ᠭᠣᠣᠯ ᠰᠡᠳᠦᠪᠲᠦ ᠮᠡᠳᠡᠭᠡᠯᠡᠯ > ᠮᠣᠩᠭᠣᠯ ᠮᠣᠷᠢᠨ᠎ᠤ᠋ ᠵᠣᠷᠢᠭ ᠰᠠᠨᠠᠭ᠎ᠠ᠎ᠶ᠋ᠢ ᠪᠠᠳᠠᠷᠠᠭᠤᠯᠤᠶ᠎ᠠ

2026-11-06 11:44:58

ᠵᠣᠬᠢᠶᠠᠭ᠍ᠴᠢ᠄ ​ᠾᠦᠸᠧ ᠰᠢᠶᠤᠣ ᠴᠢᠩ ᠣᠩᠱᠢᠭ᠍ᠰᠠᠨ ᠣᠳᠠᠭ᠎ᠠ᠄ 3

ᠥᠪᠦᠷ ᠮᠣᠩᠭᠤᠯ ᠤ᠋ᠨ ᠭᠠᠵᠠᠷ ᠵᠦᠢ ᠶ᠋ᠢᠨ ᠵᠢᠷᠤᠭ ᠳᠡᠭᠡᠷ᠎ᠡ᠂ ᠬᠤᠤᠯᠢᠨ ᠭᠤᠤᠯ ᠨᠢ ᠨᠢᠭᠡᠨ ᠠᠮᠠᠷᠬᠠᠨ ᠣᠮᠲᠤᠭᠠᠢᠯᠠᠭᠳᠠᠳᠠᠭ ᠭᠠᠵᠠᠷ ᠪᠤᠯᠬᠤ ᠠᠵᠢ᠃ ᠪᠦᠬᠦ᠌ ᠬᠣᠲᠠ ᠶ᠋ᠢᠨ ᠶᠡᠷᠦᠩᠬᠡᠢ ᠲᠠᠯᠠᠪᠠᠢ ᠨᠢ ᠵᠥᠪᠬᠡᠨ 585 ᠲᠡᠭᠰᠢ ᠳᠥᠷᠪᠡᠯᠵᠢᠨ ᠺᠢᠯᠤᠮᠧᠲᠷ ᠪᠠᠢᠵᠤ᠂ ᠲᠦᠩᠯᠢᠶᠤᠤ ᠬᠣᠲᠠ ᠶ᠋ᠢᠨ ᠪᠦᠬᠦ᠌ ᠲᠠᠯᠠᠪᠠᠢ ᠶ᠋ᠢᠨ 1% ᠳ᠋ᠤ ᠴᠦ᠍ ᠬᠦᠷᠬᠦ᠎ᠦᠭᠡᠢ ᠪᠠᠢᠳᠠᠭ ᠃

ᠭᠡᠪᠡᠴᠦ ᠡᠨᠡ ᠬᠦ᠌ ᠵᠢᠵᠢᠭ ᠬᠤᠲᠠ ᠨᠢ 2025 ᠣᠨ ᠳ᠋ᠤ ᠠᠵᠤ ᠦᠢᠯᠡᠳᠪᠦᠷᠢ ᠶ᠋ᠢᠨ ᠲᠠᠯ᠎ᠠ ᠪᠠᠷ ᠲᠡᠦᠬᠡᠲᠦ᠍ ᠴᠢᠨᠠᠷᠲᠠᠢ ᠭᠢᠯᠠᠯᠵᠠᠮ᠎ᠠ ᠬᠠᠭᠤᠳᠠᠰᠤ ᠵᠢ ᠪᠢᠴᠢᠭᠯᠡᠪᠡ᠄ ᠪᠦᠬᠦ᠌ ᠬᠤᠳᠠ ᠶ᠋ᠢᠨ ᠬᠡᠪᠴᠢᠶᠡᠵᠢᠯ ᠡᠴᠡ ᠳᠡᠭᠡᠭᠰᠢᠬᠢ ᠠᠵᠤ ᠦᠢᠯᠡᠳᠪᠦᠷᠢ ᠶ᠋ᠢᠨ ᠦᠢᠯᠡᠳᠬᠦᠨ᠎ᠦ ᠶᠡᠷᠦᠩᠬᠡᠢ ᠦᠷᠳᠡᠭ ᠨᠢ ᠠᠩᠬ᠎ᠠ ᠤᠳᠠᠭ᠎ᠠ ᠮᠢᠩᠭᠠᠨ ᠳ᠋ᠦᠩᠰᠢᠭᠤᠷ ᠲᠥᠭᠦᠷᠢᠭ᠎ᠦᠨ ᠶᠡᠬᠡ ᠪᠣᠭᠤᠮᠲᠠ ᠵᠢ ᠳᠠᠪᠠᠨ᠂ 1027 ᠳ᠋ᠦᠩᠰᠢᠭᠤᠷ ᠲᠥᠭᠦᠷᠢᠭ ᠲᠦ᠍ ᠬᠦᠷᠴᠦ᠍᠂ ᠪᠦᠬᠦ᠌ ᠣᠷᠤᠨ ᠤ᠋ ᠠᠵᠤ ᠦᠢᠯᠡᠳᠪᠦᠷᠢ ᠶ᠋ᠢᠨ ᠨᠢᠭᠡᠳᠦᠭᠡᠷ ᠵᠢᠬᠰᠠᠭᠠᠯ ᠳ᠋ᠤ ᠲᠤᠳᠤᠷᠠᠵᠤ᠂ ᠪᠦᠬᠦ᠌ ᠤᠯᠤᠰ ᠤ᠋ᠨ ᠰᠢᠶᠠᠨ ᠤ᠋ ᠬᠡᠪᠴᠢᠶᠡᠨ᠎ᠦ ᠡᠮᠦᠨ᠎ᠡ ᠡᠩᠨᠡᠭᠡᠨ ᠳ᠋ᠤ ᠵᠢᠬᠰᠠᠪᠠ᠃

20 ᠭᠠᠷᠤᠢ ᠵᠢᠯ ᠤ᠋ᠨ ᠴᠢᠷᠮᠠᠢᠯᠭ᠎ᠠ ᠪᠠᠷ ᠨᠢᠭᠡ ᠳᠠᠪᠠᠭᠤᠯᠢᠬᠲᠤ ᠠᠵᠤ ᠦᠢᠯᠡᠰ ᠤ᠋ᠨ ᠬᠡᠯᠬᠢᠶ᠎ᠡ ᠵᠢ ᠪᠦᠷᠢᠯᠳᠦᠬᠦᠯᠵᠤ᠂ ᠮᠢᠩᠭᠠᠨ ᠳ᠋ᠦᠩᠰᠢᠭᠤᠷ ᠲᠥᠬᠥᠷᠢᠭ᠎ᠤᠨ ᠠᠵᠤ ᠦᠢᠯᠡᠳᠪᠦᠷᠢ ᠶ᠋ᠢᠨ ᠰᠠᠭᠤᠷᠢ ᠵᠢ ᠪᠠᠬᠢᠵᠢᠭᠦᠯᠪᠡ

2019 ᠣᠨ ᠳ᠋ᠤ ᠥᠪᠦᠷ ᠮᠣᠩᠭᠤᠯ ᠤ᠋ᠨ ᠰᠢᠤᠢ ᠶᠠᠩ ᠰᠢᠨ᠎ᠡ ᠮᠠᠲᠧᠷᠢᠶᠠᠯ ᠤ᠋ᠨ ᠬᠤᠪᠢᠴᠠᠭᠠᠲᠤ ᠬᠢᠵᠠᠭᠠᠷᠲᠤ᠌ ᠺᠣᠮᠫᠠᠨᠢ ᠶ᠋ᠢᠨ ᠰᠢᠨ᠎ᠡ ᠮᠠᠲᠧᠷᠢᠶᠠᠯ ᠤ᠋ᠨ ᠨᠢᠭᠡᠳᠦᠭᠡᠷ ᠬᠤᠭᠤᠴᠠᠭᠠᠨ ᠤ᠋ ᠲᠦᠷᠦᠯ ᠵᠦᠢᠯ ᠠᠰᠢᠭᠯᠠᠯᠲᠠ ᠳ᠋ᠤ ᠣᠷᠤᠬᠤ ᠦᠶᠡᠰ᠂ ᠵᠢᠯ ᠳ᠋ᠤ ᠵᠦᠪᠬᠡᠨ 5 ᠲᠦᠮᠡᠨ ᠲᠣᠨ ᠪᠥᠮᠪᠦᠭᠡᠯᠢᠭ ᠮᠦᠬᠦᠯᠢᠭᠲᠦ ᠬᠦᠨᠭᠭᠡᠨᠴᠠᠭᠠᠨ ᠤ᠋ ᠨᠤᠨᠲᠠᠭ ᠦᠢᠯᠡᠳᠪᠦᠷᠢᠯᠡᠬᠦ᠌ ᠴᠢᠳᠠᠪᠤᠷᠢ ᠲᠠᠢ ᠪᠠᠢᠵᠠᠢ᠃ 7 ᠵᠢᠯ ᠤ᠋ᠨ ᠳᠣᠲᠤᠷ᠎ᠠ ᠲᠠᠪᠤᠨ ᠬᠤᠭᠤᠴᠠᠭᠠᠨ ᠤ᠋ ᠲᠥᠷᠦᠯ ᠵᠦᠢᠯ ᠢ᠋ ᠦᠷᠭᠦᠯᠵᠢᠯᠡᠨ ᠨᠠᠶ᠋ᠢᠳᠠᠪᠤᠷᠢᠵᠢᠭᠤᠯᠵᠤ᠂ ᠦᠢᠯᠡᠳᠬᠦᠨ ᠤ᠋ ᠥᠷᠲᠡᠭ ᠨᠢ ᠳᠠᠬᠢᠨ ᠢ᠋ᠶ᠋ᠡᠷ ᠨᠡᠮᠡᠭᠳᠡᠭᠰᠡᠨ ᠪᠠᠢᠨ᠎ᠠ᠃  《ᠬᠤᠤᠯᠢᠨ ᠭᠤᠤᠯ ᠢ᠋ ᠰᠤᠨᠭᠭᠤᠨ ᠦᠢᠯᠡᠳᠪᠦᠷᠢ ᠪᠠᠢᠭᠤᠯᠬᠤ ᠳ᠋ᠤ᠂ ᠴᠠᠬᠢᠯᠭᠠᠨ ᠤ᠋ ᠦᠨ᠎ᠡ ᠶ᠋ᠢᠨ ᠳᠠᠪᠠᠭᠤᠯᠢᠭ ᠡᠴᠡ ᠭᠠᠳᠠᠨ᠎ᠠ᠂ ᠡᠨᠳᠡ ᠣᠯᠠᠨ ᠬᠥᠩᠭᠡᠨᠴᠠᠭᠠᠨ ᠤ᠋ ᠠᠵᠤ ᠦᠢᠯᠡᠰ ᠤ᠋ᠨ ᠳᠠᠭᠠᠭᠤᠯᠤᠬᠴᠢ ᠠᠵᠤ ᠠᠬᠤᠶ᠋ᠢᠯᠠᠯ ᠢ᠋ ᠲᠥᠪᠯᠡᠷᠡᠭᠦᠯᠵᠦ᠍᠂ ᠨᠡᠯᠢᠶᠡᠳ ᠪᠦᠷᠢᠨ ᠲᠡᠭᠦᠯᠳᠡᠷ ᠡᠬᠢᠨ᠎ᠤ ᠪᠤᠶᠤ ᠡᠴᠤᠰ᠎ᠤᠨ ᠦᠢᠯᠡᠳᠬᠦᠨ᠎ᠤ ᠠᠵᠤ ᠦᠢᠯᠡᠰ ᠤ᠋ᠨ ᠬᠡᠯᠬᠢᠶ᠎ᠡ ᠵᠢ ᠪᠣᠢ ᠪᠣᠯᠭᠠᠵᠠᠢ ᠭᠡᠳᠡᠭ ᠢ᠋ ᠪᠢᠳᠡᠨ ᠨᠡᠩ ᠴᠢᠬᠤᠯᠠᠴᠢᠯᠠᠨ ᠦᠵᠡᠪᠡ》 ᠭᠡᠵᠦ ᠰᠢᠤᠢ ᠶᠠᠩ ᠺᠣᠮᠫᠠᠨᠢ ᠶ᠋ᠢᠨ ᠬᠠᠷᠢᠭᠤᠴᠠᠯᠭᠠᠲᠠᠨ ᠱᠦ᠍ ᠮᠢᠨ ᠬᠡᠯᠡᠯ᠎ᠠ᠃

ᠨᠡᠭᠦᠷᠡᠰᠦ ᠪᠡᠷ ᠴᠠᠬᠢᠯᠭᠠᠨ ᠭᠠᠷᠭᠠᠵᠤ᠂ ᠴᠠᠬᠢᠯᠭᠠᠨ ᠢ᠋ᠶ᠋ᠡᠷ ᠬᠦᠩᠭᠡᠨᠴᠠᠭᠠᠨ ᠪᠣᠯᠪᠠᠰᠤᠷᠠᠭᠤᠯᠵᠤ᠂ ᠬᠦᠩᠭᠡᠨᠴᠠᠭᠠᠨ ᠤ᠋ ᠰᠢᠨᠭᠭᠡᠨ ᠢ᠋ ᠰᠢᠭᠤᠳ ᠡᠴᠤᠰ᠎ᠤᠨ ᠦᠢᠯᠡᠳᠬᠦᠨ᠎ᠢ ᠨᠠᠷᠢᠯᠢᠭ ᠡᠳ᠋ᠰᠢᠭᠦᠯᠬᠦ ᠠᠵᠤ ᠠᠬᠤᠢᠯᠠᠯ ᠳ᠋ᠤ ᠬᠦᠷᠭᠡᠬᠦ ᠵᠢ ᠪᠡᠶᠡᠯᠡᠭᠦᠯᠵᠦ᠂ ᠤᠳᠤ ᠨᠢᠭᠡᠨᠲᠡ 24 ᠬᠦᠨᠭᠭᠡᠨᠴᠠᠭᠠᠨ ᠤ᠋ ᠠᠵᠤ ᠦᠢᠯᠡᠰ ᠤ᠋ᠨ ᠬᠡᠯᠬᠢᠶ᠎ᠡ ᠶ᠋ᠢᠨ ᠡᠴᠤᠰ᠎ᠤᠨ ᠦᠢᠯᠡᠳᠬᠦᠨ᠎ᠢ ᠨᠠᠷᠢᠯᠢᠭ ᠡᠳ᠋ᠰᠢᠭᠦᠯᠬᠦ ᠠᠵᠤ ᠠᠬᠤᠶ᠋ᠢᠯᠠᠯ ᠡᠨᠳᠡ ᠪᠡᠯᠡ ᠣᠷᠤᠭᠤᠯᠤᠨ ᠦᠢᠯᠡᠰ ᠪᠤᠰᠬᠠᠪᠠ᠃ ᠡᠨᠡ᠎ᠬᠦ᠌ ᠠᠵᠤ ᠦᠢᠯᠡᠰ ᠤ᠋ᠨ ᠬᠡᠯᠬᠢᠶ᠎ᠡ ᠳ᠋ᠤ ᠴᠢᠭᠯᠡᠭᠦᠯᠦᠨ᠂ ᠲᠦᠩᠯᠢᠶᠤᠣ ᠬᠤᠲᠠ ᠪᠠ ᠬᠤᠤᠯᠢᠨ ᠭᠤᠤᠯ ᠬᠤᠲᠠ ᠶ᠋ᠢᠨ ᠬᠤᠭᠤᠴᠠᠭ᠎ᠠ ᠪᠦᠷᠢ ᠶ᠋ᠢᠨ ᠨᠠᠮ ᠤ᠋ᠨ ᠬᠤᠷᠢᠶ᠎ᠠ᠂ ᠵᠠᠰᠠᠭ ᠤ᠋ᠨ ᠣᠷᠳᠤᠨ 20 ᠭᠠᠷᠤᠢ ᠵᠢᠯ ᠲᠠᠰᠤᠷᠠᠯᠲᠠ ᠦᠭᠡᠢ ᠪᠠᠶ᠋ᠢᠷᠢᠰᠢᠭᠤᠯᠤᠨ ᠪᠤᠢᠵᠢᠭᠤᠯᠪᠠ᠃

1976 ᠣᠨ ᠳ᠋ᠤ ᠲᠦᠷᠦᠭᠦᠦ ᠪᠦᠯᠦᠭ ᠤ᠋ᠨ ᠪᠦᠲᠦᠭᠡᠨ ᠪᠠᠶ᠋ᠢᠭᠤᠯᠤᠭᠴᠢ ᠡᠨᠳᠡ ᠢᠷᠡᠵᠦ ᠬᠤᠤᠯᠢᠨ ᠭᠤᠤᠯ ᠤ᠋ᠨ ᠠᠭᠤᠷᠬᠠᠢ ᠶ᠋ᠢᠨ ᠣᠷᠤᠨ ᠢ᠋ ᠪᠦᠲᠦᠭᠡᠨ ᠪᠠᠶ᠋ᠢᠭᠤᠯᠵᠤ᠂ 1984 ᠣᠨ ᠪᠣᠯᠬᠤ ᠳ᠋ᠤ ᠬᠤᠤᠯᠢᠨ ᠭᠤᠤᠯ ᠤ᠋ᠨ ᠨᠡᠭᠦᠷᠡᠰᠦᠨ ᠤ᠋ ᠠᠢ ᠰᠠᠪᠠ ᠶ᠋ᠢᠨ ᠲᠦᠷᠦᠬᠦᠤ ᠬᠤᠭᠤᠴᠠᠭᠠᠨ ᠤ᠋ 300 ᠲᠦᠮᠡᠨ ᠲᠣᠨ ᠤ᠋ ᠦᠢᠯᠡᠳᠪᠦᠷᠢᠯᠡᠯ ᠤ᠋ᠨ ᠴᠢᠳᠠᠪᠤᠷᠢ ᠵᠢ ᠪᠠᠶ᠋ᠢᠭᠤᠯᠵᠤ ᠳᠠᠭᠤᠰᠭᠠᠭᠠᠳ ᠠᠰᠢᠭᠯᠠᠯᠲᠠ ᠳ᠋ᠤ ᠣᠷᠤᠭᠤᠯᠵᠤ᠂ ᠲᠤᠬᠠᠢ ᠶ᠋ᠢᠨ ᠭᠠᠵᠠᠷ ᠤ᠋ᠨ ᠬᠢᠨ ᠨᠢᠭᠡ ᠦᠶ᠎ᠡ ᠲᠦᠭᠦᠬᠡᠢ ᠨᠡᠭᠦᠷᠡᠰᠦᠨ ᠤ᠋ ᠭᠠᠳᠠᠭᠠᠳᠤ ᠪᠣᠷᠤᠯᠠᠭᠤᠯᠤᠯᠲᠠ ᠪᠡᠷ ᠭᠤᠤᠯ ᠬᠥᠭᠵᠢᠯᠲᠡ ᠶ᠋ᠢᠨ ᠵᠠᠭᠪᠤᠷ ᠪᠣᠯᠭᠠᠵᠠᠢ᠃ 1993 ᠣᠨ ᠳ᠋ᠤ ᠥᠪᠡᠷᠲᠡᠭᠡᠨ ᠵᠠᠰᠠᠬᠤ ᠣᠷᠤᠨ ᠡᠴᠡ ᠴᠠᠬᠢᠯᠭᠠᠨ ᠤ᠋ ᠦᠢᠯᠡᠳᠪᠦᠷᠢ ᠵᠢ ᠪᠦᠲᠦᠭᠡᠨ ᠪᠠᠢᠭᠤᠯᠬᠤ ᠲᠥᠯᠦᠪᠯᠡᠭᠡ ᠶ᠋ᠢᠨ ᠪᠢᠴᠢᠭ᠌ ᠪᠠᠭᠤᠯᠭᠠᠵᠤ᠂ ᠲᠤᠰ ᠬᠤᠳᠠ ᠨᠢ ᠵᠢᠩᠬᠢᠨᠢ ᠪᠡᠷ 《ᠨᠡᠭᠦᠷᠡᠰᠦ ᠪᠡᠷ ᠴᠠᠬᠢᠯᠭᠠᠨ ᠭᠠᠷᠭᠠᠬᠤ》 ᠵᠠᠮ ᠢ᠋ᠶ᠋ᠡᠷ ᠵᠠᠮᠨᠠᠪᠠ᠃ 2000 ᠣᠨ ᠳ᠋ᠤ ᠂ ᠬᠤᠤᠯᠢᠨ ᠭᠤᠤᠯ ᠤ᠋ᠨ ᠨᠡᠭᠦᠷᠡᠰᠦᠨ ᠠᠭᠤᠷᠬᠠᠢ ᠶ᠋ᠢᠨ ᠪᠦᠯᠦᠭᠯᠡᠯ ᠨᠡᠭᠦᠷᠡᠰᠦᠨ ᠴᠠᠬᠢᠯᠭᠠᠨ ᠤ᠋ ᠵᠠᠳᠠᠯᠤᠯ ᠤ᠋ᠨ ᠬᠦᠨᠭᠭᠡᠨᠴᠠᠭᠠᠨ ᠢ᠋ ᠠᠩᠬ᠎ᠠ ᠤᠳᠠᠭ᠎ᠠ ᠣᠯᠠᠨ ᠡᠰᠢᠲᠦ᠍ ᠬᠥᠭᠵᠢᠯᠲᠡ ᠶ᠋ᠢᠨ ᠲᠥᠯᠦᠪᠵᠢᠭᠦᠯᠭᠡ ᠳ᠋ᠤ ᠣᠷᠤᠭᠤᠯᠵᠤ᠂ ᠨᠡᠭᠦᠷᠡᠰᠦᠨ ᠴᠠᠬᠢᠯᠭᠠᠨ ᠤ᠋ ᠵᠠᠳᠠᠯᠤᠯ ᠤ᠋ᠨ ᠬᠦᠨᠭᠭᠡᠨᠴᠠᠭᠠᠨ ᠤ᠋ ᠠᠵᠤ ᠦᠢᠯᠡᠰ᠎ᠦᠨ ᠬᠥᠭᠵᠢᠯᠲᠡ ᠡᠭᠦᠨ ᠡᠴᠡ ᠡᠬᠢᠯᠡᠭᠰᠡᠨ ᠪᠠᠢᠨ᠎ᠠ᠃

