2026-11-09 08:59:29
ᠡᠨᠡ ᠵᠢᠯ ᠤ᠋ᠨ 9 ᠰᠠᠷ᠎ᠠ ᠳ᠋ᠦ᠂ ᠬᠥᠳᠡᠭᠡ ᠠᠵᠤ ᠠᠬᠤᠢ ᠬᠥᠳᠡᠭᠡ ᠲᠣᠰᠬᠣᠨ ᠤ᠋ ᠶᠠᠮᠤᠨ 1058 ᠳ᠋ᠤᠭᠠᠷ ᠲᠣᠭᠠᠲᠤ ᠠᠯᠪᠠᠨ ᠵᠠᠷᠯᠠᠯ ᠨᠡᠢᠲᠡᠯᠡᠵᠦ᠂ 31 ᠮᠠᠯ ᠵᠢᠭᠦᠷᠲᠡᠨ ᠤ᠋ ᠰᠢᠨ᠎ᠡ ᠡᠭᠦᠯᠳᠡᠷ ᠤ᠋ᠨ ᠢᠵᠢ ᠪᠦᠷᠢᠳᠦᠭᠰᠡᠨ ᠤᠳᠤᠮ ᠪᠠ 7 ᠮᠠᠯ ᠵᠢᠭᠦᠷᠲᠡᠨ᠂ ᠬᠦᠷᠢ ᠶ᠋ᠢᠨ ᠰᠢᠨ᠎ᠡ ᠤᠳᠤᠮᠯᠠᠯ ᠤ᠋ᠨ ᠡᠬᠢ ᠪᠠᠶᠠᠯᠢᠭ ᠢ᠋ ᠤᠯᠤᠰ ᠤ᠋ᠨ ᠮᠠᠯ ᠵᠢᠭᠦᠷᠲᠡᠨ ᠤ᠋ ᠤᠳᠤᠮᠯᠠᠯ ᠤ᠋ᠨ ᠡᠬᠢ ᠪᠠᠶᠠᠯᠢᠭ᠋ ᠤ᠋ᠨ ᠵᠥᠪᠯᠡᠯᠡᠴᠡ ᠬᠢᠨᠠᠨ ᠲᠣᠭᠲᠠᠭᠠᠵᠤ ᠪᠠᠲᠤᠯᠠᠪᠠ᠃ ᠥᠪᠥᠷ ᠮᠣᠩᠭᠣᠯ ᠤ᠋ᠨ ᠳᠦ ᠮᠧᠶ ᠮᠠᠯ ᠠᠵᠤ ᠠᠬᠤᠢ ᠶ᠋ᠢᠨ ᠠᠮᠢᠳᠤ ᠪᠣᠳᠠᠰ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠵᠢᠨ ᠣᠯᠠᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠳᠡᠭᠡᠳᠦ ᠰᠤᠷᠭᠠᠭᠤᠯᠢᠲᠠᠢ ᠬᠠᠮᠲᠤᠷᠠᠨ ᠪᠣᠢᠵᠢᠭᠤᠯᠤᠭᠰᠠᠨ《ᠰᠢᠡᠭ ᠭᠤᠤ ᠮᠢᠬᠠᠨᠤ ᠬᠣᠨᠢ》ᠲᠤᠰ ᠵᠢᠭ᠍ᠰᠠᠭᠠᠯᠲᠠ ᠳ᠋ᠦ ᠲᠤᠳᠤᠷᠠᠵᠤ᠂ 《ᠬᠦᠳᠡᠭᠡ ᠠᠵᠤ ᠠᠬᠤᠢ 03 ᠰᠢᠨ᠎ᠡ ᠡᠭᠦᠯᠳᠡᠷ ᠤ᠋ᠨ ᠦᠨᠡᠮᠯᠡᠯ 41 ᠳ᠋ᠤᠭᠡᠷ ᠲᠣᠭᠠᠲᠤ》 ᠶ᠋ᠢᠨ ᠦᠨᠡᠮᠯᠡᠯ ᠢ᠋ ᠬᠦᠷᠳᠠᠪᠠ᠃ ᠬᠢᠩᠭᠠᠨ ᠠᠢᠮᠠᠭᠲᠦ 25 ᠵᠢᠯ ᠮᠢᠬᠠᠨᠤ ᠬᠣᠨᠢᠨ ᠤ᠋ ᠡᠭᠦᠯᠳᠡᠷ ᠢ᠋ ᠰᠣᠩᠭᠣᠨ ᠪᠣᠢᠵᠢᠭᠤᠯᠵᠤ᠂ ᠡᠴᠦᠰᠲᠡᠬᠡᠨ ᠤᠯᠤᠰᠠᠴᠠ ᠮᠡᠳᠡᠷᠡᠭᠰᠡᠨ《ᠪᠡᠶ᠎ᠡ ᠶ᠋ᠢᠨ ᠦᠨᠡᠮᠯᠡᠯ》 ᠲᠠᠢ ᠪᠣᠯᠤᠭᠰᠠᠨ ᠪᠠᠢᠨ᠎ᠠ᠃
ᠬᠢᠩᠭᠠᠨ ᠠᠢᠮᠠᠭ ᠶᠡᠬᠡ ᠬᠢᠩᠭᠠᠨ ᠳᠠᠪᠠᠭ᠎ᠠ ᠶ᠋ᠢᠨ ᠡᠮᠦᠨ᠎ᠡ ᠬᠣᠷᠮᠣᠢ ᠳ᠋ᠦ ᠪᠠᠢᠷᠢᠯᠠᠵᠤ᠂ ᠡᠪᠦᠯ ᠣᠷᠳᠣ᠌ ᠬᠠᠬᠢᠷ ᠬᠦᠢᠲᠡᠨ ᠪᠠᠢᠳᠠᠭ᠃ ᠤᠤᠯ ᠨᠢ ᠦᠨᠳᠦᠰᠦᠨ ᠱᠠᠲᠤᠨ ᠳ᠋ᠤ ᠪᠠᠢᠴᠠᠭᠠᠨ ᠰᠤᠳᠤᠯᠤᠯᠲᠠᠬᠢᠬᠦ ᠠᠬᠢᠴᠠᠳᠠᠭᠠᠨ᠂ ᠥᠪᠥᠷ ᠮᠣᠩᠭᠣᠯ ᠤ᠋ᠨ ᠳᠦ ᠮᠧᠶ ᠮᠠᠯ ᠠᠵᠤ ᠠᠬᠤᠢ ᠶ᠋ᠢᠨ ᠠᠮᠢᠳᠤ ᠪᠣᠳᠠᠰ ᠤ᠋ᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠬᠢᠵᠠᠭᠠᠷᠲᠤ ᠺᠤᠮᠫᠠᠨᠢ ᠶ᠋ᠢᠨ ᠮᠡᠷᠭᠡᠵᠢᠯ ᠤ᠋ᠨ ᠶᠡᠷᠦᠩᠬᠡᠢ ᠬᠢᠨᠠᠭ᠍ᠴᠢ ᠯᠢᠦ ᠰᠢᠤᠸᠠᠢ ᠸᠸᠨ ᠲᠤᠬᠠᠢ ᠶ᠋ᠢᠨ ᠭᠠᠵᠠᠷ ᠤ᠋ᠨ ᠬᠣᠨᠢᠨ ᠤ᠋ ᠠᠵᠤ ᠦᠢᠯᠡᠰ ᠤ᠋ᠨ ᠠᠰᠠᠭᠤᠳᠠᠯ ᠲᠣᠪᠣᠢᠮ᠎ᠠ ᠪᠠᠢᠬᠤ ᠵᠢ ᠣᠯᠵᠤ ᠮᠠᠲᠠᠵᠠᠢ᠂ ᠲᠠᠷᠤᠢ ᠡᠭᠦᠯᠳᠡᠷ ᠬᠣᠯᠢᠮᠠᠭ᠂ ᠦᠷ᠎ᠡ ᠠᠰᠢᠭ᠋ ᠳᠣᠣᠷ᠎ᠠ᠂ ᠲᠣᠰ ᠭᠠᠵᠠᠷ ᠤ᠋ᠨ ᠬᠣᠨᠢ ᠵᠢᠯ ᠳ᠋ᠦ ᠨᠢᠭᠡ ᠤᠳᠠᠭ᠎ᠠ ᠲᠦᠯᠯᠡᠵᠦ᠂ ᠪᠡᠯᠴᠢᠭᠡᠷᠯᠡᠬᠦᠯᠦᠨ ᠳᠡᠵᠢᠭᠡᠭᠰᠡᠨ ᠡᠴᠡ ᠪᠡᠯᠴᠢᠭᠡᠷ ᠳᠠᠴᠢᠷᠳᠠᠵᠦ᠂ ᠬᠣᠨᠢᠨ ᠤ᠋ ᠥᠰᠦᠯᠲᠡ ᠤᠳᠠᠭᠠᠨ ᠪᠠᠢᠯ᠎ᠠ᠃ ᠪᠡᠯᠴᠢᠭᠡᠷ ᠢ᠋ ᠬᠠᠮᠠᠭᠠᠯᠠᠶ᠎ᠠ ᠭᠡᠪᠡᠯ ᠬᠠᠰᠢᠶᠠᠯᠠᠨ ᠲᠡᠵᠢᠭᠡᠬᠦ ᠴᠢᠬᠤᠯᠠᠳᠠᠢ᠂ ᠬᠠᠰᠢᠶᠠᠯᠠᠨ ᠲᠡᠵᠢᠭᠡᠬᠦ ᠭᠡᠪᠡᠯ ᠬᠠᠰᠢᠶᠠᠯᠠᠨ ᠲᠡᠵᠢᠭᠡᠬᠦᠳᠦ ᠲᠤᠬᠢᠷᠠᠬᠤ ᠬᠣᠨᠢᠲᠠᠢ ᠪᠠᠢᠬᠤ ᠬᠡᠷᠡᠭᠲᠡᠢ᠃ ᠲᠡᠭᠡᠭᠡᠳ ᠯᠢᠦ ᠰᠢᠤᠸᠠᠢ ᠸᠧᠨ ᠲᠣᠬᠠᠢᠵᠢᠨ ᠭᠠᠵᠠᠷᠲᠠᠭᠠᠨ ᠲᠣᠬᠢᠷᠠᠭᠰᠠᠨ ᠡᠭᠦᠯᠳᠡᠷ ᠢ᠋ ᠪᠣᠢᠵᠢᠭᠤᠯᠬᠤᠪᠠᠷ ᠵᠣᠷᠢᠭ᠋ ᠰᠢᠭᠤᠳᠪᠠ᠃
2001 ᠣᠨ ᠳ᠋ᠦ ᠡᠭᠦᠯᠳᠡᠷ ᠪᠣᠢᠵᠢᠭᠤᠯᠬᠤ ᠠᠵᠢᠯ ᠵᠢᠩᠬᠢᠨᠢᠪᠡᠷ ᠡᠬᠢᠯᠡᠵᠦ᠂ ᠯᠢᠦ ᠰᠢᠤᠸᠠᠢ ᠸᠸᠨ ᠤ᠋ ᠪᠦᠯᠬᠦᠮᠤᠨ ᠬᠢᠨ ᠮᠠᠯᠵᠢᠬᠤ ᠣᠷᠣᠨ ᠢ᠋ᠶ᠋ᠠᠷ ᠬᠦᠷᠴᠦ ᠳᠠᠬᠢᠨ ᠳᠠᠪᠲᠠᠨ ᠨᠤᠲᠠᠯᠠᠯᠳᠠ ᠬᠢᠪᠠ᠃ 2001 — 2013 ᠣᠨ ᠳ᠋ᠦ ᠡᠷᠯᠢᠰᠡᠵᠢᠭᠦᠯᠦᠨ ᠡᠬᠦᠯᠳᠡᠷ ᠰᠤᠩᠭᠤᠨ ᠪᠣᠢᠵᠢᠭᠤᠯᠵᠤ᠂ 2014 — 2019 