2026-10-20 10:11:05
AI ᠵᠢᠨ ᠤᠷᠤᠰᠬᠠᠯ ᠬᠦᠷᠴᠦ ᠢᠷᠡᠬᠦ᠌ ᠦᠶ᠎ᠡ᠎ᠳᠦ ᠨᠡᠢᠭᠡᠮ ᠲᠣᠭᠤᠷᠢᠭ ᠨᠢᠬᠦᠮᠦᠰᠤᠨ ᠲᠣᠭᠠᠴᠢᠯᠠᠭᠰᠠᠨ ᠠᠵᠤ ᠠᠬᠤᠢ ᠲᠠᠢ ᠤᠢᠷᠠᠳᠬᠤ 《ᠲᠦᠷᠦᠬᠦᠦ ᠥᠷᠲᠡᠭᠡ》 ᠪᠣᠯᠵᠤ ᠳᠡᠢᠯᠦᠨᠡᠦᠦ?
ᠰᠤᠷᠪᠤᠯᠵᠢᠯᠠᠭᠴᠢ ᠠᠯᠲᠠᠨ ᠨᠠᠮᠤᠷ ᠵᠢᠡᠷ ᠤᠯᠠᠭᠠᠨᠬᠠᠳᠠ ᠬᠤᠳᠠ᠎ᠶ᠋ᠢᠨ ᠬᠤᠩᠱᠠᠨ ᠲᠣᠭᠤᠷᠢᠭ᠎ᠤᠨ ᠶᠦᠩ ᠵᠢᠤᠢ ᠵᠡᠭᠡᠯᠢ ᠭᠤᠳᠤᠮᠵᠢ᠎ᠶ᠋ᠢᠨ ᠯᠢᠶᠠᠩ ᠱᠢ ᠨᠡᠶ᠋ᠢᠭᠡᠮ ᠲᠣᠭᠤᠷᠢᠭ᠎ᠤᠨ ᠨᠠᠮ᠎ᠤᠨ ᠭᠡᠰᠢᠭᠦᠨ ᠪᠠ ᠤᠯᠠᠨ ᠲᠦᠮᠡᠨ᠎ᠤ ᠦᠢᠯᠡᠴᠢᠯᠡᠭᠡᠨ᠎ᠤ ᠲᠥᠪ᠎ᠤᠨ ᠬᠤᠶᠠᠳᠤᠭᠠᠷ ᠳᠠᠪᠬᠤᠷᠯᠢᠭᠲᠤ᠌ ᠬᠦᠷᠬᠦ ᠳ᠋ᠤ᠂ ᠠᠷᠪᠠᠨ ᠬᠡᠳᠦᠨ ᠺᠣᠮᠫᠢᠦ᠋ᠲᠧᠷᠵᠡᠷᠭᠡ ᠪᠡᠷ ᠠᠵᠢᠯᠯᠠᠵᠤ᠂ ᠵᠠᠯᠠᠭᠤᠴᠤᠳ ᠶᠠᠭ ᠶᠠᠭᠠᠷᠠᠯᠲᠠᠢ ᠵᠣᠬᠢᠶᠠᠨ ᠪᠦᠲᠦᠭᠡᠵᠦ᠍ ᠪᠠᠢᠯ᠎ᠠ᠃ ᠵᠠᠷᠢᠮ᠎ᠨᠢ ᠳᠠᠷᠤᠪᠴᠢ᠎ᠪᠡᠷ AI ᠵᠠᠭᠪᠤᠷ᠎ᠢ ᠲᠤᠬᠢᠷᠠᠭᠤᠯᠵᠤ᠂ ᠵᠠᠷᠢᠮ᠎ᠨᠢ ᠵᠦᠴᠦᠭᠡ ᠵᠢᠨ ᠠᠭᠤᠯᠭ᠎ᠠ ᠵᠢ ᠲᠠᠬᠢᠨ ᠳᠠᠪᠲᠠᠨ ᠲᠤᠩᠭᠠᠨ ᠪᠣᠳᠤᠯᠬᠢᠯᠠᠵᠤ᠂ᠵᠠᠷᠢᠮ᠎ᠨᠢ ᠰᠤᠨᠤᠰᠤᠭᠤᠷ ᠵᠡᠭᠦᠭᠡᠳ ᠳᠠᠭᠤ ᠠᠶ᠋ᠢᠵᠠᠮ᠎ᠢ ᠣᠨᠤᠪᠴᠢᠲᠠᠢ ᠬᠠᠷᠭᠤᠭᠤᠯᠤᠨ᠎ᠠ᠃ ᠤᠳᠠᠯ᠎ᠦᠭᠡᠢ ᠨᠢᠭᠡ ᠪᠦᠷᠢᠨ ᠪᠦᠲᠦᠨ ᠦᠯᠢᠭᠡᠷ ᠶᠠᠪᠤᠳᠠᠯ ᠲᠠᠢ ᠱᠣᠭ ᠵᠦᠴᠦᠭᠡ ᠵᠢ ᠨᠠᠢᠷᠠᠭᠤᠯᠤᠨ ᠵᠤᠬᠢᠶᠠᠵᠤ ᠭᠠᠷᠭᠠᠵᠠᠢ᠃
ᠶᠦᠩ ᠵᠢᠤᠢ ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯ᠎ᠤᠨ ᠬᠤᠷᠢᠶᠠᠨ᠎ᠤ ᠱᠦᠵᠢ ᠳ᠋ᠦ᠋ ᠫᠧᠩ ᠴᠧᠩ᠄ 《ᠡᠨᠡ ᠪᠣᠯ ᠮᠠᠨ᠎ᠤ ᠪᠠᠢᠭᠤᠯᠤᠭᠰᠠᠨ ᠵᠣᠬᠢᠶᠠᠮᠠᠯ ᠣᠶᠤᠨ ᠴᠢᠳᠠᠪᠤᠷᠢ᠎ᠵᠢᠨ OPCᠵᠢᠨ ᠦᠢᠯᠡᠰ ᠪᠤᠰᠬᠠᠬᠤ ᠨᠡᠶ᠋ᠢᠭᠡᠮ ᠲᠣᠭᠤᠷᠢᠭ ᠪᠤᠯᠬᠤ 〈ᠯᠢᠶᠠᠩ ᠴᠧᠨ ᡁᠢ ᠵᠢᠩ AI ᠪᠠᠶ᠋ᠢᠭᠤᠯᠬᠤ ᠣᠷᠤᠨ ᠵᠠᠢ〉 ᠪᠣᠯᠤᠨ᠎ᠠ᠃ ᠠᠳᠡ AIᠵᠢᠨ ᠡᠭᠦᠳᠦᠨ ᠪᠠᠢᠭᠤᠯᠤᠭᠴᠢ᠂ ᠨᠡᠶ᠋ᠢᠭᠡᠮ ᠲᠣᠭᠤᠷᠢᠭ᠎ᠤᠨ ᠰᠠᠭᠤᠭᠠᠯᠢ ᠠᠷᠠᠳ ᠪᠣᠯᠤᠨ ᠵᠠᠬ᠎ᠠ ᠳᠡᠯᠭᠡᠭᠦᠷ᠎ᠤᠨ ᠭᠤᠤᠯ ᠴᠣᠭᠴᠠ ᠵᠡᠷᠭᠡ ᠪᠡᠷ ᠠᠵᠢᠯᠯᠠᠵᠤ᠂ ᠮᠡᠷᠭᠡᠵᠢᠯ ᠴᠢᠳᠠᠪᠤᠷᠢ᠎ᠶ᠋ᠢᠨ ᠪᠣᠯᠪᠠᠰᠤᠷᠠᠯ᠂ ᠦᠢᠯᠡᠰ ᠪᠤᠰᠬᠠᠬᠤ᠎ᠶ᠋ᠢ ᠨᠡᠪᠴᠢᠭᠦᠯᠬᠦ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦᠵᠡᠷᠭᠡ ᠵᠢ ᠪᠡᠶᠡᠯᠡᠭᠦᠯᠵᠦ᠂ ᠲᠣᠭᠠᠴᠢᠯᠠᠯᠲᠠ ᠪᠡᠷ ᠬᠦᠴᠦᠨ ᠨᠡᠮᠡᠷᠢᠯᠡᠬᠦ ᠳᠠᠪᠬᠤᠷ ᠦᠢᠯᠡᠳᠦᠯ᠎ᠢ ᠦᠷᠭᠦᠯᠵᠢᠯᠡᠨ ᠪᠠᠳᠠᠷᠠᠭᠤᠯᠵᠤ ᠪᠠᠢᠨ᠎ᠠ》 ᠭᠡᠵᠦ ᠰᠤᠷᠪᠤᠯᠵᠢᠯᠠᠭᠴᠢ᠎ᠳᠤ ᠲᠠᠨᠢᠯᠴᠠᠭᠤᠯᠪᠠ᠃
2026 ᠣᠨ᠎ᠤ 8 ᠰᠠᠷ᠎ᠠ᠎ᠳᠤ᠂ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ《ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠳ᠋ᠠᠢᠲ᠋ᠠ᠎ᠵᠢᠨ ᠲᠠᠰᠤᠯᠪᠤᠷᠢ᠎ᠵᠢᠨ ᠠᠵᠤ ᠠᠬᠤᠢ᠎ᠶ᠋ᠢᠨ ᠴᠢᠨᠠᠷ ᠰᠠᠶ᠋ᠢᠲᠠᠢ ᠬᠥᠭᠵᠢᠯᠲᠡ᠎ᠶ᠋ᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ》 ᠢ᠋ ᠳᠠᠷᠤᠮᠠᠯᠯᠠᠨ ᠲᠠᠷᠬᠠᠭᠠᠵᠤ᠂ 《OPC ᠠᠮᠢ ᠠᠬᠤᠢ᠎ᠶ᠋ᠢᠨ ᠨᠡᠶ᠋ᠢᠭᠡᠮ ᠲᠣᠭᠤᠷᠢᠭ᠎ᠢ ᠪᠠᠶ᠋ᠢᠭᠤᠯᠵᠤ᠂ 〈ᠵᠣᠬᠢᠶᠠᠮᠠᠯ ᠣᠶᠤᠨ ᠴᠢᠳᠠᠪᠤᠷᠢ +〉 ᠬᠡᠷᠡᠭᠯᠡᠭᠡᠨ᠎ᠤ ᠲᠠᠯᠠᠪᠤᠷ᠎ᠢ ᠨᠡᠭᠡᠭᠡᠨ᠎ᠡ 》 ᠭᠡᠵᠦ᠍ ᠲᠣᠳᠤᠷᠬᠠᠢ ᠳᠤᠷᠠᠳᠤᠭᠰᠠᠨ ᠪᠠᠢᠨ᠎ᠠ᠃
ᠲᠦᠷᠦ ᠵᠢᠨ ᠪᠤᠳᠤᠯᠭ᠎ᠠ ᠵᠢᠨ ᠲᠤᠯᠭᠠᠭᠤᠷᠢᠯᠠᠯ ᠨᠢᠭᠡᠨᠲᠡ ᠪᠤᠢ ᠪᠤᠯᠤᠭᠰᠠᠨ ᠴᠤ᠌ ᠲᠣᠭᠠᠴᠢᠯᠠᠭᠰᠠᠨ ᠰᠣᠶᠤᠯ᠎ᠢ ᠪᠦᠲᠦᠭᠡᠬᠦ ᠠᠵᠢᠯ ᠲᠥᠷᠦᠯ᠎ᠦᠨ ᠮᠡᠷᠭᠡᠵᠢᠯ᠎ᠦᠨ ᠪᠠᠷᠢᠮᠵᠢᠶ᠎ᠠ ᠥᠨᠳᠦᠷ᠂ ᠪᠣᠳᠤᠯᠲᠠ᠎ᠵᠢᠨ ᠲᠥᠬᠦᠭᠡᠷᠦᠮᠵᠢ᠎ᠶ᠋ᠢᠨ ᠣᠷᠤᠭᠤᠯᠤᠯᠲᠠ ᠶᠡᠬᠡ ᠪᠤᠯᠬᠤᠷ ᠤᠷᠲᠤ᠌ ᠬᠤᠭᠤᠴᠠᠭᠠᠨ᠎ᠤ ᠲᠤᠷᠰᠢ ᠡᠩ᠎ᠦᠨ ᠦᠢᠯᠡᠰ ᠪᠤᠰᠬᠠᠭᠴᠢᠤᠢᠷᠠᠳᠴᠤ ᠤᠢᠯᠠᠭᠠᠬᠤ ᠵᠠᠪᠰᠢᠶᠠᠨ ᠪᠠᠢᠬᠤ ᠦᠭᠡᠢ᠃ ᠲᠡᠭᠡᠪᠡᠯ ᠲᠥᠷᠦ᠎ᠶ᠋ᠢᠨ ᠪᠣᠳᠤᠯᠭ᠎ᠠ᠎ᠶ᠋ᠢᠨ ᠠᠰᠢᠭ ᠲᠤᠰᠠ᠎ᠶ᠋ᠢ ᠬᠡᠷᠬᠢᠨ ᠡᠩ᠎ᠦᠨ ᠣᠯᠠᠨ ᠲᠦᠮᠡᠨ᠎ᠳᠦ ᠦᠨᠡᠨᠬᠦ᠌ ᠬᠦᠷᠲᠡᠭᠡᠬᠦ᠌ ᠪᠣᠢ?
