ᠭᠣᠣᠯ ᠰᠡᠳᠦᠪᠲᠦ ᠮᠡᠳᠡᠭᠡᠯᠡᠯ > ᠵᠣᠬᠢᠶᠠᠯ᠎ᠤᠨ ᠰᠤᠷᠲᠠᠯ᠎ᠢᠶᠠᠨ ᠰᠠᠢᠵᠢᠷᠠᠭᠤᠯᠤᠶ᠎ᠠ

2026-09-12 12:06:52

ᠵᠣᠬᠢᠶᠠᠭ᠍ᠴᠢ᠄ ᠯᠢᠦ ᠰᠢᠶᠠᠩ ᠫᠢᠩ ᠴᠢᠮᠡᠭᠡᠯᠡᠭᠴᠢ ᠶᠠᠩ ᠴᠧᠩ ᠢᠦᠢ ᠣᠩᠱᠢᠭ᠍ᠰᠠᠨ ᠣᠳᠠᠭ᠎ᠠ᠄ 3

《ᠥᠩᠭᠡᠷᠡᠭᠰᠡᠨ᠎ᠳᠦ ᠲᠣᠰᠬᠣᠨ᠎ᠤ ᠣᠷᠣᠯᠭ᠎ᠠ ᠵᠠᠷᠤᠯᠭ᠎ᠠ᠎ᠶᠢᠨ ᠬᠡᠷᠡᠭᠯᠡᠯᠲᠡ᠂ ᠭᠠᠵᠠᠷ ᠰᠢᠷᠣᠢ᠎ᠶᠢᠨ ᠳᠠᠭᠠᠭᠠᠴᠢᠯᠠᠯᠲᠠ᠂ ᠬᠠᠮᠲᠤ᠎ᠶᠢᠨ ᠲᠦᠷᠢᠶᠡᠰᠦᠯᠡᠯ ᠵᠡᠷᠭᠡ ᠲᠥᠷᠥᠯ ᠵᠦᠢᠯ ᠨᠢ ᠴᠥᠮ ᠴᠠᠭᠠᠰᠤᠨ ᠬᠡᠯᠪᠡᠷᠢ᠎ᠵᠢᠨ ᠲᠠᠩᠰᠠ ᠬᠠᠷ᠎ᠠ ᠪᠠᠢᠵᠦ᠂ ᠲᠣᠰᠬᠣᠨ᠎ᠤ ᠠᠷᠠᠳ ᠦᠵᠡᠵᠦ ᠲᠥᠬᠥᠭᠡᠷᠡᠬᠦ ᠦᠭᠡᠢ᠂ ᠲᠣᠳᠣᠷᠬᠠᠢ ᠣᠢᠯᠠᠭᠠᠬᠤ ᠦᠭᠡᠢ᠂ ᠪᠠᠢᠴᠠᠭᠠᠵᠤ ᠣᠯᠬᠤ ᠦᠭᠡᠢ᠂ ᠶᠡᠷᠦᠨᠢ ᠡᠨᠳᠡᠬᠦᠦ ᠲᠠᠰᠢᠶ᠎ᠠ ᠲᠠᠢ ᠲᠠᠩᠰᠠ ᠬᠠᠷ᠎ᠠ ᠰᠢᠭ᠋ ᠰᠠᠨᠠᠭᠳᠠᠳᠠᠭ》᠃ ᠪᠤᠭᠤᠲᠤ ᠬᠣᠲᠠ᠎ᠶᠢᠨ ᠳ᠋ᠦᠩ ᠾᠧ ᠲᠣᠭᠣᠷᠢᠭ᠋᠎ᠤᠨ ᠰᠠᠷᠠᠴᠢᠨ ᠪᠠᠯᠭᠠᠰᠤᠨ᠎ᠤ ᠲᠣᠰᠬᠣᠨ᠎ᠤ ᠠᠷᠠᠳ ᠸᠠᠩ ᠨᠠᠰᠤᠲᠠᠨ ᠭᠠᠷ ᠤᠲᠠᠰᠤᠨ᠎ᠤ ᠳᠡᠯᠭᠡᠴᠡ᠎ᠪᠠᠨ ᠵᠢᠭᠠᠵᠦ ᠰᠤᠷᠪᠤᠯᠵᠢᠯᠠᠭ᠍ᠴᠢ᠎ᠳᠤ᠄《ᠣᠲᠣ᠌ ᠠᠳᠠᠯᠢ ᠦᠭᠡᠢ ᠪᠣᠯᠵᠠᠢ᠂ ᠲᠣᠰᠬᠣᠨ᠎ᠤ ᠬᠠᠮᠲᠤ᠎ᠶᠢᠨ ᠪᠡᠯᠡ ᠮᠥᠩᠭᠥ ᠨᠢᠭᠡ ᠪᠦᠷᠢ᠎ᠵᠢ ᠬᠠᠮᠢᠭ᠎ᠠ ᠵᠠᠷᠤᠴᠠᠭᠤᠯᠤᠭᠰᠠᠨ᠂ ᠭᠠᠵᠠᠷ ᠰᠢᠷᠣᠢ᠎ᠶᠢ ᠬᠡᠷᠬᠢᠨ ᠬᠡᠷᠡᠭᠯᠡᠭᠰᠡᠨ᠂ ᠳᠠᠭᠠᠭᠠᠴᠢᠯᠠᠯᠲᠠ᠎ᠶᠢᠨ ᠵᠠᠷᠤᠳᠠᠯ ᠨᠢᠭᠡ ᠪᠦᠷᠢ ᠨᠢ ᠬᠡᠳᠦᠢ ᠪᠣᠯᠬᠤ᠎ᠶᠢ ᠲᠣᠰᠬᠣᠨ᠎ᠤ ᠠᠷᠠᠳ ᠭᠠᠷ ᠤᠲᠠᠰᠤ᠎ᠪᠠᠷ ᠪᠠᠢᠴᠠᠭᠠᠨ ᠦᠵᠡᠵᠦ ᠪᠣᠯᠣᠨ᠎ᠠ᠂ ᠪᠣᠶ ᠪᠦᠬᠦᠢ ᠲᠠᠩᠰᠠ ᠬᠠᠷ᠎ᠠ᠎ᠶᠢ ᠦᠵᠡᠮᠡᠭᠴᠡ ᠮᠡᠳᠡᠵᠦ ᠪᠣᠯᠣᠨ᠎ᠠ》 ᠭᠡᠵᠦ ᠬᠡᠯᠨᠨ᠎ᠠ᠃

