ᠭᠣᠣᠯ ᠰᠡᠳᠦᠪᠲᠦ ᠮᠡᠳᠡᠭᠡᠯᠡᠯ > ᠵᠣᠬᠢᠶᠠᠯ᠎ᠤᠨ ᠰᠤᠷᠲᠠᠯ᠎ᠢᠶᠠᠨ ᠰᠠᠢᠵᠢᠷᠠᠭᠤᠯᠤᠶ᠎ᠠ

2026-09-09 10:32:25

ᠵᠣᠬᠢᠶᠠᠭ᠍ᠴᠢ᠄ ​ ᠯᠢ ᠭᠦᠸᠧ ᠫᠢᠩ ᠣᠩᠱᠢᠭ᠍ᠰᠠᠨ ᠣᠳᠠᠭ᠎ᠠ᠄ 3

ᠥᠷᠯᠥᠭᠡ᠎ᠶᠢᠨ ᠵᠢᠷᠭᠤᠭᠠᠨ ᠴᠠᠭ᠎ᠲᠤ᠂ ᠬᠥᠬᠡᠬᠣᠲᠠ᠎ᠶᠢᠨ ᠢᠦᠢᠴᠢᠦᠸᠠᠨ ᠲᠣᠭᠣᠷᠢᠭ᠋᠎ᠤᠨ ᠮᠧᠶ ᠲᠦᠩ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠵᠢᠮᠢᠰ ᠨᠣᠭᠣᠭ᠎ᠠ ᠤᠰᠤᠨ᠎ᠤ ᠭᠠᠷᠤᠯᠲᠠ ᠮᠢᠬᠠᠨ᠎ᠤ ᠵᠦᠢᠯ᠎ᠦᠨ ᠳᠡᠯᠭᠡᠭᠦᠷ ᠵᠠᠯᠭᠠᠭ᠎ᠠ᠎ᠪᠠᠷ ᠡᠬᠦᠳᠡ ᠪᠠᠨ ᠨᠡᠬᠡᠬᠡᠵᠤ᠂ ᠬᠥᠷ ᠬᠥᠭᠵᠢᠶᠡᠨ ᠢ᠋ᠢᠡᠷ ᠪᠢᠯᠬᠠᠵᠤ ᠪᠠᠢᠯ᠎ᠠ᠃ ᠣᠳᠣᠬᠠᠨ᠎ᠳᠤ᠂ ᠲᠤᠰ ᠵᠠᠬ᠎ᠠ ᠳᠡᠯᠭᠡᠭᠦᠷ᠎ᠦᠨ ᠳᠡᠯᠭᠡᠭᠦᠷ ᠪᠦᠷᠢ᠎ᠶᠢᠨ ᠡᠯᠧᠺᠲᠷᠣᠨ ᠵᠢᠩᠯᠡᠭᠦᠷ ᠳᠡᠭᠡᠷ᠎ᠡ ᠴᠥᠮ ᠡᠬᠢ ᠡᠭᠦᠰᠦᠯ᠎ᠢ ᠨᠢ ᠬᠠᠢᠵᠦ ᠪᠤᠯᠬᠤ ᠬᠣᠶᠠᠷ ᠬᠡᠮᠵᠢᠯᠲᠦ ᠺᠤᠳ᠋᠎ᠢ ᠲᠣᠳᠣᠷᠬᠠᠢ ᠨᠠᠭᠠᠵᠤ᠂ ᠬᠡᠷᠡᠭᠯᠡᠭᠡ᠎ᠶᠢᠨ ᠡᠷᠬᠡ ᠲᠡᠭᠰᠢ᠎ᠶᠢ ᠬᠠᠮᠠᠭᠠᠯᠠᠬᠤ᠎ᠪᠡᠷ ᠠᠷᠠᠳ᠎ᠤᠨ ᠠᠮᠢᠳᠤᠷᠠᠯ᠎ᠤᠨ ᠰᠡᠷᠭᠡᠢᠯᠡᠯᠲᠡ᠎ᠶᠢᠨ ᠱᠤᠭᠤᠮ᠎ᠢ ᠪᠠᠲᠤ ᠴᠤᠬᠴᠠᠯᠠᠨ᠎ᠠ᠃

《ᠥᠩᠭᠡᠷᠡᠭᠰᠡᠨ᠎ᠳᠦ ᠳᠠᠯᠠᠶ ᠶ᠋ᠢᠨ ᠢᠳᠡᠭᠡᠨ ᠬᠤᠳᠠᠯᠳᠤᠨ ᠠᠪᠬᠤ᠎ᠳᠤ ᠵᠢᠩ ᠯᠠᠩ ᠲᠤᠲᠠᠬᠤ ᠠ᠋ᠴᠠ ᠬᠠᠮᠤᠭ ᠡᠴᠡ ᠢᠯᠡᠭᠦᠦ ᠠᠶᠤᠳᠠᠭ ᠪᠠᠢᠵᠠᠢ᠂ ᠣᠳᠣ᠌ ᠺᠤᠳ᠋ ᠢ᠋ ᠰᠢᠷᠪᠢᠪᠡᠯ ᠵᠢᠩᠯᠡᠭᠦᠷ ᠤ᠋ᠨ ᠰᠢᠯᠭᠠᠨ ᠲᠣᠭᠲᠠᠭᠠᠭᠰᠠᠨ ᠮᠡᠳᠡᠭᠡ ᠵᠠᠩᠭᠢ᠂ ᠬᠢᠷᠢ ᠲᠡᠩᠴᠡᠭᠰᠡᠨ ᠪᠠᠢᠳᠠᠯ᠎ᠢ ᠮᠡᠳᠡᠵᠦ ᠪᠣᠯᠣᠨ᠎ᠠ᠂ ᠪᠦᠬᠦ ᠶᠠᠪᠤᠴᠠ᠎ᠳᠤ ᠪᠦᠷ ᠢᠯᠡ ᠲᠤᠲᠤ᠂ ᠪᠠᠢᠴᠠᠭᠠᠵᠦ ᠪᠤᠯᠬᠤ ᠪᠦᠭᠡᠳ ᠡᠷᠬᠡ᠎ᠪᠡᠨ ᠬᠠᠮᠠᠭᠠᠯᠠᠬᠤ᠎ᠳᠤ ᠴᠤ᠌ ᠳᠥᠭᠥᠮ ᠪᠣᠯᠪᠠ》 ᠬᠡᠵᠦ 9 ᠰᠠᠷ᠎ᠠ ᠶ᠋ᠢᠨ 3᠎ᠤ᠋ ᠡᠳᠦᠷ ᠬᠣᠲᠠ ᠶ᠋ᠢᠨ ᠠᠷᠠᠳ ᠵᠠᠩ ᠠᠪᠠᠭᠠᠢ ᠳᠠᠯᠠᠶ ᠶ᠋ᠢᠨ ᠢᠳᠡᠭᠡᠨ ᠰᠣᠩᠭᠣᠵᠤ ᠪᠠᠷᠠᠭᠠᠳ᠂ ᠺᠣᠳ᠋ ᠰᠢᠷᠪᠢᠵᠦ ᠬᠢᠨᠠᠨ ᠪᠠᠢᠴᠠᠭᠠᠬᠤ ᠢ᠋ᠢᠨ ᠲᠠᠭᠠᠤ ᠬᠡᠯᠡᠪᠡ᠃