ᠬᠤᠩᠱᠠᠨ ᠲᠣᠭᠤᠷᠢᠭ ᠪᠡᠯᠡ ᠣᠷᠤᠭᠤᠯᠤᠯᠲᠠ᠂ ᠬᠠᠲᠠᠭᠤ ᠲᠣᠨᠤᠭ᠎ᠢ ᠴᠢᠬᠤᠯᠠᠴᠢᠯᠠᠭᠰᠠᠨ ᠤᠯᠠᠮᠵᠢᠯᠠᠯᠲᠤ᠌ ᠠᠵᠤ ᠦᠢᠯᠡᠰ᠎ᠤᠨ ᠬᠦᠷᠢᠶᠡᠯᠡᠩ᠎ᠤᠨ ᠵᠠᠭᠪᠤᠷ᠎ᠢ ᠲᠠᠶᠠᠭᠳᠠᠵᠤ᠂1000 ᠭᠠᠷᠤᠢ ᠲᠡᠭᠰᠢ ᠳᠥᠷᠪᠡᠯᠵᠢᠨ ᠮᠧᠲᠷ᠎ᠤᠨ ᠨᠡᠶ᠋ᠢᠭᠡᠮ ᠲᠣᠭᠤᠷᠢᠭ᠎ᠤᠨ ᠲᠠᠯᠠᠪᠤᠷ᠎ᠲᠤ᠌ ᠲᠦᠰᠢᠭᠯᠡᠨ᠂ ᠨᠡᠭᠡᠭᠡᠯᠲᠡᠲᠦ᠍ ᠮᠠᠶᠢᠭ᠎ᠤᠨ ᠠᠵᠢᠯ᠎ᠤᠨ ᠪᠠᠶ᠋ᠢᠷᠢ᠂ ᠪᠣᠯᠪᠠᠰᠤᠷᠠᠯ᠎ᠤᠨ ᠬᠢᠴᠢᠶᠡᠯ᠎ᠤᠨ ᠭᠡᠷ᠂ ᠬᠤᠷᠠᠯ᠎ᠤᠨ ᠭᠡᠷ ᠪᠠᠶ᠋ᠢᠭᠤᠯᠤᠭᠠᠳ᠂ ᠠᠵᠤ ᠠᠬᠤᠶ᠋ᠢᠯᠠᠯ᠎ᠲᠠᠢ ᠵᠣᠯᠭᠠᠭᠤᠯᠵᠤ᠂ᠬᠠᠮᠲᠤ ᠪᠠᠷ ᠡᠳ᠋ᠯᠡᠬᠦ᠌ ᠪᠤᠳᠤᠯᠲᠠ᠎ᠵᠢᠨ ᠬᠦᠴᠦᠨ᠎ᠤ ᠲᠠᠪᠴᠠᠩ᠎ᠢ ᠪᠠᠶ᠋ᠢᠭᠤᠯᠤᠨ᠂ ᠡᠳᠦᠷ ᠪᠦᠷᠢ᠎ᠶ᠋ᠢᠨ ᠳ᠋ᠦᠩᠰᠢᠭᠤᠷ ᠳᠡᠰ᠎ᠤᠨ ᠳ᠋ᠠᠢᠲ᠋ᠠ᠎ᠵᠢᠨ ᠲᠠᠰᠤᠯᠪᠤᠷᠢ ᠵᠢ ᠰᠢᠯᠵᠢᠭᠦᠯᠦᠨ ᠬᠡᠷᠡᠭᠯᠡᠬᠦ᠎ᠳᠤ ᠲᠤᠯᠭᠠᠭᠤᠷᠢᠯᠠᠵᠤ᠂ ᠦᠢᠯᠡᠰ ᠪᠤᠰᠬᠠᠭᠴᠢ᠎ᠳᠤ ᠦᠨ᠎ᠡ ᠲᠦᠯᠦᠪᠦᠷᠢᠦᠭᠡᠢᠪᠠᠷ ᠲᠥᠬᠦᠭᠡᠷᠦᠮᠵᠢ᠂ ᠪᠤᠳᠤᠬᠤ ᠴᠢᠳᠠᠪᠤᠷᠢ ᠪᠠ ᠮᠡᠷᠭᠡᠵᠢᠯ᠎ᠤᠨ ᠲᠤᠯᠭᠠᠭᠤᠷᠢᠯᠠᠯ ᠬᠠᠩᠭᠠᠵᠤ᠂ ᠦᠢᠯᠡᠰ ᠪᠤᠰᠬᠠᠭᠴᠢ᠎ᠳᠤ ᠬᠡᠳᠦᠨ ᠲᠦᠮᠡ᠎ᠡᠴᠡ ᠬᠡᠳᠦᠨ ᠠᠷᠪᠠᠨ ᠲᠦᠮᠡᠨ ᠲᠥᠭᠦᠷᠢᠭ᠎ᠤᠨ ᠡᠮᠦᠨᠡᠬᠢ ᠬᠤᠭᠤᠴᠠᠭᠠᠨ᠎ᠤ ᠣᠷᠤᠭᠤᠯᠤᠯᠲᠠ᠎ᠶ᠋ᠢ ᠠᠷᠪᠢᠯᠠᠨ ᠦᠭᠴᠦ᠂ ᠥᠪᠡᠷ᠎ᠤᠨ ᠦᠷᠳᠡᠭ ᠦᠬᠡᠢ ᠪᠡᠷ ᠦᠢᠯᠡᠰ ᠪᠤᠰᠬᠠᠬᠤ ᠵᠢ ᠦᠨᠡᠨ ᠬᠦ᠌ ᠪᠡᠶᠡᠯᠡᠭᠦᠯᠵᠡᠢ᠃
