ᠭᠣᠣᠯ ᠰᠡᠳᠦᠪᠲᠦ ᠮᠡᠳᠡᠭᠡᠯᠡᠯ > ᠵᠣᠬᠢᠶᠠᠯ᠎ᠤᠨ ᠰᠤᠷᠲᠠᠯ᠎ᠢᠶᠠᠨ ᠰᠠᠢᠵᠢᠷᠠᠭᠤᠯᠤᠶ᠎ᠠ

2026-09-11 10:21:02

ᠵᠣᠬᠢᠶᠠᠭ᠍ᠴᠢ᠄ ᠸᠠᠩ ᠬᠤᠤ ᠣᠩᠱᠢᠭ᠍ᠰᠠᠨ ᠣᠳᠠᠭ᠎ᠠ᠄ 3

7 ᠰᠠᠷ᠎ᠠ᠎ᠶᠢᠨ 23᠎ᠤ᠋ ᠡᠳᠦᠷ᠂ ᠣᠷᠳᠣᠰ ᠬᠣᠲᠠ᠎ᠶᠢᠨ ᠳᠠᠯᠠᠳ ᠬᠣᠰᠢᠭᠤᠨ᠎ᠤ ᠶᠡᠷᠦᠩᠬᠡᠢᠯᠡᠨ ᠵᠠᠰᠠᠬᠤ ᠲᠥᠪ᠎ᠦᠨ ᠡᠶᠡᠳᠡᠭᠦᠯᠬᠦ ᠲᠠᠰᠤᠭ᠎ᠲᠤ᠃

10 ᠭᠠᠷᠤᠢ ᠵᠢᠯ ᠦᠷᠭᠦᠯᠵᠢᠯᠡᠭᠰᠡᠨ ᠬᠥᠷᠰᠢ ᠵᠡᠷᠭᠡᠯᠡᠳᠡᠭᠡ᠎ᠶᠢᠨ ᠵᠢᠭᠡᠯᠡᠯᠭᠡ᠎ᠶᠢᠨ ᠵᠠᠭᠤᠷᠠᠯᠳᠤᠭᠠᠨ ᠨᠢ ᠡᠶᠡᠳᠡᠭᠦᠯᠦᠭᠴᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠰᠢᠭᠦᠭᠴᠢ ᠨᠠᠷ᠎ᠤᠨ ᠬᠠᠮᠲᠦ ᠢ᠋ᠢᠨ ᠡᠶᠡᠲᠡᠭᠦᠯᠬᠡ ᠲᠤᠤᠷ᠎ᠠ ᠰᠢᠢᠳᠪᠦᠷᠢᠯᠡᠭᠲᠡᠭᠰᠡᠨ ᠪᠠᠢᠯ᠎ᠠ᠃ ᠵᠢᠭᠡᠯᠡᠯᠭᠡ᠎ᠶᠢᠨ ᠬᠣᠶᠠᠷ ᠲᠠᠯ᠎ᠠ ᠵᠢᠨ ᠬᠢᠨ ᠤᠯᠠᠨ ᠵᠢᠯ᠎ᠤᠨ ᠲᠠᠷᠠᠭᠠᠬᠢ ᠡᠨᠡ᠎ᠬᠦ ᠮᠦᠴᠡ᠎ᠳᠤ ᠲᠠᠬᠢᠨ ᠭᠠᠷ ᠠᠳᠬᠤᠯᠴᠠᠵᠠᠢ᠃

《ᠰᠢᠭᠦᠭᠴᠢ ᠳ᠋ᠤ ᠪᠠᠶᠠᠷᠯᠠᠯ᠎ᠠ᠂ ᠡᠶᠡᠳᠡᠭᠦᠯᠦᠭᠴᠢ᠎ᠳᠦ ᠲᠠᠯᠠᠷᠬᠠᠯ᠎ᠠ!》 ᠭᠡᠵᠦ ᠵᠣᠭᠣᠰ ᠵᠢᠭᠡᠯᠡᠭᠴᠢ ᠰᠡᠳᠬᠢᠯ ᠲᠤᠭᠳᠤᠯᠵᠤ᠂ 《ᠪᠢᠳᠡᠨ᠎ᠦ ᠵᠠᠭᠤᠷᠠᠯᠳᠤᠭᠠᠨ ᠢ᠋ ᠰᠢᠢᠳᠪᠦᠷᠢᠯᠡᠭᠰᠡᠨ᠎ᠢᠶᠠᠷ ᠪᠠᠷᠠᠬᠤ ᠦᠭᠡᠢ᠂ ᠨᠡᠩ ᠴᠤ᠌ ᠰᠡᠳᠬᠢᠯ᠎ᠦᠨ ᠵᠠᠩᠭᠢᠷᠠᠭ᠎ᠠ ᠶ᠋ᠢ ᠠᠯᠳᠠᠷᠠᠭᠠᠵᠠᠢ》 ᠬᠡᠰᠡᠨ ᠪᠠᠢᠯ᠎ᠠ᠃

30 ᠭᠠᠷᠤᠢ ᠵᠢᠯ᠎ᠤᠨ ᠬᠦᠷᠰᠢ ᠵᠡᠷᠭᠡᠯᠡᠳᠡᠭᠡ 35400 ᠲᠥᠭᠥᠷᠢᠭ᠎ᠦᠨ ᠵᠢᠭᠡᠯᠡᠯᠭᠡ᠎ᠡᠴᠡ ᠪᠣᠯᠵᠤ ᠬᠠᠷᠢᠴᠠᠭ᠎ᠠ ᠡᠪᠳᠡᠷᠡᠵᠡᠢ᠃ 2011 ᠣᠨ᠎ᠤ 5 ᠰᠠᠷ᠎ᠠ᠎ᠳᠤ᠂ ᠵᠣᠭᠣᠰ ᠵᠢᠭᠡᠯᠡᠭᠴᠢ ᠶ᠋ᠢᠨ ᠡᠬᠡᠨᠡᠷ ᠨᠢ ᠬᠦᠨᠳᠦ ᠡᠪᠡᠳᠴᠢᠨ᠎ᠳᠦ ᠨᠡᠷᠪᠡᠭᠳᠡᠵᠦ᠂ ᠵᠣᠭᠣᠰ ᠵᠢᠭᠡᠯᠡᠭᠦᠯᠦᠭᠴᠢ ᠡᠴᠡ ᠣᠯᠠᠨ ᠵᠢᠯ᠎ᠤᠨ ᠬᠥᠷᠰᠢ ᠵᠡᠷᠭᠡᠯᠡᠳᠡᠭᠡ ᠵᠢᠨ ᠡᠶ᠎ᠡ ᠨᠠᠢᠷ ᠢ᠋ ᠪᠤᠳᠤᠯᠬᠢᠯᠠᠨ ᠰᠠᠨᠠᠭᠠᠴᠢᠯᠠᠭ᠎ᠠ ᠡᠴᠡ᠎ᠪᠠᠨ ᠲᠤᠰᠠᠯᠠᠮᠵᠢ ᠦᠵᠡᠭᠦᠯᠵᠦ᠂ ᠰᠠᠷ᠎ᠠ ᠶ᠋ᠢᠨ ᠬᠦᠦ ᠮᠦᠩᠬᠦ ᠢ᠋ᠢᠨ ᠨᠤᠷᠮ᠎ᠠ ᠵᠢ 3% ᠪᠡᠷ ᠪᠣᠯᠵᠣᠨ ᠲᠣᠭᠲᠠᠵᠠᠢ᠃