ᠬᠥᠳᠡᠭᠡ ᠲᠣᠰᠬᠣᠨ᠎ᠤ ᠬᠠᠮᠲᠤ᠎ᠶᠢᠨ ᠪᠡᠯᠡ ᠮᠥᠩᠭᠥ᠂ ᠡᠳ᠋ ᠬᠥᠷᠥᠩᠭᠡ᠂ ᠡᠬᠢ ᠪᠠᠶᠠᠯᠢᠭ᠋ ᠪᠣᠯ ᠬᠥᠳᠡᠭᠡ ᠲᠣᠰᠬᠣᠨ᠎ᠤ ᠬᠥᠭᠵᠢᠯᠲᠡ᠎ᠶᠢᠨ 《ᠥᠪ ᠬᠥᠷᠥᠩᠭᠡ》 ᠮᠥᠨ᠂ ᠨᠡᠩ ᠴᠤ᠌ ᠲᠦᠭ ᠲᠦᠮᠡᠨ ᠲᠣᠰᠬᠣᠨ᠎ᠤ ᠠᠷᠠᠳ᠎ᠤᠨ ᠰᠠᠨᠠᠭᠠᠰᠢᠷᠠᠵᠦ ᠪᠠᠢᠭ᠎ᠠ ᠶᠠᠪᠤᠳᠠᠯ ᠪᠤᠯᠤᠨ᠎ᠠ᠃ ᠰᠤᠷᠪᠤᠯᠵᠢᠯᠠᠭ᠍ᠴᠢ ᠳ᠋ᠦᠩ ᠾᠧ ᠲᠣᠭᠣᠷᠢᠭ᠋᠎ᠤᠨ ᠡᠯ᠎ᠡ ᠲᠣᠰᠬᠣᠨ᠎ᠳᠤ ᠬᠦᠷᠴᠦ ᠣᠢᠯᠠᠭᠠᠭᠰᠠᠨ᠎ᠢᠶᠠᠷ᠂ ᠥᠩᠭᠡᠷᠡᠭᠰᠡᠨ᠎ᠤ ᠮᠠᠰᠢ ᠣᠷᠳᠣ᠌ ᠬᠤᠭᠤᠴᠠᠭᠠᠨ᠎ᠳᠤ᠂ ᠴᠠᠭᠠᠰᠤᠨ ᠡᠬᠡ ᠲᠠᠩᠰᠠ᠎ᠶᠢᠨ ᠳᠠᠩᠰᠠᠯᠠᠯ ᠡᠮᠬᠢ ᠵᠠᠮᠪᠠᠷᠠᠭ᠎ᠠ ᠦᠭᠡᠢ᠂ ᠭᠡᠷ᠎ᠡ᠎ᠶᠢᠨ ᠬᠠᠮᠢᠶᠠᠷᠤᠯᠲᠠ ᠵᠢᠷᠤᠮᠵᠢᠯ ᠦᠭᠡᠢ᠂ ᠬᠠᠮᠲᠤ᠎ᠶᠢᠨ ᠭᠠᠵᠠᠷ ᠰᠢᠷᠣᠢ᠎ᠶᠢ ᠣᠷᠳᠣ᠌ ᠬᠤᠭᠤᠴᠠᠭ᠎ᠠ᠎ᠪᠠᠷ ᠰᠤᠯᠠ ᠲᠠᠯᠪᠢᠬᠳᠠᠭᠤᠯᠬᠤ᠂ ᠳᠠᠭᠠᠭᠠᠴᠢᠯᠠᠯᠲᠠ᠎ᠶᠢᠨ ᠵᠠᠷᠤᠳᠠᠯ᠎ᠢ ᠥᠷᠢᠲᠦᠵᠦ ᠭᠡᠭᠡᠭᠳᠡᠭᠦᠯᠬᠦ ᠵᠡᠷᠭᠡ ᠠᠰᠠᠭᠤᠳᠠᠯ ᠲᠠᠰᠤᠷᠠᠯᠲᠠ ᠦᠭᠡᠢ ᠡᠬᠦᠰᠴᠦ ᠪᠠᠢᠵᠠᠢ᠃ ᠢᠯᠠᠩᠭᠤᠶ᠎ᠠ ᠶᠡᠬᠡ ᠬᠡᠮᠵᠢᠶᠡᠨ᠎ᠦ ᠬᠠᠮᠲᠤ᠎ᠶᠢᠨ ᠡᠳ᠋ ᠬᠥᠷᠥᠩᠭᠡ᠂ ᠡᠬᠢ ᠪᠠᠶᠠᠯᠢᠭ᠋ ᠣᠷᠳᠣ᠌ ᠬᠤᠭᠤᠴᠠᠭ᠎ᠠ᠎ᠪᠠᠷ 《ᠰᠤᠯᠠ ᠳᠠᠯᠪᠢᠬᠳᠠᠵᠤ》᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠬᠦᠨᠳᠦ ᠨᠣᠴᠢᠲᠠᠢ ᠨᠥᠯᠥᠭᠡᠯᠡᠵᠦ ᠪᠠᠢᠪᠠ᠃

ᠡᠲᠡᠭᠡᠷ ᠠᠰᠠᠭᠤᠳᠠᠯ᠎ᠳᠤ ᠴᠢᠭᠯᠡᠭᠦᠯᠦᠨ᠂ ᠳ᠋ᠦᠩ ᠾᠧ ᠲᠣᠭᠣᠷᠢᠭ᠋ ᠨᠢ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠠᠪᠴᠦ᠂ ᠬᠥᠳᠡᠭᠡ ᠲᠣᠰᠬᠣᠨ᠎ᠤ ᠬᠠᠮᠲᠤ᠎ᠶᠢᠨ 《ᠪᠡᠯᠡ ᠮᠥᠩᠭᠥ ᠡᠳ᠋ ᠬᠥᠷᠥᠩᠭᠡ ᠡᠬᠢ ᠪᠠᠶᠠᠯᠢᠭ᠋》 ᠤ᠋ᠨ ᠲᠤᠰᠬᠠᠢ ᠴᠡᠭᠴᠡᠯᠡᠨ ᠵᠠᠰᠠᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶᠢ ᠪᠡᠬᠢᠵᠢᠭᠦᠯᠬᠦ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭᠳᠡᠭᠦᠯᠬᠦ᠎ᠶᠢᠨ ᠭᠣᠣᠯ ᠭᠠᠷᠳᠠᠴᠠ ᠪᠣᠯᠭᠠᠵᠤ᠂ ᠪᠦᠳᠦᠭᠦᠯᠢᠭ ᠮᠠᠶᠢᠭ᠋᠎ᠤᠨ᠂ ᠲᠤᠷᠰᠢᠯᠭ᠎ᠠ᠎ᠶᠢᠨ ᠮᠠᠶᠢᠭ᠋᠎ᠤᠨ ᠤᠯᠠᠮᠵᠢᠯᠠᠯᠲᠤ ᠬᠠᠮᠢᠶᠠᠷᠤᠯᠲᠠ᠎ᠶᠢᠨ ᠵᠠᠭᠪᠤᠷ᠎ᠢ ᠲᠤᠢᠯᠪᠤᠷᠢᠲᠠᠢ ᠲᠠᠶᠠᠭᠳᠠᠵᠤ᠂ 《ᠨᠢᠭᠡᠳᠦᠭᠡᠷ ᠹᠷᠣᠨᠲ᠎ᠲᠤ ᠭᠦᠨᠵᠡᠭᠡᠢᠷᠡᠬᠦ᠂ ᠪᠣᠳᠠᠲᠠᠢ ᠭᠠᠵᠠᠷ ᠲᠤᠨᠢ ᠵᠢᠭ᠍ᠰᠠᠭᠠᠨ ᠪᠠᠢᠴᠠᠭᠠᠬᠤ᠂ ᠣᠨᠣᠪᠴᠢᠲᠠᠶ ᠴᠡᠭᠴᠡᠯᠡᠨ ᠵᠠᠰᠠᠬᠤ᠂ ᠡᠬᠢ ᠪᠠᠶᠠᠯᠢᠭ᠋᠎ᠢ ᠠᠮᠢᠳᠤᠯᠢᠭᠵᠢᠭᠤᠯᠬᠤ᠂ ᠪᠠᠢᠩᠭᠤ᠎ᠵᠢᠨ ᠬᠢᠨᠠᠯᠲᠠ ᠬᠠᠮᠢᠶᠠᠷᠤᠯᠲᠠ ᠬᠢᠬᠦ》 ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠡᠷ 《ᠪᠡᠯᠡ ᠮᠥᠩᠭᠥ ᠡᠳ᠋ ᠬᠥᠷᠥᠩᠭᠡ ᠡᠬᠢ ᠪᠠᠶᠠᠯᠢᠭ᠋》᠎ᠤ᠋ᠨ ᠬᠠᠮᠢᠶᠠᠷᠤᠯᠲᠠ ᠳᠤᠮᠳᠠᠬᠢ ᠡᠯ᠎ᠡ ᠲᠥᠷᠥᠯ᠎ᠦᠨ ᠠᠷᠬᠠᠭ ᠬᠡᠮ᠎ᠢ ᠬᠠᠨᠳᠤᠯᠭᠠᠲᠤ ᠴᠢᠨᠠᠷᠲᠠᠢ᠎ᠪᠠᠷ ᠴᠡᠭᠴᠡᠯᠡᠨ ᠵᠠᠰᠠᠵᠤ᠂ ᠬᠥᠳᠡᠭᠡ ᠲᠣᠰᠬᠣᠨ᠎ᠤ ᠬᠠᠮᠲᠤ ᠨᠡᠶ᠋ᠢᠲᠡ᠎ᠶᠢᠨ ᠦᠪ ᠬᠦᠷᠦᠩᠬᠡ᠎ᠵᠢ 《ᠴᠢᠩᠭ᠎ᠠ ᠬᠠᠮᠢᠶᠠᠷᠬᠤ᠂ ᠠᠮᠢᠳᠤᠯᠢᠭ᠋ ᠬᠡᠷᠡᠭᠯᠡᠬᠦ᠂ ᠢᠯᠡ ᠪᠣᠯᠭᠠᠬᠤ》 ᠵᠢ ᠪᠥᠬᠥ ᠬᠦᠴᠦᠨ᠎ᠢᠶᠡᠷ ᠠᠬᠢᠭᠤᠯᠵᠦ᠂ ᠬᠦᠳᠡᠭᠡ ᠲᠤᠰᠬᠤᠨ᠎ᠤ ᠵᠠᠰᠠᠯᠲᠠ᠎ᠵᠢ ᠨᠡᠩ ᠨᠠᠷᠢᠯᠢᠬᠵᠢᠭᠤᠯᠵᠦ᠂ ᠤᠯᠠᠨ ᠲᠦᠮᠡᠨ᠎ᠤ ᠬᠢᠨᠠᠯᠲᠠ᠎ᠵᠢ ᠨᠡᠩ ᠬᠦᠴᠦᠲᠠᠢ ᠪᠤᠯᠭᠠᠪᠠ᠃

