ᠭᠣᠣᠯ ᠰᠡᠳᠦᠪᠲᠦ ᠮᠡᠳᠡᠭᠡᠯᠡᠯ > ᠮᠣᠩᠭᠣᠯ ᠮᠣᠷᠢᠨ᠎ᠤ᠋ ᠵᠣᠷᠢᠭ ᠰᠠᠨᠠᠭ᠎ᠠ᠎ᠶ᠋ᠢ ᠪᠠᠳᠠᠷᠠᠭᠤᠯᠤᠶ᠎ᠠ

2026-11-09 10:23:16

ᠵᠣᠬᠢᠶᠠᠭ᠍ᠴᠢ᠄ ᠵᠧᠩ ᠰᠢᠤᠸᠠᠢ ᠯᠢᠶᠠᠩ ᠣᠩᠱᠢᠭ᠍ᠰᠠᠨ ᠣᠳᠠᠭ᠎ᠠ᠄ 3

ᠥᠷᠯᠥᠭᠡ ᠡᠷᠲᠡ ᠵᠡᠭᠡᠯᠢ ᠭᠤᠳᠤᠮᠵᠢ᠎ᠪᠡᠷ᠂ ᠵᠠᠬᠢᠶᠠᠯᠠᠭ᠎ᠠ᠎ᠶᠢᠨ ᠬᠣᠭᠣᠯᠠ ᠬᠦᠷᠭᠡᠭᠴᠢ ᠨᠠᠭᠠᠰᠢ ᠴᠠᠭᠠᠰᠢ ᠴᠠᠬᠢᠯᠭᠠᠨ ᠬᠦᠳᠡᠯᠭᠡᠭᠦᠷᠳᠦ ᠲᠤᠭᠤᠢ ᠲᠡᠷᠬᠡ ᠪᠠᠨ ᠬᠤᠷᠳᠤ ᠨᠡᠮᠡᠨ ᠲᠠᠪᠬᠢᠭᠤᠯᠤᠨ᠎ᠠ; ᠭᠣᠣᠯ ᠦᠳᠡ᠎ᠳᠦ ᠬᠤᠳᠠᠯᠳᠤᠭᠠᠨ᠎ᠤ ᠲᠤᠭᠤᠷᠢᠭ᠎ᠤᠨ ᠬᠠᠵᠠᠭᠤ᠎ᠳᠤ ᠲᠦᠷᠭᠡᠨ ᠬᠦᠷᠭᠡᠯᠲᠡ᠎ᠶᠢᠨ ᠠᠵᠢᠯᠲᠠᠳ ᠪᠤᠭᠤᠯᠳᠠ ᠪᠠᠬᠯᠠᠭ᠎ᠠ ᠪᠡᠠ ᠬᠦᠷᠬᠡᠬᠡᠳ ᠪᠤᠷᠪᠢ ᠪᠤᠬᠢᠰᠬᠢᠯ ᠦᠬᠡᠢ ᠠᠵᠢᠯᠯᠠᠨ᠎ᠠ; ᠦᠳᠡᠰᠢ᠎ᠶᠢᠨ ᠨᠠᠷᠠᠨ ᠪᠠᠷᠠᠭᠤᠨᠰᠢ ᠬᠠᠵᠠᠢᠬᠤ ᠪᠡᠷ ᠰᠦᠯᠵᠢᠶ᠎ᠠ᠎ᠪᠡᠷ ᠪᠣᠯᠵᠣᠬᠤ ᠮᠠᠰᠢᠨ ᠲᠡᠷᠭᠡᠨ᠎ᠤ ᠵᠢᠯᠣᠭᠣᠴᠢ ᠨᠠᠷ ᠠᠶᠠᠨᠴᠢᠳ᠎ᠢ ᠲᠤᠰᠴᠤ ᠬᠦᠷᠭᠡᠭᠡᠳ ᠮᠤᠩᠭᠠᠨᠢᠨ᠎ᠠ  ᠁

ᠣᠳᠣᠬᠠᠨ᠎ᠳᠤ ᠵᠠᠬᠢᠶᠠᠯᠠᠭ᠎ᠠ᠎ᠶᠢᠨ ᠬᠣᠭᠣᠯᠠ ᠬᠦᠷᠭᠡᠭᠴᠢ᠂ ᠲᠦᠷᠭᠡᠨ ᠬᠦᠷᠭᠡᠯᠲᠡ᠎ᠶᠢᠨ ᠠᠵᠢᠯᠳᠠᠨ᠂ ᠰᠦᠯᠵᠢᠶ᠎ᠡ᠎ᠪᠡᠷ ᠪᠣᠯᠵᠣᠬᠤ ᠮᠠᠰᠢᠨ ᠲᠡᠷᠭᠡᠨ᠎ᠦ ᠵᠢᠯᠣᠭᠣᠴᠢ ᠵᠡᠷᠭᠡ ᠰᠢᠨ᠎ᠡ᠎ᠬᠡᠯᠪᠡᠷᠢ ᠵᠢᠨ ᠠᠵᠢᠯ ᠣᠯᠣᠭᠰᠠᠳ  ᠨᠢᠭᠡᠨᠲᠡ ᠬᠣᠲᠠ᠎ᠶᠢᠨ ᠠᠮᠢᠳᠤᠷᠠᠯ ᠠᠬᠤᠢ᠎ᠳᠦ ᠳᠤᠲᠠᠭᠳᠠᠵᠤ ᠪᠣᠯᠣᠰᠢ ᠦᠭᠡᠢ ᠨᠢᠭᠡ ᠭᠣᠭᠴᠣᠭ᠎ᠠ ᠪᠣᠯᠵᠠᠢ᠃

ᠬᠥᠬᠡᠬᠣᠲᠠ ᠡᠲᠡᠭᠡᠷ ᠬᠣᠲᠠ᠎ᠶᠢᠨ 《ᠶᠠᠭᠠᠷᠠᠯᠲᠠᠢ ᠠᠵᠢᠯᠯᠠᠭᠴᠢ》 ᠳ᠋ᠤ ᠠᠩᠬᠠᠷᠤᠯ᠎ᠢᠶᠠᠨ ᠲᠥᠪᠯᠡᠷᠡᠭᠦᠯᠵᠦ᠂ ᠨᠡᠪᠲᠡᠷᠡᠯᠴᠡᠬᠦ ᠬᠥᠭᠥᠷᠭᠡ᠎ᠶᠢ ᠪᠠᠢᠭᠤᠯᠤᠨ᠂ ᠦᠢᠯᠡᠴᠢᠯᠡᠭᠡᠨ᠎ᠦ ᠠᠴᠢᠶᠠᠯᠠᠪᠤᠷᠢ᠎ᠶᠢ ᠪᠠᠶᠠᠯᠢᠭ᠍ᠵᠢᠭᠤᠯᠵᠤ᠂ ᠠᠵᠢᠯ ᠡᠷᠭᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠦᠨ᠂ ᠬᠠᠯᠠᠭᠤᠨ ᠳᠤᠯᠠᠭᠠᠨ᠂ ᠣᠯᠠᠨ ᠲᠦᠮᠡᠨ᠎ᠲᠠᠢ ᠣᠢᠷᠠᠲᠤᠭᠰᠠᠨ ᠪᠣᠳᠠᠲᠠᠢ᠎ᠶᠢ ᠡᠷᠬᠢᠮᠯᠡᠭᠰᠡᠨ ᠣᠯᠠᠨ ᠠᠷᠭ᠎ᠠ ᠬᠡᠮᠵᠢᠶ᠎ᠡ᠎ᠪᠡᠷ ᠬᠠᠢᠷ᠎ᠠ ᠬᠠᠯᠠᠮᠵᠢ᠎ᠶᠢ ᠰᠢᠨ᠎ᠡ᠎ᠪᠡᠷ ᠠᠵᠢᠯ ᠤᠯᠤᠭᠰᠠᠨ ᠬᠦᠮᠦᠰ᠎ᠤᠨ ᠰᠡᠳᠬᠢᠯ᠎ᠳᠦ ᠬᠦᠷᠭᠡᠵᠦ ᠪᠠᠢᠨ᠎ᠠ᠃

《ᠥᠩᠭᠡᠷᠡᠭᠰᠡᠨ᠎ᠳᠦ ᠬᠦᠴᠢᠷᠳᠡᠯ ᠲᠤᠯᠭᠠᠷᠠᠪᠠᠯ ᠬᠡᠨ᠎ᠢ ᠡᠷᠢᠬᠦ᠎ᠪᠡᠨ ᠮᠡᠳᠡᠬᠦ ᠦᠭᠡᠢ ᠪᠠᠢᠪᠠ᠃ ᠣᠲᠣ᠌ ᠴᠢᠩ ᠰᠡᠳᠬᠢᠯ᠎ᠢᠶᠡᠷ ᠶᠠᠷᠢᠯᠴᠠᠬᠤ ᠬᠤᠷᠠᠯ ᠭᠠᠷᠴᠤ ᠢᠷᠡᠭᠰᠡᠨ᠎ᠡᠴᠡ ᠰᠡᠳᠬᠢᠯ᠎ᠦᠨ ᠦᠭᠡ᠂ ᠦᠨᠡᠨ ᠪᠤᠳᠠᠳᠠᠢ ᠰᠠᠨᠠᠭᠤᠯᠭ᠎ᠠ᠎ᠪᠠᠨ ᠴᠥᠮ ᠨᠢᠭᠤᠷᠳᠠᠨ ᠬᠡᠯᠡᠵᠦ᠂ ᠠᠰᠠᠭᠤᠳᠠᠯ ᠭᠠᠷᠪᠠᠯ ᠤᠳᠠᠯ ᠦᠭᠡᠢ ᠬᠠᠷᠢᠭᠤᠯᠲᠠ᠎ᠲᠠᠢ ᠪᠣᠯᠴᠢᠬᠠᠳᠠᠭ》 ᠭᠡᠵᠦ ᠲᠦᠷᠭᠡᠨ ᠬᠦᠷᠭᠡᠯᠲᠡ᠎ᠶᠢᠨ ᠠᠵᠢᠯᠳᠠᠨ ᠸᠠᠩ ᠬᠣᠩ ᠢᠦᠢ ᠰᠤᠷᠪᠤᠯᠵᠢᠯᠠᠭ᠍ᠴᠢ᠎ᠳᠤ ᠰᠢᠨ᠎ᠡ᠎ᠬᠡᠯᠪᠡᠷᠢ ᠵᠢᠨ ᠠᠵᠢᠯ ᠣᠯᠣᠭᠰᠠᠳ᠎ᠦᠨ ᠴᠢᠩ ᠰᠡᠳᠭᠢᠯ᠎ᠢᠶᠡᠷ ᠶᠠᠷᠢᠯᠴᠠᠬᠤ ᠬᠤᠷᠠᠯ᠎ᠤᠨ ᠲᠤᠬᠠᠢ ᠶᠠᠷᠢᠬᠤ᠎ᠳᠠᠭᠠᠨ ᠬᠡᠯᠡᠪᠡ᠃

ᠨᠡᠪᠲᠡᠷᠡᠯᠴᠡᠭᠡ᠎ᠶᠢᠨ ᠬᠠᠷᠰᠢ ᠰᠠᠭᠠᠳ᠎ᠢ ᠡᠪᠳᠡᠵᠦ᠂ ᠬᠦᠰᠡᠯ ᠱᠠᠭᠠᠷᠳᠠᠯᠭ᠎ᠠ᠎ᠪᠠᠨ ᠲᠣᠭᠠᠴᠢᠬᠤ ᠠᠷᠭ᠎ᠠ ᠵᠠᠮ᠎ᠢ ᠰᠢᠯᠤᠭᠤᠳᠬᠠᠬᠤ᠎ᠶᠢᠨ ᠲᠥᠯᠥᠭᠡ ᠬᠥᠬᠡᠬᠣᠲᠠ 《ᠰᠢᠨ᠎ᠡ ᠬᠡᠯᠪᠡᠷᠢ ᠵᠢᠨ ᠠᠵᠢᠯ ᠤᠯᠤᠭᠰᠠᠳ᠎ᠬᠤᠭᠤᠷᠤᠨᠳᠤ ᠪᠠᠨ ᠵᠥᠪᠳᠡᠯᠴᠡᠨ ᠴᠢᠩ ᠰᠡᠳᠭᠢᠯ᠎ᠢᠶᠡᠷ ᠶᠠᠷᠢᠯᠴᠠᠬᠤ ᠲᠣᠭᠲᠠᠴᠠ᠎ᠶᠢ ᠪᠠᠶ᠋ᠢᠭᠤᠯᠬᠤ ᠠᠵᠢᠯ᠎ᠤᠨ ᠬᠡᠷᠡᠭᠵᠢᠭᠦᠯᠬᠦ ᠲᠥᠰᠥᠯ》 ᠢ᠋ ᠲᠣᠭᠲᠠᠭᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠵᠠᠬᠢᠶᠠᠯᠠᠭ᠎ᠠ᠎ᠶᠢᠨ ᠬᠣᠭᠣᠯᠠ ᠬᠦᠷᠭᠡᠭᠴᠢ᠂ ᠲᠦᠷᠭᠡᠨ ᠬᠦᠷᠭᠡᠯᠲᠡ᠎ᠶᠢᠨ ᠠᠵᠢᠯᠳᠠᠨ᠂ ᠰᠦᠯᠵᠢᠶ᠎ᠡ᠎ᠪᠡᠷ ᠪᠣᠯᠵᠣᠬᠤ ᠮᠠᠰᠢᠨ ᠲᠡᠷᠭᠡᠨ᠎ᠦ ᠵᠢᠯᠣᠭᠣᠴᠢ ᠵᠡᠷᠭᠡ ᠠᠵᠢᠯ ᠲᠦᠷᠦᠯ ᠎ᠦᠨ ᠲᠥᠯᠥᠭᠡᠯᠡᠭᠴᠢᠳ᠎ᠢ ᠤᠷᠢᠵᠤ ᠲᠣᠭᠣᠷᠢᠨ ᠰᠠᠭᠤᠯᠭᠠᠵᠤ ᠰᠠᠨᠠᠯ᠎ᠢᠶᠠᠨ ᠰᠣᠯᠢᠯᠴᠠᠵᠤ᠂ ᠵᠥᠪᠯᠡᠬᠦ ᠵᠦᠢᠯ ᠭᠠᠷᠭᠠᠬᠤ ᠦᠭᠡᠢ᠂ ᠬᠡᠯᠪᠡᠷᠢ᠎ᠳᠦ ᠪᠠᠷᠢᠭ᠍ᠳᠠᠬᠤ ᠦᠭᠡᠢ ᠪᠠᠢᠵᠤ᠂ ᠣᠯᠠᠨ᠎ᠢᠶᠠᠷ᠎ᠢᠶᠠᠨ ᠠᠵᠢᠯ᠎ᠤᠨ ᠬᠦᠴᠢᠷ ᠠᠰᠠᠭᠤᠳᠠᠯ᠎ᠢᠶᠠᠨ ᠠᠭᠤᠵᠢᠷᠠᠲᠠᠯ᠎ᠠ ᠶᠠᠷᠢᠯᠴᠠᠵᠤ᠂ ᠠᠮᠢᠳᠤᠷᠠᠯ᠎ᠤᠨ ᠠᠷᠰᠠᠷ ᠶᠠᠪᠤᠳᠠᠯ᠎ᠪᠤᠶᠤ ᠰᠠᠨᠠᠯ ᠰᠠᠨᠠᠭᠤᠯᠭ᠎ᠠ ᠪᠠᠨ ᠲᠤᠷᠠᠳᠴᠤ ᠶᠠᠷᠢᠯᠴᠠᠳᠠᠭ᠃