ᠲᠡᠭᠦᠨ᠎ᠡᠴᠡ ᠬᠣᠢᠰᠢᠬᠢ 10 ᠭᠠᠷᠤᠢ ᠵᠢᠯ᠎ᠦᠨ ᠳᠣᠲᠣᠷ᠎ᠠ ᠵᠤᠭᠤᠰ ᠵᠢᠭᠡᠯᠡᠭᠦᠯᠦᠭᠴᠢ ᠡᠴᠡ ᠶᠡᠷᠦ᠎ᠨᠢ ᠬᠦᠦ ᠮᠥᠩᠭᠥ ᠵᠢ ᠨᠡᠭᠡᠭᠰᠡᠨ ᠦᠭᠡᠢ᠂ ᠵᠥᠪᠬᠡᠨ ᠨᠦᠬᠦᠭᠡᠳᠡᠬᠢ ᠪᠡᠨ ᠬᠦᠴᠢᠷ ᠪᠡᠷᠬᠡ ᠪᠠᠨ ᠲᠤᠭᠤᠯᠵᠤ ᠭᠠᠷᠤᠭᠰᠠᠨ᠎ᠤ ᠲᠠᠷᠠᠭ᠎ᠠ ᠡᠬᠡ ᠮᠥᠩᠭᠥ᠎ᠶᠢ ᠨᠢ ᠪᠤᠴᠠᠭᠠᠵᠤ ᠥᠭᠬᠦ᠎ᠶᠢ ᠯᠡ ᠬᠦᠰᠡᠵᠦ ᠪᠠᠢᠪᠠ᠃ ᠡᠨᠡ ᠬᠤᠭᠤᠴᠠᠭᠠᠨ᠎ᠳᠤ ᠵᠣᠭᠣᠰ ᠵᠢᠭᠡᠯᠡᠭᠴᠢ ᠡᠴᠡ 19000 ᠲᠥᠭᠥᠷᠢᠭ ᠪᠤᠴᠠᠭᠠᠭᠰᠠᠨ ᠪᠣᠯᠪᠠᠴᠤ ᠦᠯᠡᠳᠡᠭᠰᠡᠨ 16400 ᠲᠥᠭᠥᠷᠢᠭ᠎ᠢ ᠨᠢ ᠬᠠᠷᠢᠨ ᠤᠳᠠᠲᠠᠯ᠎ᠠ ᠪᠤᠴᠠᠭᠠᠬᠰᠠᠨ ᠦᠭᠡᠢ ᠪᠠᠢᠪᠠ᠃

ᠵᠣᠭᠣᠰ᠎ᠤᠨ ᠲᠤᠭ᠎ᠠ ᠨᠢ ᠬᠡᠳᠦᠢᠪᠡᠷ ᠠᠷᠪᠢᠨ ᠪᠢᠰᠢ ᠪᠣᠯᠪᠠᠴᠤ ᠶᠠᠬ ᠯᠡ ᠦᠷᠬᠡᠰᠦ ᠰᠢᠭ ᠬᠣᠶᠠᠷ ᠠᠢᠯ᠎ᠢ ᠬᠠᠳᠬᠤᠨ ᠬᠠᠭᠠᠴᠠᠭᠤᠯᠵᠠᠢ᠃ ᠥᠩᠭᠡᠷᠡᠭᠰᠡᠨ᠎ᠳᠤ ᠨᠢᠭᠡ ᠨᠢᠭᠡᠨ ᠤ᠋ ᠬᠢ ᠪᠡᠷ ᠲᠤᠭᠤᠷᠢᠵᠦ ᠵᠤᠭᠤᠭ ᠵᠤᠭ᠎ᠠ ᠲᠡᠯᠭᠡᠲᠡᠭ ᠪᠠᠢᠬᠰᠠᠨ ᠠᠢᠯ ᠰᠠᠭᠠᠬᠠᠯᠲᠠ ᠠᠭᠠᠵᠢᠮ ᠢ᠋ᠢᠡᠷ ᠵᠠᠢᠲᠠᠵᠠᠢ᠃

ᠵᠠᠭᠤᠷᠠᠯᠳᠤᠭᠠᠨ ᠨᠢ ᠲᠡᠯᠡᠳ ᠬᠣᠰᠢᠭᠤᠨ᠎ᠤ ᠶᠡᠷᠦᠩᠬᠡᠢᠯᠡᠨ ᠵᠠᠰᠠᠬᠤ ᠲᠥᠪ᠎ᠲᠦ ᠬᠦᠷᠦᠭᠰᠡᠨ᠎ᠦ ᠳᠠᠷᠠᠭ᠎ᠠ ᠡᠶᠡᠳᠡᠭᠦᠯᠦᠭᠴᠢ ᠵᠠᠩ ᠮᠧᠶ ᠯᠢ ᠪᠠᠷᠢᠨ ᠡᠶᠡᠲᠡᠭᠦᠯᠬᠦ ᠭᠡᠵᠦ ᠶᠠᠭᠠᠷᠠᠭᠰᠠᠨ ᠦᠭᠡᠢ᠂ ᠬᠠᠷᠢᠨ ᠲᠡᠯᠡᠳ ᠬᠣᠰᠢᠭᠤᠨ᠎ᠤ ᠠᠷᠠᠳ᠎ᠤᠨ ᠰᠢᠭᠦᠬᠦ ᠬᠣᠷᠢᠶᠠᠨ᠎ᠤ ᠬᠡᠷᠡᠭ ᠳᠠᠩᠰᠠᠯᠠᠬᠤ ᠲᠢᠩᠬᠢᠮ᠎ᠦᠨ ᠳᠠᠷᠤᠭ᠎ᠠ᠂ ᠶᠡᠷᠦᠩᠬᠡᠢᠯᠡᠨ ᠵᠠᠰᠠᠬᠤ ᠲᠥᠪ᠎ᠲᠦ ᠲᠣᠮᠢᠯᠠᠨ ᠰᠠᠭᠤᠯᠭᠠᠭᠰᠠᠨ ᠲᠦᠷᠭᠡᠨ ᠲᠠᠰᠤᠯᠬᠤ ᠰᠢᠭᠦᠭᠴᠢ ᠶᠠᠨ ᠵᠢᠨ ᠢᠦᠢ᠎ᠶᠢ ᠤᠷᠢᠵᠤ ᠠᠪᠴᠢᠷᠠᠵᠠᠢ᠃