ᠣᠢᠷ᠎ᠠ᠎ᠶᠢᠨ ᠡᠳᠦᠷ ᠡᠴᠡ ᠨᠠᠭᠠᠰᠢ᠂ ᠳ᠋ᠦᠩ ᠾᠧ ᠲᠣᠭᠣᠷᠢᠭ᠋᠎ᠤᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠂ ᠲᠠᠷᠢᠶᠠᠯᠠᠩ ᠮᠠᠯ ᠠᠵᠤ ᠠᠬᠤᠢ᠂ ᠡᠳ᠋᠎ᠦᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ᠎ᠦᠨ ᠠᠵᠢᠯᠲᠠᠳ ᠲᠤᠰᠬᠠᠢ ᠠᠵᠢᠯ᠎ᠤᠨ ᠳᠤᠭᠤᠢᠯᠠᠩ ᠪᠠᠢᠭᠤᠯᠵᠤ᠂ ᠪᠥᠬᠥ ᠠᠵᠢᠯᠲᠠᠳ ᠦᠨᠳᠦᠰᠦᠨ ᠱᠠᠲᠤᠨ᠎ᠳᠤ ᠭᠦᠨᠵᠡᠭᠡᠢᠷᠡᠨ᠂ ᠡᠬᠡ ᠲᠠᠩᠰᠠ᠎ᠶᠢ ᠪᠠᠢᠴᠠᠭᠠᠵᠤ᠂ ᠭᠡᠷ᠎ᠡ᠎ᠶᠢ ᠬᠠᠷᠭᠤᠭᠤᠯᠤᠨ᠂ ᠪᠣᠳᠠᠲᠠᠢ ᠪᠠᠢᠳᠠᠯ᠎ᠢ ᠦᠵᠡᠵᠦ᠂ ᠲᠣᠰᠬᠣᠨ᠎ᠤ ᠬᠠᠮᠲᠤ᠎ᠶᠢᠨ ᠡᠳ᠋ ᠬᠥᠷᠥᠩᠭᠡ᠎ᠶᠢᠨ ᠨᠠᠷᠢᠨ ᠪᠠᠢᠳᠠᠯ᠎ᠢ ᠲᠣᠰᠬᠣᠨ ᠳᠠᠷᠠᠭᠠᠯᠠᠨ ᠡᠮᠬᠢᠯᠡᠵᠦ᠂ ᠥᠩᠭᠡᠷᠡᠭᠰᠡᠨ ᠵᠢᠯ᠎ᠦᠳ᠎ᠦᠨ ᠬᠠᠭᠤᠴᠢᠨ ᠭᠡᠷ᠎ᠡ᠎ᠶᠢ ᠵᠤᠷᠪᠤᠰ ᠳᠠᠷᠠᠭᠠᠯᠠᠨ ᠬᠠᠷᠭᠤᠭᠤᠯᠤᠨ ᠪᠠᠢᠴᠠᠭᠠᠵᠤ᠂ ᠭᠠᠵᠠᠷ ᠰᠢᠷᠣᠢ᠂ ᠦᠢᠯᠡᠳᠪᠦᠷᠢ᠎ᠶᠢᠨ ᠭᠡᠷ ᠪᠠᠢᠰᠢᠩ ᠵᠡᠷᠭᠡ ᠡᠬᠢ ᠪᠠᠶᠠᠯᠢᠭ᠋᠎ᠢ ᠵᠦᠢᠯ ᠳᠠᠷᠠᠭᠠᠯᠠᠨ ᠪᠦᠷᠢᠳᠬᠡᠵᠦ᠂ ᠨᠢᠭᠡ ᠲᠣᠰᠬᠣᠨ᠎ᠢ ᠴᠤ᠌ ᠣᠷᠬᠢᠭ᠍ᠳᠠᠭᠤᠯᠬᠤ ᠦᠭᠡᠢ᠂ ᠨᠢᠭᠡ ᠵᠦᠢᠯ᠎ᠢ ᠴᠦ᠍ ᠣᠷᠬᠢᠭ᠍ᠳᠠᠭᠤᠯᠬᠤ ᠦᠭᠡᠢ᠂ ᠨᠢᠭᠡ ᠭᠠᠵᠠᠷ᠎ᠢ ᠴᠤ᠌ ᠣᠷᠬᠢᠭ᠍ᠳᠠᠭᠤᠯᠬᠤ ᠦᠭᠡᠢ ᠪᠠᠢᠬᠤ᠎ᠶᠢ ᠪᠡᠶᠡᠯᠡᠭᠦᠯᠪᠡ᠃

ᠳ᠋ᠦᠩ ᠾᠧ ᠲᠣᠭᠣᠷᠢᠭ᠋᠎ᠤᠨ ᠲᠠᠷᠢᠶᠠᠯᠠᠩ ᠮᠠᠯ ᠠᠵᠤ ᠠᠬᠤᠢ᠎ᠶᠢᠨ ᠲᠣᠪᠴᠢᠶ᠎ᠠ᠎ᠶᠢᠨ ᠠᠵᠤ ᠠᠬᠤᠢ᠎ᠶᠢᠨ ᠦᠢᠯᠡᠴᠢᠯᠡᠭᠡᠨ᠎ᠦ ᠲᠠᠰᠤᠭ᠎ᠤᠨ ᠬᠠᠷᠢᠭᠤᠴᠠᠯᠭᠠᠲᠠᠨ ᠵᠠᠩ ᡁᠢ ᠬᠣᠶ᠎ᠶᠢᠨ ᠲᠠᠨᠢᠯᠴᠠᠭᠤᠯᠤᠭᠰᠠᠨ᠎ᠢᠶᠠᠷ᠂ ᠲᠣᠰ ᠲᠣᠭᠣᠷᠢᠭ 《ᠭᠡᠷ᠎ᠡ᠎ᠶᠢᠨ ᠡᠬᠡ ᠲᠠᠩᠰᠠ + ᠠᠰᠠᠭᠤᠳᠠᠯ᠎ᠤᠨ ᠨᠠᠷᠢᠨ ᠲᠠᠩᠰᠠ》 ᠵᠢᠨ ᠪᠠᠢᠳᠠᠯ᠎ᠢ ᠣᠢᠯᠠᠭᠠᠬᠤ ᠲᠣᠭ᠎ᠠ᠂ 《ᠡᠭᠦᠷᠭᠡ᠎ᠶᠢ ᠱᠠᠯᠠᠪᠳᠠᠭᠤᠯᠤᠨ ᠭᠦᠢᠴᠡᠳᠬᠡᠬᠦ + ᠠᠵᠢᠯ᠎ᠤᠨ ᠰᠠᠨᠠᠭᠤᠯᠤᠮᠵᠢ》 ᠵᠢᠨ ᠴᠡᠭᠴᠡᠯᠡᠨ ᠵᠠᠰᠠᠬᠤ᠎ᠶᠢ ᠠᠳᠬᠤᠬᠤ᠂ 《ᠳᠦᠷᠢᠮ᠎ᠦᠨ ᠵᠢᠷᠤᠮᠵᠢᠯ + ᠮᠡᠳᠡᠭᠡ ᠵᠠᠩᠭᠢᠵᠢᠯᠲᠠ᠎ᠶᠢᠨ ᠬᠢᠨᠠᠯᠲᠠ》 ᠵᠢᠨ ᠲᠣᠭᠲᠠᠮᠠᠯ ᠣᠷᠳᠣ᠌ ᠬᠤᠭᠤᠴᠠᠭᠠᠨ᠎ᠤ ᠪᠦᠲᠦᠮᠵᠢᠲᠡᠶ ᠪᠢᠲᠡᠭᠦᠮᠵᠢᠯᠡᠭᠰᠡᠨ ᠴᠡᠭᠴᠡᠯᠡᠨ ᠵᠠᠰᠠᠬᠤ ᠲᠣᠭᠲᠠᠴᠠ᠎ᠶᠢ ᠰᠢᠨ᠎ᠡ᠎ᠵᠢ ᠡᠭᠦᠳᠦᠨ ᠪᠠᠢᠭᠤᠯᠵᠤ᠂ ᠲᠠᠩᠰᠠ ᠬᠠᠷ᠎ᠠ᠎ᠶᠢᠨ ᠲᠣᠭᠠᠴᠠᠭ᠎ᠠ ᠨᠢ ᠵᠢᠷᠤᠮᠵᠢᠯ ᠦᠭᠡᠢ ᠪᠠᠢᠬᠤ᠂ ᠬᠠᠮᠲᠤ᠎ᠶᠢᠨ ᠡᠳ᠋ ᠬᠥᠷᠥᠩᠭᠡ᠎ᠶᠢ ᠰᠤᠯᠠ ᠲᠠᠯᠪᠢᠬᠤ᠂ ᠳᠠᠭᠠᠭᠠᠴᠢᠯᠠᠯᠲᠠ᠎ᠶᠢᠨ ᠵᠠᠷᠤᠳᠠᠯ᠎ᠢ ᠥᠷᠢᠲᠦᠬᠦ ᠵᠡᠷᠭᠡ ᠡᠯ᠎ᠡ ᠲᠥᠷᠥᠯ᠎ᠦᠨ ᠠᠰᠠᠭᠤᠳᠠᠯ᠎ᠢ ᠣᠨᠣᠪᠴᠢᠲᠠᠶ ᠲᠣᠭᠲᠠᠭᠠᠵᠤ᠂ ᠲᠤᠰᠬᠠᠢ ᠴᠡᠭᠴᠡᠯᠡᠨ ᠵᠠᠰᠠᠬᠤ ᠡᠬᠡ ᠲᠠᠩᠰᠠ ᠪᠠᠢᠭᠤᠯᠵᠤ ᠂ ᠨᠠᠷᠢᠨ ᠲᠠᠩᠰᠠ᠎ᠶᠢᠨ ᠬᠠᠮᠢᠶᠠᠷᠤᠯᠲᠠ᠎ᠶᠢ ᠬᠡᠷᠡᠭᠵᠢᠭᠦᠯᠵᠦ᠂ ᠣᠳᠣᠬᠠᠨ᠎ᠳᠤ ᠨᠡᠶ᠋ᠢᠲᠡ ᠵᠠᠭᠤ ᠭᠠᠷᠤᠢ ᠵᠦᠢᠯ᠎ᠦᠨ 《ᠪᠡᠯᠡ ᠮᠦᠩᠬᠦ ᠡᠳ᠋ ᠬᠦᠷᠦᠩᠭᠡ ᠡᠬᠢ ᠪᠠᠶᠠᠯᠢᠭ》 ᠤ᠋ᠨ ᠬᠦᠷᠢᠶ᠎ᠡ ᠴᠠᠷᠠᠭᠠᠨ ᠳ᠋ᠡᠬᠢ ᠠᠰᠠᠭᠤᠳᠠᠯ᠎ᠢ ᠰᠢᠭᠰᠢᠨ ᠪᠠᠢᠴᠠᠭᠠᠵᠦ ᠴᠡᠭᠴᠡᠯᠡᠨ ᠵᠠᠰᠠᠵᠦ᠂ ᠦᠨᠳᠦᠰᠦᠨ ᠱᠠᠲᠦᠨ᠎ᠤ ᠵᠠᠰᠠᠯᠲᠠ᠎ᠵᠢᠨ ᠪᠠᠯᠠᠢ ᠤᠷᠤᠨ᠎ᠢ ᠪᠦᠬᠦ ᠲᠠᠯ᠎ᠠ ᠪᠡᠷ ᠠᠷᠢᠯᠭᠠᠪᠠ᠃

