ᠭᠣᠣᠯ ᠰᠡᠳᠦᠪᠲᠦ ᠮᠡᠳᠡᠭᠡᠯᠡᠯ > ᠵᠣᠬᠢᠶᠠᠯ᠎ᠤᠨ ᠰᠤᠷᠲᠠᠯ᠎ᠢᠶᠠᠨ ᠰᠠᠢᠵᠢᠷᠠᠭᠤᠯᠤᠶ᠎ᠠ

2026-09-13 11:11:58

ᠵᠣᠬᠢᠶᠠᠭ᠍ᠴᠢ᠄ ᠬᠠᠶ ᠵᠢᠶᠦ᠋ᠨ ᠣᠩᠱᠢᠭ᠍ᠰᠠᠨ ᠣᠳᠠᠭ᠎ᠠ᠄ 3

《ᠣᠶ᠋ᠢᠷ᠎ᠠ᠎ᠶᠢᠨ ᠬᠡᠳᠦᠨ ᠵᠢᠯ᠎ᠳᠦ᠂ ᠰᠢᠩ ᠾᠧ ᠰᠢᠶᠠᠨ᠎ᠤ ᠰᠢᠬᠢᠷᠯᠢᠭ ᠡᠷᠳᠡᠨᠢ ᠰᠢᠰᠢ ᠪᠣᠯᠪᠠᠰᠤᠷᠠᠭᠤᠯᠬᠤ ᠤᠢᠯᠡᠳᠪᠤᠷᠢ ᠤᠯᠠᠮ᠎ᠠᠴᠠ ᠤᠯᠠᠮ ᠣᠯᠠᠰᠢᠷᠠᠵᠤ᠂ ᠪᠢᠳᠡᠨ ᠤ᠋ ᠰᠢᠬᠢᠷᠯᠢᠭ ᠡᠷᠳᠡᠨᠢ ᠰᠢᠰᠢ ᠬᠡᠪᠴᠢᠶᠠᠵᠢᠭᠦᠯᠦᠨ ᠳᠠᠷᠢᠬᠤ ᠢᠲᠡᠭᠡᠯ ᠵᠣᠷᠢᠭ ᠨᠠᠩ ᠲᠡᠭᠦᠯᠳᠡᠷ ᠪᠣᠯᠵᠠᠶ》 ᠭᠡᠵᠦ᠍ ᠥᠪᠥᠷ ᠮᠣᠩᠭᠣᠯ᠎ᠤᠨ ᠸᠸᠨ ᠹᠸᠡᠭ ᠵᠧᠩ ᠮᠤᠤ ᠬᠥᠳᠡᠭᠡ ᠠᠵᠤ ᠠᠬᠤᠢ ᠲᠠᠷᠢᠶᠠᠯᠠᠩ᠎ᠤᠨ ᠮᠠᠰᠢᠨ᠎ᠤ ᠲᠤᠰᠬᠠᠢ ᠬᠤᠷᠰᠢᠶ᠎ᠠ᠎ᠶᠢᠨ ᠬᠠᠷᠢᠭᠤᠴᠠᠯᠭᠠᠲᠠᠨ᠂ ᠰᠢᠩ ᠡᡁᠸ ᠰᠢᠶᠠᠨ᠎ᠤ ᠦᠨᠳᠤᠰᠤᠲᠡᠨ ᠤ᠋ ᠪᠦᠯᠬᠦᠮᠳᠡᠯ ᠰᠢᠶᠠᠡᠭ᠎ᠤᠨ ᠳ᠋ᠠ ᠦ᠋ ᠬᠤᠤ ᠲᠣᠰᠬᠣᠨ᠎ᠤ ᠲᠠᠷᠢᠮᠠᠯ ᠤ᠋ᠨ ᠲᠤᠮᠤ ᠡᠷᠦᠬᠡ ᠭᠤᠤ ᠹᠸᠡᠭ ᠰᠢ ᠰᠡᠳᠬᠢᠯ ᠳᠣᠭᠳᠣᠯᠤᠨ ᠶᠠᠷᠢᠨ᠎ᠠ᠃

ᠭᠤᠤ ᠹᠧᠩ ᠰᠢ ᠵᠢᠨ ᠢᠲᠡᠭᠡᠯ ᠵᠣᠷᠢᠭ ᠶᠡᠭᠡ ᠪᠡᠷ ᠬᠦᠪᠴᠢᠯᠡᠭᠳᠡᠭᠰᠡᠨ ᠨᠢ᠂ ᠰᠢᠩ ᠾᠧ ᠰᠢᠶᠠᠨ᠎ᠤ ᠰᠢᠬᠢᠷᠯᠢᠭ ᠡᠷᠳᠡᠨᠢ ᠰᠢᠰᠢ ᠪᠤᠯᠪᠠᠰᠤᠷᠠᠭᠤᠯᠬᠤ ᠠᠵᠤ ᠠᠬᠤᠶ᠋ᠢᠯᠠᠯ᠎ᠢ ᠣᠷᠣᠭᠤᠯᠤᠨ ᠠᠪᠴᠢᠷᠠᠬᠤ᠂ ᠰᠢᠬᠢᠷᠯᠢᠭ ᠡᠷᠳᠡᠨᠢ ᠰᠢᠰᠢ ᠳᠠᠷᠢᠬᠤ ᠬᠡᠪᠴᠢᠶ᠎ᠡ᠎ᠶᠢ ᠥᠷᠭᠡᠳᠬᠡᠬᠦ᠌ ᠵᠡᠷᠭᠡ ᠬᠦᠴᠦᠲᠡᠶ ᠠᠷᠭ᠎ᠠ ᠬᠡᠮᠵᠢᠶ᠎ᠡ ᠠᠪᠬᠤ ᠪᠡᠷ ᠲᠠᠮᠵᠢᠨ᠂ ᠰᠢᠬᠢᠷᠯᠢᠭ ᠡᠷᠳᠡᠨᠢ ᠰᠢᠰᠢ᠎ᠶᠢᠨ ᠠᠵᠤ ᠤᠢᠯᠡᠰ᠎ᠦᠨ ᠲᠣᠭᠲᠠᠭᠤᠨ᠎ᠢᠶᠠᠷ ᠬᠥᠭᠵᠢᠬᠦ᠌᠎ᠶᠢ ᠠᠬᠢᠭᠤᠯᠵᠤ᠂ ᠲᠠᠷᠢᠶᠠᠴᠢᠳ᠎ᠤᠨ ᠣᠷᠣᠯᠭ᠎ᠠ᠎ᠪᠠᠨ ᠨᠡᠮᠡᠭᠳᠡᠭᠦᠯᠬᠦ᠌᠎ᠶᠢ ᠳᠠᠶ᠋ᠢᠴᠢᠯᠠᠬᠤ᠎ᠳᠤ ᠭᠠᠷᠭᠠᠭᠰᠠᠨ ᠴᠢᠷᠮᠠᠶ᠋ᠢᠯᠭ᠎ᠠ ᠡᠴᠡ ᠰᠠᠯᠵᠤ ᠴᠢᠳᠠᠬᠤ ᠦᠭᠡᠢ᠃