ᠡᠶᠡᠳᠡᠭᠦᠯᠬᠦ ᠲᠠᠰᠤᠭ᠎ᠲᠤ᠂ ᠡᠶᠡᠳᠡᠭᠦᠯᠬᠦ ᠪᠦᠯᠬᠦᠮ᠎ᠦᠨ ᠬᠢᠨ 《ᠬᠠᠤᠯᠢ ᠴᠠᠭᠠᠵᠠ ᠵᠢᠨ ᠲᠠᠢᠯᠪᠤᠷᠢᠯᠠᠯᠲᠠ + ᠶᠣᠰᠣ᠌ ᠵᠦᠢ᠎ᠶᠢᠨ ᠵᠢᠯᠣᠭᠣᠳᠤᠯᠭ᠎ᠠ》 ᠬᠣᠣᠰ ᠴᠢᠭᠯᠡᠯ᠎ᠢᠶᠡᠷ ᠬᠦᠴᠦᠯᠡᠬᠦ ᠡᠶᠡᠳᠡᠭᠦᠯᠬᠦ ᠠᠷᠭ᠎ᠠ ᠬᠡᠯᠪᠡᠷᠢ ᠵᠢ ᠠᠪᠴᠤ᠂ ᠨᠢᠭᠡ ᠲᠠᠯ᠎ᠠ᠎ᠪᠠᠷ᠂ ᠬᠣᠶᠠᠷ ᠲᠠᠯ᠎ᠠ᠎ᠶᠢᠨ ᠬᠦᠰᠡᠯ ᠱᠠᠭᠠᠷᠳᠠᠯᠭ᠎ᠠ᠎ᠶᠢ ᠭᠦᠢᠴᠡᠳ ᠬᠦᠨᠳᠦᠳᠬᠡᠵᠦ᠂ ᠵᠣᠭᠣᠰ ᠵᠢᠭᠡᠯᠡᠭᠦᠯᠦᠭᠴᠢ᠎ᠶᠢᠨ ᠵᠢᠷᠤᠮ᠎ᠢ ᠡᠷᠬᠢᠮᠯᠡᠨ ᠬᠥᠷᠰᠢ ᠵᠡᠷᠭᠡᠯᠡᠳᠡᠭᠡ᠎ᠪᠡᠨ ᠲᠤᠰᠠᠯᠠᠬᠰᠠᠨ ᠰᠠᠢᠨ ᠰᠠᠨᠠᠭ᠎ᠠ ᠵᠢ ᠨᠤᠲᠠᠯᠠᠵᠦ᠂ ᠵᠣᠭᠣᠰ ᠵᠢᠭᠡᠯᠡᠭᠴᠢ᠎ᠶᠢᠨ ᠭᠡᠷ ᠪᠦᠯᠢ᠎ᠶᠢᠨ ᠬᠢᠨ᠎ᠤ ᠬᠦᠨᠳᠦ ᠡᠪᠡᠳᠴᠢᠯᠡᠵᠦ᠂ ᠤᠷᠳᠤ ᠬᠤᠭᠤᠴᠠᠭ᠎ᠠ ᠪᠡᠷ ᠡᠮᠴᠢᠯᠡᠭᠡᠨ᠎ᠦ ᠵᠠᠷᠤᠳᠠᠯ ᠡᠭᠦᠷᠭᠡᠯᠡᠵᠦ ᠪᠠᠢᠭ᠎ᠠ ᠪᠣᠳᠠᠲᠠᠢ ᠬᠦᠴᠢᠷᠳᠡᠯ᠎ᠢ ᠨᠢ ᠤᠢᠯᠠᠭᠠᠵᠦ᠂ ᠬᠣᠶᠠᠷ ᠲᠠᠯ᠎ᠠ᠎ᠶᠢᠨ ᠬᠢᠨ᠎ᠢ ᠨᠢᠭᠡ ᠨᠢᠭᠡᠨ᠎ᠤ ᠪᠠᠨ ᠵᠤᠬᠰᠤᠴᠠ ᠡᠴᠡ ᠢᠯᠡᠭᠦᠭᠡᠨ ᠪᠤᠳᠤᠯᠬᠢᠯᠠᠵᠦ᠂ ᠬᠠᠷᠢᠯᠴᠠᠨ ᠣᠢᠯᠠᠭᠠᠵᠤ ᠬᠠᠷᠢᠯᠴᠠᠨ ᠨᠠᠢᠷ ᠲᠠᠯᠪᠢᠬᠤ ᠵᠢ ᠬᠦᠲᠦᠯᠦᠨ ᠵᠢᠯᠤᠭᠤᠳᠴᠠᠢ᠃ ᠨᠥᠭᠥᠭᠡ ᠲᠠᠯ᠎ᠠ᠎ᠪᠠᠷ᠂ ᠬᠣᠶᠠᠷ ᠲᠠᠯ᠎ᠠ᠎ᠳᠤ ᠠᠷᠠᠳ᠎ᠤᠨ ᠬᠣᠭᠣᠷᠣᠨᠳᠣᠬᠢ ᠵᠢᠭᠡᠯᠡᠯᠭᠡ᠎ᠶᠢᠨ ᠬᠣᠯᠪᠣᠭᠳᠠᠯ ᠪᠦᠬᠦᠢ ᠬᠠᠤᠯᠢ ᠴᠠᠭᠠᠵᠠ᠎ᠬᠠᠤᠯᠢ ᠲᠣᠭᠲᠠᠭᠠᠯ᠎ᠢ ᠨᠠᠷᠢᠨ ᠨᠢᠮᠪᠠᠢ ᠲᠠᠢᠯᠪᠤᠷᠢᠯᠠᠨ ᠥᠭᠴᠦ᠂ ᠵᠠᠷᠭᠤ᠎ᠶᠢᠨ ᠲᠦᠭᠰᠢᠭᠦᠷᠢ᠂ ᠡᠷᠬᠡ ᠡᠭᠦᠷᠭᠡ ᠵᠢᠴᠢ ᠲᠠᠰᠤᠯᠤᠯᠲᠠ᠎ᠶᠢᠨ ᠦᠷ᠎ᠡ ᠳ᠋ᠦᠩ᠎ᠢ ᠲᠣᠳᠣᠷᠬᠠᠢ ᠬᠡᠯᠡᠵᠦ ᠥᠭᠴᠡᠢ ᠃