ᠤᠯᠠᠨ ᠲᠦᠮᠡᠨ᠎ᠦ ᠲᠤᠰᠬᠠᠯ᠎ᠢᠶᠠᠷ ᠬᠠᠮᠤᠭ᠎ᠤᠨ ᠴᠢᠩᠭ᠎ᠠ ᠪᠠᠢᠭ᠎ᠠ ᠳᠠᠭᠠᠭᠠᠴᠢᠯᠠᠯᠲᠠ᠎ᠶᠢᠨ ᠰᠦᠢᠳᠬᠡᠯ᠎ᠢ ᠥᠷᠢᠲᠦᠵᠦ ᠪᠠᠢᠭ᠎ᠠ᠂ ᠬᠠᠮᠲᠤ᠎ᠶᠢᠨ ᠭᠠᠵᠠᠷ ᠰᠢᠷᠣᠢ᠎ᠶᠢ ᠲᠣᠭᠲᠠᠭᠠᠯ᠎ᠠᠴᠠ ᠵᠥᠷᠢᠴᠡᠨ ᠡᠵᠡᠯᠡᠭᠰᠡᠨ ᠵᠡᠷᠭᠡ ᠠᠰᠠᠭᠤᠳᠠᠯ᠎ᠳᠤ ᠴᠢᠭᠯᠡᠭᠦᠯᠦᠨ᠂ ᠲᠤᠰᠬᠠᠢ ᠠᠵᠢᠯ᠎ᠤᠨ ᠳᠤᠭᠤᠢᠯᠠᠩ᠎ᠤᠨ ᠬᠢᠨ ᠲᠣᠰᠬᠣᠨ ᠳᠠᠷᠠᠭᠠᠯᠠᠨ ᠶᠠᠪᠤᠵᠦ ᠰᠤᠷᠪᠤᠯᠵᠢᠯᠠᠵᠤ᠂ ᠡᠷᠦᠬᠡ ᠳᠠᠷᠠᠭᠠᠯᠠᠨ ᠨᠡᠪᠲᠡᠷᠡᠯᠴᠡᠨ᠂ ᠡᠶᠡᠳᠡᠭᠦᠯᠭᠡ ᠬᠢᠬᠦ᠂ ᠬᠣᠣᠰ ᠴᠢᠭᠯᠡᠯ᠎ᠢᠶᠡᠷ ᠵᠥᠪᠳᠡᠯᠴᠡᠬᠦ᠂ ᠲᠤᠰᠬᠠᠢ ᠬᠥᠨᠳᠡᠯᠡᠨ᠎ᠡᠴᠡ ᠲᠠᠰᠤᠯᠬᠤ᠂ ᠬᠠᠤᠯᠢ ᠴᠠᠭᠠᠵᠠ᠎ᠶᠢᠨ ᠵᠠᠷᠭᠤ ᠬᠢᠬᠦ ᠵᠡᠷᠭᠡ ᠣᠯᠠᠨ ᠡᠰᠢᠵᠢᠭᠰᠡᠨ ᠠᠷᠭ᠎ᠠ ᠮᠠᠶᠢᠭ᠋᠎ᠢᠶᠠᠷ ᠳᠠᠮᠵᠢᠨ᠂ ᠣᠯᠠᠨ ᠵᠢᠯ᠎ᠦᠨ ᠲᠤᠷᠰᠢ ᠰᠢᠢᠳᠪᠦᠷᠢᠯᠡᠭᠳᠡᠭᠡᠳᠦᠢ ᠪᠠᠢᠭᠰᠠᠨ ᠵᠠᠰᠠᠬᠤ᠎ᠳᠤ ᠪᠡᠷᠬᠡ ᠰᠡᠳᠦᠪ᠎ᠢ ᠨᠢᠭᠡᠳ ᠨᠢᠭᠡ᠎ᠪᠡᠷ ᠰᠢᠢᠳᠪᠦᠷᠢᠯᠡᠵᠦ᠂ ᠠᠯᠳᠠᠭᠳᠠᠵᠤ ᠭᠡᠭᠡᠭᠳᠡᠭᠰᠡᠨ ᠬᠠᠮᠲᠤ᠎ᠶᠢᠨ ᠡᠳ᠋ ᠬᠥᠷᠥᠩᠭᠡ᠎ᠶᠢ ᠪᠥᠬᠥ ᠬᠦᠴᠦᠨ᠎ᠢᠶᠡᠷ᠎ᠢᠶᠡᠨ ᠨᠡᠬᠡᠮᠵᠢᠯᠡᠨ ᠠᠪᠴᠢᠷᠠᠪᠠ᠃

《ᠮᠠᠰᠢ ᠣᠯᠠᠨ ᠥᠷᠢᠲᠦᠯ᠎ᠤᠨ ᠠᠰᠠᠭᠤᠳᠠᠯ ᠨᠢ ᠣᠷᠳᠣ᠌ ᠬᠤᠭᠤᠴᠠᠭ᠎ᠠ ᠪᠡᠷ ᠣᠷᠣᠰᠢᠵᠤ᠂ ᠪᠠᠢᠳᠠᠯ ᠪᠤᠳᠤᠯᠢᠶᠠᠨᠲᠠᠢ᠂ ᠵᠣᠬᠢᠴᠠᠭᠤᠯᠬᠤ᠎ᠳᠤ ᠬᠦᠴᠢᠷ ᠪᠠᠢᠳᠠᠭ᠂ ᠪᠢᠳᠡ ᠤᠯᠠᠨ ᠲᠦᠮᠡᠨ᠎ᠤ ᠭᠡᠷ ᠲᠦ᠍ ᠤᠯᠠᠨᠲᠠ ᠬᠦᠷᠴᠦ ᠰᠠᠨᠠᠯ᠎ᠢᠶᠠᠨ ᠰᠣᠯᠢᠯᠴᠠᠵᠤ᠂ ᠭᠡᠷᠡᠴᠢ ᠪᠠᠷᠢᠮᠲᠠ᠎ᠶᠢ ᠨᠢᠭᠡᠳ ᠨᠢᠭᠡ᠎ᠪᠡᠷ ᠡᠮᠬᠢᠯᠡᠵᠦ ᠪᠠᠢᠭ᠎ᠠ ᠨᠢ ᠳᠠᠷᠤᠢ ᠠᠷᠠᠳ ᠣᠯᠠᠨ᠎ᠤ 〈ᠥᠪ ᠬᠥᠷᠥᠩᠭᠡ〉 ᠵᠢ ᠨᠢᠭᠡ ᠵᠢ᠎ᠴᠦ ᠠᠯᠳᠠᠬᠳᠠᠯ ᠦᠬᠡᠢ ᠨᠡᠬᠡᠮᠵᠢᠯᠡᠨ ᠠᠪᠴᠢᠷᠠᠬᠤ᠎ᠶᠢᠨ ᠲᠥᠯᠥᠭᠡ ᠶᠤᠮ》 ᠭᠡᠵᠦ ᠴᠡᠭᠴᠡᠯᠡᠨ ᠵᠠᠰᠠᠬᠤ ᠠᠵᠢᠯ᠎ᠳᠤ᠎ᠣᠷᠣᠯᠴᠠᠭᠰᠠᠨ ᠨᠢᠭᠡᠨ ᠠᠵᠢᠯᠲᠠᠨ ᠬᠡᠯᠡᠨ᠎ᠠ᠃

ᠣᠳᠣᠬᠠᠨ ᠪᠣᠯᠲᠠᠯ᠎ᠠ᠂ ᠳ᠋ᠦᠩ ᠾᠧ ᠲᠣᠭᠣᠷᠢᠭ᠋ ᠨᠢᠭᠡᠨᠲᠡ ᠡᠯ᠎ᠡ ᠲᠥᠷᠥᠯ᠎ᠦᠨ ᠬᠠᠮᠲᠤ᠎ᠶᠢᠨ ᠪᠡᠯᠡ ᠮᠥᠩᠭᠥ᠂ ᠲᠦᠷᠢᠶᠡᠰᠦᠯᠡᠭᠰᠡᠨ ᠳᠠᠭᠠᠭᠠᠴᠢᠯᠠᠯᠲᠠ᠎ᠶᠢᠨ ᠰᠦᠢᠳᠬᠡᠯ᠎ᠢ ᠨᠡᠶ᠋ᠢᠲᠡ 77.86 ᠲᠦᠮᠡᠨ ᠲᠥᠭᠥᠷᠢᠭ ᠬᠣᠷᠢᠶᠠᠨ ᠠᠪᠴᠤ᠂ ᠣᠯᠠᠨ ᠵᠢᠯ ᠠᠯᠳᠠᠭᠳᠠᠵᠤ᠂ ᠥᠷᠢᠲᠦᠭᠰᠡᠨ ᠬᠠᠮᠲᠤ᠎ᠶᠢᠨ ᠪᠡᠯᠡ ᠮᠥᠩᠭᠥ᠎ᠶᠢ ᠪᠦᠬᠦᠨ᠎ᠢ ᠡᠭᠡᠭᠦᠯᠦᠨ ᠬᠤᠷᠢᠶᠠᠵᠤ᠂ ᠥᠩᠭᠡᠷᠡᠭᠡᠭᠰᠡᠨ᠎ᠳᠦ ᠰᠤᠯᠠ ᠲᠠᠯᠪᠢᠬᠳᠠᠵᠤ ᠪᠠᠢᠭᠰᠠᠨ ᠪᠥᠭᠡᠳ ᠬᠠᠮᠢᠶᠠᠷᠴᠤ ᠬᠠᠮᠠᠭᠠᠯᠠᠬᠤ ᠬᠥᠮᠥᠨ ᠦᠭᠡᠢ ᠬᠠᠮᠲᠤ᠎ᠶᠢᠨ ᠡᠳ᠋ ᠬᠥᠷᠥᠩᠭᠡ᠎ᠶᠢ ᠲᠤᠢᠯᠪᠤᠷᠢᠲᠠᠢ 《ᠠᠮᠢᠳᠤᠯᠢᠭ᠋》 ᠪᠣᠯᠭᠠᠪᠠ᠃

ᠡᠯ᠎ᠡ ᠲᠣᠰᠬᠣᠨ᠎ᠤ ᠲᠣᠰᠬᠣᠨ᠎ᠤ ᠶᠠᠪᠤᠳᠠᠯ᠎ᠢ ᠢᠯᠡ ᠪᠣᠯᠭᠠᠬᠤ ᠠᠬᠤᠢ ᠲᠠᠯᠠᠪᠠᠶ᠎ᠳᠤ᠂ ᠰᠤᠷᠪᠤᠯᠵᠢᠯᠠᠭ᠍ᠴᠢ᠎ᠶᠢᠨ ᠣᠢᠯᠠᠭᠠᠭᠰᠠᠨ᠎ᠢᠶᠠᠷ᠂ ᠣᠳᠣᠬᠠᠨ᠎ᠳᠤ ᠪᠣᠶ ᠪᠦᠬᠦᠢ ᠲᠣᠰᠬᠣᠨ᠎ᠤ ᠬᠠᠮᠲᠤ᠎ᠶᠢᠨ ᠡᠳ᠋ ᠬᠥᠷᠥᠩᠭᠡ᠂ ᠡᠬᠢ ᠪᠠᠶᠠᠯᠢᠭ᠋᠂ ᠲᠠᠩᠰᠠ ᠬᠠᠷ᠎ᠠ᠂ ᠭᠡᠷ᠎ᠡ ᠵᠡᠷᠭᠡ ᠮᠡᠳᠡᠭᠡ ᠵᠠᠩᠭᠢ᠎ᠶᠢ ᠴᠥᠮ ᠪᠥᠬᠥ ᠤᠯᠤᠰ᠎ᠤᠨ ᠬᠥᠳᠡᠭᠡ ᠲᠣᠰᠬᠣᠨ᠎ᠤ ᠬᠠᠮᠲᠤ᠎ᠶᠢᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠲᠠᠪᠴᠠᠩ᠎ᠳᠤ ᠨᠢᠭᠡᠳᠦᠯᠲᠡᠢ ᠣᠷᠣᠭᠤᠯᠵᠤ᠂ 《ᠴᠠᠭᠠᠰᠤᠨ ᠳᠡᠭᠡᠷ᠎ᠡ ᠲᠠᠩᠰᠠ ᠲᠡᠮᠳᠡᠭᠯᠡᠬᠦ》 ᠡᠴᠠ 《ᠡᠭᠦᠯᠡᠨ ᠦᠵᠦᠭᠦᠷᠯᠢᠭ᠎ᠦᠨ ᠣᠶᠤᠨᠲᠤ ᠬᠢᠨᠠᠯᠲᠠ ᠬᠠᠮᠢᠶᠠᠷᠤᠯᠲᠠ》 ᠲᠡᠢᠰᠢ ᠲᠠᠪᠠᠯᠳᠠᠳᠤ ᠮᠠᠶᠢᠭ᠋᠎ᠢᠶᠠᠷ ᠲᠠᠰ ᠳᠡᠪᠰᠢᠬᠦ᠎ᠶᠢ ᠠᠮᠵᠢᠯᠲᠠ᠎ᠲᠠᠢ ᠪᠡᠶᠡᠯᠡᠭᠦᠯᠵᠠᠢ᠃ ᠡᠭᠦᠨ᠎ᠦ ᠬᠠᠮᠲᠤ᠂ ᠳ᠋ᠦᠩ ᠾᠧ ᠲᠣᠭᠣᠷᠢᠭ᠋ ᠨᠢ 《ᠤᠯᠠᠷᠢᠯ ᠶ᠋ᠢᠡᠷ ᠰᠦᠯᠵᠢᠶᠡᠨ ᠳᠡᠭᠡᠷ᠎ᠡ ᠵᠠᠷᠯᠠᠬᠤ + ᠣᠨ ᠶ᠋ᠢᠡᠷ ᠪᠤᠲᠠᠲᠤ ᠴᠤᠭᠴᠠ ᠳ᠋ᠤ ᠢᠯᠡ ᠪᠣᠯᠭᠠᠬᠤ》 ᠬᠣᠣᠰ ᠢᠯᠡ ᠪᠣᠯᠭᠠᠬᠤ ᠵᠠᠭᠪᠤᠷ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠲᠣᠰᠬᠣᠨ᠎ᠤ ᠬᠠᠮᠲᠤ᠎ᠶᠢᠨ ᠣᠷᠣᠯᠭ᠎ᠠ ᠵᠠᠷᠤᠯᠭ᠎ᠠ ᠨᠢᠭᠡ ᠪᠦᠷᠢ᠂ ᠡᠳ᠋ ᠬᠥᠷᠥᠩᠭᠡ ᠨᠢᠭᠡᠪᠦᠷᠢ ᠨᠢ ᠬᠤᠪᠢᠷᠠᠵᠤ᠂ ᠬᠠᠮᠲᠤᠷᠠᠯᠴᠠᠭᠠᠨ᠎ᠤ ᠭᠡᠷ᠎ᠡ ᠨᠢᠭᠡ ᠪᠦᠷᠢ ᠵᠢ ᠴᠥᠮ ᠬᠡᠷᠡᠮ ᠳᠡᠭᠡᠷ᠎ᠡ ᠨᠠᠭᠠᠵᠦ ᠰᠦᠯᠵᠢᠶᠡᠨ᠎ᠳᠦ ᠭᠠᠷᠭᠠᠵᠤ᠂ ᠪᠥᠬᠥ ᠶᠠᠪᠤᠴᠠ᠎ᠳᠤ ᠣᠷᠣᠮ ᠦᠯᠡᠳᠡᠭᠡᠨ᠂ ᠢᠯᠡ ᠲᠣᠳᠣ᠌ ᠪᠠᠢᠯᠭᠠᠵᠤ᠂ ᠬᠠᠮᠲᠤ᠎ᠶᠢᠨ ᠡᠳ᠋ ᠬᠥᠷᠥᠩᠭᠡ᠎ᠶᠢ ᠦᠨᠡᠨ ᠬᠦ᠌ ᠢᠯᠠ ᠪᠤᠯᠭᠠᠵᠤ᠂ ᠣᠯᠠᠨ ᠲᠦᠮᠡᠨ᠎ᠦ ᠰᠡᠳᠬᠢᠯ᠎ᠢ ᠰᠠᠷᠠᠭᠤᠯᠵᠢᠭᠤᠯᠪᠠ᠃

