2026-10-29 10:00:54
《ᠠᠨᠠᠷ᠎ᠤᠨ ᠬᠡᠯᠬᠢᠶ᠎ᠠ》 ᠲᠦᠷᠦ᠎ᠶᠢᠨ ᠪᠤᠳᠤᠯᠭ᠎ᠠ ᠬᠦᠷᠭᠡᠬᠦ᠌ ᠮᠡᠷᠭᠡᠵᠢᠯ ᠬᠦᠷᠭᠡᠬᠦ᠌ ᠦᠢᠯᠡᠴᠢᠯᠡᠭᠡ ᠬᠦᠷᠭᠡᠬᠦ ᠠᠵᠢᠯᠯᠠᠭ᠎ᠠ ᠤᠢᠷ᠎ᠠ ᠳ᠋ᠤ ᠤᠯᠠᠭᠠᠨᠴᠠᠪ ᠬᠤᠳᠠ᠎ᠶᠢᠨ ᠵᠢᠨᠢᠩ ᠲᠣᠭᠣᠷᠢᠭ᠎ᠲᠤ᠌ ᠤᠷᠤᠭᠰᠢᠲᠠᠢ ᠶᠠᠪᠤᠭᠳᠠᠪᠠ᠃ᠠᠵᠢᠯᠯᠠᠭ᠎ᠠ᠎ᠨᠢ 《ᠠᠨᠠᠷ᠎ᠤᠨ ᠦᠷ᠎ᠡ ᠰᠢᠮᠡᠳᠦ ᠬᠥᠷᠥᠰᠥ᠎ᠶᠢ ᠬᠠᠮᠠᠭᠠᠯᠠᠵᠤ᠂ ᠪᠠᠶ᠋ᠢᠭᠠᠯᠢ᠎ᠶᠢᠨ ᠡᠬᠢ ᠪᠠᠶᠠᠯᠢᠭ ᠬᠠᠮᠲᠤᠷᠠᠯ ᠰᠡᠳᠬᠢᠯ ᠢ᠋ ᠲᠦᠪᠯᠡᠷᠡᠭᠦᠯᠬᠦ》 ᠪᠠᠷ ᠭᠤᠤᠯ ᠰᠡᠳᠦᠪ ᠪᠣᠯᠭᠠᠵᠤ᠂ ᠬᠠᠤᠯᠢ ᠪᠡᠷ ᠵᠠᠰᠠᠬᠤ ᠤᠬᠠᠭᠤᠯᠭ᠎ᠠ ᠬᠥᠮᠦᠵᠢᠯ᠂ ᠭᠠᠵᠠᠷ ᠵᠦᠶ᠎ᠶᠢᠨ ᠮᠡᠳᠡᠭᠡ ᠵᠠᠩᠭᠢ᠎ᠶᠢ ᠬᠡᠮᠵᠢᠨ ᠵᠢᠷᠤᠬᠤ ᠮᠡᠷᠬᠡᠵᠢᠯ ᠳ᠋ᠤ ᠴᠢᠳᠠᠪᠤᠷᠢ ᠣᠯᠭᠣᠬᠤ᠂ ᠠᠷᠠᠳ᠎ᠲᠤ᠌ ᠠᠰᠢᠭ ᠬᠦᠷᠲᠡᠭᠡᠬᠦ᠌ ᠠᠷᠠᠳ᠎ᠲᠤ᠌ ᠲᠥᠬᠥᠮ ᠦᠵᠡᠭᠦᠯᠬᠦ᠌ ᠤᠢᠯᠡᠴᠢᠯᠡᠭᠡ᠎ᠶᠢ ᠣᠷᠭᠠᠨᠢᠭ᠎ᠢᠶᠠᠷ ᠨᠡᠪᠲᠡᠷᠡᠭᠦᠯᠵᠦ᠍᠂ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠬᠥᠮᠦᠵᠢᠯ᠎ᠢ ᠦᠷᠭᠦᠯᠵᠢᠯᠡᠨ ᠭᠦᠨᠵᠡᠭᠡᠶ᠋ᠢᠷᠡᠭᠦᠯᠪᠡ᠃
ᠤᠯᠠᠭᠠᠨᠴᠠᠪ᠎ᠤᠨ ᠨᠠᠮ᠎ᠤᠨ ᠲᠡᠦᠬᠡ᠎ᠶᠢᠨ ᠣᠷᠳᠣᠨ᠎ᠤ ᠮᠡᠳᠡᠭᠦᠯᠦᠯᠲᠡ᠎ᠶᠢᠨ ᠲᠢᠩᠬᠢᠮ᠎ᠳᠦ᠂ ᠠᠵᠢᠯᠯᠠᠭ᠎ᠠ ᠵᠢᠩᠬᠢᠨᠢ᠎ᠪᠡᠷ ᠡᠬᠢᠯᠡᠵᠦ᠍᠂ ᠡᠬᠢᠯᠡᠯᠲᠡ᠎ᠶᠢᠨ ᠶᠣᠰᠣᠯᠠᠯ ᠳᠡᠭᠡᠷ᠎ᠡ ᠤᠯᠠᠭᠠᠨᠮᠦ᠋ᠴᠢᠷ ᠭᠣᠶ᠋ᠢᠳᠠ ᠰᠠᠶ᠋ᠢᠬᠠᠨ ᠤᠷᠠᠨ ᠰᠠᠶ᠋ᠢᠬᠠᠨ᠎ᠤ ᠲᠣᠭᠯᠠᠯᠲᠠ ᠭᠠᠷᠭᠠᠵᠤ᠂ ᠤᠳᠬ᠎ᠠ ᠤᠷᠠᠯᠢᠭ᠎ᠢᠶᠠᠷ ᠦᠨᠳᠦᠰᠦᠲᠡᠨ᠎ᠦ ᠪᠦᠯᠬᠦᠮᠳᠡᠯ᠎ᠦᠨ ᠠᠭᠤᠷ ᠠᠮᠢᠰᠬᠤᠯ ᠢ᠋ ᠨᠡᠡᠭ ᠦᠳᠭᠡᠨ ᠪᠤᠯᠭᠠᠵᠠᠢ᠃ ᠲᠠᠷᠠᠭ᠎ᠠ ᠨᠢ᠂ ᠬᠤᠷᠠᠯ᠎ᠳᠤ ᠣᠷᠣᠯᠴᠠᠭᠰᠠᠳ ᠵᠢᠨᠢᠩ ᠲᠣᠭᠣᠷᠢᠭ᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠭᠣᠣᠯ ᠰᠡᠳᠦᠪᠲᠦ᠍ ᠬᠥᠮᠦᠵᠢᠯ᠎ᠦᠨ ᠰᠠᠭᠤᠷᠢᠨ᠎ᠳᠤ ᠬᠦᠷᠴᠦ᠍᠂ ᠪᠠᠶ᠋ᠢᠭᠠᠯᠢ᠎ᠶᠢᠨ ᠡᠬᠢ ᠪᠠᠶᠠᠯᠢᠭ᠎ᠤᠨ ᠶᠡᠷᠦᠩᠬᠡᠶ᠋ᠢᠯᠡᠭᠰᠡᠨ ᠦᠷ᠎ᠡ ᠪᠦᠲᠦᠭᠡᠯ᠎ᠦᠨ ᠦᠵᠡᠭᠦᠯᠭᠡ᠎ᠶᠢ ᠲᠣᠭᠣᠷᠢᠨ ᠦᠵᠡᠪᠡ᠃ ᠦᠷ᠎ᠡ ᠪᠦᠲᠦᠭᠡᠯ᠎ᠦᠨ ᠦᠵᠡᠭᠦᠯᠭᠡ᠎ᠳᠦ ᠲᠠᠷᠢᠶᠠᠨ ᠭᠠᠵᠠᠷ ᠤ᠋ᠨ ᠬᠠᠮᠠᠭᠠᠯᠠᠯᠳᠠ᠂ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠶ᠎ᠶᠢ ᠲᠥᠯᠥᠪᠵᠢᠭᠦᠯᠬᠦ᠌᠂ ᠠᠮᠢ ᠠᠬᠤᠶ᠎ᠶᠢ ᠰᠡᠷᠭᠦᠭᠡᠨ ᠵᠠᠰᠠᠬᠤ᠂ ᠲᠤᠭᠳᠠᠮᠠᠯ ᠬᠥᠷᠥᠩᠭᠡ᠎ᠶᠢᠨ ᠡᠷᠬᠡ᠎ᠶᠢ ᠨᠤᠲᠠᠯᠠᠨ ᠲᠣᠭᠲᠠᠭᠠᠵᠤ ᠳᠠᠩᠰᠠᠯᠠᠬᠤ᠂ ᠳᠠᠭᠠᠭᠤᠯᠢ ᠣᠳᠣᠨ᠎ᠤ ᠠᠯᠤᠰ ᠰᠡᠷᠡᠯ᠎ᠦᠨ ᠬᠡᠷᠡᠭᠯᠡᠯᠲᠡ᠂ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠶ᠎ᠶᠢᠨ 《ᠨᠢᠭᠡᠳᠦᠯᠲᠠᠢ ᠰᠠᠭᠤᠷᠢ ᠵᠢᠷᠤᠭ》᠂ ᠠᠭᠤᠷᠬᠠᠶ᠎ᠶᠢᠨ ᠭᠠᠷᠤᠯᠲᠠ᠎ᠶᠢᠨ ᠡᠬᠢ ᠪᠠᠶᠠᠯᠢᠭ᠎ᠤᠨ ᠬᠠᠮᠢᠶᠠᠷᠤᠯᠲᠠ᠎ᠶᠢᠨ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠦᠵᠡᠭᠦᠯᠭᠡ᠎ᠶᠢᠨ ᠰᠠᠮᠪᠠᠷ᠎ᠠ ᠵᠢᠴᠢ ᠵᠢᠷᠤᠮᠵᠢᠭᠰᠠᠨ ᠭᠠᠵᠠᠷ᠎ᠤᠨ ᠵᠢᠷᠤᠭ ᠵᠡᠷᠭᠡ ᠪᠣᠳᠠᠲᠤ᠌ ᠪᠣᠳᠠᠰ᠎ᠤᠨ ᠦᠵᠡᠭᠦᠯᠭᠡ᠎ᠶᠢᠨ ᠪᠣᠳᠠᠰ᠎ᠢ ᠲᠥᠪᠯᠡᠷᠡᠭᠦᠯᠦᠨ ᠳᠡᠯᠭᠡᠨ ᠦᠵᠡᠭᠦᠯᠵᠦ᠍᠂ ᠦᠨᠳᠦᠰᠦᠨ ᠱᠠᠲᠤᠨ ᠳ᠋ᠤ ᠬᠠᠮᠵᠢᠨ ᠪᠠᠶ᠋ᠢᠭᠠᠯᠢ᠎ᠶᠢᠨ ᠡᠬᠢ ᠪᠠᠶᠠᠯᠢᠭ᠎ᠤᠨ ᠬᠠᠮᠢᠶ᠎ᠠ ᠪᠥᠬᠥᠶ ᠲᠥᠷᠥ᠎ᠶᠢᠨ ᠪᠣᠳᠣᠯᠭ᠎ᠠ᠂ ᠬᠡᠮᠵᠢᠨ ᠵᠢᠷᠤᠬᠤ ᠮᠡᠷᠭᠡᠵᠢᠯ᠎ᠢ ᠣᠯᠠᠨ ᠲᠦᠮᠡᠨ᠎ᠳᠦ ᠤᠢᠯᠡᠴᠢᠯᠡᠬᠦ᠂ ᠦᠨᠳᠦᠰᠦᠨ ᠱᠠᠲᠤᠨ᠎ᠤ ᠵᠠᠰᠠᠯᠲᠠ᠎ᠶᠢᠨ ᠬᠦᠴᠢᠷ ᠠᠰᠠᠭᠤᠳᠠᠯ᠎ᠢ ᠰᠢᠢᠳᠪᠤᠷᠢᠯᠡᠬᠦ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠠᠢ᠃
ᠠᠵᠢᠯᠯᠠᠭ᠎ᠠ᠎ᠶᠢᠨ ᠬᠤᠭᠤᠴᠠᠭᠠᠨ᠎ᠳᠤ᠂ ᠪᠠᠶ᠋ᠢᠭᠤᠯᠭ᠎ᠠ᠎ᠶᠢᠨ ᠺᠠᠳ᠋ᠷᠲᠤ᠌ ᠬᠠᠨᠳᠤᠭᠤᠯᠤᠨ ᠪᠠᠶ᠋ᠢᠭᠠᠯᠢ᠎ᠶᠢᠨ ᠡᠬᠢ ᠪᠠᠶᠠᠯᠢᠭ ᠪᠠ ᠭᠠᠵᠠᠷ ᠵᠦᠶ ᠵᠢᠨ ᠮᠡᠳᠡᠭᠡ ᠵᠠᠡᠭᠬᠢ ᠵᠢ ᠬᠡᠮᠵᠢᠨ ᠵᠢᠷᠤᠬᠤ ᠬᠡᠷᠡᠭᠯᠡᠭᠡᠨ᠎ᠦ ᠲᠤᠰᠬᠠᠶ ᠰᠡᠳᠦᠪᠲᠦ᠍ ᠲᠠᠶ᠋ᠢᠯᠤᠮᠵᠢ ᠬᠢᠵᠦ᠍᠂ ᠳᠠᠭᠠᠭᠤᠯᠢ ᠣᠳᠣᠨ᠎ᠤ ᠠᠯᠤᠰ ᠰᠡᠷᠡᠯ᠎ᠦᠨ ᠪᠠᠶ᠋ᠢᠭᠠᠯᠢ᠎ᠶᠢᠨ ᠡᠬᠢ ᠪᠠᠶᠠᠯᠢᠭ᠎ᠢ ᠪᠠᠶ᠋ᠢᠴᠠᠭᠠᠵᠤ ᠬᠢᠨᠠᠨ ᠬᠠᠮᠢᠶᠠᠷᠬᠤ᠂ ᠠᠮᠢ ᠠᠬᠤᠶ᠎ᠶᠢ ᠬᠠᠮᠠᠭᠠᠯᠠᠬᠤ᠂ ᠭᠠᠮᠰᠢᠭ᠎ᠢ ᠰᠡᠷᠭᠡᠶ᠋ᠢᠯᠡᠵᠦ᠍ ᠪᠠᠴᠢᠮ ᠪᠠᠶ᠋ᠢᠳᠠᠯ᠎ᠢ ᠠᠷᠭᠠᠴᠡᠭᠠᠬᠤ ᠵᠡᠷᠭᠡ ᠲᠠᠯ᠎ᠠ᠎ᠪᠠᠷ ᠬᠢ ᠤᠢᠯᠡᠳᠦᠯᠭᠡᠶᠢᠨ ᠦᠷ᠎ᠡ ᠪᠦᠲᠦᠭᠡᠯ ᠢ᠋ ᠠᠮᠢᠳᠤᠯᠢᠭ᠎ᠢᠶᠠᠷ ᠲᠠᠨᠢᠯᠴᠠᠭᠤᠯᠵᠤ᠂ ᠤᠯᠤᠰ᠎ᠤᠨ ᠨᠤᠲᠤᠭ ᠳᠡᠪᠢᠰᠬᠡᠷ᠎ᠦᠨ ᠪᠠᠶ᠋ᠢᠴᠠᠭᠠᠯᠲᠠ ᠬᠢᠨᠠᠨ ᠬᠡᠮᠵᠢᠯᠲᠡ᠎ᠶᠢᠨ ᠠᠵᠢᠯ᠎ᠤᠨ ᠭᠤᠤᠯ ᠠᠭᠤᠯᠭ᠎ᠠ᠂ ᠮᠡᠷᠭᠡᠵᠢᠯ᠎ᠦᠨ ᠦᠷ᠎ᠡ ᠪᠦᠲᠦᠭᠡᠯ ᠪᠠ ᠬᠡᠷᠡᠭᠯᠡᠯᠲᠡ᠎ᠶᠢᠨ ᠲᠠᠯ᠎ᠠ ᠪᠡᠷ ᠬᠢ ᠡᠮᠵᠡᠭ ᠲᠠᠢ ᠵᠤᠢᠯ ᠢ᠋ ᠲᠠᠶ᠋ᠢᠯᠪᠤᠷᠢᠯᠠᠪᠠ᠃ ᠭᠠᠵᠠᠷ ᠵᠦᠶ᠎ᠶᠢᠨ ᠮᠡᠳᠡᠭᠡ ᠵᠠᠩᠭᠢ᠎ᠶᠢ ᠬᠡᠮᠵᠢᠨ ᠵᠢᠷᠤᠭᠰᠠᠨ ᠮᠡᠷᠭᠡᠵᠢᠯ ᠤ᠋ᠨ ᠦᠷ᠎ᠡ ᠪᠦᠲᠦᠭᠡᠯ᠎ᠢ ᠦᠨᠳᠦᠰᠦᠨ ᠱᠠᠲᠤᠨ᠎ᠳᠤ ᠨᠠᠶ᠋ᠢᠳᠠᠪᠤᠷᠢᠵᠢᠭᠤᠯᠬᠤ᠎ᠶᠢ ᠠᠬᠢᠭᠤᠯᠵᠤ᠂ ᠲᠠᠷᠢᠶᠠᠨ ᠭᠠᠵᠠᠷ᠎ᠢ ᠬᠠᠮᠠᠭᠠᠯᠠᠬᠤ᠂ ᠭᠠᠵᠠᠷ ᠬᠡᠷᠡᠭᠯᠡᠬᠦ᠌ ᠪᠠᠲᠤᠯᠠᠭ᠎ᠠ᠂ ᠲᠤᠭᠳᠠᠮᠠᠯ ᠬᠥᠷᠥᠩᠭᠡ᠎ᠶᠢᠨ ᠲᠡᠦᠬᠡ᠎ᠶᠢᠨ ᠦᠯᠡᠳᠡᠭᠳᠡᠯ ᠠᠰᠠᠭᠤᠳᠠᠯ᠎ᠢ ᠰᠢᠢᠳᠪᠤᠷᠢᠯᠡᠬᠦ ᠵᠡᠷᠭᠡ ᠵᠠᠰᠠᠯᠲᠠ᠎ᠶᠢᠨ ᠪᠡᠷᠬᠡ ᠰᠡᠳᠦᠪ᠎ᠢ ᠰᠢᠢᠳᠪᠤᠷᠢᠯᠡᠬᠦ᠎ᠳᠦ ᠬᠦᠴᠦᠨ ᠨᠡᠮᠡᠷᠢᠯᠡᠵᠦ᠍᠂ ᠮᠡᠷᠭᠡᠵᠢᠯ᠎ᠦᠨ ᠤᠢᠯᠡᠴᠢᠯᠡᠭᠡ᠎ᠶᠢᠨ 《 ᠡᠴᠦᠰ᠎ᠦᠨ ᠨᠢᠭᠡ ᠺᠢᠯᠣᠮᠧᠲ᠋ᠷ 》 ᠢ᠋ ᠨᠡᠪᠲᠡᠷᠡᠭᠦᠯᠪᠠ᠃
