰᠢᠰᠢ᠂ ᠨᠢᠭᠡ ᠲᠠᠯ᠎ᠠ ᠪᠡᠷ ᠭᠠᠵᠠᠷ ᠰᠢᠷᠣᠢ᠎ᠲᠠᠢ ᠬᠤᠯᠪᠤᠭᠳᠠᠵᠤ᠂ ᠨᠦᠭᠦᠭᠡ ᠲᠠᠯ᠎ᠠ ᠪᠡᠷ ᠥᠷᠭᠡᠨ ᠠᠭᠤᠳᠠᠮ ᠵᠠᠬ᠎ᠠ ᠳᠡᠯᠭᠡᠭᠦᠷ᠎ᠲᠦ ᠣᠷᠣᠵᠤ᠂ ᠲᠠᠷᠢᠮᠠᠯ᠎ᠤᠨ ᠡᠷᠦᠬᠡ᠎ᠶᠢᠨ ᠤᠷᠤᠯᠭ᠎ᠠ᠎ᠵᠢ ᠨᠡᠮᠡᠭᠳᠡᠭᠦᠯᠬᠦ᠎ᠵᠢᠨ ᠬᠠᠮᠲᠤ ᠲᠤᠬᠠᠢ᠎ᠶᠢᠨ ᠭᠠᠵᠠᠷ᠎ᠤᠨ ᠤᠯᠠᠨ ᠲᠦᠮᠡᠨ᠎ᠳᠦ ᠭᠡᠷ᠎ᠦᠨ ᠡᠭᠦᠳᠡᠨᠳ᠋ᠤᠨᠢ ᠠᠵᠢᠯ᠎ᠤᠨ ᠪᠠᠢᠷᠢ ᠬᠠᠩᠭᠠᠪᠠ᠃
ᠠᠵᠤ ᠦᠢᠯᠡᠰ ᠬᠥᠭᠵᠢᠪᠡᠯ ᠬᠥᠳᠡᠭᠡ ᠲᠣᠰᠬᠣᠨ ᠬᠥᠭᠵᠢᠨ᠎ᠡ᠃ ᠰᠢᠩᠾᠧ ᠰᠢᠶᠠᠨ ᠲᠤᠰ ᠭᠠᠵᠠᠷ᠎ᠤᠨ ᠡᠬᠢ ᠪᠠᠶᠠᠯᠢᠭ᠋᠎ᠲᠠᠭᠠᠨ ᠰᠠᠭᠤᠷᠢᠯᠠᠵᠤ᠂ ᠠᠮᠲᠠᠲᠤ ᠡᠷᠳᠡᠨᠢ ᠰᠢᠰᠢ᠎ᠶᠢᠨ ᠪᠦᠬᠦ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠵᠤ᠂ ᠭᠠᠵᠠᠷ ᠰᠢᠷᠣᠢ᠎ᠶᠢᠨ ᠳᠠᠪᠠᠭᠤᠯᠢᠭ᠋᠎ᠢ ᠣᠷᠣᠯᠭ᠎ᠠ᠎ᠪᠠᠨ ᠨᠡᠮᠡᠭᠳᠡᠭᠦᠯᠬᠦ ᠳᠠᠪᠠᠭᠤᠯᠢᠭ᠋ ᠪᠣᠯᠭᠠᠨ ᠬᠤᠪᠢᠷᠠᠭᠤᠯᠪᠠ᠃ ᠲᠠᠷᠢᠶᠠᠨ ᠭᠠᠵᠠᠷ᠎ᠤᠨ ᠡᠯᠪᠡᠭ ᠬᠤᠷᠢᠶᠠᠯᠲᠠ᠂ ᠦᠢᠯᠡᠳᠪᠦᠷᠢ᠎ᠶᠢᠨ ᠲᠠᠰᠤᠭ᠎ᠤᠨ ᠶᠠᠭᠠᠷᠠᠯᠲᠠᠢ ᠠᠵᠢᠯ ᠪᠣᠯ ᠬᠥᠳᠡᠭᠡ ᠲᠣᠰᠬᠣᠨ᠎ᠤ ᠠᠵᠤ ᠦᠢᠯᠡᠰ᠎ᠢ ᠬᠥᠭᠵᠢᠭᠦᠯᠦᠨ ᠮᠠᠨᠳᠤᠭᠤᠯᠬᠤ ᠬᠠᠮᠤᠭ᠎ᠤᠨ ᠠᠮᠢᠳᠤᠯᠢᠭ᠋ ᠲᠠᠢᠯᠪᠤᠷᠢ ᠪᠣᠯᠣᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