ᠭᠣᠣᠯ ᠰᠡᠳᠦᠪᠲᠦ ᠮᠡᠳᠡᠭᠡᠯᠡᠯ > ᠮᠣᠩᠭᠣᠯ ᠮᠣᠷᠢᠨ᠎ᠤ᠋ ᠵᠣᠷᠢᠭ ᠰᠠᠨᠠᠭ᠎ᠠ᠎ᠶ᠋ᠢ ᠪᠠᠳᠠᠷᠠᠭᠤᠯᠤᠶ᠎ᠠ

2026-11-02 10:53:46

ᠵᠣᠬᠢᠶᠠᠭ᠍ᠴᠢ᠄ ᠪᠦᠦ ᠴᠢᠩ ᠱᠧᠩ ᠵᠢᠶᠠᠨ ᠬᠤᠧᠠ ᠣᠩᠱᠢᠭ᠍ᠰᠠᠨ ᠣᠳᠠᠭ᠎ᠠ᠄ 3

ᠺᠠᠢᠯᠤ ᠰᠢᠶᠠᠨ ᠬᠤᠳᠠ ᠬᠥᠳᠡᠭᠡ᠎ᠶᠢᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠣᠣᠷ᠎ᠢ ᠨᠢᠭ᠍ᠲᠠ  ᠰᠦᠯᠵᠢᠪᠡ


ᠥᠲᠡᠯᠪᠡᠯ ᠠᠰᠠᠷᠠᠮᠵᠢ᠎ᠲᠠᠢ ᠪᠠᠢᠬᠤ ᠪᠣᠯ ᠨᠡᠢᠭᠡᠮ᠎ᠦᠨ ᠡᠶ᠎ᠡ ᠵᠣᠬᠢᠴᠠᠯ᠎ᠤᠨ ᠰᠠᠭᠤᠷᠢ ᠮᠥᠨ᠃ ᠣᠢᠷ᠎ᠠ᠎ᠶᠢᠨ ᠵᠢᠯ᠎ᠳᠦ᠂ ᠲᠦᠩᠯᠢᠶᠣᠣ ᠬᠣᠲᠠ᠎ᠶᠢᠨ ᠺᠠᠢᠯᠤ ᠰᠢᠶᠠᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠪᠠᠢᠷᠢᠰᠢᠭᠤᠯᠤᠯᠲᠠ᠎ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠦᠢᠯᠡᠴᠢᠯᠡᠭᠡᠨ᠎ᠦ ᠬᠠᠩᠭᠠᠯᠭ᠎ᠠ᠎ᠶᠢᠨ ᠵᠠᠭᠪᠤᠷ᠎ᠤᠨ ᠰᠢᠨ᠎ᠡ᠎ᠶᠢ ᠡᠭᠦᠳᠥᠨ᠂ ᠪᠥᠬᠥ ᠴᠠᠷᠠᠭ᠎ᠠ ᠵᠢ ᠬᠠᠮᠤᠷᠤᠭᠰᠠᠨ᠂ ᠨᠡᠢᠳᠡᠮ ᠠᠰᠢᠭ᠋ ᠬᠦᠷᠲᠡᠭᠡᠬᠦ ᠳᠥᠭᠥᠮ ᠳᠥᠲᠡ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠰᠢᠨ᠎ᠡ ᠪᠠᠢᠷᠢᠰᠢᠯ᠎ᠢ ᠬᠦᠴᠦᠯᠡᠨ ᠪᠠᠢᠭᠤᠯᠵᠤ᠂ ᠨᠠᠰᠤᠲᠠᠢᠴᠤᠳ᠎ᠤᠨ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ  ᠦᠷᠭᠦᠯᠵᠢᠯᠡᠨ  ᠳᠡᠭᠡᠭᠰᠢᠯᠡᠭᠦᠯᠵᠤ  ᠪᠠᠢᠨ᠎ᠠ᠃

10 ᠰᠠᠷ᠎ᠠ᠎ᠶᠢᠨ 14᠎ᠪ ᠡᠳᠦᠷ᠂ ᠺᠠᠢᠯᠤ ᠰᠢᠶᠠᠨ᠎ᠤ ᠶᠡᠬᠡᠲᠠᠯ᠎ᠠ ᠪᠠᠯᠭᠠᠰᠤᠨ᠎ᠤ ᠵᠢᠤᠢ ᠰᠢᠩ ᠲᠣᠰᠬᠣᠨ᠎ᠤ ᠠᠪᠤ ᠡᠵᠢ᠎ᠶᠢᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠦᠷᠳᠡᠭᠡ᠎ᠳᠦ ᠬᠦᠷᠬᠦ᠎ᠳᠦ᠂  ᠬᠠᠯᠠᠭᠤᠨ ᠳᠤᠯᠠᠭᠠᠨ ᠡᠶ᠎ᠡ ᠵᠣᠬᠢᠴᠠᠩᠭᠤᠢ ᠠᠭᠤᠷ ᠠᠮᠢᠰᠬᠤᠯ᠎ᠢᠶᠠᠷ ᠪᠢᠯᠬᠠᠵᠤ᠂ ᠴᠡᠪᠡᠷ ᠲᠡᠭᠰᠢ ᠲᠠᠭᠠᠯᠠᠮᠵᠢᠲᠠᠢ ᠤᠷᠴᠢᠨ ᠲᠤᠭᠤᠷᠢᠨ ᠳ᠋ᠤ ᠨᠠᠰᠤᠲᠠᠢᠴᠤᠳ ᠬᠠᠮᠲᠤ ᠰᠠᠭᠤᠵᠤ ᠬᠥᠵᠥᠷ ᠨᠠᠭᠠᠳᠥᠨ᠂ ᠵᠤᠭᠤᠬ ᠳᠡᠯᠭᠡᠵᠤ  ᠵᠢᠮᠢᠰ ᠠᠮᠳᠠᠯᠠᠨ᠂ ᠪᠠᠶᠠᠷ ᠬᠦᠷ᠎ᠢᠶᠡᠷ ᠪᠢᠯᠬᠠᠵᠦ  ᠪᠠᠢᠯ᠎ᠠ᠃