8 ᠰᠠᠷ᠎ᠠ᠎ᠶᠢᠨ 23 ᠎ᠦ ᠦᠳᠡ᠎ᠶᠢᠨ ᠬᠣᠶ᠋ᠢᠨ᠎ᠠ᠂ ᠰᠢᠩ ᠾᠧ ᠰᠢᠶᠠᠨ᠎ᠤ ᠦᠨᠳᠤᠰᠤᠲᠡᠨ ᠤ᠋ ᠪᠦᠯᠬᠦᠮᠳᠡᠯ ᠰᠢᠶᠠᠩ᠎ᠤᠨ ᠳ᠋ᠠ ᠡᠤ ᠬᠤᠤ ᠲᠣᠰᠬᠣᠨ᠎ᠤ ᠥᠪᠥᠷ ᠮᠣᠩᠭᠣᠯ᠎ᠤᠨ ᠸᠧᠨ ᠹᠧᠩ ᠵᠧᠩ ᠮᠤᠤ ᠬᠦᠳᠡᠭᠡ ᠠᠵᠤ ᠠᠬᠤᠢ ᠲᠠᠷᠢᠶᠠᠯᠠᠩ᠎ᠤᠨ ᠮᠠᠰᠢᠨ᠎ᠤ ᠲᠤᠰᠬᠠᠶ ᠬᠣᠷᠰᠢᠶ᠎ᠠ᠎ᠶᠢᠨ 2000 ᠮᠥ᠍ ᠰᠢᠬᠢᠷᠯᠢᠭ ᠡᠷᠳᠡᠨᠢ ᠰᠢᠰᠢ ᠳᠠᠷᠢᠬᠤ ᠰᠠᠭᠤᠷᠢᠨ᠎ᠳᠤ᠂ ᠡᠷᠳᠡᠨᠢ ᠰᠢᠰᠢ ᠬᠠᠳᠤᠵᠤ ᠬᠤᠷᠢᠶᠠᠬᠤ ᠲᠣᠮᠣ ᠬᠡᠯᠪᠡᠷᠢ᠎ᠶᠢᠨ ᠮᠠᠰᠢᠨ᠂ ᠲᠤᠮᠤ ᠪᠠᠷᠠᠭᠠᠨ ᠤ᠋ ᠮᠠᠰᠢᠨ᠂ ᠲᠷᠠᠺᠲ᠋ᠣᠷ ᠵᠡᠷᠭᠡ ᠣᠯᠠᠨ ᠲᠠᠷᠢᠶᠠᠯᠠᠩ᠎ᠤᠨ ᠮᠠᠰᠢᠨ ᠪᠠᠭᠠᠵᠢ ᠴᠤᠭᠯᠠᠷᠠᠨ᠂ ᠠᠵᠢᠯᠯᠠᠬᠤ ᠪᠡᠷ ᠪᠡᠯᠡᠳᠭᠡᠵᠡᠭᠡᠨ᠎ᠠ᠃ ᠠᠵᠢᠯ ᠡᠬᠢᠯᠡᠭᠦᠯᠬᠦ ᠲᠤᠬᠢᠶ᠎ᠠ ᠲᠤᠤᠭᠠᠷᠮᠠᠭᠴᠠ᠂ ᠬᠡᠳᠦᠨ ᠲᠣᠮᠣ ᠬᠡᠯᠪᠡᠷᠢ᠎ᠶᠢᠨ ᠡᠷᠳᠡᠨᠢ ᠰᠢᠰᠢ ᠬᠠᠳᠤᠵᠤ ᠬᠤᠷᠢᠶᠠᠬᠤ ᠮᠠᠰᠢᠨ ᠡᠷᠳᠡᠨᠢ ᠰᠢᠰᠢ᠎ᠶᠢᠨ ᠲᠠᠷᠢᠶᠠᠨ᠎ᠳᠤ ᠣᠷᠣᠵᠤ ᠠᠭᠠᠵᠢᠮ ᠤᠷᠤᠭᠰᠢᠯᠠᠨ᠂ ᠮᠠᠰᠢᠨ ᠦᠡᠭᠭᠡᠷᠡᠬᠦ ᠲᠠᠢ ᠵᠡᠷᠭᠡ᠂ ᠤᠷᠭᠤᠭ᠎ᠠ ᠡᠷᠳᠡᠨᠢ ᠰᠢᠰᠢ ᠡᠰᠢ ᠰᠦᠷᠡᠯ ᠲᠠᠢ ᠪᠠᠨ ᠮᠠᠰᠢᠨ ᠤ᠋︽ᠠᠮᠠᠨ︾ ᠳ᠋ᠤ ᠤᠷᠤᠵᠤ᠂ ᠬᠦᠷᠴᠢᠬᠢᠨᠡᠬᠦ ᠲᠠᠭᠤᠨ ᠰᠤᠨᠤᠰᠳᠠᠬᠤ ᠲᠠᠢ ᠵᠡᠷᠭᠡ ᠰᠣᠷᠭᠣᠭ ᠡᠷᠳᠡᠨᠢ ᠰᠢᠰᠢ ᠬᠠᠳᠤᠵᠤ ᠬᠤᠷᠢᠶᠠᠬᠤ ᠮᠠᠰᠢᠨ᠎ᠤ ᠡᠷᠳᠡᠨᠢ ᠰᠢᠰᠢ ᠬᠠᠳᠤᠵᠤ ᠬᠠᠳᠠᠭᠠᠯᠠᠬᠤ ᠬᠠᠢᠷᠴᠠᠭ᠎ᠲᠤ᠌ ᠤᠷᠤᠵᠤ᠂ ᠬᠡᠮᠬᠡᠳᠡᠭ ᠪᠤᠯᠤᠭᠰᠠᠨ ᠡᠰᠢ ᠰᠦᠷᠡᠯ ᠨᠢ ᠬᠣᠷᠣᠮᠬᠠᠨ ᠵᠠᠭᠤᠷ᠎ᠠ ᠡᠪᠡᠰᠦᠨ ᠬᠠᠢᠷᠴᠠᠭ ᠲᠤ᠌ ᠬᠦᠷᠭᠡᠭᠳᠡᠵᠤ ᠪᠠᠢᠯ᠎ᠠ᠃

《ᠪᠢ ᠡᠷᠳᠡᠨᠢ ᠰᠢᠰᠢ ᠳᠠᠷᠢᠭᠠᠳ ᠠᠷᠪᠠᠨ ᠬᠡᠳᠦᠨ ᠵᠢᠯ ᠪᠣᠯᠵᠣ ᠪᠠᠶ᠋ᠢᠨ᠎ᠠ᠂ ᠤᠤᠯ᠎ᠨᠢ ᠭᠤᠤᠯᠳᠠᠭᠤ ᠡᠡᠭ ᠤ᠋ᠨ ᠡᠷᠳᠡᠨᠢ ᠰᠢᠰᠢ ᠳᠠᠷᠢᠵᠤ ᠪᠠᠶ᠋ᠢᠵᠠᠶ᠂ ᠮᠠᠨ᠎ᠤ ᠰᠢᠩ ᠾᠧ ᠳ᠋ᠤ ᠰᠢᠬᠢᠷᠯᠢᠭ ᠡᠷᠳᠡᠨᠢ ᠰᠢᠰᠢ ᠪᠣᠯᠪᠠᠰᠤᠷᠠᠭᠤᠯᠬᠤ ᠤᠢᠯᠡᠳᠪᠤᠷᠢ ᠲᠠᠢ ᠪᠤᠯᠤᠭᠰᠠᠨ ᠲᠤᠯᠠ ᠪᠢ ᠡᠨᠡ ᠵᠢᠯ ᠲᠤᠬᠠᠶ᠎ᠶᠢᠨ ᠭᠠᠵᠠᠷ᠎ᠤᠨ ᠤᠢᠯᠡᠳᠪᠤᠷᠢ᠎ᠲᠡᠶ ᠭᠡᠷ᠎ᠡ ᠲᠣᠭᠲᠠᠵᠤ 2000 ᠮᠥ᠍ ᠰᠢᠬᠢᠷᠯᠢᠭ ᠡᠷᠳᠡᠨᠢ ᠰᠢᠰᠢ ᠳᠠᠷᠢᠪᠠ᠃ ᠡᠬᠦᠨ ᠳ᠋ᠤ ᠭᠤᠤᠯᠳᠠᠭᠤ ᠮᠢ ᠳ᠋ᠦᠸᠸ᠂ ᠤᠤ᠌ ᠹᠦ᠋ ᠯᠠᠨ ᠵᠡᠷᠭᠡ ᠰᠢᠬᠢᠷᠯᠢᠭ ᠡᠷᠳᠡᠨᠢ ᠰᠢᠰᠢ ᠵᠢᠨ ᠡᠭᠦᠯᠳᠡᠷ ᠢ᠋ ᠲᠠᠷᠢᠵᠤ᠂ ᠣᠶ᠋ᠢᠷ᠎ᠠ᠎ᠶᠢᠨ ᠬᠡᠳᠦᠨ ᠡᠳᠦᠷ ᠶᠠᠭ ᠬᠠᠳᠤᠵᠤ ᠬᠤᠷᠢᠶᠠᠬᠤ᠎ᠶᠢᠨ ᠬᠠᠮᠲᠤ᠌ ᠬᠡᠷ᠎ᠠ ᠲᠣᠭᠲᠠᠭᠰᠠᠨ ᠪᠣᠯᠪᠠᠰᠤᠷᠠᠭᠤᠯᠬᠤ ᠤᠢᠯᠡᠳᠪᠤᠷᠢ᠎ᠳᠦ ᠲᠡᠭᠡᠭᠡᠪᠦᠷᠢᠯᠡᠨ ᠬᠦᠷᠭᠡᠵᠦ᠍ ᠪᠠᠶ᠋ᠢᠨ᠎ᠠ᠃ ᠡᠨᠡ ᠵᠢᠯ᠎ᠦᠨ ᠬᠤᠷ᠎ᠠ ᠲᠣᠨᠳᠠᠰᠤ ᠭᠦᠢᠴᠡᠳ᠂ ᠡᠷᠳᠡᠨᠢ ᠰᠢᠰᠢ᠎ᠶᠢᠨ ᠴᠢᠨᠠᠷ ᠰᠠᠢᠨ᠂ ᠵᠢᠱ᠌ᠢᠯᠲᠡ᠎ᠪᠡᠷ ᠮᠦ᠍ ᠪᠦᠷᠢ᠎ᠶᠢᠨ ᠤᠨᠠᠯᠲᠠ 3000 ᠵᠢᠩ᠎ᠳᠦ ᠬᠦᠷᠴᠦ᠍᠂ ᠴᠡᠪᠡᠷ ᠣᠷᠣᠯᠭ᠎ᠠ 500 ᠡᠴᠡ 600 ᠲᠥᠭᠥᠷᠢᠭ᠎ᠲᠦ᠍ ᠬᠦᠷᠦᠨ᠎ᠡ᠃ ᠰᠢᠬᠢᠷᠯᠢᠭ ᠡᠷᠳᠡᠨᠢ ᠰᠢᠰᠢ᠎ᠶᠢ ᠬᠠᠳᠤᠵᠤ ᠬᠤᠷᠢᠶᠠᠭᠰᠠᠨ᠎ᠤ ᠳᠠᠷᠠᠭ᠎ᠠ ᠡᠷᠬᠡᠪᠰᠢ ᠣᠬᠣᠷᠬᠠᠨ ᠬᠤᠭᠤᠴᠠᠭᠠᠨ᠎ᠳᠤ ᠤᠢᠯᠡᠳᠪᠤᠷᠢ᠎ᠳᠦ ᠬᠦᠷᠭᠡᠵᠦ᠍ ᠪᠣᠯᠪᠠᠰᠤᠷᠠᠭᠤᠯᠬᠤ ᠬᠡᠷᠡᠭᠲᠡᠶ᠂ ᠬᠡᠷᠪᠡ ᠬᠤᠷᠢᠶᠠᠭᠰᠠᠨ᠎ᠤ ᠳᠠᠷᠠᠭ᠎ᠠ ᠴᠠᠭ᠎ᠨᠢ ᠬᠡᠲᠦᠷᠬᠡᠶ ᠣᠷᠳᠣ ᠪᠣᠯᠪᠠᠯ ᠡᠷᠳᠡᠨᠢ ᠰᠢᠰᠢ ᠬᠠᠳᠠᠵᠤ ᠠᠪᠴᠢᠳᠠᠭ᠃ ᠣᠲᠣ ᠰᠢᠶᠠᠨ ᠤ᠋ ᠬᠡᠪᠴᠢᠶᠠᠨ ᠳ᠋ᠤ ᠰᠢᠬᠢᠷᠯᠢᠭ ᠡᠷᠳᠡᠨᠢ ᠰᠢᠰᠢ ᠪᠣᠯᠪᠠᠰᠤᠷᠠᠭᠤᠯᠬᠤ ᠤᠢᠯᠡᠳᠪᠤᠷᠢ ᠪᠠᠢᠬᠤ ᠲᠤᠯᠠ ᠪᠢᠳᠡ ᠡᠷᠳᠡᠨᠢ ᠰᠢᠰᠢ᠎ᠶᠢ ᠬᠤᠷᠢᠶᠠᠭᠰᠠᠨ᠎ᠤ ᠳᠠᠷᠠᠭ᠎ᠠ ᠴᠠᠭ ᠲᠤᠬᠠᠶ᠎ᠳᠤᠨᠢ ᠤᠢᠯᠡᠳᠪᠤᠷᠢ᠎ᠳᠦ ᠬᠦᠷᠭᠡᠵᠦ᠍ ᠪᠣᠯᠪᠠᠰᠤᠷᠠᠭᠤᠯᠵᠤ᠂ ᠡᠷᠳᠡᠨᠢ ᠰᠢᠰᠢ ᠬᠠᠳᠠᠬᠤ᠎ᠠᠴᠠ ᠪᠣᠯᠬᠤ ᠬᠣᠬᠢᠷᠠᠯ᠎ᠠᠴᠠ ᠵᠠᠶ᠋ᠢᠯᠠᠰᠬᠢᠵᠦ᠍ ᠴᠢᠳᠠᠨ᠎ᠠ》 ᠬᠡᠵᠤ ᠭᠤᠤ ᠹᠧᠩ ᠰᠢ ᠡᠯ᠎ᠡ ᠵᠤᠢᠯ᠎ᠦᠨ ᠲᠠᠷᠢᠶᠠᠯᠠᠩ᠎ᠤᠨ ᠮᠠᠰᠢᠨ ᠪᠠᠭᠠᠵᠢ᠎ᠶᠢ ᠵᠢᠭᠠᠨ ᠵᠢᠯᠣᠭᠣᠳᠴᠤ ᠬᠠᠳᠤᠵᠤ ᠬᠤᠷᠢᠶᠠᠬᠤ ᠠᠵᠢᠯ ᠥᠷᠨᠢᠭᠦᠯᠬᠦ᠌᠎ᠶᠢᠨ ᠳᠠᠭᠠᠤ ᠰᠤᠷᠪᠤᠯᠵᠢᠯᠠᠭᠴᠢ᠎ᠳᠤ ᠶᠠᠷᠢᠨ᠎ᠠ᠃