ᠡᠨᠡ ᠵᠢᠯ ᠪᠦᠬᠦ ᠬᠣᠲᠠ᠎ᠶᠢᠨ ᠡᠯ᠎ᠡ ᠱᠠᠲᠤᠨ᠎ᠤ ᠨᠡᠢᠭᠡᠮ᠎ᠦᠨ ᠠᠵᠢᠯ᠎ᠤᠨ ᠬᠡᠯᠲᠡᠰ᠂ ᠡᠯ᠎ᠡ ᠠᠵᠢᠯ ᠲᠥᠷᠥᠯ᠎ᠦᠨ ᠨᠠᠮ᠎ᠤᠨ ᠬᠣᠷᠢᠶ᠎ᠠ ᠨᠢᠭᠡᠨᠲᠡ ᠤᠷᠢᠳ ᠬᠣᠵᠢᠳ 17 ᠲᠠᠯᠠᠪᠤᠷ ᠴᠢᠩ ᠰᠡᠳᠭᠢᠯ᠎ᠢᠶᠡᠷ ᠶᠠᠷᠢᠯᠴᠠᠬᠤ ᠬᠤᠷᠠᠯ ᠬᠤᠷᠠᠯᠳᠤᠭᠤᠯᠵᠤ᠂ ᠵᠠᠭᠤ ᠭᠠᠷᠤᠢ ᠵᠤᠷᠪᠤᠰ ᠰᠠᠨᠠᠭᠤᠯᠭ᠎ᠠ ᠬᠦᠰᠡᠯ ᠱᠠᠭᠠᠷᠳᠠᠯᠭ᠎ᠠ᠎ᠶᠢ ᠬᠣᠷᠢᠶᠠᠨ ᠣᠯᠪᠠ᠃

