2026-09-20 17:03:03
ᠨᠠᠮᠤᠷ᠎ᠤᠨ ᠤᠯᠠᠷᠢᠯ᠎ᠤᠨ ᠠᠷᠤ ᠬᠣᠷᠴᠢᠨ᠎ᠤ ᠲᠠᠯ᠎ᠠ ᠨᠤᠲᠤᠭ᠎ᠲᠤ᠌ ᠡᠪᠡᠰᠦ ᠮᠣᠳᠣ ᠢᠭᠴᠤᠷᠠᠵᠤ᠂ ᠲᠩᠷᠢ ᠴᠡᠯᠮᠡᠢᠵᠦ ᠡᠭᠦᠯᠡ ᠨᠡᠬᠦᠳᠡᠯᠯᠡᠨᠠ᠃ ᠪᠠᠷᠢᠮᠵᠢᠶᠠᠵᠢᠭᠰᠠᠨ ᠲᠡᠵᠢᠭᠡᠯ ᠡᠪᠡᠰᠦ ᠬᠠᠳᠤᠵᠤ ᠨᠦᠭᠡᠴᠡᠯᠡᠬᠦ ᠬᠥᠮᠥᠷᠭᠡᠨᠦᠭᠦᠳᠢ ᠲᠡᠷᠢ ᠲᠡᠭᠰᠢ ᠵᠢᠭᠳᠡᠷᠡᠵᠦ᠂ ᠬᠥᠮᠥᠷᠭᠡ᠎ᠳᠡᠬᠢ ᠲᠡᠵᠢᠭᠡᠯ ᠡᠪᠡᠰᠦ ᠪᠠᠨ ᠲᠡᠷᠢ ᠲᠡᠭᠰᠢ ᠣᠪᠣᠭᠠᠯᠠᠵᠤ ᠲᠠᠯᠪᠢᠭᠠᠳ᠂ ᠲᠣᠭᠲᠠᠮᠠᠯ ᠳᠤᠯᠠᠭᠠᠨ᠎ᠢᠶᠠᠷ ᠬᠠᠳᠠᠭᠠᠯᠠᠨ᠎ᠠ᠃ ᠡᠳᠡᠭᠡᠷ ᠬᠥᠮᠥᠷᠭᠡ ᠨᠢ ᠡᠩ᠎ᠦᠨ ᠬᠦᠮᠦᠷᠭᠡ ᠪᠢᠰᠢ᠂ ᠤᠨᠴᠠᠭᠠᠢ ᠠᠭᠤᠷ ᠠᠮᠢᠰᠬᠤᠯ᠎ᠳᠤ ᠲᠡᠵᠢᠭᠡᠯ ᠡᠪᠡᠰᠦ᠎ᠵᠢ ᠰᠢᠨ᠎ᠡ ᠰᠣᠷᠭᠣᠭ᠎ᠢᠶᠠᠷ ᠨᠢ ᠪᠠᠢᠯᠭᠠᠵᠦ᠂ ᠦᠬᠡᠷ ᠬᠣᠨᠢᠨ᠎ᠤ ᠡᠪᠦᠯ᠎ᠤᠨ 《ᠬᠦᠨᠡᠰᠦ ᠲᠠᠰᠤᠷᠠᠬᠤ》ᠦᠭᠡᠢ ᠪᠠᠢᠬᠤ᠎ᠵᠢ ᠪᠠᠲᠤᠯᠠᠨ᠎ᠠ᠃ ᠡᠨᠡ ᠪᠣᠯ ᠪᠥᠬᠥ᠌ ᠤᠯᠤᠰ᠎ᠤᠨ ᠴᠤᠷ᠎ᠤᠨ ᠭᠠᠭᠴᠠ ᠪᠡᠯᠴᠢᠭᠡᠷ᠎ᠤᠨ ᠮᠠᠯ ᠠᠵᠤ ᠠᠬᠤᠶ ᠶ᠋ᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠭᠦᠯᠬᠦ᠌ ᠲᠤᠷᠰᠢᠯᠲᠠ ᠶ᠋ᠢᠨ ᠬᠣᠰᠢᠭᠤ ᠪᠣᠯᠤᠭᠰᠠᠨ ᠤᠯᠠᠭᠠᠨᠬᠠᠳᠠ ᠬᠣᠲᠠ ᠶ᠋ᠢᠨ ᠠᠷᠤ ᠬᠣᠷᠴᠢᠨ ᠬᠤᠰᠢᠭᠤᠨ᠎ᠤ ᠭᠠᠴᠠᠭᠠᠨ᠎ᠳᠠᠭᠠᠨ ᠣᠷᠣᠭᠤᠯᠤᠭᠰᠠᠨ 《ᠰᠢᠨ᠎ᠡ ᠬᠥᠷᠥᠩᠭᠡ ᠬᠤᠭᠰᠢᠯ》 ᠪᠣᠯᠤᠨ᠎ᠠ ᠃
ᠡᠪᠦᠯ ᠬᠠᠪᠤᠷ᠎ᠤᠨ ᠵᠤᠳ ᠰᠢᠭᠤᠷᠭᠠᠨ᠎ᠳᠤ ᠮᠠᠯ᠎ᠤᠨ ᠲᠡᠵᠢᠭᠡᠯ ᠡᠪᠡᠰᠦ ᠲᠤᠳᠠᠭᠳᠠᠵᠦ᠂ ᠮᠠᠯ ᠲᠠᠷᠭᠤ ᠠᠯᠳᠠᠬᠤ ᠪᠤᠶᠤ ᠦᠬᠦᠵᠦ ᠬᠤᠷᠤᠭᠳᠠᠨ᠂ ᠨᠢᠭᠡ ᠵᠢᠯ᠎ᠤᠨ ᠬᠦᠳᠡᠯᠮᠦᠷᠢᠯᠡᠭᠰᠡᠨ ᠨᠢ ᠲᠠᠯᠠᠭᠠᠷ ᠪᠤᠯᠬᠤ ᠡᠴᠡ ᠮᠠᠯᠴᠢᠳ ᠬᠠᠮᠤᠭ ᠡᠴᠡ ᠢᠯᠡᠬᠦᠦ ᠠᠶᠤᠨ᠎ᠠ᠃ ᠱᠣᠤ᠎ᠬᠢᠨ ᠪᠠᠯᠭᠠᠰᠤ ᠵᠢᠨ ᠳᠡᠪᠡᠯ᠎ᠢ ᠭᠠᠴᠠᠭᠠᠨ᠎ᠤ ᠨᠠᠮ᠎ᠤᠨ ᠡᠭᠦᠷ᠎ᠦᠨ ᠱᠦᠵᠢ ᠪᠠᠶᠠᠨᠰᠠᠩ ᠡᠢᠮᠦᠷᠬᠦᠦ ᠪᠠᠢᠳᠠᠯ ᠢ ᠪᠡᠶ᠎ᠡ ᠪᠡᠷ ᠵᠢᠡᠨ ᠦᠩᠭᠡᠷᠡᠭᠡᠭᠰᠡᠨ ᠪᠤᠯᠬᠤᠷ ᠮᠠᠰᠢ ᠬᠦᠨ ᠰᠠᠭᠤᠭᠳᠠᠯ ᠲᠠᠢ᠂ 《ᠥᠩᠭᠡᠷᠡᠭᠡᠭᠰᠡᠨ᠎ᠳᠦ ᠵᠠᠳᠠᠭᠠᠶ ᠭᠠᠵᠠᠷ ᠤᠪᠤᠭᠠᠯᠠᠭᠰᠠᠨ ᠡᠪᠡᠰᠦ ᠴᠠᠰᠤ ᠰᠢᠭᠤᠷᠭ᠎ᠠ ᠪᠣᠯᠤᠮᠠᠭᠴᠠ ᠬᠦᠨᠳᠦ ᠨᠣᠴᠢᠲᠠᠶ ᠬᠣᠷᠣᠭᠳᠠᠵᠤ᠂ ᠦᠬᠡᠷ ᠬᠣᠨᠢ᠎ᠵᠢ ᠡᠪᠦᠯᠵᠢᠬᠦᠯᠬᠦ᠎ᠳᠤ ᠬᠦᠷᠦᠯᠴᠡᠬᠦ ᠦᠭᠡᠢ ᠪᠤᠯᠳᠠᠭ》 ᠬᠡᠵᠦ ᠲᠡᠷᠡ ᠬᠡᠯᠡᠨ᠎ᠠ᠃ ᠡᠨᠡ ᠵᠢᠯ᠂ ᠶᠡᠷᠦᠩᠬᠡᠶ ᠪᠠᠯᠠ ᠣᠷᠣᠭᠤᠯᠤᠯᠲᠠ᠎ᠨᠢ 144.23 ᠲᠦᠮᠡᠨ ᠲᠥᠭᠥᠷᠢᠭ᠎ᠦᠨ ᠪᠠᠷᠢᠮᠵᠢᠶᠠᠵᠢᠭᠰᠠᠨ ᠡᠪᠡᠰᠦᠨ ᠬᠥᠮᠥᠷᠭᠡ ᠶ᠋ᠢᠨ ᠲᠥᠷᠥᠯ ᠵᠦᠢᠯ᠎ᠨᠢ ᠳᠥᠷᠪᠡᠳᠡᠢ ᠭᠠᠴᠠᠭ᠎ᠠ ᠪᠣᠯᠤᠨ ᠳᠡᠪᠡᠯ᠎ᠢ ᠭᠠᠴᠠᠭ᠎ᠠ᠎ᠳᠤ ᠨᠠᠶ᠋ᠢᠳᠠᠪᠤᠷᠢᠵᠢᠭᠳᠠᠵᠤ᠂ 4000 ᠲᠡᠭᠰᠢ ᠳᠥᠷᠪᠡᠯᠵᠢᠨ ᠮᠧᠲᠷ᠎ᠤᠨ ᠬᠥᠮᠥᠷᠭᠡ ᠶ᠋ᠢ ᠰᠢᠨ᠎ᠡ᠎ᠪᠡᠷ ᠪᠠᠶ᠋ᠢᠭᠤᠯᠵᠤ᠂ 5000 ᠲᠣᠨ ᠡᠪᠡᠰᠦ ᠪᠣᠷᠳᠣᠭ᠎ᠠ ᠨᠥᠭᠡᠴᠡᠯᠡᠬᠦ᠌ ᠴᠢᠳᠠᠪᠤᠷᠢ ᠲᠠᠢ ᠪᠤᠯᠤᠭᠰᠠᠨ ᠡᠴᠡ ᠡᠪᠡᠰᠦ ᠪᠣᠷᠳᠣᠭ᠎ᠠ ᠶ᠋ᠢ ᠳᠥᠷᠪᠡᠨ ᠤᠯᠠᠷᠢᠯ᠎ᠳᠤ ᠲᠡᠩᠴᠡᠭᠦᠷᠢᠲᠡᠶ ᠲᠣᠬᠢᠷᠠᠭᠤᠯᠵᠤ᠂ ᠮᠠᠯ ᠰᠦᠷᠦᠭ᠎ᠢ ᠮᠡᠨᠳᠤ ᠠᠮᠤᠷ᠎ᠢᠶᠡᠷ ᠡᠪᠦᠯᠵᠢᠭᠦᠯᠬᠦ᠌ᠳᠦ ᠪᠠᠲᠤᠯᠠᠭ᠎ᠠ ᠲᠠᠢ ᠪᠣᠯᠵᠣ᠂ ᠡᠪᠡᠰᠦ ᠬᠠᠳᠠᠭᠠᠯᠠᠬᠤ ᠬᠥᠮᠥᠷᠭᠡ ᠮᠠᠯᠴᠢᠳ᠎ᠤᠨ ᠬᠠᠮᠤᠭ᠎ᠡᠴᠡ ᠢᠯᠡᠬᠦᠦ 《ᠠᠶᠤᠬᠤ》 ᠠᠰᠠᠭᠤᠳᠠᠯ᠎ᠢ ᠰᠢᠶ᠋ᠳᠪᠦᠷᠢᠯᠡᠭᠰᠡᠨ ᠪᠦᠭᠡᠳ ᠬᠥᠮᠥᠷᠭᠡ ᠶ᠋ᠢ ᠲᠦᠷᠢᠶᠡᠰᠦᠯᠡᠬᠦᠯᠦᠭᠡᠳ ᠬᠠᠮᠲᠤ ᠶ᠋ᠢᠨ ᠠᠵᠤ ᠠᠬᠤᠶ ᠶ᠋ᠢᠨ ᠤᠷᠤᠯᠭ᠎ᠠ ᠵᠢ ᠨᠡᠮᠡᠭᠳᠡᠬᠦᠯᠦᠨ᠂ ᠠᠷᠠᠳ᠎ᠲᠤ᠌ ᠠᠰᠢᠭ ᠬᠦᠷᠲᠡᠭᠡᠵᠠᠢ᠃
ᠣᠶᠤᠨᠴᠢ ᠦᠬᠡᠷ᠎ᠦᠨ ᠬᠦᠷᠢᠶᠡᠯᠡᠩ ᠲᠤᠭᠤᠷᠢᠭ ᠪᠣᠯ ᠭᠠᠴᠠᠭᠠᠨ᠎ᠤ ᠪᠠᠰᠠ ᠨᠢᠭᠡᠨ《ᠰᠢᠨ᠎ᠡ ᠬᠥᠷᠥᠩᠭᠡ ᠬᠤᠭᠰᠢᠯ》 ᠪᠠᠢᠵᠦ᠂ ᠡᠨᠡ ᠨᠢ ᠲᠡᠵᠢᠭᠡᠨ ᠦᠷᠡᠵᠢᠭᠦᠯᠬᠦ᠌ ᠠᠷᠭ᠎ᠠ ᠮᠠᠶᠢᠭ ᠢ 《ᠲᠩᠷᠢ᠎ᠶᠢᠨ ᠴᠢᠷᠠᠢ᠎ᠵᠢ ᠬᠠᠷᠠᠨ ᠮᠠᠯᠵᠢᠬᠤ》 ᠡᠴᠡ 《ᠤᠶᠤᠨᠴᠢ ᠪᠡᠷ ᠪᠣᠷᠳᠣᠨ ᠲᠠᠷᠭᠤᠯᠠᠭᠤᠯᠬᠤ》 ᠪᠣᠯᠭᠠᠨ ᠬᠤᠪᠢᠷᠠᠭᠤᠯᠬᠤ᠎ᠶᠢ ᠠᠬᠢᠭᠤᠯᠤᠬᠰᠠᠨ ᠲᠦᠷᠭᠡᠳᠭᠡᠬᠦᠷ ᠪᠤᠯᠵᠠᠢ᠃