ᠰᠢᠩ ᠾᠧ ᠰᠢᠶᠠᠨ᠎ᠤ ᠡᠷᠳᠡᠨᠢ ᠪᠠᠯᠭᠠᠰᠤ᠎ᠶᠢᠨ ᠰᠢᠶᠤᠤ ᠾᠧ ᠲᠣᠰᠬᠣᠨ᠎ᠳᠤ ᠪᠠᠶ᠋ᠢᠷᠢᠯᠠᠵᠤ ᠪᠠᠶ᠋ᠢᠭ᠎ᠠ ᠥᠪᠥᠷ ᠮᠣᠩᠭᠣᠯ᠎ᠤᠨ ᠸᠸᠨ ᠹᠸᠡᠭ ᠵᠧᠩ ᠮᠤᠤ ᠬᠥᠳᠡᠭᠡ ᠠᠵᠤ ᠠᠬᠤᠢ ᠲᠠᠷᠢᠶᠠᠯᠠᠩ᠎ᠤᠨ ᠮᠠᠰᠢᠨ᠎ᠤ ᠲᠤᠰᠬᠠᠢ ᠬᠤᠷᠰᠢᠶ᠎ᠠ 2016 ᠣᠨ᠎ᠤ 12 ᠰᠠᠷ᠎ᠠ᠎ᠳᠤ ᠪᠠᠶ᠋ᠢᠭᠤᠯᠤᠭᠳᠠᠵᠤ᠂ ᠲᠠᠷᠢᠵᠤ ᠲᠡᠵᠢᠭᠡᠬᠦ᠌᠂ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠦᠨ ᠪᠣᠷᠣᠯᠠᠭᠤᠯᠬᠤ᠂ ᠬᠥᠳᠡᠭᠡ ᠠᠵᠤ ᠠᠬᠤᠢ᠎ᠶᠢᠨ ᠨᠡᠶ᠋ᠢᠭᠡᠮᠴᠢᠯᠡᠭᠰᠡᠨ ᠦᠢᠯᠡᠴᠢᠯᠡᠭᠡ᠎ᠶᠢ ᠨᠢᠭᠡ ᠴᠤᠬᠴᠠᠵᠢᠭᠤᠯᠤᠭᠰᠠᠨ ᠲᠠᠷᠢᠶᠠᠴᠢᠳ᠎ᠤᠨ ᠲᠤᠰᠬᠠᠢ ᠬᠤᠷᠰᠢᠶ᠎ᠠ ᠪᠣᠯᠤᠨ᠎ᠠ᠃ ᠣᠯᠠᠨ ᠵᠢᠯ᠎ᠦᠨ ᠲᠤᠷᠰᠢ᠂ ᠲᠣᠰ ᠬᠣᠷᠰᠢᠶ᠎ᠠ ᠨᠢ ᠰᠢᠩ ᠾᠧ ᠰᠢᠶᠠᠨ᠎ᠤ ᠲᠣᠰ ᠭᠠᠵᠠᠷ᠎ᠤᠨ ᠡᠬᠢ ᠪᠠᠶᠠᠯᠢᠭ᠎ᠲᠤ᠌ ᠰᠠᠭᠤᠷᠢᠯᠠᠵᠤ᠂ ᠥᠷᠭᠡᠨ ᠠᠭᠤᠳᠠᠮ ᠲᠠᠷᠢᠶᠠᠨ ᠭᠠᠵᠠᠷ ᠪᠠ ᠬᠡᠷᠡᠭᠯᠡᠭᠡᠨ᠎ᠦ ᠵᠠᠬ᠎ᠠ ᠳᠡᠯᠭᠡᠭᠦᠷ ᠢ᠋ ᠬᠤᠯᠪᠤᠵᠤ᠂ ᠡᠷᠬᠢᠨ ᠲᠣᠭᠣᠷᠢᠨ᠎ᠤ ᠲᠠᠷᠢᠶᠠᠴᠢᠨ ᠡᠷᠦᠬᠡ᠎ᠶᠢᠨ ᠬᠠᠮᠲᠤ᠎ᠪᠠᠷ ᠬᠥᠭᠵᠢᠬᠦ᠌᠎ᠶᠢ ᠢᠳᠡᠪᠬᠢᠲᠡᠶ ᠳᠠᠶ᠋ᠢᠴᠢᠯᠠᠭᠰᠠᠭᠠᠷ ᠢᠷᠡᠵᠡᠶ᠃ ᠣᠳᠣᠬᠠᠨ᠎ᠳᠤ᠂ ᠲᠣᠰ ᠬᠣᠷᠰᠢᠶ᠎ᠠ᠎ᠨᠢ ᠲᠠᠷᠢᠶᠠᠨ ᠭᠠᠵᠠᠷ ᠤ᠋ᠨ ᠬᠡᠷᠡᠭᠯᠡᠬᠦ ᠡᠷᠭᠡ ᠵᠢ ᠲᠠᠭᠠᠭᠠᠴᠢᠯᠠᠬᠤ᠂ ᠲᠠᠷᠢᠶᠠᠨ ᠠᠵᠢᠯ᠎ᠤᠨ ᠶᠠᠭᠠᠷᠠᠦ ᠤᠯᠠᠷᠢᠯ᠎ᠳᠤ ᠬᠥᠳᠡᠯᠮᠦᠷᠢ ᠬᠦᠴᠦ᠍ ᠬᠥᠯᠥᠰᠥᠯᠡᠬᠦ᠌ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ ᠲᠤᠬᠠᠶ᠎ᠶᠢᠨ ᠭᠠᠵᠠᠷ᠎ᠤᠨ 50 ᠭᠠᠷᠤᠶ ᠲᠠᠷᠢᠶᠠᠴᠢᠨ ᠡᠷᠦᠬᠡ᠎ᠶᠢ ᠳᠠᠭᠠᠭᠤᠯᠤᠨ ᠣᠷᠣᠯᠭ᠎ᠠ᠎ᠶᠢ᠎ᠨᠢ ᠨᠡᠮᠡᠭᠳᠡᠭᠦᠯᠦᠨ ᠪᠠᠶᠠᠵᠢᠭᠤᠯᠬᠤ᠎ᠶᠢᠨ ᠬᠠᠮᠲᠤ᠌ ᠲᠠᠷᠢᠶᠠᠯᠠᠩ᠎ᠤᠨ ᠮᠠᠰᠢᠨ ᠮᠧᠬᠠᠨᠢᠭ᠎ᠤᠨ ᠠᠵᠢᠯ᠎ᠢ ᠶᠡᠬᠡ ᠪᠡᠷ ᠬᠥᠭᠵᠢᠭᠦᠯᠵᠦ᠍᠂ ᠲᠠᠷᠢᠮᠠᠯ᠎ᠤᠨ ᠡᠰᠢ ᠰᠦᠷᠡᠯ᠎ᠢ ᠰᠢᠢᠳᠪᠤᠷᠢᠯᠡᠬᠦ᠂ ᠲᠠᠷᠢᠶᠠᠯᠠᠩ᠎ᠤᠨ ᠮᠠᠰᠢᠨ ᠲᠦᠷᠢᠶᠡᠰᠦᠯᠡᠭᠦᠯᠬᠦ᠂ ᠲᠠᠷᠢᠶᠠᠯᠠᠩ᠎ᠤᠨ ᠪᠦᠲᠦᠭᠡᠭᠳᠡᠬᠦᠨ᠎ᠢ ᠬᠤᠳᠠᠯᠳᠤᠨ ᠠᠪᠴᠤ᠌ ᠨᠥᠭᠡᠴᠡᠯᠡᠵᠦ᠍ ᠡᠳ᠋ᠰᠢᠭᠦᠯᠬᠦ᠌᠂ ᠪᠣᠷᠣᠯᠠᠭᠤᠯᠵᠤ ᠲᠡᠭᠡᠭᠡᠪᠦᠷᠢᠯᠡᠬᠦ᠌ ᠵᠡᠷᠭᠡ ᠪᠥᠬᠥ᠌ ᠬᠡᠯᠬᠢᠶᠡᠨ᠎ᠦ ᠤᠢᠯᠡᠴᠢᠯᠡᠭᠡ᠎ᠶᠢ ᠥᠷᠨᠢᠭᠦᠯᠵᠦ᠍᠂ ᠲᠠᠷᠢᠶᠠᠴᠢᠨ ᠡᠷᠦᠬᠡ᠎ᠶᠢᠨ ᠤᠢᠯᠡᠳᠪᠤᠷᠢᠯᠡᠯ᠎ᠦᠨ ᠥᠪᠡᠷ᠎ᠦᠨ ᠥᠷᠲᠡᠭ᠎ᠢ ᠪᠠᠭᠤᠷᠠᠭᠤᠯᠤᠨ᠂ ᠲᠠᠷᠢᠶᠠᠯᠠᠩ᠎ᠤᠨ ᠪᠦᠲᠦᠭᠡᠭᠳᠡᠬᠦᠨ᠎ᠦ ᠪᠣᠷᠣᠯᠠᠭᠤᠯᠭ᠎ᠠ ᠵᠢᠨ ᠠᠷᠭ᠎ᠠ ᠵᠠᠮ ᠢ᠋ ᠥᠷᠭᠡᠳᠬᠡᠵᠦ᠍᠂ ᠨᠤᠲᠤᠭ᠎ᠤᠨ ᠠᠬ᠎ᠠ ᠳᠡᠭᠦᠦ᠎ᠨᠡᠷ ᠵᠢᠡᠨ ᠳᠠᠶ᠋ᠢᠴᠢᠯᠠᠨ ᠲᠤᠬᠠᠶ᠎ᠶᠢᠨ ᠭᠠᠵᠠᠷ᠎ᠲᠤᠨᠢ ᠣᠷᠣᠯᠭ᠎ᠠ᠎ᠶᠢ᠎ᠨᠢ ᠨᠡᠮᠡᠭᠳᠡᠭᠦᠯᠦᠨ ᠪᠠᠶᠠᠵᠢᠭᠤᠯᠵᠤ᠂ ᠣᠷᠣᠨ ᠨᠤᠲᠤᠭ᠎ᠤᠨ ᠬᠥᠳᠡᠭᠡ ᠲᠣᠰᠬᠣᠨ᠎ᠤ ᠠᠵᠤ ᠤᠢᠯᠡᠰ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠤ ᠪᠤᠢ᠃