ᠡᠨᠡ ᠵᠢᠯ 28 ᠨᠠᠰᠤᠲᠠᠢ ᠨᠡᠶ᠋ᠢᠭᠡᠮ ᠲᠣᠭᠤᠷᠢᠭ᠎ᠤᠨ ᠰᠠᠭᠤᠭᠠᠯᠢ ᠠᠷᠠᠳ ᠽᠧᠩ ᠶᠠ ᠰᠢᠨ ᠤᠤᠯ᠎ᠨᠢ ᠶᠤᠭ᠎ᠠ᠎ᠵᠢᠨ ᠪᠠᠭᠰᠢ ᠪᠠᠶ᠋ᠢᠪᠠ᠃ ᠵᠡᠭᠡᠯᠢ ᠭᠤᠳᠤᠮᠵᠢ᠎ᠶ᠋ᠢᠨ ᠵᠣᠬᠢᠶᠠᠨ ᠪᠠᠶ᠋ᠢᠭᠤᠯᠤᠭᠰᠠᠨ AI ᠨᠡᠶ᠋ᠢᠲᠡ᠎ᠶ᠋ᠢᠨ ᠠᠰᠠᠷᠠᠮᠵᠢ᠎ᠶ᠋ᠢᠨ ᠪᠣᠯᠪᠠᠰᠤᠷᠠᠯ ᠳ᠋ᠤ ᠤᠷᠤᠯᠴᠠᠬᠤ ᠪᠡᠷ ᠳᠠᠮᠵᠢᠨ᠂ AI ᠱᠣᠭ ᠵᠦᠴᠦᠭᠡ᠂ ᠣᠬᠤᠷ ᠵᠦᠴᠦᠭᠡ ᠵᠣᠬᠢᠶᠠᠨ ᠪᠦᠲᠦᠭᠡᠬᠦ᠎ᠶ᠋ᠢ ᠰᠤᠷᠤᠭᠠᠳ᠂ᠳᠤᠷ᠎ᠠ ᠰᠣᠨᠢᠷᠬᠠᠯ ᠵᠢᠡᠨ ᠠᠯᠬᠤᠮ ᠠᠯᠬᠤᠮ᠎ᠢᠶᠠᠷ ᠠᠵᠢᠯ ᠮᠡᠷᠭᠡᠵᠢᠯ ᠪᠣᠯᠭᠠᠵᠠᠢ᠃ 《ᠥᠩᠭᠡᠷᠡᠭᠰᠡᠨ᠎ᠳᠤ ᠦᠷᠭᠦᠯᠵᠢ ᠴᠤᠤᠷᠢᠶ᠎ᠠ ᠲᠠᠪᠴᠠᠩ ᠳᠡᠭᠡᠷ᠎ᠡ AIᠤᠬᠤᠷ ᠵᠦᠴᠦᠭᠡ ᠦᠵᠡᠳᠡᠭ ᠪᠠᠢᠵᠠᠢ᠂ ᠠᠯᠢ ᠨᠢᠭᠡ ᠡᠳᠦᠷ ᠥᠪᠡᠷ᠎ᠢᠶᠡᠨ ᠴᠦ᠍ ᠬᠢᠵᠦ᠍ ᠴᠢᠳᠠᠬᠤ ᠪᠤᠯᠤᠨ᠎ᠠ ᠭᠡᠵᠦ᠍ ᠰᠠᠨᠠᠭ᠎ᠠ ᠵᠡᠭᠦᠳᠦᠨ᠎ᠳᠤ ᠤᠷᠤᠭᠰᠠᠨ ᠦᠭᠡᠢ᠃ ᠤᠳᠤ ᠬᠢᠬᠦ᠌ ᠳᠣᠲᠤᠮ ᠪᠠᠬ᠎ᠠ ᠲᠠᠢ ᠪᠤᠯᠵᠤ ᠪᠠᠢᠨ᠎ᠠ᠂ ᠬᠠᠮᠤᠭ᠎ᠤᠨ ᠭᠤᠤᠯ᠎ᠨᠢ ᠦᠨᠳᠦᠰᠦᠨ ᠳ᠋ᠡᠭᠡᠨ ᠪᠡᠯᠡ ᠮᠦᠩᠭᠦ ᠤᠷᠤᠭᠤᠯᠬᠤ ᠴᠢᠬᠤᠯᠠ ᠦᠭᠡᠢ᠂ ᠨᠢᠭᠡ ᠺᠣᠮᠫᠢᠦ᠋ᠲᠧᠷ᠎ᠲᠠᠢ ᠪᠤᠯ ᠪᠤᠯᠴᠢᠬᠠᠨ᠎ᠠ》 ᠭᠡᠵᠦ ᠽᠧᠩ ᠶᠠ ᠰᠢᠨ ᠪᠠᠶᠠᠷᠯᠠᠨ ᠶᠠᠷᠢᠯ᠎ᠠ᠃ ᠣᠳᠤᠬᠠᠨ᠎ᠳᠤ ᠲᠡᠭᠦᠨ᠎ᠦ ᠵᠣᠬᠢᠶᠠᠨ ᠪᠦᠲᠦᠭᠡᠭᠰᠡᠨ AI ᠣᠬᠤᠷ ᠵᠦᠴᠦᠭᠡ᠎ᠨᠢ ᠤᠯᠤᠰ᠎ᠤᠨ ᠳᠣᠲᠤᠭᠠᠳᠤ᠎ᠶ᠋ᠢᠨ ᠲᠠᠪᠴᠠᠩ᠎ᠳᠤ ᠭᠠᠷᠴᠤ ᠪᠠᠢᠬᠤ᠎ᠪᠠᠷ ᠪᠠᠷᠠᠬᠤ ᠥᠬᠡᠢ᠂ ᠪᠠᠰᠠ ᠬᠠᠮᠲᠤ᠎ᠪᠠᠷ ᠡᠳ᠋ᠯᠡᠬᠦ᠌ ᠣᠷᠤᠨ ᠵᠠᠢ᠎ᠶ᠋ᠢᠨ ᠭᠠᠳᠠᠭᠠᠳᠤ᠎ᠳᠤ ᠲᠠᠷᠬᠠᠭᠠᠬᠤ ᠠᠷᠭ᠎ᠠ ᠵᠠᠮ᠎ᠳᠤ ᠲᠦᠰᠢᠭᠯᠡᠭᠡᠳ ᠣᠷᠤᠯᠭ᠎ᠠ ᠡᠭᠦᠳᠴᠦ᠍᠂ ᠰᠠᠷ᠎ᠠ᠎ᠶ᠋ᠢᠨ ᠣᠷᠤᠯᠭ᠎ᠠ᠎ᠨᠢ 5000 ᠲᠥᠭᠦᠷᠢᠭ᠎ᠢ ᠳᠠᠪᠠᠭᠠᠳ᠂ ᠶᠤᠭ᠎ᠠ᠎ᠶ᠋ᠢᠨ ᠵᠢᠭᠠᠨ ᠰᠤᠷᠭᠠᠯᠲᠠ᠎ᠶ᠋ᠢᠨ ᠠᠵᠢᠯ᠎ᠢ ᠡᠷᠭᠢᠯᠡᠭᠰᠡᠨ ᠣᠷᠤᠯᠭ᠎ᠠ᠎ᠡᠴᠡ ᠨᠢ ᠢᠯᠡᠳᠲᠡ ᠳᠠᠪᠠᠭᠰᠠᠨ ᠪᠠᠢᠨ᠎ᠠ᠃