《ᠶᠠᠷᠥᠳᠡᠭᠡᠨ ᠥᠷᠲᠡᠭᠡᠨ᠎ᠳᠦ ᠨᠠᠭᠠᠳᠬᠤ ᠪᠡᠷ ᠢᠷᠡᠵᠦ᠂ ᠡᠢᠨ᠎ᠬᠦ ᠡᠳᠦᠷ ᠪᠣᠯᠭᠠᠨ᠎ᠢ ᠪᠠᠶᠠᠷ ᠬᠥᠷ᠎ᠲᠠᠢ ᠥᠩᠭᠡᠷᠡᠭᠡᠵᠤ ᠪᠠᠢᠨ᠎ᠠ᠂ ᠦᠢᠯᠡᠴᠢᠯᠡᠭᠡᠨ᠎ᠦ ᠥᠷᠲᠡᠭᠡᠨ᠎ᠦ ᠬᠡᠦᠬᠡᠳ᠎ᠦᠳ ᠪᠢᠳᠡᠨ᠎ᠳᠦ ᠮᠠᠰᠢ ᠬᠠᠯᠠᠭᠤᠮᠰᠤᠭ ᠬᠠᠨᠳᠤᠳᠠᠭ᠂ ᠠᠮᠢᠳᠤᠷᠠᠯ᠎ᠢᠶᠠᠨ ᠥᠪᠡᠷ᠎ᠢᠶᠡᠨ ᠠᠷᠭᠠᠴᠠᠭᠠᠵᠤ ᠴᠢᠳᠠᠬᠤ ᠦᠭᠡᠢ ᠬᠥᠮᠥᠰ᠎ᠲᠦ ᠲᠡᠳᠡ ᠪᠠᠰᠠ ᠭᠡᠷ ᠲᠤᠨᠢ ᠬᠥᠷᠴᠥ ᠬᠤᠪᠴᠠᠰᠤ ᠵᠢ ᠨᠢ ᠤᠬᠢᠶᠠᠨ᠂ ᠬᠣᠭᠣᠯᠠ ᠵᠢ ᠨᠢ ᠬᠢᠵᠦ ᠥᠭᠳᠡᠭ》 ᠭᠡᠵᠤ ᠭᠣᠣ ᠵᠧᠨ ᠶᠦᠨ ᠨᠠᠰᠥᠳᠠᠨ ᠬᠥᠵᠥᠷ ᠨᠠᠭᠠᠳᠬᠤ ᠵᠢᠨ ᠳᠠᠭᠠᠤ ᠬᠡᠯᠡᠪᠡ᠃

ᠲᠣᠰᠬᠣᠨ᠎ᠳᠤ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠦᠷᠳᠡᠭᠡ᠎ᠲᠠᠢ ᠪᠣᠯᠤᠭᠰᠠᠨ᠎ᠠᠴᠠ ᠨᠠᠰᠤᠲᠠᠢᠴᠤᠳ ᠰᠤᠯᠠ ᠰᠡᠯᠡᠭᠦᠦ ᠴᠠᠭ᠎ᠢᠶᠠᠷ᠎ᠢᠶᠠᠨ ᠵᠤᠭ᠎ᠠ ᠴᠡᠩᠭᠡᠬᠦᠨ᠎ᠤ ᠰᠠᠢᠬᠠᠨ ᠭᠠᠵᠠᠷ᠎ᠲᠠᠢ ᠪᠣᠯᠤᠭᠰᠠᠨ᠎ᠢᠶᠠᠷ ᠪᠠᠷᠠᠬᠤ ᠦᠭᠡᠢ᠂ ᠪᠠᠰᠠ ᠬᠣᠭᠣᠯᠠ ᠤᠮᠳᠠ ᠵᠢ ᠨᠢ ᠥᠢᠷᠠᠳᠤᠭᠤᠯᠵᠤ ᠬᠤᠪᠴᠠᠰᠥ  ᠬᠤᠨᠠᠷ᠎ᠢ  ᠨᠢ  ᠤᠬᠢᠶᠠᠵᠤ ᠥᠭᠬᠥ ᠡᠴᠡ ᠠᠪᠤᠭᠠᠳ ᠰᠡᠳᠬᠢᠴᠡ᠎ᠶᠢᠨ ᠵᠢᠯᠣᠭᠣᠳᠤᠮᠵᠢ ᠬᠢᠬᠥ᠂ ᠡᠳ᠋ ᠪᠠᠷᠠᠭ᠎ᠠ ᠣᠷᠣᠯᠠᠨ ᠬᠤᠳᠠᠯᠳᠤᠨ ᠠᠪᠴᠥ ᠥᠭᠬᠥ ᠵᠡᠷᠭᠡ ᠲᠦᠭᠡᠮᠡᠯ ᠬᠠᠷᠠᠭᠠᠯᠵᠠᠯ᠎ᠤᠨ ᠦᠢᠯᠡᠴᠢᠯᠡᠭᠡ᠎ᠶᠢ  ᠬᠦᠷᠲᠡᠵᠦ᠂ ᠨᠠᠰᠤᠲᠠᠢᠴᠤᠳ᠎ᠢ ᠡᠭᠦᠳᠡᠨ ᠡᠮᠥᠨ᠎ᠡ ᠪᠠᠨ ᠦᠢᠯᠡᠴᠢᠯᠡᠭᠡ ᠬᠥᠷᠳᠡᠬᠥ ᠵᠢ ᠪᠡᠶᠡᠯᠡᠭᠥᠯᠬᠥ  ᠪᠤᠯᠭᠠᠬᠰᠠᠨ ᠪᠠᠢᠨ᠎ᠠ᠃