ᠲᠤᠭᠤᠰᠢᠳᠠᠢ ᠰᠠᠢᠬᠠᠨ ᠶᠠᠷᠢᠵᠤ ᠲᠠᠢᠯᠪᠤᠷᠢᠯᠠᠵᠤ ᠦᠭᠬᠦᠭᠰᠡᠨ ᠵᠢᠡᠷ ᠬᠤᠶᠠᠷ ᠲᠠᠯ᠎ᠠ ᠵᠢᠨ ᠬᠢᠨ᠎ᠤ ᠵᠦᠷᠢᠴᠡᠯ ᠮᠦᠷᠭᠦᠯᠲᠦᠭᠡᠨ ᠨᠢ ᠠᠭᠠᠵᠢᠮ ᠢ᠋ᠢᠡᠷ ᠡᠶᠡᠰᠡᠪᠡ᠃ ᠵᠣᠭᠣᠰ ᠵᠢᠭᠡᠯᠡᠭᠴᠢ ᠡᠴᠡ᠄ 《7 ᠰᠠᠷ᠎ᠠ ᠶ᠋ᠢᠨ 30 ᠎ᠡᠴᠡ ᠡᠮᠦᠨ᠎ᠡ ᠦᠯᠡᠲᠡᠭᠰᠡᠨ ᠵᠣᠭᠣᠰ ᠢ᠋ ᠨᠢᠭᠡ ᠤᠳᠠᠭ᠎ᠠ ᠲᠡᠭᠡᠷ᠎ᠡ ᠪᠦᠬᠦᠨ᠎ᠢ ᠲᠦᠯᠦᠨ᠎ᠡ》 ᠭᠡᠵᠦ ᠲᠤᠬᠠᠢ ᠶ᠋ᠢᠨ ᠲᠠᠯᠠᠪᠠᠶ᠎ᠳᠤ ᠬᠡᠯᠡᠪᠡ᠃

ᠣᠷᠳᠣᠰ ᠬᠤᠳᠠ ᠳ᠋ᠤ᠂ ᠡᠢᠮᠦᠷᠬᠦᠦ ᠦᠯᠢᠬᠡᠷ ᠲᠠᠰᠤᠷᠠᠯᠳᠡ ᠦᠭᠡᠢ ᠰᠤᠨᠤᠰᠳᠠᠨ᠎ᠠ᠃

ᠶᠠᠨ ᠵᠢᠨ ᠢᠦᠢ᠎ᠶᠢᠨ ᠰᠢᠷᠡᠭᠡᠨ ᠲᠡᠭᠡᠷ᠎ᠡ ᠨᠢᠭᠡᠨ ᠠᠵᠢᠯᠯᠠᠭᠠᠨ᠎ᠤ ᠵᠢᠯᠣᠭᠣᠳᠤᠮᠵᠢ ᠵᠢᠨ ᠪᠢᠴᠢᠭ ᠲᠠᠯᠪᠢᠭᠠᠰᠤᠳᠠᠢ ᠪᠠᠢᠪᠠ᠄ ᠡᠶᠡᠳᠡᠭᠦᠯᠵᠦ ᠲᠡᠢᠯᠦᠭᠰᠡᠨ ᠪᠤᠯ ᠰᠢᠭᠦᠭᠴᠢ ᠡᠴᠡ ᠲᠠᠷᠤᠢᠬᠠᠨ ᠬᠠᠤᠯᠢ ᠶᠣᠰᠣᠨ᠎ᠳᠤ ᠨᠡᠢᠴᠡᠬᠦ ᠴᠢᠨᠠᠷ᠎ᠤᠨ ᠬᠢᠨᠠᠨ ᠪᠠᠢᠴᠠᠭᠠᠯᠲᠠ ᠬᠢᠵᠦ᠂ ᠬᠠᠤᠯᠢ ᠴᠠᠭᠠᠵᠠ᠎ᠶᠢᠨ ᠨᠤᠲᠠᠯᠠᠯᠲᠠ᠎ᠶᠢ ᠲᠦᠷᠭᠡᠨ ᠭᠦᠢᠴᠡᠳᠬᠡᠵᠦ᠂ ᠠᠯᠪᠠᠳᠠᠨ ᠭᠦᠢᠴᠡᠳᠬᠡᠭᠦᠯᠬᠦ ᠬᠦᠴᠦᠨ᠎ᠢ ᠣᠯᠭᠣᠨ᠎ᠠ; ᠡᠶᠡᠳᠡᠭᠦᠯᠦᠭᠡᠳ ᠪᠦᠲᠦᠭᠰᠡᠨ ᠦᠭᠡᠢ ᠪᠤᠯ᠂ ᠬᠡᠷᠡᠭ ᠪᠣᠯᠭᠠᠨ ᠳᠠᠩᠰᠠᠯᠠᠬᠤ ᠰᠠᠭᠠᠳ ᠦᠭᠡᠢ ᠵᠠᠮ᠎ᠢ ᠲᠠᠷᠤᠢᠬᠠᠨ ᠨᠡᠭᠡᠭᠡᠵᠦ᠂ ᠵᠠᠷᠭᠤ᠎ᠶᠢᠨ ᠲᠡᠰ ᠲᠠᠷᠠᠭᠠᠯᠠᠯ᠎ᠳᠤ ᠰᠢᠯᠵᠢᠭᠦᠯᠦᠨ᠎ᠠ᠃ ᠰᠢᠭᠦᠬᠦ ᠬᠣᠷᠢᠶ᠎ᠠ ᠬᠢᠭᠡᠳ ᠶᠡᠷᠦᠩᠬᠡᠢᠯᠡᠨ ᠵᠠᠰᠠᠬᠤ ᠲᠥᠪ᠎ᠦᠨ ᠬᠣᠭᠣᠷᠣᠨᠳᠤ ᠪᠠᠰᠠ 《ᠬᠣᠣᠰ ᠴᠢᠭᠯᠡᠯ᠎ᠦᠨ ᠲᠡᠷᠭᠡᠨ ᠵᠠᠮ》᠎ᠢ᠋ ᠪᠠᠢᠭᠤᠯᠪᠠ᠄ ᠰᠢᠭᠦᠬᠦ ᠬᠣᠷᠢᠶ᠎ᠠ ᠬᠡᠷᠡᠭ ᠪᠣᠯᠭᠠᠨ ᠳᠠᠩᠰᠠᠯᠠᠭᠰᠠᠨ᠎ᠤ ᠲᠠᠷᠠᠭ᠎ᠠ᠂ ᠡᠶᠡᠳᠡᠭᠦᠯᠬᠦ᠎ᠳᠦ ᠲᠣᠬᠢᠷᠠᠬᠤ ᠬᠡᠷᠡᠭ᠎ᠢ ᠲᠤᠬᠠᠢ᠎ᠶᠢᠨ ᠬᠥᠮᠥᠨ᠎ᠦ ᠵᠥᠪᠰᠢᠶᠡᠷᠡᠯ᠎ᠢ ᠣᠯᠣᠭᠰᠠᠨ᠎ᠤ ᠲᠠᠷᠠᠭ᠎ᠠ ᠶᠡᠷᠦᠩᠬᠡᠢᠯᠡᠨ ᠵᠠᠰᠠᠬᠤ ᠲᠥᠪ᠎ᠲᠦ ᠰᠢᠯᠵᠢᠭᠦᠯᠦᠨ ᠬᠦᠷᠭᠡᠵᠦ ᠬᠠᠮᠲᠤᠷᠠᠨ ᠡᠶᠡᠳᠡᠭᠦᠯᠦᠨ ᠰᠢᠢᠳᠪᠦᠷᠢᠯᠡᠭᠦᠯᠦᠨ᠎ᠡ᠃