ᠡᠳ᠋ ᠬᠥᠷᠥᠩᠭᠡ ᠪᠠᠨ ᠰᠠᠢᠲᠤᠷ ᠬᠠᠮᠢᠶᠠᠷᠬᠤ ᠪᠣᠯ ᠰᠠᠭᠤᠷᠢ᠂ ᠡᠳ᠋ ᠬᠥᠷᠥᠩᠭᠡ ᠪᠠᠨ ᠠᠮᠢᠳᠤᠯᠢᠭ᠋ ᠬᠡᠷᠡᠭᠯᠡᠬᠦ ᠪᠣᠯ ᠰᠠᠶᠢ ᠵᠠᠩᠭᠢᠯᠠᠭ᠎ᠠ ᠶᠤᠮ᠃ ᠨᠢᠭᠡᠳᠦᠭᠡᠷ ᠹᠷᠣᠨᠲ᠎ᠲᠤ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ ᠶᠠᠪᠤᠴᠠ᠎ᠳᠤ᠂ ᠠᠵᠢᠯᠲᠠᠳ ᠬᠡᠰᠡᠭ ᠠᠢᠯ ᠲᠣᠰᠬᠣᠨ᠎ᠳᠤ ᠦᠢᠯᠡᠳᠪᠦᠷᠢ᠎ᠶᠢᠨ ᠭᠡᠷ ᠪᠠᠢᠰᠢᠩ ᠬᠣᠭᠣᠰᠤᠷᠠᠭᠰᠠᠨ᠂ ᠭᠠᠵᠠᠷ ᠰᠢᠷᠣᠢ ᠠᠲᠠᠷᠰᠢᠭ᠍ᠰᠠᠨ᠂ ᠡᠬᠢ ᠪᠠᠶᠠᠯᠢᠭ᠋᠎ᠢ ᠰᠤᠯᠠ ᠲᠠᠯᠪᠢᠵᠤ ᠪᠦᠷᠢᠯᠭᠡᠭᠰᠡᠨ ᠵᠡᠷᠭᠡ ᠠᠰᠠᠭᠤᠳᠠᠯ ᠣᠷᠣᠰᠢᠵᠤ ᠪᠠᠢᠬᠤ᠎ᠶᠢ ᠣᠯᠵᠤ ᠮᠡᠳᠡᠭᠡᠳ᠂ ᠡᠯ᠎ᠡ ᠲᠣᠰᠬᠣᠨ᠎ᠤ ᠲᠣᠰ ᠪᠡᠶ᠎ᠡ᠎ᠶᠢᠨ ᠣᠷᠣᠨ ᠪᠠᠢᠷᠢ᠂ ᠡᠬᠢ ᠪᠠᠶᠠᠯᠢᠭ᠋᠎ᠤᠨ ᠳᠠᠪᠠᠭᠤᠯᠢᠭ᠋᠎ᠲᠠᠭᠠᠨ ᠰᠠᠭᠤᠷᠢᠯᠠᠨ᠂ ᠲᠤᠬᠠᠢ᠎ᠶᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠤᠯᠠ ᠳᠠᠯᠪᠢᠬᠳᠠᠵᠦ ᠪᠠᠢᠭ᠎ᠠ ᠡᠳ᠋ ᠬᠥᠷᠥᠩᠭᠡ᠎ᠶᠢ ᠠᠮᠢᠳᠤᠯᠢᠭ᠋ ᠪᠣᠯᠭᠠᠵᠤ᠂ ᠬᠥᠳᠡᠭᠡ ᠲᠣᠰᠬᠣᠨ᠎ᠤ ᠡᠬᠢ ᠪᠠᠶᠠᠯᠢᠭ᠋᠎ᠢ ᠠᠮᠢᠳᠤᠯᠢᠬᠵᠢᠭᠤᠯᠪᠠ᠃

ᠱᠢ ᠳᠡ ᠬᠥ ᠲᠣᠰᠬᠣᠨ᠎ᠤ ᠨᠠᠮ᠎ᠤᠨ ᠡᠭᠦᠷ᠎ᠦᠨ ᠱᠦᠵᠢ ᠮᠢᠶᠣᠣ ᠰᠢᠨ ᠴᠢ ᠰᠤᠷᠪᠤᠯᠵᠢᠯᠠᠭ᠍ᠴᠢ᠎ᠳᠤ᠄ 《ᠪᠢᠳᠡ ᠣᠷᠣᠨ᠎ᠤ ᠳᠣᠲᠣᠷᠠᠬᠢ ᠲᠤᠰᠬᠠᠢ ᠴᠡᠭᠴᠡᠯᠡᠨ ᠵᠠᠰᠠᠬᠤ ᠠᠵᠢᠯ᠎ᠳᠤ ᠲᠦᠰᠢᠭᠯᠡᠨ᠂ ᠲᠣᠰᠬᠣᠨ᠎ᠤ ᠳᠣᠲᠣᠷᠠᠬᠢ ᠰᠤᠯᠠ ᠳᠠᠯᠪᠢᠬᠳᠠᠵᠦ ᠪᠠᠢᠭ᠎ᠠ ᠲᠠᠯᠠᠪᠤᠷ ᠭᠠᠵᠠᠷ᠂ ᠠᠲᠠᠷᠰᠢᠭᠰᠠᠨ ᠭᠠᠵᠠᠷ ᠰᠢᠷᠣᠢ᠎ᠶᠢ ᠪᠥᠬᠥ ᠲᠠᠯ᠎ᠠ᠎ᠪᠠᠷ ᠨᠡᠢᠳᠬᠡᠵᠤ᠂ ᠢᠯᠡ᠎ᠪᠡᠷ ᠲᠦᠷᠢᠶᠡᠰᠦᠯᠡᠬᠦ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠲᠥᠷᠥᠯ ᠵᠦᠢᠯ᠎ᠢ ᠨᠠᠷᠢᠯᠢᠭ᠋ ᠤᠨᠤᠴᠠᠲᠠᠢ ᠵᠣᠯᠭᠠᠭᠤᠯᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠨ᠂ ᠰᠤᠯᠠ ᠳᠠᠯᠪᠢᠬᠳᠠᠵᠦ ᠪᠠᠢᠭ᠎ᠠ ᠡᠬᠢ ᠪᠠᠶᠠᠯᠢᠭ᠋᠎ᠢ ᠣᠷᠣᠯᠭ᠎ᠠ᠎ᠪᠠᠨ ᠨᠡᠮᠡᠭᠳᠡᠭᠦᠯᠬᠦ ᠡᠳ᠋ ᠬᠥᠷᠥᠩᠭᠡ ᠪᠣᠯᠭᠠᠨ ᠬᠤᠪᠢᠷᠠᠭᠤᠯᠪᠠ》 ᠬᠡᠵᠠᠢ᠃

