2026-09-28 10:58:49
ᠠᠯᠲᠠᠨ ᠨᠠᠮᠤᠷ ᠤ᠋ᠨ ᠤᠯᠠᠷᠢᠯ ᠶ᠋ᠢᠡᠷ ᠰᠤᠷᠪᠤᠯᠵᠢᠯᠠᠭᠴᠢ ᠠᠯᠠᠱᠠ ᠵᠡᠭᠦᠨ ᠬᠣᠰᠢᠭᠤᠨ ᠤ᠋ ᠪᠠᠶᠠᠨᠬᠣᠲᠠ ᠪᠠᠯᠭᠠᠰᠤ ᠵᠢᠨ ᠪᠠᠶᠠᠨ ᠬᠦᠳᠡᠭᠡ ᠭᠠᠴᠠᠭᠠᠨ ᠤ᠋ ᠵᠢᠶ ᠰᠢᠩ ᠤᠶᠤᠨᠴᠢ ᠲᠠᠷᠢᠶᠠᠯᠠᠩ ᠤ᠋ᠨ ᠠᠵᠤ ᠦᠢᠯᠡᠰ ᠤ᠋ᠨ ᠬᠦᠷᠢᠶᠡᠯᠡᠩ ᠳ᠋ᠤ ᠬᠦᠷᠤᠬᠦᠯᠠᠷ᠂ 2.8 ᠲᠦᠮᠡᠨ ᠲᠡᠭᠰᠢ ᠳᠥᠷᠪᠡᠯᠵᠢᠨ ᠮᠧᠲ᠋ᠷ ᠤ᠋ᠨ ᠣᠶᠤᠨᠳᠤ ᠡᠵᠡᠮᠰᠢᠯᠲᠦ ᠳᠤᠯᠠᠭᠠᠨ ᠬᠦᠯᠡᠮᠵᠢ ᠶ᠋ᠢᠨ ᠳᠤᠲᠤᠷ᠎ᠠ ᠲᠦᠪᠡᠳ ᠬᠠᠰᠢ ᠰᠠᠯᠠᠭ᠎ᠠ ᠨᠠᠮᠠᠭ᠎ᠠ ᠪᠠᠨ ᠳᠠᠭᠠᠭᠠᠵᠤ ᠶᠠᠳᠠᠨ ᠪᠠᠭᠰᠢᠷᠠᠲᠠᠯ᠎ᠠ ᠰᠠᠭᠤᠵᠤ᠂ ᠪᠠᠳᠮᠠᠷᠠᠭ᠎ᠠ ᠮᠡᠳᠦ ᠤᠯᠠᠢᠵᠤ ᠬᠠᠷᠠᠭᠳᠠᠨ᠎ᠠ᠃ ᠠᠵᠢᠯᠴᠢᠳ ᠲᠡᠷᠭᠡ ᠳᠦᠯᠬᠢᠨ ᠲᠦᠪᠡᠳ ᠬᠠᠰᠢ ᠲᠡᠭᠦᠵᠦ᠂ ᠢᠯᠭᠠᠨ ᠰᠠᠯᠭᠠᠬᠤ᠂ ᠰᠤᠭᠤᠴᠢᠨ ᠪᠠᠢᠴᠠᠭᠠᠬᠤ᠂ ᠬᠡᠮᠵᠢᠨ ᠵᠢᠩᠯᠡᠬᠦ᠂ ᠪᠤᠭᠤᠳᠠᠯᠯᠠᠨ ᠬᠠᠢᠷᠴᠠᠭᠯᠠᠬᠤ ᠠᠵᠢᠯ ᠳ᠋ᠤ ᠶᠠᠭᠠᠷᠠᠯᠳᠤᠵᠤ᠂ ᠲᠤᠬᠠᠢ ᠶ᠋ᠢᠨ ᠤᠷᠤᠢ ᠳ᠋ᠡᠭᠠᠨ ᠬᠦᠢᠲᠡᠨ ᠬᠡᠯᠬᠢᠶᠡᠲᠦ ᠪᠠᠷᠠᠭᠠᠨ ᠤ᠋ ᠭᠦᠢᠯᠭᠡᠭᠡ ᠪᠡᠷ ᠲᠠᠮᠵᠢᠨ ᠰᠢᠭᠤᠳ ᠪᠡᠭᠡᠵᠢᠡᠭ᠂ ᠱᠠᠡᠭᠬᠠᠢ ᠶ᠋ᠢᠨ ᠬᠡᠳᠦ ᠳᠡᠯᠭᠡᠭᠦᠷ ᠲᠦ᠍ ᠬᠦᠷᠭᠡᠬᠦ ᠪᠡᠷ ᠪᠡᠯᠡᠳᠬᠡᠨ᠎ᠠ᠃
《ᠵᠤᠨ ᠤ᠋ ᠬᠦᠯᠡᠮᠵᠢ ᠶ᠋ᠢᠨ ᠲᠤᠭᠤᠷᠢᠭ ᠤ᠋ᠨ ᠲᠥᠪᠡᠳ ᠬᠠᠰᠢ ᠵᠢᠨ ᠴᠢᠬᠢ ᠵᠢ 5 ᠰᠠᠷ᠎ᠠ ᠳ᠋ᠦ ᠰᠢᠯᠵᠢᠭᠦᠯᠦᠨ ᠵᠠᠶ᠋ᠢᠯᠠᠵᠤ᠂ 7 ᠰᠠᠷ᠎ᠠ ᠳ᠋ᠦ ᠡᠬᠢᠯᠡᠨ ᠲᠦᠪᠡᠳ ᠬᠠᠰᠢ ᠬᠤᠷᠢᠶᠠᠭᠰᠠᠨ ᠡᠴᠡ ᠨᠠᠭᠠᠰᠢ ᠭᠠᠷᠤᠯᠲᠠ ᠪᠠ ᠪᠣᠷᠣᠯᠠᠭᠤᠯᠭ᠎ᠠ ᠨᠢ ᠪᠦᠷ ᠶᠡᠬᠡ ᠰᠠᠶ᠋ᠢᠨ ᠪᠠᠶ᠋ᠢᠵᠤ᠂ 10 ᠰᠠᠷ᠎ᠠ ᠶ᠋ᠢᠨ ᠰᠡᠭᠦᠯᠴᠢ ᠪᠣᠯᠲᠠᠯ᠎ᠠ ᠲᠡᠭᠦᠵᠦ ᠪᠤᠯᠤᠨ᠎ᠠ》 ᠭᠡᠵᠦ ᠠᠵᠤ ᠦᠢᠯᠡᠰ ᠤ᠋ᠨ ᠬᠦᠷᠢᠶᠡᠯᠡᠩ ᠤ᠋ᠨ ᠬᠠᠷᠢᠭᠤᠴᠠᠯᠭᠠᠲᠠᠨ ᠵᠠᠩ ᠶᠢᠦ ᠵᠢᠶᠦ᠋ᠨ ᠲᠠᠨᠢᠯᠴᠠᠭᠤᠯᠤᠨ᠎ᠠ᠃ ᠲᠡᠭᠦᠨ ᠤ᠋ ᠬᠡᠯᠡᠬᠦ ᠪᠡᠷ᠂ ᠲᠣᠰ ᠠᠵᠤ ᠦᠢᠯᠡᠰ ᠤ᠋ᠨ ᠬᠦᠷᠢᠶᠡᠯᠡᠩ ᠤ᠋ᠨ ᠶᠡᠷᠦᠩᠬᠡᠶ ᠪᠠᠯᠠ ᠣᠷᠣᠭᠤᠯᠤᠯᠲᠠ ᠨᠢ ᠳ᠋ᠦᠩᠰᠢᠭᠤᠷ ᠲᠥᠭᠥᠷᠢᠭ ᠲᠦ᠍ ᠬᠦᠷᠴᠦ᠍᠂ 《ᠣᠶᠤᠨᠴᠢ ᠲᠠᠷᠢᠶᠠᠯᠠᠩ + ᠶᠡᠷᠦᠩᠬᠡᠶ᠋ᠢᠯᠡᠭᠰᠡᠨ ᠡᠨᠧᠷᠭᠢ + ᠰᠣᠶᠣᠯ ᠵᠢᠭᠤᠯᠴᠢᠯᠠᠯ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ》 ᠤ᠋ ᠡᠷᠬᠢᠯᠳᠡᠳᠤ ᠠᠵᠤ ᠠᠬᠤᠶ ᠶ᠋ᠢᠨ ᠣᠲᠣ ᠦᠶ᠎ᠡ ᠶ᠋ᠢᠨ ᠲᠠᠷᠢᠶᠠᠯᠠᠩ ᠤ᠋ᠨ ᠠᠵᠤ ᠦᠢᠯᠡᠰ ᠤ᠋ᠨ ᠬᠦᠷᠢᠶᠡᠯᠡᠩ ᠢ᠋ ᠪᠦᠳᠦᠬᠡᠨ ᠪᠠᠶ᠋ᠢᠭᠤᠯᠬᠤ ᠪᠠᠷ ᠬᠠᠷᠠᠯᠲᠠ ᠪᠣᠯᠭᠠᠨ᠂ 42 ᠮᠥ᠍ ᠵᠤᠨ ᠤ᠋ ᠬᠦᠯᠡᠮᠵᠢ ᠶ᠋ᠢᠨ ᠲᠤᠭᠤᠷᠢᠭ ᠪᠠ 75 ᠮᠥ᠍ ᠡᠪᠦᠯ ᠤ᠋ᠨ ᠬᠦᠯᠡᠮᠵᠢ ᠶ᠋ᠢᠨ ᠲᠤᠭᠤᠷᠢᠭ ᠭᠡᠵᠦ᠍ ᠬᠣᠶᠠᠷ ᠲᠠᠷᠢᠮᠠᠯ ᠤ᠋ᠨ ᠲᠤᠭᠤᠷᠢᠭ ᠬᠤᠪᠢᠶᠠᠵᠠᠶ᠃