《ᠵᠥᠷᠢᠴᠡᠯ ᠵᠠᠭᠤᠷᠠᠯᠳᠤᠭᠠᠨ᠎ᠢ ᠠᠯᠢ ᠴᠢᠳᠠᠬᠤᠢᠴᠠ ᠵᠠᠷᠭᠤ ᠵᠠᠭᠠᠯᠳᠤᠯᠭ᠎ᠠ ᠬᠢᠬᠦ᠎ᠠᠴᠠ ᠨᠢ ᠡᠮᠦᠨ᠎ᠡ ᠰᠢᠢᠳᠪᠦᠷᠢᠯᠡᠵᠦ᠂ ᠤᠷᠠᠨ ᠤᠬᠠᠭᠠᠨ ᠵᠢᠡᠷ ᠬᠦᠮᠦᠰ᠎ᠤᠨ ᠬᠠᠷᠢᠴᠠᠭ᠎ᠠ᠎ᠶᠢ ᠵᠠᠰᠠᠨ ᠰᠡᠷᠭᠦᠭᠡᠪᠡᠯ ᠵᠤᠬᠢᠨ᠎ᠠ》 ᠭᠡᠵᠦ ᠶᠠᠨ ᠵᠢᠨ ᠢᠦᠢ ᠬᠡᠯᠡᠪᠡ᠃

ᠣᠳᠣᠬᠠᠨ᠎ᠳᠤ᠂ ᠣᠷᠳᠣᠰ ᠬᠣᠲᠠ᠎ᠶᠢᠨ ᠬᠣᠶᠠᠷ ᠱᠠᠲᠤᠨ᠎ᠤ ᠰᠢᠭᠦᠬᠦ ᠬᠣᠷᠢᠶ᠎ᠠ 123 ᠺᠠᠳ᠋ᠷ ᠴᠠᠭᠳᠠᠭ᠎ᠠ᠎ᠶᠢ ᠡᠯ᠎ᠡ ᠱᠠᠲᠤᠨ᠎ᠤ ᠶᠡᠷᠦᠩᠬᠡᠢᠯᠡᠨ ᠵᠠᠰᠠᠬᠤ ᠲᠥᠪ᠎ᠲᠦ ᠪᠠᠢᠩᠭᠤ ᠲᠣᠮᠢᠯᠠᠨ ᠰᠠᠭᠤᠯᠭᠠᠵᠤ᠂ ᠵᠠᠷᠭᠤ ᠵᠠᠭᠠᠯᠳᠤᠯᠭ᠎ᠠ ᠬᠢᠬᠦ ᠦᠢᠯᠡᠴᠢᠯᠡᠭᠡᠨ᠎ᠦ ᠴᠣᠩᠬᠣᠪᠴᠢ ᠵᠢ ᠪᠠᠢᠭᠤᠯᠤᠨ᠂ ᠣᠯᠠᠨ ᠲᠦᠮᠡᠨ᠎ᠤ ᠤᠴᠢᠷ ᠶᠠᠪᠤᠳᠠᠯ᠎ᠢ ᠰᠢᠢᠳᠪᠦᠷᠢᠯᠡᠵᠦ ᠦᠭᠴᠦ ᠪᠤᠢ᠃