ᠣᠨ ᠳ᠋ᠦ ᠡᠷᠯᠢᠰᠡᠵᠢᠬᠦᠯᠦᠭᠰᠡᠨ ᠬᠤᠨᠢ ᠵᠢ ᠳᠠᠬᠢᠨ ᠡᠷᠯᠢᠰᠡᠵᠢᠬᠦᠯᠵᠦ᠂ 2020 ᠣᠨ ᠡᠴᠡ ᠣᠲᠣ᠌ ᠪᠣᠯᠲᠠᠯ᠎ᠠ ᠰᠣᠩᠭᠣᠨ ᠪᠣᠢᠵᠢᠭᠤᠯᠬᠤ ᠭᠤᠷᠪᠠᠨ ᠱᠠᠲᠤ ᠦᠶ᠎ᠡ ᠵᠢ ᠥᠩᠭᠡᠷᠡᠭᠡᠳᠡᠯᠠ᠂ ᠨᠢᠭᠡ ᠦᠶ᠎ᠡ ᠶ᠋ᠢᠨ ᠬᠥᠮᠥᠰ ᠤ᠋ᠨ ᠦᠰᠦ ᠨᠢ ᠪᠤᠭᠤᠷᠤᠯᠲᠤᠪᠠ᠃ ᠡᠭᠦᠯᠳᠡᠷ ᠪᠣᠢᠵᠢᠭᠤᠯᠬᠤ ᠠᠷᠭ᠎ᠠ ᠪᠠ ᠬᠣᠨᠢᠨ ᠬᠠᠰᠢᠶᠠᠨᠤ ᠵᠢᠷᠤᠭ ᠲᠥᠯᠥᠪᠯᠡᠭᠡ ᠶ᠋ᠢᠨ ᠲᠣᠭᠣᠷᠢᠨ ᠳ᠋ᠦ᠂ ᠡᠬᠦᠯᠳᠡᠷ ᠪᠤᠢᠵᠢᠭᠤᠯᠬᠤ ᠪᠦᠯᠬᠦᠮᠤᠨ ᠬᠢᠨ ᠤᠷᠢᠳ ᠬᠣᠵᠢᠳ ᠣᠯᠠᠨ ᠵᠦᠢᠯ ᠤ᠋ᠨ ᠤᠯᠤᠰ ᠤ᠋ᠨ ᠡᠭᠦᠳᠦᠯᠲᠡ ᠶ᠋ᠢᠨ ᠲᠤᠰᠬᠠᠢ ᠠᠰᠢᠭ᠋ ᠤ᠋ᠨ ᠡᠷᠬᠡ ᠵᠢ ᠤᠯᠵᠠᠢ᠃ ᠣᠳᠣᠬᠠᠨ ᠳ᠋ᠦ᠂ ᠰᠢᠡᠭ ᠭᠤᠤ ᠮᠢᠬᠠᠨᠤ ᠬᠣᠨᠢ 20 ᠲᠦᠮᠡ ᠵᠢ ᠳᠠᠪᠠᠵᠤ᠂ ᠭᠣᠣᠯᠳᠠᠯᠭᠠᠳᠦ ᠡᠭᠦᠯᠳᠡᠷ ᠪᠣᠢᠵᠢᠭᠤᠯᠬᠤ ᠬᠤᠨᠢᠨ ᠤ᠋ ᠲᠣᠭ᠎ᠠ 8520 ᠪᠣᠯᠵᠠᠢ᠃
ᠰᠢᠨ᠎ᠡ ᠡᠭᠦᠯᠳᠡᠷ ᠰᠠᠢᠨ ᠡᠰᠡᠬᠦ ᠵᠢ ᠮᠠᠯᠴᠢᠳ ᠮᠡᠳᠡᠨ᠎ᠡ᠃ ᠵᠠᠯᠠᠢᠳ ᠬᠣᠰᠢᠭᠤᠨ ᠤ᠋ ᠪᠠᠶᠠᠨᠭᠣᠣᠯ ᠪᠠᠯᠭᠠᠰᠤᠨ ᠤ᠋ ᠪᠠᠶᠠᠨᠭᠣᠣᠯ ᠲᠣᠰᠬᠣᠨ ᠤ᠋ ᠲᠡᠵᠢᠭᠡᠨ ᠦᠷᠡᠵᠢᠭᠦᠯᠬᠦ ᠡᠷᠦᠬᠡ ᠯᠢᠦ ᠢᠦᠢ 200 ᠭᠠᠷᠤᠢ ᠰᠢᠡᠭ ᠭᠤᠤ ᠮᠢᠬᠠᠨᠤ ᠬᠤᠨᠢ ᠲᠡᠵᠢᠭᠡᠵᠦ ᠪᠠᠢᠭ᠎ᠠ ᠠᠵᠢ᠃ ᠲᠠᠷᠠ᠄《ᠰᠢᠡᠭ ᠭᠤᠤ ᠮᠢᠬᠠᠨᠤ ᠬᠤᠨᠢᠨ ᠤ᠋ ᠬᠤᠷᠠᠭᠠᠯᠠᠬᠤ ᠨᠣᠷᠮ᠎ᠠ ᠥᠨᠳᠥᠷ᠂ ᠣᠨᠳᠣᠷᠣᠯᠲᠠ ᠶ᠋ᠢᠨ ᠨᠣᠷᠮ᠎ᠠ ᠴᠦ᠍ ᠰᠠᠢᠨ᠂ ᠨᠤᠲᠤᠭ ᠤ᠋ᠨ ᠬᠣᠨᠢ ᠮᠠᠯᠵᠢᠭᠰᠠᠨ ᠡᠴᠡ ᠦᠷ᠎ᠡ ᠠᠰᠢᠭ᠋ ᠬᠣᠯᠠ ᠥᠨᠳᠥᠷ᠂ ᠨᠢᠭᠡ ᠡᠮ᠎ᠡ ᠬᠣᠨᠢᠨ ᠤ᠋ ᠴᠡᠪᠡᠷ ᠣᠷᠣᠯᠭ᠎ᠠ ᠨᠢ 1000 ᠡᠴᠡ 1500 ᠲᠥᠭᠥᠷᠢᠭ ᠬᠦᠷᠴᠦ ᠪᠠᠢᠨ᠎ᠠ》 ᠭᠡᠯ᠎ᠠ᠃
ᠤᠳᠤ ᠬᠢᠩᠭᠠᠨ ᠠᠢᠮᠠᠭ ᠤ᠋ᠨ ᠵᠢᠯ ᠤ᠋ᠨ ᠡᠰᠢ ᠰᠦᠷᠡᠯ ᠤ᠋ᠨ ᠭᠠᠷᠤᠯᠳᠠ 800 ᠲᠦᠮᠡᠨ ᠲᠣᠨ ᠢ᠋ ᠳᠠᠪᠠᠵᠤ ᠪᠤᠢ᠃ ᠪᠥᠬᠥ ᠠᠢᠮᠠᠭ ᠤ᠋ᠨ 886.12 ᠲᠦᠮᠡᠨ ᠮᠣ᠌ ᠮᠠᠯ ᠪᠡᠯᠴᠢᠭᠡᠷ ᠢ᠋ ᠲᠡᠩᠴᠡᠬᠦᠷᠢᠰᠢᠬᠦᠯᠬᠦ ᠣᠷᠣᠨ ᠳ᠋ᠦ ᠪᠡᠯᠴᠢᠭᠡᠷ ᠰᠡᠷᠬᠦᠭᠡᠵᠦ᠂ ᠡᠬᠦᠨᠳᠤ ᠵᠠᠯᠠᠢᠳ ᠬᠣᠰᠢᠭᠤᠵᠢᠨ ᠬᠢᠨ ᠨᠤᠲᠤᠭ ᠪᠡᠯᠴᠢᠭᠡᠷ ᠤ᠋ᠨ ᠮᠠᠯ ᠠᠵᠤ ᠠᠬᠤᠢ ᠶ᠋ᠢᠨ ᠬᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ ᠵᠢ ᠬᠡᠷᠡᠭᠵᠢᠭᠦᠯᠵᠦ᠂ ᠮᠠᠯ ᠪᠡᠯᠴᠢᠭᠡᠷ ᠢ᠋ ᠲᠡᠩᠴᠡᠭᠦᠷᠢᠲᠠᠢ ᠪᠠᠢᠯᠭᠠᠬᠤ ᠵᠢᠭᠠᠯᠲᠠ ᠲᠣᠭ᠎ᠠ ᠵᠢ 10% ᠡᠴᠡ ᠳᠣᠷᠣᠭ᠍ᠰᠢ ᠪᠣᠯᠲᠠᠯ᠎ᠠ ᠪᠠᠭᠤᠷᠠᠭᠤᠯᠪᠠ᠃ 《ᠪᠡᠯᠴᠢᠬᠡᠷ ᠢ᠋ ᠰᠡᠷᠬᠦᠭᠡᠭᠰᠡᠨ ᠤ᠋ ᠳᠠᠷᠠᠭ᠎ᠠ ᠡᠪᠡᠰᠦ ᠪᠡᠯᠴᠢᠭᠡᠷ ᠰᠠᠢᠨ ᠤᠷᠭᠤᠵᠤ᠂ ᠨᠤᠲᠤᠭ ᠪᠡᠯᠴᠢᠭᠡᠷ ᠢ᠋ ᠬᠠᠮᠠᠭᠠᠯᠠᠬᠤ ᠨᠢ ᠳᠠᠷᠤᠢ ᠣᠷᠣᠯᠭᠠᠪᠠᠨ ᠨᠡᠮᠡᠭᠳᠡᠭᠦᠯᠵᠦ ᠪᠠᠶᠠᠵᠢᠭ᠍ᠰᠠᠨ ᠶᠠᠪᠤᠳᠠᠯ ᠪᠣᠯᠣᠨ᠎ᠠ》 ᠭᠡᠵᠦ ᠮᠠᠯᠴᠢᠨ ᠪᠠᠭᠠᠨ᠎ᠠ ᠬᠡᠯᠡᠨ᠎ᠠ᠃
ᠰᠠᠢᠨ ᠡᠭᠦᠯᠳᠡᠷ ᠢ᠋ ᠦᠷᠡᠵᠢᠬᠦᠯᠬᠦ ᠶ᠋ᠢᠨ ᠲᠥᠯᠥᠭᠡ᠂ ᠯᠢᠦ ᠰᠢᠤᠸᠠᠢ ᠸᠸᠨ ᠵᠠᠯᠠᠢᠳ ᠬᠣᠰᠢᠭᠤᠪᠠᠷ ᠲᠤᠷᠰᠢᠯᠲᠠ ᠶ᠋ᠢᠨ ᠴᠡᠭ ᠪᠣᠯᠭᠠᠵᠤ᠂ 100 ᠠᠮᠢ ᠠᠬᠤᠢ ᠶ᠋ᠢᠨ ᠮᠠᠯᠵᠢᠯ ᠤ᠋ᠨ ᠲᠠᠯᠠᠪᠠᠶ ᠳ᠋ᠦ ᠦᠷ᠎ᠠ ᠪᠠ ᠮᠡᠷᠭᠡᠵᠢᠯ ᠬᠠᠩᠭᠠᠵᠤ᠂ 200 ᠭᠠᠷᠤᠢ ᠮᠠᠯᠵᠢᠬᠤ ᠡᠷᠦᠬᠡ ᠶ᠋ᠢᠨ ᠬᠡᠯᠪᠡᠷᠢᠪᠡᠨ ᠬᠤᠪᠢᠷᠠᠭᠤᠯᠬᠤ ᠵᠢ ᠳᠠᠶ᠋ᠢᠴᠢᠯᠠᠵᠤ᠂ ᠵᠢᠯ ᠪᠦᠷᠢ 2000 ᠮᠠᠯᠴᠢᠨ ᠲᠠᠷᠢᠶᠠᠴᠢᠨ ᠳ᠋ᠦ ᠰᠦᠢᠳᠬᠡᠯ ᠬᠤᠷᠢᠶᠠᠬᠤ ᠦᠭᠡᠢᠪᠡᠷ ᠪᠣᠯᠪᠠᠰᠤᠷᠠᠯ ᠬᠦᠷᠲᠡᠭᠡᠪᠡ᠃ ᠣᠳᠣᠬᠠᠨ ᠪᠣᠯᠲᠠᠯ᠎ᠠ᠂ ᠰᠢᠡᠭ ᠭᠤᠤ ᠮᠢᠬᠠᠨᠤ ᠬᠣᠨᠢ ᠵᠢ ᠨᠡᠶ᠋ᠢᠲᠡ 228440 ᠳᠡᠯᠭᠡᠷᠡᠭᠦᠯᠵᠤ᠂ 3200 ᠮᠠᠯᠵᠢᠬᠤ ᠲᠠᠷᠢᠶᠠᠯᠠᠬᠤ ᠡᠷᠤᠭᠡᠵᠢ ᠳᠠᠶ᠋ᠢᠴᠢᠯᠠᠨ ᠪᠠᠷᠢᠮᠵᠢᠶᠠᠵᠢᠭᠤᠯᠤᠭᠰᠠᠨ ᠮᠢᠬᠠᠨᠤ ᠬᠣᠨᠢ ᠲᠡᠵᠢᠭᠡᠨ ᠦᠷᠡᠵᠢᠭᠦᠯᠪᠠ᠃