ᠴᠢᠩ ᠰᠡᠳᠭᠢᠯ᠎ᠢᠶᠡᠷ ᠶᠠᠷᠢᠯᠴᠠᠬᠤ ᠬᠤᠷᠠᠯ ᠳᠡᠭᠡᠷ᠎ᠡ ᠴᠥᠭᠡᠨ ᠪᠤᠰᠤ ᠵᠠᠬᠢᠶᠠᠯᠠᠭ᠎ᠠ᠎ᠶᠢᠨ ᠬᠣᠭᠣᠯᠠ ᠬᠦᠷᠭᠡᠭᠴᠢ ᠬᠡᠰᠡᠭ ᠰᠠᠭᠤᠭᠠᠯᠢ ᠠᠷᠠᠳ᠎ᠤᠨ ᠲᠣᠭᠣᠷᠢᠭ᠋᠎ᠲᠤ 《ᠡᠭᠦᠳᠡ ᠣᠷᠣᠬᠤ᠎ᠳᠦ ᠬᠦᠴᠢᠷ》 ᠪᠠᠢᠬᠤ ᠠᠰᠠᠭᠤᠳᠠᠯ᠎ᠢ ᠲᠥᠪᠯᠡᠷᠡᠩᠭᠦᠢ ᠲᠤᠰᠬᠠᠵᠤ᠂ ᠬᠣᠭᠣᠯᠠ ᠲᠤᠰᠴᠤ ᠬᠦᠷᠭᠡᠬᠦ ᠴᠠᠭ ᠣᠷᠳᠣ᠌ ᠪᠣᠯᠵᠤ᠂ ᠬᠦᠷᠭᠡᠬᠦ ᠦᠷ᠎ᠡ ᠪᠦᠲᠦᠮᠵᠢ᠎ᠶᠢ ᠨᠥᠯᠥᠭᠡᠯᠡᠭᠰᠡᠨ᠎ᠢᠶᠡᠷ ᠪᠠᠷᠠᠬᠤ ᠦᠭᠡᠢ ᠪᠠᠰᠠ ᠦᠷᠭᠦᠯᠵᠢ ᠵᠠᠬᠢᠶᠠᠯᠠᠭ᠎ᠠ᠎ᠶᠢᠨ ᠬᠠᠭᠤᠳᠠᠰᠤ ᠭᠥᠯᠢᠶᠡᠨ ᠠᠪᠬᠤ᠎ᠶᠢ ᠰᠠᠭᠠᠲᠠᠭᠠᠵᠤ ᠪᠠᠢᠨ᠎ᠠ ᠭᠡᠵᠡᠢ᠃ ᠬᠣᠲᠠ᠎ᠶᠢᠨ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ ᠣᠯᠠᠨ᠎ᠤ ᠬᠦᠰᠡᠯ ᠱᠠᠭᠠᠷᠳᠠᠯᠭ᠎ᠠ᠎ᠶᠢ ᠲᠡᠮᠳᠡᠭᠯᠡᠭᠰᠡᠨ᠎ᠦ ᠳᠠᠷᠠᠭ᠎ᠠ᠂ ᠬᠣᠲᠠ᠎ᠶᠢᠨ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠣᠪᠴᠢᠶ᠎ᠠ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠰᠢᠤᠳᠠᠨ᠎ᠤ ᠬᠠᠮᠢᠶᠠᠷᠤᠯᠲᠠ᠎ᠶᠢᠨ ᠲᠣᠪᠴᠢᠶ᠎ᠠ᠎ᠲᠠᠢ ᠬᠠᠮᠲᠤᠷᠠᠨ 《ᠬᠥᠬᠡᠬᠣᠲᠠ᠎ᠶᠢᠨ 〈ᠨᠥᠬᠥᠷᠰᠡᠭ ᠰᠠᠭᠤᠭᠠᠯᠢ ᠠᠷᠠᠳ᠎ᠤᠨ ᠲᠣᠭᠣᠷᠢᠭ᠋〉 ᠢ᠋ ᠪᠦᠲᠦᠭᠡᠨ ᠪᠠᠶ᠋ᠢᠭᠤᠯᠬᠤ ᠬᠡᠷᠡᠭᠵᠢᠭᠦᠯᠬᠦ ᠲᠥᠰᠥᠯ》 ᠢ᠋ ᠳᠠᠷᠤᠮᠠᠯᠯᠠᠨ ᠲᠠᠷᠬᠠᠭᠠᠵᠤ᠂ ᠤᠷᠢᠳ ᠬᠣᠵᠢᠳ 5 ᠤᠳᠠᠭ᠎ᠠ ᠲᠤᠰᠬᠠᠢ ᠰᠡᠳᠦᠪᠲᠦ ᠲᠣᠬᠢᠷᠠᠭᠤᠯᠤᠯᠲᠠ᠎ᠶᠢᠨ ᠬᠤᠷᠠᠯ ᠬᠤᠷᠠᠯᠳᠤᠭᠤᠯᠵᠤ᠂ 《ᠠᠷᠠᠳ᠎ᠤᠨ ᠰᠠᠨᠠᠭᠠᠨ᠎ᠤ ᠪᠠᠢᠴᠠᠭᠠᠯᠲᠠ ᠬᠢᠬᠦ — ᠰᠢᠢᠳᠪᠦᠷᠢ ᠭᠠᠷᠭᠠᠬᠤ — ᠠᠷᠭ᠎ᠠ ᠬᠡᠮᠵᠢᠶ᠎ᠡ ᠲᠣᠭᠲᠠᠭᠠᠬᠤ — ᠵᠦᠪᠯᠡᠯᠴᠡᠭᠡᠷ ᠲᠣᠭᠲᠠᠬᠤ》 ᠳᠥᠷᠪᠡᠨ ᠠᠯᠬᠤᠮ᠎ᠤᠨ ᠠᠵᠢᠯ᠎ᠤᠨ ᠠᠷᠭ᠎ᠠ᠎ᠵᠢ ᠰᠢᠨ᠎ᠡ᠎ᠶᠢ ᠡᠭᠦᠳᠦᠨ ᠬᠡᠷᠡᠭᠵᠢᠭᠦᠯᠵᠦ᠂ 《ᠨᠢᠭᠡ ᠰᠠᠭᠤᠭᠠᠯᠢ ᠠᠷᠠᠳ᠎ᠤᠨ ᠲᠣᠭᠣᠷᠢᠭ᠋᠎ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ》 ᠵᠠᠷᠴᠢᠮ ᠶᠣᠰᠣᠭᠠᠷ ᠪᠥᠬᠥ ᠬᠣᠲᠠ᠎ᠶᠢᠨ 222 《ᠡᠭᠦᠳᠡ ᠣᠷᠣᠬᠤ᠎ᠳᠤ ᠬᠦᠴᠢᠷ》 ᠰᠠᠭᠤᠭᠠᠯᠢ ᠠᠷᠠᠳ᠎ᠤᠨ ᠲᠣᠭᠣᠷᠢᠭ᠋᠎ᠤᠨ ᠠᠰᠠᠭᠤᠳᠠᠯ᠎ᠢ ᠪᠦᠬᠦᠨ᠎ᠢ ᠰᠢᠢᠳᠪᠦᠷᠢᠯᠡᠬᠦ᠎ᠶᠢ ᠠᠬᠢᠭᠤᠯᠪᠠ᠃

ᠣᠳᠣᠬᠠᠨ᠎ᠳᠤ᠂ ᠬᠥᠬᠡᠬᠣᠲᠠ᠎ᠶᠢᠨ ᠪᠣᠶ ᠪᠦᠬᠦᠢ ᠰᠠᠭᠤᠭᠠᠯᠢ ᠠᠷᠠᠳ᠎ᠤᠨ ᠲᠣᠭᠣᠷᠢᠭ᠋᠎ᠲᠤ ᠴᠥᠮ 《ᠲᠣᠬᠢᠷᠠᠭᠤᠯᠤᠨ ᠬᠦᠷᠭᠡᠬᠦ ᠬᠠᠮᠤᠭ ᠎ᠦᠨ ᠡᠴᠦᠰ᠎ᠦᠨ 100 ᠮᠧᠲᠷ᠎ᠢ ᠨᠡᠪᠲᠡᠷᠡᠭᠦᠯᠬᠦ》 ᠵᠢ ᠪᠡᠶᠡᠯᠡᠭᠦᠯᠪᠡ᠂ ᠡᠭᠦᠨ᠎ᠳᠦ 《ᠴᠠᠬᠢᠯᠭᠠᠨ ᠬᠦᠳᠡᠯᠭᠡᠭᠦᠷᠲᠦ ᠳᠤᠭᠤᠢ ᠲᠡᠷᠭᠡ ᠶᠠᠪᠤᠬᠤ᠎ᠳᠤ ᠨᠥᠬᠥᠷᠰᠡᠭ》 ᠰᠠᠭᠤᠭᠠᠯᠢ ᠠᠷᠠᠳ᠎ᠤᠨ ᠲᠣᠭᠣᠷᠢᠭ᠋ 2797᠂《ᠴᠠᠬᠢᠯᠭᠠᠨ ᠬᠤᠷᠢᠶᠠᠭᠤᠷ ᠰᠣᠯᠢᠬᠤ᠎ᠳᠤ ᠨᠥᠬᠥᠷᠰᠡᠭ》 ᠰᠠᠭᠤᠭᠠᠯᠢ ᠠᠷᠠᠳ᠎ᠤᠨ ᠲᠣᠭᠣᠷᠢᠭ᠋ 142 ᠪᠠᠢᠵᠤ᠂ ᠵᠠᠬᠢᠶᠠᠯᠠᠭ᠎ᠠ᠎ᠶᠢᠨ ᠬᠣᠭᠣᠯᠠ᠎ᠶᠢᠨ ᠬᠣᠷᠭᠣ᠌ (ᠵᠠᠬᠢᠶᠠᠯᠠᠭ᠎ᠠ᠎ᠶᠢᠨ ᠬᠣᠭᠣᠯᠠ᠎ᠶᠢᠨ ᠲᠠᠯᠪᠢᠭᠤᠷ) ᠲᠤᠬᠢᠷᠠᠭᠤᠯᠵᠤ ᠥᠭᠭᠦᠭᠰᠡᠨ ᠰᠠᠭᠤᠭᠠᠯᠢ ᠠᠷᠠᠳ᠎ᠤᠨ ᠲᠣᠭᠣᠷᠢᠭ᠋ 26 ᠪᠣᠶ᠃ ᠬᠣᠲᠠ᠎ᠶᠢᠨ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ᠂ ᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ᠎ᠡᠴᠡ 225 ᠰᠤᠯᠢᠵᠤ ᠤᠨᠤᠬᠤ ᠴᠠᠬᠢᠯᠭᠠᠨ ᠬᠦᠳᠡᠯᠭᠡᠭᠦᠷᠲᠦ ᠳᠤᠭᠤᠢ ᠲᠡᠷᠭᠡ ᠭᠠᠷᠭᠠᠨ ᠥᠭᠴᠦ᠂ ᠴᠠᠬᠢᠯᠭᠠᠨ ᠬᠦᠳᠡᠯᠭᠡᠭᠦᠷᠲᠦ ᠳᠤᠭᠤᠢ ᠤᠨᠤᠭ᠍ᠴᠢ᠎ᠶᠢᠨ ᠶᠠᠪᠤᠵᠤ ᠰᠠᠭᠤᠬᠤ᠎ᠵᠢ ᠰᠢᠢᠳᠪᠦᠷᠢᠯᠡᠬᠦ 《ᠵᠢᠵᠢᠭ ᠭᠠᠷᠳᠠᠴᠠ》 ᠪᠡᠷ ᠬᠥᠲᠥᠯᠥᠮᠵᠢ ᠪᠣᠯᠭᠠᠵᠤ᠂ ᠦᠨᠳᠦᠰᠦᠨ ᠱᠠᠲᠤᠨ᠎ᠤ ᠵᠠᠰᠠᠯᠲᠠ᠎ᠶᠢ ᠨᠠᠷᠢᠯᠢᠭ᠍ᠵᠢᠭᠤᠯᠬᠤ᠎ᠳᠤ ᠠᠰᠢᠭ᠍ᠲᠠᠢ ᠲᠤᠷᠰᠢᠯᠭ᠎ᠠ ᠬᠤᠷᠠᠮᠳᠤᠭᠤᠯᠵᠠᠢ᠃