ᠨᠡᠩ ᠶᠡᠬᠡ ᠬᠤᠪᠢᠷᠠᠯᠲᠠ ᠨᠢ ᠲᠣᠭᠲᠠᠴᠠ᠎ᠶᠢᠨ ᠰᠢᠨ᠎ᠡ᠎ᠶᠢ ᠡᠭᠦᠳᠦᠭᠰᠡᠨ ᠳ᠋ᠤ ᠪᠤᠢ᠃ ᠣᠷᠳᠣᠰ ᠬᠤᠳᠠ᠎ᠶᠢᠨ ᠰᠢᠭᠦᠬᠦ ᠬᠣᠷᠢᠶ᠎ᠠ᠎ᠶᠢᠨ ᠰᠢᠰᠲ᠋ᠸᠮ 《ᠤᠷᠢᠳ ᠵᠢᠡᠷ ᠡᠶᠡᠳᠡᠭᠦᠯᠬᠦ + ᠰᠢᠬᠦᠭᠴᠢ ᠵᠢᠭᠠᠨ ᠵᠢᠯᠤᠭᠤᠳᠬᠤ》 ᠵᠠᠭᠪᠤᠷ᠎ᠢ ᠡᠬᠦᠳᠴᠦ᠂ ᠰᠢᠬᠦᠭᠴᠢ ᠵᠠᠭᠤᠷᠠᠯᠳᠤᠭᠠᠨ᠎ᠢ ᠪᠠᠢᠴᠠᠭᠠᠨ ᠰᠤᠳᠤᠯᠬᠤ᠂ ᠭᠡᠷᠡᠴᠢ ᠪᠠᠷᠢᠮᠲᠠ᠎ᠶᠢ ᠡᠮᠬᠢᠯᠡᠬᠦ᠂ ᠮᠠᠷᠭᠤᠯᠳᠤᠭᠠᠨ᠎ᠢ ᠬᠤᠷᠢᠶᠠᠩᠭᠤᠢᠯᠠᠬᠤ᠎ᠳᠤ ᠭᠦᠨᠵᠡᠭᠡᠢ ᠣᠷᠣᠯᠴᠠᠵᠤ᠂ ᠪᠦᠬᠦ ᠶᠠᠪᠤᠴᠠ᠎ᠵᠢᠨ ᠡᠶᠡᠳᠡᠭᠦᠯᠬᠦ ᠠᠵᠢᠯ᠎ᠳᠤ ᠲᠤᠰᠬᠠᠢ ᠮᠡᠷᠭᠡᠵᠢᠯ᠎ᠦᠨ ᠬᠠᠤᠯᠢ ᠴᠠᠭᠠᠵᠠ᠎ᠶᠢᠨ ᠲᠤᠯᠭᠠᠭᠤᠷᠢᠯᠠᠯ ᠬᠠᠩᠭᠠᠪᠠ᠃ ᠡᠨᠡ ᠵᠢᠯ᠎ᠦᠨ 7 ᠰᠠᠷ᠎ᠠ᠎ᠶᠢᠨ 25 ᠎ᠤ᠋ ᠡᠳᠦᠷ ᠪᠣᠯᠲᠠᠯ᠎ᠠ ᠪᠥᠬᠥ ᠬᠣᠲᠠ᠎ᠶᠢᠨ ᠰᠢᠭᠦᠬᠦ ᠬᠣᠷᠢᠶ᠎ᠠ ᠵᠢᠨ ᠬᠢᠨ 1.1 ᠲᠦᠮᠡᠨ ᠬᠤᠪᠢ ᠵᠦᠷᠢᠴᠡᠯ ᠵᠠᠭᠤᠷᠠᠯᠳᠤᠭᠠᠨ᠎ᠢ ᠵᠠᠷᠭᠤ ᠵᠠᠭᠠᠯᠳᠤᠯᠭ᠎ᠠ ᠬᠢᠬᠦ ᠡᠴᠡ ᠨᠢ ᠡᠮᠦᠨ᠎ᠡ ᠡᠶᠡᠳᠡᠬᠦᠯᠵᠦ᠂ ᠡᠶᠡᠳᠡᠬᠦᠯᠭᠡ ᠵᠢᠨ ᠠᠮᠵᠢᠯᠳᠠ ᠤᠯᠤᠭᠰᠠᠨ ᠨᠣᠷᠮ᠎ᠠ ᠨᠢ 52.4% ᠳ᠋ᠤ ᠬᠦᠷᠴᠦ᠂ ᠲᠠᠷᠤᠢᠬᠠᠨ ᠭᠦᠢᠴᠡᠳᠬᠡᠭᠰᠡᠨ ᠨᠣᠷᠮ᠎ᠠ ᠨᠢ 38.2%᠎ᠲᠤ ᠬᠦᠷᠴᠡᠢ᠃

ᠡᠯ᠎ᠡ ᠱᠠᠲᠤᠨ᠎ᠤ ᠶᠡᠷᠦᠩᠬᠡᠢᠯᠡᠨ ᠵᠠᠰᠠᠬᠤ ᠲᠥᠪ᠎ᠦᠨ ᠵᠠᠷᠭᠤ᠎ᠵᠠᠭᠠᠯᠳᠤᠯᠭ᠎ᠠ ᠵᠢᠨ ᠦᠢᠯᠡᠴᠢᠯᠡᠭᠡᠨ᠎ᠦ ᠲᠣᠭᠣᠷᠢᠭ᠋᠎ᠲᠤ ᠠᠷᠠᠳ᠎ᠤᠨ ᠰᠢᠭᠦᠬᠦ ᠬᠣᠷᠢᠶᠠᠨ᠎ᠤ ᠬᠡᠷᠡᠭ᠎ᠦᠨ ᠵᠢᠱ᠌ᠢᠶ᠎ᠡ᠎ᠶᠢᠨ ᠬᠥᠮᠥᠷᠭᠡ ᠪᠠᠢᠳᠠᠭ᠃ 《ᠰᠢᠭᠦᠬᠦ ᠬᠣᠷᠢᠶᠠᠨ᠎ᠤ ᠬᠡᠷᠡᠭ᠎ᠦᠨ ᠵᠢᠱ᠌ᠢᠶ᠎ᠡ᠎ᠪᠡᠷ ᠬᠠᠤᠯᠢ ᠴᠠᠭᠠᠵᠠ ᠵᠢ ᠲᠠᠢᠯᠪᠤᠷᠢᠯᠠᠨ ᠶᠣᠰᠣ᠌ ᠤᠴᠢᠷ᠎ᠢ ᠶᠠᠷᠢᠳᠠᠭ ᠨᠢ ᠬᠡᠷᠡᠭ᠎ᠤᠨ ᠲᠤᠬᠠᠢ᠎ᠶᠢᠨ ᠬᠥᠮᠥᠨ᠎ᠢ ᠦᠨᠡᠨ ᠰᠡᠳᠬᠢᠯ᠎ᠡᠴᠡ᠎ᠪᠡᠨ ᠪᠢᠰᠢᠷᠡᠬᠦᠯᠦᠨ᠎ᠠ》 ᠭᠡᠵᠦ ᠨᠢᠭᠡᠨ ᠡᠶᠡᠳᠡᠭᠦᠯᠦᠭᠴᠢ ᠶᠠᠷᠢᠪᠠ᠃