ᠠᠵᠤ ᠦᠢᠯᠡᠰ ᠤ᠋ᠨ ᠬᠦᠷᠢᠶᠡᠯᠡᠩ ᠤ᠋ᠨ ᠬᠢᠨ ᠲᠠᠷᠢᠶᠠᠯᠠᠭ᠎ᠠ ᠵᠢᠨ ᠶᠠᠪᠤᠴᠠ ᠳ᠋ᠤ ᠤᠯᠠᠮᠵᠢᠯᠠᠯᠲᠤ᠌ ᠬᠥᠷᠥᠰᠥ᠍ ᠰᠢᠷᠣᠶ ᠳ᠋ᠦ ᠲᠠᠷᠢᠬᠤ ᠠᠷᠭ᠎ᠠ ᠵᠢ ᠬᠤᠪᠢᠷᠠᠭᠤᠯᠵᠤ᠂ ᠪᠥᠬᠥ᠌ ᠶᠠᠪᠤᠴᠠ ᠳ᠋ᠦ ᠣᠶᠤᠨᠴᠢᠯᠠᠭᠰᠠᠨ ᠬᠠᠮᠢᠶᠠᠷᠤᠯᠲᠠ ᠶ᠋ᠢᠨ ᠰᠢᠰᠲ᠋ᠧᠮ ᠢ᠋ ᠬᠡᠷᠡᠭᠯᠡᠵᠦ᠂ ᠳᠤᠯᠠᠭᠠᠨ ᠤ᠋ ᠬᠡᠮᠵᠢᠶ᠎ᠡ᠂ ᠴᠢᠬᠢᠭ ᠤ᠋ᠨ ᠬᠡᠮᠵᠢᠶ᠎ᠡ᠂ ᠬᠡᠷᠡᠯ ᠤ᠋ᠨ ᠲᠤᠰᠤᠯᠲᠠ ᠵᠢᠴᠢ ᠲᠠᠷᠢᠮᠠᠯ ᠤ᠋ᠨ ᠤᠷᠭᠤᠯᠲᠠ ᠶ᠋ᠢᠨ ᠪᠠᠶ᠋ᠢᠳᠠᠯ ᠢ᠋ ᠴᠠᠭ ᠲᠤᠬᠠᠶ ᠳ᠋ᠤᠨᠢ ᠬᠢᠨᠠᠨ ᠬᠡᠮᠵᠢᠵᠦ᠍ ᠲᠣᠬᠢᠷᠠᠭᠤᠯᠤᠨ ᠡᠵᠡᠮᠳᠡᠬᠦ᠌ ᠪᠡᠷ ᠳᠠᠮᠵᠢᠨ ᠤᠰᠤ ᠪᠣᠷᠲᠣᠭᠣᠷ ᠤ᠋ᠨ ᠬᠠᠩᠭᠠᠯᠭ᠎ᠠ ᠪᠠ ᠰᠠᠯᠬᠢ ᠨᠡᠪᠲᠡᠷᠡᠭᠦᠯᠦᠨ ᠬᠡᠷᠡᠯ ᠨᠥᠬᠥᠪᠥᠷᠢᠯᠡᠬᠦ᠌ ᠲᠥᠬᠥᠭᠡᠷᠦᠮᠵᠢ ᠵᠢ ᠠᠦ᠋ᠲ᠋ᠣ᠋ ᠪᠡᠷ ᠲᠣᠬᠢᠷᠠᠭᠤᠯᠤᠨ ᠡᠵᠡᠮᠳᠡᠵᠦ᠍᠂ ᠣᠶᠤᠨᠴᠢ ᠪᠠᠷ ᠤᠰᠤᠯᠠᠬᠤ᠂ ᠤᠨᠤᠴᠠᠲᠠᠢ ᠪᠠᠷ ᠪᠣᠷᠲᠣᠭᠣᠷ ᠣᠷᠣᠭᠤᠯᠬᠤ ᠪᠠᠷ ᠳᠡᠮᠵᠢᠨ 《ᠠᠵᠢᠯᠴᠢᠨ ᠦᠯᠦ ᠬᠡᠷᠡᠭᠯᠡᠵᠤ ᠨᠠᠷᠢᠯᠢᠬᠵᠢᠭᠤᠯᠬᠤ》 ᠬᠠᠮᠢᠶᠠᠷᠤᠯᠲᠠ ᠵᠢ ᠪᠡᠶᠡᠯᠡᠭᠦᠯᠪᠡ᠃ 《ᠪᠢᠳᠡᠨ ᠤ᠋ ᠲᠥᠪᠡᠳ ᠬᠠᠰᠢ ᠶ᠋ᠢᠨ ᠪᠡᠭᠡᠵᠢᠩ ᠱᠠᠩᠬᠠᠶ ᠳ᠋ᠡᠬᠢ ᠪᠤᠷᠤᠯᠠᠭᠤᠯᠭ᠎ᠠ ᠮᠠᠰᠢ ᠰᠠᠶ᠋ᠢᠨ᠂ ᠡᠳᠦᠷ ᠪᠦᠷᠢ ᠳᠤᠮᠳᠠᠴᠢᠪᠠᠷ 2 — 4 ᠲᠣᠨ ᠲᠦᠪᠡᠳ ᠬᠠᠰᠢ ᠶᠠᠪᠤᠭᠤᠯᠵᠤ᠂ ᠨᠢᠭᠡᠳᠦᠭᠡᠷ ᠳᠡᠰ ᠤ᠋ᠨ ᠵᠢᠮᠢᠰ ᠢ᠋ ᠺᠢᠯᠣᠭ᠌ᠷᠠᠮ ᠪᠦᠷᠢ ᠳ᠋ᠡᠭᠡᠨ 20 ᠭᠠᠷᠤᠶ ᠲᠥᠭᠥᠷᠢᠭ ᠶ᠋ᠢᠡᠷ ᠬᠤᠳᠠᠯᠳᠤᠵᠤ ᠪᠠᠶ᠋ᠢᠨ᠎ᠠ》 ᠬᠡᠵᠤ ᠵᠢᠶ ᠰᠢᠩ ᠤᠶᠤᠨᠴᠢ ᠲᠠᠷᠢᠶᠠᠯᠠᠩ ᠤ᠋ᠨ ᠠᠵᠤ ᠦᠢᠯᠡᠰ ᠤ᠋ᠨ ᠬᠦᠷᠢᠶᠡᠯᠡᠩ ᠤ᠋ᠨ ᠲᠠᠷᠢᠮᠠᠯ ᠤ᠋ᠨ ᠬᠡᠯᠲᠡᠰ ᠤ᠋ᠨ ᠳᠠᠭᠠᠭᠠᠮᠠᠯ ᠮᠢᠶᠣᠣ ᠴᠢᠶᠠᠩ ᠴᠢᠶᠠᠩ ᠰᠤᠷᠪᠤᠯᠵᠢᠯᠠᠭᠴᠢ ᠳ᠋ᠦ ᠬᠡᠯᠡᠨ᠎ᠠ᠃
ᠲᠤᠰ ᠠᠵᠤ ᠦᠢᠯᠡᠰ ᠤ᠋ᠨ ᠬᠦᠷᠢᠶᠡᠯᠡᠩ ᠤ᠋ᠨ ᠬᠢᠨ ᠤᠶᠤᠨᠴᠢ ᠬᠦᠯᠡᠮᠵᠢ ᠶ᠋ᠢᠨ ᠲᠠᠷᠢᠮᠠᠯ ᠳ᠋ᠠᠭᠠᠨ ᠤᠨᠠᠯᠲᠠ ᠪᠠ ᠶᠠᠰᠤ ᠴᠢᠨᠠᠷ ᠤ᠋ᠨ ᠬᠣᠣᠰ ᠳᠡᠭᠡᠭᠰᠢᠯᠡᠯᠲᠡ ᠵᠢ ᠪᠡᠶᠡᠯᠡᠭᠦᠯᠦᠭᠰᠡᠨ ᠶ᠋ᠢᠡᠷ ᠪᠠᠷᠠᠬᠤ ᠦᠭᠡᠢ ᠪᠠᠰᠠ ᠲᠤᠬᠠᠢ ᠶ᠋ᠢᠨ ᠭᠠᠵᠠᠷ ᠤ᠋ᠨ ᠲᠣᠰᠬᠣᠨ ᠤ᠋ ᠠᠷᠠᠳ ᠤ᠋ᠨ ᠠᠵᠢᠯ ᠣᠯᠭᠣᠯᠲᠠ ᠶ᠋ᠢᠨ ᠵᠠᠮ ᠢ᠋ ᠥᠷᠭᠡᠳᠬᠡᠪᠡ᠃ ᠪᠠᠶᠠᠨ ᠬᠦᠳᠡᠭᠡ ᠭᠠᠴᠠᠭᠠᠨ ᠤ᠋ ᠠᠷᠠᠳ ᠰᠠᠷᠠᠨᠬᠤᠸᠠᠷ ᠤᠤᠯ ᠨᠢ ᠬᠣᠭᠣᠯᠠᠨ ᠭᠡᠷ ᠲᠦ᠍ ᠠᠶᠠᠭ᠎ᠠ ᠤᠬᠢᠶᠠᠬᠤ ᠠᠵᠢᠯ ᠬᠢᠵᠦ᠍᠂ ᠭᠡᠷ ᠡᠴᠡ ᠪᠠᠨ ᠬᠣᠯᠠ᠂ ᠠᠵᠢᠯ ᠬᠦᠨᠳᠦ᠂ ᠣᠷᠣᠯᠭ᠎ᠠ ᠲᠤᠤᠷ᠎ᠠ ᠪᠠᠶ᠋ᠢᠪᠠ᠃ ᠵᠤᠨ ᠤ᠋ ᠬᠦᠯᠡᠮᠵᠢ ᠶ᠋ᠢᠨ ᠲᠣᠭᠣᠷᠢᠭ ᠠᠰᠢᠭᠯᠠᠯᠲᠠ ᠳ᠋ᠦ ᠤᠷᠤᠭᠰᠠᠨ ᠤ᠋ ᠲᠠᠷᠠᠭ᠎ᠠ ᠰᠠᠷᠠᠨᠬᠤᠸᠠᠷ ᠡᠨᠳᠡᠬᠢ ᠵᠢᠨ ᠲᠦᠷᠦᠭᠦᠦ ᠪᠦᠯᠦᠭ ᠤ᠋ᠨ ᠠᠵᠢᠯᠴᠢᠨ ᠪᠤᠯᠵᠤ᠂ ᠭᠡᠷ ᠤ᠋ᠨ ᠶ᠋ᠢᠡᠨ ᠬᠠᠵᠠᠭᠤ ᠳ᠋ᠤᠠᠵᠢᠯ ᠤᠯᠵᠤ᠂ ᠤᠷᠤᠯᠭ᠎ᠠ ᠪᠠᠨ ᠨᠡᠮᠡᠭᠳᠡᠬᠦᠯᠤᠨ ᠠᠮᠢᠳᠤᠷᠠᠯᠵᠢᠡᠨ ᠦᠭᠡᠳᠡ ᠲᠠᠳᠠᠨ᠎ᠠ᠃