ᠴᠢᠩ ᠰᠡᠳᠬᠢᠯ᠎ᠵᠢᠡᠷ ᠶᠠᠷᠢᠯᠴᠠᠬᠤ ᠬᠤᠷᠠᠯ᠎ᠤᠨ ᠰᠢᠷᠡᠭᠡ ᠨᠢ ᠨᠠᠮ ᠪᠠ ᠤᠯᠠᠨ ᠲᠦᠮᠡᠨ᠎ᠦ ᠰᠡᠳᠬᠢᠯ᠎ᠦᠨ ᠬᠥᠭᠥᠷᠭᠡ᠎ᠶᠢ ᠪᠣᠰᠬᠠᠵᠤ᠂ ᠰᠢᠨ᠎ᠡ᠎ᠬᠡᠯᠪᠷᠢ ᠵᠢᠨ ᠠᠵᠢᠯ ᠣᠯᠣᠭᠰᠠᠳ᠎ᠦᠨ ᠲᠠᠭᠤᠨ᠎ᠢ ᠰᠣᠨᠣᠰᠴᠤ᠂ ᠬᠦᠰᠡᠯ ᠱᠠᠭᠠᠷᠳᠠᠯᠭ᠎ᠠ᠎ᠶᠢ ᠨᠢ ᠰᠢᠢᠳᠪᠦᠷᠢᠯᠡᠵᠡᠢ᠃

ᠠᠵᠢᠯ ᠠᠮᠢᠳᠤᠷᠠᠯ ᠎ᠤᠨ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠪᠡᠷ ᠪᠠᠷᠠᠬᠤ ᠦᠭᠡᠢ ᠪᠠᠰᠠ ᠨᠠᠮ᠎ᠤᠨ ᠰᠢᠨ᠎ᠡ ᠡᠭᠦᠳᠦᠯᠲᠡ᠎ᠵᠢᠨ ᠤᠨᠤᠯ᠎ᠵᠢᠡᠷ ᠬᠦᠲᠦᠯᠦᠨ ᠳᠠᠭᠠᠭᠤᠯᠬᠤ᠎ᠶᠢ ᠴᠢᠩᠭᠠᠳᠬᠠᠵᠤ᠂ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢᠨ ᠤᠷᠤᠭᠰᠢᠯᠠᠨ ᠲᠠᠪᠰᠢᠬᠤ ᠬᠦᠴᠦᠨ᠎ᠢ ᠨᠢᠭ᠍ᠲᠠᠷᠠᠭᠤᠯᠬᠤ ᠬᠡᠷᠡᠭᠲᠡᠢ᠃

ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠣᠨᠴᠠᠯᠢᠭ᠋᠎ᠲᠤ ᠰᠠᠭᠤᠷᠢᠯᠠᠵᠤ᠂ ᠬᠥᠬᠡᠬᠣᠲᠠ᠎ᠶᠢᠨ ᠬᠢᠨ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠤᠨᠤᠯ᠎ᠤᠨ ᠤᠬᠠᠭᠤᠯᠤᠨ ᠲᠠᠢᠯᠪᠤᠷᠢᠯᠠᠬᠤ ᠤᠷᠤᠯᠳᠤᠭᠠᠨ᠎ᠢ ᠰᠢᠨ᠎ᠡ᠎ᠶᠢ ᠡᠭᠦᠳᠦᠨ ᠥᠷᠨᠢᠭᠦᠯᠵᠦ᠂ ᠤᠷᠤᠯᠳᠤᠭᠠᠨ᠎ᠳᠤ ᠣᠷᠣᠯᠴᠠᠭᠰᠠᠳ᠎ᠤᠨ ᠣᠯᠠᠩᠬᠢ ᠨᠢ ᠰᠢᠨ᠎ᠡ ᠬᠡᠯᠪᠡᠷᠢ ᠵᠢᠨ ᠠᠵᠢᠯ ᠣᠯᠭᠣᠯᠲᠠ᠎ᠶᠢᠨ ᠨᠢᠭᠡᠳᠦᠭᠡᠷ ᠹᠷᠣᠨᠲ᠎ᠡᠴᠡ ᠢᠷᠡᠵᠠᠢ᠃ ᠲᠡᠳᠡ ᠥᠪᠡᠷ᠎ᠦᠨ ᠠᠵᠢᠯ᠎ᠤᠨ ᠥᠩᠭᠡᠷᠡᠯᠲᠡ᠎ᠲᠠᠢ᠎ᠪᠡᠨ ᠤᠶᠠᠯᠳᠤᠭᠤᠯᠤᠨ ᠤᠯᠠᠨ ᠲᠦᠮᠡᠨ᠎ᠲᠠᠢ ᠣᠢᠷᠠᠲᠤᠭᠰᠠᠨ ᠦᠭᠡ ᠬᠡᠯᠡ᠂ ᠠᠮᠢᠳᠤᠯᠢᠭ᠋ ᠰᠠᠢᠬᠠᠨ ᠦᠯᠢᠭᠡᠷ᠎ᠢᠶᠡᠷ ᠲᠦᠷᠦ᠎ᠶᠢᠨ ᠪᠣᠳᠣᠯᠭ᠎ᠠ ᠤᠨᠤᠯ᠎ᠢ ᠤᠬᠠᠭᠤᠯᠤᠨ ᠲᠠᠢᠯᠪᠤᠷᠢᠯᠠᠵᠤ᠂ ᠲᠡᠮᠡᠴᠡᠯ᠎ᠦᠨ ᠲᠥᠷᠥᠭᠳᠡᠯ᠎ᠢᠶᠡᠨ ᠬᠤᠪᠢᠶᠠᠯᠴᠠᠪᠠ᠃ ᠡᠭᠦᠨ᠎ᠦ ᠬᠠᠮᠲᠤ ᠲᠤᠬᠠᠢ᠎ᠶᠢᠨ ᠭᠠᠵᠠᠷ᠎ᠤᠨ ᠬᠢᠨ 《ᠤᠯᠠᠭᠠᠨ ᠬᠣᠰᠢᠭᠤᠴᠢ》 ᠤᠬᠠᠭᠤᠯᠤᠨ ᠲᠠᠢᠯᠪᠤᠷᠢᠯᠠᠬᠤ ᠪᠦᠯᠬᠦᠮ ᠪᠠᠢᠭᠤᠯᠵᠤ᠂ ᠡᠨᠡ ᠵᠢᠯ ᠪᠣᠯᠲᠠᠯ᠎ᠠ ᠨᠢᠭᠡᠨᠲᠡ 80 ᠭᠠᠷᠤᠢ ᠲᠠᠯᠠᠪᠤᠷ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠨᠢᠭᠡ ᠲᠠᠯ᠎ᠠ᠎ᠪᠠᠷ ᠨᠠᠮ᠎ᠤᠨ ᠱᠤᠭᠤᠮ ᠴᠢᠭᠯᠡᠯᠲᠡ ᠲᠥᠷᠥ᠎ᠶᠢᠨ ᠪᠣᠳᠣᠯᠭ᠎ᠠ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠬᠠᠮᠢᠶ᠎ᠠ ᠪᠦᠬᠦᠢ ᠠᠭᠤᠯᠭ᠎ᠠ᠎ᠶᠢ ᠪᠠᠢᠩᠭᠤᠵᠢᠭᠤᠯᠤᠨ ᠤᠬᠠᠭᠤᠯᠤᠨ ᠲᠠᠢᠯᠪᠤᠷᠢᠯᠠᠵᠤ᠂ ᠥᠷᠭᠡᠨ ᠣᠯᠠᠨ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢᠨ ᠠᠵᠢᠯᠯᠠᠭ᠍ᠴᠢ᠎ᠶᠢ ᠬᠥᠲᠥᠯᠥᠨ ᠵᠢᠯᠤᠭᠣᠳᠴᠤ ᠪᠠᠢᠭᠠᠳ ᠦᠨᠳᠦᠰᠦᠲᠡᠨ᠎ᠦ ᠪᠦᠯᠬᠦᠮᠳᠡᠯ᠎ᠦᠨ ᠬᠠᠢᠷ᠎ᠠ ᠰᠡᠳᠬᠢᠯᠭᠡ᠎ᠶᠢ ᠵᠤᠵᠠᠭᠠᠳᠬᠠᠵᠤ᠂ ᠬᠠᠮᠲᠤ᠎ᠶᠢᠨ ᠴᠣᠭᠴᠠ᠎ᠶᠢᠨ ᠣᠢᠯᠠᠭᠠᠭᠳᠠᠬᠤᠨ᠎ᠢ ᠪᠣᠶ ᠪᠣᠯᠭᠠᠪᠠ; ᠨᠥᠭᠥᠭᠡ ᠲᠠᠯ᠎ᠠ᠎ᠪᠠᠷ ᠬᠥᠳᠡᠯᠮᠦᠷᠢ᠎ᠶᠢᠨ ᠡᠷᠬᠡ ᠠᠰᠢᠭ᠋᠎ᠤᠨ ᠪᠠᠲᠤᠯᠠᠭ᠎ᠠ᠂ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠵᠢᠷᠤᠮᠵᠢᠯ ᠵᠡᠷᠭᠡ ᠪᠣᠳᠠᠲᠤ ᠬᠡᠷᠡᠭᠯᠡᠭᠡᠨ᠎ᠦ ᠮᠡᠳᠡᠯᠭᠡ᠎ᠶᠢ ᠲᠦᠭᠡᠮᠡᠯᠵᠢᠭᠦᠯᠵᠦ᠂ ᠦᠵᠡᠯ ᠰᠠᠨᠠᠭ᠎ᠠ᠎ᠪᠠᠷ ᠬᠥᠲᠥᠯᠥᠨ ᠵᠢᠯᠤᠭᠣᠳᠬᠤ᠂ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ᠬᠢᠬᠦ᠂ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡ᠎ᠶᠢ ᠨᠢᠭᠡ ᠴᠣᠭᠴᠠ ᠪᠣᠯᠭᠠᠨ ᠠᠭᠤᠰᠤᠯᠴᠠᠭᠤᠯᠵᠤ᠂ ᠣᠨᠣᠯ᠎ᠤᠨ ᠲᠠᠢᠯᠤᠮᠵᠢ᠎ᠶᠢ ᠦᠵᠡᠯ ᠰᠠᠨᠠᠭᠠᠨ᠎ᠤ ᠥᠨᠳᠥᠷᠴᠡ ᠲᠠᠢ ᠮᠥᠷᠲᠡᠭᠡᠨ ᠪᠠᠰᠠ ᠠᠷᠠᠳ᠎ᠤᠨ ᠠᠮᠢᠳᠤᠷᠠᠯ᠎ᠤᠨ ᠬᠠᠢᠷ᠎ᠠ ᠬᠠᠯᠠᠮᠵᠢ᠎ᠲᠠᠢ ᠪᠣᠯᠭᠠᠪᠠ᠃