ᠣᠷᠳᠣᠰ ᠬᠤᠳᠠ᠎ᠶᠢᠨ ᠬᠣᠶᠠᠷ ᠱᠠᠲᠤᠨ᠎ᠤ ᠰᠢᠭᠦᠬᠦ ᠬᠣᠷᠢᠶ᠎ᠠ ᠶᠡᠷᠦᠩᠬᠡᠢᠯᠡᠨ ᠵᠠᠰᠠᠬᠤ ᠲᠥᠪ᠎ᠢ ᠵᠢᠷᠤᠮᠵᠢᠭᠤᠯᠬᠤ ᠪᠠᠢᠭᠤᠯᠤᠯᠲᠠ᠎ᠳᠤ ᠭᠦᠨᠵᠡᠭᠡᠢ ᠤᠷᠤᠯᠴᠠᠵᠤ᠂ ᠶᠡᠷᠦᠩᠬᠡᠢᠯᠡᠨ ᠵᠠᠰᠠᠬᠤ ᠲᠥᠪ᠎ᠲᠡᠬᠢ ᠰᠢᠭᠦᠬᠦ ᠬᠣᠷᠢᠶ᠎ᠠ᠎ᠶᠢᠨ ᠪᠠᠢᠷᠢ ᠲᠣᠭᠲᠠᠭᠠᠯᠲᠠ ᠪᠠ ᠦᠢᠯᠡᠳᠦᠯ᠎ᠢ ᠤᠯᠠᠮ ᠴᠢᠨᠠᠭᠰᠢᠳᠠ ᠲᠣᠳᠣᠷᠬᠠᠢᠯᠠᠵᠤ᠂ 《ᠡᠶᠡᠳᠡᠭᠦᠯᠭᠡ᠎ᠶᠢ ᠲᠡᠷᠢᠭᠦᠨ᠎ᠳᠦ ᠲᠠᠯᠪᠢᠬᠤ᠂ ᠱᠠᠲᠤ ᠬᠤᠪᠢᠶᠠᠨ ᠠᠬᠢᠭᠤᠯᠬᠤ᠂ ᠬᠠᠤᠯᠢ ᠴᠠᠭᠠᠵᠠ᠎ᠪᠠᠷ ᠦᠨᠳᠦᠰᠦᠨ ᠵᠦᠢᠯ᠎ᠢ ᠪᠠᠲᠤᠯᠠᠬᠤ》 ᠤᠯᠠᠨ ᠡᠰᠢᠲᠦ ᠬᠠᠮᠲᠤ ᠪᠠᠷ ᠵᠠᠰᠠᠬᠤ ᠵᠠᠭᠪᠤᠷ᠎ᠢ ᠪᠠᠢᠭᠤᠯᠵᠤ᠂ ᠬᠠᠤᠯᠢ ᠴᠠᠭᠠᠵᠠ᠎ᠶᠢᠨ ᠳᠠᠪᠠᠭᠤᠯᠢᠭ᠋᠎ᠢ ᠦᠨᠡᠨ᠎ᠬᠦ ᠦᠨᠳᠦᠰᠦᠨ ᠱᠠᠲᠤᠨ᠎ᠤ ᠵᠠᠰᠠᠯᠲᠠ᠎ᠶᠢᠨ ᠴᠢᠳᠠᠪᠬᠢ ᠪᠣᠯᠭᠠᠨ ᠬᠤᠪᠢᠷᠠᠭᠤᠯᠵᠤ᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ ᠪᠦᠬᠦᠨ᠎ᠢ ᠭᠦᠢᠴᠡᠳᠬᠡᠬᠦ ᠬᠥᠮᠥᠨ᠎ᠲᠠᠢ ᠪᠠᠢᠬᠤ ᠵᠢ ᠪᠠᠳᠤᠯᠠᠵᠤ᠂ ᠬᠠᠤᠯᠢ ᠶᠣᠰᠣᠭᠠᠷ ᠭᠦᠢᠴᠡᠳᠬᠡᠬᠦ᠎ᠶᠢ ᠠᠬᠢᠭᠤᠯᠪᠠ᠃

ᠦᠳᠡᠰᠢ᠎ᠶᠢᠨ ᠨᠠᠷᠠᠠ ᠵᠢᠷᠭᠠᠬᠤ᠎ᠶᠢᠨ ᠦᠶ᠎ᠡ ᠪᠡᠷ ᠪᠢᠳᠡ ᠳᠠᠯᠠᠳ ᠬᠣᠰᠢᠭᠤᠨ᠎ᠤ ᠶᠡᠷᠦᠩᠬᠡᠢᠯᠡᠨ ᠵᠠᠰᠠᠬᠤ ᠲᠥᠪ᠎ᠡᠴᠡ ᠭᠠᠷᠴᠤ ᠢᠷᠡᠯ᠎ᠡ᠃ ᠬᠠᠤᠯᠢ ᠴᠠᠭᠠᠵᠠ ᠶ᠋ᠢᠨ ᠨᠤᠲᠠᠯᠠᠯᠲᠠ ᠶ᠋ᠢᠨ ᠪᠢᠴᠢᠭ ᠢ᠋ ᠰᠠᠶᠢᠬᠠᠨ ᠣᠯᠵᠤ ᠠᠪᠤᠭᠰᠠᠨ ᠨᠢᠭᠡᠨ ᠲᠤᠬᠠᠢ ᠶ᠋ᠢᠨ ᠬᠥᠮᠥᠨ ᠰᠤᠷᠪᠤᠯᠵᠢᠯᠠᠭ᠍ᠴᠢ᠎ᠳᠤ᠄ 《ᠤᠳᠤ ᠰᠠᠨᠠᠭ᠎ᠠ ᠠᠮᠠᠷᠠᠯ᠎ᠠ》 ᠭᠡᠵᠦ ᠶᠠᠷᠢᠯ᠎ᠠ ᠃


[ᠰᠤᠷᠪᠤᠯᠵᠢᠯᠠᠭ᠍ᠴᠢ᠎ᠶᠢᠨ ᠡᠪᠤᠷ ᠲᠠᠮᠳᠡᠭᠯᠡᠯ]