《ᠪᠢᠳᠡ ᠠᠴᠢᠯᠠᠵᠤ ᠬᠥᠨᠳᠥᠯᠡᠬᠥ ᠰᠡᠳᠬᠢᠯ᠎ᠢ ᠡᠪᠥᠷᠯᠡᠨ᠂ ᠨᠠᠰᠤᠲᠠᠨ ᠨᠢᠭᠡᠪᠥᠷᠢ ᠳ᠋ᠤ ᠭᠡᠷ ᠡᠴᠡ ᠪᠠᠨ ᠰᠠᠯᠬᠤ ᠥᠭᠡᠢ ᠳᠣᠲᠣᠨᠣ᠌ ᠦᠢᠯᠡᠴᠢᠯᠡᠭᠡ ᠬᠦᠷᠲᠡᠭᠡᠵᠦ᠂ ᠥᠲᠡᠯᠦᠭᠡ ᠨᠠᠰᠤᠨ᠎ᠤ ᠠᠮᠢᠳᠤᠷᠠᠯ ᠎ᠢ ᠰᠠᠨᠠᠭ᠎ᠠ ᠠᠮᠤᠷ ᠡᠳ᠋ᠯᠡᠵᠦ ᠴᠢᠳᠠᠬᠤ ᠪᠣᠯᠭᠠᠬᠤ ᠪᠡᠷ ᠴᠢᠷᠮᠠᠢᠵᠤ ᠪᠤᠢ》 ᠭᠡᠵᠤ ᠶᠡᠬᠡᠲᠠᠯ᠎ᠠ ᠪᠠᠯᠭᠠᠰᠤᠨ᠎ᠤ ᠵᠢᠤᠢ ᠰᠢᠩ ᠲᠣᠰᠬᠣᠨ᠎ᠤ 《ᠠᠪᠤ ᠡᠵᠢ᠎ᠶᠢᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠥᠷᠲᠡᠭᠡ》 ᠵᠢᠨ ᠬᠠᠷᠢᠭᠤᠴᠠᠯᠭᠠᠲᠠᠨ ᠳ᠋ᠧᠩ ᠭᠦᠸᠧ ᠬᠤᠢ ᠴᠢᠩ ᠰᠡᠳᠬᠢᠯ᠎ᠡᠴᠡ᠎ᠪᠡᠨ ᠲᠤᠳᠤᠯᠤᠩᠬᠠᠨ ᠬᠡᠯᠡᠵᠤ ᠪᠠᠢᠯ᠎ᠠ᠃

ᠲᠣᠰᠬᠣᠨ᠎ᠤ ᠳᠡᠰ᠎ᠤᠨ ᠲᠦᠭᠡᠮᠡᠯ ᠬᠠᠷᠠᠭᠠᠯᠵᠠᠯᠲᠤ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡ᠎ᠶᠢ ᠰᠢᠯᠢᠳᠡᠭᠵᠢᠭᠦᠯᠬᠦ᠎ᠶᠢᠨ ᠬᠠᠮᠲᠤ᠂ ᠺᠠᠢᠯᠤ ᠰᠢᠶᠠᠨ᠎ᠤ ᠬᠢᠨ ᠪᠠᠢᠭᠤᠯᠤᠮᠵᠢ᠎ᠶᠢᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ  ᠶᠠᠰᠤ  ᠴᠢᠨᠠᠷ᠎ᠢ᠎ᠴᠦ ᠦᠷᠭᠦᠯᠵᠢᠯᠡᠨ ᠵᠢᠷᠤᠮᠵᠢᠭᠤᠯᠤᠨ ᠳᠡᠭᠡᠭᠰᠢᠯᠡᠭᠦᠯᠵᠦ᠂ ᠨᠠᠰᠤᠵᠢᠯ᠎ᠤᠨ ᠠᠰᠠᠷᠠᠮᠵᠢ᠎ᠶᠢᠨ ᠦᠨᠳᠦᠰᠦᠨ ᠵᠦᠢᠯ᠎ᠢ ᠪᠠᠲᠤᠯᠠᠬᠤ ᠴᠢᠳᠠᠪᠤᠷᠢ᠎ᠶᠢ ᠲᠠᠰᠤᠷᠠᠯᠲᠠ ᠦᠭᠡᠢ ᠪᠠᠲᠤᠳᠬᠠᠨ᠂ ᠠᠵᠢᠯᠯᠠᠬᠤ ᠴᠢᠳᠠᠪᠤᠷᠢ᠎ᠪᠠᠨ ᠠᠯᠳᠠᠭᠰᠠᠨ᠂ ᠭᠠᠭᠴᠠᠭᠠᠷ ᠭᠡᠷ ᠲᠡᠭᠡᠨ ᠰᠠᠭᠤᠵᠤ ᠪᠠᠢᠭ᠎ᠠ᠂ ᠥᠨᠳᠥᠷ ᠨᠠᠰᠤᠲᠠᠳ᠎ᠲᠦ ᠲᠤᠰᠬᠠᠢᠵᠢᠭ᠍ᠰᠠᠨ᠂ ᠵᠢᠷᠤᠮᠵᠢᠭ᠍ᠰᠠᠨ᠂ ᠠᠮᠤᠷ ᠲᠦᠪᠰᠢᠨ ᠲᠥᠪᠯᠡᠷᠡᠭᠦᠯᠦᠨ ᠬᠠᠷᠠᠭᠠᠯᠵᠠᠨ ᠠᠰᠠᠷᠠᠬᠤ  ᠦᠢᠯᠡᠴᠢᠯᠡᠭᠡ  ᠬᠠᠩᠭᠠᠵᠤ ᠪᠠᠢᠨ᠎ᠠ᠃