《 ᠡᠨᠡ ᠺᠤᠳ᠋ ᠨᠢ ᠬᠢᠨᠠᠯᠲᠠ ᠬᠠᠮᠢᠶᠠᠷᠤᠯᠲᠠ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠦᠨᠡᠨᠴᠢ ᠢᠲᠡᠭᠡᠮᠵᠢ ᠶ᠋ᠢᠨ ᠫᠠᠢᠰᠠ ᠮᠥᠨ᠂ ᠬᠤᠳᠠᠯᠳᠤᠨ ᠠᠪᠤᠭ᠍ᠴᠢᠳ ᠰᠠᠨᠠᠭ᠎ᠠ ᠠᠮᠤᠷ ᠬᠤᠳᠠᠯᠳᠤᠨ ᠠᠪᠴᠤ᠂ ᠪᠢᠳᠡ ᠴᠸ᠋ ᠰᠠᠨᠠᠭ᠎ᠠ ᠠᠮᠤᠷ ᠬᠤᠳᠠᠯᠳᠤᠨ᠎ᠠ 》 ᠬᠡᠵᠦ ᠤᠰᠤᠨ᠎ᠤ ᠭᠠᠷᠤᠯᠲᠠ᠎ᠶᠢᠨ ᠬᠤᠳᠠᠯᠳᠤᠭᠠᠴᠢᠨ ᠸᠠᠩ ᠠᠪᠤᠭᠠᠢ ᠪᠤᠰᠢᠭᠤᠬᠠᠨ ᠤᠭᠤᠲᠠᠯᠠᠵᠤ ᠦᠭᠬᠦ ᠢ᠋ᠢᠨ ᠬᠠᠮᠲᠦ ᠶᠠᠷᠢᠨ᠎ᠠ᠃ ᠵᠠᠬ᠎ᠠ ᠳᠡᠯᠭᠡᠭᠦᠷ᠎ᠲᠦ᠂ ᠵᠢᠩᠯᠡᠭᠦᠷ ᠰᠣᠯᠢᠬᠰᠠᠨ ᠬᠤᠳᠠᠯᠳᠤᠭᠠᠴᠢᠳ ᠴᠥᠮ ᠬᠣᠶᠠᠷ ᠬᠡᠮᠵᠢᠯᠲᠦ ᠺᠣᠳ᠋᠎ᠢ ᠬᠠᠮᠤᠭ᠎ᠤᠨ ᠢᠯᠡ ᠭᠠᠵᠠᠷ᠎ᠲᠤ ᠨᠠᠭᠠᠵᠤ᠂ ᠰᠠᠨᠠᠭᠠᠴᠢᠯᠠᠭ᠎ᠠ ᠠ᠋ᠴᠠ᠎ᠪᠠᠨ ᠬᠡᠷᠡᠭᠯᠡᠭᠴᠢᠳ ᠎ᠢ ᠤᠷᠢᠵᠤ ᠺᠣᠳ᠋ ᠰᠢᠷᠪᠢᠵᠦ ᠪᠠᠢᠴᠠᠭᠠᠨ ᠰᠢᠯᠭᠠᠭᠤᠯᠳᠠᠭ᠃

ᠡᠨᠡ ᠵᠢᠯ᠎ᠦᠨ 3 ᠰᠠᠷ᠎ᠠ᠎ᠳᠤ᠂ ᠮᠧᠶ ᠲᠦᠩ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ ᠬᠠᠮᠤᠭ᠎ᠤᠨ ᠲᠦᠷᠦᠭᠦᠨ᠎ᠳᠦ 21 ᠲᠡᠯᠡᠶ᠎ᠶᠢᠨ ᠢᠳᠡᠭᠡᠨ᠎ᠦ ᠬᠤᠳᠠᠯᠳᠤᠭᠠᠴᠢᠨ᠎ᠤ ᠡᠯᠧᠺᠲᠷᠣᠨ ᠵᠢᠩᠯᠡᠭᠦᠷ᠎ᠦᠨ ᠲᠠᠰ ᠳᠠᠪᠰᠢᠵᠤ ᠰᠢᠨ᠎ᠡ᠎ᠶᠢ ᠰᠣᠯᠢᠬᠤ᠎ᠶᠢ ᠪᠡᠶᠡᠯᠡᠭᠦᠯᠵᠡᠢ᠃ ᠤᠯᠤᠰ᠎ᠤᠨ ᠰᠢᠨ᠎ᠡ ᠪᠠᠷᠢᠮᠵᠢᠶᠠᠲᠤ ᠡᠯᠧᠺᠲᠷᠣᠨ ᠵᠢᠩᠯᠡᠭᠦᠷ᠎ᠦᠨ ᠳᠣᠲᠣᠷ᠎ᠠ ᠵᠠᠳᠠᠯᠬᠤ ᠡᠴᠡ ᠰᠡᠷᠭᠡᠢᠯᠡᠬᠦ ᠴᠢᠫ ᠤᠭᠰᠠᠷᠠᠵᠤ᠂ ᠳᠤᠷ᠎ᠠ᠎ᠪᠠᠷ᠎ᠢᠶᠠᠨ ᠵᠠᠳᠠᠯᠵᠦ᠂ ᠥᠭᠡᠷᠡᠴᠢᠯᠡᠨ ᠤᠭᠰᠠᠷᠠᠬᠤ᠎ᠳᠤ ᠬᠦᠷᠪᠡᠯ ᠠᠶᠠᠨᠳᠠᠭᠠᠨ ᠣᠨᠢᠰᠤᠯᠠᠭᠳᠠᠵᠤ᠂ ᠵᠢᠩᠯᠡᠭᠦᠷ᠎ᠲᠦ ᠭᠡᠮ ᠬᠢᠬᠦ ᠵᠢ ᠦᠨᠳᠦᠰᠦ᠎ᠡᠴᠡ ᠨᠢ ᠠᠷᠢᠯᠭᠠᠪᠠ᠃ ᠲᠣᠭ᠎ᠠ ᠪᠠᠷᠢᠮᠲᠠ᠎ᠶᠢ ᠴᠠᠭ ᠲᠤᠬᠠᠢ ᠳ᠋ᠤᠨᠢ ᠣᠶᠤᠨᠴᠢ ᠬᠢᠨᠠᠨ ᠬᠠᠮᠢᠶᠠᠷᠤᠯᠲᠠ᠎ᠶᠢᠨ ᠲᠠᠪᠴᠠᠩ᠎ᠳᠤ ᠵᠠᠯᠭᠠᠨ ᠣᠷᠣᠭᠤᠯᠵᠤ᠂ ᠵᠢᠩᠯᠡᠭᠦᠷ᠎ᠢ ᠦᠢᠯᠡᠳᠪᠦᠷᠢ᠎ᠡᠴᠡ ᠭᠠᠷᠭᠠᠬᠤ᠂ ᠰᠢᠯᠭᠠᠨ ᠲᠣᠭᠲᠠᠭᠠᠬᠤ᠂ ᠰᠡᠯᠪᠢᠨ ᠵᠠᠰᠠᠬᠤ ᠪᠥᠬᠥ ᠬᠡᠯᠬᠢᠶᠡᠨ᠎ᠦ ᠡᠬᠢ ᠡᠭᠦᠰᠦᠯ᠎ᠦᠨ ᠪᠢᠲᠡᠭᠦᠦ ᠴᠠᠭᠠᠷᠢᠭᠳᠦ ᠬᠠᠮᠢᠶᠠᠷᠤᠯᠲᠠ᠎ᠶᠢ ᠪᠡᠶᠡᠯᠡᠭᠦᠯᠪᠡ᠃

ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ᠂ 2027 ᠣᠨ᠎ᠳᠤ᠂ ᠬᠥᠬᠡᠬᠣᠲᠠ᠎ᠶᠢᠨ ᠴᠤᠭᠯᠠᠭ᠎ᠠ ᠮᠠᠢᠮᠠᠢ᠎ᠶᠢᠨ ᠵᠠᠬ᠎ᠠ ᠳᠡᠯᠭᠡᠭᠦᠷ᠎ᠦᠨ ᠡᠯᠧᠺᠲᠷᠣᠨ ᠵᠢᠩᠯᠡᠭᠦᠷ᠎ᠢ ᠪᠠᠷᠢᠮᠵᠢᠶ᠎ᠠ᠎ᠶᠤᠰᠤᠭᠠᠷ ᠪᠥᠬᠥ ᠲᠠᠯ᠎ᠠ᠎ᠪᠠᠷ ᠰᠢᠨ᠎ᠡ᠎ᠶᠢ ᠰᠣᠯᠢᠵᠤ᠂ ᠬᠠᠭᠤᠴᠢᠨ ᠵᠢᠩᠯᠡᠭᠦᠷ᠎ᠢ ᠬᠡᠷᠡᠭᠯᠡᠬᠥ ᠪᠡᠨ ᠵᠤᠬᠰᠤᠬᠤ ᠪᠤᠯᠤᠨ᠎ᠠ᠃ ᠥᠪᠥᠷ ᠮᠣᠩᠭᠣᠯ᠎ᠤᠨ ᠠᠷᠠᠳ᠎ᠤᠨ ᠠᠮᠢᠳᠤᠷᠠᠯ᠎ᠤᠨ ᠬᠡᠮᠵᠢᠯᠲᠡ᠎ᠶᠢᠨ ᠵᠠᠰᠠᠯᠲᠠ᠂ ᠠᠷᠠᠳ ᠤᠯᠠᠨ᠎ᠤ ᠬᠡᠷᠡᠭᠯᠡᠭᠡᠨ᠎ᠦ ᠡᠷᠬᠡ ᠲᠡᠭᠰᠢ᠎ᠶᠢ ᠬᠠᠮᠠᠭᠠᠯᠠᠬᠤ ᠠᠮᠢᠳᠤᠯᠢᠭ᠋ ᠬᠤᠷᠢᠶᠠᠩᠭᠤᠢ ᠳᠦᠷᠰᠦ ᠪᠣᠯᠤᠭᠰᠠᠨ᠎ᠤ ᠬᠤᠪᠢ᠎ᠳᠤ᠂ ᠬᠥᠬᠡᠬᠣᠲᠠ᠎ᠶᠢᠨ ᠬᠢᠨ ᠡᠯ᠎ᠡ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠣᠷᠣᠬᠤ ᠡᠭᠦᠳᠡᠨ᠎ᠳᠦ ᠴᠥᠮ ᠣᠶᠤᠨᠴᠢ ᠭᠣᠣᠯᠴᠢ ᠵᠢᠩᠯᠡᠭᠦᠷ ᠲᠣᠬᠢᠷᠠᠭᠤᠯᠵᠤ᠂ ᠰᠡᠭᠦᠳᠡᠷ ᠲᠠᠲᠠᠵᠤ ᠭᠡᠷᠡᠴᠢ ᠠᠪᠬᠤ᠂ ᠥᠪᠡᠷ᠎ᠢᠶᠡᠨ ᠳᠠᠬᠢᠨ ᠵᠢᠩᠯᠡᠬᠦ ᠵᠢ ᠲᠡᠮᠵᠢᠵᠦ᠂ ᠡᠷᠬᠡ᠎ᠪᠡᠨ ᠬᠠᠮᠠᠭᠠᠯᠠᠬᠤ ᠢᠯᠡ ᠨᠡᠢᠲᠡᠯᠡᠬᠦ ᠮᠡᠳᠡᠭᠡ ᠵᠠᠩᠭᠢ ᠲᠣᠳᠣᠷᠬᠠᠢ ᠪᠦᠷᠢᠨ ᠭᠦᠢᠴᠡᠳ ᠪᠠᠢᠵᠦ᠂ ᠬᠤᠳᠠᠯᠳᠤᠭᠠᠴᠢᠨ ᠡᠷᠦᠬᠡ ᠥᠪᠡᠷ᠎ᠢ᠎ᠪᠡᠨ ᠱᠠᠭᠠᠷᠳᠠᠬᠤ᠂ ᠤᠯᠠᠨ ᠲᠦᠮᠡᠨ ᠬᠢᠨᠠᠯᠲᠠ ᠲᠠᠯᠪᠢᠬᠤ᠂ ᠰᠠᠯᠠᠭ᠎ᠠ ᠮᠥᠴᠢᠷ ᠬᠢᠨᠠᠨ ᠬᠠᠮᠢᠶᠠᠷᠬᠤ ᠰᠠᠢᠨ ᠰᠠᠢᠬᠠᠨ ᠬᠠᠮᠲᠤ ᠪᠠᠷ ᠵᠠᠰᠠᠬᠤ ᠪᠠᠢᠷᠢᠰᠢᠯ᠎ᠢ ᠠᠯᠬᠤᠮ ᠠᠯᠬᠤᠮ᠎ᠢᠶᠠᠷ ᠪᠦᠷᠢᠯᠳᠦᠭᠦᠯᠵᠡᠢ᠃

8 ᠰᠠᠷ᠎ᠠ᠎ᠶᠢᠨ 29 ᠤ᠋ ᠡᠳᠦᠷ᠂ ᠪᠤᠭᠤᠲᠤ ᠬᠣᠲᠠ᠎ᠶᠢᠨ ᠦ᠋ ᠡᠯ ᠠᠷᠠᠳ᠎ᠲᠤ ᠲᠥᠬᠥᠮ ᠦᠵᠡᠭᠦᠯᠬᠦ ᠵᠠᠬ᠎ᠠ ᠳᠡᠯᠭᠡᠭᠦᠷ᠎ᠲᠦ᠂ ᠡᠯ᠎ᠡ ᠳᠡᠯᠭᠡᠭᠡ ᠮᠠᠢᠮᠠᠢ᠎ᠳᠤ ᠴᠥᠮ ᠨᠢᠭᠡᠳᠦᠯᠲᠡᠢ ᠲᠣᠬᠢᠷᠠᠭᠤᠯᠤᠭᠰᠠᠨ ᠬᠡᠮ ᠦᠢᠯᠡᠳᠬᠦ᠎ᠶᠢ ᠰᠡᠷᠭᠡᠢᠯᠡᠬᠦ ᠡᠯᠧᠺᠲᠷᠣᠨ ᠵᠢᠩᠯᠡᠭᠦᠷ ᠲᠠᠯᠪᠢᠵᠤ᠂ ᠰᠣᠯᠢᠯᠴᠠᠭᠠᠨ᠎ᠤ ᠪᠥᠬᠥ ᠶᠠᠪᠤᠴᠠ ᠨᠢ ᠵᠢᠷᠤᠮᠵᠢᠯ᠎ᠲᠠᠢ ᠪᠥᠭᠡᠳ ᠢᠯᠡ ᠲᠣᠳᠣ᠌ ᠪᠠᠢᠬᠤ᠎ᠶᠢ ᠰᠤᠷᠪᠤᠯᠵᠢᠯᠠᠭ᠍ᠴᠢ ᠣᠯᠵᠤ ᠬᠠᠷᠠᠪᠠ ᠃

《 ᠵᠠᠬ᠎ᠠ ᠳᠡᠯᠭᠡᠭᠦᠷ᠎ᠦᠨ ᠢᠳᠡᠭᠡᠨ᠎ᠦ ᠮᠠᠲᠧᠷᠢᠶᠠᠯ ᠰᠢᠨ᠎ᠡ ᠰᠣᠷᠭᠣᠭ ᠪᠥᠭᠡᠳ ᠬᠢᠮᠳᠠ᠂ ᠣᠳᠣᠬᠠᠨ᠎ᠳᠤ ᠬᠤᠳᠠᠯᠳᠤᠭᠠᠴᠢᠳ ᠴᠥᠮ ᠲᠣᠭᠲᠠᠭᠠᠯ᠎ᠳᠤ ᠨᠡᠢᠴᠡᠭᠰᠡᠨ ᠰᠢᠨ᠎ᠡ ᠵᠢᠩᠯᠡᠭᠦᠷ ᠰᠣᠯᠢᠵᠤ ᠪᠠᠢᠨ᠎ᠠ᠂ ᠡᠭᠦᠳᠡᠨ ᠳ᠋ᠦ᠍ᠨᠢ ᠪᠠᠰᠠ ᠲᠦᠪ ᠭᠣᠣᠯᠴᠢ ᠵᠢᠩᠯᠡᠭᠦᠷ ᠪᠠᠢᠵᠦ ᠬᠡᠵᠢᠶ᠎ᠡ ᠴᠦ᠍ ᠬᠡᠰᠡᠨ ᠳᠠᠬᠢᠨ ᠵᠢᠩᠯᠡᠵᠦ ᠪᠣᠯᠣᠨ᠎ᠠ ᠂ ᠵᠢᠩ ᠯᠠᠩ ᠳᠤᠲᠠᠭᠳᠠᠬᠤ ᠠ᠋ᠴᠠ ᠵᠣᠪᠠᠬᠤ ᠬᠡᠷᠡᠭ ᠦᠭᠡᠢ ᠪᠣᠯᠵᠠᠢ》ᠭᠡᠵᠦ ᠬᠣᠲᠠ ᠶ᠋ᠢᠨ ᠠᠷᠠᠳ ᠯᠢᠦ ᠠᠪᠠᠭᠠᠢ ᠢᠳᠡᠰᠢᠨ ᠨᠣᠭᠣᠭ᠎ᠠ ᠬᠤᠳᠠᠯᠳᠤᠨ ᠠᠪᠤᠭᠰᠠᠨ᠎ᠤ ᠳᠠᠷᠠᠭ᠎ᠠ ᠲᠤᠰᠬᠠᠢᠯᠠᠨ ᠭᠣᠣᠯᠴᠢ ᠵᠢᠩᠯᠡᠭᠦᠷ ᠳᠡᠭᠡᠷ᠎ᠡ ᠣᠴᠢᠵᠤ ᠲᠠᠬᠢᠨ ᠬᠡᠮᠵᠢᠪᠡ᠃