ᠰᠢᠩ ᠡᡁᠸ ᠰᠢᠶᠠᠨ᠎ᠤ ᠦᠨᠳᠤᠰᠤᠲᠡᠨ ᠤ᠋ ᠪᠦᠯᠬᠦᠮᠳᠡᠯ ᠰᠢᠶᠠᠩ᠎ᠤᠨ ᠳ᠋ᠠ ᠦ᠋ ᠬᠤᠤ ᠲᠣᠰᠬᠣᠨ᠎ᠤ ᠠᠷᠠᠳ ᠯᠢᠦ ᠶᠤᠸᠠᠢ ᠮᠢᠩ᠄ 《ᠲᠠᠷᠢᠶᠠᠨ ᠠᠵᠢᠯ ᠶᠠᠭᠠᠷᠠᠤ ᠤᠯᠠᠷᠢᠯ᠎ᠳᠤ ᠪᠢ ᠥᠪᠥᠷ ᠮᠣᠩᠭᠣᠯ᠎ᠤᠨ ᠸᠸᠨ ᠹᠸᠡᠭ ᠵᠧᠩ ᠮᠤᠤ ᠬᠦᠳᠡᠭᠡ ᠠᠵᠤ ᠠᠬᠤᠢ ᠲᠠᠷᠢᠶᠠᠯᠠᠩ᠎ᠤᠨ ᠮᠠᠰᠢᠨ᠎ᠤ ᠲᠤᠰᠬᠠᠢ ᠬᠤᠷᠰᠢᠶ᠎ᠠ᠎ᠶᠢᠨ ᠲᠠᠷᠢᠮᠠᠯ᠎ᠤᠨ ᠰᠠᠭᠤᠷᠢᠨ᠎ᠳᠤ ᠬᠦᠯᠦᠰᠤᠨ ᠠᠵᠢᠯ ᠬᠢᠵᠤ᠂ ᠭᠣᠣᠯᠳᠠᠭᠤ ᠡᠪᠡᠰᠦ ᠦᠭᠲᠡᠭᠡᠬᠦ᠌᠂ ᠲᠠᠷᠢᠶᠠᠨ ᠡᠮ ᠰᠦᠷᠴᠢᠬᠦ ᠵᠡᠷᠭᠡ ᠬᠠᠮᠢᠶᠠᠷᠤᠯᠲᠠ᠎ᠶᠢᠨ ᠠᠵᠢᠯ᠎ᠢ ᠬᠠᠷᠢᠭᠤᠴᠠᠵᠤ᠂ ᠰᠠᠷ᠎ᠠ ᠪᠦᠷᠢ᠎ᠶᠢᠨ ᠴᠠᠯᠢᠩ 5000 ᠲᠥᠭᠥᠷᠢᠭ ᠣᠷᠴᠢᠮ ᠪᠠᠢᠵᠤ᠂ ᠪᠦᠬᠦ᠌ ᠵᠢᠯ᠎ᠳᠦ ᠪᠠᠷᠤᠭ 4 ᠰᠠᠷ᠎ᠠ ᠠᠵᠢᠯᠯᠠᠵᠤ᠂ 2 ᠲᠦᠮᠡᠨ ᠲᠥᠭᠥᠷᠢᠭ ᠣᠷᠴᠢᠮ ᠤᠷᠤᠯᠭ᠎ᠠ ᠤᠯᠳᠠᠭ》 ᠬᠡᠵᠤ ᠶᠠᠷᠢᠨ᠎ᠠ᠃

ᠨᠢᠭᠡ ᠲᠠᠯ᠎ᠠ ᠳ᠋ᠤᠨᠢ ᠡᠷᠳᠡᠨᠢ ᠰᠢᠰᠢ ᠬᠠᠳᠤᠵᠤ ᠬᠤᠷᠢᠶᠠᠬᠤ ᠠᠵᠢᠯ ᠬᠦᠭᠵᠢᠶᠠᠨᠲᠠᠢ ᠶᠠᠪᠤᠭᠳᠠᠬᠤ ᠳ᠋ᠤ᠂ ᠨᠥᠭᠥᠭᠡ ᠲᠠᠯ᠎ᠠ ᠳ᠋ᠤ᠂ ᠰᠢᠬᠢᠷᠯᠢᠭ ᠡᠷᠳᠡᠨᠢ ᠰᠢᠰᠢ ᠪᠤᠯᠪᠠᠰᠤᠷᠠᠭᠤᠯᠬᠤ ᠠᠵᠤ ᠠᠬᠤᠶ᠋ᠢᠯᠠᠯ᠎ᠤᠨ ᠪᠣᠯᠪᠠᠰᠤᠷᠠᠭᠤᠯᠬᠤ ᠤᠢᠯᠡᠳᠪᠤᠷᠢ ᠶᠠᠭ ᠪᠦᠬᠦ ᠬᠦᠴᠤᠨ ᠵᠢᠡᠷ ᠵᠢᠡᠨ ᠠᠵᠢᠯᠯᠠᠵᠤ ᠪᠠᠢᠯ᠎ᠠ᠃