ᠺᠠᠢᠯᠤ ᠰᠢᠶᠠᠨ᠎ᠤ ᠴᠠᠩ ᠴᠢᠩ ᠱᠸ᠋ ᠨᠠᠰᠤᠵᠢᠯ᠎ᠤᠨ ᠠᠰᠠᠷᠠᠮᠵᠢ᠎ᠶᠢᠨ ᠲᠥᠪ᠎ᠲᠦ ᠬᠦᠷᠬᠦ᠎ᠳᠦ᠂ ᠬᠣᠭᠣᠯᠠᠨ᠎ᠤ ᠠᠩᠬᠢᠯᠤᠮ᠎ᠠ ᠦᠨᠦᠷ ᠬᠠᠩᠬᠤᠯᠵᠤ ᠪᠠᠢᠯ᠎ᠠ᠃ ᠨᠠᠰᠤᠲᠠᠢᠴᠤᠳ ᠬᠠᠮᠲᠤ᠎ᠪᠠᠷ ᠬᠣᠭᠣᠯᠠ ᠢᠳᠡᠬᠥ ᠪᠤᠶᠤ ᠵᠠᠷᠢᠮᠠᠳ ᠨᠢ ᠠᠵᠢᠯᠲᠠᠨ᠎ᠤ ᠬᠠᠪᠰᠤᠷᠤᠯᠭ᠎ᠠ ᠳᠣᠣᠷ᠎ᠠ ᠠᠮᠳᠠᠳᠠᠢᠬᠠᠨ ᠬᠤᠭᠤᠯᠠ ᠢᠳᠡᠵᠡᠭᠡᠨ᠎ᠡ᠃ ᠲᠤᠰ ᠲᠥᠪ᠎ᠡᠴᠡ ᠨᠠᠰᠤᠲᠠᠢᠴᠤᠳ᠎ᠤᠨ ᠠᠮᠢᠳᠤᠷᠠᠯ ᠵᠢᠨᠨ  ᠠᠷᠭᠠᠴᠠᠵᠤ  ᠳᠡᠢᠯᠬᠥ᠂ ᠠᠷᠭᠠᠴᠠᠭᠠᠵᠤ ᠳᠡᠢᠯᠬᠥ ᠦᠬᠡᠢ  ᠪᠤᠶᠤ ᠠᠮᠢᠳᠤᠷᠠᠯ᠎ᠤᠨ ᠴᠢᠳᠠᠪᠤᠷᠢ᠎ᠪᠠᠨ ᠠᠯᠳᠠᠭᠰᠠᠨ ᠠᠳᠠᠯᠢ ᠪᠤᠰᠤ ᠪᠠᠢᠳᠠᠯ᠎ᠳᠤ ᠴᠢᠭᠯᠡᠭᠦᠯᠦᠨ ᠵᠦᠷᠢᠶᠡᠴᠢᠯᠡᠭᠰᠡᠨ ᠬᠠᠷᠠᠭᠠᠯᠵᠠᠨ ᠠᠰᠠᠷᠠᠬᠤ ᠦᠢᠯᠡᠴᠢᠯᠡᠭᠡ ᠬᠠᠩᠭᠠᠵᠤ ᠪᠠᠢᠪᠠ᠃ ᠨᠠᠰᠤᠲᠠᠢᠴᠤᠳ᠎ᠢ ᠳᠠᠭᠠᠯᠠᠮᠵᠢᠳᠠᠢ ᠰᠠᠭᠤᠯᠭᠠᠬᠤ᠎ᠶᠢᠨ ᠲᠥᠯᠥᠭᠡ᠂ ᠲᠤᠰ ᠲᠥᠪ᠎ᠦᠨ ᠪᠣᠶ ᠪᠦᠬᠦᠢ ᠥᠷᠥᠭᠡ᠎ᠳᠦ ᠴᠥᠮ ᠳᠠᠭᠤᠳᠠᠯᠲᠠ᠎ᠶᠢᠨ ᠰᠢᠰᠲᠧᠮ᠂ ᠬᠠᠯᠲᠤᠷᠢᠬᠤ᠎ᠠᠴᠠ ᠰᠡᠷᠭᠡᠢᠯᠡᠬᠦ ᠲᠦᠰᠢᠭᠦᠷ᠂ ᠣᠷᠣ᠌᠎ᠶᠢᠨ  ᠲᠡᠷᠭᠡᠳᠡ ᠶᠠᠭᠤᠮ᠎ᠠ ᠲᠠᠯᠪᠢᠬᠤ ᠰᠢᠷᠡᠭᠡ᠂ ᠤᠬᠢᠶᠠᠯᠭ᠎ᠠ ᠵᠢᠨ ᠲᠠᠰᠤᠭ ᠵᠡᠷᠭᠡ  ᠨᠠᠰᠥᠳᠠᠢᠴᠤᠳ᠎ᠲᠦ ᠲᠣᠬᠢᠷᠠᠬᠤ ᠲᠥᠬᠦᠭᠡᠷᠦᠮᠵᠢ᠎ᠶᠢ ᠲᠣᠬᠢᠷᠠᠭᠤᠯᠤᠭᠰᠠᠨ ᠪᠥᠭᠡᠳ ᠪᠥᠬᠥ ᠬᠡᠪᠴᠢᠶᠠᠨ ᠳ᠋ᠤ ᠭᠠᠯ ᠰᠡᠷᠭᠡᠢᠯᠡᠵᠤ ᠭᠠᠯ ᠤᠨᠲᠠᠷᠠᠭᠠᠬᠤ ᠪᠠᠷᠢᠮᠵᠢᠶᠠᠵᠢᠭ᠍ᠰᠠᠨ ᠬᠠᠲᠠᠭᠤ ᠬᠡᠷᠡᠭᠰᠡᠯ᠎ᠦᠨ ᠲᠥᠬᠦᠭᠡᠷᠦᠮᠵᠢ᠎ᠶᠢ  ᠢᠵᠢ  ᠪᠦᠷᠢᠳᠦᠭᠦᠯᠥᠨ ᠲᠠᠯᠪᠢᠬᠰᠠᠨ ᠪᠠᠢᠨ᠎ᠠ᠃