《AIᠳ᠋ᠦ ᠲᠦᠰᠢᠨ ᠦᠢᠯᠡᠰ ᠪᠤᠰᠬᠠᠬᠤ ᠭᠡᠵᠦ᠍ ᠪᠠᠢᠭ᠎ᠠ ᠡᠩ᠎ᠦᠨ ᠬᠥᠮᠦᠨ᠎ᠳᠦ ᠠᠪᠴᠤ᠌ ᠬᠡᠯᠡᠪᠡᠯ ᠡᠮᠦᠨᠡᠬᠢ ᠬᠤᠭᠤᠴᠠᠭᠠᠨ᠎ᠤ ᠣᠷᠤᠭᠤᠯᠤᠯᠲᠠ ᠬᠡᠲᠦ᠍ᠷᠬᠡᠢ ᠶᠡᠬᠡ ᠪᠣᠯᠬᠤ᠎ᠡᠴᠡ ᠬᠠᠮᠤᠭ᠎ᠤᠨ ᠠᠶᠤᠳᠠᠭ᠃ ᠤᠯᠠᠮᠵᠢᠯᠠᠯᠲᠤ᠌ ᠠᠵᠤ ᠦᠢᠯᠡᠰ᠎ᠦᠨ ᠬᠦᠷᠢᠶᠡᠯᠡᠩᠳᠡᠭᠡᠳᠦ ᠲᠡᠰ᠎ᠦᠨ ᠬᠣᠭᠤᠯᠠᠨ ᠭᠡᠷ ᠰᠢᠭ ᠤᠷᠤᠬᠤ᠎ᠳᠤ ᠪᠤᠱᠤᠭ᠎ᠠ ᠨᠢ ᠥᠨᠳᠦᠷ ᠪᠠᠢᠬᠤ᠎ᠳᠤ᠂ ᠨᠡᠢᠭᠡᠮ ᠲᠣᠭᠤᠷᠢᠭ᠎ᠤᠨ AI ᠣᠷᠤᠨ ᠵᠠᠢ ᠬᠠᠷᠢᠨ ᠭᠡᠷ᠎ᠦᠨ ᠡᠭᠦᠳᠡᠨ ᠳ᠋ᠡᠬᠢ ᠬᠣᠭᠤᠯᠠᠨ ᠭᠡᠷ ᠮᠡᠲᠦ ᠤᠷᠤᠬᠤ᠎ᠳᠤ ᠪᠣᠱᠤᠭ᠎ᠠ ᠨᠢ ᠳᠣᠤᠷ᠎ᠠ ᠮᠦᠷᠲᠡᠭᠡᠨ ᠴᠠᠳᠲᠠᠯ᠎ᠠ ᠢᠳᠡᠵᠦ ᠳᠡᠢᠯᠦᠨ᠎ᠡ》 ᠭᠡᠵᠦ ᠯᠢᠶᠠᠩ ᠴᠧᠨ ᡁᠢ ᠵᠢᠩ AI ᠪᠠᠶ᠋ᠢᠭᠤᠯᠬᠤ ᠣᠷᠤᠨ ᠵᠠᠢ᠎ᠵᠢᠨ ᠡᠵᠡᠩᠨᠡᠯᠲᠡ᠎ᠶ᠋ᠢᠨ ᠲᠠᠯ᠎ᠠ᠎ᠶ᠋ᠢᠨ ᠬᠠᠷᠢᠭᠤᠴᠠᠯᠭᠠᠲᠠᠨ ᠶᠤᠸᠠᠨ ᡁᠢ ᠶᠦᠩ ᠲᠠᠨᠢᠯᠴᠠᠭᠤᠯᠤᠯ᠎ᠠ᠃ 《ᠯᠢᠶᠠᠩ ᠴᠧᠨ ᡁᠢ ᠵᠢᠩ AI ᠪᠠᠶ᠋ᠢᠭᠤᠯᠬᠤ ᠣᠷᠤᠨ ᠵᠠᠢ》 ᠨᠢᠭᠡᠨᠲᠡ 90 ᠭᠠᠷᠤᠢ ᠰᠣᠷᠤᠭᠴᠢ ᠳ᠋ᠤ ᠪᠤᠯᠪᠠᠰᠤᠷᠠᠯ ᠬᠦᠷᠲᠡᠭᠡᠵᠦ᠂ 50 ᠭᠠᠷᠤᠢ ᠬᠥᠮᠦᠨ ᠠᠵᠢᠯᠤᠯᠵᠤ᠂ ᠪᠣᠯᠪᠠᠰᠤᠷᠠᠯ᠎ᠳᠤ ᠣᠷᠤᠯᠴᠠᠭᠰᠠᠳ᠎ᠤᠨ ᠬᠥᠮᠦᠨ ᠳᠤᠮᠳᠠᠴᠢ᠎ᠶ᠋ᠢᠨ ᠰᠠᠷ᠎ᠠ᠎ᠶ᠋ᠢᠨ ᠣᠷᠤᠯᠭ᠎ᠠ 5000 ᠲᠥᠭᠦᠷᠢᠭ ᠨᠡᠮᠡᠭᠳᠡᠵᠦ᠂ ᠬᠠᠷᠢᠶ᠎ᠠ ᠣᠷᠤᠨ᠎ᠤ ᠣᠯᠠᠨ ᠲᠦᠮᠡᠨ᠎ᠤ ᠠᠮᠢᠳᠤᠯᠢᠭ᠎ᠢᠶᠠᠷ ᠠᠵᠢᠯ ᠤᠯᠬᠤ ᠠᠷᠭ᠎ᠠ ᠵᠠᠮ᠎ᠢ ᠪᠦᠲᠦᠮᠵᠢᠲᠡᠢ ᠥᠷᠭᠡᠳᠬᠡᠨ᠂ ᠲᠣᠰ ᠭᠠᠵᠠᠷ᠎ᠤᠨ ᠵᠠᠯᠠᠭᠤᠴᠤᠳ᠎ᠤᠨ ᠠᠵᠢᠯ ᠣᠯᠭᠤᠯᠲᠠ᠎ᠶ᠋ᠢᠨ ᠳᠠᠷᠤᠭᠠᠰᠤ᠎ᠶ᠋ᠢ ᠬᠥᠩᠭᠡᠷᠡᠭᠦᠯᠦᠭᠰᠡᠨ ᠪᠠᠢᠨ᠎ᠠ᠃