ᠤᠯᠠᠮᠵᠢᠯᠠᠯᠲᠤ᠌ ᠠᠷᠭ᠎ᠠ ᠪᠡᠷ ᠪᠡᠯᠴᠢᠭᠡᠷᠯᠡᠬᠦᠯᠦᠨ ᠮᠠᠯᠵᠢᠬᠤ᠎ᠳᠤ᠂ ᠨᠢᠭᠡ ᠬᠥᠮᠦᠨ ᠬᠠᠮᠤᠭ ᠤᠯᠠᠨ᠎ᠳᠠᠭᠠᠨ ᠬᠡᠳᠦᠨ ᠠᠷᠪᠠᠨ ᠦᠬᠡᠷ᠎ᠢ ᠯᠡ ᠬᠠᠮᠢᠶᠠᠷᠴᠦ ᠲᠡᠢᠯᠦᠨ᠎ᠠ᠂ ᠭᠡᠪᠡᠴᠦ᠍ ᠪᠠᠶᠠᠨᠬᠤᠸᠠ ᠪᠠᠯᠭᠠᠰᠤᠨ᠎ᠤ ᠴᠢᠨᠠᠷ ᠰᠠᠶ᠋ᠢᠲᠠᠶ ᠰᠦ᠋ ᠮᠢᠬᠠᠨ᠎ᠤ ᠭᠡᠷᠡᠭᠴᠡᠭᠡᠳᠦ ᠦᠬᠡᠷ᠎ᠦᠨ ᠲᠣᠭᠠᠴᠢᠯᠠᠬᠰᠠᠨ ᠣᠶᠤᠨᠴᠢ ᠬᠦᠷᠢᠶᠡᠯᠡᠩ ᠲᠣᠭᠣᠷᠢᠭ᠎ᠲᠤ᠌᠂ ᠪᠠᠷᠢᠮᠵᠢᠶᠠᠵᠢᠭᠰᠠᠨ ᠫᠧᠩ ᠬᠣᠷᠣᠭ᠎ᠠ ᠨᠢ ᠲᠡᠷᠢ ᠲᠡᠭᠰᠢ ᠵᠢᠭᠳᠡᠷᠡᠨ ᠵᠠᠯᠭᠠᠯᠳᠤᠵᠤ᠂ ᠣᠶᠤᠨᠴᠢ ᠪᠠᠷ ᠲᠡᠵᠢᠭᠡᠬᠦ᠌ ᠲᠥᠬᠥᠭᠡᠷᠦᠮᠵᠢᠥᠨᠳᠥᠷ ᠪᠦᠲᠦᠮᠵᠢᠲᠡᠶ ᠠᠵᠢᠯᠯᠠᠵᠤ᠂ ᠰᠢᠨᠵᠢᠯᠡᠬᠦ᠌ ᠤᠬᠠᠭᠠᠨᠴᠢᠯᠠᠭᠰᠠᠨ᠂ ᠡᠷᠴᠢᠮᠵᠢᠭᠦᠯᠦᠭᠰᠡᠨ ᠵᠠᠭᠪᠤᠷ᠎ᠨᠢ ᠪᠦᠳᠦᠭᠦᠯᠢᠭ ᠮᠠᠶᠢᠭ᠎ᠤᠨ ᠤᠯᠠᠮᠵᠢᠯᠠᠯᠲᠤ᠌ ᠲᠡᠵᠢᠭᠡᠨ ᠦᠷᠡᠵᠢᠭᠦᠯᠬᠦ᠌ ᠦᠢᠯᠡᠰ ᠢ ᠪᠥᠬᠥ᠌ ᠲᠠᠯ᠎ᠠ᠎ᠪᠠᠷ ᠣᠷᠣᠯᠠᠵᠠᠢ᠃ ᠤᠯᠠᠭᠠᠨᠬᠠᠳᠠ ᠶ᠋ᠢᠨ ᠰᠢᠶᠦᠢ᠍ᠨ ᡂᠢ ᠮᠠᠯ ᠠᠵᠤ ᠠᠬᠤᠢ ᠲᠠᠷᠢᠶᠠᠯᠠᠩ᠎ᠤᠨ ᠬᠢᠵᠠᠭᠠᠷᠲᠤ᠌ ᠺᠣᠮᠫᠠᠨᠢ ᠶ᠋ᠢᠨ ᠮᠠᠯᠵᠢᠯ᠎ᠤᠨ ᠲᠠᠯᠠᠪᠠᠢ ᠶ᠋ᠢᠨ ᠬᠠᠷᠢᠭᠤᠴᠠᠯᠭᠠᠲᠠᠨ ᠽᠸᠩ ᠰᠢᠶᠠᠩ ᠸᠧᠢ ᠶ᠋ᠢᠨ ᠲᠠᠨᠢᠯᠴᠠᠭᠤᠯᠤᠭᠰᠠᠨ᠎ᠢᠶᠠᠷ᠂ ᠬᠦᠷᠢᠶᠡᠯᠡᠩ ᠲᠣᠭᠣᠷᠢᠭ᠎ᠤᠨ ᠨᠢᠭᠡᠳᠦᠭᠡᠷ ᠬᠤᠭᠤᠴᠠᠭᠠᠨ᠎ᠤ ᠢᠨᠵᠧᠨᠧᠷᠢᠩ᠎ᠦᠨ ᠪᠡᠯᠡ ᠣᠷᠣᠭᠤᠯᠤᠯᠲᠠ 5900 ᠭᠠᠷᠤᠢ ᠲᠦᠮᠡᠨ ᠲᠥᠭᠥᠷᠢᠭ᠎ᠲᠦ ᠬᠦᠷᠴᠦ ᠨᠢᠭᠡᠨᠲᠡ ᠠᠰᠢᠭᠯᠠᠯᠲᠠ᠎ᠳᠤ ᠣᠷᠣᠭᠤᠯᠤᠨ᠂ 2000 ᠭᠠᠷᠤᠢ ᠮᠢᠬᠠᠨ᠎ᠤ ᠦᠬᠡᠷ᠎ᠢ ᠣᠷᠣᠭᠤᠯᠤᠨ ᠲᠡᠵᠢᠬᠡᠵᠦ ᠪᠤᠢ᠃ ᠪᠦᠬᠦ᠌ ᠶᠠᠪᠤᠴᠠ ᠶ᠋ᠢ ᠤᠶᠤᠨᠴᠢᠯᠠᠨ ᠬᠠᠮᠢᠶᠠᠷᠤᠨ ᠡᠵᠡᠮᠳᠡᠵᠦ᠍᠂ ᠬᠥᠮᠦᠨ᠎ᠦ ᠬᠦᠴᠦᠨ᠎ᠢ ᠠᠷᠪᠢᠯᠠᠵᠤ᠂ ᠦᠷ᠎ᠡ ᠠᠰᠢᠭ᠎ᠢ ᠳᠡᠭᠡᠭᠰᠢᠯᠡᠭᠦᠯᠪᠠ᠃ ᠬᠦᠷᠢᠶᠡᠯᠡᠩ ᠲᠣᠭᠣᠷᠢᠭ ᠲᠦᠯᠦᠪᠵᠢᠬᠦᠯᠬᠡ᠎ᠪᠡᠷ 1 ᠲᠦᠮᠡᠨ ᠮᠢᠬᠠᠨ᠎ᠤ ᠦᠬᠡᠷ ᠲᠡᠵᠢᠬᠡᠵᠦ᠂ ᠵᠢᠯ ᠳᠦ 1 ᠲᠦᠮᠡᠨ ᠦᠬᠡᠷ᠎ᠢ ᠪᠤᠷᠤᠯᠠᠭᠤᠯᠤᠨ᠂ ᠵᠢᠯ᠎ᠦᠨ ᠦᠢᠯᠡᠳᠬᠦᠨ᠎ᠦ ᠥᠷᠲᠡᠭ᠎ᠨᠢ 2 ᠳ᠋ᠦᠩᠰᠢᠭᠤᠷ ᠲᠥᠭᠥᠷᠢᠭ᠎ᠲᠦ᠍ ᠬᠦᠷᠴᠦ᠍᠂ 60 ᠭᠠᠷᠤᠶ ᠬᠥᠮᠦᠨ ᠢ ᠳᠠᠶ᠋ᠢᠴᠢᠯᠠᠨ ᠲᠤᠬᠠᠶ ᠶ᠋ᠢᠨ ᠭᠠᠵᠠᠷ᠎ᠲᠤᠨᠢ ᠲᠣᠭᠲᠠᠭᠤᠨ᠎ᠢᠶᠠᠷ ᠠᠵᠢᠯ ᠣᠯᠭᠣᠵᠤ᠂ ᠳᠠᠭᠠᠭᠤᠯᠤᠭᠴᠢ ᠠᠵᠦ ᠠᠬᠤᠢᠯᠠᠯ᠎ᠤᠨ ᠵᠢᠱ᠌ᠢᠶ᠎ᠡ ᠦᠵᠡᠭᠦᠯᠬᠦ᠌ ᠦᠢᠯᠡᠳᠤᠯ᠎ᠢᠶᠡᠨ ᠪᠠᠳᠠᠷᠠᠭᠤᠯᠬᠤ ᠪᠤᠯᠤᠨ᠎ᠠ᠃
ᠬᠠᠨ ᠷᠦ ᠴᠠᠭᠠᠨ ᠢᠳᠡᠭᠡᠨ᠎ᠦ ᠦᠢᠯᠡᠳᠪᠦᠷᠢᠴᠠᠭᠠᠨ ᠢᠳᠡᠭᠡᠨ ᠪᠤᠯᠪᠠᠰᠤᠷᠠᠭᠤᠯᠬᠤ ᠤᠯᠠᠮᠵᠢᠯᠠᠯᠲᠤ᠌ ᠤᠷ᠎ᠠ ᠮᠡᠷᠭᠡᠵᠢᠯ ᠬᠢᠭᠡᠳ ᠣᠲᠣ ᠦᠶ᠎ᠡ ᠶ᠋ᠢᠨ ᠦᠢᠯᠡᠳᠪᠦᠷᠢᠯᠡᠯ᠎ᠦᠨ ᠲᠥᠬᠥᠭᠡᠷᠦᠮᠵᠢ ᠶ᠋ᠢ ᠣᠷᠭᠠᠨᠢᠭ᠎ᠢᠶᠠᠷ ᠠᠭᠤᠰᠤᠯᠴᠠᠭᠤᠯᠤᠨ ᠥᠷᠥᠮ᠎ᠡ᠂ ᠬᠤᠷᠤᠳ᠂ ᠰᠢᠷ᠎ᠠ ᠲᠣᠰᠣ ᠵᠡᠷᠭᠡ 20 ᠭᠠᠷᠤᠶ ᠵᠦᠢᠯ᠎ᠦᠨ ᠣᠨᠴᠠᠯᠢᠭᠲᠤ᠌ ᠴᠠᠭᠠᠨ ᠢᠳᠡᠭᠡᠨ᠎ᠢ ᠵᠠᠬ᠎ᠠ ᠳᠡᠯᠭᠡᠭᠦᠷ᠎ᠲᠦ᠍ ᠭᠠᠷᠭᠠᠵᠦ ᠪᠤᠢ᠃ ᠦᠢᠯᠡᠳᠪᠦᠷᠢ ᠶ᠋ᠢᠨ ᠳᠠᠷᠤᠭ᠎ᠠ ᠥᠷᠭᠡᠨᠳᠠᠯᠠᠶ᠂ 《ᠠᠵᠤ ᠠᠬᠤᠶ᠋ᠢᠯᠠᠯ ᠨᠢ ᠲᠠᠯ᠎ᠠ ᠨᠤᠲᠤᠭ᠎ᠤᠨ ᠪᠠᠢᠭᠠᠯᠢᠯᠢᠭ ᠦᠨᠦᠷ ᠠᠮᠲᠠ ᠶ᠋ᠢ ᠬᠠᠳᠠᠭᠠᠯᠠᠵᠦ᠂ ᠦᠢᠯᠡᠳᠪᠦᠷᠢᠯᠡᠯ᠎ᠦᠨ ᠪᠠᠷᠢᠮᠵᠢᠶ᠎ᠠ ᠪᠣᠯᠤᠨ ᠠᠮᠤᠷ ᠲᠦᠪᠰᠢᠨ᠎ᠦ ᠰᠢᠰᠲ᠋ᠧᠮ᠎ᠢᠶᠡᠨ ᠵᠡᠷᠭᠡ᠎ᠪᠡᠷ ᠲᠠᠰ ᠳᠡᠪᠰᠢᠭᠦᠯᠵᠠᠢ᠃ ᠮᠠᠯ ᠠᠵᠤ ᠠᠬᠤᠶ ᠶ᠋ᠢᠨ ᠬᠡᠯᠪᠡᠷᠢ ᠪᠡᠨ ᠬᠤᠪᠢᠷᠠᠭᠤᠯᠤᠨ ᠲᠠᠰ ᠳᠡᠪᠰᠢᠭᠦᠯᠬᠦ᠌ ᠲᠥᠷᠥᠯ ᠵᠦᠢᠯ᠎ᠳᠦ ᠲᠦᠰᠢᠭᠯᠡᠨ ᠥᠭᠡᠷᠡᠴᠢᠯᠡᠵᠦ᠍ ᠥᠷᠭᠡᠳᠬᠡᠨ ᠪᠠᠶ᠋ᠢᠭᠤᠯᠬᠤ ᠶ᠋ᠢ ᠪᠡᠶᠡᠯᠡᠭᠦᠯᠦᠭᠰᠡᠨ᠎ᠦ ᠳᠠᠷᠠᠭ᠎ᠠ᠂ ᠵᠢᠯ᠎ᠦᠨ ᠭᠠᠷᠤᠯᠲᠠ ᠶ᠋ᠢ 600 ᠡᠴᠡ 800 ᠲᠣᠨ᠎ᠳᠤ ᠲᠣᠭᠲᠠᠪᠤᠷᠢᠵᠢᠭᠤᠯᠵᠤ᠂ ᠲᠤᠬᠠᠢ ᠵᠢᠨ ᠭᠠᠵᠠᠷ᠎ᠤᠨ ᠮᠠᠯᠴᠢᠳ᠎ᠤᠨ ᠰᠠᠭᠠᠭᠰᠠᠨ ᠰᠦ ᠵᠢ ᠲᠤᠬᠠᠢ ᠵᠢᠨ ᠭᠠᠵᠠᠷ ᠲᠤᠨᠢ ᠪᠤᠯᠪᠠᠰᠤᠷᠠᠭᠤᠯᠵᠦ᠂ ᠶᠠᠰᠤ ᠴᠢᠨᠠᠷ᠎ᠢ ᠳᠡᠭᠡᠭᠰᠢᠯᠡᠭᠦᠯᠦᠨ ᠥᠷᠲᠡᠭ᠎ᠢ ᠨᠡᠮᠡᠭᠳᠡᠭᠦᠯᠵᠦ᠍᠂ ᠡᠷᠬᠢᠨ ᠲᠣᠭᠣᠷᠢᠨ᠎ᠤ ᠮᠠᠯᠴᠢᠳ᠎ᠤᠨ ᠣᠷᠣᠯᠭ᠎ᠠ ᠵᠢᠨ ᠨᠡᠮᠡᠭᠳᠡᠯ᠎ᠢ ᠲᠠᠢᠴᠢᠯᠠᠵᠠᠢ》 ᠭᠡᠵᠦ ᠰᠤᠷᠪᠤᠯᠵᠢᠯᠠᠭ᠎ᠠ ᠬᠦᠯᠢᠶᠡᠬᠦ᠎ᠳᠡᠭᠡᠨ ᠬᠡᠯᠡᠨ᠎ᠡ᠃