《ᠤᠲᠤᠭᠠᠨ᠎ᠤ ᠰᠡᠷᠡᠯ᠎ᠦᠨ ᠬᠠᠢᠭᠤᠷ᠂ ᠳᠤᠯᠠᠭᠠᠨ᠎ᠤ ᠬᠡᠮᠵᠢᠶ᠎ᠡ ᠵᠢ ᠰᠢᠯᠭᠠᠬᠤ ᠮᠠᠰᠢᠨ᠂ ᠭᠠᠯ ᠤᠨᠲᠠᠷᠠᠭᠠᠬᠤ ᠠᠦ᠋ᠲ᠋ᠣ᠋ ᠰᠢᠰᠲᠧᠮ᠎ᠢ ᠴᠥᠮ ᠪᠦᠬᠦ ᠴᠠᠷᠠᠭᠠᠨ᠎ᠳᠤ ᠲᠠᠭᠠᠷᠠᠭᠤᠯᠤᠭᠰᠠᠨ ᠪᠥᠭᠡᠳ ᠭᠠᠯ ᠰᠡᠷᠭᠡᠢᠯᠡᠵᠤ ᠭᠠᠯ ᠤᠨᠲᠠᠷᠠᠭᠠᠬᠤ ᠵᠢᠷᠤᠮᠵᠢᠯ᠎ᠤᠨ ᠪᠠᠷᠢᠮᠵᠢᠶᠠᠵᠢᠭᠤᠯᠤᠯᠲᠠ᠎ᠶᠢ ᠴᠢᠩᠭ᠎ᠠ ᠵᠢᠷᠤᠮᠯᠠᠨ ᠭᠠᠯ ᠰᠡᠷᠭᠡᠢᠯᠡᠵᠤ ᠭᠠᠯ ᠤᠨᠲᠠᠷᠠᠭᠠᠬᠤ ᠡᠵᠡᠮᠳᠡᠯ᠎ᠦᠨ ᠲᠠᠰᠤᠭ᠎ᠢ ᠪᠠᠢᠭᠤᠯᠵᠤ᠂ ᠭᠠᠯ ᠲᠦᠢᠮᠡᠷ᠎ᠦᠨ ᠲᠦᠭᠰᠢᠭᠦᠷᠢ ᠵᠢ ᠮᠡᠳᠡᠭᠡᠯᠡᠬᠦ ᠣᠶᠤᠨᠲᠤ ᠮᠠᠰᠢᠨ᠂ ᠭᠠᠯ ᠤᠨᠲᠠᠷᠠᠭᠠᠬᠤ ᠬᠣᠯᠪᠤᠭᠠᠯᠠᠨ ᠬᠥᠳᠡᠯᠦᠯᠴᠡᠬᠦ ᠡᠵᠡᠮᠳᠡᠯ᠎ᠦᠨ ᠰᠢᠰᠲᠧᠮ ᠪᠣᠯᠣᠨ ᠪᠠᠴᠢᠮ ᠪᠠᠢᠳᠠᠯ᠎ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ᠎ᠶᠢᠨ ᠰᠢᠰᠲᠧᠮ᠂ ᠭᠠᠯ ᠤᠨᠲᠠᠷᠠᠭᠠᠬᠤ ᠳ᠋ᠢᠶᠠᠩᠬᠤᠧᠠ᠎ᠶᠢᠨ ᠰᠢᠰᠲᠧᠮ᠎ᠢ ᠪᠦᠷᠢᠨ ᠲᠥᠬᠥᠷᠵᠢᠭᠦᠯᠵᠠᠢ》 ᠭᠡᠵᠤ ᠺᠠᠢᠯᠤ ᠰᠢᠶᠠᠨ᠎ᠤ ᠴᠠᠩ ᠴᠢᠩ ᠱᠸ᠋ ᠨᠠᠰᠤᠵᠢᠯ᠎ᠤᠨ ᠠᠰᠠᠷᠠᠮᠵᠢ᠎ᠶᠢᠨ ᠲᠥᠪ᠎ᠦᠨ ᠬᠠᠷᠢᠭᠤᠴᠠᠯᠭᠠᠲᠠᠨ ᠳ᠋ᠦᠩ ᠢᠦᠢ ᠷᠦᠩ ᠲᠠᠨᠢᠯᠴᠠᠭᠤᠯᠤᠨ᠎ᠠ᠃ ᠲᠤᠰ ᠲᠥᠪ᠎ᠦᠨ ᠬᠢᠨ 24 ᠴᠠᠭ ᠲᠠᠰᠤᠷᠠᠯᠲᠠ ᠦᠭᠡᠢ ᠣᠶᠤᠨᠴᠢ ᠬᠢᠨᠠᠨ ᠡᠵᠡᠮᠳᠡᠬᠦ ᠪᠠ ᠬᠣᠶᠠᠷ ᠬᠥᠮᠥᠨ ᠦᠨᠡᠮᠯᠡᠯ᠎ᠲᠠᠢ᠎ᠪᠡᠷ ᠵᠢᠵᠢᠭᠦᠷᠯᠡᠬᠦ᠎ᠶᠢ ᠪᠡᠶᠡᠯᠡᠭᠦᠯᠵᠦ᠂ ᠨᠠᠰᠤᠲᠠᠢᠴᠤᠳ᠎ᠤᠨ ᠠᠮᠤᠷ ᠲᠦᠪᠰᠢᠨ ᠰᠠᠭᠤᠬᠤ᠎ᠶᠢ ᠦᠨᠡᠨ ᠬᠦ᠌ ᠪᠠᠲᠤᠯᠠᠵᠤ ᠪᠠᠢᠯ᠎ᠠ᠃

ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡ ᠨᠢ ᠨᠠᠰᠤᠳᠠᠢᠴᠤᠳ᠎ᠲᠦ ᠬᠠᠯᠠᠭᠤᠨ ᠳᠤᠯᠠᠭᠠᠨ ᠬᠠᠷᠠᠭᠠᠯᠵᠠᠯ ᠥᠵᠡᠭᠥᠯᠵᠤ ᠪᠠᠢᠬᠤ ᠪᠡᠷ ᠪᠠᠷᠠᠬᠤ ᠥᠭᠡᠢ᠂ ᠨᠡᠩ ᠴᠤ᠌ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ  ᠪᠠᠢᠭ᠎ᠠ ᠠᠰᠠᠭᠤᠳᠠᠯ᠎ᠢ ᠰᠢᠢᠳᠪᠦᠷᠢᠯᠡᠵᠤ ᠥᠭᠴᠥ ᠪᠠᠢᠪᠠ᠃ ᠨᠠᠰᠤᠲᠠᠢᠴᠤᠳ᠎ᠲᠤ ᠨᠡᠢᠳᠡᠮ ᠣᠷᠣᠰᠢᠵᠤ ᠪᠠᠢᠭ᠎ᠠ 《ᠬᠣᠭᠣᠯᠠ ᠬᠢᠬᠦ᠎ᠳᠦ ᠬᠦᠴᠢᠷ᠂ ᠬᠣᠭᠣᠯᠠ ᠢᠳᠡᠬᠦ᠎ᠳᠦ ᠳᠥᠭᠥᠮ ᠦᠭᠡᠢ》 ᠵᠡᠷᠭᠡ ᠠᠰᠠᠭᠤᠳᠠᠯ᠎ᠳᠤ ᠴᠢᠭᠯᠡᠭᠦᠯᠦᠨ᠂ ᠺᠠᠢᠯᠤ ᠰᠢᠶᠠᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠬᠦᠷᠢᠶ᠎ᠡ ᠬᠡᠪᠴᠢᠶ᠎ᠡ᠎ᠪᠡᠨ ᠦᠷᠭᠦᠯᠵᠢᠯᠡᠨ ᠥᠷᠭᠡᠳᠬᠡᠵᠦ᠂ ᠭᠡᠷ᠎ᠲᠡᠬᠡᠨ ᠰᠠᠭᠤᠵᠤ ᠪᠠᠢᠭ᠎ᠠ ᠨᠡᠢᠭᠡᠮ ᠲᠣᠭᠣᠷᠢᠭ᠋᠎ᠤᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠦᠷᠳᠡᠬᠡ ᠴᠡᠭ᠎ᠢ ᠢᠳᠡᠪᠬᠢᠲᠡᠢ ᠪᠠᠢᠭᠤᠯᠥᠨ᠂ ᠠᠷᠠᠳ᠎ᠲᠤ ᠠᠰᠢᠭ᠋ ᠬᠦᠷᠲᠡᠭᠡᠬᠦ ᠬᠣᠭᠣᠯᠠᠨ ᠭᠡᠷ ᠡᠴᠡ ᠬᠤᠭᠤᠯᠠ ᠤᠮᠳᠠ ᠬᠠᠩᠭᠠᠬᠤ᠂ ᠡᠳᠦᠷ ᠰᠥᠨᠢ ᠥᠭᠡᠢ ᠬᠠᠷᠠᠭᠠᠯᠵᠠᠬᠤ᠂ ᠰᠡᠯᠡᠭᠦᠴᠡᠯ ᠵᠤᠭ᠎ᠠ ᠴᠡᠩᠭᠡᠭᠦᠨ᠎ᠤ ᠭᠠᠵᠠᠷ ᠬᠠᠩᠭᠠᠬᠤ ᠵᠡᠷᠭᠡ ᠤᠯᠠᠨ ᠶᠠᠩᠵᠤ᠎ᠶᠢᠨ ᠦᠢᠯᠡᠴᠢᠯᠡᠭᠡ᠎ᠶᠢ ᠢᠵᠢ ᠪᠦᠷᠢᠳᠦᠭᠦᠯᠵᠦ᠂ ᠬᠠᠷᠢᠶ᠎ᠠ ᠣᠷᠣᠨ᠎ᠤ ᠣᠨᠴᠠ ᠬᠦᠴᠢᠷᠳᠡᠯᠲᠡᠢ᠂ ᠨᠠᠭᠠᠲᠤ ᠵᠠᠬ᠎ᠠ᠎ᠶᠢᠨ ᠠᠮᠢᠳᠤᠷᠠᠯ᠎ᠤᠨ ᠪᠠᠲᠤᠯᠠᠭ᠎ᠠ ᠬᠥᠷᠳᠡᠵᠤ ᠪᠠᠢᠭ᠎ᠠ᠂ ᠭᠡᠷ᠎ᠲᠡᠬᠡᠨ ᠬᠣᠴᠣᠷᠤᠭᠰᠠᠨ᠂ ᠠᠮᠢᠳᠤᠷᠠᠯ᠎ᠤᠨ ᠴᠢᠳᠠᠪᠤᠷᠢ᠎ᠪᠠᠨ ᠠᠯᠳᠠᠭᠰᠠᠨ ᠵᠡᠷᠭᠡ ᠣᠨᠴᠠᠭᠠᠢ ᠨᠠᠰᠤᠲᠠᠢᠴᠤᠳ ᠪᠣᠯᠣᠨ ᠡᠷᠬᠢᠨ ᠲᠣᠭᠣᠷᠢᠨ᠎ᠤ ᠰᠠᠭᠤᠭᠠᠯᠢ ᠠᠷᠠᠳ᠎ᠲᠤ ᠨᠡᠢᠳᠡᠮ ᠬᠠᠷᠠᠭᠠᠯᠵᠠᠯ᠎ᠤᠨ ᠴᠢᠨᠠᠷᠲᠠᠢ ᠬᠣᠭᠣᠯᠠ ᠤᠮᠳᠠ᠎ᠶᠢᠨ ᠦᠢᠯᠡᠴᠢᠯᠡᠭᠡ ᠬᠠᠩᠭᠠᠨ᠂ ᠨᠡᠢᠭᠡᠮ ᠲᠣᠭᠣᠷᠢᠭ᠋᠎ᠤᠨ ᠭᠡᠷ ᠳᠡᠭᠡᠨ ᠰᠠᠭᠤᠵᠤ ᠪᠠᠢᠭ᠎ᠠ ᠨᠠᠰᠤᠳᠠᠢᠴᠤᠳ᠎ᠲᠦ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ 《ᠡᠴᠦᠰ᠎ᠦᠨ ᠨᠢᠭᠡ ᠮᠧᠲᠷ》 ᠢ᠋ ᠨᠡᠪᠲᠡᠷᠡᠭᠦᠯᠥᠭᠰᠡᠨ ᠪᠠᠢᠨ᠎ᠠ᠃