ᠦᠷ᠎ᠡ ᠶ᠋ᠢᠨ ᠦᠢᠯᠡᠰ ᠪᠣᠯ ᠮᠠᠯ ᠠᠵᠤ ᠠᠬᠤᠢ ᠶ᠋ᠢᠨ 《ᠴᠢᠫ》ᠮᠥᠨ᠃ ᠡᠨᠡ ᠵᠢᠯ ᠤ᠋ᠨ 7 ᠰᠠᠷ᠎ᠠ ᠳ᠋ᠦ᠂ ᠲᠥᠷᠥ ᠶ᠋ᠢᠨ ᠶᠠᠪᠤᠳᠠᠯ ᠤ᠋ᠨ ᠬᠣᠷᠢᠶᠠᠨ ᠤ᠋ ᠰᠣᠨᠢᠨ ᠮᠡᠳᠡᠭᠡᠨ ᠤ᠋ ᠠᠯᠪᠠᠨ ᠭᠡᠷ ᠤ᠋ᠨ ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ ᠨᠡᠢᠲᠡᠯᠡᠭᠰᠡᠨ ᠲᠣᠭ᠎ᠠ ᠪᠠᠷᠢᠮᠲᠠ ᠳ᠋ᠦ ᠢᠯᠡᠷᠡᠭᠦᠯᠦᠭᠰᠡᠨ ᠢ᠋ᠢᠡᠷ᠄ ᠮᠠᠨ ᠤ᠋ ᠤᠯᠤᠰ ᠤ᠋ᠨ ᠮᠠᠯ ᠵᠢᠭᠦᠷᠲᠡᠨ ᠤ᠋ ᠤᠯᠤᠰᠲᠠᠭᠠᠨ ᠦᠢᠯᠡᠳᠪᠦᠷᠢᠯᠡᠭᠰᠡᠨ ᠡᠭᠦᠯᠳᠡᠷ ᠤ᠋ᠨ ᠢᠷᠡᠯᠲᠡ ᠶ᠋ᠢᠨ ᠵᠠᠬ᠎ᠠ ᠳᠡᠯᠭᠡᠭᠦᠷ ᠤ᠋ᠨ ᠡᠵᠡᠯᠡᠬᠦ ᠨᠣᠷᠮ᠎ᠠ ᠨᠢᠭᠡᠨᠲᠡ 80% ᠶ᠋ᠢ ᠳᠠᠪᠠᠵᠠᠢ᠃ ᠡᠨᠡ ᠤᠳᠠᠭᠠᠨ ᠤ᠋ ᠬᠢᠨᠠᠨ ᠲᠣᠭᠲᠠᠭᠠᠯᠲᠠ ᠳ᠋ᠦ 31 ᠰᠢᠨ᠎ᠡ ᠡᠭᠦᠯᠳᠡᠷ ᠤ᠋ᠨ ᠢᠵᠢ ᠪᠦᠷᠢᠳᠦᠭᠰᠡᠨ ᠤᠳᠤᠮ ᠬᠢᠨᠠᠨ ᠲᠤᠭᠳᠠᠭᠠᠯᠳᠠ ᠳ᠋ᠦ ᠬᠢᠷᠢ ᠲᠡᠩᠴᠡᠵᠦ᠂ ᠮᠢᠬᠠᠨᠤ ᠬᠣᠨᠢ 5 ᠪᠠᠢᠵᠦ᠂ ᠮᠠᠨ ᠤ᠋ ᠤᠯᠤᠰ ᠤ᠋ᠨ ᠬᠠᠬᠢᠷ ᠬᠦᠢᠲᠡᠨ ᠭᠠᠵᠠᠷ ᠣᠷᠣᠨ ᠤ᠋ ᠬᠠᠰᠢᠶᠠᠯᠠᠨ ᠲᠡᠵᠢᠭᠡᠵᠦ ᠪᠠᠢᠭ᠎ᠠ ᠣᠯᠠᠨ ᠲᠥᠯᠯᠡᠳᠡᠭ ᠮᠢᠬᠠᠨᠤ ᠬᠣᠨᠢ ᠶ᠋ᠢᠨ ᠡᠭᠦᠯᠳᠡᠷ ᠤ᠋ᠨ ᠢᠷᠡᠯᠲᠡ ᠶ᠋ᠢᠨ ᠬᠣᠭᠣᠰᠤᠨ ᠢ᠋ ᠨᠥᠬᠥᠪᠦᠷᠢᠯᠡᠭᠰᠡᠨ ᠪᠠᠢᠨ᠎ᠠ᠃
《ᠤᠯᠤᠰ ᠤ᠋ᠨ ᠬᠢᠨᠠᠨ ᠲᠣᠭᠲᠠᠭᠠᠯᠲᠠ ᠳ᠋ᠦ ᠬᠢᠷᠢ ᠲᠡᠩᠴᠡᠬᠦ ᠪᠣᠯ ᠮᠠᠨ ᠤ᠋ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠪᠣᠭᠣᠮᠲᠠ ᠰᠢᠪᠲᠤᠯᠬᠤ ᠠᠵᠢᠯ ᠤ᠋ᠨ ᠬᠠᠮᠤᠭ ᠤ᠋ᠨ ᠶᠡᠬᠡ ᠨᠤᠲᠠᠯᠠᠯᠲᠠ ᠮᠥᠨ》᠃ ᠯᠢᠦ ᠰᠢᠤᠸᠠᠢ ᠸᠸᠨ ᠲᠠᠷᠠᠭᠠᠴᠢ ᠪᠠᠷ ᠰᠠᠢᠨ ᠡᠭᠦᠯᠳᠡᠷ ᠢ᠋ ᠦᠷᠡᠵᠢᠭᠦᠯᠦᠨ ᠪᠣᠢᠵᠢᠭᠤᠯᠬᠤ ᠬᠡᠪᠴᠢᠶ᠎ᠡ ᠵᠢ ᠦᠷᠭᠦᠯᠵᠢᠯᠡᠨ ᠥᠷᠭᠡᠳᠬᠡᠵᠦ᠂ ᠮᠡᠷᠭᠡᠵᠢᠯ ᠢ᠋ ᠬᠥᠳᠡᠭᠡ ᠪᠠᠭᠤᠯᠭᠠᠬᠤ ᠵᠢ ᠪᠠᠢᠩᠭᠤᠵᠢᠭᠤᠯᠤᠨ ᠥᠷᠨᠢᠭᠦᠯᠵᠦ᠂ ᠴᠢᠨᠠᠷ ᠰᠠᠢᠲᠠᠢ ᠰᠠᠢᠨ ᠡᠭᠦᠯᠳᠡᠷ ᠢ᠋ ᠨᠠᠩ ᠣᠯᠠᠨ ᠲᠡᠵᠢᠭᠡᠨ ᠦᠷᠡᠵᠢᠭᠦᠯᠬᠦ ᠡᠷᠦᠬᠡ ᠳ᠋ᠦ ᠳᠡᠯᠬᠡᠷᠡᠬᠦᠯᠦᠨ᠎ᠠ ᠭᠡᠵᠤ ᠬᠠᠷᠠᠯᠳᠠ ᠪᠠᠨ ᠲᠤᠳᠤᠷᠠᠭᠤᠯᠤᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