2023 ᠣᠨ ᠡᠴᠡ ᠡᠬᠢᠯᠡᠨ᠂ ᠪᠤᠭᠤᠲᠤ ᠬᠤᠳᠠ᠎ᠶᠢᠨ ᠬᠢᠨ ᠬᠡᠮᠵᠢᠯᠲᠡ᠎ᠳᠦ ᠭᠡᠮ ᠬᠢᠬᠦ ᠵᠢ ᠴᠢᠩᠭ᠎ᠠ ᠴᠡᠭᠴᠡᠯᠡᠨ ᠵᠠᠰᠠᠵᠤ᠂ ᠬᠤᠳᠠ᠎ᠶᠢᠨ ᠲᠣᠭᠣᠷᠢᠭ᠋᠎ᠤᠨ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠦᠨ《ᠬᠡᠮ ᠬᠢᠭᠰᠡᠨ ᠵᠢᠩᠯᠡᠭᠦᠷ》ᠤ᠋ᠨ ᠪᠠᠢᠳᠠᠯ᠎ᠢ ᠬᠦᠲᠡᠯᠦᠩᠬᠦᠢ ᠪᠡᠷ ᠦᠭᠡᠶ᠋ᠢᠰᠬᠡᠬᠦ᠎ᠶᠢ ᠪᠡᠶᠡᠯᠡᠭᠦᠯᠵᠡᠢ᠃ 2026 ᠣᠨ᠎ᠳᠤ᠂ ᠲᠤᠬᠠᠢ᠎ᠶᠢᠨ ᠭᠠᠵᠠᠷ᠎ᠤᠨ ᠬᠢᠨ ᠬᠢᠨᠠᠨ ᠬᠠᠮᠢᠶᠠᠷᠬᠤ ᠬᠦᠴᠦᠨ᠎ᠢᠶᠡᠨ ᠤᠯᠠᠮ ᠨᠢᠭᠡ ᠠᠯᠬᠤᠮ ᠴᠢᠩᠭᠠᠳᠬᠠᠵᠦ᠂ ᠣᠷᠭᠢᠯ ᠦᠶ᠎ᠡ᠎ᠶᠢ ᠵᠥᠷᠢᠭᠦᠯᠦᠨ ᠰᠤᠭᠤᠴᠢᠨ ᠪᠠᠢᠴᠠᠭᠠᠬᠤ᠂ ᠭᠡᠨᠡᠳᠲᠡ᠎ᠶᠢᠨ ᠪᠠᠢᠴᠠᠭᠠᠯᠲᠠ ᠬᠢᠬᠦ᠂ ᠲᠤᠬᠠᠢ᠎ᠶᠢᠨ ᠲᠠᠯᠠᠪᠤᠷ᠎ᠲᠤ ᠬᠠᠷᠭᠤᠭᠤᠯᠤᠨ ᠪᠠᠢᠴᠠᠭᠠᠬᠤ ᠵᠡᠷᠭᠡ ᠠᠷᠭ᠎ᠠ ᠮᠠᠶᠢᠭ᠋᠎ᠢᠶᠠᠷ ᠭᠡᠮ ᠬᠢᠬᠦ ᠵᠢ ᠨᠠᠷᠢᠯᠢᠭ᠋ ᠣᠨᠣᠴᠠᠲᠠᠢ᠎ᠪᠠᠷ ᠵᠠᠰᠠᠵᠤ᠂ ᠬᠠᠷᠢᠶᠠᠲᠤ ᠣᠷᠣᠨ᠎ᠤ ᠬᠡᠮᠵᠢᠯᠲᠡ᠎ᠶᠢᠨ ᠲᠥᠷᠥᠯ᠎ᠦᠨ ᠵᠠᠭᠠᠯᠳᠤᠯᠭ᠎ᠠ᠎ᠶᠢᠨ ᠨᠣᠷᠮ᠎ᠠ᠎ᠶᠢ 80% ᠪᠡᠷ ᠪᠠᠭᠤᠷᠠᠭᠤᠯᠪᠠ᠃

ᠥᠪᠥᠷ ᠮᠣᠩᠭᠣᠯ᠎ᠤᠨ ᠬᠡᠮᠵᠢᠯᠲᠡ᠎ᠶᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠲᠤᠷᠰᠢᠯᠲᠠ᠎ᠶᠢᠨ ᠴᠡᠭ ᠪᠣᠯᠤᠭᠰᠠᠨ᠎ᠤ ᠬᠤᠪᠢ᠎ᠳᠤ ᠂ ᠪᠤᠭᠤᠲᠤ ᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠨᠢ ᠪᠥᠬᠥ ᠬᠣᠲᠠ᠎ᠶᠢᠨ 51 ᠴᠤᠭᠯᠠᠭ᠎ᠠ ᠮᠠᠢᠮᠠᠢ᠎ᠶᠢᠨ ᠵᠠᠬ᠎ᠠ ᠳᠡᠯᠭᠡᠭᠦᠷ᠎ᠲᠦ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ᠎ᠶᠢ ᠬᠡᠷᠡᠭᠵᠢᠭᠦᠯᠵᠦ ᠂ ᠲᠦᠭᠰᠢᠭᠦᠷᠢ ᠶᠡᠬᠡᠲᠡᠢ ᠵᠠᠬ᠎ᠠ ᠳᠡᠯᠭᠡᠭᠦᠷ᠎ᠢ ᠤᠯᠠᠨᠲᠠ ᠲᠣᠭᠣᠷᠢᠨ ᠪᠠᠢᠴᠠᠭᠠᠨ ᠂ ᠴᠢᠩᠭ᠎ᠠ ᠴᠡᠭᠴᠡᠯᠡᠨ ᠵᠠᠰᠠᠵᠤ ᠂ ᠲᠦᠭᠰᠢᠭᠦᠷᠢ ᠪᠠᠭᠠᠲᠠᠢ ᠵᠠᠬ᠎ᠠ ᠳᠡᠯᠭᠡᠭᠦᠷ᠎ᠤᠨ ᠭᠤᠤᠯ ᠴᠤᠬᠴᠠ ᠵᠢ ᠪᠠᠢᠴᠠᠭᠠᠬᠤ ᠲᠤᠭ᠎ᠠ ᠪᠠᠨ ᠪᠠᠭᠠᠰᠬᠠᠨ ᠠᠵᠦ ᠠᠬᠤᠢᠯᠠᠯ᠎ᠤᠨ ᠡᠩ᠎ᠤᠨ ᠡᠵᠡᠩᠨᠡᠯᠲᠡ ᠵᠢ ᠬᠠᠷᠰᠢᠯᠠᠬᠤ ᠦᠭᠡᠢ᠂ ᠢᠲᠡᠭᠡᠮᠵᠢᠲᠡᠢ ᠭᠤᠤᠯ ᠴᠤᠬᠴᠠ ᠵᠢ ᠡᠩ᠎ᠤᠨ ᠲᠠᠰᠢᠷᠠᠮ ᠢ᠋ᠢᠡᠷ ᠪᠠᠢᠴᠠᠭᠠᠬᠤ ᠡᠴᠡ ᠬᠡᠯᠲᠦᠷᠢᠭᠦᠯᠵᠦ᠂ ᠪᠠᠢᠴᠠᠭᠠᠯᠲᠠ ᠵᠢ ᠬᠦᠯᠢᠶᠡᠨ ᠠᠪᠬᠤ ᠳᠠᠷᠤᠭᠠᠰᠤ᠎ᠶᠢ ᠨᠢ ᠬᠥᠩᠭᠡᠷᠡᠭᠦᠯᠪᠡ᠃

