2026-10-15 17:07:17
ᠲᠦᠷᠦᠬᠦᠬᠡᠨ᠂ ᠪᠠᠶᠠᠨᠨᠠᠭᠤᠷ ᠬᠣᠲᠠ᠎ᠶᠢᠨ ᠯᠢᠨᠾᠧ ᠲᠠᠷᠢᠶᠠᠯᠠᠩ᠎ᠤᠨ ᠲᠠᠯᠠᠪᠠᠶ᠎ᠶᠢᠨ ᠳᠣᠯᠣᠳᠤᠭᠠᠷ ᠬᠤᠪᠢᠶᠠᠷᠢ ᠲᠠᠯᠠᠪᠠᠶ᠎ᠳᠤ᠂ ᠲᠦᠪᠯᠡᠷᠡᠭᠦᠯᠦᠨ ᠲᠠᠷᠢᠭᠰᠠᠨ ᠡᠷᠳᠡᠨᠢ ᠰᠢᠰᠢ᠂ ᠨᠡᠷᠡᠨ ᠬᠤᠸᠠᠷ ᠢᠭᠴᠤ ᠰᠠᠬᠤᠯᠢᠭ ᠤᠷᠭᠤᠵᠤ᠂ ᠲᠠᠷᠢᠶᠠᠨ ᠭᠠᠵᠠᠷ᠎ᠤᠨ ᠲᠤᠮᠳᠠᠬᠢ ᠣᠶᠤᠨᠴᠢ ᠤᠰᠤᠯᠠᠯᠲᠠ᠎ᠶᠢᠨ ᠬᠣᠭᠣᠯᠠᠶ ᠲᠤᠤᠷ᠎ᠢ ᠡᠮᠬᠢ ᠵᠠᠮᠪᠠᠷᠠᠭ᠎ᠠ ᠲᠠᠢ ᠲᠤᠬᠢᠷᠠᠭᠤᠯᠵᠤ᠂ ᠤᠰᠤ ᠪᠣᠷᠲᠣᠭᠣᠷ᠎ᠢ ᠨᠢᠭᠡ ᠴᠣᠭᠴᠠᠵᠢᠭᠤᠯᠤᠭᠰᠠᠨ ᠲᠥᠬᠥᠭᠡᠷᠦᠮᠵᠢ ᠨᠠᠷᠢᠯᠢᠭ ᠣᠨᠣᠴᠠᠲᠠᠶ ᠠᠵᠢᠯᠯᠠᠵᠤ᠂ ᠲᠡᠭᠰᠢ ᠲᠠᠷᠳᠠᠩ ᠲᠠᠷᠢᠶᠠᠨᠵᠠᠮ ᠪᠥᠬᠥ ᠲᠠᠷᠢᠶᠠᠨ ᠭᠠᠵᠠᠷ᠎ᠢ ᠬᠣᠯᠪᠣᠵᠤ᠂ ᠣᠳᠣᠬᠢᠴᠢᠯᠠᠭᠰᠠᠨ ᠣᠶᠤᠨᠴᠢ ᠲᠠᠷᠢᠶᠠᠨ ᠭᠠᠵᠠᠷ᠎ᠤᠨ ᠴᠣ᠋ ᠰᠢᠨ᠎ᠡ ᠳᠦᠷᠰᠦ ᠪᠠᠢᠳᠠᠯ᠎ᠢ ᠢᠯᠡᠷᠡᠭᠦᠯᠦᠨ᠎ᠡ᠃
《ᠥᠭᠡᠷᠡᠴᠢᠯᠡᠨ ᠪᠠᠢᠭᠤᠯᠬᠤ᠎ᠠᠴᠠ ᠡᠮᠦᠨ᠎ᠡ ᠪᠦᠷ ᠵᠢᠵᠢᠭ ᠬᠡᠰᠡᠭ ᠭᠠᠵᠠᠷ ᠪᠠᠢᠭᠰᠠᠨ ᠪᠥᠭᠡᠳ ᠭᠠᠵᠠᠷ ᠨᠢ ᠲᠡᠭᠰᠢ ᠦᠭᠡᠢ᠂ ᠤᠰᠤᠯᠠᠬᠤ ᠦᠶ᠎ᠡ᠎ᠳᠦ ᠵᠠᠷᠢᠮ ᠭᠠᠵᠠᠷ ᠨᠢ ᠪᠦᠷ ᠬᠤᠳᠤᠢᠵᠤ᠂ ᠵᠠᠷᠢᠮ ᠭᠠᠵᠠᠷ ᠨᠢ ᠤᠰᠤ ᠬᠦᠷᠴᠤ ᠳᠡᠢᠯᠬᠦ ᠦᠭᠡᠢ ᠪᠠᠢᠪᠠ᠃ ᠤᠳᠤ ᠲᠠᠷᠢᠶᠠᠨ ᠭᠠᠵᠠᠷ ᠲᠤᠮᠤ ᠬᠡᠰᠡᠭ ᠪᠤᠯᠵᠤ᠂ ᠭᠠᠵᠠᠷ ᠨᠢᠴᠤ ᠲᠡᠭᠰᠢ ᠰᠠᠢᠬᠠᠨ ᠪᠤᠯᠵᠤ᠂ ᠬᠠᠳᠤᠨ ᠭᠣᠣᠯ᠎ᠤᠨ ᠲᠤᠰᠤᠯᠠᠭᠠᠨ ᠤᠰᠤᠯᠠᠬᠤ ᠤᠰᠤ ᠪᠤᠷᠳᠤᠭᠤᠷ᠎ᠢ ᠨᠢᠭᠡ ᠴᠤᠬᠴᠠᠵᠢᠭᠤᠯᠤᠬᠰᠠᠨ ᠲᠥᠬᠥᠭᠡᠷᠦᠮᠵᠢ ᠪᠡᠷ ᠲᠠᠷᠢᠶᠠᠨ ᠭᠠᠵᠠᠷ᠎ᠢ ᠤᠰᠤᠯᠠᠬᠤ᠎ᠳᠤ᠂ ᠲᠤᠭᠲᠠᠭᠰᠠᠨ ᠴᠠᠭ᠎ᠲᠠᠭᠠᠨ ᠤᠰᠤᠨ ᠬᠠᠭᠠᠯᠲᠠ᠎ᠪᠠᠨ ᠨᠡᠭᠡᠭᠡᠵᠦ ᠬᠠᠭᠠᠪᠠᠯ ᠪᠣᠯᠴᠢᠬᠠᠨ᠎ᠠ᠂ ᠰᠡᠳᠬᠢᠯ ᠠᠮᠤᠷ ᠪᠥᠭᠡᠳ ᠬᠦᠴᠦ ᠠᠷᠪᠢᠯᠠᠨ᠎ᠠ》 ᠭᠡᠵᠦ ᠲᠣᠰᠬᠣᠨ᠎ᠤ ᠠᠷᠠᠳ ᠬᠠᠨ ᠴᠢ ᠬᠦᠢ ᠶᠠᠷᠢᠨ᠎ᠠ᠃