ᠮᠠᠨᠢᠲᠤ᠌ ᠭᠠᠴᠠᠭ᠎ᠠ᠎ᠶᠢᠨ ᠮᠠᠯ ᠠᠵᠤ ᠠᠬᠤᠢ ᠶ᠋ᠢᠨ ᠬᠡᠯᠪᠡᠷᠢ ᠶ᠋ᠢ ᠬᠤᠪᠢᠷᠠᠭᠤᠯᠤᠨ ᠳᠡᠰ ᠳᠡᠪᠰᠢᠭᠦᠯᠬᠦ᠌ ᠲᠥᠷᠥᠯ ᠵᠦᠢᠯ᠎ᠢ ᠡᠨᠡ ᠵᠢᠯ᠎ᠦᠨ 8 ᠰᠠᠷ᠎ᠠ᠎ᠳᠤ ᠪᠦᠬᠦ᠌ ᠲᠠᠯ᠎ᠠ᠎ᠪᠠᠷ ᠳᠠᠭᠤᠰᠬᠠᠵᠤ ᠠᠰᠢᠭᠯᠠᠯᠲᠠ᠎ᠳᠤ ᠣᠷᠣᠭᠤᠯᠤᠨ᠂ ᠨᠡᠶ᠋ᠢᠲᠡ 2100 ᠲᠦᠮᠡᠨ ᠲᠥᠭᠥᠷᠢᠭ ᠦᠨ ᠪᠡᠯᠡ ᠣᠷᠣᠭᠤᠯᠵᠤ᠂ 125 ᠰᠠᠭᠤᠷᠢ ᠡᠯ᠎ᠡ ᠲᠥᠷᠥᠯ᠎ᠦᠨ ᠲᠡᠵᠢᠭᠡᠨ ᠦᠷᠡᠵᠢᠭᠦᠯᠬᠦ᠌ ᠮᠠᠰᠢᠨ ᠲᠥᠬᠥᠭᠡᠷᠦᠮᠵᠢ ᠤᠭᠰᠠᠷᠠᠨ᠂ 7400 ᠮᠤ᠌ ᠡᠪᠡᠰᠦ ᠪᠣᠷᠳᠣᠭᠠᠨ᠎ᠤ ᠭᠠᠵᠠᠷ᠎ᠢ ᠰᠠᠢᠵᠢᠷᠠᠭᠤᠯᠵᠦ᠂ 7000 ᠲᠡᠭᠰᠢ ᠳᠥᠷᠪᠡᠯᠵᠢᠨ ᠮᠧᠲᠷ᠎ᠤᠨ ᠪᠠᠷᠢᠮᠵᠢᠶᠠᠵᠢᠭᠰᠠᠨ ᠫᠧᠩ ᠬᠣᠷᠣᠭ᠎ᠠ᠂ 1500 ᠲᠡᠭᠰᠢ ᠳᠥᠷᠪᠡᠯᠵᠢᠨ ᠮᠧᠲᠷ᠎ᠤᠨ ᠡᠪᠡᠰᠦ ᠨᠦᠭᠡᠴᠡᠯᠡᠬᠦ ᠬᠥᠮᠥᠷᠭᠡ ᠶ᠋ᠢ ᠰᠢᠨ᠎ᠡ᠎ᠪᠡᠷ ᠪᠠᠶ᠋ᠢᠭᠤᠯᠤᠨ᠂ ᠪᠦᠬᠦ᠌ ᠭᠠᠴᠠᠭᠠᠨ᠎ᠤ 312 ᠮᠠᠯᠵᠢᠬᠤ ᠡᠷᠦᠬᠡ᠎ᠳᠦ ᠠᠰᠢᠭ ᠬᠦᠷᠲᠡᠭᠡᠵᠠᠢ᠃ ᠭᠠᠴᠠᠭᠠᠨ᠎ᠤ ᠨᠠᠮ᠎ᠤᠨ ᠡᠭᠦᠷ᠎ᠦᠨ ᠱᠦᠵᠢ ᠪᠢᠯᠢᠭᠦᠨᠳᠠᠯᠠᠢ᠄《ᠲᠥᠷᠥᠯ ᠵᠦᠢᠯ᠎ᠨᠢ ᠬᠥᠭᠵᠢᠯᠲᠡ ᠶ᠋ᠢᠨ ᠳᠤᠲᠠᠭᠤᠳᠠᠯ᠎ᠢ ᠣᠨᠣᠪᠴᠢᠲᠠᠶ ᠨᠥᠬᠥᠪᠥᠷᠢᠯᠡᠵᠦ᠍᠂ ᠡᠪᠡᠰᠦ ᠪᠣᠷᠳᠣᠭᠠᠨ᠎ᠤ ᠭᠠᠷᠤᠯᠲᠠ ᠶ᠋ᠢ ᠲᠣᠭᠲᠠᠪᠤᠷᠢᠵᠢᠭᠤᠯᠤᠬᠰᠠᠨ ᠡᠴᠡ ᠥᠪᠡᠷ ᠢ ᠪᠡᠨ ᠬᠠᠩᠭᠠᠬᠤ ᠶ᠋ᠢ ᠪᠡᠶᠡᠯᠡᠭᠦᠯᠵᠦ᠍᠂ ᠭᠠᠳᠠᠨ᠎ᠠ᠎ᠠᠴᠠ ᠬᠤᠳᠠᠯᠳᠤᠨ ᠠᠪᠬᠤ ᠥᠪᠡᠷ᠎ᠦᠨ ᠥᠷᠲᠡᠭ ᠪᠠᠭᠤᠷᠠᠵᠠᠢ ; ᠪᠠᠷᠢᠮᠵᠢᠶᠠᠵᠢᠭᠤᠯᠤᠭᠰᠠᠨ ᠲᠥᠬᠥᠭᠡᠷᠦᠮᠵᠢ ᠪᠠ ᠮᠠᠰᠢᠨ ᠮᠧᠬᠠᠨᠢᠭ ᠨᠢ ᠮᠠᠯ᠎ᠤᠨ ᠡᠪᠦᠯ᠎ᠤᠨ ᠬᠣᠷᠣᠭᠳᠠᠯ᠎ᠢ ᠶᠡᠬᠡᠪᠡᠷ ᠪᠠᠭᠠᠰᠬᠠᠵᠤ᠂ ᠮᠠᠯᠵᠢᠬᠤ ᠣᠷᠣᠨ᠎ᠤ ᠬᠥᠳᠡᠯᠮᠦᠷᠢ ᠬᠦᠴᠦᠨ᠎ᠢ ᠴᠢᠯᠥᠭᠡᠯᠡᠵᠦ᠍᠂ ᠲᠩᠷᠢ᠎ᠶᠢᠨ ᠴᠢᠷᠠᠢ᠎ᠵᠢ ᠬᠠᠷᠠᠨ ᠮᠠᠯᠵᠢᠬᠤ ᠬᠠᠭᠤᠴᠢᠨ ᠦᠢᠯᠡᠳᠪᠦᠷᠢᠯᠡᠯ᠎ᠤᠨ ᠠᠷᠭ᠎ᠠ ᠮᠠᠶᠢᠬ᠎ᠢ ᠲᠤᠶ᠋ᠢᠯᠪᠤᠷᠢᠲᠠᠶ ᠬᠤᠪᠢᠷᠠᠭᠤᠯᠵᠠᠶ》 ᠬᠡᠵᠦ ᠲᠠᠨᠢᠯᠴᠠᠭᠤᠯᠪᠠ᠃