ᠣᠳᠣᠬᠠᠨ᠎ᠳᠤ᠂ ᠪᠥᠬᠥ ᠬᠣᠲᠠ᠎ᠶᠢᠨ ᠪᠣᠶ ᠪᠦᠬᠦᠢ ᠴᠤᠭᠯᠠᠭ᠎ᠠ ᠮᠠᠢᠮᠠᠢ᠎ᠶᠢᠨ ᠵᠠᠬ᠎ᠠ ᠳᠡᠯᠭᠡᠭᠦᠷ᠂ ᠠᠷᠠᠳ᠎ᠲᠤ ᠲᠥᠬᠥᠮ ᠦᠵᠡᠭᠦᠯᠬᠦ ᠵᠠᠬ᠎ᠠ ᠳᠡᠯᠭᠡᠭᠦᠷ᠎ᠦᠨ ᠭᠤᠤᠯᠴᠢ ᠵᠢᠡᠭᠯᠡᠬᠦᠷ᠎ᠢ ᠪᠦᠬᠦᠨ᠎ᠢ ᠰᠢᠨ᠎ᠡ᠎ᠪᠡᠷ ᠰᠣᠯᠢᠵᠤ᠂ ᠨᠢᠭᠡᠨ ᠢᠵᠢ ᠬᠠᠭᠤᠯᠪᠤᠷᠢᠯᠠᠵᠤ ᠪᠣᠯᠬᠤᠢᠴᠠ᠂ ᠳᠡᠯᠭᠡᠷᠡᠭᠦᠯᠵᠦ ᠪᠣᠯᠬᠤᠢᠴᠠ ᠦᠨᠳᠦᠰᠦᠨ ᠱᠠᠲᠤᠨ᠎ᠤ ᠵᠠᠰᠠᠯᠲᠠ᠎ᠶᠢᠨ ᠲᠤᠷᠰᠢᠯᠭ᠎ᠠ᠎ᠶᠢ ᠪᠦᠷᠢᠯᠳᠦᠭᠦᠯᠵᠦ᠂ ᠪᠥᠬᠥ ᠣᠷᠣᠨ᠎ᠤ ᠠᠷᠠᠳ᠎ᠤᠨ ᠠᠮᠢᠳᠤᠷᠠᠯ᠎ᠤᠨ ᠬᠡᠮᠵᠢᠯᠲᠡ᠎ᠶᠢᠨ ᠲᠤᠰᠬᠠᠢ ᠠᠵᠢᠯ᠎ᠤᠨ ᠳᠤᠮᠳᠠ ᠵᠢᠱ᠌ᠢᠶ᠎ᠡ ᠦᠵᠡᠭᠦᠯᠦᠨ ᠳᠡᠯᠭᠡᠷᠡᠭᠦᠯᠪᠡ᠃

ᠡᠨᠡ ᠵᠢᠯ᠎ᠡᠴᠡ ᠨᠠᠭᠠᠰᠢ᠂ ᠥᠪᠥᠷ ᠮᠣᠩᠭᠣᠯ ᠠᠷᠠᠳ᠎ᠤᠨ ᠠᠮᠢᠳᠤᠷᠠᠯ᠎ᠤᠨ ᠬᠡᠮᠵᠢᠯᠲᠡ᠎ᠶᠢ ᠴᠡᠭᠴᠡᠯᠡᠨ ᠵᠠᠰᠠᠬᠤ᠎ᠶᠢ 2026 ᠣᠨ᠎ᠤ ᠬᠡᠷᠡᠭᠯᠡᠭᠴᠢᠳ᠎ᠦᠨ ᠡᠷᠬᠡ ᠠᠰᠢᠭ᠋᠎ᠢ ᠬᠠᠮᠠᠭᠠᠯᠠᠬᠤ ᠭᠣᠣᠯᠳᠠᠯᠭ᠎ᠠ᠎ᠲᠠᠢ ᠠᠵᠢᠯ᠎ᠳᠤ ᠣᠷᠣᠭᠤᠯᠵᠤ᠂ ᠡᠯᠧᠺᠲᠷᠣᠨ ᠵᠢᠩᠯᠡᠭᠦᠷ᠎ᠦᠨ ᠰᠢᠨ᠎ᠡ ᠰᠢᠯᠭᠠᠨ ᠲᠣᠭᠲᠠᠭᠠᠯᠲᠠ᠎ᠶᠢᠨ ᠳᠦᠷᠢᠮ ᠲᠣᠭᠲᠠᠭᠠᠯ᠎ᠢ ᠨᠠᠢᠳᠠᠪᠤᠷᠢᠵᠢᠭᠤᠯᠬᠤ ᠠᠵᠠ ᠲᠣᠬᠢᠶᠠᠯ᠎ᠢ ᠠᠰᠢᠭ᠍ᠯᠠᠨ᠂ ᠲᠣᠭᠣᠷᠢᠭ᠋᠂ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠬᠢᠨᠠᠯᠲᠠ ᠬᠠᠮᠢᠶᠠᠷᠤᠯᠲᠠ᠎ᠶᠢᠨ ᠬᠦᠴᠦᠨ᠎ᠢ ᠨᠢᠭᠡᠳᠦᠯᠲᠡᠢ ᠲᠥᠯᠥᠪᠵᠢᠭᠦᠯᠵᠦ᠂ ᠴᠤᠭᠯᠠᠭ᠎ᠠ ᠮᠠᠢᠮᠠᠢ᠎ᠶᠢᠨ ᠵᠠᠬ᠎ᠠ ᠳᠡᠯᠭᠡᠭᠦᠷ᠂ ᠬᠤᠳᠠᠯᠳᠤᠭᠠᠨ ᠤ᠋ ᠲᠠᠯᠠᠪᠤᠷ ᠤ᠋ᠨ ᠬᠡᠲᠤ ᠲᠠᠯᠬᠡᠬᠦᠷ ᠤ᠋ᠨ ᠲᠦᠬᠦᠬᠡᠢ ᠰᠢᠨ᠎ᠡ ᠰᠣᠷᠭᠣᠭ ᠢᠲᠠᠬᠡᠨ ᠤ᠋ ᠡᠵᠡᠡᠭᠨᠡᠯᠲᠠ ᠵᠢᠨ ᠲᠣᠭᠣᠷᠢᠭ᠋᠂ ᠲᠡᠯᠡᠶ᠎ᠶᠢᠨ ᠢᠳᠡᠭᠡᠨ᠎ᠦ ᠳᠡᠯᠭᠡᠭᠦᠷ ᠵᠡᠷᠭᠡ ᠭᠣᠣᠯᠳᠠᠯᠭ᠎ᠠ᠎ᠲᠠᠢ ᠲᠠᠯᠠᠪᠤᠷ᠎ᠲᠤ ᠴᠢᠭᠯᠡᠭᠦᠯᠦᠨ ᠪᠦᠬᠦᠨ᠎ᠢ ᠬᠠᠮᠤᠷᠤᠭᠰᠠᠨ ᠲᠤᠰᠬᠠᠢ ᠴᠡᠭᠴᠡᠯᠡᠨ ᠵᠠᠰᠠᠯᠲᠠ᠎ᠶᠢ ᠥᠷᠨᠢᠭᠦᠯᠵᠠᠢ᠃ ᠨᠠᠢᠲᠠ 9380 ᠤᠳᠠᠭ᠎ᠠ ᠵᠢᠨ ᠪᠠᠢᠴᠠᠭᠠᠯᠲᠠ ᠬᠢᠵᠦ᠂ 24524 ᠡᠵᠡᠩᠨᠡᠯᠲᠡ᠎ᠶᠢᠨ ᠡᠷᠦᠬᠡ᠎ᠶᠢ ᠪᠠᠢᠴᠠᠭᠠᠵᠤ᠂ ᠡᠯ᠎ᠡ ᠲᠥᠷᠥᠯ᠎ᠦᠨ ᠡᠯᠧᠺᠲᠷᠣᠨ ᠵᠢᠩᠯᠡᠭᠦᠷ᠎ᠢ 6 ᠲᠦᠮᠡ ᠭᠠᠷᠤᠢ ᠪᠠᠢᠴᠠᠭᠠᠵᠤ᠂ ᠬᠡᠷᠡᠭᠯᠡᠭᠴᠢᠳ᠎ᠦᠨ ᠡᠷᠬᠡ ᠠᠰᠢᠭ᠋᠎ᠲᠤ ᠬᠠᠯᠳᠠᠭᠰᠠᠨ ᠬᠠᠤᠯᠢ᠎ᠶᠢ ᠵᠥᠷᠢᠴᠡᠭᠰᠡᠨ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠪᠡ᠃

ᠣᠳᠣᠬᠠᠨ᠎ᠳᠤ᠂ ᠥᠪᠥᠷ ᠮᠣᠩᠭᠣᠯ《ᠨᠢᠭᠡ ᠵᠢᠩᠯᠡᠭᠦᠷ ᠨᠢᠭᠡ ᠺᠣᠳ᠋》ᠤ᠋ᠨ ᠡᠬᠢ ᠢᠷᠡᠯᠲᠡ᠎ᠶᠢ ᠨᠢ ᠮᠥᠷᠳᠡᠬᠦ ᠣᠶᠤᠨᠴᠢ ᠵᠠᠭᠪᠤᠷ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠲᠦᠷᠢᠮ ᠳ᠋ᠤ ᠨᠡᠢᠴᠡᠭᠰᠠᠨ ᠬᠡᠮ ᠬᠢᠬᠦ᠎ᠶᠢ ᠰᠡᠷᠭᠡᠢᠯᠡᠬᠦ ᠵᠢᠩᠯᠡᠭᠦᠷ᠎ᠢ ᠪᠦᠬᠦᠨ᠎ᠢ ᠬᠢᠨᠠᠨ ᠬᠠᠮᠢᠶᠠᠷᠬᠤ ᠲᠠᠪᠴᠠᠩ᠎ᠳᠤ ᠵᠠᠯᠭᠠᠨ ᠣᠷᠣᠭᠤᠯᠵᠤ᠂ ᠵᠢᠩᠯᠡᠭᠦᠷ᠎ᠦᠨ ᠪᠥᠬᠥ ᠦᠶᠡᠯᠡᠯ᠎ᠦᠨ ᠬᠤᠭᠤᠴᠠᠭᠠᠨ᠎ᠤ ᠡᠬᠢ ᠢᠷᠡᠯᠲᠡ᠎ᠶᠢ ᠮᠥᠷᠳᠡᠬᠦ ᠬᠠᠮᠢᠶᠠᠷᠤᠨ ᠡᠵᠡᠮᠳᠡᠬᠦ᠎ᠶᠢ ᠪᠡᠶᠡᠯᠡᠭᠦᠯᠪᠡ᠃ ᠡᠯ᠎ᠡ ᠭᠠᠵᠠᠷ᠎ᠤᠨ ᠬᠢᠨ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ᠂ ᠰᠣᠯᠪᠢᠴᠠᠭᠤᠯᠤᠨ ᠬᠠᠷᠢᠯᠴᠠᠨ ᠪᠠᠢᠴᠠᠭᠠᠬᠤ᠂ ᠮᠡᠷᠭᠡᠵᠢᠯ᠎ᠦᠨ ᠬᠢᠨᠠᠨ ᠰᠢᠯᠭᠠᠯᠲᠠ ᠬᠢᠬᠦ ᠵᠡᠷᠭᠡ ᠣᠯᠠᠨ ᠡᠰᠢᠵᠢᠭᠰᠡᠨ ᠬᠠᠤᠯᠢ ᠬᠡᠷᠡᠭᠵᠢᠭᠦᠯᠬᠦ ᠠᠷᠭ᠎ᠠ ᠬᠡᠯᠪᠡᠷᠢ᠎ᠪᠡᠷ ᠳᠠᠮᠵᠢᠨ᠂ ᠥᠭᠡᠷᠡᠴᠢᠯᠡᠨ ᠤᠭᠰᠠᠷᠠᠬᠰᠠᠨ《ᠬᠡᠮᠳᠦ ᠵᠢᠩᠯᠡᠭᠦᠷ》᠂ ᠪᠤᠭᠤᠲᠠᠯ ᠪᠠᠭᠯᠠᠭ᠎ᠠ ᠲᠠᠢ ᠨᠢ ᠬᠡᠮᠵᠢᠬᠦ᠂ ᠪᠣᠭᠣᠳᠠᠯ᠎ᠤᠨ ᠬᠦᠨᠳᠦ᠎ᠶᠢ ᠨᠢ ᠨᠡᠮᠡᠭᠳᠡᠭᠦᠯᠬᠦ ᠵᠡᠷᠭᠡ ᠡᠷᠬᠡ᠎ᠳᠦ ᠬᠠᠯᠳᠠᠭᠰᠠᠨ ᠳᠠᠯᠳᠠ ᠠᠵᠢᠯᠯᠠᠭ᠎ᠠ᠎ᠶᠢ ᠴᠢᠩᠭ᠎ᠠ ᠪᠠᠢᠴᠠᠭᠠᠪᠠ᠃

ᠡᠭᠦᠨ᠎ᠦ ᠬᠠᠮᠲᠤ᠂ ᠡᠯ᠎ᠡ ᠠᠢᠮᠠᠭ ᠬᠣᠲᠠ᠂ ᠬᠣᠰᠢᠭᠤ ᠰᠢᠶᠠᠨ ᠲᠤᠬᠠᠢ᠎ᠶᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠢᠨᠠᠯᠲᠠ ᠬᠠᠮᠢᠶᠠᠷᠤᠯᠲᠠ᠎ᠶᠢᠨ ᠦᠢᠯᠡᠴᠢᠯᠡᠭᠡᠨ᠎ᠦ ᠠᠷᠭ᠎ᠠ ᠬᠡᠮᠵᠢᠶ᠎ᠡ ᠵᠢᠨ ᠰᠢᠨ᠎ᠡ᠎ᠶᠢ ᠡᠭᠦᠳᠪᠡ᠃ ᠰᠢᠯᠢ᠎ᠶᠢᠨ ᠭᠣᠣᠯ ᠠᠢᠮᠠᠭ ᠵᠢᠨ ᠬᠢᠨ ᠡᠷᠲᠡ ᠵᠢᠨ ᠵᠠᠬ᠎ᠠ ᠲᠠᠯᠬᠡᠬᠦᠷ ᠤ᠋ᠨ ᠭᠡᠨᠡᠳᠲᠡ᠎ᠶᠢᠨ ᠪᠠᠢᠴᠠᠭᠠᠯᠲᠠ᠎ᠶᠢ ᠪᠠᠢᠩᠭᠤᠵᠢᠭᠤᠯᠤᠨ ᠥᠷᠨᠢᠭᠦᠯᠵᠦ᠂ ᠲᠦᠩᠯᠢᠶᠣᠣ ᠬᠣᠲᠠ ᠵᠢᠨ ᠬᠢᠨ ᠪᠠᠢᠴᠠᠭᠠᠯᠲᠠ ᠵᠢᠨ ᠬᠤᠭᠤᠴᠠᠭᠠᠨ ᠳ᠋ᠤ ᠬᠠᠭᠤᠴᠢᠨ ᠵᠢᠩᠯᠡᠭᠦᠷ᠎ᠢ ᠵᠤᠭᠰᠤᠭᠠᠬᠤ ᠶ᠋ᠢ ᠠᠬᠢᠭᠤᠯᠵᠤ᠂ ᠤᠯᠠᠭᠠᠨᠬᠠᠳᠠ ᠬᠣᠲᠠ᠎ᠶᠢᠨ ᠪᠠᠭᠠᠷᠢᠨ ᠪᠠᠷᠠᠭᠤᠨ ᠬᠣᠰᠢᠭᠤ ᠲᠥᠬᠥᠮ ᠲᠥᠬᠦᠭᠡᠷᠦᠮᠵᠢ᠎ᠳᠦ ᠲᠦᠰᠢᠭᠯᠡᠨ ᠵᠢᠩᠯᠡᠭᠦᠷ᠎ᠢ ᠲᠦᠷᠭᠡᠨ ᠬᠢᠨᠠᠨ ᠰᠢᠯᠭᠠᠬᠤ᠎ᠶᠢ ᠪᠡᠶᠡᠯᠡᠭᠦᠯᠵᠠᠢ ᠁