ᠪᠠᠶᠠᠨᠨᠠᠭᠤᠷ ᠬᠣᠲᠠ ᠤᠯᠤᠰ᠎ᠤᠨ ᠪᠦᠬᠦ ᠤᠰᠤᠯᠠᠯᠲᠠ᠎ᠶᠢᠨ ᠪᠦᠰᠡ ᠪᠡᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶᠢ ᠠᠬᠢᠭᠤᠯᠬᠤ ᠲᠤᠷᠰᠢᠯᠲᠠ᠎ᠶᠢᠨ ᠴᠡᠭ ᠪᠣᠯᠤᠭᠰᠠᠨ᠎ᠤ ᠬᠤᠪᠢ᠎ᠳᠤ᠂ ᠢᠮᠠᠭᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶᠢ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ ᠪᠠ ᠮᠠᠯ ᠠᠵᠤ ᠠᠬᠤᠶ ᠲᠠᠷᠢᠶᠠᠯᠠᠩ᠎ᠤᠨ ᠴᠢᠨᠠᠷ ᠰᠠᠢᠲᠠᠶ ᠬᠥᠭᠵᠢᠯᠲᠡ᠎ᠶᠢ ᠠᠬᠢᠭᠤᠯᠬᠤ 《ᠨᠢᠭᠡᠳᠦᠭᠡᠷ ᠲᠣᠭᠠᠲᠤ ᠢᠨᠵᠧᠨᠧᠷᠢᠩ》 ᠪᠣᠯᠭᠠᠵᠤ᠂ 《ᠬᠠᠭᠤᠴᠢᠨ ᠵᠠᠭᠠᠭ᠎ᠢ ᠡᠪᠳᠡᠬᠦ᠂ ᠨᠢᠭᠡᠳᠦᠯᠲᠡᠶ ᠳᠠᠬᠢᠨ ᠪᠠᠢᠭᠤᠯᠬᠤ》 ᠪᠠᠷᠢᠮᠵᠢᠶ᠎ᠠ ᠶᠤᠰᠤᠭᠠᠷ 《ᠭᠤᠷᠪᠠ᠎ᠶᠢ ᠡᠪᠳᠡᠬᠦ᠂ ᠲᠠᠪᠤ᠎ᠵᠢ ᠨᠢᠭᠡᠳᠭᠡᠬᠦ᠂ ᠨᠢᠭᠡ᠎ᠵᠢ ᠰᠢᠨ᠎ᠡ ᠪᠡᠷ ᠪᠠᠢᠭᠤᠯᠬᠤ》 ᠵᠠᠭᠪᠤᠷ᠎ᠢᠶᠡᠷ ᠲᠠᠮᠵᠢᠭᠤᠯᠤᠨ ᠲᠠᠷᠢᠶᠠᠴᠢᠨ ᠡᠷᠦᠬᠡ᠎ᠶᠢᠨ ᠳᠠᠭᠠᠭᠠᠴᠢᠯᠠᠯᠲᠠ᠎ᠶᠢᠨ ᠵᠠᠭᠠᠭ᠂ ᠭᠠᠵᠠᠷ᠎ᠤᠨ ᠬᠡᠰᠡᠭ᠎ᠦᠨ ᠵᠠᠭᠠᠭ ᠪᠠ ᠭᠤᠤ ᠵᠠᠮ᠎ᠤᠨ ᠪᠠᠢᠷᠢᠯᠠᠭᠤᠯᠤᠯᠲᠠ᠎ᠵᠢ ᠡᠪᠳᠡᠵᠦ᠂ ᠨᠢᠭᠡᠳᠦᠯᠲᠡᠶ ᠲᠥᠯᠥᠪᠵᠢᠭᠦᠯᠦᠭᠰᠡᠨᠦ ᠳᠠᠷᠠᠭ᠎ᠠ ᠳᠠᠬᠢᠨ ᠬᠤᠪᠢᠶᠠᠷᠢᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠥᠭᠡᠷᠡᠴᠢᠯᠡᠨ ᠰᠠᠢᠵᠢᠷᠠᠭᠤᠯᠵᠤ ᠳᠡᠭᠡᠭᠰᠢᠯᠡᠭᠦᠯᠬᠦ ᠠᠵᠢᠯᠯᠠᠭ᠎ᠠ᠎ᠶᠢ ᠦᠷᠭᠦᠯᠵᠢᠯᠡᠭᠦᠢᠴᠡ ᠠᠬᠢᠭᠤᠯᠵᠤ᠂ ᠲᠠᠷᠢᠶᠠᠯᠠᠩ᠎ᠤᠨ ᠰᠠᠭᠤᠷᠢ ᠲᠥᠬᠥᠭᠡᠷᠦᠮᠵᠢ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠂ ᠲᠠᠷᠢᠶᠠᠯᠠᠩ᠎ᠤᠨ ᠦᠢᠯᠡᠳᠪᠦᠷᠢᠯᠡᠯ᠎ᠦᠨ ᠨᠥᠬᠥᠴᠡᠯ᠎ᠢ ᠰᠢᠯᠢᠳᠡᠭᠵᠢᠭᠦᠯᠵᠦ᠂ ᠲᠠᠷᠢᠶᠠᠴᠢᠳ᠎ᠤᠨ ᠬᠤᠷᠢᠶᠠᠯᠲᠠ᠎ᠶᠢ ᠲᠣᠭᠲᠠᠪᠤᠷᠢᠵᠢᠭᠤᠯᠤᠨ ᠣᠷᠣᠯᠭ᠎ᠠ᠎ᠶᠢ ᠨᠡᠮᠡᠭᠳᠡᠭᠦᠯᠬᠦ᠎ᠳᠦ ᠪᠠᠲᠤ ᠪᠡᠬᠢ ᠵᠠᠮ ᠳᠡᠪᠢᠰᠴᠦ ᠥᠭᠪᠡ᠃