ᠣᠯᠠᠨ ᠵᠢᠯ ᠤ᠋ᠨ ᠲᠤᠷᠰᠢ᠂ ᠬᠤᠤᠯᠢᠨ ᠭᠤᠤᠯ ᠬᠤᠲᠠ ᠶ᠋ᠢᠨ ᠬᠢᠨ ᠨᠡᠭᠦᠷᠡᠰᠦᠨ ᠴᠠᠬᠢᠯᠭᠠᠨ ᠤ᠋ ᠵᠠᠳᠠᠯᠤᠯ ᠤ᠋ᠨ ᠬᠦᠩᠭᠡᠨᠴᠠᠭᠠᠨ ᠢ᠋ᠶ᠋ᠡᠷ ᠭᠤᠤᠯ ᠱᠣᠭᠤᠮ ᠪᠣᠯᠭᠠᠵᠤ᠂ ᠠᠵᠤ ᠦᠢᠯᠡᠰ ᠤ᠋ᠨ ᠬᠡᠯᠬᠢᠶ᠎ᠡ ᠶ᠋ᠢ ᠲᠠᠰᠤᠷᠠᠯᠲᠠ ᠥᠬᠡᠢ ᠰᠢᠯᠢᠳᠡᠭᠵᠢᠭᠦᠯᠵᠦ᠍᠂ ᠠᠵᠤ ᠦᠢᠯᠡᠰ ᠤ᠋ᠨ ᠬᠡᠯᠬᠢᠶ᠎ᠡ ᠨᠢ ᠠᠯᠬᠤᠮ ᠠᠯᠬᠤᠮ ᠢ᠋ᠶ᠋ᠡᠷ ᠳᠡᠭᠡᠳᠦ ᠲᠠᠰᠵᠢᠬᠦ᠂ ᠥᠨᠳᠦᠷ ᠨᠡᠮᠡᠯᠲᠡ ᠥᠷᠲᠡᠭ ᠲᠡᠢᠰᠢ ᠳᠡᠭᠡᠭᠰᠢᠯᠡᠵᠦ᠍᠂ ᠠᠵᠤ ᠦᠢᠯᠡᠰ ᠤ᠋ᠨ ᠪᠦᠯᠦᠭᠵᠢᠯ ᠨᠢ ᠲᠠᠰᠤᠷᠠᠯᠲᠠ ᠥᠬᠡᠢ ᠪᠤᠵᠠᠭᠠᠶ᠋ᠢᠷᠠᠵᠤ᠂ 《ᠨᠡᠭᠦᠷᠡᠰᠦ — ᠴᠠᠬᠢᠯᠭᠠᠨ — ᠬᠦᠩᠭᠡᠨᠴᠠᠭᠠᠨ— ᠬᠦᠨᠭᠭᠡᠨᠴᠠᠭᠠᠨ ᠤ᠋ ᠨᠠᠷᠢᠯᠢᠭ ᠡᠳ᠋ᠰᠢᠭᠦᠯᠦᠯᠲᠡ》 ᠶ᠋ᠢᠨ ᠪᠦᠷᠢᠨ ᠪᠦᠲᠦᠨ ᠣᠷᠴᠢᠯ ᠠᠵᠤ ᠦᠢᠯᠡᠰ ᠤ᠋ᠨ ᠬᠡᠯᠬᠢᠶ᠎ᠡ ᠵᠢ ᠪᠥᠬᠦ᠌ ᠲᠠᠯ᠎ᠠ ᠪᠡᠷ ᠪᠦᠷᠢᠯᠳᠦᠬᠦᠯᠪᠠ᠃

ᠣᠳᠤᠬᠠᠨ ᠪᠣᠯᠳᠠᠯ᠎ᠠ᠂ ᠬᠤᠤᠯᠢᠨ ᠭᠤᠤᠯ ᠤ᠋ᠨ ᠴᠠᠬᠢᠯᠭᠠᠨ ᠵᠠᠳᠠᠯᠤᠯ ᠤ᠋ᠨ ᠬᠦᠩᠭᠡᠨᠴᠠᠭᠠᠨ ᠤ᠋ ᠦᠢᠯᠡᠳᠪᠦᠷᠢᠯᠡᠯ ᠤ᠋ᠨ ᠴᠢᠳᠠᠪᠤᠷᠢ 305 ᠳᠦᠮᠡᠨ ᠲᠤᠨ ᠬᠦᠷᠴᠦ᠍᠂ ᠬᠦᠩᠭᠡᠨᠴᠠᠭᠠᠨ ᠤ᠋ ᠰᠢᠨᠭᠭᠡᠨ ᠤ᠋ ᠰᠢᠭᠤᠳ ᠬᠠᠩᠭᠠᠯᠭ᠎ᠠ ᠵᠢ ᠪᠦᠬᠦᠨ ᠢ᠋ ᠪᠦᠷᠬᠦᠬᠦᠯᠵᠤ᠂ ᠴᠠᠬᠢᠯᠭᠠᠨ ᠵᠠᠳᠠᠯᠤᠯ ᠤ᠋ᠨ ᠬᠦᠩᠭᠡᠨᠴᠠᠭᠠᠨ ᠢ᠋ ᠲᠣᠬᠠᠢ ᠶ᠋ᠢᠨ ᠭᠠᠵᠠᠷ ᠲᠠᠭᠠᠨ ᠤᠯᠠᠷᠢᠭᠤᠯᠬᠤ  ᠨᠣᠷᠮ᠎ᠠ ᠨᠢ 90% ᠪᠣᠯᠤᠨ ᠳᠡᠭᠡᠭᠰᠢᠯᠡᠪᠡ᠃ ᠬᠦᠨᠭᠭᠡᠨᠴᠠᠭᠠᠨ ᠤ᠋ ᠨᠠᠷᠢᠯᠢᠭ ᠡᠳ᠋ᠰᠢᠭᠦᠯᠬᠦ ᠦᠢᠯᠡᠳᠬᠦᠨ 120 ᠭᠠᠷᠤᠢ ᠵᠦᠢᠯ ᠪᠠᠢᠵᠤ᠂ ᠡᠭᠦᠨ ᠳ᠋ᠤ ᠳ᠋ᠢᠶᠠᠨ ᡂᠢ ᠶ᠋ᠢᠨ ᠬᠦᠨᠭᠭᠡᠨᠴᠠᠭᠠᠨ ᠴᠠᠭᠠᠰᠤᠨ ᠤ᠋ ᠦᠢᠯᠡᠳᠪᠦᠷᠢᠯᠡᠬᠦ᠌ ᠴᠢᠳᠠᠪᠤᠷᠢ ᠨᠢ ᠪᠦᠬᠦ᠌ ᠤᠯᠤᠰ ᠤ᠋ᠨ ᠵᠠᠬ᠎ᠠ ᠳᠡᠯᠭᠡᠭᠦᠷ᠎ᠦᠨ 40% ᠵᠢ ᠡᠵᠡᠯᠡᠵᠦ᠍᠂ ᠪᠥᠮᠪᠦᠭᠡᠯᠢᠭ ᠮᠦᠬᠦᠯᠢᠭᠲᠦ ᠬᠦᠨᠭᠭᠡᠨᠴᠠᠭᠠᠨ ᠤ᠋ ᠨᠤᠨᠲᠠᠭ ᠤ᠋ᠨ ᠦᠢᠯᠡᠳᠪᠦᠷᠢᠯᠡᠬᠦ ᠴᠢᠳᠠᠪᠤᠷᠢ ᠨᠢ ᠪᠦᠬᠦ᠌ ᠤᠯᠤᠰ ᠤ᠋ᠨ 80% ᠵᠢ ᠡᠵᠡᠯᠡᠵᠦ᠍᠂ ᠮᠠᠰᠢᠨ ᠲᠡᠷᠭᠡᠨ᠎ᠦ ᠬᠦᠨᠭᠭᠡᠨᠴᠠᠭᠠᠨ ᠤ᠋ ᠮᠠᠲᠧᠷᠢᠶᠠᠯ ᠤ᠋ᠨ ᠦᠢᠯᠡᠳᠪᠦᠷᠢᠯᠡᠬᠦ ᠴᠢᠳᠠᠪᠤᠷᠢ ᠪᠦᠬᠦ᠌ ᠤᠯᠤᠰ ᠤ᠋ᠨ 20% ᠵᠢ ᠡᠵᠡᠯᠡᠵᠦ ᠪᠤᠢ᠃

ᠠᠵᠤ ᠦᠢᠯᠡᠰ᠎ᠦᠨ ᠬᠡᠯᠬᠢᠶ᠎ᠡ ᠵᠢ ᠤᠷᠲᠤᠳᠬᠠᠬᠰᠠᠨ ᠢ᠋ᠶ᠋ᠡᠷ ᠠᠵᠤ ᠦᠢᠯᠡᠰ ᠤ᠋ᠨ ᠥᠷᠲᠡᠭ ᠲᠠᠰᠤᠷᠠᠯᠲᠠ ᠦᠭᠡᠢ ᠳᠡᠭᠡᠭᠰᠢᠯᠡᠪᠡ᠃ ᠲᠥᠰᠦᠭᠡᠯᠡᠨ ᠪᠣᠳᠤᠯᠲᠠ ᠡᠴᠡ ᠦᠵᠡᠪᠡᠯ᠂ ᠲᠦᠭᠦᠬᠡᠢ ᠨᠡᠭᠦᠷᠡᠰᠦ ᠡᠴᠡ ᠴᠠᠬᠢᠯᠭᠠᠨ ᠵᠠᠳᠠᠯᠤᠯ ᠤ᠋ᠨ ᠬᠦᠨᠭᠭᠡᠨᠴᠠᠭᠠᠨ ᠬᠦᠷᠲᠡᠯ᠎ᠡ᠂ ᠦᠢᠯᠡᠳᠬᠦᠨ᠎ᠦ ᠥᠷᠲᠡᠭ ᠨᠢ 100 ᠳᠠᠬᠢᠨ ᠨᠡᠮᠡᠭᠳᠡᠵᠦ᠍᠂ ᠴᠠᠬᠢᠯᠭᠠᠨ ᠵᠠᠳᠠᠯᠤᠯ ᠤ᠋ᠨ ᠬᠦᠨᠭᠭᠡᠨᠴᠠᠭᠠᠨ ᠡᠴᠡ ᠬᠦᠨᠭᠭᠡᠨᠴᠠᠭᠠᠨ ᠤ᠋  ᠨᠠᠷᠢᠯᠢᠭ ᠡᠳ᠋ᠰᠢᠭᠦᠯᠬᠦ ᠦᠢᠯᠡᠳᠬᠦᠨ ᠬᠦᠷᠲᠡᠯ᠎ᠡ᠂ ᠦᠢᠯᠡᠳᠬᠦᠨ᠎ᠦ ᠥᠷᠲᠡᠭ ᠨᠢ ᠪᠠᠰᠠ 10% ᠡᠴᠡ 30% ᠳᠡᠭᠡᠭᠰᠢᠯᠡᠵᠡᠢ᠃ ᠦᠢᠯᠡᠳᠬᠦᠨ ᠤ᠋ ᠲᠠᠰᠤᠷᠠᠯᠲᠠ᠎ᠦᠭᠡᠢ ᠳᠡᠰ ᠳᠡᠪᠰᠢᠬᠦ ᠵᠢ ᠳᠠᠭᠠᠯᠳᠤᠨ᠂ ᠬᠦᠨᠭᠭᠡᠨᠴᠠᠭᠠᠨ ᠤ᠋ ᠨᠠᠷᠢᠯᠢᠭ ᠡᠳ᠋ᠰᠢᠭᠦᠯᠬᠦ ᠦᠢᠯᠡᠳᠬᠦᠨ ᠤ᠋ ᠨᠡᠮᠡᠯᠲᠡ ᠥᠷᠲᠡᠭ ᠨᠢ ᠲᠣᠨ ᠪᠦᠷᠢ 1000 ᠲᠦᠭᠦᠷᠢᠭ ᠪᠠᠢᠬᠰᠠᠨ ᠡᠴᠡ ᠲᠣᠨ ᠪᠦᠷᠢ 5000 ᠲᠥᠭᠦᠷᠢᠭ ᠪᠣᠯᠪᠡ᠃

ᠡᠨᠡ᠎ᠬᠦ᠌ ᠠᠵᠤ ᠦᠢᠯᠡᠰ ᠤ᠋ᠨ ᠬᠡᠯᠬᠢᠶ᠎ᠡ ᠨᠢ ᠬᠤᠤᠯᠢᠨ ᠭᠤᠤᠯ ᠢ᠋ 《ᠲᠦᠭᠦᠬᠡᠢ ᠮᠠᠲᠧᠷᠢᠶᠠᠯ ᠭᠠᠷᠭᠠᠬᠤ ᠭᠠᠵᠠᠷ》 ᠤ᠋ᠨ ᠤᠯᠠᠮᠵᠢᠯᠠᠯᠲᠤ᠌ ᠪᠠᠶ᠋ᠢᠷᠢ ᠲᠣᠭᠲᠠᠭᠠᠯᠲᠠ ᠡᠴᠡ ᠲᠦᠢᠯᠪᠤᠷᠢᠲᠠᠢ ᠰᠠᠯᠭᠠᠵᠤ᠂ ᠠᠵᠤ ᠦᠢᠯᠡᠰ ᠤ᠋ᠨ ᠬᠥᠭᠵᠢᠯᠲᠡ ᠶ᠋ᠢᠨ ᠰᠠᠨᠠᠭᠠᠴᠢᠯᠠᠭᠠᠲᠤ᠌ ᠡᠷᠬᠡ ᠵᠢ ᠡᠵᠡᠮᠳᠡᠭᠦᠯᠦᠭᠰᠡᠨ ᠢ᠋ᠶ᠋ᠡᠷ ᠪᠠᠷᠠᠬᠤ᠎ᠦᠭᠡᠢ᠂ ᠨᠠᠩ᠎ᠴᠤ᠌ ᠮᠢᠩᠭᠠᠨ ᠳ᠋ᠦᠩᠰᠢᠭᠤᠷ ᠲᠥᠬᠥᠷᠢᠭ ᠎ᠤᠨ ᠠᠵᠤ ᠦᠢᠯᠡᠳᠪᠦᠷᠢ ᠶ᠋ᠢᠨ ᠦᠢᠯᠡᠳᠬᠦᠨ ᠤ᠋ ᠥᠷᠲᠡᠭ ᠢ᠋ ᠲᠤᠯᠭᠠᠭᠤᠷᠢᠯᠠᠬᠤ ᠬᠠᠮᠤᠭ ᠤ᠋ᠨ ᠪᠠᠲᠤ᠌ ᠪᠠᠬᠢ ᠰᠠᠭᠤᠷᠢ ᠪᠣᠯᠵᠠᠢ᠃

《ᠨᠡᠭᠦᠷᠡᠰᠦᠲᠦᠶ᠋ᠷᠦᠭᠴᠢ ᠶ᠋ᠢᠨ ᠱᠠᠭᠠᠷᠳᠠᠯᠭ᠎ᠠ》  ᠵᠢ 《ᠨᠡᠭᠦᠷᠡᠰᠦᠲᠦᠶ᠋ᠷᠦᠭᠴᠢ ᠶ᠋ᠢᠨ ᠳᠠᠪᠠᠭᠤᠯᠢᠭ》 ᠪᠣᠯᠭᠠᠨ ᠪᠦᠲᠦᠭᠡᠨ ᠪᠠᠶ᠋ᠢᠭᠤᠯᠵᠤ᠂ ᠪᠣᠬᠢᠷᠲᠤᠯ᠎ᠦᠭᠡᠢ ᠲᠠᠢᠰᠢ ᠬᠡᠯᠪᠡᠷᠢ ᠪᠠᠨ ᠬᠤᠪᠢᠷᠠᠭᠤᠯᠬᠤ ᠰᠢᠨ᠎ᠡ ᠵᠠᠮ ᠢ᠋ᠶ᠋ᠡᠷ ᠵᠠᠮᠨᠠᠪᠠ

《ᠬᠤᠤᠰ ᠨᠡᠭᠦᠷᠡᠰᠦᠲᠦᠶ᠋ᠷᠦᠭᠴᠢ》  ᠶ᠋ᠢᠨ ᠠᠬᠤᠢ ᠪᠠᠶ᠋ᠢᠳᠠᠯ ᠳᠣᠤᠷ᠎ᠠ᠂ ᠮᠠᠨ ᠤ᠋ ᠤᠯᠤᠰ ᠡᠨᠧᠷᠭᠢ ᠶ᠋ᠢᠨ ᠬᠤᠷᠤᠭᠳᠠᠯ ᠤ᠋ᠨ ᠬᠤᠤᠰ ᠡᠵᠡᠮᠳᠡᠯ ᠡᠴᠡ ᠨᠡᠭᠦᠷᠡᠰᠦᠲᠦᠶ᠋ᠷᠦᠭᠴᠢ ᠶ᠋ᠢᠨ ᠭᠠᠳᠠᠭᠰᠢᠯᠠᠭᠤᠯᠤᠯᠲᠠ ᠶ᠋ᠢᠨ ᠬᠤᠤᠰ ᠡᠵᠡᠮᠳᠡᠯ ᠲᠡᠢᠰᠢ ᠪᠦᠬᠦ ᠲᠠᠯ᠎ᠠ ᠪᠡᠷ ᠬᠡᠯᠪᠡᠷᠢ ᠪᠠᠨ ᠬᠤᠪᠢᠷᠠᠭᠤᠯᠬᠤ ᠶ᠋ᠢᠨ ᠬᠠᠮᠲᠤ᠌ ᠪᠦᠬᠦ᠌ ᠪᠥᠮᠪᠦᠷᠴᠡᠭ ᠤ᠋ᠨ ᠪᠣᠬᠢᠷᠲᠤᠯ᠎ᠦᠭᠡᠢ ᠠᠷᠠᠯᠵᠢᠶᠠᠨ ᠤ᠋ ᠲᠦᠷᠢᠮ ᠡᠳᠦᠷ ᠢᠷᠡᠬᠦᠶ᠎ᠡ ᠴᠢᠩᠭᠠᠷᠠᠵᠤ᠂ ᠨᠡᠭᠦᠷᠡᠰᠦᠲᠦᠶ᠋ᠷᠦᠭᠴᠢ ᠶ᠋ᠢᠨ ᠪᠣᠭᠤᠮᠲᠠ ᠶ᠋ᠢᠨ ᠭᠠᠶ᠋ᠢᠯᠢ᠂ ᠨᠡᠭᠦᠷᠡᠰᠦᠲᠦᠶ᠋ᠷᠦᠭᠴᠢ ᠶ᠋ᠢᠨ ᠤᠯᠠ ᠮᠥᠷ ᠤ᠋ᠨ ᠲᠣᠭᠠᠴᠠᠭ᠎ᠠ ᠬᠢᠬᠦ ᠨᠢ ᠬᠦᠩᠭᠡᠨᠴᠠᠭᠠᠨ ᠤ᠋ ᠦᠢᠯᠡᠳᠬᠦᠨ ᠢ᠋ ᠤᠯᠠᠨ ᠤᠯᠤᠰ ᠤ᠋ᠨ ᠵᠠᠬ᠎ᠠ ᠳᠡᠯᠭᠡᠭᠦᠷ ᠲᠦ᠍ ᠭᠠᠷᠭᠠᠬᠤ ᠴᠢᠬᠤᠯᠠ ᠪᠠᠷᠢᠮᠵᠢᠶ᠎ᠠ ᠪᠣᠯᠪᠠ᠃ᠡᠨᠡ᠎ᠬᠦ᠌ ᠪᠠᠶ᠋ᠢᠳᠠᠯ ᠤ᠋ᠨ ᠡᠮᠦᠨ᠎ᠡ᠂ ᠬᠤᠤᠯᠢᠨ ᠭᠤᠤᠯ ᠬᠤᠲᠠ ᠶ᠋ᠢᠨ ᠬᠢᠨ ᠪᠠᠭ᠎ᠠ ᠨᠡᠭᠦᠷᠡᠰᠦᠲᠦᠶ᠋ᠷᠦᠭᠴᠢᠲᠦ᠍ ᠲᠡᠢᠰᠢ ᠬᠡᠯᠪᠡᠷᠢ ᠪᠠᠨ ᠬᠤᠪᠢᠷᠠᠭᠤᠯᠬᠤ ᠵᠢ ᠠᠵᠤ ᠦᠢᠯᠡᠰ ᠤ᠋ᠨ ᠲᠠᠰ ᠳᠡᠪᠰᠢᠬᠦ᠌ ᠠᠵᠠ ᠲᠣᠬᠢᠶᠠᠯ ᠪᠣᠯᠭᠠᠵᠤ᠂ 《ᠨᠡᠭᠦᠷᠡᠰᠦᠨ ᠴᠠᠬᠢᠯᠭᠠᠨ ᠤ᠋ ᠵᠠᠳᠠᠯᠤᠯ ᠤ᠋ᠨ ᠬᠦᠩᠭᠡᠨᠴᠠᠭᠠᠨ ᠤ᠋ ᠬᠤᠲᠠ》 ᠡᠴᠡ 《ᠪᠤᠬᠢᠷᠲᠤᠯ ᠦᠭᠡᠢ ᠴᠠᠬᠢᠯᠭᠠᠨ ᠤ᠋ ᠵᠠᠳᠠᠯᠤᠯ ᠤ᠋ᠨ ᠬᠦᠩᠭᠡᠨᠴᠠᠭᠠᠨ ᠤ᠋ ᠬᠤᠲᠠ》ᠲᠡᠢᠰᠢ ᠪᠥᠬᠦ᠌ ᠲᠠᠯ᠎ᠠ ᠪᠡᠷ ᠬᠡᠯᠪᠡᠷᠢ ᠪᠠᠨ ᠬᠤᠪᠢᠷᠠᠭᠤᠯᠪᠠ᠃

ᠪᠤᠬᠢᠷᠲᠤᠯ ᠦᠭᠡᠢ ᠴᠠᠬᠢᠯᠭᠠᠨ ᠪᠣᠯ ᠶᠠᠭ ᠪᠤᠭᠤᠮᠲᠠ ᠰᠢᠪᠲᠤᠯᠬᠤ 《ᠭᠣᠤᠯ ᠨᠢᠭᠤᠴᠠ ᠨᠣᠮᠧᠷ》 ᠮᠥᠨ᠃ ᠲᠤᠬᠠᠢ ᠶ᠋ᠢᠨ ᠭᠠᠵᠠᠷ ᠤ᠋ᠨ ᠬᠢᠨ ᠰᠢᠨ᠎ᠡ ᠡᠨᠧᠷᠭᠢ ᠵᠢ ᠨᠡᠭᠡᠭᠡᠨ ᠬᠥᠭᠵᠢᠭᠦᠯᠬᠦ᠂ ᠡᠨᠧᠷᠭᠢ ᠬᠠᠳᠠᠭᠠᠯᠠᠬᠤ ᠲᠦᠬᠦᠭᠡᠷᠦᠮᠵᠢ ᠵᠢ ᠢᠵᠢ ᠪᠦᠷᠢᠳᠦᠭᠦᠯᠬᠦ᠂ ᠴᠠᠬᠢᠯᠭᠠᠨ ᠲᠣᠤᠷ ᠢ᠋ ᠲᠡᠰ ᠳᠡᠪᠰᠢᠬᠦᠯᠬᠦ ᠵᠢ ᠨᠢᠭᠡᠳᠦᠯᠲᠡᠢ ᠲᠥᠯᠦᠪᠵᠢᠭᠦᠯᠵᠦ᠂ ᠰᠠᠯᠬᠢᠨ ᠬᠦᠴᠦᠨ ᠤ᠋ ᠴᠠᠬᠢᠯᠭᠠᠨ᠂ ᠭᠡᠷᠡᠯᠴᠢ ᠴᠡᠨᠡᠭ ᠵᠡᠷᠭᠡ ᠰᠢᠨ᠎ᠡ ᠡᠨᠧᠷᠭᠢ ᠵᠢ ᠶᠡᠬᠡ ᠪᠡᠷ ᠬᠥᠭᠵᠢᠭᠦᠯᠵᠦ᠍᠂ ᠤᠯᠠᠨ ᠡᠨᠧᠷᠭᠢ ᠬᠠᠷᠢᠯᠴᠠᠨ ᠨᠥᠬᠦᠪᠦᠷᠢᠯᠡᠬᠦ᠌ ᠡᠨᠧᠷᠭᠢ ᠶ᠋ᠢᠨ ᠰᠢᠰᠲᠧᠮ ᠢ᠋ ᠪᠠᠶ᠋ᠢᠭᠤᠯᠵᠤ᠂ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ᠂ ᠨᠡᠮᠡᠭᠳᠡᠯ ᠴᠠᠬᠢᠯᠭᠠᠨ ᠲᠦᠭᠡᠭᠡᠬᠦ ᠲᠣᠤᠷ ᠤ᠋ᠨ ᠪᠦᠳᠦᠭᠡᠨ ᠪᠠᠶ᠋ᠢᠭᠤᠯᠤᠯᠲᠠ ᠵᠢ ᠵᠡᠷᠭᠡ ᠪᠡᠷ ᠠᠬᠢᠭᠤᠯᠵᠤ᠂ 《ᠡᠨᠧᠷᠬᠢ — ᠲᠤᠤᠷ — ᠳᠠᠭᠠᠭᠠᠴᠠ — ᠨᠦᠬᠡᠴᠡ》 ᠢ᠋ ᠨᠢᠭᠡ ᠴᠤᠭᠴᠠᠵᠢᠭᠤᠯᠤᠭᠰᠠᠨ ᠤᠶᠤᠨᠴᠢ ᠴᠠᠬᠢᠯᠭᠠᠨ ᠲᠣᠤᠷ ᠢ᠋ ᠪᠠᠶ᠋ᠢᠭᠤᠯᠵᠤ᠂ ᠰᠢᠨ᠎ᠡ ᠡᠨᠧᠷᠭᠢ ᠵᠢ ᠰᠢᠩᠭᠡᠭᠡᠨ ᠠᠰᠢᠬᠯᠠᠬᠤ ᠪᠠ ᠪᠣᠬᠢᠷᠲᠤᠯ᠎ᠦᠭᠡᠢ ᠴᠠᠬᠢᠯᠭᠠᠨ ᠢ᠋ ᠲᠣᠭᠲᠠᠭᠤᠨ ᠢ᠋ᠶ᠋ᠡᠷ ᠬᠠᠩᠭᠠᠬᠤ ᠠᠵᠢᠯ ᠲᠦᠷᠦᠯ ᠤ᠋ᠨ ᠬᠦᠴᠢᠷ ᠠᠰᠠᠭᠤᠳᠠᠯ ᠢ᠋ ᠡᠬᠢ ᠡᠭᠦᠰᠦᠯ ᠡᠴᠡ ᠨᠢ ᠰᠢᠢᠳᠪᠦᠷᠢᠯᠡᠪᠡ ᠃

ᠵᠣᠷᠢᠭᠲᠠᠢ ᠪᠡᠷ ᠬᠠᠢᠨ ᠰᠦᠪᠡᠭᠴᠢᠯᠡᠬᠦ ᠵᠤᠷᠢᠭ ᠰᠠᠨᠠᠭ᠎ᠠ ᠨᠢ ᠨᠢᠭᠡᠨᠲᠡ ᠦᠨᠡᠨ ᠪᠣᠳᠠᠲᠠᠢ ᠠᠵᠤ ᠦᠢᠯᠡᠰ᠎ᠦᠨ ᠳᠠᠪᠠᠭᠤᠯᠢᠭ ᠪᠣᠯᠵᠤ ᠬᠤᠪᠢᠷᠠᠪᠠ ᠃ ᠣᠲᠤ᠌ ᠪᠣᠯᠲᠠᠯ᠎ᠠ ᠂ ᠪᠥᠬᠦ᠌ ᠬᠤᠲᠠ ᠶ᠋ᠢᠨ 450 ᠲᠦᠮᠡᠨ ᠺᠢᠯᠤᠸᠠᠲ ᠤ᠋ᠨ ᠰᠢᠨ᠎ᠡ ᠡᠨᠧᠷᠭᠢ ᠶ᠋ᠢᠨ ᠮᠠᠰᠢᠨ ᠴᠣᠭᠴᠠᠯᠠᠪᠤᠷᠢ ᠵᠢ ᠪᠦᠲᠦᠭᠡᠨ ᠪᠠᠶ᠋ᠢᠭᠤᠯᠤᠨ ᠲᠤᠤᠷ ᠲᠦ᠍ ᠵᠠᠯᠭᠠᠵᠤ᠂ ᠪᠦᠬᠦ ᠮᠠᠰᠢᠨ ᠴᠤᠬᠴᠠᠯᠠᠪᠤᠷᠢ ᠳ᠋ᠡᠬᠢ ᠡᠵᠡᠯᠡᠬᠦ ᠬᠤᠪᠢ ᠶ᠋ᠢᠨ ᠵᠢᠩ ᠨᠢ 2020 ᠣᠨ ᠤ᠋ 6% ᠪᠠᠢᠬᠰᠠᠨ ᠡᠴᠡ ᠳᠡᠭᠡᠭᠰᠢᠯᠡᠭᠡᠳ 48% ᠪᠣᠯᠵᠤ ᠂ 2026 ᠣᠨ ᠤ᠋ ᠪᠥᠬᠦ᠌ ᠵᠢᠯ ᠳ᠋ᠤ ᠪᠤᠬᠢᠷᠲᠤᠯ ᠦᠭᠡᠢ ᠴᠠᠬᠢᠯᠭᠠᠨ ᠭᠠᠷᠭᠠᠬᠤ ᠬᠡᠮᠵᠢᠶ᠎ᠡ ᠵᠢ 90 ᠳ᠋ᠦᠩᠰᠢᠭᠤᠷ ᠭᠷᠠᠳᠦ᠋ᠰ ᠡᠴᠡ ᠳᠡᠭᠡᠭᠰᠢ ᠪᠣᠯᠭᠠᠬᠤ ᠪᠠᠷ ᠵᠢᠱ᠌ᠢᠵᠦ᠂ 20 ᠭᠠᠷᠤᠢ ᠵᠢᠯ ᠤ᠋ᠨ ᠬᠦᠭᠵᠢᠯᠲᠡ ᠪᠡᠷ ᠳᠠᠮᠵᠢᠨ ᠨᠡᠭᠦᠷᠡᠰᠦᠨ ᠴᠠᠬᠢᠯᠭᠠᠨ ᠤ᠋ ᠵᠠᠳᠠᠯᠤᠯ ᠤ᠋ᠨ ᠬᠦᠩᠭᠡᠨᠴᠠᠭᠠᠨ ᠤ᠋ ᠠᠵᠤ ᠦᠢᠯᠡᠰ ᠤ᠋ᠨ ᠬᠦᠭᠵᠢᠯᠲᠡ ᠶ᠋ᠢᠨ ᠬᠡᠯᠪᠡᠷᠢ ᠵᠢ ᠦᠨᠡᠨ᠎ᠬᠦ᠌ 《ᠪᠤᠬᠢᠷᠲᠤᠯ ᠦᠭᠡᠢ》 ᠲᠡᠢᠰᠢ ᠬᠤᠪᠢᠷᠠᠭᠤᠯᠪᠠ᠃ 《 ᠣᠳᠤᠬᠠᠨ ᠳ᠋ᠤ᠂ ᠪᠥᠬᠦ᠌ ᠬᠤᠲᠠ ᠶ᠋ᠢᠨ ᠴᠠᠬᠢᠯᠭᠠᠨ ᠵᠠᠳᠠᠯᠤᠯ ᠤ᠋ᠨ ᠬᠦᠨᠭᠭᠡᠨᠴᠠᠭᠠᠨ ᠤ᠋ ᠠᠵᠢᠯ ᠲᠥᠷᠦᠯ ᠤ᠋ᠨ ᠪᠤᠬᠢᠷᠲᠤᠯ ᠦᠭᠡᠢ ᠴᠠᠬᠢᠯᠭᠠᠨ ᠤ᠋ ᠡᠵᠡᠯᠡᠬᠦ᠌ ᠬᠠᠷᠢᠴᠠᠯ ᠨᠢ 31.7% ᠳ᠋ᠤ ᠬᠦᠷᠴᠦ᠍᠂ ᠬᠦᠨᠭᠭᠡᠨᠴᠠᠭᠠᠨ ᠤ᠋ ᠨᠠᠷᠢᠯᠢᠭ ᠡᠳ᠋ᠰᠢᠭᠦᠯᠦᠯᠲᠡ ᠶ᠋ᠢᠨ ᠪᠤᠬᠢᠷᠲᠤᠯ ᠦᠭᠡᠢ ᠴᠠᠬᠢᠯᠭᠠᠨ ᠤ᠋ ᠡᠵᠡᠯᠡᠬᠦ᠌ ᠬᠠᠷᠢᠴᠠᠯ ᠨᠢ 60% ᠡᠴᠡ ᠳᠡᠭᠡᠭᠰᠢ ᠳ᠋ᠤ ᠬᠦᠷᠴᠦ᠍᠂ ᠬᠦᠨᠭᠭᠡᠨᠴᠠᠭᠠᠨ ᠤ᠋ ᠰᠢᠨᠭᠭᠡᠨ ᠡᠴᠡ ᠬᠦᠨᠭᠭᠡᠨᠴᠠᠭᠠᠨ ᠤ᠋ ᠨᠠᠷᠢᠯᠢᠭ ᠡᠳ᠋ᠰᠢᠭᠦᠯᠦᠯᠲᠡ ᠶ᠋ᠢᠨ ᠦᠢᠯᠡᠳᠬᠦᠨ ᠬᠦᠷᠲᠡᠯ᠎ᠡ᠂ ᠪᠥᠬᠦ᠌ ᠶᠠᠪᠤᠴᠠ ᠶ᠋ᠢᠨ ᠪᠣᠬᠢᠷᠲᠤᠯ ᠥᠬᠡᠢ ᠪᠠᠭ᠎ᠠ ᠨᠡᠭᠦᠷᠡᠰᠦᠲᠦ᠋ᠷᠦᠭᠴᠢᠲᠦ ᠪᠠᠢᠬᠤ ᠵᠢ ᠪᠠᠶᠠᠯᠠᠬᠦᠯᠪᠠ》ᠭᠡᠵᠦ ᠬᠤᠤᠯᠢᠨ ᠭᠤᠤᠯ ᠬᠤᠲᠠ ᠶ᠋ᠢᠨ ᠡᠨᠧᠷᠭᠢ ᠶ᠋ᠢᠨ ᠲᠣᠪᠴᠢᠶ᠎ᠠ᠎ᠵᠢᠨ ᠳᠠᠷᠤᠭ᠎ᠠ ᠭᠦᠸᠧ ᠶᠠᠨ ᠺᠦᠨ ᠬᠡᠯᠡᠨ᠎ᠠ᠃