ᠬᠤᠲᠠ ᠬᠤᠷᠢᠶᠠᠯᠠᠯ᠎ᠤᠨ ᠰᠠᠭᠤᠭᠠᠯᠢ  ᠠᠷᠠᠳ ᠯᠦ᠍ ᠬᠠᠢ ᠴᠢᠩ ᠬᠢᠭᠡᠳ ᠬᠥᠭᠰᠢᠨ ᠲᠠᠢ ᠪᠠᠨ ᠴᠥᠮ ᠳᠠᠯᠠ ᠭᠠᠷᠤᠭᠰᠠᠨ ᠨᠠᠰᠤᠲᠠᠨ ᠪᠤᠯᠬᠤ ᠶᠤᠮ᠂ ᠬᠤᠷᠢᠶᠠᠯᠠᠯ᠎ᠤᠨ ᠬᠦᠷᠢᠶᠡᠨ᠎ᠳᠡᠬᠢ ᠦᠢᠯᠡᠴᠢᠯᠡᠭᠡᠨ᠎ᠦ ᠥᠷᠲᠡᠭᠡ ᠨᠢ ᠲᠡᠳᠡᠨ᠎ᠢ ᠬᠤᠷᠢᠶᠠᠯᠠᠯ᠎ᠡᠴᠠ᠎ᠪᠠᠨ ᠭᠠᠷᠬᠤ ᠦᠭᠡᠢ ᠪᠡᠷ ᠪᠡᠶ᠎ᠡ ᠪᠠᠨ ᠪᠣᠯᠪᠠᠰᠤᠷᠠᠭᠤᠯᠵᠤ᠂ ᠠᠮᠳᠠ ᠰᠢᠮ᠎ᠡ ᠲᠠᠢ ᠮᠥᠷᠲᠡᠭᠡᠨ ᠬᠢᠮᠳᠠ ᠬᠣᠭᠣᠯᠠ ᠪᠤᠳᠠᠭ᠎ᠠ ᠢᠳᠡᠭᠥ ᠪᠤᠯᠭᠠᠵᠠᠢ᠃ 《ᠬᠣᠭᠣᠯᠠ ᠪᠤᠳᠠᠭᠠᠨ᠎ᠤ ᠮᠠᠲᠧᠷᠢᠶᠠᠯ ᠨᠢ ᠰᠠᠢᠨ᠂ ᠬᠣᠭᠣᠯᠠ ᠨᠢ ᠴᠦ᠍ ᠠᠮᠲᠠᠲᠠᠢ᠂ ᠪᠢᠳᠡ ᠬᠣᠶᠠᠭᠤᠯᠠ ᠨᠢᠭᠡ  ᠡᠷᠡᠨ᠎ᠤ ᠬᠤᠭᠤᠯᠠᠨ᠎ᠳᠦ ᠰᠠᠶᠢ 13 ᠲᠥᠭᠥᠷᠢᠭ ᠯᠡ ᠵᠠᠷᠤᠴᠠᠭᠤᠯᠤᠨ᠎ᠠ》 ᠭᠡᠵᠦ ᠯᠦ᠍ ᠬᠠᠢ  ᠴᠢᠩ  ᠨᠠᠰᠤᠳᠠᠨ ᠰᠡᠳᠬᠢᠯ ᠬᠠᠨᠤᠮᠵᠢᠲᠠᠢ  ᠬᠡᠯᠡᠨ᠎ᠡ᠃

ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ᠎ᠶᠢᠨ ᠦᠷᠳᠡᠭᠡ᠎ᠶᠢᠨ ᠡᠶᠡᠯᠳᠡᠭ ᠳᠣᠲᠣᠨᠣ᠌ ᠬᠠᠷᠠᠭᠠᠯᠵᠠᠯ᠎ᠠᠴᠠ ᠲᠤᠰᠬᠠᠢ ᠨᠠᠰᠤᠵᠢᠯ᠎ᠤᠨ ᠠᠰᠠᠷᠠᠮᠵᠢ᠎ᠶᠢᠨ ᠪᠠᠢᠭᠤᠯᠤᠮᠵᠢ᠎ᠶᠢᠨ ᠰᠠᠨᠠᠭ᠎ᠠ ᠠᠮᠤᠷ ᠰᠠᠬᠢᠨ ᠬᠠᠮᠠᠭᠠᠯᠠᠬᠤ᠂ ᠨᠡᠢᠭᠡᠮ ᠲᠣᠭᠣᠷᠢᠭ᠋᠎ᠤᠨ ᠭᠡᠷ ᠳᠡᠭᠡᠨ ᠰᠠᠭᠤᠵᠤ ᠪᠠᠢᠭ᠎ᠠ ᠨᠠᠰᠤᠳᠠᠢᠴᠤᠳ᠎ᠤᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠦᠷᠳᠡᠭᠡ᠎ᠶᠢᠨ ᠨᠠᠰᠤᠲᠠᠨ᠎ᠢ ᠲᠤᠰᠠᠯᠠᠬᠤ ᠬᠣᠭᠣᠯᠠᠨ ᠭᠡᠷ ᠪᠠᠢᠭᠤᠯᠤᠨ ᠪᠣᠳᠠᠲᠠᠢ  ᠠᠰᠢᠭ᠋ ᠬᠦᠷᠲᠡᠭᠡᠬᠥ᠂ᠠᠷᠠᠳ᠎ᠲᠤ ᠲᠦᠬᠦᠮ ᠦᠵᠡᠭᠦᠯᠬᠦ᠂ ᠤᠯᠠᠨ ᠲᠠᠯ᠎ᠠ᠎ᠪᠠᠷ ᠬᠦᠴᠦᠯᠡᠬᠦ᠂ ᠪᠦᠬᠦ ᠣᠷᠣᠨ ᠪᠦᠰᠡ ᠵᠢ  ᠪᠦᠷᠬᠦᠭᠰᠡᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠰᠢᠰᠲ᠋ᠧᠮ ᠬᠦᠷᠲᠡᠯ᠎ᠡ᠂ ᠺᠠᠢᠯᠤ ᠰᠢᠶᠠᠨ ᠥᠲᠡᠯᠪᠡᠯ ᠠᠰᠠᠷᠠᠮᠵᠢ᠎ᠲᠠᠢ᠂ ᠥᠲᠡᠯᠪᠡᠯ ᠲᠦᠰᠢᠭ᠎ᠲᠠᠢ᠂ ᠥᠲᠡᠯᠪᠡᠯ ᠪᠠᠶᠠᠷ ᠴᠡᠩᠭᠡᠯ᠎ᠲᠠᠢ᠂ ᠥᠲᠡᠯᠪᠡᠯ ᠠᠮᠤᠷ ᠠᠮᠤᠭᠤᠯᠠᠩ ᠪᠠᠢᠬᠤ ᠠᠷᠠᠳ᠎ᠤᠨ ᠠᠮᠢᠳᠤᠷᠠᠯ᠎ᠤᠨ ᠰᠠᠭᠤᠷᠢ ᠥᠩᠭᠡ᠎ᠶᠢ  ᠦᠷᠭᠦᠯᠵᠢᠯᠡᠨ ᠭᠡᠷᠡᠯᠳᠦᠬᠦᠯᠦᠨ᠎ᠠ᠃