ᠯᠢᠨᠾᠧ ᠲᠠᠷᠢᠶᠠᠯᠠᠩ᠎ᠤᠨ ᠲᠠᠯᠠᠪᠠᠶ᠎ᠨᠢ ᠨᠡᠢᠲᠡ 2.7 ᠲᠦᠮᠡᠨᠮᠥ᠍ ᠲᠠᠷᠢᠶᠠᠨ ᠭᠠᠵᠠᠷ ᠲᠠᠢ ᠪᠠᠢᠵᠤ᠂ ᠣᠳᠣᠬᠠᠨ᠎ᠳᠤ ᠨᠢᠭᠡᠨᠲᠡ 1.55 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠥᠭᠡᠷᠡᠴᠢᠯᠡᠯᠲᠡ᠎ᠶᠢ ᠪᠡᠶᠡᠯᠡᠭᠦᠯᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠨᠢ ᠦᠢᠯᠡᠳᠪᠦᠷᠢᠯᠡᠯ᠎ᠦᠨ ᠦᠷ᠎ᠡ ᠪᠦᠲᠦᠮᠵᠢ᠎ᠶᠢ ᠳᠡᠭᠡᠭᠰᠢᠯᠡᠭᠦᠯᠦᠭᠰᠡᠨ᠎ᠢᠶᠡᠷ ᠪᠠᠷᠠᠬᠤ ᠥᠬᠡᠶ ᠪᠠᠰᠠ ᠭᠠᠵᠠᠷ ᠰᠢᠷᠣᠶ᠎ᠶᠢ ᠡᠷᠴᠢᠮᠵᠢᠭᠦᠯᠦᠨ ᠠᠰᠢᠭᠯᠠᠬᠤ ᠨᠣᠷᠮ᠎ᠠ᠎ᠶᠢ ᠳᠡᠭᠡᠭᠰᠢᠯᠡᠭᠦᠯᠵᠦ᠂ ᠲᠠᠷᠢᠶᠠᠯᠠᠩ᠎ᠤᠨ ᠲᠠᠯᠠᠪᠠᠶ᠎ᠶᠢᠨ ᠭᠠᠵᠠᠷ ᠰᠢᠷᠣᠶ᠎ᠶᠢᠨ ᠡᠵᠡᠩᠨᠡᠯᠲᠡ᠎ᠶᠢᠨ ᠡᠷᠭᠡ᠎ᠵᠢ ᠰᠢᠯᠵᠢᠭᠦᠯᠬᠦ ᠨᠣᠷᠮ᠎ᠠ ᠪᠠ ᠡᠵᠡᠩᠨᠡᠯᠲᠡ᠎ᠶᠢᠨ ᠡᠷᠭᠡ᠎ᠵᠢ ᠰᠢᠯᠵᠢᠭᠦᠯᠬᠦ ᠦᠨ᠎ᠡ ᠴᠤ ᠤᠯᠠᠮ᠎ᠡᠴᠡ ᠥᠨᠳᠥᠷ ᠪᠣᠯᠪᠠ᠃
《ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠦᠭᠡᠷᠡᠴᠢᠯᠡᠯᠲᠡ ᠬᠢᠭᠰᠡᠨ᠎ᠤ ᠳᠠᠷᠠᠭ᠎ᠠ᠂ ᠡᠷᠳᠡᠨᠢ ᠰᠢᠰᠢ᠎ᠶᠢᠨ ᠤᠨᠠᠯᠲᠠ 10% ᠡᠴᠡ 15% ᠪᠡᠷ ᠳᠡᠭᠡᠭᠰᠢᠯᠡᠵᠦ᠂ ᠪᠣᠭᠣᠳᠠᠶ᠎ᠶᠢᠨ ᠤᠨᠠᠯᠲᠠ 5%᠎ᠡᠴᠡ 10% ᠪᠡᠷ ᠳᠡᠭᠡᠭᠰᠢᠯᠡᠪᠡ᠃ ᠥᠩᠭᠡᠷᠡᠭᠰᠡᠨ᠎ᠳᠦ ᠲᠠᠷᠢᠶᠠᠴᠢᠨ ᠡᠷᠦᠬᠡ 20 ᠮᠥ᠍ ᠡᠷᠳᠡᠨᠢ ᠰᠢᠰᠢ ᠳᠠᠷᠢᠬᠤ᠎ᠳᠤ᠂ ᠴᠡᠪᠡᠷ ᠣᠷᠣᠯᠭ᠎ᠠ᠎ᠨᠢ ᠬᠠᠮᠤᠭ ᠶᠡᠬᠡ᠎ᠳᠡᠭᠡᠨ 2 ᠲᠦᠮᠡᠨ ᠲᠥᠭᠥᠷᠢᠭ ᠪᠠᠢᠵᠤ᠂ ᠣᠲᠣ ᠭᠠᠵᠠᠷ ᠰᠢᠷᠣᠶ᠎ᠶᠢᠨ ᠡᠵᠡᠩᠨᠡᠯᠲᠡ᠎ᠶᠢᠨ ᠡᠷᠭᠡ ᠪᠠᠨ ᠰᠢᠯᠵᠢᠭᠦᠯᠬᠦ ᠦᠨ᠎ᠡ ᠨᠢ ᠳᠠᠷᠤᠶ 2 ᠲᠦᠮᠡᠨ ᠲᠥᠭᠥᠷᠢᠭ᠎ᠲᠦ ᠬᠦᠷᠴᠦ᠂ ᠬᠥᠳᠡᠯᠮᠦᠷᠢᠯᠡᠬᠦ ᠴᠢᠳᠠᠪᠤᠷᠢ᠎ᠲᠠᠶ᠎ᠨᠢ ᠣᠢᠷ᠎ᠠ ᠬᠠᠪᠢ᠎ᠳᠠᠭᠠᠨ ᠬᠦᠯᠦᠰᠦᠨ ᠠᠵᠢᠯ ᠬᠢᠵᠥ᠂ ᠬᠠᠭᠠᠰ ᠵᠢᠯ ᠠᠵᠢᠯᠯᠠᠪᠠᠯ ᠪᠠᠰᠠ 3 ᠲᠦᠮᠡᠨ ᠲᠥᠭᠥᠷᠢᠭ ᠣᠷᠴᠢᠮ ᠣᠷᠣᠯᠭ᠎ᠠ ᠣᠯᠵᠤ ᠪᠣᠯᠤᠨ᠎ᠠ》ᠭᠡᠵᠦ ᠪᠠᠶᠠᠨᠨᠠᠭᠤᠷ ᠬᠣᠲᠠ᠎ᠶᠢᠨ ᠯᠢᠨ ᠨᠦᠩ ᠲᠠᠷᠢᠶᠠᠯᠠᠩ ᠮᠠᠯ ᠠᠵᠤ ᠠᠬᠤᠶ᠎ᠶᠢᠨ ᠬᠥᠭᠵᠢᠬᠦᠯᠦᠯᠲᠡ᠎ᠶᠢᠨ ᠬᠢᠵᠠᠭᠠᠷᠲᠤ ᠺᠣᠮᠫᠠᠨᠢ᠎ᠶᠢᠨ ᠳᠡᠳ᠋ ᠶᠡᠷᠦᠩᠬᠡᠶ ᠳᠠᠭᠠᠭᠠᠮᠠᠯ ᠸᠠᠩ ᠱᠦ᠍ ᠪᠦᠦ ᠬᠡᠯᠡᠨ᠎ᠡ᠃