ᠬᠥᠬᠡᠬᠣᠲᠠ ᠪᠦᠬᠦ ᠲᠠᠯ᠎ᠠ᠎ᠶᠢᠨ ᠨᠥᠬᠥᠷᠰᠡᠭ ᠣᠷᠣᠨ ᠵᠠᠢ᠎ᠶᠢ ᠦᠷᠭᠦᠯᠵᠢᠯᠡᠨ ᠴᠣᠭᠴᠠᠯᠠᠵᠤ᠂ ᠨᠠᠮ᠎ᠤᠨ ᠭᠡᠰᠢᠭᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠂ ᠨᠡᠢᠭᠡᠮ ᠲᠣᠭᠣᠷᠢᠭ᠋᠎ᠤᠨ ᠦᠷᠳᠡᠬᠡ᠂ ᠬᠤᠳᠠᠯᠳᠤᠭᠠᠨ᠎ᠤ ᠲᠣᠭᠣᠷᠢᠭ᠋᠎ᠤᠨ ᠦᠢᠯᠡᠴᠢᠯᠡᠭᠡᠨ᠎ᠦ ᠴᠡᠭ ᠵᠡᠷᠭᠡ ᠵᠢᠭ᠍ᠰᠠᠭᠠᠯ᠎ᠤᠨ ᠭᠠᠵᠠᠷ᠎ᠢ ᠨᠡᠢᠳᠬᠡᠵᠦ᠂ ᠨᠢᠭᠡ ᠪᠦᠯᠦᠭ ᠴᠢᠳᠠᠮᠵᠢ᠎ᠪᠠᠷ ᠪᠦᠷᠢᠨ ᠲᠡᠭᠦᠯᠳᠡᠷ ᠰᠡᠳᠬᠢᠯ᠎ᠢ ᠳᠤᠯᠠᠭᠠᠴᠡᠭᠤᠯᠬᠤ ᠦᠷᠳᠡᠬᠡ᠎ᠶᠢ ᠪᠠᠢᠭᠤᠯᠪᠠ᠃

ᠥᠷᠲᠡᠭᠡ᠎ᠨᠦᠭᠦᠳ᠎ᠲᠦ ᠰᠠᠭᠤᠳᠠᠯ᠂ ᠤᠤᠭᠤᠬᠤ ᠤᠰᠤᠨ᠎ᠤ ᠮᠠᠰᠢᠨ᠂ ᠴᠠᠬᠢᠯᠭᠠᠨ ᠴᠡᠨᠡᠭᠯᠡᠬᠦ ᠲᠥᠬᠦᠭᠡᠷᠦᠮᠵᠢ᠂ ᠪᠠᠴᠢᠮ ᠪᠠᠢᠳᠠᠯ᠎ᠢ ᠠᠷᠭᠠᠴᠡᠭᠠᠬᠤ ᠡᠮ᠎ᠦᠨ ᠵᠦᠢᠯ ᠵᠡᠷᠭᠡ ᠠᠷᠠᠳ᠎ᠲᠤ ᠲᠥᠬᠥᠮ ᠦᠵᠡᠭᠦᠯᠬᠦ ᠲᠥᠬᠦᠭᠡᠷᠦᠮᠵᠢ ᠲᠣᠬᠢᠷᠠᠭᠤᠯᠵᠤ᠂ ᠬᠠᠬᠢᠷ ᠬᠦᠢᠲᠡᠨ ᠠᠭᠠᠬᠢᠮ᠎ᠠ ᠬᠠᠯᠠᠭᠤᠨ᠎ᠳᠤ ᠴᠤ᠌ ᠭᠡᠰᠡᠨ᠂ ᠰᠢᠨ᠎ᠡ᠎ᠪᠡᠷ ᠠᠵᠢᠯ ᠣᠯᠣᠭᠰᠠᠨ ᠬᠥᠮᠥᠰ ᠴᠥᠮ ᠴᠠᠭ ᠢᠮᠠᠭᠲᠠ ᠣᠷᠣᠵᠤ  ᠠᠮᠠᠷᠠᠵᠤ᠂ ᠤᠰᠤ ᠤᠤᠭᠤᠵᠤ᠂ ᠭᠠᠷ ᠤᠳᠠᠰᠤ᠂ ᠴᠠᠬᠢᠯᠭᠠᠨ ᠬᠦᠳᠡᠯᠬᠡᠬᠦᠷᠳᠦ ᠲᠤᠭᠤᠢ ᠲᠡᠷᠭᠡᠨ᠎ᠳᠡᠭᠡᠨ ᠴᠠᠬᠢᠯᠭᠠᠨ ᠴᠡᠨᠡᠭᠯᠡᠵᠦ ᠪᠣᠯᠣᠨ᠎ᠠ᠃

ᠠᠭᠠᠭᠢᠮ᠎ᠠ ᠬᠠᠯᠠᠭᠤᠨ ᠵᠤᠨ᠎ᠦ ᠤᠯᠠᠷᠢᠯ᠎ᠳᠤ᠂ ᠥᠷᠲᠡᠭᠡ ᠦᠷᠭᠦᠯᠵᠢ ᠬᠠᠯᠠᠭᠤᠨ᠎ᠢ ᠰᠡᠷᠭᠡᠢᠯᠡᠬᠦ ᠡᠳ᠋ ᠪᠣᠳᠠᠰ ᠪᠡᠯᠡᠳᠬᠡᠳᠡᠭ; ᠬᠠᠬᠢᠷ ᠡᠪᠦᠯ᠎ᠦᠨ ᠬᠥᠬᠡᠭᠡ ᠰᠠᠷ᠎ᠠ᠎ᠳᠤ᠂ ᠬᠠᠯᠠᠭᠤᠨ ᠤᠰᠤ ᠬᠡᠵᠢᠶᠡᠳᠡ ᠲᠠᠰᠤᠯᠳᠠᠯ ᠦᠭᠡᠢ ᠬᠠᠨᠭᠭᠠᠳᠠᠭ᠃ ᠵᠠᠬᠢᠶᠠᠯᠠᠭ᠎ᠠ᠎ᠶᠢᠨ ᠬᠣᠭᠣᠯᠠ ᠬᠦᠷᠭᠡᠭᠴᠢ ᠯᠢᠦᠢ ᠶᠦᠩ ᠴᠢᠩ᠄《ᠵᠠᠬᠢᠶᠠᠯᠠᠭ᠎ᠠ᠎ᠶᠢᠨ ᠬᠣᠭᠣᠯᠠ ᠬᠦᠷᠭᠡᠬᠦ ᠵᠠᠮ᠎ᠳᠠᠭᠠᠨ ᠶᠠᠳᠠᠷᠠᠬᠤ ᠶᠤᠮ ᠤᠤ ᠤᠮᠳᠠᠭᠠᠰᠪᠠᠯ᠂ ᠦᠷᠳᠡᠭᠡ᠎ᠳᠦ  ᠬᠦᠷᠴᠦ ᠵᠢᠭᠠᠬᠠᠨ ᠠᠮᠠᠷᠠᠴᠢᠬᠠᠨ᠎ᠠ᠃ ᠬᠡᠳᠦᠢᠪᠡᠷ ᠵᠢᠵᠢᠭᠬᠡᠨ ᠣᠷᠣᠨ ᠵᠠᠢ ᠪᠤᠯᠪᠠᠴᠤ ᠬᠤᠳᠠ᠎ᠶᠢᠨ ᠶᠡᠬᠡ ᠬᠠᠢᠷ᠎ᠠ᠎ᠵᠢ ᠡᠷᠬᠡ ᠦᠬᠡᠢ ᠮᠡᠳᠡᠷᠡᠬᠦᠯᠬᠦ ᠶᠤᠮ ᠪᠢᠯᠡ》 ᠭᠡᠵᠤ ᠲᠤᠬᠳᠤᠯᠤᠩᠬᠠᠨ ᠶᠠᠷᠢᠵᠦ ᠪᠠᠢᠯ᠎ᠠ᠃