《ᠥᠩᠭᠡᠷᠡᠭᠰᠡᠨ ᠳ᠋ᠤ ᠤᠯᠠᠨ ᠭᠠᠵᠠᠷ ᠵᠢᠡᠷ ᠠᠷᠰᠠᠷ ᠠᠵᠢᠯ ᠬᠢᠵᠦ᠍ ᠪᠠᠢᠵᠠᠢ᠂ ᠡᠨᠳᠡ ᠠᠵᠢᠯ ᠬᠢᠭᠰᠡᠨ ᠡᠴᠡ ᠨᠠᠭᠠᠰᠢ ᠰᠠᠷ᠎ᠠ ᠳ᠋ᠦ 5000 ᠭᠠᠷᠤᠢ ᠲᠦᠭᠦᠷᠢᠭ ᠤ᠋ᠨ ᠴᠠᠯᠢᠡᠭ ᠤᠯᠵᠤ ᠪᠠᠢᠬᠤ ᠪᠡᠷ ᠪᠠᠷᠠᠬᠤ ᠦᠭᠡᠢ ᠠᠵᠤ ᠦᠢᠯᠡᠰ ᠤ᠋ᠨ ᠬᠦᠷᠢᠶᠡᠯᠡᠩ ᠡᠴᠡ ᠪᠠᠰᠠ ᠳᠠᠭᠠᠳᠬᠠᠯ ᠠᠪᠴᠤ ᠦᠭᠪᠠ》 ᠭᠡᠵᠦ ᠰᠠᠷᠠᠨᠬᠤᠸᠠᠷ ᠪᠠᠶᠠᠷᠳᠠᠢ ᠬᠡᠯᠡᠨ᠎ᠡ᠃ ᠤᠳᠤᠬᠠᠨ ᠳ᠋ᠦ ᠲᠤᠬᠠᠶ ᠶ᠋ᠢᠨ ᠭᠠᠵᠠᠷ ᠤ᠋ᠨ 30 ᠭᠠᠷᠤᠶ ᠲᠣᠰᠬᠣᠨ ᠤ᠋ ᠠᠷᠠᠳ ᠨᠢᠬᠡᠨᠳᠡ ᠵᠢᠶ ᠰᠢᠩ ᠤᠶᠤᠨᠴᠢ ᠲᠠᠷᠢᠶᠠᠯᠠᠩ ᠤ᠋ᠨ ᠠᠵᠤ ᠦᠢᠯᠡᠰ ᠤ᠋ᠨ ᠬᠦᠷᠢᠶᠡᠯᠡᠩ ᠤ᠋ᠨ 《ᠠᠵᠤ ᠦᠢᠯᠡᠰ ᠤ᠋ᠨ ᠠᠵᠢᠯᠴᠢᠨ》 ᠪᠣᠯᠵᠣ᠂ ᠬᠡᠷ ᠤ᠋ᠨ ᠶ᠋ᠢᠡᠨ ᠬᠠᠵᠠᠭᠤ ᠳ᠋ᠤ ᠠᠵᠢᠯᠬᠢᠵᠦ ᠣᠷᠣᠯᠭᠠᠪᠠᠨ ᠨᠡᠮᠡᠭᠳᠡᠭᠦᠯᠵᠦ ᠪᠠᠢᠯ᠎ᠠ᠃
《ᠠᠵᠤ ᠦᠢᠯᠡᠰ ᠤ᠋ᠨ ᠬᠦᠷᠢᠶᠡᠯᠡᠩ ᠤ᠋ᠨ ᠲᠥᠷᠥᠯ ᠵᠦᠢᠯ ᠤ᠋ᠨ ᠪᠥᠲᠥᠭᠡᠨ ᠪᠠᠶ᠋ᠢᠭᠤᠯᠤᠯᠲᠠ ᠨᠢ ᠪᠠᠶᠠᠨᠬᠣᠲᠠ ᠪᠠᠯᠭᠠᠰᠤ ᠪᠤᠯᠤᠨ ᠡᠷᠬᠢᠨ ᠲᠣᠭᠣᠷᠢᠨ ᠤ᠋ ᠭᠠᠵᠠᠷ ᠤ᠋ᠨ 〈ᠬᠤᠯᠢᠰᠢᠨ ᠢᠳᠡᠭᠡᠨ〉 ᠤ᠋ ᠬᠠᠡᠭᠭᠠᠯᠭ᠎ᠠ ᠶ᠋ᠢᠨ ᠴᠢᠳᠠᠪᠤᠷᠢ ᠵᠢ ᠶᠡᠬᠡ ᠪᠡᠷ ᠳᠡᠭᠡᠭᠰᠢᠯᠡᠭᠦᠯᠬᠦ ᠶ᠋ᠢᠨ ᠬᠠᠮᠲᠤ ᠠᠯᠠᠱᠠ ᠵᠡᠭᠦᠨ ᠬᠣᠰᠢᠭᠤᠨ ᠤ᠋ ᠣᠶᠤᠨᠴᠢ ᠬᠦᠯᠡᠮᠵᠢ ᠶ᠋ᠢᠨ ᠲᠠᠷᠢᠮᠠᠯ᠂ ᠵᠤᠭ᠎ᠠ ᠰᠡᠯᠡᠭᠦᠴᠡᠯ ᠤ᠋ᠨ ᠲᠠᠷᠢᠶᠠᠯᠠᠩ ᠤ᠋ᠨ ᠬᠥᠭᠵᠢᠯᠲᠡ ᠵᠢ ᠴᠦ᠍ ᠳᠠᠶ᠋ᠢᠴᠢᠯᠠᠪᠠ》 ᠭᠡᠵᠦ᠍ ᠠᠯᠠᠱᠠ ᠵᠡᠭᠦᠨ ᠬᠣᠰᠢᠭᠤᠨ ᠤ᠋ ᠤᠯᠤᠰ ᠲᠥᠷᠥ ᠶ᠋ᠢᠨ ᠵᠥᠪᠯᠡᠯᠭᠡᠨ ᠤ᠋ ᠳᠡᠳ᠋ ᠲᠡᠷᠢᠭᠦᠯᠡᠭᠴᠢ᠂ ᠪᠠᠶᠠᠨᠬᠣᠲᠠ ᠪᠠᠯᠭᠠᠰᠤᠨ ᠤ᠋ ᠨᠠᠮ ᠤ᠋ᠨ ᠬᠣᠷᠢᠶ᠎ᠠ ᠵᠢᠨ ᠱᠦᠵᠢ ᠵᠣᠣ ᠳ᠋ᠸ ᠹᠸᠩ ᠭᠡᠯᠡᠨ᠎ᠠ᠃