ᠪᠦᠷᠢᠳᠬᠡᠯ᠎ᠢ ᠦᠨᠳᠦᠰᠦᠯᠡᠪᠡᠯ᠂ ᠣᠳᠣᠬᠠᠨ ᠪᠣᠯᠲᠠᠯ᠎ᠠ᠂ ᠳ᠋ᠦᠩ ᠾᠧ ᠲᠣᠭᠣᠷᠢᠭ᠋ ᠬᠥᠳᠡᠭᠡ ᠲᠣᠰᠬᠣᠨ᠎ᠤ ᠰᠤᠯᠠ ᠳᠠᠯᠪᠢᠬᠳᠠᠵᠦ ᠪᠠᠢᠭ᠎ᠠ ᠡᠬᠢ ᠪᠠᠶᠠᠯᠢᠭ᠋᠎ᠢ ᠨᠠᠷᠢᠯᠢᠭ ᠤᠨᠤᠴᠠᠲᠠᠢ ᠪᠠᠷ ᠠᠮᠢᠯᠠᠭᠤᠯᠬᠤ ᠪᠠᠷ ᠳᠡᠮᠵᠢᠨ᠂ ᠡᠯ᠎ᠡ ᠲᠣᠰᠬᠣᠨ᠎ᠤ ᠬᠠᠮᠲᠤ᠎ᠶᠢᠨ ᠣᠷᠣᠯᠭ᠎ᠠ᠎ᠶᠢ ᠨᠡᠶ᠋ᠢᠲᠡ 251.16 ᠲᠦᠮᠡᠨ ᠲᠥᠭᠥᠷᠢᠭ ᠨᠡᠮᠡᠭᠳᠡᠭᠦᠯᠵᠦ᠂ ᠬᠥᠭᠵᠢᠯᠲᠡ᠎ᠶᠢᠨ ᠴᠡᠪᠡᠷ ᠠᠰᠢᠭ᠋᠎ᠢ ᠦᠨᠡᠨ ᠪᠣᠳᠠᠲᠠᠢ᠎ᠪᠠᠷ ᠲᠦᠭ ᠲᠦᠮᠡᠨ ᠠᠢᠯ ᠡᠷᠦᠬᠡ᠎ᠳᠦ ᠬᠦᠷᠲᠡᠭᠡᠵᠠᠢ᠃

ᠠᠰᠠᠭᠤᠳᠠᠯ ᠳᠠᠬᠢᠨ ᠡᠭᠦᠰᠬᠦ᠎ᠶᠢ ᠬᠣᠷᠢᠭ᠍ᠯᠠᠵᠤ᠂ 《ᠪᠡᠯᠡ ᠮᠥᠩᠭᠥ ᠡᠳ᠋ ᠬᠥᠷᠥᠩᠭᠡ ᠡᠬᠢ ᠪᠠᠶᠠᠯᠢᠭ᠋》 ᠤ᠋ᠨ ᠣᠷᠳᠣ᠌ ᠬᠤᠭᠤᠴᠠᠭᠠᠨ᠎ᠤ ᠪᠦᠲᠦᠮᠵᠢᠲᠡᠶ ᠵᠠᠰᠠᠯᠲᠠ᠎ᠶᠢᠨ ᠰᠠᠭᠤᠷᠢ᠎ᠶᠢ ᠪᠡᠬᠢᠵᠢᠭᠦᠯᠬᠦ᠎ᠶᠢᠨ ᠲᠥᠯᠥᠭᠡ᠂ ᠳ᠋ᠦᠩ ᠾᠧ ᠲᠣᠭᠣᠷᠢᠭ᠋ ᠨᠢ ᠴᠡᠭᠴᠡᠯᠡᠨ ᠵᠠᠰᠠᠬᠤ ᠪᠠ ᠵᠢᠷᠤᠮᠵᠢᠭᠤᠯᠬᠤ᠎ᠶᠢ ᠵᠡᠷᠭᠡ᠎ᠪᠡᠷ ᠶᠠᠪᠤᠭᠳᠠᠭᠤᠯᠬᠤ᠂ ᠴᠡᠭᠴᠡᠯᠡᠨ ᠵᠠᠰᠠᠬᠤ ᠪᠠ ᠶᠠᠰᠤ ᠴᠢᠨᠠᠷ᠎ᠢ ᠳᠡᠭᠡᠭᠰᠢᠯᠡᠭᠦᠯᠬᠦ᠎ᠶᠢ ᠵᠡᠷᠭᠡ᠎ᠪᠡᠷ ᠶᠠᠪᠤᠭᠳᠠᠭᠤᠯᠵᠤ᠂ ᠲᠣᠭᠣᠷᠢᠭ᠋᠂ ᠪᠠᠯᠭᠠᠰᠤ᠂ ᠲᠣᠰᠬᠣᠨ ᠭᠤᠷᠪᠠᠨ ᠱᠠᠲᠤᠨ᠎ᠤ ᠵᠢᠷᠤᠮᠵᠢᠭ᠍ᠰᠠᠨ 《ᠪᠡᠯᠡ ᠮᠥᠩᠭᠥ ᠡᠳ᠋ ᠬᠥᠷᠥᠩᠭᠡ ᠡᠬᠢ ᠪᠠᠶᠠᠯᠢᠭ᠋》 ᠤ᠋ᠨ ᠬᠠᠮᠢᠶᠠᠷᠤᠯᠲᠠ᠎ᠶᠢᠨ ᠰᠢᠰᠲᠧᠮ᠎ᠢ ᠪᠥᠬᠥ ᠲᠠᠯ᠎ᠠ᠎ᠪᠠᠷ ᠪᠠᠢᠭᠤᠯᠵᠤ᠂ ᠠᠷᠪᠠ ᠭᠠᠷᠤᠢ ᠵᠦᠢᠯ᠎ᠦᠨ ᠲᠤᠰᠬᠠᠢ ᠬᠠᠮᠢᠶᠠᠷᠤᠯᠲᠠ᠎ᠶᠢᠨ ᠠᠷᠭ᠎ᠠ᠎ᠶᠢ ᠨᠡᠢᠲᠡᠯᠡᠵᠦ᠂ ᠭᠡᠷ᠎ᠡ ᠲᠣᠭᠲᠠᠬᠤ᠂ ᠡᠳ᠋ ᠬᠥᠷᠥᠩᠭᠡ᠎ᠶᠢᠨ ᠲᠣᠭᠠᠴᠠᠭ᠎ᠠ ᠬᠢᠬᠦ᠂ ᠥᠷᠢ ᠥᠭᠴᠡᠭᠡ᠎ᠶᠢ ᠬᠠᠮᠢᠶᠠᠷᠤᠨ ᠡᠵᠡᠮᠳᠡᠬᠦ᠂ ᠡᠬᠢ ᠪᠠᠶᠠᠯᠢᠭ᠋᠎ᠢ ᠰᠢᠢᠳᠪᠦᠷᠢᠯᠡᠬᠦ ᠵᠡᠷᠭᠡ ᠵᠠᠩᠭᠢᠯᠠᠭ᠎ᠠ᠎ᠶᠢᠨ ᠭᠣᠭᠴᠣᠭ᠎ᠠ᠎ᠶᠢ ᠵᠢᠷᠤᠮᠵᠢᠭ᠍ᠰᠠᠨ ᠵᠠᠮ᠎ᠳᠤ ᠣᠷᠣᠭᠤᠯᠪᠠ᠃