ᠣᠳᠣᠬᠠᠨ᠎ᠳᠤ ᠬᠥᠬᠡᠬᠣᠲᠠ ᠨᠢᠭᠡᠨᠲᠡ 《ᠴᠢᠩ ᠹᠸᠩ ᠱᠸ》 24 ᠴᠠᠭ᠎ᠤᠨ ᠦᠷᠳᠡᠭᠡ᠎ᠵᠢ 5 ᠪᠠᠢᠭᠤᠯᠵᠤ᠂ ᠵᠢᠯ᠎ᠳᠦ 40 ᠲᠦᠮᠡ ᠰᠢᠬᠠᠮ ᠬᠥᠮᠥᠨ ᠤᠳᠠᠭ᠎ᠠ᠎ᠳᠤ ᠦᠢᠯᠡᠴᠢᠯᠡᠵᠦ᠂ ᠨᠥᠬᠥᠷᠰᠡᠭ ᠰᠤᠷᠭᠠᠭᠤᠯᠢ᠎ᠵᠢ 6 ᠪᠠᠢᠭᠤᠯᠵᠤ᠂ ᠨᠢᠭᠡᠨᠲᠡ 50 ᠭᠠᠷᠤᠢ ᠰᠢᠨ᠎ᠡ᠎ᠪᠡᠷ ᠠᠵᠢᠯ ᠣᠯᠣᠭᠰᠠᠨ ᠬᠥᠮᠥᠰ᠎ᠦᠨ ᠦᠷ᠎ᠡ ᠬᠡᠦᠬᠡᠳ᠎ᠢ ᠨᠥᠬᠥᠴᠡᠯ ᠦᠭᠡᠢ᠎ᠪᠡᠷ ᠰᠤᠷᠭᠠᠭᠤᠯᠢ᠎ᠳᠤ ᠣᠷᠣᠭᠤᠯᠬᠤ ᠠᠰᠠᠭᠤᠳᠠᠯ᠎ᠢ ᠰᠢᠢᠳᠪᠦᠷᠢᠯᠡᠪᠡ᠃

《ᠬᠣᠲᠠ᠎ᠶᠢᠨ ᠨᠠᠮ᠎ᠤᠨ ᠬᠣᠷᠢᠶᠠᠨ᠎ᠤ ᠨᠡᠢᠭᠡᠮ᠎ᠦᠨ ᠠᠵᠢᠯ᠎ᠤᠨ ᠬᠡᠯᠲᠡᠰ ᠦᠢᠯᠡᠴᠢᠯᠡᠭᠡᠨ᠎ᠦ ᠠᠷᠭ᠎ᠠ ᠬᠡᠮᠵᠢᠶ᠎ᠡ᠎ᠪᠡᠨ ᠦᠷᠭᠦᠯᠵᠢᠯᠡᠨ ᠭᠦᠨᠵᠡᠭᠡᠢᠷᠡᠭᠦᠯᠵᠦ᠂ ᠬᠦᠰᠡᠯ ᠱᠠᠭᠠᠷᠳᠠᠯᠭ᠎ᠠ᠎ᠶᠢ ᠴᠤᠤᠷᠢᠶᠠᠲᠤᠨ ᠳᠠᠭᠠᠬᠤ᠂ ᠡᠷᠬᠡ ᠠᠰᠢᠭ᠋᠎ᠢ ᠪᠠᠲᠤᠯᠠᠬᠤ᠂ ᠬᠦᠮᠦᠨ ᠨᠡᠢᠭᠡᠮ᠎ᠤᠨ ᠬᠠᠯᠠᠮᠵᠢᠯᠠᠯ᠂ ᠦᠵᠡᠯ ᠰᠠᠨᠠᠭ᠎ᠠ᠎ᠪᠠᠷ ᠬᠥᠲᠥᠯᠥᠨ ᠳᠠᠭᠠᠭᠤᠯᠬᠤ ᠪᠥᠬᠥ ᠬᠡᠯᠬᠢᠶᠡᠨ᠎ᠦ ᠦᠢᠯᠡᠴᠢᠯᠡᠭᠡᠨ᠎ᠦ ᠰᠢᠰᠲᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠴᠢᠩ ᠰᠡᠳᠬᠢᠯ᠎ᠵᠢᠡᠷ ᠶᠠᠷᠢᠯᠴᠠᠬᠤ ᠬᠤᠷᠠᠯ᠎ᠢ ᠦᠷᠭᠦᠯᠵᠢᠯᠡᠨ ᠰᠠᠢᠲᠤᠷ ᠡᠷᠭᠢᠯᠡᠵᠦ᠂ ᠤᠬᠠᠭᠤᠯᠤᠨ ᠲᠠᠢᠯᠪᠤᠷᠢᠯᠠᠬᠤ ᠬᠡᠯᠪᠡᠷᠢ᠎ᠪᠡᠨ ᠪᠠᠶᠠᠯᠢᠭ᠍ᠵᠢᠭᠤᠯᠵᠤ᠂ ᠦᠢᠯᠡᠴᠢᠯᠡᠭᠡᠨ᠎ᠦ ᠵᠢᠭ᠍ᠰᠠᠭᠠᠯ᠎ᠤᠨ ᠭᠠᠵᠠᠷ᠎ᠢᠶᠠᠨ ᠲᠠᠰ ᠳᠡᠪᠰᠢᠭᠦᠯᠵᠦ᠂ ᠰᠢᠨ᠎ᠡ ᠬᠡᠯᠪᠡᠷᠢ ᠵᠢᠨ ᠠᠵᠢᠯ ᠣᠯᠣᠭᠰᠠᠳ᠎ᠦᠨ ᠳᠣᠲᠣᠨᠣ᠌ ᠬᠥᠮᠥᠨ ᠪᠣᠯᠣᠨ᠎ᠠ》 ᠭᠡᠵᠦ ᠬᠥᠬᠡᠬᠣᠲᠠ᠎ᠶᠢᠨ ᠨᠠᠮ᠎ᠤᠨ ᠬᠣᠷᠢᠶᠠᠨ᠎ᠤ ᠨᠡᠢᠭᠡᠮ᠎ᠦᠨ ᠠᠵᠢᠯ᠎ᠤᠨ ᠬᠡᠯᠲᠡᠰ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面