2026-10-08 09:49:15
《ᠴᠡᠷᠢᠭ ᠡᠴᠡ ᠬᠠᠯᠠᠭᠳᠠᠭᠠᠳ 40 ᠵᠢᠯ ᠪᠣᠯᠬᠤ ᠭᠡᠵᠦ᠍ ᠪᠠᠢᠨ᠎ᠠ᠂ ᠨᠠᠮ ᠪᠠ ᠤᠯᠤᠰᠠᠴᠠ ᠮᠠᠨ ᠤ᠋ ᠠᠬᠠᠮᠠᠳ ᠴᠡᠷᠢᠭᠢ ᠲᠠᠡᠭᠲᠠ ᠰᠠᠨᠠᠭᠠᠯᠵᠠᠳᠠᠭ᠂ ᠡᠮᠴᠢᠯᠡᠭᠡᠨ ᠤ᠋ ᠠᠩᠭᠢ ᠲᠤᠰᠬᠠᠢᠯᠠᠨ ᠭᠡᠷ ᠲᠤ᠌ ᠢᠷᠡᠵᠤ ᠡᠪᠡᠳᠴᠢᠨ ᠦᠵᠡᠵᠤ ᠪᠠᠢᠭ᠎ᠠ ᠳ᠋ᠤ ᠰᠡᠳᠬᠢᠯ ᠦᠨᠡᠬᠡᠷ ᠳᠤᠯᠠᠭᠠᠬᠠᠨ ᠪᠠᠢᠨ᠎ᠠ》 ᠭᠡᠵᠤ ᠤᠯᠠᠭᠠᠨᠬᠠᠳᠠ ᠬᠣᠲᠠ ᠢ᠋ᠢᠨ ᠪᠠᠭᠠᠷᠢᠨ ᠪᠠᠷᠠᠭᠤᠨ ᠬᠣᠰᠢᠭᠤᠨ ᠤ᠋ ᠳ᠋ᠠᠪᠠᠨ ᠪᠠᠯᠭᠠᠰᠤᠨ ᠤ᠋ ᠴᠡᠷᠢᠭ ᠡᠴᠡ ᠬᠠᠯᠠᠭᠳᠠᠭᠰᠠᠨ ᠠᠬᠠᠮᠠᠳ ᠴᠡᠷᠢᠭ ᠬᠠᠰᠴᠢᠯᠠᠭᠤ ᠡᠮᠴᠢ ᠰᠤᠪᠢᠯᠠᠭᠴᠢ ᠢ᠋ᠢᠨ ᠭᠠᠷᠢ ᠠᠳᠬᠤᠨ᠂ ᠮᠠᠯᠵᠢᠬᠤ ᠲᠠᠷᠢᠶᠠᠯᠠᠬᠤ ᠣᠷᠣᠨ ᠤ᠋ ᠠᠰᠠᠷᠠᠨ ᠬᠠᠷᠠᠭᠠᠯᠵᠠᠬᠤ ᠡᠲᠡᠭᠡᠳ ᠤ᠋ᠨ ᠰᠡᠳᠬᠢᠯ ᠤ᠋ᠨ ᠦᠭᠡ ᠢ᠋ᠢ ᠬᠡᠯᠡᠯ᠎ᠠ᠃
ᠨᠠᠯᠠᠭᠠᠷ ᠨᠠᠮᠤᠷ ᠤ᠋ᠨ ᠤᠯᠠᠷᠢᠯ ᠳ᠋ᠤ᠂ ᠥᠷᠭᠡᠨ ᠠᠭᠤᠳᠠᠮ ᠥᠪᠥᠷ ᠮᠣᠩᠭᠣᠯ ᠤ᠋ᠨ ᠲᠠᠯ᠎ᠠ ᠨᠤᠲᠤᠭ ᠠᠯᠳᠠᠨ ᠰᠢᠷᠭᠠᠯ ᠦᠡᠭᠭᠡ ᠪᠡᠷ ᠰᠤᠯᠢᠭᠳᠠᠵᠤ᠂ ᠬᠦᠭᠡ ᠲᠡᠭᠷᠢ ᠬᠦᠪᠦᠡᠭ ᠡᠭᠦᠯᠡ ᠲᠠᠢ ᠬᠠᠮᠲᠤ ᠤᠨᠴᠠ ᠢ᠋ᠢᠨ ᠭᠤᠶᠤᠮᠰᠤᠭ ᠬᠠᠷᠠᠭᠳᠠᠨ᠎ᠠ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠡᠷ᠎ᠠ ᠬᠦᠨᠳᠤᠲᠤ ᠴᠡᠷᠢᠭ ᠤ᠋ᠨ ᠡᠷᠡᠭᠦᠯᠵᠢᠯ ᠤ᠋ᠨ ᠡᠮᠨᠡᠯᠭᠡ ᠢ᠋ᠢᠨ ᠬᠣᠷᠢᠶ᠎ᠠ ᠢ᠋ᠢᠨ 《ᠡᠮᠴᠢᠯᠡᠭᠡᠨ ᠤ᠋ ᠤᠯᠠᠭᠠᠨᠮᠥ᠋ᠴᠢᠷ》 ᠤ᠋ᠨ ᠲᠣᠭᠣᠷᠢᠨ ᠡᠮᠴᠢᠯᠡᠬᠦ᠌ ᠠᠩᠭᠢ ᠢ᠋ᠢᠨ ᠨᠡᠭᠦᠳᠡᠯ ᠣᠨᠣᠰᠢᠯᠠᠨ ᠡᠮᠨᠡᠬᠦ᠌ ᠲᠡᠷᠭᠡ ᠮᠠᠯᠵᠢᠬᠤ ᠲᠠᠷᠢᠶᠠᠯᠠᠬᠤ ᠣᠷᠣᠨ ᠢ᠋ᠢᠡᠷ ᠰᠦᠯᠵᠢᠯᠳᠤᠵᠤ᠂ ᠬᠠᠯᠠᠭᠤᠨ ᠳᠤᠯᠠᠭᠠᠨ ᠦᠵᠡᠮᠵᠢ ᠢ᠋ᠢ ᠪᠤᠢ ᠪᠤᠯᠭᠠᠵᠠᠢ᠃