ᠠᠵᠤ ᠦᠢᠯᠡᠳᠪᠦᠷᠢ ᠶ᠋ᠢᠨ ᠮᠡᠷᠭᠡᠵᠢᠯ ᠤ᠋ᠨ ᠥᠭᠡᠷᠡᠴᠢᠯᠡᠯᠲᠡ ᠵᠢ ᠵᠡᠷᠭᠡ ᠪᠡᠷ ᠶᠠᠪᠤᠭᠳᠠᠭᠤᠯᠪᠠ᠃ ᠠᠵᠢᠯ ᠲᠥᠷᠦᠯ᠎ᠦᠨ ᠲᠡᠷᠢᠭᠦᠨ᠎ᠦ ᠡᠨᠧᠷᠭᠢ ᠠᠷᠪᠢᠯᠠᠬᠤ ᠴᠠᠬᠢᠯᠭᠠᠨ ᠵᠠᠳᠠᠯᠤᠯᠲᠠ ᠶ᠋ᠢᠨ ᠤᠨᠭᠭᠤᠴᠠ ᠶ᠋ᠢᠨ ᠮᠡᠷᠭᠡᠵᠢᠯ ᠢ᠋ ᠳᠡᠯᠭᠡᠷᠡᠭᠦᠯᠦᠨ ᠬᠡᠷᠡᠭᠯᠡᠵᠦ᠍᠂ ᠬᠦᠨᠭᠭᠡᠨᠴᠠᠭᠠᠨ ᠤ᠋ ᠰᠢᠩᠭᠡᠨ ᠤ᠋ ᠶᠡᠷᠦᠩᠬᠡᠢᠯᠡᠭᠰᠡᠨ ᠬᠤᠪᠢᠰᠤᠮᠠᠯ ᠭᠦᠶᠦᠳᠡᠯᠲᠤ ᠴᠠᠬᠢᠯᠭᠠᠨ ᠤ᠋ ᠬᠤᠷᠤᠬᠳᠡᠯ 13000 ᠺᠢᠯᠤᠸᠠᠲ ᠴᠠᠭ / ᠲᠣᠨ ᠲᠦ᠍ ᠬᠦᠷᠪᠡ᠃ ᠣᠯᠠᠨ ᠵᠢᠯ ᠤ᠋ᠨ ᠪᠣᠭᠤᠮᠲᠠ ᠰᠢᠪᠲᠤᠯᠬᠤ ᠪᠠᠷ ᠳᠠᠮᠵᠢᠭᠤᠯᠤᠨ᠂ ᠪᠥᠬᠦ᠌ ᠬᠤᠲᠠ ᠶ᠋ᠢᠨ ᠨᠢᠭᠡᠴᠢGDP ᠶ᠋ᠢᠨ ᠡᠨᠧᠷᠭᠢ ᠶ᠋ᠢᠨ ᠬᠤᠷᠤᠭᠳᠠᠯ ᠤ᠋ᠨ ᠡᠷᠴᠢᠮ 2020 ᠣᠨ ᠤ᠋ ᠬᠢ ᠡᠴᠡ 32% ᠢ᠋ᠶ᠋ᠡᠷ ᠪᠠᠭᠤᠷᠠᠵᠤ᠂ ᠪᠣᠬᠢᠷᠲᠤᠯ ᠥᠬᠡᠢ ᠬᠦᠩᠭᠡᠨᠴᠠᠭᠠᠨ ᠤ᠋ ᠰᠢᠨ᠎ᠡ ᠮᠠᠲᠧᠷᠢᠶᠠᠯ ᠤ᠋ᠨ ᠠᠵᠤ ᠦᠢᠯᠡᠰ ᠨᠢ ᠥᠪᠡᠷᠲᠡᠭᠡᠨ ᠵᠠᠰᠠᠬᠤ ᠣᠷᠤᠨ ᠤ᠋ ᠲᠡᠷᠢᠭᠦᠨ ᠤ᠋ ᠦᠢᠯᠡᠳᠬᠦ᠌ ᠦᠢᠯᠡᠰ ᠤ᠋ᠨ ᠪᠦᠯᠦᠭᠵᠢᠯ ᠳ᠋ᠤ ᠰᠣᠩᠭᠤᠭᠳᠠᠪᠠ᠃

《ᠨᠡᠭᠦᠷᠡᠰᠦᠲᠦᠷᠦᠭᠴᠢ ᠶ᠋ᠢᠨ ᠳᠠᠷᠤᠭᠠᠰᠤ》 ᠵᠢ ᠠᠷᠢᠯᠭᠠᠵᠤ᠂ ᠪᠣᠬᠢᠷᠲᠤᠯ᠎ᠦᠭᠡᠢ ᠪᠠᠭ᠎ᠠ ᠨᠡᠭᠦᠷᠡᠰᠦᠲᠦᠷᠦᠭᠴᠢᠲᠤ ᠪᠠᠢᠬᠤ ᠨᠢ ᠶᠠᠭ ᠲᠤᠬᠠᠢ ᠶ᠋ᠢᠨ ᠭᠠᠵᠠᠷ ᠤ᠋ᠨ ᠬᠦᠨᠭᠭᠡᠨᠴᠠᠭᠠᠨ ᠤ᠋ ᠦᠢᠯᠡᠳᠬᠦᠨ᠎ᠦ ᠤᠯᠠᠨ ᠤᠯᠤᠰ ᠪᠠ ᠤᠯᠤᠰ ᠤ᠋ᠨ ᠳᠣᠲᠤᠭᠠᠳᠤ ᠶ᠋ᠢᠨ ᠵᠠᠬ᠎ᠠ ᠳᠡᠯᠭᠡᠭᠦᠷ᠎ᠦᠨ ᠥᠷᠢᠰᠦᠯᠳᠦᠭᠡᠨ ᠳ᠋ᠤ ᠣᠷᠤᠯᠴᠠᠬᠤ ᠬᠠᠮᠤᠭ ᠤ᠋ᠨ ᠴᠢᠨᠭᠭ᠎ᠠ ᠢᠳᠡ ᠬᠦᠴᠦᠨ ᠪᠣᠯᠵᠤ ᠪᠠᠢᠨ᠎ᠠ ᠃ ᠰᠢᠶᠤᠤ ᠮᠢ ᠵᠡᠷᠭᠡ ᠳᠡᠭᠡᠳᠦ ᠲᠠᠰ ᠤ᠋ᠨ ᠬᠡᠷᠡᠭᠯᠡᠭᠴᠢᠳ ᠤ᠋ᠨ ᠵᠠᠬᠢᠶᠠᠯᠠᠭ᠎ᠠ ᠎ᠵᠢ ᠵᠠᠯᠭᠠᠪᠠᠷ ᠲᠤᠰᠴᠤ᠂ ᠨᠢᠭᠡ ᠪᠦᠯᠦᠭ ᠪᠣᠬᠢᠷᠲᠤᠯ ᠥᠬᠡᠢ ᠴᠠᠬᠢᠯᠭᠠᠨ ᠵᠠᠳᠠᠯᠤᠯ ᠤ᠋ᠨ ᠬᠥᠩᠭᠡᠨᠴᠠᠭᠠᠨ ᠤ᠋ ᠦᠢᠯᠡᠳᠬᠦᠨ ᠣᠷᠤᠰ᠂ ᠠᠷᠠᠪ ᠤ᠋ᠨ ᠬᠤᠯᠪᠤᠭᠠᠲᠤ ᠠᠬᠠᠮᠠᠳᠲᠤ᠌ ᠤᠯᠤᠰ᠂ ᠠᠹᠷᠢᠺᠠ ᠲᠢᠪ ᠂ ᠺᠣᠷᠢᠶᠠ ᠵᠡᠷᠭᠡ ᠣᠯᠠᠨ ᠤᠯᠤᠰ ᠪᠠ ᠭᠠᠵᠠᠷ ᠣᠷᠤᠨ ᠳ᠋ᠤ ᠪᠣᠷᠤᠯᠠᠭᠤᠯᠤᠭᠳᠠᠵᠤ ᠪᠠᠶ᠋ᠢᠨ᠎ᠠ᠃

ᠪᠥᠬᠦ᠌ ᠶᠠᠪᠤᠴᠠ ᠶ᠋ᠢᠨ ᠦᠢᠯᠡᠴᠢᠯᠡᠭᠡᠨ ᠤ᠋ ᠰᠢᠰᠲᠧᠮ ᠢ᠋ ᠪᠣᠢ ᠪᠣᠯᠭᠠᠵᠤ᠂ ᠠᠵᠤ ᠤᠶ᠋ᠢᠯᠡᠰ ᠲᠥᠪᠯᠡᠷᠡᠭᠰᠡᠨ ᠬᠦᠴᠦᠷᠬᠡᠭ ᠰᠣᠷᠢᠨᠵᠢᠨ ᠣᠷᠤᠨ ᠢ᠋ ᠪᠠᠶ᠋ᠢᠭᠤᠯᠪᠠ

2025 ᠣᠨ ᠤ᠋ 11 ᠰᠠᠷ᠎ᠠ ᠶ᠋ᠢᠨ 24 ᠤ᠋ ᠡᠳᠦᠷ᠂ ᠴᠠᠬᠢᠯᠭᠠᠨ ᠵᠠᠳᠠᠯᠤᠯ ᠤ᠋ᠨ ᠬᠦᠩᠭᠡᠨᠴᠠᠭᠠᠨ ᠤ᠋ ᠳᠠᠭᠠᠭᠤᠯᠤᠬᠴᠢ ᠠᠵᠤ ᠠᠬᠤᠶ᠋ᠢᠯᠠᠯ ᠪᠤᠯᠬᠤ ᠰᠢᠨ᠎ᠡ ᠵᠢ ᠡᠭᠦᠳᠬᠦ᠌ ᠪᠣᠳᠠᠲᠤ᠌ ᠦᠢᠯᠡᠰ ᠤ᠋ᠨ ᠪᠦᠯᠦᠭᠯᠡᠯ ᠺᠣᠮᠫᠠᠨᠢ ᠰᠢᠶᠠᠨᠭᠭᠠᠩ ᠤ᠋ᠨ ᠠᠷᠠᠯᠵᠢᠶᠠᠯᠠᠬᠤ ᠵᠢᠴᠢ ᠲᠠᠰᠤᠯᠤᠨ ᠪᠤᠳᠤᠬᠤ ᠭᠠᠵᠠᠷ ᠲᠦ᠍ ᠰᠲ᠋ᠤᠺ ᠢ᠋ᠶ᠋ᠡᠨ ᠵᠠᠬ᠎ᠠ ᠳᠡᠯᠭᠡᠭᠦᠷ ᠲᠦ᠍ ᠭᠠᠷᠭᠠᠵᠤ᠂ ᠬᠤᠤᠯᠢᠨ ᠭᠤᠤᠯ ᠬᠤᠲᠠ ᠶ᠋ᠢᠨ ᠰᠲ᠋ᠤᠺ ᠢ᠋ᠶ᠋ᠡᠨ ᠵᠠᠬ᠎ᠠ ᠳᠡᠯᠭᠡᠭᠦᠷ ᠲᠦ᠍ ᠭᠠᠷᠭᠠᠬᠰᠠᠨ ᠠᠵᠤ ᠠᠬᠤᠢᠯᠠᠯ ᠪᠠᠰᠠ ᠨᠢᠭᠡ ᠨᠡᠮᠡᠭᠳᠡᠪᠡ᠃