ᠠᠷᠠᠳ᠎ᠤᠨ ᠠᠮᠢᠳᠤᠷᠠᠯ᠎ᠤᠨ ᠵᠢᠩᠯᠡᠭᠦᠷ᠎ᠤᠨ ᠬᠡᠮᠵᠢᠵᠦ ᠪᠠᠢᠭ᠎ᠠ ᠨᠢ ᠵᠦᠪᠬᠡᠨ ᠪᠠᠷᠠᠭᠠᠨ᠎ᠤ ᠬᠦᠨᠳᠦ᠎ᠶᠢᠨ ᠬᠡᠮᠵᠢᠶ᠎ᠡ ᠯᠠ ᠲᠡᠳᠦᠢ ᠪᠢᠰᠢ᠂ ᠨᠠᠩ ᠴᠤ᠌ ᠨᠢᠭᠡ ᠬᠣᠲᠠ᠎ᠶᠢᠨ ᠦᠨᠡᠨᠴᠢ ᠢᠲᠡᠭᠡᠮᠵᠢ᠎ᠶᠢᠨ ᠬᠡᠮᠵᠢᠶ᠎ᠡ ᠪᠠ ᠵᠠᠰᠠᠯᠲᠠ᠎ᠶᠢᠨ ᠬᠡᠮᠵᠢᠶ᠎ᠠ ᠪᠣᠯᠣᠨ᠎ᠠ᠃ ᠥᠪᠥᠷ ᠮᠣᠩᠭᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠬᠡᠮ ᠰᠤᠭᠤᠭ᠎ᠢ ᠠᠷᠢᠯᠭᠠᠵᠤ᠂ ᠳᠦᠷᠢᠮ᠎ᠢᠶᠡᠷ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠡᠬᠢᠵᠢᠭᠦᠯᠵᠦ᠂ ᠦᠢᠯᠡᠴᠢᠯᠡᠭᠡ᠎ᠪᠡᠷ ᠠᠷᠠᠳ᠎ᠤᠨ ᠰᠡᠳᠬᠢᠯ᠎ᠢ ᠳᠤᠯᠠᠭᠠᠴᠠᠭᠤᠯᠵᠤ᠂ ᠣᠯᠠᠨ ᠲᠦᠮᠡᠨ᠎ᠦ 《ᠬᠣᠯᠢᠰᠢᠨ ᠢᠳᠡᠭᠡᠨ》 ᠤ᠋ ᠠᠮᠤᠷ ᠲᠦᠪᠰᠢᠨ᠎ᠢ ᠰᠠᠬᠢᠨ ᠬᠠᠮᠠᠭᠠᠯᠠᠵᠤ᠂ ᠬᠣᠲᠠ᠎ᠶᠢᠨ ᠬᠦᠭᠵᠢᠶᠠᠨᠲᠤ ᠠᠮᠢᠲᠤᠷᠠᠯ ᠳᠤᠮᠳᠠᠬᠢ ᠠᠷᠠᠳ᠎ᠤᠨ ᠠᠮᠢᠳᠤᠷᠠᠯ᠎ᠤᠨ ᠡᠷᠬᠡ ᠲᠡᠭᠰᠢ᠎ᠶᠢ ᠬᠠᠮᠠᠭᠠᠯᠠᠵᠤ ᠪᠠᠢᠨ᠎ᠠ᠃


[ᠰᠤᠷᠪᠤᠯᠵᠢᠯᠠᠭ᠍ᠴᠢ᠎ᠶᠢᠨ ᠡᠪᠤᠷ ᠲᠠᠮᠳᠡᠭᠯᠡᠯ]