ᠥᠪᠥᠷ ᠮᠣᠩᠭᠣᠯ ᠤ᠋ᠨ ᠨᠤᠲᠤᠭ ᠳᠡᠪᠢᠰᠬᠡᠷ ᠥᠷᠭᠡᠨ ᠠᠭᠤᠳᠠᠮ᠂ ᠮᠠᠯᠵᠢᠬᠤ ᠲᠠᠷᠢᠶᠠᠯᠠᠬᠤ ᠣᠷᠣᠨ ᠤ᠋ ᠮᠠᠰᠢ ᠤᠯᠠᠨ ᠴᠡᠷᠢᠭ ᠡᠴᠡ ᠬᠠᠯᠠᠭᠳᠠᠭᠰᠠᠳ ᠬᠤᠳᠠᠣᠷᠣᠵᠤ ᠡᠪᠡᠳᠴᠢᠨ ᠦᠵᠡᠭᠦᠯᠬᠦ᠌ ᠳ᠋ᠤ ᠵᠠᠮ ᠬᠤᠯᠠ᠂ ᠬᠦᠳᠡᠯᠮᠦᠷᠢ ᠬᠦᠴᠦᠨ ᠬᠦᠷᠤᠯᠴᠡᠬᠦ ᠦᠭᠡᠢ ᠡᠴᠡ ᠪᠤᠯᠵᠤ ᠡᠪᠡᠳᠴᠢᠨ ᠦᠵᠡᠭᠦᠯᠬᠦ ᠳ᠋ᠤ ᠬᠦᠴᠢᠷ ᠪᠠᠢᠪᠠ᠃ ᠮᠠᠯᠵᠢᠬᠤ ᠲᠠᠷᠢᠶᠠᠯᠠᠬᠤ ᠣᠷᠣᠨ ᠤ᠋ ᠠᠰᠠᠷᠠᠨ ᠬᠠᠷᠠᠭᠠᠯᠵᠠᠬᠤ ᠡᠲᠡᠭᠡᠳ ᠤ᠋ᠨ ᠡᠪᠡᠳᠴᠢᠨ ᠦᠵᠡᠭᠦᠯᠬᠦ ᠳ᠋ᠤ ᠬᠦᠴᠢᠷ ᠪᠠᠢᠬᠤ ᠠᠰᠠᠭᠤᠳᠠᠯᠢ ᠰᠢᠢᠳᠪᠦᠷᠢᠯᠡᠬᠦ ᠢ᠋ᠢᠨ ᠲᠥᠯᠥᠭᠡ᠂ ᠪᠥᠬᠥ᠌ ᠣᠷᠣᠨ ᠤ᠋ ᠴᠣᠷ ᠤ᠋ᠨ ᠭᠠᠭᠴᠠ ᠠᠰᠠᠷᠠᠨ ᠬᠠᠷᠠᠭᠠᠯᠵᠠᠬᠤ ᠲᠤᠰᠬᠠᠶ ᠡᠮᠨᠡᠯᠭᠡ ᠢ᠋ᠢᠨ ᠬᠣᠷᠢᠶ᠎ᠠ ᠪᠣᠯᠤᠭᠰᠠᠨ ᠤ᠋ ᠬᠤᠪᠢ ᠳ᠋ᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠡᠷ᠎ᠡ ᠬᠦᠨᠳᠦᠲᠦ᠍ ᠴᠡᠷᠢᠭ ᠤ᠋ᠨ ᠡᠷᠡᠭᠦᠯᠵᠢᠯ ᠤ᠋ᠨ ᠡᠮᠨᠡᠯᠭᠡ ᠢ᠋ᠢᠨ ᠬᠣᠷᠢᠶᠠᠵᠢᠨ ᠬᠢᠨ ᠡᠮᠴᠢᠯᠡᠭᠡᠨ ᠤ᠋ ᠪᠡᠶ᠎ᠡ ᠢ᠋ᠢᠨ ᠪᠠᠢᠴᠠᠭᠠᠯᠲᠠ ᠢ᠋ᠢᠨ ᠲᠡᠷᠭᠡ ᠬᠢᠭᠡᠳ ᠲᠡᠷᠭᠡᠨ ᠳᠡᠭᠡᠷᠡᠬᠢ ᠣᠨᠣᠰᠢᠯᠠᠨ ᠡᠮᠨᠡᠬᠦ᠌ ᠲᠥᠬᠥᠭᠡᠷᠦᠮᠵᠢ ᠢ᠋ᠢ ᠳᠣᠭᠢᠷᠠᠭᠤᠯᠵᠤ᠂ ᠳᠣᠲᠣᠷ ᠡᠮᠨᠡᠯᠭᠡ ᠢ᠋ᠢᠨ ᠰᠠᠯᠠᠭ᠎ᠠ᠂ ᠭᠠᠳᠠᠷ ᠡᠮᠨᠡᠯᠭᠡ ᠢ᠋ᠢᠨ ᠰᠠᠯᠠᠭ᠎ᠠ᠂ ᠬᠢᠲᠠᠳ ᠡᠮᠨᠡᠯᠭᠡ ᠢ᠋ᠢᠨ ᠰᠠᠯᠠᠭ᠎ᠠ᠂ ᠡᠷᠡᠭᠦᠯᠵᠢᠯ ᠤ᠋ᠨ ᠰᠠᠯᠠᠭᠠᠨ ᠤ᠋ ᠭᠤᠤᠯᠯᠠᠭᠴᠢ ᠬᠦᠴᠦᠨᠢ ᠴᠤᠭᠯᠠᠭᠤᠯᠤᠨ᠂ 《ᠡᠮᠴᠢᠯᠡᠭᠡᠨ ᠤ᠋ ᠤᠯᠠᠭᠠᠨᠮᠥ᠋ᠴᠢᠷ》 ᠣᠨᠴᠠᠯᠢᠭᠲᠤ᠌ ᠦᠢᠯᠡᠴᠢᠯᠡᠭᠡᠨ ᠤ᠋ ᠲᠦᠷᠦᠯ ᠲᠡᠮᠳᠡᠭ ᠢ᠋ ᠪᠣᠶ ᠪᠣᠯᠭᠠᠵᠤ᠂ 3 ᠵᠢᠯᠮᠠᠯᠵᠢᠬᠤ ᠲᠠᠷᠢᠶᠠᠯᠠᠬᠤ ᠣᠷᠣᠨ ᠢ᠋ᠢᠡᠷ ᠶᠠᠪᠤᠵᠤ ᠲᠦᠭ ᠲᠦᠮᠡᠨ ᠠᠬᠠᠮᠠᠳ ᠴᠡᠷᠢᠭ ᠲᠤ᠌ ᠠᠰᠢᠭ ᠬᠦᠷᠲᠡᠭᠡᠪᠡ᠃