2012 ᠣᠨ ᠳ᠋ᠤ ᠲᠤᠰ ᠠᠵᠤ ᠠᠬᠤᠶ᠋ᠢᠯᠠᠯ ᠨᠢ ᠪᠦᠯᠦᠭᠯᠡᠯ ᠺᠤᠮᠫᠠᠨᠢ ᠶ᠋ᠢᠨ ᠰᠲ᠋ᠤᠺ ᠤ᠋ᠨ ᠡᠷᠬᠡ ᠪᠠᠨ ᠪᠠᠷᠢᠴᠠᠭᠠᠯᠠᠨ ᠲᠥᠷᠦᠯ ᠵᠦᠢᠯ ᠤ᠋ᠨ ᠪᠡᠯᠡ ᠮᠥᠩᠭᠦ ᠶ᠋ᠢᠨ ᠳᠤᠲᠠᠭᠤᠳᠠᠯ ᠢ᠋ ᠨᠥᠬᠦᠪᠦᠷᠢᠯᠡᠵᠦ᠍᠂ ᠡᠴᠦᠰ ᠲᠡᠭᠡᠨ ᠬᠤᠤᠯᠢᠨ ᠭᠤᠤᠯ ᠳ᠋ᠤ ᠨᠤᠳᠤᠭᠰᠢᠪᠠ᠃ ᠬᠤᠤᠯᠢᠨ ᠭᠤᠤᠯ ᠬᠤᠲᠠ ᠶ᠋ᠢᠨ ᠬᠢᠨ ᠡᠨᠡ᠎ᠬᠦ᠌ ᠢᠲᠡᠭᠡᠯ ᠢ᠋ ᠬᠦᠰᠡᠷᠳᠡᠭᠦᠯᠦᠭᠰᠡᠨ ᠦᠭᠡᠢ᠂ ᠲᠤᠬᠠᠢ ᠶ᠋ᠢᠨ ᠦᠶ᠎ᠡ ᠳ᠋ᠤ ᠡᠷᠡᠭᠦᠯ ᠬᠠᠮᠠᠭᠠᠯᠠᠯ ᠤ᠋ᠨ ᠲᠣᠪᠴᠢᠶ᠎ᠠ᠎ᠵᠢᠨ ᠳᠡᠳ᠋ ᠳᠠᠷᠤᠭ᠎ᠠ ᠶ᠋ᠢᠨ ᠲᠤᠰᠢᠶᠠᠯ ᠢ᠋ ᠡᠭᠦᠷᠭᠡᠯᠡᠵᠦ ᠪᠠᠢᠬᠰᠠᠨ ᠰᠢᠶᠧ ᠬᠤᠩ ᠲᠤᠤ ᠵᠢ ᠲᠤᠮᠢᠯᠠᠨ 7 ᠵᠢᠯ ᠠᠵᠤ ᠠᠬᠤᠶ᠋ᠢᠯᠠᠯ ᠤ᠋ᠨ ᠳᠡᠳ᠋ ᠶᠡᠷᠦᠩᠬᠡᠢ ᠳᠠᠭᠠᠭᠠᠮᠠᠯ ᠤ᠋ᠨ ᠲᠤᠰᠢᠶᠠᠯ ᠢ᠋ ᠡᠭᠦᠷᠭᠡᠯᠡᠭᠦᠯᠵᠦ᠂ ᠲᠦᠷᠦᠯ ᠵᠦᠢᠯ ᠤ᠋ᠨ ᠪᠦᠲᠦᠭᠡᠨ ᠪᠠᠢᠭᠤᠯᠤᠯᠲᠠ ᠡᠬᠢᠯᠡᠬᠦ ᠡᠴᠡ ᠵᠢᠩᠬᠢᠨᠢ ᠪᠡᠷ ᠠᠰᠢᠭᠯᠠᠯᠲᠠ ᠳ᠋ᠤ ᠣᠷᠤᠬᠤ᠂ ᠳᠠᠬᠢᠨ ᠠᠵᠤ ᠠᠬᠤᠶ᠋ᠢᠯᠠᠯ ᠲᠣᠭᠲᠠᠭᠤᠨ ᠢ᠋ᠶ᠋ᠡᠷ ᠡᠵᠡᠨᠭᠨᠡᠬᠦ ᠬᠦᠷᠲᠡᠯ᠎ᠡ᠂ ᠠᠵᠤ ᠠᠬᠤᠶ᠋ᠢᠯᠠᠯ ᠤ᠋ᠨ ᠬᠠᠮᠤᠭ ᠤ᠋ᠨ ᠬᠦᠴᠢᠷ ᠪᠡᠷᠬᠡᠰᠢᠶᠡᠯ ᠲᠠᠢ ᠤᠷᠳᠤ ᠬᠤᠭᠤᠴᠠᠭ᠎ᠠ ᠵᠢ ᠥᠩᠭᠡᠷᠡᠭᠦᠯᠬᠦ ᠳ᠋ᠤ ᠬᠦᠴᠦᠨ ᠨᠡᠮᠡᠷᠢᠯᠡᠪᠡ᠃

ᠡᠢᠮᠦᠷᠭᠦᠦ ᠲᠡᠳᠭᠦᠨ ᠳᠡᠮᠵᠢᠬᠰᠡᠨ ᠦᠯᠢᠭᠡᠷ ᠵᠢᠱ᠌ᠢᠶ᠎ᠡ ᠮᠠᠰᠢ ᠤᠯᠠᠨ ᠪᠤᠢ᠃ ᠬᠤᠤᠯᠢᠨ ᠭᠤᠤᠯ ᠬᠤᠲᠠ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ᠋ ᠰᠢᠯᠢᠳᠡᠭᠵᠢᠭᠦᠯᠬᠦ ᠵᠢ ᠲᠡᠷᠢᠬᠦᠨ ᠴᠢᠬᠤᠯᠠ ᠢᠨᠵᠧᠨᠧᠷᠢᠩ ᠪᠣᠯᠭᠠᠵᠤ᠂ ᠠᠷᠠᠯᠵᠢᠶᠠᠴᠢᠨ ᠤᠷᠢᠬᠤ ᠡᠴᠡ ᠰᠠᠭᠤᠷᠢᠰᠢᠵᠤ ᠡᠵᠡᠨᠭᠨᠡᠬᠦ ᠵᠢ ᠵᠥᠪᠰᠢᠶᠡᠷᠡᠬᠦ᠂ ᠠᠰᠢᠭᠯᠠᠯᠲᠠ ᠳ᠋ᠤ ᠣᠷᠤᠭᠤᠯᠵᠤ ᠡᠵᠡᠨᠭᠨᠡᠬᠦ ᠡᠴᠡ ᠠᠵᠤ ᠠᠬᠤᠶ᠋ᠢᠯᠠᠯ ᠤ᠋ᠨ ᠬᠥᠭᠵᠢᠯᠲᠡ ᠬᠦᠷᠲᠡᠯᠡᠬᠢ ᠪᠥᠬᠦ᠌ ᠶᠠᠪᠤᠴᠠ ᠶ᠋ᠢᠨ 《ᠮᠥᠷᠳᠡᠯᠲᠡ ᠶ᠋ᠢᠨ ᠮᠠᠶ᠍ᠢᠭ》 ᠤ᠋ᠨ ᠦᠢᠯᠡᠴᠢᠯᠡᠭᠡᠨ ᠤ᠋ ᠬᠡᠯᠬᠢᠶ᠎ᠡ ᠵᠢ ᠪᠠᠶ᠋ᠢᠭᠤᠯᠵᠤ᠂ ᠠᠵᠤ ᠦᠢᠯᠡᠰ ᠢ᠋ ᠲᠥᠪᠯᠡᠷᠡᠭᠦᠯᠦᠨ ᠬᠥᠭᠵᠢᠭᠦᠯᠬᠦ᠌ ᠬᠦᠴᠦᠷᠬᠡᠭ ᠰᠣᠷᠢᠨᠵᠢᠨ ᠣᠷᠤᠨ ᠢ᠋ ᠪᠠᠶ᠋ᠢᠭᠤᠯᠪᠠ᠃