ᠰᠢᠩ ᠾᠧ ᠰᠢᠶᠠᠨ᠎ᠳᠤ ᠪᠠᠢᠷᠢᠯᠠᠭ᠎ᠠ ᠥᠪᠥᠷ ᠮᠣᠩᠭᠣᠯ᠎ᠤᠨ ᠴᠤᠸᠠᠨ ᠱᠦᠨ ᠲᠠᠷᠢᠶᠠᠯᠠᠩ᠎ᠤᠨ ᠬᠥᠭᠵᠢᠯᠲᠡ᠎ᠶᠢᠨ ᠬᠢᠵᠠᠭᠠᠷᠲᠤ᠌ ᠺᠣᠮᠫᠠᠨᠢ᠎ᠶᠢᠨ ᠰᠢᠬᠢᠷᠯᠢᠭ ᠡᠷᠳᠡᠨᠢ ᠰᠢᠰᠢ ᠪᠤᠯᠪᠠᠰᠤᠷᠠᠭᠤᠯᠬᠤ ᠤᠢᠯᠡᠳᠪᠤᠷᠢ᠎ᠶᠢᠨ ᠲᠠᠰᠤᠭ᠎ᠲᠤ᠌᠂ ᠠᠦ᠋ᠲ᠋ᠣᠴᠢᠯᠠᠭᠰᠠᠨ ᠤᠢᠯᠡᠳᠪᠤᠷᠢᠯᠡᠯ ᠤ᠋ᠨ ᠱᠤᠭᠤᠮ ᠪᠥᠬᠥ᠌ ᠬᠤᠷᠳᠤᠴᠠ᠎ᠪᠠᠷ ᠠᠵᠢᠯᠯᠠᠵᠤ᠂ ᠰᠠᠶᠢᠬᠠᠨ ᠤᠢᠯᠡᠳᠪᠤᠷᠢ᠎ᠶᠢᠨ ᠲᠣᠭᠣᠷᠢᠭ᠎ᠲᠤ᠌ ᠬᠦᠷᠭᠡᠵᠦ᠍ ᠢᠷᠡᠭᠰᠡᠨ ᠡᠷᠳᠡᠨᠢ ᠰᠢᠰᠢ᠎ᠶᠢᠨ ᠬᠠᠯᠢᠰᠤ᠎ᠶᠢ ᠨᠢ ᠱᠠᠭᠠᠯᠵᠤ ᠠᠷᠢᠯᠭᠠᠭᠠᠳ᠂ ᠮᠥᠯᠢᠬᠦ᠌ ᠮᠠᠰᠢᠨ᠎ᠢᠶᠠᠷ ᠠᠯᠲᠠᠨ ᠰᠢᠷᠭᠠᠯ ᠡᠷᠳᠡᠨᠢ ᠰᠢᠰᠢ᠎ᠶᠢᠨ ᠮᠥᠬᠥᠯᠢᠭ᠎ᠢ ᠮᠦᠯᠢᠵᠤ ᠭᠠᠷᠭᠠᠭᠠᠳ᠂ ᠳᠠᠬᠢᠨ ᠤᠬᠢᠶᠠᠬᠤ᠂ ᠬᠠᠯᠠᠭᠤᠨ ᠤᠰᠤᠨ ᠳ᠋ᠤ ᠲᠡᠪᠳᠦᠭᠡᠬᠦ᠂ ᠬᠦᠷᠦᠭᠡᠵᠤ ᠤᠰᠤ᠎ᠶᠢ ᠨᠢ ᠭᠤᠭᠤᠵᠢᠭᠤᠯᠵᠤ ᠭᠠᠷᠭᠠᠬᠤ ᠵᠡᠷᠭᠡ ᠠᠯᠬᠤᠮ ᠢ᠋ ᠦᠡᠭᠭᠡᠷᠡᠭᠡᠨ ᠲᠦᠷᠭᠡᠨ ᠬᠥᠯᠳᠡᠭᠡᠬᠦ᠌ ᠲᠦᠭᠦᠭᠡᠷᠤᠮᠵᠢ᠎ᠳᠤ ᠣᠷᠣᠭᠤᠯᠵᠤ ᠰᠢᠨ᠎ᠡ ᠰᠣᠷᠭᠣᠭ ᠢ᠋ ᠨᠢ ᠪᠠᠲᠤᠯᠠᠨ᠎ᠠ᠃ ᠲᠠᠷᠠᠭ᠎ᠠ ᠨᠢ ᠬᠤᠪᠢᠶᠠᠨ ᠰᠣᠩᠭᠣᠬᠤ᠂ ᠰᠢᠯᠭᠠᠨ ᠪᠠᠶ᠋ᠢᠴᠠᠭᠠᠬᠤ᠂ ᠪᠣᠭᠣᠳᠠᠯᠯᠠᠬᠤ ᠠᠯᠬᠤᠮ ᠲᠠᠷᠠᠭ᠎ᠠ ᠵᠢ ᠪᠡᠶᠡᠯᠡᠭᠦᠯᠵᠦ᠍᠂ ᠲᠠᠷᠢᠶᠠᠨ ᠭᠠᠵᠠᠷ᠎ᠤᠨ ᠰᠢᠨ᠎ᠡ ᠰᠣᠷᠭᠣᠭ ᠡᠷᠳᠡᠨᠢ ᠰᠢᠰᠢ ᠵᠢ ᠲᠠᠸᠠᠷ ᠪᠣᠯᠭᠠᠨ ᠬᠤᠪᠢᠷᠠᠭᠤᠯᠵᠤ᠂ ᠡᠯᠪᠡᠭ ᠬᠤᠷᠢᠶᠠᠯᠲᠠ᠎ᠶᠢᠨ ᠥᠷᠲᠡᠭ᠎ᠢ ᠬᠤᠪᠢᠷᠠᠭᠤᠯᠵᠤ ᠦᠷ᠎ᠠ ᠠᠰᠢᠭ ᠪᠤᠯᠭᠠᠨ᠎ᠠ᠃

ᠥᠪᠥᠷ ᠮᠣᠩᠭᠣᠯ᠎ᠤᠨ ᠴᠤᠸᠠᠨ ᠱᠦᠨ ᠲᠠᠷᠢᠶᠠᠯᠠᠡᠭ ᠤ᠋ᠨ ᠬᠥᠭᠵᠢᠯᠲᠡ᠎ᠶᠢᠨ ᠬᠢᠵᠠᠭᠠᠷᠲᠤ᠌ ᠺᠣᠮᠫᠠᠨᠢ᠎ᠶᠢᠨ ᠶᠠᠰᠤ ᠴᠢᠨᠠᠷ᠎ᠤᠨ ᠤᠢᠯᠡᠳᠪᠤᠷᠢ᠎ᠶᠢᠨ ᠳᠠᠷᠤᠭ᠎ᠠ ᠯᠢᠨ ᠬᠠᠶ ᠲᠤᠤ᠄ 《ᠮᠠᠨ᠎ᠤ ᠺᠣᠮᠫᠠᠨᠢ 2018 ᠣᠨ᠎ᠳᠤ ᠪᠠᠶ᠋ᠢᠭᠤᠯᠤᠭᠳᠠᠵᠤ᠂ 2021 ᠣᠨ᠎ᠳᠤ ᠠᠰᠢᠭᠯᠠᠯᠲᠠ᠎ᠳᠤ ᠣᠷᠣᠪᠠ᠂ ᠣᠲᠣ 2 ᠲᠦᠷᠭᠡᠨ ᠬᠥᠯᠳᠡᠭᠡᠭᠰᠡᠨ ᠡᠷᠳᠡᠨᠢ ᠰᠢᠰᠢ᠎ᠶᠢᠨ ᠮᠥᠬᠥᠯᠢᠭ︵ᠪᠦᠬᠦᠯᠢ ᠡᠷᠳᠡᠨᠢ ᠰᠢᠰᠢ︶ᠤ᠋ᠨ ᠤᠢᠯᠡᠳᠪᠤᠷᠢᠯᠡᠯ᠎ᠦᠨ ᠱᠤᠭᠤᠮ᠂ 1 ᠵᠢᠮᠢᠰ ᠤ᠋ᠨ ᠬᠤᠯᠤᠤᠪᠠᠡᠭ᠎ᠤᠨ ᠤᠢᠯᠡᠳᠪᠤᠷᠢᠯᠡᠯ᠎ᠦᠨ ᠱᠤᠭᠤᠮ ᠪᠠᠶ᠋ᠢᠵᠤ᠂ ᠮᠠᠨ ᠤ᠋ ᠤᠢᠯᠡᠳᠪᠤᠷᠢ ᠪᠦᠬᠦ ᠬᠦᠴᠦᠨ ᠵᠢᠡᠷ᠎ᠢᠶᠡᠨ ᠠᠵᠢᠯᠯᠠᠪᠠᠯ ᠵᠢᠯ᠎ᠳᠦ 10000 ᠲᠤᠨ ᠲᠦᠷᠭᠡᠨ ᠬᠥᠯᠳᠡᠭᠡᠭᠰᠡᠨ ᠡᠷᠳᠡᠨᠢ ᠰᠢᠰᠢ᠎ᠶᠢᠨ ᠪᠦᠲᠦᠭᠡᠭᠳᠡᠬᠦᠨ ᠤᠢᠯᠡᠳᠪᠤᠷᠢᠯᠡᠵᠤ ᠲᠡᠢᠯᠦᠨ᠎ᠠ᠃ ᠪᠦᠲᠦᠭᠡᠭᠳᠡᠬᠦᠨ ᠤ᠋ ᠲᠥᠷᠥᠯ ᠵᠤᠢᠯ᠎ᠳᠦ ᠬᠥᠯᠳᠡᠭᠡᠭᠰᠡᠨ ᠡᠷᠳᠡᠨᠢ ᠰᠢᠰᠢ᠎ᠶᠢᠨ ᠮᠥᠬᠥᠯᠢᠭ᠂ ᠬᠥᠯᠳᠡᠭᠡᠭᠰᠡᠨ ᠡᠷᠳᠡᠨᠢ ᠰᠢᠰᠢ᠎ᠶᠢᠨ ᠬᠡᠰᠡᠭ᠂ ᠬᠥᠯᠳᠡᠭᠡᠭᠰᠡᠨ ᠪᠦᠬᠦᠯᠢ ᠡᠷᠳᠡᠨᠢ ᠰᠢᠰᠢ᠂ ᠬᠥᠯᠳᠡᠭᠡᠭᠰᠡᠨ ᠬᠤᠯᠤᠤᠪᠠᠡᠭ ᠤ᠋ᠨ ᠬᠡᠰᠡᠭ᠂ ᠬᠥᠯᠳᠡᠭᠡᠭᠰᠡᠨ ᠲᠥᠮᠥᠰᠥ᠍ᠨ ᠬᠡᠰᠡᠭ᠂ ᠬᠥᠯᠳᠡᠭᠡᠭᠰᠡᠨ ᠯᠠᠩᠭᠤᠸᠠ᠎ᠶᠢᠨ ᠬᠡᠰᠡᠭ᠂ ᠬᠥᠯᠳᠡᠭᠡᠭᠰᠡᠨ ᠬᠣᠯᠢᠮᠠᠭ ᠨᠣᠭᠣᠭ᠎ᠠ ᠵᠡᠷᠭᠡ ᠵᠢ ᠪᠠᠭᠳᠠᠭᠠᠨ᠎ᠠ᠃ ᠪᠢᠳᠡᠨ᠎ᠦ ᠪᠦᠲᠦᠭᠡᠭᠳᠡᠬᠦᠨ ᠪᠦᠬᠦ᠌ ᠤᠯᠤᠰ ᠤ᠋ᠨ ᠡᠯ᠎ᠡ ᠭᠠᠵᠠᠷ᠎ᠤᠨ ᠲᠤᠮᠤ ᠬᠤᠳᠠᠯᠳᠤᠭᠠᠨ᠎ᠦ ᠳᠡᠯᠭᠡᠭᠦᠷ᠂ ᠬᠠᠮ ᠳᠡᠯᠭᠡᠭᠦᠷ ᠵᠢᠴᠢ ᠶᠠᠫᠣᠨ᠎ᠳᠤ ᠪᠣᠷᠣᠯᠠᠭᠤᠯᠤᠭᠳᠠᠵᠤ ᠪᠤᠢ᠃ ᠺᠣᠮᠫᠠᠨᠢ᠎ᠳᠤ ᠤᠳᠤ 130 ᠠᠵᠢᠯᠲᠠᠨ᠎ᠲᠠᠶ᠂ ᠡᠭᠦᠨ᠎ᠳᠦ ᠲᠤᠬᠠᠶ᠎ᠶᠢᠨ ᠭᠠᠵᠠᠷ᠎ᠤᠨ ᠬᠥᠮᠦᠨ 50% ᠎ᠠ᠋ᠴᠠ ᠳᠡᠭᠡᠭᠰᠢ᠎ᠶᠢ ᠡᠵᠡᠯᠡᠨ᠎ᠡ》 ᠬᠡᠵᠤ ᠲᠠᠨᠢᠯᠴᠠᠭᠤᠯᠤᠨ᠎ᠠ᠃