ᠢ ᠯᠢ ᠳ᠋ᠦᠩ ᠹᠠᠩ ᠪᠠᠭ᠎ᠠ ᠰᠤᠷᠭᠠᠭᠤᠯᠢ᠎ᠳᠤ᠂ 《 ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠵᠤ᠂ ᠤᠯᠤᠰ᠎ᠤᠨ ᠨᠤᠲᠤᠭ ᠳᠡᠪᠢᠰᠬᠡᠷ᠎ᠦᠨ ᠠᠮᠤᠷ ᠲᠦᠪᠰᠢᠨ᠎ᠢ ᠰᠠᠬᠢᠨ ᠬᠠᠮᠠᠭᠠᠯᠠᠬᠤ 》 ᠲᠤᠰᠬᠠᠢ ᠮᠡᠳᠡᠯᠭᠡ᠎ᠶᠢᠨ ᠬᠢᠴᠢᠶᠡᠯ ᠤᠷᠤᠵᠠᠢ᠃ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠠᠵᠢᠯᠲᠠᠳ ᠡᠴᠡ ᠵᠠᠯᠠᠭᠤᠴᠤᠳ ᠪᠠᠭᠠᠴᠤᠳ᠎ᠲᠤ᠌ ᠤᠯᠤᠰ᠎ᠤᠨ ᠨᠤᠲᠤᠭ ᠳᠡᠪᠢᠰᠬᠡᠷ᠎ᠦᠨ ᠦᠨᠳᠤᠰᠤᠨ ᠮᠡᠳᠡᠯᠭᠡ᠎ᠶᠢ ᠲᠦᠭᠡᠮᠡᠯᠵᠢᠭᠦᠯᠵᠦ᠍᠂ ᠭᠠᠵᠠᠷ᠎ᠤᠨ ᠵᠢᠷᠤᠭ᠎ᠢ ᠵᠢᠷᠤᠮᠵᠢᠭᠤᠯᠤᠨ ᠬᠡᠷᠡᠭᠯᠡᠬᠦ᠌᠎ᠶᠢᠨ ᠠᠴᠢ ᠬᠣᠯᠪᠣᠭᠳᠠᠯ᠎ᠢ ᠲᠠᠶ᠋ᠢᠯᠪᠤᠷᠢᠯᠠᠵᠤ᠂ ᠰᠤᠷᠤᠭᠴᠢᠳ᠎ᠲᠤ᠌ 《ᠠᠰᠠᠭᠤᠳᠠᠯ ᠲᠠᠢ ᠭᠠᠵᠠᠷ᠎ᠤᠨ ᠵᠢᠷᠤᠭ》 ᠢ᠋ ᠢᠯᠭᠠᠨ ᠲᠠᠨᠢᠬᠤ ᠠᠷᠭ᠎ᠠ ᠵᠢ ᠵᠢᠭᠠᠵᠤ᠂ ᠪᠠᠭᠠᠴᠤᠳ᠎ᠤᠨ ᠰᠡᠳᠬᠢᠯ᠎ᠳᠦ ᠤᠯᠤᠰ᠎ᠵᠢᠡᠨ ᠬᠠᠢᠷᠠᠯᠠᠬᠤ ᠬᠠᠶ᠋ᠢᠷ᠎ᠠ ᠰᠡᠳᠬᠢᠯᠭᠡ᠎ᠶᠢ ᠵᠤᠵᠠᠭᠠᠳᠬᠠᠵᠤ᠂ ᠤᠯᠤᠰ᠎ᠤᠨ ᠨᠤᠲᠤᠭ ᠳᠡᠪᠢᠰᠬᠡᠷ᠎ᠦᠨ ᠲᠤᠬᠠᠶ ᠪᠠᠲᠤ᠌ ᠪᠠᠬᠢ ᠤᠬᠠᠮᠰᠠᠷ᠎ᠢ ᠪᠣᠶ ᠪᠣᠯᠭᠠᠵᠠᠢ᠃ ᠤᠯᠠᠭᠠᠨᠴᠠᠪ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠨᠡᠭᠦᠳᠡᠯ ᠲᠡᠷᠭᠡ ᠰᠤᠷᠭᠠᠭᠤᠯᠢ᠎ᠶᠢᠨ ᠬᠦᠷᠢᠶᠡᠨ᠎ᠳᠦ ᠣᠷᠣᠵᠤ᠂ ᠳᠡᠯᠭᠡᠨ ᠦᠵᠡᠭᠦᠯᠬᠦ᠌ ᠪᠣᠳᠠᠰ᠂ ᠣᠯᠠᠨ ᠵᠠᠭᠤᠴᠢᠯᠠᠭᠤᠷ᠎ᠤᠨ ᠵᠢᠭᠠᠨ ᠰᠤᠷᠭᠠᠯᠲᠠ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠹᠢᠯᠢᠮ᠎ᠢ ᠦᠵᠡᠭᠦᠯᠬᠦ᠎ᠳᠦ ᠲᠦᠰᠢᠭᠯᠡᠨ ᠪᠡᠶᠡᠴᠢᠯᠡᠨ ᠣᠶ᠋ᠢᠯᠠᠭᠠᠭᠤᠯᠬᠤ ᠵᠢᠭᠠᠨ ᠰᠤᠷᠭᠠᠯᠲᠠ᠎ᠶᠢ ᠥᠷᠨᠢᠭᠦᠯᠵᠦ᠍᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠠᠵᠢᠯ᠎ᠢ ᠠᠮᠢᠳᠤᠯᠢᠭ ᠪᠥᠭᠡᠳ ᠣᠶ᠋ᠢᠯᠠᠭᠠᠮᠵᠢᠲᠠᠢ ᠪᠣᠯᠭᠠᠵᠤ᠂ ᠦᠨᠳᠦᠰᠦᠲᠡᠨ᠎ᠦ ᠪᠦᠯᠬᠦᠮᠳᠡᠯ᠎ᠦᠨ ᠦᠷ᠎ᠡ᠎ᠶᠢ ᠵᠠᠯᠠᠭᠤᠴᠤᠳ ᠪᠠᠭᠠᠴᠤᠳ᠎ᠤᠨ ᠰᠡᠳᠬᠢᠯ᠎ᠳᠦ ᠰᠠᠴᠤᠪᠠ᠃
ᠷᠦ᠋ ᠢ ᠨᠡᠶ᠋ᠢᠭᠡᠮ ᠲᠣᠭᠣᠷᠢᠭ᠂ ᠵᠢᠶᠠ ᠮᠧᠢ ᠨᠡᠶ᠋ᠢᠭᠡᠮ ᠲᠣᠭᠣᠷᠢᠭ᠎ᠤᠨ ᠠᠵᠢᠯᠯᠠᠭ᠎ᠠ᠎ᠶᠢᠨ ᠠᠬᠤᠢ ᠲᠠᠯᠠᠪᠠᠢ᠎ᠳᠤ ᠬᠥᠮᠦᠨ ᠬᠠᠷ᠎ᠠ ᠬᠤᠷᠠᠨ ᠴᠤᠭᠯᠠᠷᠠᠵᠤ᠂ ᠬᠥᠬᠡᠡᠡᠣᠲᠠ᠎ᠶᠢᠨ ᠤᠯᠠᠨ ᠤᠯᠤᠰ᠎ᠤᠨ ᠵᠢᠭᠤᠯᠴᠢᠯᠠᠯ ᠡᠷᠡᠭᠦᠯ ᠬᠠᠮᠠᠭᠠᠯᠠᠯ ᠡᠷᠡᠭᠦᠯᠵᠢᠯ᠎ᠦᠨ ᠲᠥᠪ᠎ᠦᠨ ᠲᠤᠰᠬᠠᠢ ᠮᠡᠷᠭᠡᠵᠢᠯᠲᠡᠨ᠂ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ᠎ᠲᠤ᠌ ᠠᠯᠪᠠᠨ ᠵᠢᠷᠤᠮ᠎ᠤᠨ ᠡᠮᠴᠢᠯᠡᠭᠡᠨ᠎ᠦ ᠦᠢᠯᠡᠴᠢᠯᠡᠭᠡ ᠬᠠᠡᠭᠭᠠᠵᠤ᠂ ᠤᠯᠠᠨ ᠲᠦᠮᠡᠨ ᠤ᠋ ᠪᠡᠶ᠎ᠠ ᠵᠢᠨ ᠪᠠᠢᠳᠠᠯ ᠢ᠋ ᠬᠦᠯᠢᠴᠡᠩᠭᠦᠢ᠎ᠪᠡᠷ ᠪᠠᠶ᠋ᠢᠴᠠᠭᠠᠨ ᠠᠰᠠᠭᠤᠵᠤ᠂ ᠤᠳᠠᠭᠠᠨ ᠴᠢᠨᠠᠷᠲᠠᠢ ᠡᠪᠡᠳᠴᠢᠨ᠎ᠢ ᠰᠡᠷᠭᠡᠶ᠋ᠢᠯᠡᠬᠦ ᠮᠡᠳᠡᠯᠭᠡ᠎ᠶᠢ ᠲᠠᠶ᠋ᠢᠯᠪᠤᠷᠢᠯᠠᠨ ᠥᠭᠴᠦ᠍᠂ ᠨᠢᠭᠡᠳ ᠨᠢᠭᠡ᠎ᠪᠡᠷ ᠡᠷᠡᠭᠦᠯ ᠮᠡᠨᠳᠦ᠎ᠶᠢᠨ ᠵᠢᠯᠤᠭᠤᠳᠤᠯᠭ᠎ᠠ ᠬᠠᠩᠭᠠᠵᠤ᠂ ᠦᠨᠡᠨ ᠪᠣᠳᠠᠲᠠᠢ ᠡᠮ ᠡᠮᠨᠡᠯᠭᠡ᠎ᠶᠢᠨ ᠠᠷᠠᠳ᠎ᠲᠤ᠌ ᠲᠦᠬᠦᠮ ᠦᠵᠡᠭᠦᠯᠬᠦ᠌ ᠦᠢᠯᠡᠴᠢᠯᠡᠭᠡ᠎ᠶᠢ ᠤᠯᠠᠨ ᠲᠦᠮᠡᠨ᠎ᠦ ᠡᠭᠦᠳᠡᠨ᠎ᠳᠦ ᠬᠦᠷᠭᠡᠪᠡ᠃
ᠠᠵᠢᠯᠯᠠᠭ᠎ᠠ᠎ᠨᠢ ᠣᠯᠠᠨ ᠴᠡᠭ ᠬᠤᠪᠢᠶᠠᠨ ᠬᠣᠯᠪᠣᠭᠠᠯᠠᠨ ᠬᠥᠳᠡᠯᠦᠯᠴᠡᠬᠦ᠌᠂ ᠬᠦᠮᠦᠰ ᠢ᠋ ᠣᠯᠠᠨ ᠬᠠᠮ ᠴᠤᠭᠴᠠ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠌᠎ᠶᠢ ᠪᠠᠷᠢᠮᠲᠠᠯᠠᠵᠤ᠂ ᠪᠠᠶ᠋ᠢᠭᠤᠯᠭ᠎ᠠ᠎ᠶᠢᠨ ᠺᠠᠳ᠋ᠷᠴᠤᠳ᠂ᠰᠤᠷᠭᠠᠭᠤᠯᠢ᠎ᠳᠤ ᠪᠠᠶ᠋ᠢᠭ᠎ᠠ ᠵᠠᠯᠠᠭᠤᠴᠤᠳ ᠪᠠᠭᠠᠴᠤᠳ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠬᠠᠨᠳᠤᠭᠤᠯᠤᠨ᠂ ᠦᠷ᠎ᠡ ᠪᠦᠲᠦᠭᠡᠯ᠎ᠦᠨ ᠦᠵᠡᠰᠬᠦᠯᠡᠩ᠂ ᠲᠤᠰᠬᠠᠶ ᠰᠡᠳᠦᠪ᠎ᠢᠶᠡᠷ ᠬᠢᠴᠢᠶᠡᠯᠯᠡᠬᠦ᠌᠂ ᠰᠤᠷᠭᠠᠭᠤᠯᠢ᠎ᠶᠢᠨ ᠬᠦᠷᠢᠶᠡᠨ᠎ᠦ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌᠂ ᠤᠷᠠᠨ ᠰᠠᠶ᠋ᠢᠬᠠᠨ᠎ᠤ ᠦᠵᠡᠭᠦᠯᠭᠡ᠎ᠶᠢᠨ ᠲᠣᠭᠯᠠᠯᠲᠠ᠂ ᠠᠯᠪᠠᠨ ᠵᠢᠷᠤᠮ᠎ᠤᠨ ᠡᠮᠴᠢᠯᠡᠭᠡᠨ᠎ᠦ ᠤᠢᠯᠡᠴᠢᠯᠡᠭᠡ ᠵᠡᠷᠭᠡ ᠠᠵᠢᠯᠯᠠᠭ᠎ᠠ᠎ᠶᠢ ᠨᠢᠭᠡ ᠴᠤᠭᠴᠠᠵᠢᠭᠤᠯᠤᠨ ᠥᠷᠨᠢᠭᠦᠯᠵᠦ᠍᠂ ᠤᠯᠤᠰ᠎ᠤᠨ ᠨᠤᠲᠤᠭ ᠳᠡᠪᠢᠰᠬᠡᠷ᠎ᠦᠨ ᠦᠵᠡᠯ ᠤᠬᠠᠮᠰᠠᠷ᠎ᠤᠨ ᠤᠬᠠᠭᠤᠯᠭ᠎ᠠ ᠬᠥᠮᠦᠵᠢᠯ᠂ ᠭᠠᠵᠠᠷ ᠵᠦᠶ᠎ᠶᠢᠨ ᠮᠡᠳᠡᠭᠡ ᠵᠠᠩᠭᠢ᠎ᠶᠢ ᠬᠡᠮᠵᠢᠨ ᠵᠢᠷᠤᠬᠤ ᠬᠡᠷᠡᠭᠯᠡᠭᠡᠨ᠎ᠦ ᠮᠡᠳᠡᠯᠭᠡ᠂ ᠰᠡᠳᠬᠢᠯ᠎ᠢ ᠳᠤᠯᠠᠭᠠᠴᠡᠭᠤᠯᠬᠤ ᠠᠷᠠᠳ᠎ᠲᠤ᠌ ᠲᠥᠬᠥᠮ ᠦᠵᠡᠭᠦᠯᠬᠦ᠌ ᠤᠢᠯᠡᠴᠢᠯᠡᠭᠡ᠎ᠶᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠬᠦᠷᠭᠡᠵᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠨᠠᠶ᠋ᠢᠳᠠᠪᠤᠷᠢᠵᠢᠭᠤᠯᠤᠭᠰᠠᠨ ᠪᠠᠢᠨ᠎ᠠ᠃
ᠲᠣᠰ ᠤᠳᠠᠭᠠᠨ᠎ᠤ ᠠᠵᠢᠯᠯᠠᠭ᠎ᠠ᠎ᠶᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠠᠯᠢ᠎ᠶᠢᠨ ᠡᠬᠢ ᠪᠠᠶᠠᠯᠢᠭ᠎ᠤᠨ ᠲᠢᠩᠬᠢᠮ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠡᠴᠡ ᠭᠤᠤᠯᠯᠠᠨ ᠡᠷᠭᠢᠯᠡᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠶ᠎ᠶᠢᠨ ᠮᠡᠳᠡᠭᠡ ᠵᠠᠩᠭᠢ᠎ᠶᠢ ᠬᠡᠮᠵᠢᠨ ᠵᠢᠷᠤᠬᠤ ᠲᠥᠪ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠦᠨ ᠰᠤᠳᠤᠯᠭᠠᠨ ᠬᠡᠷᠡᠭᠯᠡᠭᠡᠨ᠎ᠦ ᠲᠥᠪ᠂ ᠵᠢᠨᠢᠩ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠡᠴᠡ ᠳᠠᠭᠠᠭᠠᠴᠢᠯᠠᠨ ᠡᠷᠭᠢᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