ᠦᠨᠳᠦᠰᠦᠨ ᠱᠠᠲᠤ ᠠᠮᠤᠷ ᠲᠦᠪᠰᠢᠨ ᠪᠣᠯᠪᠠᠰᠤ ᠳᠡᠯᠡᠬᠡᠢ ᠳ᠋ᠠᠬᠢᠨ ᠠᠮᠤᠷ ᠠᠮᠤᠭᠤᠯᠠᠩ ᠪᠣᠯᠣᠮᠤᠢ᠃ ᠰᠤᠷᠪᠤᠯᠵᠢᠯᠠᠭ᠍ᠴᠢ ᠶ᠋ᠢᠨ ᠣᠢᠯᠠᠭᠠᠭᠰᠠᠨ᠎ᠢᠶᠠᠷ᠂ ᠰᠢᠬᠦᠭᠴᠢ ᠰᠢᠭᠦᠨ ᠲᠠᠰᠤᠯᠬᠤ ᠲᠠᠪᠴᠠᠩ ᠠ᠋ᠴᠠ ᠡᠶᠡᠳᠡᠭᠦᠯᠭᠡ ᠶ᠋ᠢᠨ ᠰᠢᠷᠡᠭᠡ᠎ᠳᠦ ᠰᠢᠯᠵᠢᠵᠦ 《ᠰᠢᠷᠡᠭᠡ ᠲᠤᠭᠤᠷᠢᠨ ᠰᠡᠳᠬᠢᠯ᠎ᠦᠨ ᠦᠭᠡ᠎ᠪᠡᠨ ᠶᠠᠷᠢᠯᠴᠠᠬᠤ》 ᠪᠣᠯᠤᠭᠰᠠᠨ ᠨᠢ ᠵᠠᠭᠤᠷᠠᠯᠳᠤᠭᠠᠨ ᠢ᠋ ᠰᠢᠢᠳᠪᠦᠷᠢᠯᠡᠬᠦ ᠠᠷᠭ᠎ᠠ ᠮᠠᠶᠢᠭ᠋ ᠢ᠋ ᠬᠤᠪᠢᠷᠠᠭᠤᠯᠤᠭᠰᠠᠨ ᠲᠡᠳᠦᠢ ᠪᠢᠰᠢ᠂ ᠨᠡᠩ ᠴᠤ᠌ ᠵᠠᠰᠠᠯᠳᠠ ᠵᠢᠨ ᠣᠢᠯᠠᠭᠠᠭᠳᠠᠬᠤᠨ᠎ᠤ ᠭᠦᠨᠵᠡᠭᠡᠢ ᠬᠤᠪᠢᠷᠠᠯᠲᠠ ᠪᠤᠯᠤᠨ᠎ᠠ᠃

ᠡᠶᠡᠳᠡᠭᠦᠯᠬᠦ ᠲᠠᠰᠤᠭ᠎ᠤᠨ ᠤᠳᠠᠭ᠎ᠠ ᠪᠦᠷᠢ᠎ᠶᠢᠨ ᠡᠶᠡᠳᠡᠬᠦᠯᠭᠡ ᠨᠢ ᠴᠥᠮ ᠬᠦᠮᠦᠰ᠎ᠤᠨ ᠬᠤᠭᠤᠷᠤᠨᠳᠤᠬᠢ ᠬᠠᠷᠢᠴᠠᠭ᠎ᠠ ᠵᠢ ᠰᠠᠢᠵᠢᠷᠠᠭᠤᠯᠵᠤ᠂ ᠭᠡᠷ ᠪᠦᠯᠢ ᠠᠮᠤᠷ ᠲᠠᠢᠪᠤᠩ ᠪᠤᠯᠤᠭᠰᠠᠨ᠎ᠢ ᠬᠠᠷᠠᠭᠤᠯᠵᠤ ᠪᠠᠢᠨ᠎ᠠ᠃ ᠠᠷᠠᠳ᠎ᠤᠨ ᠰᠢᠭᠦᠬᠦ ᠬᠣᠷᠢᠶ᠎ᠠ ᠢᠳᠡᠪᠬᠢᠲᠠᠢ ᠬᠠᠷᠢᠭᠤᠴᠠᠯᠭ᠎ᠠ᠎ᠪᠠᠷ ᠰᠢᠨ᠎ᠡ ᠴᠠᠭ ᠦᠶ᠎ᠡ᠎ᠶᠢᠨ 《ᠹᠸᠩᠴᠢᠶᠤᠤ ᠵᠢᠨ ᠲᠤᠷᠰᠢᠯᠭ᠎ᠠ》 ᠶ᠋ᠢ ᠬᠠᠤᠯᠢ ᠪᠡᠷ ᠵᠠᠰᠠᠬᠤ ᠵᠠᠮ ᠲᠡᠭᠡᠷ᠎ᠡ ᠰᠢᠨ᠎ᠡ ᠠᠮᠢᠵᠢᠷᠠᠯ᠎ᠤᠨ ᠬᠦᠴᠦᠨ᠎ᠲᠠᠢ ᠪᠣᠯᠭᠠᠨ᠎ᠠ᠃ 《ᠬᠡᠷᠡᠭ᠎ᠢ ᠰᠢᠢᠳᠪᠦᠷᠢᠯᠡᠵᠦ ᠤᠴᠢᠷ ᠶᠠᠪᠤᠳᠠᠯ᠎ᠢ ᠳᠠᠭᠤᠰᠬᠠᠬᠤ》 ᠡᠴᠡ 《ᠬᠡᠷᠡᠭ᠎ᠢ ᠳᠠᠭᠤᠰᠬᠠᠵᠤ ᠤᠴᠢᠷ ᠶᠠᠪᠤᠳᠠᠯ᠎ᠢ ᠰᠢᠢᠳᠪᠦᠷᠢᠯᠡᠬᠦ》 ᠬᠦᠷᠲᠡᠯ᠎ᠡ᠂ 《ᠬᠤᠪᠢ ᠲᠣᠭᠲᠠᠭᠠᠬᠤ》 ᠡᠴᠡ 《ᠮᠠᠷᠭᠤᠭᠠᠨ᠎ᠢ ᠵᠣᠭᠰᠤᠭᠠᠬᠤ》 ᠬᠦᠷᠲᠡᠯ᠎ᠡ᠂ ᠳᠠᠬᠢᠭᠠᠳ 《ᠰᠠᠢᠲᠤᠷ ᠵᠠᠰᠠᠬᠤ》 ᠬᠡᠬᠦᠴᠢᠯᠡᠨ ᠬᠠᠤᠯᠢ ᠪᠡᠷ ᠵᠠᠰᠠᠬᠤ ᠠᠵᠢᠯ ᠤᠯᠠᠨ ᠲᠦᠮᠡᠨ᠎ᠦ ᠰᠡᠳᠬᠢᠯ᠎ᠤᠨ ᠲᠠᠭᠠᠰᠢᠶᠠᠯ᠎ᠢ ᠤᠯᠤᠭᠰᠠᠭᠠᠷ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面