ᠣᠳᠣᠬᠠᠨ᠎ᠳᠤ᠂ ᠠᠷᠤ ᠬᠣᠷᠴᠢᠨ ᠬᠣᠰᠢᠭᠤᠨ ᠤ 883 ᠲᠦᠮᠡᠨ ᠮᠥ᠍ ᠮᠠᠯ ᠪᠡᠯᠴᠢᠭᠡᠷ ᠢ ᠲᠡᠩᠴᠡᠭᠦᠷᠢᠳᠡᠢ ᠪᠠᠢᠯᠭᠠᠬᠤ ᠣᠷᠣᠨ᠎ᠳᠤ ᠨᠠᠷᠢᠯᠢᠬᠵᠢᠭᠤᠯᠤᠭᠰᠠᠨ ᠪᠠᠶ᠋ᠢᠩᠭᠤᠵᠢᠭᠰᠠᠨ ᠬᠠᠮᠢᠶᠠᠷᠤᠯᠲᠠ ᠡᠵᠡᠮᠳᠡᠯ ᠢ ᠪᠡᠶᠡᠯᠡᠭᠦᠯᠵᠦ᠍᠂ ᠮᠠᠯ ᠪᠡᠯᠴᠢᠭᠡᠷ ᠢ ᠲᠡᠩᠴᠡᠬᠦᠷᠢᠳᠡᠢ ᠪᠤᠯᠭᠠᠭᠰᠠᠨ ᠨᠣᠷᠮ᠎ᠠ ᠶ᠋ᠢ 90% ᠪᠠᠷ ᠲᠣᠭᠲᠠᠭᠤᠨ ᠪᠠᠶ᠋ᠢᠯᠭᠠᠵᠤ᠂ ᠡᠪᠡᠰᠦ ᠪᠣᠷᠳᠣᠭ᠎ᠠ ᠶ᠋ᠢᠨ ᠥᠪᠡᠷ᠎ᠢ᠎ᠪᠡᠨ ᠬᠠᠩᠭᠠᠬᠤ ᠨᠣᠷᠮ᠎ᠠ ᠶ᠋ᠢ 73% ᠪᠣᠯᠭᠠᠨ ᠳᠡᠭᠡᠭᠰᠢᠯᠡᠭᠦᠯᠵᠦ᠍᠂ ᠮᠠᠯ᠎ᠤᠨ ᠰᠢᠯᠢᠳᠡᠭ ᠡᠭᠦᠯᠳᠡᠷ᠎ᠦᠨ ᠪᠦᠷᠬᠦᠴᠡ ᠶ᠋ᠢᠨ ᠨᠣᠷᠮ᠎ᠠ ᠶ᠋ᠢ 98.5% ᠳ᠋ᠤ ᠬᠦᠷᠭᠡᠵᠠᠢ᠃ ᠪᠥᠬᠥ᠌ ᠬᠣᠰᠢᠭᠤᠨ᠎ᠳᠤ ᠮᠠᠯ ᠠᠵᠤ ᠠᠬᠤᠶ ᠶ᠋ᠢᠨ ᠲᠠᠭᠠᠭᠤᠯᠤᠬᠴᠢ ᠠᠵᠤ ᠠᠬᠤᠶ᠋ᠢᠯᠠᠯ᠎ᠢ 40 ᠭᠠᠷᠤᠶ ᠡᠷᠦᠬᠡ ᠂ ᠴᠠᠭᠠᠨ ᠢᠳᠡᠭᠡᠨ᠎ᠦ ᠦᠢᠯᠡᠳᠬᠡᠯ᠎ᠤᠨ ᠭᠠᠵᠠᠷ 263 ᠡᠷᠦᠬᠡ ᠪᠣᠶ ᠪᠤᠯᠭᠠᠵᠦ᠂ 2 ᠲᠦᠮᠡ ᠭᠠᠷᠤᠶ ᠬᠥᠮᠦᠨ᠎ᠳᠦ ᠠᠵᠢᠯ ᠣᠯᠭᠣᠵᠤ᠂ ᠮᠠᠯᠴᠢᠳ᠎ᠤᠨ ᠬᠥᠮᠦᠨ ᠳᠤᠮᠳᠠᠴᠢ ᠶ᠋ᠢᠨ ᠡᠵᠡᠮᠳᠡᠵᠦ᠍ ᠪᠣᠯᠬᠤ ᠣᠷᠣᠯᠭ᠎ᠠ ᠶ᠋ᠢᠨ ᠨᠡᠮᠡᠭᠳᠡᠯ᠎ᠦᠨ ᠬᠡᠮᠵᠢᠶ᠎ᠡ 26% ᠶ᠋ᠢ ᠳᠠᠪᠠᠵᠠᠢ᠃ 4 ᠵᠢᠯ ᠳᠤ ᠨᠡᠢ᠌ᠳᠡ 3.2 ᠳ᠋ᠦᠨᠭᠰᠢᠭᠤᠷ ᠲᠥᠭᠥᠷᠢᠭ᠎ᠤᠨ ᠪᠡᠯᠡ ᠣᠷᠣᠭᠤᠯᠵᠤ᠂ ᠨᠤᠲᠤᠭ ᠪᠡᠯᠴᠢᠭᠡᠷ᠎ᠤᠨ ᠠᠮᠢ ᠠᠬᠤᠢ ᠶ᠋ᠢ ᠰᠡᠷᠭᠦᠭᠡᠬᠦ᠌᠂ ᠥᠨᠳᠥᠷ ᠤᠨᠠᠯᠲᠠᠳᠤ ᠲᠡᠵᠢᠭᠡᠯ ᠡᠪᠡᠰᠦᠨ᠎ᠤ ᠰᠠᠭᠤᠷᠢᠨ᠎ᠤ ᠪᠥᠳᠥᠭᠡᠨ ᠪᠠᠶ᠋ᠢᠭᠤᠯᠤᠯᠲᠠ᠂ ᠪᠠᠷᠢᠮᠵᠢᠶᠠᠵᠢᠭᠤᠯᠤᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠌᠂ ᠰᠢᠯᠢᠳᠡᠭ ᠡᠭᠦᠯᠳᠡᠷ᠎ᠤᠨ ᠦᠷ᠎ᠠ᠎ᠶᠢᠨ ᠮᠠᠯ ᠪᠠ ᠡᠪᠡᠰᠦᠨ ᠦᠷ᠎ᠡ ᠪᠣᠶ᠋ᠢᠵᠢᠭᠤᠯᠬᠤ᠂ ᠭᠠᠮᠰᠢᠭ ᠢ᠋ ᠰᠡᠷᠭᠡᠶ᠋ᠢᠯᠡᠨ ᠭᠠᠮᠰᠢᠭ ᠢ᠋ ᠪᠠᠭᠠᠰᠬᠠᠬᠤ ᠲᠡᠵᠢᠭᠡᠯ ᠡᠪᠡᠰᠦ ᠨᠦᠬᠡᠴᠡᠯᠡᠵᠦ ᠲᠡᠭᠡᠭᠡᠪᠦᠷᠢᠯᠡᠬᠦ᠌ ᠲᠠᠪᠤᠨ ᠶᠡᠬᠡ ᠢᠨᠵᠧᠨᠧᠷᠢᠩ ᠢ᠋ ᠨᠢᠭᠡᠳᠦᠯᠲᠡᠢ ᠲᠥᠯᠥᠪᠯᠡᠨ ᠬᠡᠷᠡᠭᠵᠢᠭᠦᠯᠵᠠᠢ᠃
ᠠᠷᠤ ᠬᠣᠷᠴᠢᠨ ᠬᠣᠰᠢᠭᠤᠨ᠎ᠤ ᠲᠠᠷᠢᠶᠠᠯᠠᠩ ᠮᠠᠯ ᠠᠵᠤ ᠠᠬᠤᠢ ᠶ᠋ᠢᠨ ᠲᠣᠪᠴᠢᠶ᠎ᠠ᠎ᠶᠢᠨ ᠳᠡᠳ᠋ ᠳᠠᠷᠤᠭ᠎ᠠ ᠬᠠᠢ ᠱᠠᠨ᠂ ᠪᠦᠬᠦ᠌ ᠬᠣᠰᠢᠭᠤ᠎ᠪᠠᠷ᠎ᠢᠶᠠᠨ ᠨᠤᠲᠤᠭ ᠪᠡᠯᠴᠢᠭᠡᠷ᠎ᠤᠨ ᠠᠮᠢ ᠠᠬᠤᠢ ᠶ᠋ᠢᠨ ᠳᠠᠪᠠᠭᠤᠯᠢᠭ᠎ᠲᠠᠭᠠᠨ ᠰᠠᠭᠤᠷᠢᠯᠠᠵᠤ᠂ ᠠᠮᠢ ᠠᠬᠤᠢ ᠶ᠋ᠢᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠭᠠᠮᠰᠢᠭ᠎ᠢ ᠰᠡᠷᠭᠡᠶ᠋ᠢᠯᠡᠵᠦ᠍ ᠬᠠᠩᠭᠠᠯᠭ᠎ᠠ ᠶ᠋ᠢ ᠪᠠᠲᠤᠯᠠᠬᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠌᠂ ᠨᠠᠷᠢᠯᠢᠭ ᠡᠳ᠋ᠰᠢᠭᠦᠯᠬᠦ᠌ ᠵᠡᠷᠭᠡ ᠳᠤᠲᠠᠭᠤᠳᠠᠯ᠎ᠢ ᠨᠥᠬᠥᠪᠥᠷᠢᠯᠡᠵᠦ᠍᠂ 《ᠲᠩᠷᠢ᠎ᠶᠢᠨ ᠴᠢᠷᠠᠢ ᠵᠢ ᠬᠠᠷᠠᠨ ᠮᠠᠯᠵᠢᠬᠤ》 ᠤᠯᠠᠮᠵᠢᠯᠠᠯᠲᠤ᠌ ᠵᠠᠭᠪᠤᠷ ᠢ ᠲᠤᠶ᠋ᠢᠯᠪᠤᠷᠢᠲᠠᠢ ᠬᠤᠪᠢᠷᠠᠭᠤᠯᠤᠨ᠎ᠠ᠃ ᠦᠨᠦ᠂ ᠠᠮᠢ ᠠᠬᠤᠢ ᠦᠷᠭᠦᠯᠵᠢᠯᠡᠨ ᠰᠠᠶ᠋ᠢᠵᠢᠷᠠᠵᠤ᠂ ᠠᠵᠤ ᠦᠢᠯᠡᠰ ᠳᠡᠰ ᠳᠡᠪᠰᠢᠵᠦ᠍᠂ ᠤᠯᠠᠨ ᠲᠦᠮᠡᠨ ᠲᠣᠭᠲᠠᠭᠤᠨ᠎ᠢᠶᠠᠷ ᠣᠷᠣᠯᠭ᠎ᠠ᠎ᠪᠠᠨ ᠨᠡᠮᠡᠭᠳᠡᠭᠦᠯᠦᠭᠰᠡᠨ ᠮᠠᠯᠵᠢᠬᠤ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠶ᠋ᠢᠨ ᠰᠢᠨ᠎ᠡ ᠪᠠᠶ᠋ᠢᠳᠠᠯ ᠶᠠᠭ ᠰᠠᠶᠢᠬᠠᠨ ᠪᠤᠢ ᠪᠤᠯᠵᠦ ᠪᠠᠶ᠋ᠢᠨ᠎ᠠ ᠬᠡᠵᠠᠢ᠃
[ ᠰᠤᠷᠪᠤᠯᠵᠢᠯᠠᠭᠴᠢ ᠶ᠋ᠢᠨ ᠡᠪᠦᠷ ᠲᠡᠮᠳᠡᠭᠯᠡᠯ]