ᠺᠠᠢᠯᠤ ᠰᠢᠶᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠎ᠶᠢᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠠᠰᠤᠭ᠎ᠤᠨ ᠬᠠᠷᠢᠭᠤᠴᠠᠯᠭᠠᠲᠠᠨ ᠯᠢ ᠢᠦᠢ᠄ 《ᠣᠳᠣᠬᠠᠨ᠎ᠳᠤ ᠪᠥᠬᠥ ᠰᠢᠶᠠᠨ᠎ᠳᠤ ᠡᠯ᠎ᠡ ᠲᠥᠷᠥᠯ᠎ᠦᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ  ᠥᠷᠳᠡᠭᠡ ᠪᠠᠢᠭᠤᠯᠤᠮᠵᠢ 120 ᠪᠠᠢᠵᠤ᠂ ᠨᠠᠰᠤᠵᠢᠯ᠎ᠤᠨ ᠠᠰᠠᠷᠠᠮᠵᠢ᠎ᠶᠢᠨ ᠣᠷᠣ᠌᠎ᠶᠢ 1668 ᠲᠤᠬᠢᠷᠠᠭᠤᠯᠤᠨ᠂ ᠡᠭᠥᠨ ᠳ᠋ᠤ ᠰᠢᠶᠠᠨ᠎ᠤ ᠱᠠᠲᠤᠨ᠎ᠤ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠥᠪ 1᠂ ᠨᠠᠰᠤᠵᠢᠯ᠎ᠤᠨ ᠠᠰᠠᠷᠠᠮᠵᠢ᠎ᠶᠢᠨ ᠪᠠᠢᠭᠤᠯᠤᠮᠵᠢ 3᠂ ᠪᠠᠯᠭᠠᠰᠤᠨ᠎ᠤ ᠱᠠᠲᠤᠨ᠎ᠤ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠥᠪ 11᠂ ᠬᠣᠲᠠ᠎ᠶᠢᠨ ᠲᠣᠭᠣᠷᠢᠭ᠋᠎ᠤᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠪᠠᠢᠭᠤᠯᠤᠮᠵᠢ 6᠂ ᠲᠣᠰᠬᠣᠨ᠎ᠤ ᠱᠠᠲᠤᠨ᠎ᠤ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠥᠷᠲᠡᠭᠡ 90᠂ ᠬᠠᠷᠢᠯᠴᠠᠨ ᠬᠠᠪᠰᠤᠷᠤᠯᠴᠠᠬᠤ ᠨᠠᠰᠤᠵᠢᠯ᠎ᠤᠨ ᠠᠰᠠᠷᠠᠮᠵᠢ᠎ᠶᠢᠨ ᠵᠣᠯ ᠵᠢᠷᠭᠠᠯᠳᠥ ᠬᠦᠷᠢᠶᠡᠯᠡᠩ 9 ᠪᠠᠢᠵᠤ᠂ ᠰᠢᠶᠠᠨ᠂ ᠪᠠᠯᠭᠠᠰᠤ᠂ ᠲᠣᠰᠬᠣᠨ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ᠎ᠶᠢᠨ ᠥᠢᠯᠡᠴᠢᠯᠡᠭᠡᠨ᠎ᠤ ᠪᠠᠬᠢᠯᠠᠯᠲᠠ ᠵᠢᠨ ᠭᠠᠵᠠᠷ᠎ᠢ ᠪᠥᠬᠥ ᠲᠠᠯ᠎ᠠ ᠪᠡᠷ ᠪᠥᠷᠬᠥᠭᠡᠨ᠂ ᠨᠠᠰᠤᠳᠠᠢᠴᠤᠳ᠎ᠤᠨ ᠵᠤᠯ ᠵᠢᠷᠭᠠᠯ᠎ᠦᠨ ᠭᠥᠢᠴᠡᠳᠭᠡᠯ ᠲᠤᠭ᠎ᠠ ᠵᠢ ᠪᠥᠬᠥ ᠬᠥᠴᠥᠨ ᠵᠢᠨᠷ  ᠳᠡᠭᠡᠭᠰᠢᠯᠡᠭᠥᠯᠵᠤ ᠪᠠᠢᠨ᠎ᠠ》 ᠭᠡᠵᠤ ᠲᠠᠨᠢᠯᠴᠠᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面