ᠳ᠋ᠦ᠋ ᠫᠧᠩ ᠴᠧᠩ᠎ᠤᠨ ᠲᠠᠨᠢᠯᠴᠠᠭᠤᠯᠬᠤ᠎ᠪᠡᠷ᠂ 《ᠯᠢᠶᠠᠩ ᠴᠧᠨ ᡁᠢ ᠵᠢᠩ AI ᠪᠠᠶ᠋ᠢᠭᠤᠯᠬᠤ ᠣᠷᠤᠨ ᠵᠠᠢ》 ᠮᠡᠷᠭᠡᠵᠢᠯ ᠴᠢᠳᠠᠪᠤᠷᠢ᠎ᠶ᠋ᠢᠨ ᠪᠣᠯᠪᠠᠰᠤᠷᠠᠯ ᠥᠷᠨᠢᠭᠦᠯᠬᠦ ᠪᠡᠷ ᠪᠠᠷᠠᠬᠤ ᠦᠭᠡᠢ ᠨᠠᠩ᠎ᠴᠤ᠌ ᠪᠥᠬᠦ᠌ ᠬᠡᠯᠬᠢᠶᠡᠨᠳ᠋ᠡᠬᠢ ᠦᠢᠯᠡᠰ ᠪᠤᠰᠬᠠᠬᠤ ᠦᠢᠯᠡᠴᠢᠯᠡᠭᠡᠨ᠎ᠤ ᠰᠢᠰᠲᠧᠮ᠎ᠢ ᠪᠠᠶ᠋ᠢᠭᠤᠯᠵᠤ᠂ ᠬᠠᠤᠯᠢ ᠴᠠᠭᠠᠵᠠ᠂ ᠦᠢᠯᠡᠳᠪᠦᠷᠢ ᠬᠤᠳᠠᠯᠳᠤᠭ᠎ᠠ᠂ ᠡᠳ᠋᠎ᠤᠨ ᠶᠠᠪᠤᠳᠠᠯ ᠵᠡᠷᠭᠡ ᠨᠢᠭᠡ ᠥᠷᠲᠡᠭᠡᠴᠢᠯᠡᠭᠰᠡᠨ ᠮᠠᠶᠢᠭ᠎ᠤᠨ ᠠᠷᠠᠳ᠎ᠲᠤ᠌ ᠲᠥᠬᠦᠮ ᠦᠵᠡᠭᠦᠯᠬᠦ᠌ ᠦᠢᠯᠡᠰ ᠪᠤᠰᠬᠠᠬᠤ ᠦᠢᠯᠡᠴᠢᠯᠡᠭᠡ ᠬᠠᠩᠭᠠᠵᠤ᠂ ᠭᠡᠷ᠎ᠡ᠎ᠶ᠋ᠢ ᠬᠢᠨᠠᠨ ᠬᠠᠷᠭᠤᠭᠤᠯᠬᠤ᠂ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢ ᠬᠠᠮᠠᠭᠠᠯᠠᠬᠤ᠂ ᠺᠣᠮᠫᠠᠨᠢ ᠳᠠᠩᠰᠠᠯᠠᠭᠤᠯᠬᠤ᠂ ᠣᠷᠤᠯᠠᠨ ᠲᠠᠩᠰᠠ ᠲᠡᠮᠳᠡᠭᠯᠡᠬᠦ᠂ ᠭᠠᠶ᠋ᠢᠯᠢ ᠮᠡᠳᠡᠭᠦᠯᠬᠦ᠂ ᠦᠢᠯᠡᠰ ᠪᠤᠰᠬᠠᠬᠤ ᠨᠥᠬᠦᠪᠦᠷᠢ ᠭᠤᠶᠤᠴᠢᠯᠠᠨ ᠠᠪᠬᠤ ᠵᠡᠷᠭᠡ ᠲᠤᠬᠠᠶ᠋ᠢᠯᠠᠭᠰᠠᠨ ᠠᠵᠢᠯ᠎ᠤᠨ ᠪᠥᠬᠦ᠌ ᠶᠠᠪᠤᠴᠠ᠎ᠶ᠋ᠢ ᠮᠦᠷᠳᠡᠨ ᠳᠠᠭᠠᠵᠤ᠂ ᠦᠢᠯᠡᠰ ᠪᠤᠰᠬᠠᠭᠴᠢᠰᠡᠳᠬᠢᠯ ᠠᠯᠭᠠᠰᠠᠬᠤᠵᠦᠢᠯ ᠥᠬᠡᠢ ᠪᠤᠯᠵᠤ᠂ ᠠᠩᠬᠠᠷᠤᠯ᠎ᠢᠶᠠᠨ ᠲᠥᠪᠯᠡᠷᠡᠭᠦᠯᠦᠨ ᠵᠣᠬᠢᠶᠠᠨ ᠪᠦᠲᠦᠭᠡᠬᠦ᠎ᠳᠤ ᠨᠦᠬᠦᠴᠡᠯ ᠪᠦᠷᠢᠯᠳᠦᠭᠦᠯᠵᠦ ᠦᠭᠴᠡᠢ᠃
ᠪᠦᠷᠢᠨ ᠲᠡᠭᠦᠯᠳᠡᠷ ᠨᠡᠪᠴᠢᠭᠦᠯᠬᠦ᠌ ᠰᠢᠰᠲᠧᠮᠳᠤ ᠲᠦᠰᠢᠭᠯᠡᠨ᠂ ᠬᠤᠩᠱᠠᠨ ᠲᠣᠭᠤᠷᠢᠭ᠎ᠤᠨ ᠨᠤᠲᠤᠭ᠎ᠤᠨ ᠰᠣᠶᠤᠯ᠎ᠢ ᠪᠦᠲᠦᠭᠡᠬᠦ ᠬᠦᠴᠦᠨ ᠦᠳᠲᠡᠷ ᠲᠦᠷᠭᠡᠨ ᠬᠦᠭᠵᠢᠪᠡ᠃ ᠣᠳᠤᠬᠠᠨ᠎ᠳᠤ ᠰᠤᠷᠤᠭᠴᠢᠳ ᠵᠢᠴᠢ ᠣᠷᠤᠵᠤ ᠰᠠᠭᠤᠬᠰᠠᠨ ᠪᠦᠯᠬᠦᠮ ᠨᠡᠶ᠋ᠢᠲᠡ 73 ᠰᠢᠯᠢᠳᠡᠭ AI ᠣᠬᠤᠷ ᠵᠦᠴᠦᠭᠡ᠎ᠶ᠋ᠢ ᠵᠤᠬᠢᠶᠠᠨ ᠪᠦᠲᠦᠭᠡᠵᠠᠢ᠂ ᠡᠭᠦᠨ᠎ᠳᠤ B ᠲᠠᠰ᠎ᠤᠨ ᠰᠣᠳᠤᠨ ᠪᠦᠲᠦᠭᠡᠯ 70᠂S ᠲᠠᠰ᠎ᠤᠨ ᠬᠡᠪ ᠳᠠᠭᠤᠷᠢᠶᠠᠯ᠎ᠤᠨ ᠪᠦᠲᠦᠭᠡᠯ 3 ᠪᠠᠢᠵᠤ᠂ ᠪᠥᠬᠦ᠌ ᠰᠦᠯᠵᠢᠶᠡᠨ᠎ᠤ ᠶᠡᠷᠦᠩᠬᠡᠢ ᠨᠡᠪᠲᠡᠷᠡᠭᠦᠯᠭᠡ᠎ᠶ᠋ᠢᠨ ᠬᠡᠮᠵᠢᠶ᠎ᠡ ᠨᠢ 8000 ᠲᠦᠮᠡᠨ ᠤᠳᠠᠭ᠎ᠠ᠎ᠶ᠋ᠢ ᠳᠠᠪᠠᠵᠠᠢ; ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠬᠡᠯᠪᠡᠷᠢ᠎ᠶ᠋ᠢᠨ 6 ᠪᠠᠭ᠎ᠠ ᠵᠢᠵᠢᠭ ᠠᠵᠤ ᠠᠬᠤᠶ᠋ᠢᠯᠠᠯ᠎ᠢ ᠢᠯᠭᠤᠮ ᠨᠡᠪᠴᠢᠭᠦᠯᠵᠤ᠂ ᠲᠤᠬᠠᠶ᠋ᠢᠯᠠᠭᠰᠠᠨ ᠠᠵᠢᠯ᠎ᠨᠢ ᠡᠯᠧᠺᠲᠷᠤᠨ ᠬᠤᠳᠠᠯᠳᠤᠭ᠎ᠠ᠂ ᠰᠢᠭᠤᠳ ᠨᠡᠪᠲᠡᠷᠡᠭᠦᠯᠭᠡ᠂ ᠺᠢᠨᠤ᠋ ᠲᠧᠯᠸᠢᠰ ᠦᠢᠯᠡᠳᠬᠦ᠌ ᠵᠡᠷᠭᠡ ᠬᠦᠷᠢᠶ᠎ᠡ ᠴᠠᠷᠠᠭ᠎ᠠ᠎ᠶ᠋ᠢ ᠬᠠᠮᠤᠷᠪᠠ᠃ 《ᠯᠢᠶᠠᠩ ᠴᠧᠨ ᡁᠢ ᠵᠢᠩ AI ᠪᠠᠶ᠋ᠢᠭᠤᠯᠬᠤ ᠣᠷᠤᠨ ᠵᠠᠢ》 ᠶ᠋ᠢᠨ ᠪᠦᠬᠦᠯᠢ ᠴᠣᠭᠴᠠ᠎ᠶ᠋ᠢᠨ ᠵᠢᠯ᠎ᠤᠨ ᠡᠵᠡᠩᠨᠡᠯᠲᠡ᠎ᠶ᠋ᠢᠨ ᠣᠷᠤᠯᠭ᠎ᠠ᠎ᠨᠢ ᠵᠢᠱ᠌ᠢᠯᠲᠡ᠎ᠪᠠᠷ 700 ᠲᠦᠮᠡᠨ ᠲᠥᠭᠦᠷᠢᠭᠲᠤ᠌ ᠬᠥᠷᠬᠦ᠌ ᠪᠣᠯᠤᠨ᠎ᠠ᠃
《〈ᠯᠢᠶᠠᠩ ᠴᠧᠨ ᡁᠢ ᠵᠢᠩ AI ᠪᠠᠶ᠋ᠢᠭᠤᠯᠬᠤ ᠣᠷᠤᠨ ᠵᠠᠢ〉 ᠪᠤᠯ ᠮᠡᠷᠭᠡᠵᠢᠯ᠎ᠤᠨ ᠡᠵᠡᠩᠨᠡᠯᠲᠡ ᠵᠢᠨ ᠬᠡᠯᠪᠡᠷᠢ᠎ᠶ᠋ᠢᠨ ᠠᠴᠢᠶᠠᠯᠠᠪᠤᠷᠢ ᠪᠣᠯᠬᠤ᠎ᠪᠠᠷ ᠪᠠᠷᠠᠬᠤ ᠥᠬᠡᠢ᠂ ᠨᠠᠩ᠎ᠴᠤ᠌ ᠰᠢᠨ᠎ᠡ᠎ᠶ᠋ᠢ ᠡᠭᠦᠳᠦᠭᠰᠡᠨ᠂ ᠠᠮᠢᠵᠢᠷᠠᠯ᠎ᠤᠨ ᠬᠦᠴᠦᠨ᠎ᠢ ᠬᠥᠭᠵᠢᠭᠡᠭᠰᠡᠨ ᠰᠢᠨ᠎ᠡ ᠬᠡᠯᠪᠡᠷᠢ᠎ᠶ᠋ᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠰᠢᠨ᠎ᠡ᠎ᠶ᠋ᠢ ᠡᠭᠦᠳᠦᠭᠰᠡᠨ 〈ᠪᠠᠶ᠋ᠢᠭᠤᠯᠬᠤ ᠲᠠᠯᠠᠪᠤᠷ〉 ᠪᠣᠯᠤᠨ᠎ᠠ᠃ ᠲᠤᠰ ᠣᠷᠤᠨ ᠵᠠᠢᠲᠤᠰ ᠭᠠᠵᠠᠷ᠎ᠤᠨ ᠵᠠᠯᠠᠭᠤ ᠴᠢᠳᠠᠪᠤᠷᠢᠲᠠᠨ᠎ᠢ ᠦᠯᠡᠳᠡᠭᠡᠭᠰᠡᠨ᠎ᠢᠶᠡᠷ ᠪᠠᠷᠠᠬᠤ᠎ᠦᠭᠡᠢ᠂ ᠨᠡᠩᠴᠦ᠍ ᠦᠢᠯᠡᠰ ᠪᠤᠰᠭᠠᠬᠤ᠎ᠪᠠᠷ ᠠᠵᠢᠯ ᠣᠯᠭᠤᠯᠲᠠ᠎ᠶ᠋ᠢ ᠳᠠᠢᠴᠢᠯᠠᠬᠤ ᠬᠦᠳᠡᠯᠭᠡᠭᠴᠢ ᠬᠦᠴᠦᠨ᠎ᠢ ᠬᠦᠭᠵᠢᠭᠡᠵᠡᠢ》 ᠭᠡᠵᠦ ᠳᠦ ᠫᠧᠩ ᠴᠧᠩ ᠢᠯᠡᠳᠭᠡᠪᠡ᠃
ᠵᠢᠵᠢᠭ ᠵᠢᠭᠰᠠᠭᠠᠯ᠎ᠤᠨ ᠭᠠᠵᠠᠷ᠎ᠲᠦ ᠲᠦᠰᠢᠭᠯᠡᠭᠡᠳ᠂ ᠰᠢᠨ᠎ᠡ ᠬᠡᠯᠪᠡᠷᠢ ᠶ᠋ᠢᠨ ᠡᠵᠡᠩᠨᠡᠯᠲᠡ᠎ᠵᠢ ᠬᠦᠭᠵᠢᠭᠡᠨ᠂ ᠲᠣᠭᠠᠴᠢᠯᠠᠯᠲᠠ᠎ᠵᠢᠨ ᠰᠢᠨ᠎ᠡ᠎ᠶ᠋ᠢ ᠡᠭᠦᠳᠬᠦ᠎ᠪᠠᠷ ᠳᠠᠮᠵᠢᠭᠤᠯᠤᠨ᠂ ᠦᠨᠳᠦᠰᠦᠨ ᠱᠠᠲᠤᠨ᠎ᠤ ᠵᠠᠰᠠᠯᠲᠠ᠎ᠳᠤ ᠬᠦᠴᠦᠨ ᠨᠡᠮᠡᠷᠢᠯᠡᠪᠡ᠃ ᠬᠤᠩᠱᠠᠨ ᠲᠣᠭᠤᠷᠢᠭᠨᠡᠶ᠋ᠢᠭᠡᠮ ᠲᠣᠭᠤᠷᠢᠭ᠎ᠤᠨ ᠰᠤᠯᠠ ᠲᠠᠯᠪᠢᠭᠳᠠᠵᠤ ᠪᠠᠶ᠋ᠢᠭ᠎ᠠ ᠡᠬᠢ ᠪᠠᠶᠠᠯᠢᠭ᠎ᠢ ᠠᠮᠢᠯᠠᠭᠤᠯᠬᠤ᠂ ᠲᠣᠭᠠᠴᠢᠯᠠᠭᠰᠠᠨ ᠮᠡᠷᠭᠡᠵᠢᠯ᠎ᠳᠤ ᠲᠦᠰᠢᠭᠯᠡᠨ᠂ᠦᠢᠯᠡᠰ ᠪᠤᠰᠬᠠᠬᠤ᠎ᠶ᠋ᠢ ᠨᠡᠪᠴᠢᠭᠦᠯᠵᠤ᠂ ᠳᠡᠭᠡᠳᠦ ᠲᠡᠰ᠎ᠤᠨ ᠲᠣᠭᠠᠴᠢᠯᠠᠭᠰᠠᠨ ᠠᠵᠤ ᠦᠢᠯᠡᠰ᠎ᠢ ᠬᠦᠷᠢᠶᠡᠯᠡᠩ ᠲᠣᠭᠤᠷᠢᠭ᠎ᠡᠴᠡ ᠨᠡᠶ᠋ᠢᠭᠡᠮ ᠲᠣᠭᠤᠷᠢᠭ᠎ᠲᠤ᠌ ᠣᠷᠤᠭᠤᠯᠵᠤ᠂ ᠤᠯᠠᠨ ᠲᠦᠮᠡᠨ᠎ᠳᠤ ᠠᠰᠢᠭ ᠬᠦᠷᠲᠡᠭᠡᠭᠰᠡᠨ ᠵᠢᠡᠷ ᠪᠠᠷᠠᠬᠤ᠎ᠦᠭᠡᠢ ᠦᠨᠳᠦᠰᠦᠨ ᠱᠠᠲᠤᠨ᠎ᠤ ᠠᠵᠢᠯ ᠣᠯᠭᠤᠯᠲᠠ᠎ᠶ᠋ᠢᠨ ᠡᠵᠡᠩᠨᠡᠯᠲᠡ᠎ᠶ᠋ᠢᠨ ᠬᠡᠯᠪᠡᠷᠢ᠎ᠶ᠋ᠢ ᠪᠠᠶᠠᠯᠢᠭᠵᠢᠭᠤᠯᠤᠨ᠂ ᠦᠨᠳᠦᠰᠦᠨ ᠱᠠᠲᠤᠨ᠎ᠤ ᠵᠠᠰᠠᠯᠲᠠ᠎ᠳᠤ ᠰᠢᠨ᠎ᠡ᠎ᠶ᠋ᠢ ᠡᠭᠦᠳᠬᠦ᠌ ᠬᠥᠳᠡᠯᠭᠡᠬᠦ᠌ ᠬᠦᠴᠦᠨ ᠨᠡᠮᠡᠷᠢᠯᠡᠭᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