ᠵᠢᠶ ᠰᠢᠩ ᠤᠶᠤᠨᠴᠢ ᠲᠠᠷᠢᠶᠠᠯᠠᠩ ᠤ᠋ᠨ ᠠᠵᠤ ᠦᠢᠯᠡᠰ ᠤ᠋ᠨ ᠬᠦᠷᠢᠶᠡᠯᠡᠩ ᠨᠢ ᠡᠵᠡᠡᠭᠨᠡᠯᠲᠡ ᠪᠠᠨ ᠲᠤᠭᠲᠠᠪᠤᠷᠢᠵᠢᠭᠤᠯᠵᠤ᠂ ᠶᠠᠰᠤ ᠴᠢᠨᠠᠷ ᠶ᠋ᠢᠡᠨ ᠳᠡᠭᠡᠭᠰᠢᠯᠡᠭᠦᠯᠦᠨ ᠤᠨᠠᠯᠲᠠ ᠪᠠᠨ ᠨᠡᠮᠡᠭᠳᠡᠭᠦᠯᠬᠦ ᠶ᠋ᠢᠨ ᠬᠠᠮᠳᠤ ᠪᠠᠰᠠ ᠴᠢᠨᠠᠷ ᠰᠠᠢᠳᠠᠢ ᠵᠢᠮᠢᠰ ᠢᠳᠡᠰᠢᠨ ᠨᠤᠭᠤᠭ᠎ᠠ ᠶ᠋ᠢᠨ ᠡᠬᠦᠯᠳᠡᠷ ᠢ᠋ ᠨᠤᠲᠤᠭᠰᠢᠭᠤᠯᠤᠨ ᠳᠠᠰᠬᠠᠬᠤ᠂ ᠲᠤᠷᠰᠢᠨ ᠲᠠᠷᠢᠵᠤ ᠦᠷᠭᠡᠳᠭᠡᠨ ᠳᠡᠯᠭᠡᠷᠡᠭᠦᠯᠬᠦ ᠠᠵᠢᠯ ᠢ᠋ ᠠᠬᠢᠭᠤᠯᠵᠤ᠂ ᠶᠡᠬᠡ ᠳᠡᠭᠡᠳᠦ ᠰᠤᠷᠭᠠᠭᠤᠯᠢ ᠯᠤᠭ᠎ᠠ ᠦᠷ᠎ᠡ ᠴᠢᠬᠢ ᠪᠣᠶ᠋ᠢᠵᠢᠭᠤᠯᠬᠤ ᠲᠤᠷᠰᠢᠯᠲᠠ ᠶ᠋ᠢᠨ ᠲᠠᠰᠤᠭ ᠢ᠋ ᠬᠠᠮᠲᠤ ᠪᠠᠷ ᠪᠠᠶ᠋ᠢᠭᠤᠯᠬᠤᠪᠠᠷ ᠳᠠᠮᠵᠢᠨ ᠲᠠᠷᠢᠮᠠᠯ ᠤ᠋ᠨ ᠣᠶᠤᠨᠴᠢ ᠴᠣᠭᠴᠠ ᠪᠠ ᠲᠠᠷᠢᠶᠠᠯᠠᠩ ᠤ᠋ᠨ ᠮᠠᠰᠢᠨ ᠬᠥᠮᠦᠨ ᠤ᠋ ᠰᠤᠳᠤᠯᠭᠠᠨ ᠥᠷᠨᠢᠭᠦᠯᠵᠦ᠍᠂ 《ᠵᠣᠬᠢᠶᠠᠮᠠᠯ ᠣᠶᠤᠨᠴᠢ ᠴᠢᠳᠠᠪᠤᠷᠢ + ᠲᠠᠷᠢᠶᠠᠯᠠᠩ ᠤ᠋ᠨ ᠪᠣᠳᠠᠲᠠᠶ ᠬᠡᠷᠡᠭᠯᠡᠯᠲᠡ》 ᠵᠢ ᠪᠡᠶᠡᠯᠡᠭᠦᠯᠵᠦ᠍᠂ ᠨᠡᠭᠦᠷᠡᠰᠦᠲᠥᠶ᠋ᠷᠥᠭᠴᠢ ᠦᠯᠦ ᠭᠠᠳᠠᠭᠰᠢᠯᠠᠭᠤᠯᠬᠤ᠂ ᠣᠶᠤᠨᠴᠢ᠂ ᠥᠨᠳᠥᠷ ᠪᠦᠲᠦᠮᠵᠢᠲᠡᠶ ᠣᠲᠣ ᠦᠶ᠎ᠡ ᠶ᠋ᠢᠨ ᠲᠠᠷᠢᠶᠠᠯᠠᠩ ᠤ᠋ᠨ ᠵᠢᠱ᠌ᠢᠶ᠎ᠡ ᠦᠵᠡᠭᠦᠯᠬᠦ᠌ ᠰᠠᠭᠤᠷᠢᠨ ᠢ᠋ ᠪᠥᠬᠥ᠌ ᠬᠦᠴᠦᠨ ᠶ᠋ᠢᠡᠷ ᠵᠢᠡᠨ ᠪᠠᠶ᠋ᠢᠭᠤᠯᠵᠤ ᠪᠠᠢᠨ᠎ᠠ᠃
《ᠪᠢᠳᠡ ᠪᠥᠬᠥ᠌ ᠠᠵᠤ ᠦᠢᠯᠡᠰ ᠤ᠋ᠨ ᠬᠡᠯᠬᠢᠶ᠎ᠡ ᠶ᠋ᠢᠨ ᠡᠵᠡᠩᠨᠡᠯᠲᠡ ᠶ᠋ᠢᠨ ᠰᠢᠰᠲ᠋ᠧᠮ ᠢ᠋ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠠᠵᠤ ᠦᠢᠯᠡᠰ ᠤ᠋ᠨ ᠳᠤᠲᠠᠭᠤᠳᠠᠯ ᠶ᠋ᠢᠡᠨ ᠨᠥᠬᠥᠪᠥᠷᠢᠯᠡᠨ᠂ ᠥᠪᠡᠷᠮᠢᠴᠡ ᠣᠨᠴᠠᠯᠢᠭ ᠪᠥᠬᠥᠶ ᠳᠠᠪᠠᠭᠤᠯᠢᠭ ᠶ᠋ᠢᠡᠨ ᠥᠷᠭᠡᠳᠬᠡᠵᠦ᠍᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠬᠡᠪᠴᠢᠶᠡᠵᠢᠬᠦᠯᠦᠨ ᠲᠠᠷᠢᠬᠤ᠂ ᠵᠠᠬ᠎ᠠ ᠳᠡᠯᠭᠡᠭᠦᠷᠴᠢᠯᠡᠨ ᠡᠵᠡᠡᠭᠨᠡᠬᠦ᠂ ᠣᠯᠠᠨ ᠡᠰᠢᠵᠢᠬᠦᠯᠦᠨ ᠬᠦᠭᠵᠢᠬᠦᠯᠬᠦ᠂ ᠤᠷᠳᠤ ᠬᠤᠭᠤᠴᠠᠭ᠎ᠠ ᠪᠡᠷ ᠠᠰᠢᠭ ᠬᠦᠷᠳᠡᠬᠦ ᠵᠢ ᠠᠬᠢᠭᠤᠯᠬᠤ ᠶ᠋ᠢᠨ ᠬᠠᠮᠲᠤ᠌ ᠠᠵᠤ ᠦᠢᠯᠡᠰ ᠤ᠋ᠨ ᠬᠦᠷᠢᠶᠡᠯᠡᠩ ᠢ᠋ 〈ᠤᠯᠠᠮᠵᠢᠯᠠᠯᠲᠤ᠌ ᠤᠶᠤᠨᠴᠢ ᠬᠦᠯᠡᠮᠵᠢ〉 ᠡᠴᠡ AI ᠪᠦᠷᠢᠨ ᠠᠤᠶ᠋ᠲ᠋ᠤ᠋ ᠵᠢᠨ ᠲᠠᠷᠢᠶᠠᠯᠠᠩ ᠤ᠋ᠨ ᠲᠠᠯᠠᠪᠠᠶ ᠲᠡᠢᠰᠢ ᠲᠠᠰ ᠳᠡᠪᠰᠢᠬᠦᠯᠦᠨᠠ》 ᠭᠡᠵᠦ᠍ ᠵᠠᠩ ᠶᠢᠦ ᠵᠢᠶᠦ᠋ᠨ ᠶᠠᠷᠢᠵᠤ ᠪᠠᠢᠯ᠎ᠠ᠃
ᠰᠤᠷᠪᠤᠯᠵᠢᠯᠠᠭᠴᠢ ᠶ᠋ᠢᠨ ᠡᠪᠦᠷ ᠲᠡᠮᠳᠡᠭᠯᠡᠯ᠄
ᠭᠠᠩ ᠬᠠᠭᠤᠷᠠᠢ ᠠᠯᠠᠱᠠ ᠨᠤᠳᠤᠭ ᠲᠦ᠍ ᠤᠯᠠᠮᠵᠢᠯᠠᠯᠳᠤ ᠠᠷᠭ᠎ᠠ ᠪᠡᠷ ᠢᠳᠡᠰᠢᠨ ᠨᠣᠭᠣᠭ᠎ᠠ ᠲᠠᠷᠢᠬᠤ ᠦᠢᠯᠡᠰ ᠢ᠋ ᠬᠦᠭᠵᠢᠬᠦᠯᠬᠦ ᠳ᠋ᠤ ᠶᠡᠬᠡ ᠬᠦᠴᠢᠷᠳᠠᠢ ᠶᠤᠮ᠃ ᠤᠳᠤ ᠤᠶᠤᠨᠴᠢ ᠲᠠᠷᠢᠶᠠᠯᠠᠡᠭ ᠤ᠋ᠨ ᠮᠡᠷᠭᠡᠵᠢᠯ ᠳ᠋ᠤ ᠲᠦᠰᠢᠭᠯᠡᠨ ᠪᠠᠶ᠋ᠢᠭᠠᠯᠢ ᠶ᠋ᠢᠨ ᠨᠥᠬᠥᠴᠡᠯ ᠤ᠋ᠨ ᠬᠦᠯᠢᠶᠡᠰᠦ ᠵᠢ ᠡᠪᠳᠡᠵᠦ᠍᠂ ᠢᠳᠡᠰᠢᠨ ᠨᠤᠭᠤᠭ᠎ᠠ ᠵᠢᠨ ᠠᠵᠤ ᠦᠢᠯᠡᠰ ᠢ᠋ ᠬᠦᠭᠵᠢᠬᠦᠯᠦᠭᠰᠡᠨ ᠵᠢᠡᠷ ᠪᠠᠷᠠᠬᠤ ᠦᠬᠡᠢ ᠲᠠᠷᠢᠵᠤ ᠬᠤᠷᠢᠶᠠᠭᠰᠠᠨ ᠲᠥᠪᠡᠳ ᠬᠠᠰᠢ ᠪᠠᠨ ᠪᠡᠭᠡᠵᠢᠩ᠂ ᠱᠠᠩᠬᠠᠢ ᠶ᠋ᠢᠨ ᠬᠡᠷᠡᠭᠯᠡᠭᠡᠨ ᠤ᠋ ᠵᠠᠬ᠎ᠠ ᠳᠡᠯᠭᠡᠭᠦᠷ ᠲᠦ᠍ ᠣᠷᠣᠭᠤᠯᠤᠭᠰᠠᠨ ᠪᠠᠶ᠋ᠢᠨ᠎ᠠ᠃
ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠶ᠋ᠢᠡᠷ ᠡᠨᠧᠷᠭᠢ ᠣᠯᠭᠣᠨ᠂ ᠵᠢᠮᠢᠰ ᠢᠳᠡᠰᠢᠨ ᠨᠣᠭᠣᠭ᠎ᠠ ᠶ᠋ᠢᠨ ᠭᠠᠷᠤᠯᠲᠠ ᠪᠠ ᠶᠠᠰᠤ ᠴᠢᠨᠠᠷ ᠢ᠋ ᠳᠡᠭᠡᠭᠰᠢᠯᠡᠭᠦᠯᠵᠦ᠍᠂ ᠲᠤᠬᠠᠢ ᠶ᠋ᠢᠨ ᠭᠠᠵᠠᠷ ᠤ᠋ᠨ ᠮᠠᠯᠴᠢᠨ ᠲᠠᠷᠢᠶᠠᠴᠢᠨ ᠳ᠋ᠦ ᠦᠨᠡᠨ ᠪᠣᠳᠠᠲᠠᠶ ᠠᠰᠢᠭ ᠬᠦᠷᠲᠡᠭᠡᠪᠡ᠃ ᠲᠣᠰᠬᠣᠨ ᠤ᠋ ᠠᠷᠠᠳ 《ᠠᠵᠤ ᠦᠢᠯᠡᠰ ᠤ᠋ᠨ ᠠᠵᠢᠯᠴᠢᠨ》 ᠪᠤᠯᠵᠤ᠂ ᠭᠠᠳᠠᠨ᠎ᠠ ᠭᠠᠷᠴᠦ ᠠᠷᠰᠠᠷ ᠠᠵᠢᠯ ᠬᠢᠬᠦ ᠪᠠᠨ ᠪᠤᠯᠢᠵᠤ᠂ ᠲᠣᠭᠲᠠᠪᠤᠷᠢᠲᠠᠢ ᠣᠷᠣᠯᠭ᠎ᠠ ᠪᠤᠯᠤᠨ ᠨᠡᠶ᠋ᠢᠭᠡᠮ ᠤ᠋ᠨ ᠪᠠᠲᠤᠯᠠᠭ᠎ᠠ ᠲᠠᠶ ᠪᠣᠯᠵᠠᠢ᠃ ᠪᠠᠳᠮᠠᠷᠠᠭ᠎ᠠ ᠮᠡᠳᠦ ᠤᠯᠠᠢᠨ ᠬᠠᠷᠠᠭᠳᠠᠬᠤ ᠵᠢᠵᠢᠭ ᠲᠥᠪᠡᠳ ᠬᠠᠰᠢ ᠦᠩ ᠦᠷᠬᠡᠨ ᠲᠡᠮᠡᠭᠡᠲᠦ ᠨᠤᠲᠤᠭ ᠤ᠋ᠨ ᠲᠠᠷᠢᠶᠠᠯᠠᠩ ᠤ᠋ᠨ ᠶᠡᠬᠡ ᠬᠤᠪᠢᠷᠠᠯᠲᠠ ᠵᠢ ᠭᠡᠷᠡᠴᠢᠯᠡᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