ᠪᠠᠶᠠᠨᠨᠠᠭᠤᠷ ᠬᠣᠲᠠ 《ᠶᠡᠬᠡᠪᠡᠷ ᠡᠪᠳᠡᠵᠦ ᠶᠡᠬᠡᠪᠡᠷ ᠪᠠᠢᠭᠤᠯᠬᠤ》 ᠰᠠᠭᠤᠷᠢᠨ ᠳᠡᠭᠡᠷ᠎ᠡ᠂ 《ᠲᠠᠷᠢᠶᠠᠴᠢᠳ ᠪᠥᠬᠥ ᠶᠠᠪᠤᠴᠠ᠎ᠳᠤ ᠣᠷᠣᠯᠴᠠᠬᠤ》 ᠲᠣᠭᠲᠠᠴᠠ᠎ᠶᠢᠨ ᠰᠢᠨ᠎ᠡ᠎ᠶᠢ ᠡᠭᠦᠳᠦᠨ ᠬᠡᠷᠡᠭᠵᠢᠭᠦᠯᠵᠦ᠂ ᠲᠠᠷᠢᠶᠠᠴᠢᠳ᠎ᠲᠤ ᠲᠥᠷᠥᠯ ᠵᠦᠢᠯ᠎ᠢ ᠵᠢᠷᠤᠵᠤ ᠲᠥᠯᠥᠪᠯᠡᠬᠦ᠂ ᠪᠦᠲᠦᠭᠡᠨ ᠪᠠᠢᠭᠤᠯᠬᠤ ᠠᠵᠢᠯ᠎ᠳᠤ ᠬᠢᠨᠠᠯᠲᠠ ᠲᠠᠯᠪᠢᠬᠤ ᠲᠠᠯ᠎ᠠ᠎ᠪᠠᠷ᠎ᠬᠢ ᠪᠣᠳᠠᠲᠠᠶ ᠲᠣᠭᠲᠠᠭᠠᠬᠤ ᠡᠷᠬᠡ ᠣᠯᠭᠣᠵᠤ᠂ ᠲᠠᠷᠢᠶᠠᠨ ᠭᠠᠵᠠᠷ᠎ᠢ ᠦᠨᠡᠨᠬᠦ ᠲᠠᠷᠢᠶᠠᠴᠢᠳ᠎ᠤᠨ 《ᠰᠠᠨᠠᠭᠠᠨ᠎ᠳᠤ ᠨᠡᠢᠴᠡᠭᠦᠯᠦᠨ᠂ ᠬᠡᠷᠡᠭᠯᠡᠬᠦ᠎ᠳᠤ ᠡᠪᠲᠡᠢ》 ᠪᠣᠯᠭᠠᠪᠠ᠃
2021 ᠣᠨ᠎ᠠᠴᠠ ᠡᠬᠢᠯᠡᠨ᠂ ᠲᠣᠰ ᠬᠣᠲᠠ᠎ᠶᠢᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ ᠳᠤᠮᠳᠠ 《ᠳᠥᠷᠪᠡᠨ ᠬᠤᠷᠠᠯ ᠬᠣᠶᠠᠷ ᠨᠤᠲᠠᠯᠠᠯᠲᠠ ᠵᠢᠷᠭᠤᠭᠠᠨ ᠭᠠᠷᠤᠨ ᠥᠰᠥᠭ ᠵᠢᠷᠤᠬᠤ》 ᠪᠥᠲᠥᠭᠡᠨ ᠪᠠᠢᠭᠤᠯᠤᠯᠲᠠ᠎ᠳᠤ ᠬᠢᠨᠠᠯᠲᠠ ᠲᠠᠯᠪᠢᠬᠤ ᠵᠠᠭᠪᠤᠷ᠎ᠢ ᠰᠦᠪᠡᠭᠴᠢᠯᠡᠨ ᠬᠡᠷᠡᠭᠵᠢᠭᠦᠯᠵᠤ᠂ ᠲᠤᠬᠠᠢᠯᠠᠪᠠᠯ ᠲᠥᠷᠥᠯ ᠵᠦᠢᠯ ᠭᠤᠶᠤᠴᠢᠯᠠᠨ ᠮᠡᠳᠡᠭᠦᠯᠬᠦ᠂ ᠲᠥᠷᠥᠯ ᠵᠦᠢᠯ ᠲᠣᠭᠲᠠᠭᠠᠬᠤ ᠪᠡᠯᠡᠳᠬᠡᠯ᠂ ᠡᠭᠦᠷᠭᠡ ᠪᠠᠭᠤᠯᠭᠠᠬᠤ ᠪᠠ ᠵᠢᠷᠤᠵᠤ ᠲᠥᠯᠥᠪᠯᠡᠬᠦ ᠱᠠᠲᠤᠨ᠎ᠳᠤ ᠲᠠᠷᠢᠶᠠᠴᠢᠨ ᠡᠷᠦᠬᠡ᠎ᠶᠢᠨ ᠲᠥᠷᠥᠯ ᠵᠦᠢᠯ ᠲᠣᠭᠲᠠᠭᠠᠬᠤ ᠬᠦᠰᠡᠯ ᠡᠷᠡᠮᠡᠯᠵᠡᠯ᠎ᠦᠨ ᠪᠠᠢᠴᠠᠭᠠᠯᠲᠠ᠎ᠶᠢᠨ ᠬᠤᠷᠠᠯ᠂ ᠲᠤᠬᠠᠶ᠎ᠶᠢᠨ ᠲᠠᠯᠠᠪᠠᠶ᠎ᠶᠢᠨ ᠦᠵᠡᠭᠦᠯᠭᠡ᠎ᠶᠢᠨ ᠬᠤᠷᠠᠯ᠂ ᠲᠥᠷᠥᠯ ᠵᠦᠢᠯ ᠲᠣᠭᠲᠠᠭᠠᠬᠤ᠎ᠶᠢ ᠮᠡᠳᠡᠭᠳᠡᠬᠦ ᠬᠤᠷᠠᠯ᠂ ᠵᠢᠷᠤᠵᠤ ᠲᠥᠯᠥᠪᠯᠡᠬᠦ ᠲᠥᠰᠦᠯ᠎ᠦᠨ ᠶᠠᠷᠢᠯᠴᠠᠬᠤ ᠬᠤᠷᠠᠯ᠎ᠢ ᠲᠣᠰ ᠲᠣᠰ ᠬᠤᠷᠠᠯᠳᠤᠭᠤᠯᠵᠤ᠂ ᠲᠠᠷᠢᠶᠠᠴᠢᠳ᠎ᠤᠨ ᠪᠠᠢᠳᠠᠯ᠎ᠢ ᠮᠡᠳᠡᠬᠦ ᠡᠷᠬᠡ᠎ᠶᠢ ᠪᠠᠲᠤᠯᠠᠪᠠ᠃
ᠠᠩᠬ᠎ᠠ ᠠᠯᠬᠤᠮ᠎ᠤᠨ ᠵᠢᠷᠤᠭ ᠲᠥᠯᠥᠪᠯᠡᠭᠡ᠎ᠪᠡᠨ ᠪᠡᠶᠡᠯᠡᠭᠦᠯᠦᠭᠰᠡᠨ᠎ᠦ ᠳᠠᠷᠠᠭ᠎ᠠ᠂ ᠵᠢᠷᠤᠭ ᠲᠥᠯᠥᠪᠯᠡᠭᠡ᠎ᠶᠢᠨ ᠦᠷ᠎ᠡ ᠪᠦᠲᠦᠭᠡᠯ᠎ᠢ ᠲᠠᠷᠢᠶᠠᠴᠢᠳ ᠭᠠᠷᠤᠨ ᠦᠰᠦᠭ ᠵᠢᠷᠤᠵᠤ ᠨᠤᠲᠠᠯᠠᠨ᠂ ᠠᠵᠢᠯ ᠡᠬᠢᠯᠡᠬᠦ᠎ᠠᠴᠠ ᠡᠮᠦᠨ᠎ᠡ ᠪᠠᠰᠠ ᠲᠤᠬᠠᠶ᠎ᠶᠢᠨ ᠭᠠᠵᠠᠷ᠎ᠲᠤᠨᠢ ᠦᠯᠢᠭᠡᠷ ᠠᠪᠴᠤ ᠬᠠᠷᠭᠤᠭᠤᠯᠤᠨ᠂ ᠲᠠᠷᠢᠶᠠᠴᠢᠳ᠎ᠤᠨ ᠲᠥᠯᠥᠭᠡᠯᠡᠭᠴᠢ᠂ ᠲᠣᠰᠬᠣᠨ᠎ᠤ ᠠᠷᠠᠳ᠎ᠤᠨ ᠳᠤᠭᠤᠢᠯᠠᠩ᠎ᠤᠨ ᠳᠠᠷᠤᠭ᠎ᠠ᠂ ᠭᠠᠴᠠᠭ᠎ᠠ ᠲᠣᠰᠬᠣᠨ᠎ᠤ ᠨᠠᠮ᠎ᠤᠨ ᠡᠭᠦᠷ᠎ᠦᠨ ᠱᠦᠵᠢ᠂ ᠰᠢᠶᠠᠩ ᠪᠠᠯᠭᠠᠰᠤ᠎ᠶᠢᠨ ᠬᠤᠪᠢᠳᠠᠨ ᠬᠠᠮᠢᠶᠠᠷᠴᠤ ᠪᠠᠢᠭ᠎ᠠ ᠬᠠᠷᠢᠭᠤᠴᠠᠯᠭᠠᠲᠠᠨ᠂ ᠲᠠᠷᠢᠶᠠᠯᠠᠩ ᠮᠠᠯ ᠠᠵᠤ ᠠᠬᠤᠶ᠎ᠶᠢᠨ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ᠂ ᠬᠣᠰᠢᠭᠤ ᠰᠢᠶᠠᠨ ᠲᠣᠭᠣᠷᠢᠭ᠎ᠤᠨ ᠵᠠᠰᠠᠭ᠎ᠤᠨ ᠣᠷᠳᠣᠨ ᠬᠠᠮᠲᠤ᠎ᠪᠠᠷ ᠭᠠᠷᠤᠨ ᠦᠰᠦᠭ ᠵᠢᠷᠤᠵᠤ ᠨᠤᠲᠠᠯᠠᠨ᠂ ᠬᠠᠷᠢᠭᠤᠴᠠᠯᠭ᠎ᠠ᠎ᠶᠢ ᠱᠠᠲᠤ ᠱᠠᠲᠤ᠎ᠪᠠᠷ ᠪᠣᠳᠠᠲᠠᠢᠵᠢᠭᠤᠯᠪᠠᠯ ᠰᠠᠶᠢ ᠠᠵᠢᠯ ᠡᠬᠢᠯᠡᠵᠦ ᠪᠣᠯᠤᠨ᠎ᠠ᠃ ᠡᠨᠡᠬᠦ ᠵᠠᠭᠪᠤᠷ ᠨᠢ ᠲᠠᠷᠢᠶᠠᠴᠢᠳ᠎ᠤᠨ ᠪᠠᠢᠳᠠᠯ᠎ᠢ ᠮᠡᠳᠡᠬᠦ ᠡᠷᠬᠡ᠂ ᠰᠣᠩᠭᠣᠬᠤ ᠡᠷᠬᠡ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ᠎ᠶᠢ ᠭᠦᠢᠴᠡᠳ ᠪᠠᠲᠤᠯᠠᠵᠤ᠂ ᠲᠠᠷᠢᠶᠠᠴᠢᠳ᠎ᠢ 《ᠬᠥᠨᠳᠡᠯᠡᠨ᠎ᠡᠴᠡ ᠬᠠᠷᠠᠭᠴᠢ》 ᠪᠠᠢᠭᠰᠠᠨ᠎ᠡᠴᠠ 《ᠪᠡᠶᠡᠴᠢᠯᠡᠨ ᠣᠷᠣᠯᠴᠠᠭᠴᠢ》 ᠪᠣᠯᠭᠠᠨ ᠬᠤᠪᠢᠷᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶᠢ ᠲᠠᠷᠢᠶᠠᠴᠢᠳ᠎ᠤᠨ ᠪᠣᠳᠠᠲᠠᠶ ᠦᠢᠯᠡᠳᠪᠦᠷᠢᠯᠡᠯ᠎ᠦᠨ ᠬᠡᠷᠡᠭᠴᠡᠭᠡ᠎ᠳᠦ ᠨᠠᠩ ᠢᠯᠡᠭᠦᠦ ᠨᠡᠢᠴᠡᠭᠦᠯᠪᠡ᠃
《ᠪᠢᠳᠡ ᠡᠳᠦᠷ ᠪᠦᠷᠢ ᠲᠠᠷᠢᠶᠠᠨ ᠭᠠᠵᠠᠷ᠎ᠲᠤ ᠠᠵᠢᠯᠯᠠᠵᠤ᠂ ᠠᠯᠢ ᠬᠡᠰᠡᠭ ᠭᠠᠵᠠᠷ᠎ᠤᠨ ᠤᠰᠤ ᠲᠠᠲᠠᠷᠠᠭᠤᠯᠬᠤ᠎ᠨᠢ ᠰᠠᠭᠠᠳ᠎ᠲᠠᠶ᠂ ᠠᠯᠢ ᠬᠡᠰᠡᠭ ᠭᠠᠵᠠᠷ᠎ᠤᠨ ᠬᠥᠷᠥᠰᠥ᠎ᠨᠢ ᠨᠢᠮᠭᠡᠨ ᠢᠯᠡᠭᠦᠦ ᠪᠣᠷᠲᠣᠭᠣᠷ ᠣᠷᠣᠭᠤᠯᠬᠤ ᠴᠢᠬᠤᠯᠠᠲᠠᠶ᠎ᠶᠢ ᠪᠢᠳᠡ ᠬᠠᠮᠤᠭ᠎ᠤᠨ ᠲᠣᠳᠣᠷᠬᠠᠶ ᠮᠡᠳᠡᠨ᠎ᠡ᠃ ᠥᠩᠭᠡᠷᠡᠭᠰᠡᠨ᠎ᠳᠦ ᠪᠦᠷ ᠳᠡᠭᠡᠷ᠎ᠡ ᠱᠠᠲᠤᠨ᠎ᠠᠴᠠ ᠲᠥᠰᠦᠯ ᠲᠣᠭᠲᠠᠭᠠᠵᠤ ᠪᠢᠳᠡ ᠲᠡᠷᠡ ᠶᠣᠰᠣᠭᠠᠷ ᠨᠢ ᠬᠡᠷᠡᠭᠯᠡᠨ᠎ᠡ᠃ ᠣᠳᠣ ᠪᠢᠳᠡ ᠥᠪᠡᠷ᠎ᠢᠶᠡᠨ ᠬᠢᠨᠠᠨ ᠲᠤᠭᠲᠠᠭᠠᠯᠲᠠ᠎ᠳᠤ ᠣᠷᠣᠯᠴᠠᠵᠤ᠂ ᠡᠨᠡ ᠲᠠᠷᠢᠶ᠎ᠠ ᠦᠨᠡᠬᠡᠷ ᠪᠢᠳᠡᠨ᠎ᠦ ᠥᠪᠡᠷ᠎ᠦᠨ ᠬᠠᠷᠢᠭᠤᠴᠠᠯᠭ᠎ᠠ᠎ᠶᠢᠨ ᠲᠠᠷᠢᠶ᠎ᠠ᠂ ᠰᠡᠳᠬᠢᠯ᠎ᠦᠨ ᠲᠠᠷᠢᠶ᠎ᠠ ᠪᠣᠯᠵᠠᠶ᠃ ᠶᠠᠭᠠᠬᠢᠵᠤ ᠪᠠᠢᠭᠤᠯᠬᠤ᠂ ᠶᠠᠭᠠᠬᠢᠵᠤ ᠬᠡᠷᠡᠭᠯᠡᠬᠦ ᠲᠤᠬᠠᠶ ᠪᠢᠳᠡ ᠡᠵᠡᠨ ᠮᠡᠳᠡᠵᠦ᠂ ᠡᠷᠴᠢ ᠵᠣᠷᠢᠭ ᠨᠠᠩ ᠲᠡᠭᠦᠯᠳᠡᠷ ᠪᠣᠯᠵᠠᠶ》 ᠭᠡᠮᠡᠨ ᠯᠢᠨᠾᠧ ᠲᠣᠭᠣᠷᠢᠭ᠎ᠤᠨ ᠰᠢᠨᠬᠤᠸᠠ ᠪᠠᠯᠭᠠᠰᠤᠨ᠎ᠤ ᠰᠢᠨ ᠵᠢᠶᠠᠨ ᠲᠣᠰᠬᠣᠨ᠎ᠤ ᠨᠠᠮ᠎ᠤᠨ ᠡᠭᠦᠷ᠎ᠦᠨ ᠱᠦᠵᠢ ᠯᠦ᠍ ᠬᠤᠤ ᠬᠡᠯᠡᠨ᠎ᠡ᠃
ᠡᠭᠦᠨ᠎ᠡᠴᠡ ᠭᠠᠳᠠᠨ᠎ᠠ᠂ ᠪᠥᠲᠥᠭᠡᠨ ᠪᠠᠶ᠋ᠢᠭᠤᠯᠤᠯᠲᠠ᠎ᠶᠢᠨ ᠵᠠᠭᠪᠤᠷ᠎ᠤᠨ ᠲᠠᠯ᠎ᠠ᠎ᠪᠠᠷ ᠪᠠᠰᠠ ᠤᠯᠤᠰ᠎ᠤᠨ ᠦᠮᠴᠢᠯᠡᠯ᠎ᠦᠨ ᠠᠵᠤ ᠠᠬᠤᠢᠯᠠᠯ᠎ᠡᠴᠡ 《ᠪᠠᠯᠠ ᠣᠷᠣᠭᠤᠯᠤᠯᠲᠠ ᠪᠥᠲᠥᠭᠡᠨ ᠪᠠᠢᠭᠤᠯᠤᠯᠲᠠ ᠠᠵᠢᠯᠯᠠᠭᠤᠯᠬᠤ᠎ᠶᠢ ᠨᠢᠭᠡ ᠴᠣᠭᠴᠠᠵᠢᠭᠤᠯᠬᠤ》 ᠪᠠ 《ᠬᠠᠲᠤᠨ ᠭᠤᠤᠯ᠎ᠤᠨ ᠤᠰᠤ᠎ᠵᠢ ᠲᠠᠲᠠᠵᠤ ᠲᠤᠩᠭᠠᠯᠠᠭᠰᠢᠭᠤᠯᠤᠨ ᠳᠤᠰᠤᠯᠠᠭᠠᠨ ᠤᠰᠤᠯᠠᠬᠤ》 ᠵᠡᠷᠭᠡ ᠵᠠᠭᠪᠤᠷ᠎ᠤᠨ ᠰᠢᠨ᠎ᠡ᠎ᠶᠢ ᠡᠭᠦᠳᠦᠨ ᠰᠦᠪᠡᠭᠴᠢᠯᠡᠵᠦ᠂ ᠪᠠᠯᠠ ᠮᠥᠩᠭᠥ ᠪᠠ ᠬᠠᠲᠤᠨ ᠭᠤᠤᠯ᠎ᠤᠨ ᠤᠰᠤ᠎ᠪᠡᠷ ᠳᠤᠰᠤᠯᠠᠭᠠᠨ ᠤᠰᠤᠯᠠᠬᠤ ᠮᠡᠷᠭᠡᠵᠢᠯ᠎ᠦᠨ ᠬᠦᠴᠢᠷ ᠠᠰᠠᠭᠤᠳᠠᠯ᠎ᠢ ᠰᠢᠢᠳᠪᠦᠷᠢᠯᠡᠪᠡ᠃
ᠤᠷᠠᠳ᠎ᠤᠨ ᠡᠮᠦᠨᠡᠲᠦ ᠬᠣᠰᠢᠭᠤᠨ᠎ᠤ ᠶᠡᠭᠡ ᠰᠢᠭᠡᠲᠡᠢ ᠪᠠᠯᠭᠠᠰᠤᠨ᠎ᠤ ᠮᠠ ᠪᠦ᠋ ᠽᠢ ᠲᠣᠰᠬᠣᠨ᠎ᠳᠤ᠂ ᠲᠣᠰᠬᠣᠨ᠎ᠤ ᠠᠷᠠᠳ ᠸᠠᠩ ᠬᠠᠢ ᠸᠧᠢ ᠤᠶᠤᠨᠲᠤ ᠭᠠᠷ ᠤᠲᠠᠰᠤ᠎ᠪᠠᠷ ᠲᠠᠷᠢᠶ᠎ᠠ ᠪᠠᠨ ᠤᠰᠤᠯᠠᠵᠤ᠂ ᠭᠠᠷ ᠤᠲᠠᠰᠤ ᠨᠢ ᠠᠯᠤᠰ᠎ᠠᠴᠠ ᠠᠦ᠋ᠲ᠋ᠣ᠋ ᠪᠡᠷ ᠲᠤᠰᠤᠯᠠᠭᠠᠨ ᠤᠰᠤᠯᠠᠬᠤ ᠲᠥᠬᠥᠭᠡᠷᠦᠮᠵᠢ᠎ᠪᠡᠨ ᠬᠥᠳᠡᠯᠭᠡᠵᠦ ᠪᠠᠢᠯ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠯᠠᠪᠳᠠᠭᠤᠨ ᠪᠠᠲᠤᠲᠠᠢ ᠠᠬᠢᠬᠤ ᠪᠠ 《ᠠᠮᠤ ᠪᠤᠳᠠᠭᠠᠨᠦ ᠦᠢᠯᠡᠳᠪᠦᠷᠢᠯᠡᠯ᠎ᠦᠨ ᠴᠢᠳᠠᠪᠤᠷᠢ ᠵᠢ ᠪᠠᠳᠤᠯᠠᠵᠤ ᠮᠡᠷᠬᠡᠵᠢᠯ᠎ᠢᠶᠡᠷ ᠠᠮᠤ ᠪᠤᠳᠠᠭᠠᠨᠦ ᠤᠨᠠᠯᠳᠠ ᠵᠢ ᠨᠡᠮᠡᠭᠳᠡᠬᠦᠯᠬᠦ》 ᠪᠠᠢᠯᠳᠤᠬᠤ ᠪᠤᠳᠤᠯᠭ᠎ᠠ᠎ᠶᠢ ᠬᠡᠷᠡᠭᠵᠢᠭᠦᠯᠬᠦ᠎ᠶᠢ ᠳᠠᠭᠠᠯᠳᠤᠨ᠂ ᠮᠠ ᠪᠦ᠋ ᠽᠢ ᠲᠣᠰᠬᠣᠨ᠎ᠤ ᠲᠠᠷᠢᠶᠠᠯᠠᠩ᠎ᠤᠨ ᠦᠢᠯᠡᠳᠪᠦᠷᠢᠯᠡᠯ᠎ᠦᠨ ᠠᠷᠭ᠎ᠠ ᠬᠡᠯᠪᠡᠷᠢᠳᠦ ᠯᠤᠲᠤ ᠶᠡᠬᠡ ᠬᠤᠪᠢᠷᠠᠯᠲᠠ ᠭᠠᠷᠴᠠᠢ᠃ ᠲᠠᠷᠢᠶᠠᠨ ᠭᠠᠵᠠᠷ᠎ᠤᠨ ᠤᠶᠤᠨᠲᠤ ᠤᠰᠤᠨ ᠬᠡᠮᠵᠢᠭᠦᠷ ᠵᠡᠷᠭᠡ ᠲᠥᠬᠥᠭᠡᠷᠦᠮᠵᠢ᠎ᠨᠢ ᠲᠤᠭ᠎ᠠ ᠪᠠᠷᠢᠮᠲᠠ᠎ᠵᠢ ᠴᠠᠭ ᠲᠤᠬᠠᠶ᠎ᠳᠤᠨᠢ ᠡᠭᠦᠯᠡᠨ ᠦᠵᠦᠭᠦᠷᠯᠢᠭ᠎ᠦᠨ ᠤᠶᠤᠨᠲᠤ ᠲᠠᠪᠴᠠᠩ᠎ᠳᠤ ᠳᠠᠮᠵᠢᠭᠤᠯᠵᠤ᠂ ᠬᠠᠮᠢᠶᠠᠷᠤᠨ ᠬᠠᠮᠠᠭᠠᠯᠠᠬᠤ ᠦᠷ᠎ᠡ ᠪᠦᠲᠦᠮᠵᠢ᠎ᠶᠢ ᠶᠡᠬᠡᠪᠡᠷ ᠳᠡᠭᠡᠭᠰᠢᠯᠡᠭᠦᠯᠪᠡ᠃
《ᠥᠩᠭᠡᠷᠡᠭᠰᠡᠨ᠎ᠳᠦ ᠲᠠᠷᠢᠶ᠎ᠠ ᠳᠠᠷᠢᠬᠤ᠎ᠳᠤ ᠪᠦᠷ ᠲᠤᠷᠰᠢᠯᠭ᠎ᠠ᠎ᠳᠤ ᠲᠦᠰᠢᠭᠯᠡᠵᠦ ᠪᠠᠢᠪᠠ᠂ ᠣᠲᠣ ᠲᠣᠭ᠎ᠠ ᠪᠠᠷᠢᠮᠲᠠ᠎ᠳᠤ ᠲᠦᠰᠢᠭᠯᠡᠨ᠂ ᠣᠶᠤᠨᠴᠢ ᠤᠰᠤ ᠪᠣᠷᠲᠣᠭᠣᠷ᠎ᠢ ᠨᠢᠭᠡ ᠴᠣᠭᠴᠠᠵᠢᠭᠤᠯᠤᠭᠰᠠᠨ ᠮᠡᠷᠭᠡᠵᠢᠯ᠎ᠢ ᠬᠡᠷᠡᠭᠯᠡᠭᠰᠡᠨ᠎ᠦ ᠳᠠᠷᠠᠭ᠎ᠠ᠂ ᠵᠦᠪᠬᠡᠨ ᠤᠰᠤ ᠬᠡᠷᠡᠭᠯᠡᠬᠦ ᠥᠪᠡᠷ᠎ᠦᠨ ᠥᠷᠲᠡᠭ᠎ᠢ ᠨᠢᠭᠡ ᠮᠥ᠍ ᠭᠠᠵᠠᠷ᠎ᠲᠤ 20᠎ᠠ᠋ᠴᠠ 30 ᠲᠥᠭᠥᠷᠢᠭ ᠠᠷᠪᠢᠯᠠᠵᠤ᠂ ᠮᠠᠨ᠎ᠤ ᠳᠠᠷᠢᠭᠰᠠᠨ ᠡᠷᠳᠡᠨᠢ ᠰᠢᠰᠢ ᠨᠢᠭᠡ ᠮᠥ᠍ ᠭᠠᠵᠠᠷ᠎ᠲᠤ 500 ᠲᠥᠭᠥᠷᠢᠭ ᠣᠷᠴᠢᠮ ᠣᠷᠣᠯᠭ᠎ᠠ ᠨᠡᠮᠡᠭᠳᠡᠭᠦᠯᠵᠦ ᠪᠣᠯᠤᠨ᠎ᠠ》 ᠭᠡᠵᠦ ᠸᠠᠩ ᠬᠠᠢ ᠸᠧᠢ ᠬᠡᠯᠡᠨ᠎ᠡ᠃
ᠲᠤᠬᠠᠶ᠎ᠶᠢᠨ ᠭᠠᠵᠠᠷ᠎ᠤᠨ ᠬᠡᠮᠵᠢᠨ ᠪᠤᠳᠤᠯᠲᠠ᠎ᠪᠠᠷ ᠳᠡᠮᠵᠢᠨ᠂ ᠪᠥᠬᠥ ᠬᠣᠲᠠ᠎ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠥᠷᠥᠯ ᠵᠦᠢᠯ᠎ᠦᠨ ᠣᠷᠣᠨ᠎ᠨᠢ ᠮᠥ᠍ ᠳᠤᠮᠳᠠᠴᠢ᠎ᠪᠠᠷ 18 ᠪᠣᠰᠣᠭ᠎ᠠ ᠳᠥᠷᠪᠡᠯᠵᠢᠨ ᠮᠧᠲ᠋ᠷ᠎ᠡᠴᠡ ᠳᠡᠭᠡᠭᠰᠢ ᠤᠰᠤ ᠠᠷᠪᠢᠯᠠᠵᠤ᠂ ᠮᠥ᠍ ᠪᠦᠷᠢᠳᠦ 90 ᠭᠠᠷᠤᠶ ᠲᠥᠭᠥᠷᠢᠭ᠎ᠦᠨ ᠥᠪᠡᠷ᠎ᠦᠨ ᠥᠷᠲᠡᠭ ᠠᠷᠪᠢᠯᠠᠵᠤ᠂ ᠠᠮᠤ ᠪᠤᠳᠠᠭᠠᠨ᠎ᠤ ᠦᠢᠯᠡᠳᠪᠦᠷᠢᠯᠡᠯ᠎ᠦᠨ ᠴᠢᠳᠠᠪᠤᠷᠢ᠎ᠶᠢ ᠶᠡᠷᠦᠩᠬᠡᠶ᠎ᠳᠡᠭᠡᠨ 10%᠎ᠠᠴᠠ ᠳᠡᠭᠡᠭᠰᠢ ᠳᠡᠭᠡᠭᠰᠢᠯᠡᠭᠦᠯᠵᠦ᠂ ᠲᠠᠷᠢᠶᠠᠨ ᠭᠠᠵᠠᠷ᠎ᠤᠨ ᠮᠠᠰᠢᠨᠴᠢᠯᠠᠯᠲᠠ᠎ᠶᠢᠨ ᠨᠣᠷᠮ᠎ᠠ 100% ᠳ᠋ᠤ ᠬᠦᠷᠴᠦ᠂ ᠲᠠᠷᠢᠶᠠᠨ ᠭᠠᠵᠠᠷ᠎ᠤᠨ ᠬᠠᠮᠠᠭᠠᠯᠠᠯᠲᠠ᠎ᠶᠢᠨ ᠪᠦᠷᠬᠦᠴᠡ᠎ᠶᠢᠨ ᠨᠣᠷᠮ᠎ᠠ 90% ᠳ᠋ᠤ ᠬᠦᠷᠴᠦ᠂ 3 ᠵᠢᠯ᠎ᠦᠨ ᠳᠠᠷᠠᠭ᠎ᠠ ᠲᠠᠷᠢᠶᠠᠨ ᠭᠠᠵᠠᠷ᠎ᠤᠨ ᠬᠦᠴᠦ ᠰᠢᠮ᠎ᠡ᠎ᠶᠢᠨ ᠲᠠᠰ᠎ᠢ 1 ᠲᠡᠰ ᠳᠡᠭᠡᠭᠰᠢᠯᠡᠭᠦᠯᠵᠦ᠂ ᠤᠰᠤᠯᠠᠯᠲᠠ᠎ᠶᠢᠨ ᠦᠶᠡᠯᠡᠯ᠎ᠦᠨ ᠬᠤᠭᠤᠴᠠᠭ᠎ᠠ᠎ᠶᠢ 1/3 ᠪᠠᠷ ᠪᠣᠭᠣᠨᠢᠰᠬᠠᠨ᠎ᠠ᠃
ᠪᠠᠶᠠᠨᠨᠠᠭᠤᠷ ᠬᠣᠲᠠ ᠪᠦᠬᠦ ᠤᠰᠤᠯᠠᠯᠲᠠ᠎ᠶᠢᠨ ᠪᠦᠰᠡ ᠪᠡᠷ ᠠᠬᠢᠭᠤᠯᠬᠤ ᠲᠤᠷᠰᠢᠯᠲᠠ᠎ᠶᠢᠨ ᠴᠡᠭ᠎ᠲᠦ ᠲᠦᠰᠢᠭᠯᠡᠨ᠂ ᠥᠨᠳᠥᠷ ᠪᠦᠲᠦᠮᠵᠢᠲᠡᠶ ᠤᠰᠤ ᠠᠷᠪᠢᠯᠠᠬᠤ᠂ ᠬᠤᠵᠢᠷᠯᠢᠭ ᠭᠠᠵᠠᠷ᠎ᠢ ᠶᠡᠷᠦᠩᠬᠡᠢᠯᠡᠨ ᠵᠠᠰᠠᠬᠤ᠂ ᠲᠠᠷᠢᠶᠠᠯᠠᠩ᠎ᠤᠨ ᠣᠯᠠᠨ ᠡᠬᠢᠲᠦ ᠪᠣᠬᠢᠷᠲᠤᠯ᠎ᠢ ᠰᠡᠷᠭᠡᠢᠯᠡᠨ ᠵᠠᠰᠠᠬᠤ ᠬᠢᠭᠡᠳ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶᠢ ᠨᠢᠭᠡᠳᠦᠯᠲᠡᠶ ᠲᠥᠯᠥᠪᠵᠢᠭᠦᠯᠦᠨ ᠠᠷᠭ᠎ᠠ ᠰᠦᠪᠡᠭᠴᠢᠯᠡᠵᠦ᠂ ᠵᠡᠷᠭᠡ᠎ᠪᠡᠷ ᠲᠥᠯᠥᠪᠯᠡᠵᠦ᠂ ᠵᠡᠷᠭᠡ᠎ᠪᠡᠷ ᠬᠡᠷᠡᠭᠵᠢᠭᠦᠯᠵᠦ᠂ ᠵᠡᠷᠭᠡ᠎ᠪᠡᠷ ᠦᠷ᠎ᠡ ᠪᠦᠲᠦᠮᠵᠢ ᠤᠯᠬᠤ᠎ᠶᠢ ᠪᠡᠶᠡᠯᠡᠭᠦᠯᠪᠡ᠃
ᠣᠳᠣᠬᠠᠨ᠎ᠳᠤ᠂ ᠪᠠᠶᠠᠨᠨᠠᠭᠤᠷ ᠬᠣᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 560.66 ᠲᠦᠮᠡᠨ ᠮᠥ᠍ ᠪᠥᠲᠥᠭᠡᠨ ᠪᠠᠢᠭᠤᠯᠵᠤ᠂ 2027 ᠣᠨ ᠪᠣᠯᠬᠤ᠎ᠳᠤ ᠤᠰᠤᠯᠠᠯᠲᠠ᠎ᠶᠢᠨ ᠣᠷᠣᠨ᠎ᠤ ᠳᠣᠲᠣᠷᠠᠬᠢ ᠨᠥᠬᠥᠴᠡᠯ᠎ᠳᠦ ᠨᠡᠢᠴᠡᠬᠦ 739.39 ᠲᠦᠮᠡᠨ ᠮᠥ᠍ ᠡᠭᠦᠷᠢᠳᠡ᠎ᠶᠢᠨ ᠦᠨᠳᠦᠰᠦᠨ ᠲᠠᠷᠢᠶᠠᠨ ᠭᠠᠵᠠᠷ᠎ᠢ ᠪᠦᠬᠦᠨ᠎ᠢ ᠲᠥᠪᠯᠡᠷᠡᠨ ᠵᠠᠯᠭᠠᠯᠳᠤᠭᠰᠠᠨ᠂ ᠭᠠᠩᠳᠠᠵᠤ ᠤᠰᠤᠲᠤᠪᠠᠴᠤ ᠬᠤᠷᠢᠶᠠᠯᠲᠠ᠎ᠶᠢ ᠪᠠᠲᠤᠯᠠᠬᠤ᠂ ᠲᠣᠭᠲᠠᠭᠤᠨ ᠥᠨᠳᠥᠷ ᠤᠨᠠᠯᠲᠠ᠎ᠲᠠᠶ᠂ ᠤᠰᠤ ᠠᠷᠪᠢᠯᠠᠬᠤ ᠥᠨᠳᠥᠷ ᠪᠦᠲᠦᠮᠵᠢᠲᠡᠶ᠂ ᠠᠮᠢ ᠠᠬᠤᠶ ᠰᠠᠢᠲᠠᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠥᠲᠥᠭᠡᠨ ᠪᠠᠢᠭᠤᠯᠬᠤ᠎ᠪᠠᠷ ᠲᠥᠯᠥᠪᠯᠡᠵᠦ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