ᠰᠤᠷᠪᠤᠯᠵᠢᠯᠠᠭ᠍ᠴᠢ ᠵᠢᠨ ᠡᠪᠤᠷ ᠲᠠᠮᠳᠡᠭᠯᠡᠯ᠄

ᠰᠤᠷᠪᠤᠯᠵᠢᠯᠠᠭ᠍ᠴᠢ ᠳ᠋ᠦᠩ ᠾᠧ ᠲᠣᠭᠣᠷᠢᠭ᠋᠎ᠤᠨ ᠣᠯᠠᠨ ᠲᠣᠰᠬᠣᠨ᠎ᠳᠤ ᠬᠦᠷᠴᠦ᠂ ᠬᠥᠳᠡᠭᠡ ᠲᠣᠰᠬᠣᠨ᠎ᠤ 《ᠪᠡᠯᠡ ᠮᠥᠩᠭᠥ ᠡᠳ᠋ ᠬᠥᠷᠥᠩᠭᠡ ᠡᠬᠢ ᠪᠠᠶᠠᠯᠢᠭ᠋》 ᠤ᠋ᠨ ᠴᠡᠭᠴᠡᠯᠡᠨ ᠵᠠᠰᠠᠯᠲᠠ᠎ᠠᠴᠠ ᠪᠣᠯᠤᠭᠰᠠᠨ ᠬᠤᠪᠢᠷᠠᠯᠲᠠ ᠮᠡᠳᠡᠭᠳᠡᠮ᠎ᠡ ᠢᠯᠡᠷᠡᠵᠦ ᠪᠠᠢᠨ᠎ᠠ᠃ ᠥᠩᠭᠡᠷᠡᠭᠰᠡᠨ᠎ᠦ ᠴᠠᠭᠠᠰᠤᠨ ᠡᠬᠡ ᠲᠠᠩᠰᠠ ᠨᠢ ᠭᠠᠷ ᠤᠲᠠᠰᠤᠨ ᠳᠡᠭᠡᠷᠡᠬᠢ ᠴᠠᠭ ᠢᠮᠠᠭᠲᠠ ᠪᠠᠢᠴᠠᠭᠠᠵᠤ ᠪᠣᠯᠬᠤ ᠢᠯᠡ ᠮᠡᠳᠡᠭᠡ ᠵᠠᠩᠭᠢ ᠪᠣᠯᠵᠤ᠂ ᠪᠠᠯᠠᠷᠬᠠᠢ ᠲᠠᠩᠰᠠ ᠨᠢ ᠲᠣᠳᠣᠷᠬᠠᠢ ᠲᠠᠩᠰᠠ ᠪᠣᠯᠵᠤ᠂ ᠤᠯᠵᠦ ᠬᠠᠷᠠᠬᠤ ᠨᠢ ᠢᠯᠡ ᠲᠠᠩᠰᠠ᠎ᠶᠢᠨ ᠲᠠᠰ ᠳᠡᠪᠰᠢᠯᠳᠠ᠂ ᠦᠨᠳᠦᠰᠦᠨ ᠱᠠᠲᠤᠨ᠎ᠤ ᠵᠠᠰᠠᠯᠲᠠ᠎ᠶᠢᠨ ᠣᠢᠯᠠᠭᠠᠭᠳᠠᠬᠤᠨ᠎ᠤ ᠬᠤᠪᠢᠷᠠᠯᠲᠠ ᠪᠤᠯᠤᠨ᠎ᠠ᠃

ᠳᠣᠷᠣᠭ᠍ᠰᠢ ᠪᠠᠭᠤᠨ ᠵᠢᠭ᠍ᠰᠠᠭᠠᠨ ᠪᠠᠢᠴᠠᠭᠠᠬᠤ᠎ᠠᠴᠠ ᠠᠯᠳᠠᠭᠳᠠᠵᠤ ᠭᠡᠭᠡᠭᠳᠡᠭᠰᠡᠨ ᠡᠳ᠋ ᠬᠥᠷᠥᠩᠭᠡ᠎ᠶᠢ ᠴᠡᠪᠡᠷᠯᠡᠨ ᠬᠤᠷᠢᠶᠠᠬᠤ ᠬᠦᠷᠲᠡᠯ᠎ᠡ᠂ ᠳᠠᠬᠢᠭᠠᠳ ᠰᠤᠯᠠ ᠳᠠᠯᠪᠢᠬᠳᠠᠵᠦ ᠪᠠᠢᠭ᠎ᠠ ᠡᠬᠢ ᠪᠠᠶᠠᠯᠢᠭ᠋᠎ᠢ ᠠᠮᠢᠳᠤᠯᠢᠭ᠋ ᠪᠣᠯᠭᠠᠬᠤ ᠬᠦᠷᠲᠡᠯ᠎ᠡ᠂ ᠵᠠᠰᠠᠯᠳᠠ ᠨᠢ ᠵᠦᠪᠬᠡᠨ ᠡᠬᠡ ᠲᠠᠩᠰᠠ᠎ᠶᠢ ᠥᠭᠡᠷᠡᠴᠢᠯᠡᠵᠦ᠂ ᠭᠡᠷ᠎ᠡ᠎ᠶᠢ ᠡᠮᠬᠢᠯᠡᠭᠰᠡᠨ ᠲᠡᠳᠦᠢ ᠪᠢᠰᠢ᠂ ᠨᠠᠩ ᠴᠤ᠌ ᠬᠠᠮᠲᠤ᠎ᠶᠢᠨ ᠡᠳ᠋ ᠬᠥᠷᠥᠩᠭᠡ᠎ᠶᠢ ᠪᠣᠳᠠᠲᠠᠢ ᠬᠠᠮᠢᠶᠠᠷᠴᠤ᠂ ᠣᠯᠠᠨ ᠲᠦᠮᠡᠨ᠎ᠦ ᠡᠷᠬᠡ ᠠᠰᠢᠭ᠋᠎ᠢ ᠪᠠᠲᠤ ᠬᠠᠮᠠᠭᠠᠯᠠᠪᠠ᠃

ᠬᠠᠮᠲᠤ᠎ᠶᠢᠨ ᠡᠳ᠋ ᠬᠥᠷᠥᠩᠭᠡ᠎ᠶᠢ ᠢᠯᠡ ᠪᠤᠯᠭᠠᠵᠦ᠂ ᠰᠤᠯᠠ ᠳᠠᠯᠪᠢᠬᠳᠠᠵᠦ ᠪᠠᠢᠭ᠎ᠠ ᠡᠬᠢ ᠪᠠᠶᠠᠯᠢᠭ᠋᠎ᠢ ᠦᠨᠡᠨ ᠪᠣᠳᠠᠲᠠᠢ ᠠᠰᠢᠭ᠋ ᠣᠯᠵᠠᠪᠤᠷᠢ ᠪᠣᠯᠭᠠᠨ ᠬᠤᠪᠢᠷᠠᠭᠤᠯᠤᠨ᠂ ᠵᠠᠮ᠎ᠢ ᠰᠡᠯᠪᠢᠨ ᠵᠠᠰᠠᠬᠤ ᠠᠵᠢᠯ᠎ᠢ ᠡᠮᠬᠢ ᠵᠢᠷᠤᠮ᠎ᠲᠠᠢ ᠠᠬᠢᠭᠤᠯᠵᠤ᠂ ᠲᠣᠰᠬᠣᠨ᠎ᠤ ᠠᠷᠠᠳ᠎ᠤᠨ ᠠᠰᠢᠭ᠋ ᠣᠷᠣᠯᠭ᠎ᠠ᠎ᠶᠢ ᠪᠣᠳᠠᠲᠠᠢᠵᠢᠭᠤᠯᠤᠨ ᠨᠠᠢᠳᠠᠪᠤᠷᠢᠵᠢᠭᠤᠯᠪᠠ᠃ ᠣᠯᠠᠨ ᠲᠦᠮᠡᠨ᠎ᠦ ᠬᠠᠮᠲᠤ᠎ᠶᠢᠨ ᠡᠳ᠋ ᠬᠥᠷᠥᠩᠭᠡ᠎ᠶᠢ ᠰᠠᠢᠲᠤᠷ ᠰᠠᠬᠢᠨ ᠬᠠᠮᠢᠶᠠᠷᠪᠠᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠲᠠᠰᠤᠷᠠᠯᠲᠠ ᠦᠭᠡᠢ ᠳᠣᠲᠣᠭᠠᠳᠤ ᠬᠥᠳᠡᠯᠭᠡᠬᠦ ᠬᠦᠴᠦᠨ ᠨᠡᠮᠡᠷᠢᠯᠡᠵᠦ ᠴᠢᠳᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面