ᠡᠨᠡ ᠵᠢᠯ ᠡᠴᠡ ᠨᠠᠭᠠᠰᠢ᠂ ᠡᠨᠡ ᠬᠦ᠌ ᠡᠩᠨᠡᠭᠡ ᠤᠯᠠᠭᠠᠨᠬᠠᠳᠠ ᠬᠣᠲᠠ᠂ ᠬᠢᠩᠭᠠᠨ ᠠᠢᠮᠠᠭ᠂ ᠰᠢᠯᠢ ᠢ᠋ᠢᠨ ᠭᠤᠤᠯ ᠠᠢᠮᠠᠭ ᠲᠤ᠌ ᠬᠦᠷᠴᠦ᠍᠂ ᠪᠤᠢᠳᠠ ᠪᠦᠭᠯᠡᠭᠦᠦ ᠬᠣᠰᠢᠭᠤ ᠰᠢᠶᠠᠨ᠂ ᠰᠤᠮᠤ ᠭᠠᠴᠠᠭ᠎ᠠ ᠳ᠋ᠤ ᠭᠦᠨᠵᠡᠭᠡᠢᠷᠡᠨ᠂ ᠠᠯᠪᠠᠨ ᠵᠢᠷᠤᠮ ᠤ᠋ᠨ ᠲᠣᠭᠣᠷᠢᠨ ᠡᠮᠴᠢᠯᠡᠭᠡ ᠬᠢᠵᠦ᠍᠂ ᠴᠢᠨᠠᠷ ᠰᠠᠢᠲᠠᠢ ᠡᠮᠴᠢᠯᠡᠭᠡᠨ ᠤ᠋ ᠡᠬᠢ ᠪᠠᠶᠠᠯᠢᠭᠢ ᠠᠰᠠᠷᠠᠨ ᠬᠠᠷᠠᠭᠠᠯᠵᠠᠬᠤ ᠡᠲᠡᠭᠡᠳ ᠤ᠋ᠨ ᠬᠡᠷ ᠲᠤ᠌ ᠬᠦᠷᠭᠡᠵᠦ᠍᠂ ᠠᠰᠠᠷᠠᠨ ᠬᠠᠷᠠᠭᠠᠯᠵᠠᠬᠤ ᠡᠮᠴᠢᠯᠡᠭᠡᠨ ᠤ᠋ ᠦᠢᠯᠡᠴᠢᠯᠡᠭᠡ ᠶ᠋ᠢᠨ 《ᠡᠴᠦᠰ ᠤ᠋ᠨ ᠨᠢᠭᠡ ᠺᠢᠯᠣᠮᠧᠲ᠋ᠷ》 ᠢ᠋ ᠨᠡᠪᠲᠡᠷᠡᠭᠦᠯᠪᠡ᠃
ᠬᠠᠰᠴᠢᠯᠠᠭᠤ ᠴᠡᠷᠢᠭ ᠡᠴᠡ ᠬᠠᠯᠠᠭᠳᠠᠭᠰᠠᠨ ᠤ᠋ ᠳᠠᠷᠠᠭ᠎ᠠ ᠬᠠᠭᠠᠰ ᠨᠠᠰᠤᠪᠠᠷᠢᠶᠠᠨ ᠮᠠᠯ ᠮᠠᠯᠵᠢᠨ ᠰᠠᠯᠬᠢ ᠰᠢᠭᠤᠷᠭᠠᠨ ᠳ᠋ᠤ ᠠᠵᠢᠯᠯᠠᠭᠰᠠᠨ ᠡᠴᠡ ᠡᠪᠦᠳᠦᠭ ᠤ᠋ᠨ ᠦᠶ᠎ᠡ ᠳ᠋ᠤᠨᠢ ᠠᠷᠬᠠᠭ ᠰᠠᠭᠤᠵᠤ᠂ ᠪᠦᠷᠬᠦᠭ ᠡᠳᠦᠷ ᠪᠣᠯᠬᠤ ᠪᠦᠷᠢ ᠡᠪᠡᠳᠳᠡᠭ᠃ ᠭᠡᠲᠡᠯ᠎ᠡ ᠬᠣᠲᠠ ᠤᠷᠤᠵᠤ ᠡᠪᠡᠳᠴᠢᠨ ᠦᠵᠡᠭᠦᠯᠬᠦ᠌ ᠴᠠᠭ ᠣᠷᠳᠣ᠂ ᠬᠣᠨᠢ ᠦᠬᠡᠷ ᠢ᠋ ᠨᠢ ᠬᠠᠷᠠᠵᠤ ᠬᠠᠮᠢᠶᠠᠷᠬᠤ ᠬᠥᠮᠦᠨ ᠥᠬᠡᠶ ᠪᠣᠯᠬᠣᠷ ᠡᠪᠡᠳᠴᠢᠨᠢᠶᠡᠨ ᠲᠡᠰᠪᠦᠷᠢᠯᠡᠨ ᠡᠳᠦᠭᠡ ᠬᠦᠷᠴᠡᠢ᠃ ᠲᠡᠭᠦᠨ ᠤ᠋ ᠠᠷᠭ᠎ᠠ ᠮᠤᠬᠤᠷᠳᠠᠵᠤ ᠪᠠᠢᠭᠰᠠᠨ ᠦᠶᠡᠳᠦ 《ᠡᠮᠴᠢᠯᠡᠭᠡᠨ ᠤ᠋ ᠤᠯᠠᠭᠠᠨᠮᠥ᠋ᠴᠢᠷ》 ᠤ᠋ᠨ ᠲᠤᠭᠤᠷᠢᠨ ᠡᠮᠴᠢᠯᠡᠬᠦ ᠠᠩᠬᠢ ᠪᠠᠭᠠᠷᠢᠨ ᠪᠠᠷᠠᠭᠤᠨ ᠬᠣᠰᠢᠭᠤᠨ ᠳ᠋ᠤ ᠢᠷᠡᠪᠡ᠃
ᠡᠮᠴᠢ ᠰᠤᠪᠢᠯᠠᠭᠴᠢ ᠭᠡᠷᠲᠦᠨᠢ ᠬᠦᠷᠴᠦ᠍ ᠪᠡᠶ᠎ᠠ ᠢ᠋ᠢ ᠨᠢ ᠨᠢᠮᠪᠠᠢ ᠪᠠᠢᠴᠠᠭᠠᠵᠤ᠂ ᠪᠡᠶ᠎ᠡ ᠢ᠋ᠢᠨ ᠪᠠᠢᠳᠠᠯ ᠲᠠᠢ ᠨᠢ ᠤᠶᠠᠯᠳᠤᠭᠤᠯᠤᠨ ᠡᠮ ᠬᠡᠷᠡᠭᠯᠡᠬᠦ᠌ ᠲᠥᠰᠦᠯ ᠲᠣᠭᠲᠠᠭᠠᠵᠤ᠂ ᠦᠶ᠎ᠡ ᠭᠡᠰᠢᠭᠦᠦᠢ᠋ᠢ ᠠᠷᠠᠴᠢᠯᠠᠨ ᠬᠠᠮᠠᠭᠠᠯᠠᠬᠤ ᠡᠳᠦᠷ ᠲᠤᠲᠤᠮ ᠤ᠋ᠨ ᠠᠷᠭ᠎ᠠ ᠮᠡᠷᠭᠡᠵᠢᠯ ᠢ᠋ ᠲᠠᠨᠢᠯᠴᠠᠭᠤᠯᠪᠠ᠃ ᠣᠯᠠᠨ ᠵᠢᠯ ᠭᠠᠴᠢᠭᠳᠠᠭᠰᠠᠨ ᠡᠪᠡᠳᠴᠢᠨ ᠡᠮᠭᠡᠭ ᠢ᠋ᠢᠡᠨ ᠡᠮᠨᠡᠭᠦᠯᠦᠭᠰᠡᠨ ᠬᠠᠰᠴᠢᠯᠠᠭᠤ᠄ 《ᠬᠡᠷᠲᠡᠭᠡᠨ ᠰᠠᠭᠤᠵᠤ ᠲᠤᠰᠬᠠᠶ ᠮᠡᠷᠭᠡᠵᠢᠯᠲᠡᠨ ᠢ᠋ᠢᠡᠷ ᠡᠪᠡᠳᠴᠢᠨᠢᠶᠡᠨ ᠦᠵᠡᠭᠦᠯᠵᠦ᠍ ᠬᠦᠴᠢᠷ ᠠᠰᠠᠭᠤᠳᠠᠯ ᠢ᠋ᠢᠡᠨ ᠦᠨᠡᠨ ᠬᠦ᠌ ᠰᠢᠢᠳᠪᠦᠷᠢᠯᠡᠪᠠ》 ᠬᠡᠪᠠ᠃ ᠬᠠᠯᠠᠭᠤᠨ ᠳᠤᠯᠠᠭᠠᠨ ᠦᠢᠯᠡᠴᠢᠯᠡᠭᠡ ᠭᠥᠷᠳᠡᠭᠰᠡᠨ ᠬᠥᠮᠦᠰ ᠤ᠋ᠨ ᠳᠤᠲᠤᠷ᠎ᠠ ᠪᠠᠰᠠ ᠴᠡᠷᠢᠭ ᠡᠴᠡ ᠬᠠᠯᠠᠭᠳᠠᠭᠰᠠᠨ ᠠᠬᠠᠮᠠᠳ ᠴᠡᠷᠢᠭ ᠾᠧ ᠷᠦᠩ ᠰᠢᠶᠠᠩ ᠪᠣᠶ᠃ ᠬᠡᠷᠲᠦᠨᠢ ᠬᠦᠷᠴᠦ᠍ ᠲᠣᠭᠣᠷᠢᠨ ᠡᠮᠴᠢᠯᠡᠵᠤ ᠪᠠᠢᠭ᠎ᠠ ᠡᠮᠴᠢ ᠰᠤᠪᠢᠯᠠᠭᠴᠢ ᠢ᠋ᠢᠨ ᠡᠮᠦᠨ᠎ᠡ ᠲᠡᠷᠡ᠄ 《ᠨᠠᠮ ᠪᠠ ᠲᠥᠷᠥ ᠢ᠋ᠢᠨ ᠪᠣᠳᠣᠯᠭ᠎ᠠ ᠮᠠᠰᠢ ᠰᠠᠢᠨ ᠪᠠᠢᠨ᠎ᠠ》 ᠭᠡᠵᠤ ᠪᠠᠢᠯ᠎ᠠ᠃
ᠡᠨᠡ ᠵᠢᠯ᠂ ᠲᠤᠭᠤᠷᠢᠨ ᠡᠮᠴᠢᠯᠡᠬᠦ ᠠᠩᠭᠢᠵᠢᠨ ᠬᠢᠨ ᠤᠷᠢᠳ ᠬᠣᠵᠢᠳ ᠣᠯᠠᠨ ᠭᠠᠵᠠᠷ ᠲᠤ᠌ ᠲᠤᠰᠬᠠᠶ ᠲᠣᠭᠣᠷᠢᠨ ᠡᠮᠴᠢᠯᠡᠬᠦ᠌ ᠠᠵᠢᠯ ᠥᠷᠨᠢᠭᠦᠯᠪᠡ᠃ ᠤᠯᠠᠭᠠᠨᠬᠠᠳᠠ ᠬᠣᠲᠠ ᠳ᠋ᠤ 8 ᠬᠣᠰᠢᠭᠤ ᠰᠢᠶᠠᠨ ᠢ᠋ᠢᠡᠷ ᠶᠠᠪᠤᠵᠤ᠂ 12 ᠡᠳᠦᠷ ᠠᠵᠢᠯᠯᠠᠨ᠂ ᠨᠡᠢᠲᠡ 500 ᠭᠠᠷᠤᠶ ᠬᠥᠮᠦᠨ ᠤᠳᠠᠭ᠎ᠠ ᠠᠰᠠᠷᠠᠨ ᠬᠠᠷᠠᠭᠠᠯᠵᠠᠬᠤ ᠡᠲᠡᠭᠡᠳ ᠲᠤ᠌ ᠦᠢᠯᠡᠴᠢᠯᠡᠪᠠ᠃ ᠨᠡᠭᠦᠳᠡᠯ ᠣᠨᠣᠰᠢᠯᠠᠨ ᠡᠮᠨᠡᠬᠦ᠌ ᠲᠡᠷᠭᠡᠨ ᠳᠣᠲᠣᠷ᠎ᠠ ᠴᠢᠰᠤᠪᠠ ᠰᠢᠭᠡᠰᠦᠨ ᠤ᠋ ᠪᠠᠢᠴᠠᠭᠠᠯᠲᠠ᠂ ᠠᠮᠢᠳᠤ ᠪᠣᠳᠠᠰ ᠤ᠋ᠨ ᠬᠢᠮᠢ ᠢ᠋ᠢᠨ ᠪᠠᠢᠴᠠᠭᠠᠯᠲᠠ᠂ ᠤᠳᠠᠭᠠᠨ ᠴᠢᠨᠠᠷᠲᠠᠶ ᠡᠪᠡᠳᠴᠢᠨ ᠤ᠋ ᠪᠠᠢᠴᠠᠭᠠᠯᠲᠠ᠂ ᠪᠠᠢᠡᠭᠭᠤ ᠲᠣᠬᠢᠶᠠᠯᠳᠤᠳᠠᠭ ᠡᠪᠡᠳᠴᠢᠨᠢ ᠣᠨᠣᠰᠢᠯᠠᠨ ᠡᠮᠨᠡᠬᠦ᠌ ᠠᠵᠢᠯ ᠢ᠋ ᠡᠮᠬᠢ ᠵᠢᠷᠤᠮᠲᠠᠶ ᠥᠷᠨᠢᠭᠦᠯᠪᠡ᠃ ᠡᠮᠴᠢ ᠰᠤᠪᠢᠯᠠᠭᠴᠢᠳ ᠠᠬᠠᠮᠠᠳ ᠴᠡᠷᠢᠭ ᠪᠤᠯᠭᠠᠨ ᠤ᠋ ᠪᠡᠶ᠎ᠡ ᠮᠠᠬᠠᠪᠣᠳ ᠤ᠋ᠨ ᠪᠠᠢᠳᠠᠯᠢᠨᠢ ᠦᠵᠡᠵᠦ᠍ ᠪᠠᠢᠭᠠᠳ ᠡᠷᠡᠭᠦᠯ ᠮᠠᠨᠳᠤ ᠢ᠋ᠢᠨ ᠲᠥᠰᠦᠯ ᠲᠣᠭᠲᠠᠭᠠᠨ᠂ ᠡᠷᠡᠭᠦᠯᠵᠢᠯ ᠰᠤᠪᠢᠯᠠᠯᠲᠠ ᠢ᠋ᠢᠨ ᠮᠡᠳᠡᠯᠭᠡ ᠢ᠋ᠢ ᠲᠦᠭᠡᠮᠡᠯᠵᠢᠭᠦᠯᠵᠦ᠍᠂ ᠠᠰᠠᠷᠠᠨ ᠬᠠᠷᠠᠭᠠᠯᠵᠠᠬᠤ ᠡᠮᠴᠢᠯᠡᠭᠡᠨ ᠤ᠋ ᠬᠠᠷᠠᠭᠠᠯᠵᠠᠯ ᠤ᠋ᠨ ᠲᠥᠷᠥ ᠢ᠋ᠢᠨ ᠪᠣᠳᠣᠯᠭ᠎ᠠ ᠳ᠋ᠤ ᠲᠠᠢᠯᠤᠮᠵᠢ ᠬᠢᠵᠦ᠍᠂ ᠪᠠᠷᠢᠮᠵᠢᠶᠠᠵᠢᠭᠤᠯᠤᠭᠰᠠᠨ ᠡᠷᠡᠭᠦᠯ ᠮᠠᠨᠳᠤ ᠢ᠋ᠢᠨ ᠡᠯᠧᠺᠲ᠋ᠷᠣᠨ ᠲᠠᠩᠰᠠ ᠡᠪᠬᠡᠮᠡᠯᠪᠠᠢᠭᠤᠯᠵᠤ᠂ ᠰᠢᠭᠰᠢᠨ ᠪᠠᠢᠴᠠᠭᠠᠬᠤ᠂ ᠣᠨᠣᠰᠢᠯᠠᠨ ᠡᠮᠨᠡᠬᠦ᠌᠂ ᠲᠠᠩᠰᠠ ᠡᠪᠬᠡᠮᠡᠯ ᠪᠠᠢᠭᠤᠯᠬᠤ᠂ ᠲᠠᠭᠠᠨ ᠰᠤᠷᠪᠤᠯᠵᠢᠯᠠᠬᠤ ᠪᠢᠲᠡᠭᠦᠮᠵᠢᠯᠡᠭᠰᠡᠨ ᠦᠢᠯᠡᠴᠢᠯᠡᠭᠡ ᠢ᠋ᠢ ᠪᠤᠢ ᠪᠤᠯᠭᠠᠨ᠂ ᠨᠢᠭᠡ ᠤᠳᠠᠭ᠎ᠠ ᠳ᠋ᠤ ᠲᠤᠭᠤᠷᠢᠨ ᠡᠮᠴᠢᠯᠡᠬᠦ᠂ ᠣᠷᠳᠣ ᠬᠤᠭᠤᠴᠠᠭᠠᠪᠠᠷ ᠮᠥᠷᠳᠡᠨ ᠦᠢᠯᠡᠴᠢᠯᠡᠬᠦ ᠶ᠋ᠢ ᠪᠡᠶᠡᠯᠡᠭᠦᠯᠪᠠ᠃
ᠬᠢᠩᠭᠠᠨ ᠠᠢᠮᠠᠭ ᠤ᠋ᠨ ᠲᠤᠭᠤᠷᠢᠨ ᠡᠮᠴᠢᠯᠡᠬᠦ ᠲᠤᠬᠠᠢ ᠢ᠋ᠢᠨ ᠲᠠᠯᠠᠪᠠᠢ ᠴᠤ᠌ ᠮᠠᠰᠢ ᠳᠤᠯᠠᠭᠠᠬᠠᠨ ᠪᠠᠢᠯ᠎ᠠ᠃ 8 ᠡᠳᠦᠷ ᠤ᠋ᠨ ᠬᠤᠭᠤᠴᠠᠭᠠᠨ ᠳ᠋ᠤ᠂ ᠲᠤᠭᠤᠷᠢᠨ ᠡᠮᠴᠢᠯᠡᠬᠦ ᠠᠩᠭᠢᠵᠢᠨ ᠬᠢᠨ ᠬᠢᠩᠭᠠᠨ ᠠᠢᠮᠠᠭ ᠤ᠋ᠨ ᠡᠯ᠎ᠡ ᠬᠣᠰᠢᠭᠤ ᠰᠢᠶᠠᠨ ᠬᠣᠲᠠᠪᠠᠷ ᠶᠠᠪᠤᠵᠤ᠂ ᠰᠤᠮᠤ ᠰᠢᠶᠠᠩ ᠪᠠᠯᠭᠠᠰᠤ ᠪᠣᠯᠤᠨ ᠨᠡᠢᠭᠡᠮ ᠲᠣᠭᠣᠷᠢᠭ ᠤ᠋ᠨ ᠦᠢᠯᠡᠴᠢᠯᠡᠭᠡᠨ ᠤ᠋ ᠥᠷᠲᠡᠭᠡᠪᠡᠷ ᠭᠦᠨᠵᠡᠭᠡᠢᠷᠡᠪᠠ᠃ ᠠᠰᠠᠷᠠᠨ ᠬᠠᠷᠠᠭᠠᠯᠵᠠᠬᠤ ᠡᠲᠡᠭᠡᠳ ᠤ᠋ᠨ ᠣᠷᠣᠰᠢᠨ ᠰᠠᠭᠤᠬᠤᠨᠢ ᠲᠠᠷᠠᠬᠠᠶ ᠪᠤᠲᠠᠷᠬᠠᠶ᠂ ᠬᠣᠲᠠ ᠣᠷᠣᠵᠤ ᠪᠡᠶ᠎ᠡ ᠢ᠋ᠢᠨ ᠪᠠᠢᠴᠠᠭᠠᠯᠲᠠ ᠬᠢᠬᠦ ᠳ᠋ᠤ ᠳᠥᠭᠥᠮ ᠦᠭᠡᠢ ᠪᠠᠢᠬᠤ ᠪᠣᠳᠠᠲᠤ᠌ ᠪᠠᠢᠳᠠᠯ ᠳ᠋ᠤ ᠴᠢᠭᠯᠡᠭᠦᠯᠦᠨ ᠲᠤᠭᠤᠷᠢᠨ ᠡᠮᠴᠢᠯᠡᠬᠦ ᠠᠩᠭᠢ ᠢ᠋ᠢᠨᠬᠢᠨ ᠠᠪᠴᠤ᠌ ᠶᠠᠪᠤᠬᠤ ᠳ᠋ᠤ ᠲᠥᠬᠥᠮ ᠡᠮᠴᠢᠯᠡᠭᠡᠨ ᠤ᠋ ᠲᠥᠬᠥᠭᠡᠷᠦᠮᠵᠢ ᠠᠪᠴᠤ᠌ ᠶᠠᠪᠤᠵᠤ᠂ ᠨᠢᠭᠡ ᠥᠷᠲᠡᠭᠡᠴᠢᠯᠡᠭᠰᠡᠨ ᠬᠡᠯᠪᠡᠷᠢ ᠢ᠋ᠢᠨ ᠰᠦᠢᠳᠬᠡᠯ ᠬᠤᠷᠢᠶᠠᠬᠤ ᠥᠬᠡᠶ ᠪᠡᠶ᠎ᠡ ᠢ᠋ᠢᠨ ᠪᠠᠢᠴᠠᠭᠠᠯᠲᠠ ᠢ᠋ᠢᠨ ᠲᠣᠭᠣᠷᠢᠭ ᠭᠠᠷᠭᠠᠵᠤ᠂ ᠴᠡᠭᠡᠵᠢᠨ ᠬᠡᠰᠡᠭ᠂ ᠵᠢᠷᠦᠬᠡᠨ ᠤ᠋ ᠯᠤᠭᠰᠢᠯᠲᠠ ᠢ᠋ᠢᠨ ᠵᠢᠷᠤᠭ᠂ ᠬᠡᠪᠡᠯᠢ ᠢ᠋ᠢᠨ ᠬᠡᠲᠦ᠍ ᠳᠣᠯᠭᠢᠶᠠᠨ ᠵᠡᠷᠭᠡ ᠣᠯᠠᠨ ᠵᠦᠢᠯ ᠤ᠋ᠨ ᠪᠠᠢᠴᠠᠭᠠᠯᠲᠠ ᠥᠷᠨᠢᠭᠦᠯᠵᠦ᠍᠂ ᠵᠢᠷᠦᠬᠡ ᠲᠠᠷᠢᠬᠢ ᠴᠢᠰᠤᠨ ᠰᠤᠳᠠᠯ᠂ ᠦᠶ᠎ᠡ ᠭᠡᠰᠢᠭᠦᠦ᠂ ᠨᠠᠰᠤᠲᠠᠢᠴᠤᠳ ᠤ᠋ᠨ ᠡᠪᠡᠳᠴᠢᠨᠢ ᠭᠤᠤᠯᠳᠠᠯᠭᠠᠲᠠᠶ ᠪᠠᠢᠴᠠᠭᠠᠪᠠ᠃ ᠪᠡᠶ᠎ᠡ ᠢ᠋ᠢᠨ ᠪᠠᠢᠴᠠᠭᠠᠯᠲᠠ ᠳᠠᠭᠤᠰᠤᠭᠰᠠᠨ ᠤ᠋ ᠳᠠᠷᠠᠭ᠎ᠠ᠂ ᠲᠤᠰᠬᠠᠶ ᠮᠡᠷᠭᠡᠵᠢᠯ ᠤ᠋ᠨ ᠡᠮᠴᠢ ᠡᠴᠡ ᠪᠡᠶ᠎ᠡ ᠢ᠋ᠢᠨ ᠪᠠᠢᠴᠠᠭᠠᠯᠲᠠ ᠢ᠋ᠢᠨ ᠮᠡᠳᠡᠭᠦᠯᠦᠯᠲᠡ ᠢ᠋ᠢ ᠨᠢᠭᠡᠳ ᠨᠢᠭᠡᠪᠡᠷ ᠤᠩᠰᠢᠨ ᠲᠠᠢᠯᠪᠤᠷᠢᠯᠠᠵᠤ᠂ ᠵᠦᠶ ᠵᠣᠬᠢᠰᠲᠠᠶ ᠰᠤᠪᠢᠯᠠᠵᠤ᠂ ᠡᠮ ᠬᠡᠷᠡᠭᠯᠡᠬᠦ᠌ ᠲᠤᠬᠠᠢ ᠲᠠᠢᠯᠪᠤᠷᠢᠯᠠᠵᠤ᠂ ᠴᠡᠷᠢᠭ ᠡᠴᠡ ᠬᠠᠯᠠᠭᠳᠠᠭᠰᠠᠳ ᠤ᠋ᠨ ᠬᠠᠷᠠᠭᠠᠯᠵᠠᠯ ᠤ᠋ᠨ ᠲᠥᠷᠥ ᠢ᠋ᠢᠨ ᠪᠣᠳᠣᠯᠭ᠎ᠠ ᠢ᠋ᠢ ᠤᠬᠠᠭᠤᠯᠤᠨ ᠲᠠᠢᠯᠪᠤᠷᠢᠯᠠᠪᠠ᠃ ᠲᠣᠰ ᠤᠳᠠᠭᠠᠨ ᠤ᠋ ᠲᠣᠭᠣᠷᠢᠨ ᠡᠮᠴᠢᠯᠡᠭᠡᠳᠦ 387 ᠴᠡᠷᠢᠭ ᠤ᠋ᠨ ᠠᠯᠪᠠᠨᠠᠴᠠ ᠬᠠᠯᠠᠭᠳᠠᠭᠰᠠᠳ ᠪᠠ ᠬᠦᠴᠢᠷᠳᠡᠯᠲᠡᠶ ᠠᠰᠠᠷᠠᠨ ᠬᠠᠷᠠᠭᠠᠯᠵᠠᠬᠤ ᠡᠲᠡᠭᠡᠳ ᠤ᠋ᠨ ᠡᠷᠡᠭᠦᠯ ᠮᠡᠨᠳᠦ ᠢ᠋ᠢ ᠪᠦᠬᠦᠨᠢ ᠪᠠᠢᠴᠠᠭᠠᠵᠠᠢ᠃
ᠰᠢᠯᠢ ᠢ᠋ᠢᠨ ᠭᠤᠤᠯ ᠠᠢᠮᠠᠭ ᠲᠤ᠌᠂ ᠲᠤᠭᠤᠷᠢᠨ ᠡᠮᠴᠢᠯᠡᠬᠦ ᠠᠩᠭᠢ ᠳᠤᠮᠳᠠᠳᠤ ᠢ᠋ᠢᠨ ᠦᠨᠳᠦᠰᠦᠲᠡᠨ ᠤ᠋ ᠬᠠᠮᠲᠤ ᠢ᠋ᠢᠨ ᠴᠣᠭᠴᠠ ᠢ᠋ᠢᠨ ᠤᠬᠠᠮᠰᠠᠷᠢ ᠪᠠᠲᠤ᠌ ᠴᠣᠭᠴᠠᠯᠠᠬᠤ ᠭᠤᠤᠯ ᠰᠢᠵᠢᠮᠢ ᠴᠢᠩᠭ᠎ᠠ ᠡᠵᠡᠮᠳᠡᠵᠦ᠍᠂ ᠰᠢᠯᠤᠭᠤᠨ ᠬᠥᠪᠡᠭᠡᠲᠦ᠍ ᠴᠠᠭᠠᠨ ᠬᠣᠰᠢᠭᠤ ᠂ ᠲᠠᠢᠪᠦᠰᠧ ᠬᠣᠰᠢᠭᠤ᠂ ᠲᠤᠯᠤᠨ ᠨᠤᠤᠷ ᠰᠢᠶᠠᠨ ᠵᠡᠷᠭᠡ ᠣᠯᠠᠨ ᠬᠣᠰᠢᠭᠤ ᠰᠢᠶᠠᠨ ᠳ᠋ᠤ ᠭᠦᠨᠵᠡᠭᠡᠢᠷᠡᠵᠤ᠂ 《ᠡᠮᠴᠢᠯᠡᠭᠡᠨ ᠤ᠋ ᠦᠶ᠋ᠯᠡᠴᠢᠯᠡᠭᠡ + ᠲᠥᠷᠥ ᠢ᠋ᠢᠨ ᠪᠣᠳᠣᠯᠭ᠎ᠠ ᠢ᠋ᠢᠨ ᠤᠬᠠᠭᠤᠯᠭ᠎ᠠ + ᠦᠵᠡᠯ ᠤᠬᠠᠮᠰᠠᠷ ᠤ᠋ᠨ ᠬᠡᠯᠪᠡᠷᠢ ᠢ᠋ᠢᠨ ᠤᠬᠠᠭᠤᠯᠭ᠎ᠠ》 