ᠲᠥᠷᠦᠯ ᠵᠦᠢᠯ ᠤ᠋ᠨ ᠭᠡᠷ᠎ᠡ ᠲᠣᠭᠲᠠᠬᠤ ᠡᠴᠡ ᠡᠮᠦᠨ᠎ᠡ᠂ ᠵᠣᠬᠢᠶᠠᠨ ᠪᠠᠶ᠋ᠢᠭᠤᠯᠤᠭᠰᠠᠨ ᠡᠮᠦᠨᠡᠬᠢ ᠬᠤᠭᠤᠴᠠᠭᠠᠨ ᠤ᠋ ᠦᠢᠯᠡᠴᠢᠯᠡᠭᠡᠨ ᠤ᠋ ᠲᠤᠰᠭᠠᠢ ᠠᠩᠭᠢ ᠶ᠋ᠢᠨ ᠬᠢᠨ ᠭᠠᠵᠠᠷ ᠰᠣᠩᠭᠤᠬᠤ ᠵᠢ ᠤᠷᠢᠳᠴᠢᠯᠠᠨ ᠬᠢᠨᠠᠬᠤ᠂ ᠲᠥᠷᠦ ᠶ᠋ᠢᠨ ᠪᠣᠳᠤᠯᠭ᠎ᠠ ᠲᠠᠢ ᠲᠤᠬᠢᠷᠠᠭᠤᠯᠬᠤ᠂ ᠬᠢᠨᠠᠨ ᠵᠥᠪᠰᠢᠶᠡᠷᠡᠬᠦ᠌ ᠠᠷᠭ᠎ᠠ ᠵᠠᠮ ᠤ᠋ᠨ ᠲᠥᠯᠦᠪᠵᠢᠭᠦᠯᠭᠡ ᠵᠡᠷᠭᠡ ᠤᠷᠢᠳᠴᠢᠯᠠᠬᠰᠠᠨ ᠦᠢᠯᠡᠴᠢᠯᠡᠭᠡ ᠵᠢ ᠰᠠᠨᠠᠭᠠᠴᠢᠯᠠᠭ᠎ᠠ ᠡᠴᠡ ᠪᠠᠨ ᠬᠠᠩᠭᠠᠵᠤ᠂ ᠲᠥᠷᠦᠯ ᠵᠦᠢᠯ ᠢ᠋ ᠨᠠᠶ᠋ᠢᠳᠠᠪᠤᠷᠢᠵᠢᠭᠤᠯᠬᠤ ᠦᠶᠡᠯᠡᠯ ᠤ᠋ᠨ ᠬᠤᠭᠤᠴᠠᠭ᠎ᠠ ᠵᠢ ᠡᠬᠢ ᠡᠭᠦᠰᠦᠯ ᠡᠴᠡ ᠨᠢ ᠪᠣᠭᠤᠨᠢᠰᠭᠠᠪᠠ᠃ ᠲᠥᠷᠦᠯ ᠵᠦᠢᠯ ᠢ᠋ ᠨᠠᠶ᠋ᠢᠳᠠᠪᠤᠷᠢᠵᠢᠭᠤᠯᠤᠭᠰᠠᠨ ᠤ᠋ ᠳᠠᠷᠠᠭ᠎ᠠ᠂ 《ᠲᠥᠷᠦᠯ ᠵᠦᠢᠯ ᠤ᠋ᠨ ᠬᠠᠮᠢᠶᠠᠷᠤᠭᠴᠢ》 ᠶ᠋ᠢᠨ ᠬᠠᠪᠰᠤᠷᠤᠨ ᠭᠦᠢᠴᠡᠳᠬᠡᠵᠦ᠍ ᠣᠷᠤᠯᠠᠨ ᠭᠦᠢᠴᠡᠳᠬᠡᠬᠦ᠌ ᠲᠦᠷᠢᠮ ᠢ᠋ ᠬᠡᠷᠡᠭᠵᠢᠭᠦᠯᠵᠦ᠍᠂ ᠴᠢᠬᠤᠯᠠ ᠶᠡᠭᠡ ᠲᠥᠷᠦᠯ ᠵᠦᠢᠯ ᠳ᠋ᠤ ᠰᠢᠯᠢᠳᠡᠭ ᠺᠠᠳ᠋ᠷ ᠢ᠋ ᠰᠣᠩᠭᠤᠨ ᠲᠣᠮᠢᠯᠠᠵᠤ ᠨᠢᠭᠡ ᠨᠢᠭᠡ ᠪᠡᠷ ᠬᠠᠷᠠᠭᠠᠯᠵᠠᠭᠤᠯᠤᠨ ᠬᠠᠪᠰᠤᠷᠤᠨ ᠲᠡᠳᠬᠦᠪᠡ᠃ ᠬᠠᠬᠢᠷ ᠬᠦᠢᠲᠡᠨ᠂ ᠪᠠᠷᠢᠯᠭ᠎ᠠ ᠶ᠋ᠢᠨ ᠠᠵᠢᠯ ᠢ᠋ ᠦᠷᠨᠢᠭᠦᠯᠬᠦ ᠬᠤᠭᠤᠴᠠᠭ᠎ᠠ ᠣᠬᠤᠷ ᠪᠠᠶ᠋ᠢᠬᠤ ᠬᠦᠴᠢᠷ ᠠᠰᠠᠭᠤᠳᠠᠯ ᠳ᠋ᠤ ᠴᠢᠭᠯᠡᠭᠦᠯᠦᠨ᠂  《 5+N 》 ᠣᠯᠠᠨ ᠦᠨᠡᠮᠯᠡᠯ ᠢ᠋ ᠬᠠᠮᠲᠤᠷᠠᠨ ᠬᠢᠨᠠᠨ ᠵᠥᠪᠰᠢᠶᠡᠷᠡᠬᠦ᠌ ᠵᠠᠭᠪᠤᠷ ᠤ᠋ᠨ ᠰᠢᠨ᠎ᠡ ᠵᠢ ᠡᠭᠦᠳᠦᠨ ᠬᠡᠷᠡᠭᠵᠢᠭᠦᠯᠵᠦ᠍᠂ 《 ᠭᠠᠵᠠᠷ ᠰᠢᠷᠤᠢ ᠶ᠋ᠢᠨ ᠬᠡᠷᠡᠭᠯᠡᠯᠲᠡ ᠶ᠋ᠢᠨ ᠡᠷᠬᠡ ᠵᠢ ᠤᠯᠤᠮᠠᠬᠴᠠ ᠳᠠᠷᠤᠢ ᠠᠵᠢᠯ ᠡᠬᠢᠯᠡᠭᠦᠯᠬᠦ᠌ 》 ᠲᠦᠢᠯ ᠤ᠋ᠨ ᠬᠤᠷᠳᠤᠴᠠᠲᠤ ᠬᠢᠨᠠᠨ ᠵᠥᠪᠰᠢᠶᠡᠷᠡᠬᠦ᠌ ᠵᠠᠭᠪᠤᠷ ᠢ᠋ ᠪᠣᠢ ᠪᠣᠯᠭᠠᠵᠤ᠂ ᠲᠥᠷᠦᠯ ᠵᠦᠢᠯ ᠤ᠋ᠨ ᠪᠠᠷᠢᠯᠭ᠎ᠠ ᠶ᠋ᠢᠨ ᠠᠵᠢᠯ ᠢ᠋ ᠦᠷᠨᠢᠭᠦᠯᠬᠦ ᠴᠠᠭ ᠢ᠋ ᠤᠷᠳᠤᠳᠬᠠᠪᠠ᠃ ᠲᠥᠷᠦᠯ ᠵᠦᠢᠯ ᠢ᠋ ᠠᠰᠢᠭᠯᠠᠯᠲᠠ ᠳ᠋ᠤ ᠣᠷᠤᠭᠤᠯᠤᠭᠰᠠᠨ ᠤ᠋ ᠳᠠᠷᠠᠭ᠎ᠠ᠂ ᠦᠢᠯᠡᠴᠢᠯᠡᠭᠡ ᠵᠢ ᠦᠷᠭᠦᠯᠵᠢᠯᠡᠨ ᠬᠠᠨᠭᠭᠠᠵᠤ᠂ ᠠᠵᠤ ᠦᠢᠯᠡᠳᠪᠦᠷᠢ ᠶ᠋ᠢᠨ ᠬᠦᠷᠢᠶᠡᠯᠡᠩ ᠲᠣᠭᠤᠷᠢᠭ ᠢ᠋ 26 ᠲᠣᠣᠷᠵᠢᠯ᠎ᠪᠣᠯᠭᠠᠨ ᠬᠤᠪᠢᠶᠠᠵᠤ᠂ ᠲᠣᠣᠷᠵᠢᠯ ᠪᠦᠷᠢ ᠳ᠋ᠤ ᠠᠵᠤ ᠠᠬᠤᠶ᠋ᠢᠯᠠᠯ ᠳ᠋ᠤ ᠦᠢᠯᠡᠴᠢᠯᠡᠬᠦ᠌ ᠲᠤᠰᠭᠠᠢ ᠲᠤᠰᠢᠶᠠᠯᠲᠠᠨ ᠢ᠋ ᠲᠣᠬᠢᠷᠠᠭᠤᠯᠤᠨ᠂ 29 ᠵᠦᠢᠯ ᠤ᠋ᠨ ᠦᠨᠳᠦᠰᠦᠨ ᠦᠢᠯᠡᠴᠢᠯᠡᠭᠡ᠂ 10 ᠵᠦᠢᠯ ᠤ᠋ᠨ ᠨᠡᠮᠡᠯᠲᠡ ᠦᠢᠯᠡᠴᠢᠯᠡᠭᠡ ᠬᠠᠩᠭᠠᠬᠤ ᠶ᠋ᠢᠨ ᠬᠠᠮᠲᠤ᠌ ᠠᠵᠤ ᠠᠬᠤᠶ᠋ᠢᠯᠠᠯ ᠢ᠋ᠶ᠋ᠡᠷ ᠰᠤᠷᠪᠤᠯᠵᠢᠯᠠᠨ ᠬᠦᠰᠡᠯ ᠱᠠᠭᠠᠷᠳᠠᠯᠭ᠎ᠠ ᠵᠢ ᠨᠢ ᠤᠢᠯᠠᠭᠠᠬᠤ ᠵᠢ ᠪᠠᠢᠨᠭᠭᠤᠵᠢᠭᠤᠯᠤᠨ ᠦᠷᠨᠢᠭᠦᠯᠪᠡ᠃

《〈ᠠᠷᠪᠠᠨ ᠲᠠᠪᠤᠳᠤᠭᠠᠷ ᠲᠠᠪᠤᠨ ᠵᠢᠯ〉 ᠤ᠋ᠨ ᠰᠡᠭᠦᠯᠴᠢ ᠪᠣᠯᠬᠤ ᠳ᠋ᠤ᠂ ᠮᠠᠨ ᠤ᠋ ᠬᠤᠲᠠ ᠬᠤᠶᠠᠷ ᠮᠢᠩᠭᠠᠨ ᠳ᠋ᠦᠩᠰᠢᠭᠤᠷ ᠳᠡᠰ ᠤ᠋ᠨ ᠪᠣᠬᠢᠷᠲᠤᠯ᠎ᠦᠭᠡᠢ ᠬᠦᠩᠭᠡᠨᠴᠠᠭᠠᠨ ᠤ᠋ ᠰᠢᠨ᠎ᠡ ᠮᠠᠲᠧᠷᠢᠶᠠᠯ ᠤ᠋ᠨ ᠠᠵᠤ ᠦᠢᠯᠡᠰ ᠤ᠋ᠨ ᠪᠦᠯᠦᠭᠵᠢᠯ ᠢ᠋ ᠪᠠᠶ᠋ᠢᠭᠤᠯᠵᠤ᠂ 〈ᠪᠠᠰᠠ ᠨᠢᠭᠡᠨ ᠬᠤᠤᠯᠢᠨ ᠭᠤᠤᠯ ᠤ᠋ᠨ ᠠᠵᠤ ᠦᠢᠯᠡᠳᠪᠦᠷᠢ ᠵᠢ ᠪᠠᠢᠭᠤᠯᠬᠤ〉 ᠬᠠᠷᠠᠯᠲᠠ ᠵᠢ ᠪᠡᠶᠡᠯᠡᠭᠦᠯᠦᠨ᠎ᠡ》 ᠭᠡᠵᠦ᠍ ᠬᠤᠤᠯᠢᠨ ᠭᠤᠤᠯ ᠬᠤᠲᠠ ᠶ᠋ᠢᠨ ᠨᠠᠮ ᠤ᠋ᠨ ᠬᠤᠷᠢᠶ᠎ᠠ᠎ᠵᠢᠨ ᠱᠦᠵᠢ ᠵᠶ᠋ᠢ ᠬᠠᠢ ᠶᠠᠩ ᠬᠡᠯᠡᠨ᠎ᠠ᠃ ᠮᠢᠩᠭᠠᠨ ᠳ᠋ᠦᠩᠰᠢᠭᠤᠷ ᠨᠢ ᠡᠴᠦᠰ ᠤ᠋ᠨ ᠴᠡᠭ ᠪᠢᠰᠢ᠂ ᠬᠠᠷᠢᠨ ᠬᠤᠤᠯᠢᠨ ᠭᠤᠤᠯ ᠤ᠋ᠨ ᠠᠵᠤ ᠦᠢᠯᠡᠳᠪᠦᠷᠢ ᠶ᠋ᠢᠨ ᠴᠢᠨᠠᠷ ᠰᠠᠶ᠋ᠢᠲᠠᠢ ᠬᠥᠭᠵᠢᠯᠲᠡ ᠶ᠋ᠢᠨ ᠰᠢᠨ᠎ᠡ ᠭᠠᠷᠤᠭ᠎ᠠ ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面