ᠭᠠᠴᠠᠭᠠᠨ᠎ᠳᠤ 《ᠰᠢᠨ᠎ᠡ ᠬᠥᠷᠥᠩᠭᠡ ᠬᠤᠭᠰᠢᠯ》 ᠨᠡᠮᠡᠭᠰᠡᠨ ᠨᠢ ᠢᠳᠡᠭᠡᠯ ᠨᠡᠮᠡᠭᠰᠡᠨ ᠶᠠᠪᠤᠳᠠᠯ ᠪᠣᠯᠤᠨ᠎ᠠ᠃ ᠡᠪᠡᠰᠦ ᠨᠦᠭᠡᠴᠡᠯᠡᠬᠦ ᠬᠥᠮᠥᠷᠭᠡ ᠨᠢ ᠦᠬᠡᠷ ᠬᠣᠨᠢ ᠶ᠋ᠢ ᠡᠪᠦᠯᠵᠢᠭᠦᠯᠬᠦ᠌ᠳᠦ ᠵᠣᠪᠠᠬᠤ ᠵᠦᠢᠯ ᠥᠬᠡᠶ ᠪᠣᠯᠭᠠᠵᠤ᠂ ᠲᠤᠭᠠᠴᠢᠯᠠᠬᠰᠠᠨ ᠤᠶᠤᠨᠴᠢᠯᠠᠬᠰᠠᠨ ᠬᠦᠷᠢᠶᠡᠯᠡᠩ ᠨᠢ ᠲᠡᠵᠢᠭᠡᠨ ᠦᠷᠡᠵᠢᠭᠦᠯᠬᠦ᠌ ᠵᠢ ᠲᠥᠬᠥᠮ ᠮᠦᠷᠳᠡᠬᠡᠨ ᠦᠷ᠎ᠠ ᠪᠦᠲᠦᠮᠵᠢᠳᠠᠢ ᠪᠤᠯᠭᠠᠵᠦ᠂ ᠤᠯᠠᠮᠵᠢᠯᠠᠯᠲᠤ᠌ ᠴᠠᠭᠠᠨ ᠢᠳᠡᠭᠡᠨ᠎ᠢ ᠵᠠᠬ᠎ᠠ ᠳᠡᠯᠭᠡᠭᠦᠷ᠎ᠲᠦ᠍ ᠭᠠᠷᠭᠠᠵᠦ᠂ ᠠᠷᠤ ᠬᠣᠷᠴᠢᠨ ᠬᠣᠰᠢᠭᠤᠨ᠎ᠤ ᠪᠡᠯᠴᠢᠭᠡᠷ᠎ᠤᠨ ᠮᠠᠯ ᠠᠵᠤ ᠠᠬᠤᠶ ᠣᠲᠣ ᠶᠠᠭ ᠭᠦᠨ ᠭᠦᠨᠵᠡᠭᠡᠶ ᠰᠢᠨ᠎ᠡ ᠲᠠᠰ ᠳᠠᠪᠰᠢᠯᠲᠠ ᠶ᠋ᠢ ᠪᠡᠶᠡᠯᠡᠬᠦᠯᠵᠦ ᠪᠠᠶ᠋ᠢᠨ᠎ᠠ᠃ ᠡᠲᠡᠭᠡᠷ 《ᠰᠢᠨ᠎ᠡ ᠬᠥᠷᠥᠩᠭᠡ ᠬᠤᠭᠰᠢᠯ》 ᠨᠢ ᠦᠵᠡᠬᠦᠯᠬᠡ᠎ᠶᠢᠨ ᠵᠦᠢᠯᠡᠰ ᠪᠢᠰᠢ᠂ ᠬᠠᠷᠢᠨ ᠠᠵᠢᠯ ᠣᠯᠭᠣᠯᠲᠠ ᠶ᠋ᠢ ᠦᠨᠡᠨ ᠬᠦ᠌ ᠳᠠᠶ᠋ᠢᠴᠢᠯᠠᠵᠤ᠂ ᠬᠠᠮᠲᠤ ᠵᠢᠨ ᠠᠵᠤ ᠠᠬᠤᠶ ᠶ᠋ᠢ ᠠᠮᠢᠳᠤᠯᠢᠭ ᠪᠣᠯᠭᠠᠵᠤ᠂ ᠮᠠᠯᠴᠢᠳ᠎ᠤᠨ ᠣᠷᠣᠯᠭ᠎ᠠ ᠶ᠋ᠢ ᠨᠡᠮᠡᠭᠳᠡᠭᠦᠯᠪᠠ᠃ ᠮᠠᠯ ᠪᠡᠯᠴᠢᠭᠡᠷ᠎ᠢ ᠲᠡᠩᠴᠡᠭᠦᠷᠢᠳᠡᠢ ᠪᠠᠢᠯᠭᠠᠬᠤ ᠨᠣᠷᠮ᠎ᠠ ᠶ᠋ᠢ 90% ᠪᠠᠷ ᠲᠤᠭᠳᠠᠪᠤᠷᠢᠵᠢᠭᠤᠯᠤᠨ᠂ ᠡᠪᠡᠰᠦ ᠪᠣᠷᠳᠣᠭ᠎ᠠ ᠶ᠋ᠢᠨ ᠥᠪᠡᠷ᠎ᠢ᠎ᠪᠡᠨ ᠬᠠᠩᠭᠠᠬᠤ ᠨᠣᠷᠮ᠎ᠠ ᠶ᠋ᠢ 73% ᠪᠣᠯᠭᠠᠨ ᠳᠡᠭᠡᠭᠰᠢᠯᠡᠭᠦᠯᠵᠦ᠍᠂ ᠮᠠᠯᠴᠢᠳ᠎ᠤᠨ ᠬᠥᠮᠦᠨ ᠳᠤᠮᠳᠠᠴᠢ ᠶ᠋ᠢᠨ ᠡᠵᠡᠮᠳᠡᠵᠦ᠍ ᠪᠣᠯᠬᠤ ᠣᠷᠣᠯᠭ᠎ᠠ ᠶ᠋ᠢᠨ ᠨᠡᠮᠡᠭᠳᠡᠯ᠎ᠦᠨ ᠬᠡᠮᠵᠢᠶ᠎ᠡ ᠶ᠋ᠢ 26% ᠡᠴᠡ ᠳᠠᠪᠠᠭᠤᠯᠵᠠᠢ — ᠠᠮᠢ ᠠᠬᠤᠶ ᠰᠠᠶ᠋ᠢᠵᠢᠷᠠᠵᠤ᠂ ᠠᠵᠤ ᠦᠢᠯᠡᠰ ᠲᠠᠰ ᠳᠡᠪᠰᠢᠵᠦ᠍᠂ ᠣᠯᠠᠨ ᠲᠦᠮᠡᠨ᠎ᠤ ᠣᠷᠣᠯᠭ᠎ᠠ ᠨᠡᠮᠡᠭᠳᠡᠵᠠᠢ᠂ ᠡᠨᠡ ᠪᠣᠯ ᠰᠠᠶᠢ ᠮᠠᠯᠵᠢᠬᠤ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠶ᠋ᠢᠨ ᠬᠠᠮᠤᠭ᠎ᠤᠨ ᠰᠡᠳᠬᠢᠯ ᠬᠥᠳᠡᠯᠭᠡᠮ᠎ᠡ ᠦᠵᠡᠮᠵᠢ ᠮᠥᠨ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