ᠶ᠋ᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ᠋ ᠵᠠᠭᠪᠤᠷᠢ ᠬᠡᠷᠡᠭᠵᠢᠭᠦᠯᠪᠡ᠃ ᠨᠠᠰᠤ ᠠᠬᠠᠰᠢᠷᠠᠵᠤ ᠪᠡᠶ᠎ᠡ ᠮᠠᠭᠤᠳᠠᠭᠰᠠᠨ᠂ ᠬᠥᠳᠡᠯᠵᠦ᠍ ᠪᠠᠷᠢᠬᠤ ᠳ᠋ᠤ ᠳᠥᠭᠥᠮ ᠦᠭᠡᠢ᠂ ᠤᠳᠠᠭᠠᠨ ᠴᠢᠨᠠᠷᠲᠠᠶ ᠡᠪᠡᠳᠴᠢᠨ ᠲᠠᠢ ᠠᠰᠠᠷᠠᠨ ᠬᠠᠷᠠᠭᠠᠯᠵᠠᠬᠤ ᠡᠲᠡᠭᠡᠳ ᠲᠤ᠌ ᠡᠮᠴᠢ ᠰᠤᠪᠢᠯᠠᠭᠴᠢᠨᠠᠷ ᠪᠥᠬᠥ᠌ ᠲᠠᠯ᠎ᠠ ᠢ᠋ᠢᠨ ᠡᠷᠡᠭᠦᠯ ᠮᠡᠨᠳᠦ ᠢ᠋ᠢᠨ ᠪᠠᠢᠴᠠᠭᠠᠯᠲᠠ ᠬᠢᠵᠤ᠂ ᠠᠰᠠᠭᠤᠯᠲᠠ ᠢ᠋ᠢ ᠨᠢ ᠨᠢᠭᠡᠳ ᠨᠢᠭᠡᠪᠡᠷ ᠬᠠᠷᠢᠭᠤᠯᠤᠨ ᠲᠥᠭᠡᠷᠢᠭᠳᠡᠯᠢᠨᠢ ᠠᠷᠢᠯᠭᠠᠵᠤ᠂ ᠣᠨᠣᠰᠢᠯᠠᠨ ᠡᠮᠨᠡᠬᠦ᠌ ᠪᠠ ᠡᠷᠡᠭᠦᠯᠵᠢᠭᠦᠯᠬᠦ᠌ ᠵᠢᠯᠣᠭᠣᠳᠬᠤ ᠲᠥᠰᠦᠯ ᠲᠣᠭᠲᠠᠭᠠᠵᠤ᠂ 11 ᠡᠳᠦᠷ ᠲᠤ᠌ ᠨᠡᠢᠲᠡ 615 ᠠᠰᠠᠷᠠᠨ ᠬᠠᠷᠠᠭᠠᠯᠵᠠᠬᠤ ᠡᠲᠡᠭᠡᠳ ᠲᠤ᠌ ᠦᠢᠯᠡᠴᠢᠯᠡᠪᠠ᠃
ᠨᠡᠭᠦᠳᠡᠯ ᠲᠣᠭᠣᠷᠢᠨ ᠡᠮᠴᠢᠯᠡᠭᠡ ᠨᠢ ᠠᠬᠠᠮᠠᠳ ᠴᠡᠷᠢᠭ ᠤ᠋ᠨ ᠪᠡᠶ᠎ᠡ ᠮᠠᠬᠠᠪᠣᠳ ᠤ᠋ᠨ ᠡᠷᠡᠭᠦᠯ ᠮᠡᠨᠳᠦ ᠢ᠋ᠢ ᠬᠠᠮᠠᠭᠠᠯᠠᠭᠰᠠᠨ ᠮᠥᠷᠲᠡᠭᠡᠨ ᠨᠠᠮ ᠵᠠᠰᠠᠭ ᠤ᠋ᠨ ᠬᠠᠢᠷ᠎ᠠ ᠬᠠᠯᠠᠮᠵᠢ ᠢ᠋ᠢ ᠦᠨᠳᠦᠰᠦᠨ ᠱᠠᠲᠤᠨ ᠳ᠋ᠤ ᠳᠠᠮᠵᠢᠭᠤᠯᠵᠤ᠂ ᠠᠰᠠᠷᠠᠨ ᠬᠠᠷᠠᠭᠠᠯᠵᠠᠬᠤ ᠡᠲᠡᠭᠡᠳ ᠤ᠋ᠨ ᠢᠷᠠᠭᠤ ᠠᠯᠳᠠᠷᠲᠤ᠌ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠪᠠ ᠵᠣᠯ ᠵᠢᠷᠭᠠᠯᠲᠤ ᠲᠥᠷᠥᠭᠳᠡᠯᠢ ᠨᠡᠮᠡᠭᠳᠡᠭᠦᠯᠪᠡ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠡᠷ᠎ᠡ ᠬᠦᠨᠳᠦᠲᠦ᠍ ᠴᠡᠷᠢᠭ ᠤ᠋ᠨ ᠡᠷᠡᠭᠦᠯᠵᠢᠯ ᠤ᠋ᠨ ᠡᠮᠨᠡᠯᠭᠡ ᠢ᠋ᠢᠨ ᠬᠣᠷᠢᠶᠠᠨ ᠤ᠋ ᠨᠠᠮ ᠤ᠋ᠨ ᠶᠡᠷᠦᠩᠬᠡᠶ ᠡᠭᠦᠷ ᠤ᠋ᠨ ᠱᠦᠵᠢ ᠰᠢᠤᠢ ᠶᠦᠩ ᠹᠸᠩ ᠤ᠋ᠨ ᠭᠡᠯᠡᠭᠰᠡᠨ ᠢ᠋ᠢᠡᠷ᠂ ᠬᠣᠢᠰᠢᠳᠠ 《ᠡᠮᠴᠢᠯᠡᠭᠡᠨ ᠤ᠋ ᠤᠯᠠᠭᠠᠨᠮᠥ᠋ᠴᠢᠷ》 ᠲᠤᠭᠤᠷᠢᠨ ᠡᠮᠴᠢᠯᠡᠬᠦ ᠠᠵᠢᠯᠢ ᠪᠠᠢᠩᠭᠤᠵᠢᠭᠤᠯᠤᠨ ᠥᠷᠨᠢᠭᠦᠯᠵᠦ᠍᠂ ᠪᠡᠶ᠎ᠡ ᠢ᠋ᠢᠨ ᠪᠠᠢᠴᠠᠭᠠᠯᠲᠠ ᠢ᠋ᠢᠨ ᠲᠥᠷᠥᠯ ᠵᠦᠢᠯᠢ ᠰᠢᠯᠢᠳᠡᠭᠵᠢᠭᠦᠯᠦᠨ᠂ ᠦᠢᠯᠡᠴᠢᠯᠡᠭᠡᠨ ᠤ᠋ ᠬᠠᠮᠤᠷᠬᠤ ᠬᠡᠪᠴᠢᠶ᠎ᠡ ᠢ᠋ᠢ ᠥᠷᠭᠡᠳᠬᠡᠵᠦ᠍᠂ ᠴᠡᠷᠢᠭᠢᠶᠡᠨ ᠬᠦᠷᠢᠶᠡᠯᠡᠨ ᠬᠡᠷ ᠪᠦᠯᠢ ᠢ᠋ᠢ ᠨᠢ ᠬᠠᠷᠠᠭᠠᠯᠵᠠᠬᠤ ᠠᠷᠠᠳ ᠤ᠋ᠨ ᠠᠮᠢᠳᠤᠷᠠᠯ ᠤ᠋ᠨ ᠠᠵᠢᠯᠢ ᠰᠡᠳᠬᠢᠯ ᠳᠡᠯᠪᠢᠨ ᠰᠠᠢᠲᠤᠷ ᠬᠢᠨ᠎ᠠ᠃
【ᠰᠤᠷᠪᠤᠯᠵᠢᠯᠠᠭ᠍ᠴᠢᠶᠢᠨ ᠡᠪᠦᠷ ᠲᠡᠮᠳᠡᠭᠯᠡᠯ】
ᠥᠷᠭᠡᠨ ᠠᠭᠤᠳᠠᠮ ᠥᠪᠥᠷ ᠮᠣᠩᠭᠣᠯ ᠤ᠋ᠨ ᠡᠬᠡ ᠭᠠᠵᠠᠷ ᠢ᠋ᠢᠡᠷ ᠠᠶᠠᠯᠠᠬᠤᠶ᠎ᠠ᠂ ᠪᠢᠳᠡ《ᠡᠮᠴᠢᠯᠡᠭᠡᠨ ᠤ᠋ ᠤᠯᠠᠭᠠᠨᠮᠥ᠋ᠴᠢᠷ》 ᠤ᠋ᠨ ᠬᠦᠴᠦᠨᠢ ᠦᠨᠡᠨ ᠬᠦ᠌ ᠮᠡᠳᠡᠷᠡᠵᠦ᠍ ᠪᠠᠢᠨ᠎ᠠ᠃ ᠡᠨᠳᠡ ᠭᠣᠶᠣᠮᠰᠣᠭ ᠪᠠᠢᠳᠠᠯ ᠬᠠᠷᠠᠭᠳᠠᠬᠤ ᠥᠬᠡᠶ᠂ ᠵᠥᠪᠬᠡᠨ ᠨᠡᠭᠦᠳᠡᠯ ᠡᠮᠴᠢᠯᠡᠭᠡᠨ ᠤ᠋ ᠲᠠᠰᠤᠭ ᠤ᠋ᠨ ᠪᠤᠢᠳᠠ ᠪᠦᠭᠯᠡᠭᠦᠦ ᠮᠠᠯᠵᠢᠬᠤ ᠲᠠᠷᠢᠶᠠᠯᠠᠬᠤ ᠣᠷᠣᠨ ᠳ᠋ᠤ ᠬᠠᠢᠷ᠎ᠠ ᠬᠠᠯᠠᠮᠵᠢ ᠪᠡᠨ ᠬᠦᠷᠭᠡᠵᠦ᠍ ᠪᠠᠢᠭ᠎ᠠ ᠬᠠᠯᠠᠭᠤᠨ ᠳᠤᠯᠠᠭᠠᠨ ᠪᠠᠢᠳᠠᠯ ᠬᠠᠷᠠᠭᠳᠠᠨ᠎ᠠ᠃ ᠲᠤᠭᠤᠷᠢᠨ ᠡᠮᠴᠢᠯᠡᠬᠦ ᠵᠢᠵᠢᠭᠬᠡᠨ ᠮᠠᠰᠢᠨ ᠲᠡᠷᠭᠡ ᠨᠢ ᠴᠡᠷᠢᠭᠢᠶᠡᠨ ᠬᠦᠷᠢᠶᠡᠯᠡᠬᠦ᠌ ᠬᠠᠢᠷ᠎ᠠ ᠬᠠᠯᠠᠮᠵᠢ ᠢ᠋ᠢ ᠠᠴᠢᠶᠠᠯᠠᠵᠤ᠂ ᠠᠬᠠᠮᠠᠳ ᠴᠡᠷᠢᠭ ᠤ᠋ᠨ ᠡᠪᠡᠳᠴᠢᠨ ᠦᠵᠡᠭᠦᠯᠬᠦ ᠳ᠋ᠤ ᠬᠦᠴᠢᠷ ᠠᠰᠠᠭᠤᠳᠠᠯᠢ ᠰᠢᠢᠳᠪᠦᠷᠢᠯᠡᠭᠰᠡᠨᠢᠶᠡᠷ ᠪᠠᠷᠠᠬᠤ ᠦᠭᠡᠢ ᠪᠠᠰᠠ ᠴᠡᠷᠢᠭᠢ ᠬᠦᠨᠳᠦᠳᠬᠡᠬᠦ᠌ ᠤᠢᠯᠠᠭᠠᠭᠳᠠᠬᠤᠨᠢ ᠦᠨᠳᠦᠰᠦᠨ ᠱᠠᠲᠤᠨ ᠳ᠋ᠤ ᠦᠨᠳᠦᠰᠦᠯᠡᠭᠦᠯᠦᠭᠰᠡᠨ ᠪᠠᠢᠨ᠎ᠠ᠃
ᠦᠢᠯᠡᠴᠢᠯᠡᠭᠡᠳᠦ ᠡᠴᠦᠰ ᠲᠡᠭᠦᠰᠬᠡᠯ ᠦᠭᠡᠢ᠂ ᠡᠨᠡ ᠬᠦ᠌ ᠰᠠᠬᠢᠨ ᠬᠠᠮᠠᠭᠠᠯᠠᠯᠲᠠ ᠥᠪᠥᠷ ᠮᠣᠩᠭᠣᠯ ᠳ᠋ᠤ ᠡᠬᠦᠷᠢᠳᠠ ᠦᠷᠭᠦᠯᠵᠢᠯᠡᠬᠦ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