ᠬᠥᠬᠡᠬᠣᠲᠠ᠎ᠶᠢᠨ ᠮᠧᠶ ᠲᠦᠩ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠂ ᠪᠤᠭᠤᠲᠤ ᠬᠣᠲᠠ᠎ᠶᠢᠨ ᠦ᠋ ᠡᠯ ᠠᠷᠠᠳ᠎ᠲᠤ ᠲᠥᠬᠥᠮ ᠦᠵᠡᠭᠦᠯᠬᠦ ᠵᠠᠬ᠎ᠠ ᠳᠡᠯᠭᠡᠭᠦᠷ ᠶ᠋ᠢᠡᠷ ᠲᠤᠭᠤᠷᠢᠨ ᠦᠵᠡᠬᠦ ᠳ᠋ᠤ᠂ ᠳᠡᠯᠭᠡᠭᠦᠷ ᠳᠡᠭᠢ ᠡᠯᠧᠺᠲᠷᠣᠨ ᠵᠢᠩᠯᠡᠭᠦᠷ ᠨᠢ ᠵᠠᠬ᠎ᠠ ᠳᠡᠯᠭᠡᠭᠦᠷ᠎ᠦᠨ ᠵᠠᠰᠠᠯᠲᠠ᠎ᠶᠢ ᠠᠵᠢᠭ᠍ᠯᠠᠬᠤ ᠬᠠᠮᠤᠭ᠎ᠤᠨ ᠰᠠᠢᠨ ᠴᠣᠩᠬᠣ᠌ ᠪᠣᠯᠪᠠ᠃ ᠥᠩᠭᠡᠷᠡᠭᠰᠡᠨ᠎ᠳᠦ ᠴᠤᠭᠯᠠᠭ᠎ᠠ ᠮᠠᠢᠮᠠᠢ᠎ᠡᠴᠠ ᠢᠲᠠᠰᠢᠨ ᠨᠣᠭᠣᠭ᠎ᠠ ᠬᠤᠳᠠᠯᠳᠤᠨ ᠠᠪᠬᠤ ᠶ᠋ᠢ ᠶᠠᠷᠢᠬᠤ ᠳ᠋ᠤ ᠴᠥᠭᠡᠨ ᠪᠤᠰᠤ ᠬᠥᠮᠥᠰ ᠡᠷᠡᠭᠡᠯᠵᠡᠭᠡ᠎ᠲᠠᠢ᠂《ᠬᠡᠮᠳᠦ ᠵᠢᠩᠯᠡᠭᠦᠷ》ᠳᠠᠢ ᠤᠴᠠᠷᠠᠬᠤ ᠡᠴᠠ ᠠᠶᠤᠵᠤ ᠪᠠᠢᠪᠠ᠃ ᠥᠩᠭᠡᠷᠡᠭᠰᠡᠨ᠎ᠳᠦ ᠬᠢᠨᠠᠨ ᠬᠠᠮᠢᠶᠠᠷᠬᠤ᠎ᠳᠤ ᠣᠯᠠᠩᠬᠢ᠎ᠳᠠᠭᠠᠨ ᠲᠤᠬᠠᠢ᠎ᠶᠢᠨ ᠲᠠᠯᠠᠪᠤᠷ᠎ᠲᠤ ᠪᠠᠢᠴᠠᠭᠠᠨ ᠰᠢᠢᠳᠪᠦᠷᠢᠯᠡᠬᠦ᠎ᠪᠡᠷ ᠭᠣᠣᠯ ᠪᠣᠯᠭᠠᠵᠤ᠂ ᠨᠢᠭᠡ ᠪᠦᠯᠦᠭ᠎ᠢ ᠪᠠᠢᠴᠠᠭᠠᠨ ᠰᠢᠢᠳᠪᠦᠷᠢᠯᠡᠵᠦ᠂ ᠨᠦᠬᠦᠬᠡ ᠪᠦᠯᠦᠭ᠎ᠢ ᠴᠡᠭᠴᠡᠯᠡᠨ ᠥᠭᠡᠷᠡᠴᠢᠯᠡᠵᠦ ᠪᠠᠢᠭᠰᠠᠨ ᠪᠣᠯ ᠬᠠᠷᠢᠨ ᠴᠡᠭᠴᠡᠯᠡᠨ ᠵᠠᠰᠠᠬᠤ᠂ ᠳᠠᠬᠢᠨ ᠡᠭᠦᠰᠬᠦ ᠣᠷᠴᠢᠯ᠎ᠳᠤ ᠠᠮᠠᠷᠬᠠᠨ ᠣᠷᠣᠵᠤ᠂ ᠥᠩᠭᠡᠨ ᠲᠠᠯ᠎ᠠ᠎ᠶᠢ ᠯᠡ ᠵᠠᠰᠠᠬᠤ᠎ᠡᠴᠠ ᠪᠢᠰᠢ ᠦᠨᠳᠦᠰᠦ᠎ᠰᠤᠷᠪᠤᠯᠵᠢ ᠵᠢ ᠵᠠᠰᠠᠬᠤ᠎ᠳᠤ ᠪᠡᠷᠬᠡ ᠪᠠᠢᠵᠠᠢ᠃ ᠡᠳᠦᠭᠡ ᠡᠭᠦᠷᠭᠡ ᠴᠢᠳᠠᠪᠬᠢᠲᠤ ᠰᠠᠯᠠᠭ᠎ᠠ ᠮᠥᠴᠢᠷ᠎ᠦᠨ ᠵᠠᠰᠠᠯᠲᠠ᠎ᠶᠢᠨ ᠰᠡᠳᠬᠢᠴᠡ ᠶᠠᠭ ᠬᠤᠪᠢᠷᠠᠵᠤ ᠪᠤᠢ᠄ ᠵᠢᠩᠯᠡᠭᠦᠷ᠎ᠦᠨ ᠲᠤᠰ ᠪᠡᠶ᠎ᠡ᠎ᠶᠢ ᠯᠡ ᠬᠠᠷᠠᠬᠤ ᠪᠢᠰᠢ᠂ ᠬᠠᠷᠢᠨ ᠡᠵᠡᠩᠨᠡᠯᠲᠡ᠎ᠶᠢᠨ ᠭᠣᠣᠯ ᠴᠣᠭᠴᠠ᠎ᠶᠢ ᠰᠠᠢᠲᠤᠷ ᠬᠠᠮᠢᠶᠠᠷᠬᠤ ᠲᠡᠢᠰᠢ ᠰᠢᠯᠵᠢᠵᠦ᠂ ᠦᠨᠡᠨᠴᠢ ᠢᠲᠡᠭᠡᠮᠵᠢᠲᠡᠢ ᠬᠢᠨᠠᠯᠲᠠ ᠬᠠᠮᠢᠶᠠᠷᠤᠯᠲᠠ᠎ᠶᠢᠨ ᠠᠷᠭ᠎ᠠ ᠪᠠᠷᠢᠯ᠎ᠢ ᠰᠠᠢᠲᠤᠷ ᠬᠡᠷᠡᠭᠯᠡᠬᠦ ᠪᠣᠯᠵᠠᠢ᠃ ᠡᠨᠡ ᠪᠣᠯ ᠰᠤᠷᠪᠤᠯᠵᠢᠯᠠᠭ᠍ᠴᠢ᠎ᠶᠢᠨ ᠰᠣᠷᠪᠤᠯᠵᠢᠯᠠᠭ᠎ᠠ ᠳᠤᠮᠳᠠ ᠦᠨᠡᠨ ᠬᠦ᠌ ᠰᠡᠷᠡᠵᠦ ᠮᠡᠳᠡᠭᠰᠡᠨ ᠬᠤᠪᠢᠷᠠᠯᠲᠠ ᠪᠣᠯᠣᠨ᠎ᠠ᠃ ᠵᠢᠩᠯᠡᠭᠦᠷ ᠨᠢ ᠵᠢᠮᠢᠰ ᠨᠣᠭᠣᠭ᠎ᠠ ᠵᠢᠭᠠᠰᠤ ᠵᠢᠷᠠᠭᠠᠬᠠᠢ᠎ᠶᠢᠨ ᠬᠦᠨᠳᠦ ᠵᠢᠨ ᠬᠡᠮᠵᠢᠶ᠎ᠠ ᠶ᠋ᠢ ᠬᠡᠮᠵᠢᠵᠤ᠂ ᠬᠤᠲᠠᠯᠲᠤᠭᠠᠴᠢᠨ᠎ᠤ ᠰᠠᠨᠠᠭ᠎ᠠ ᠰᠡᠳᠬᠢᠯ ᠪᠣᠯᠣᠨ ᠨᠡᠢᠭᠡᠮ᠎ᠦᠨ ᠦᠨᠡᠨᠴᠢ ᠢᠲᠡᠭᠡᠮᠵᠢ ᠶ᠋ᠢ ᠰᠢᠯᠭᠠᠵᠤ ᠪᠠᠢᠭ᠎ᠠ ᠶᠤᠮ᠃ ᠮᠡᠷᠭᠡᠵᠢᠯ ᠨᠢ ᠬᠠᠲᠠᠭᠤ ᠲᠤᠨᠤᠭ᠎ᠤᠨ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠵᠦ᠂ ᠢᠲᠡᠭᠡᠮᠵᠢ ᠨᠢ ᠳᠦᠷᠢᠮ᠎ᠦᠨ ᠰᠡᠷᠭᠡᠢᠯᠡᠯᠳᠡ ᠵᠢ ᠴᠢᠩᠭᠠᠷᠠᠭᠤᠯᠵᠤ᠂ ᠤᠯᠠᠨ ᠲᠦᠮᠡᠨ ᠣᠷᠣᠯᠴᠠᠨ ᠬᠢᠨᠠᠯᠲᠠ ᠲᠠᠯᠪᠢᠬᠤ ᠠᠷᠭ᠎ᠠ ᠵᠠᠮ᠎ᠢ ᠥᠷᠭᠡᠳᠬᠡᠵᠦ᠂ ᠤᠯᠠᠨ ᠲᠠᠯ᠎ᠠ᠎ᠪᠠᠷ ᠬᠠᠮᠲᠤ᠎ᠪᠠᠷ ᠬᠦᠴᠦᠯᠡᠨ ᠴᠢᠷᠮᠠᠢᠪᠠᠯ ᠰᠠᠶᠢ《ᠬᠡᠮᠳᠦ ᠵᠢᠡᠭᠯᠡᠬᠦᠷ》 ᠤ᠋ᠨ ᠠᠷᠬᠠᠭ᠎ᠢ ᠠᠷᠢᠯᠭᠠᠵᠤ᠂ ᠠᠷᠠᠳ ᠤᠯᠠᠨ᠎ᠤ《ᠬᠣᠯᠢᠰᠢᠨ ᠢᠳᠡᠭᠡᠨ》 ᠢ᠋ ᠨᠡᠩ ᠰᠠᠨᠠᠭ᠎ᠠ ᠠᠮᠤᠷ ᠪᠣᠯᠭᠠᠵᠤ ᠴᠢᠳᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面