ᠣᠶ᠋ᠢᠯᠠᠭᠠᠭᠰᠠᠨ᠎ᠢᠶᠠᠷ᠂ ᠣᠳᠣᠬᠠᠨ᠎ᠳᠤ ᠰᠢᠩ ᠾᠧ ᠰᠢᠶᠠᠨ᠎ᠤ ᠰᠢᠬᠢᠷᠯᠢᠭ ᠡᠷᠳᠡᠨᠢ ᠰᠢᠰᠢ ᠳᠠᠷᠢᠬᠤ ᠲᠠᠯᠠᠪᠠᠶ ᠨᠢ 0.78 ᠲᠦᠮᠡᠨ ᠮᠤ᠌᠎ᠳᠦ ᠬᠦᠷᠴᠦ᠍᠂ ᠪᠣᠯᠪᠠᠰᠤᠷᠠᠭᠤᠯᠬᠤ ᠠᠵᠤ ᠠᠬᠤᠶ᠋ᠢᠯᠠᠯ 4 ᠪᠠᠶ᠋ᠢᠵᠤ᠂ ᠵᠢᠯ᠎ᠦᠨ ᠪᠣᠯᠪᠠᠰᠤᠷᠠᠭᠤᠯᠬᠤ ᠴᠢᠳᠠᠪᠤᠷᠢ ᠨᠢ 2 ᠲᠦᠮᠡᠨ ᠲᠣᠨ᠎ᠳᠤ ᠬᠦᠷᠴᠦ᠍ ᠪᠠᠶ᠋ᠢᠨ᠎ᠠ᠃


[ᠰᠤᠷᠪᠤᠯᠵᠢᠯᠠᠭᠴᠢ᠎ᠶᠢᠨ ᠡᠪᠤᠷ ᠲᠡᠮᠳᠡᠭᠯᠡᠯ]᠄ ᠲᠠᠷᠢᠶᠠᠨ ᠳᠤᠮᠳᠠ ᠬᠠᠳᠤᠵᠤ ᠬᠤᠷᠢᠶᠠᠬᠤ ᠮᠠᠰᠢᠨ ᠬᠦᠷᠴᠢᠭᠢᠨᠡᠨ᠂ ᠪᠤᠯᠪᠠᠰᠤᠷᠠᠭᠤᠯᠬᠤ ᠲᠠᠰᠤᠭ᠎ᠲᠤ ᠮᠠᠰᠢᠨ ᠲᠤᠨᠤᠭ ᠵᠤᠭᠰᠤᠯ ᠥᠬᠡᠶ ᠠᠵᠢᠯᠯᠠᠨ᠎ᠠ ᠁ ᠡᠨᠡ ᠪᠣᠯ ᠮᠢᠨᠦ᠍ ᠰᠢᠩ ᠾᠧ ᠰᠢᠶᠠᠨ᠎ᠳᠤ ᠰᠢᠬᠢᠷᠯᠢᠭ ᠡᠷᠳᠡᠨᠢ ᠰᠢᠰᠢ᠎ᠶᠢᠨ ᠠᠵᠤ ᠤᠢᠯᠡᠰ᠎ᠢ ᠰᠤᠷᠪᠤᠯᠵᠢᠯᠠᠵᠤ ᠶᠠᠪᠤᠬᠤ ᠲᠤᠮᠳᠠ ᠤᠯᠵᠤ ᠬᠠᠷᠠᠭᠰᠠᠠ ᠬᠠᠮᠤᠭ᠎ᠤᠨ ᠦᠨᠡᠨ ᠪᠣᠳᠠᠲᠠᠶ ᠦᠵᠡᠭᠳᠡᠯ᠎ᠤᠳ ᠪᠣᠯᠤᠨ᠎ᠠ᠃ ᠥᠩᠭᠡᠷᠡᠭᠰᠡᠨ᠎ᠳᠦ ᠲᠠᠷᠢᠶᠠᠴᠢᠨ ᠡᠷᠦᠬᠡ ᠡᠩ᠎ᠦᠨ ᠡᠷᠳᠡᠨᠢ ᠰᠢᠰᠢ᠎ᠶᠢ ᠣᠯᠠᠨ ᠳᠠᠷᠢᠵᠤ᠂ ᠠᠰᠢᠭ ᠣᠷᠣᠯᠭ᠎ᠠ ᠨᠢ ᠲᠣᠭᠲᠠᠪᠤᠷᠢ ᠥᠬᠡᠶ ᠪᠠᠶ᠋ᠢᠪᠠ᠃ ᠣᠲᠣ ᠡᠳ᠋ᠰᠢᠭᠦᠯᠦᠨ ᠪᠣᠯᠪᠠᠰᠤᠷᠠᠭᠤᠯᠬᠤ ᠤᠢᠯᠡᠳᠪᠤᠷᠢ ᠪᠠᠶ᠋ᠢᠭᠤᠯᠤᠭᠳᠠᠵᠤ᠂ ᠵᠠᠬᠢᠶᠠᠯᠠᠭ᠎ᠠ᠎ᠶᠢᠨ ᠲᠠᠷᠢᠶᠠᠯᠠᠩ ᠤᠢᠯᠡᠳᠪᠤᠷᠢᠯᠡᠯ ᠪᠣᠷᠣᠯᠠᠭᠤᠯᠭ᠎ᠠ᠎ᠶᠢᠨ ᠲᠦᠭᠵᠢᠷᠡᠯ᠎ᠴᠡᠭ᠎ᠢ ᠨᠡᠪᠲᠡᠷᠡᠭᠦᠯᠵᠦ᠍᠂ ᠲᠠᠷᠢᠮᠠᠯ᠎ᠤᠨ ᠡᠷᠦᠬᠡ᠎ᠶᠢ ᠢᠲᠡᠭᠡᠯ ᠲᠡᠭᠦᠯᠳᠡᠷ ᠪᠣᠯᠭᠠᠵᠠᠶ᠃

ᠲᠠᠷᠢᠶᠠᠨ ᠭᠠᠵᠠᠷ᠎ᠲᠦ ᠮᠠᠰᠢᠨ ᠵᠢᠡᠷ ᠴᠠᠭ ᠢ᠋ ᠠᠮᠵᠢᠨ ᠬᠤᠷᠢᠶᠠᠬᠤ᠎ᠠᠴᠠ ᠠᠪᠤᠭᠠᠳ ᠤᠢᠯᠡᠳᠪᠤᠷᠢ᠎ᠶᠢᠨ ᠲᠠᠰᠤᠭ᠎ᠤᠨ ᠬᠠᠯᠢᠰᠤ᠎ᠶᠢ ᠱᠠᠭᠠᠯᠬᠤ᠂ ᠮᠥᠯᠢᠬᠦ᠌᠂ ᠲᠦᠷᠭᠡᠨ ᠬᠥᠯᠳᠡᠭᠡᠵᠦ᠍ ᠪᠤᠯᠪᠠᠰᠤᠷᠠᠭᠤᠯᠬᠤ ᠬᠦᠷᠲᠡᠯ᠎ᠡ᠂ ᠴᠠᠭ ᠮᠦᠴᠠ ᠲᠠᠢ ᠤᠷᠤᠯᠳᠤᠨ ᠰᠢᠬᠢᠷᠯᠢᠭ ᠡᠷᠳᠡᠨᠢ ᠰᠢᠰᠢ ᠵᠢᠨ ᠰᠢᠨ᠎ᠡ ᠰᠣᠷᠭᠣᠭ ᠰᠢᠬᠢᠷᠯᠢᠭ ᠪᠠᠢᠳᠠᠯ ᠢ᠋ ᠪᠠᠳᠤᠯᠠᠨ᠎ᠠ᠃ ᠨᠢᠭᠡ ᠵᠢᠵᠢᠭᠬᠡᠨ ᠰᠢᠬᠢᠷᠯᠢᠭ ᠡᠷᠳᠡᠨᠢ ᠰᠢᠰᠢ᠂ ᠨᠢᠭᠡ ᠲᠠᠯ᠎ᠠ ᠨᠢ ᠲᠠᠷᠢᠶᠠᠨ ᠭᠠᠵᠠᠷ᠎ᠲᠠᠶ ᠵᠠᠯᠭᠠᠯᠳᠤᠵᠤ᠂ ᠨᠢᠭᠡ ᠲᠠᠯ᠎ᠠ ᠨᠢ ᠥᠷᠭᠡᠨ ᠠᠭᠤᠳᠠᠮ ᠵᠠᠬ᠎ᠠ ᠳᠡᠯᠭᠡᠭᠦᠷ᠎ᠲᠦ᠍ ᠨᠠᠪᠲᠡᠷᠡᠵᠤ᠂ ᠲᠠᠷᠢᠮᠠᠯ᠎ᠤᠨ ᠡᠷᠦᠬᠡ ᠵᠢᠨ ᠤᠷᠤᠯᠭ᠎ᠠ ᠵᠢ ᠨᠡᠮᠡᠭᠳᠡᠭᠦᠯᠬᠦ ᠵᠢᠨ ᠬᠠᠮᠳᠤ ᠲᠤᠬᠠᠢ᠎ᠶᠢᠨ ᠭᠠᠵᠠᠷ᠎ᠤᠨ ᠤᠯᠠᠨ ᠲᠦᠮᠡᠨ᠎ᠳᠦ ᠭᠡᠷ᠎ᠦᠨ ᠡᠭᠦᠳᠡᠨ ᠳ᠋ᠤᠨᠢ ᠠᠵᠢᠯ᠎ᠤᠨ ᠪᠠᠶ᠋ᠢᠷᠢ ᠬᠠᠩᠭᠠᠵᠤ ᠪᠤᠢ᠃

ᠠᠵᠤ ᠦᠢᠯᠡᠰ ᠬᠥᠭᠵᠢᠪᠡᠯ ᠬᠥᠳᠡᠭᠡ ᠲᠣᠰᠬᠣᠨ ᠬᠥᠭᠵᠢᠨ᠎ᠡ᠃ ᠰᠢᠩ ᠾᠧ ᠰᠢᠶᠠᠨ ᠲᠤᠰ ᠭᠠᠵᠠᠷ᠎ᠤᠨ ᠡᠬᠢ ᠪᠠᠶᠠᠯᠢᠭ᠎ᠲᠠᠭᠠᠨ ᠰᠠᠭᠤᠷᠢᠯᠠᠵᠤ᠂ ᠰᠢᠬᠢᠷᠯᠢᠭ ᠡᠷᠳᠡᠨᠢ ᠰᠢᠰᠢ᠎ᠶᠢᠨ ᠪᠦᠬᠦ᠌ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠵᠤ᠂ ᠭᠠᠵᠠᠷ ᠰᠢᠷᠣᠢ᠎ᠶᠢᠨ ᠳᠠᠪᠠᠭᠤᠯᠢᠭ᠎ᠢ ᠣᠷᠣᠯᠭ᠎ᠠ᠎ᠪᠠᠨ ᠨᠡᠮᠡᠭᠳᠡᠭᠦᠯᠬᠦ᠌ ᠳᠠᠪᠠᠭᠤᠯᠢᠭ ᠪᠣᠯᠭᠠᠨ ᠬᠤᠪᠢᠷᠠᠭᠤᠯᠪᠠ᠃ ᠲᠠᠷᠢᠶᠠᠨ ᠭᠠᠵᠠᠷ᠎ᠤᠨ ᠡᠯᠪᠡᠭ ᠬᠤᠷᠢᠶᠠᠯᠲᠠ᠂ ᠦᠢᠯᠡᠳᠪᠦᠷᠢ᠎ᠶᠢᠨ ᠶᠠᠭᠠᠷᠠᠯᠲᠠᠢ ᠠᠵᠢᠯᠯᠠᠵᠤ ᠪᠠᠢᠭ᠎ᠠ ᠪᠠᠢᠳᠠᠯ ᠪᠣᠯ ᠬᠥᠳᠡᠭᠡ ᠲᠣᠰᠬᠣᠨ᠎ᠤ ᠠᠵᠤ ᠦᠢᠯᠡᠰ᠎ᠢ ᠬᠥᠭᠵᠢᠭᠦᠯᠦᠨ ᠮᠠᠨᠳᠤᠭᠤᠯᠬᠤ ᠬᠠᠮᠤᠭ᠎ᠤᠨ ᠠᠮᠢᠳᠤᠯᠢᠭ ᠵᠢᠷᠤᠭ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面