ᠮᠣᠩᠭᠣᠯ ᠮᠣᠷᠢᠨ᠎ᠤ᠋ ᠵᠣᠷᠢᠭ ᠰᠠᠨᠠᠭ᠎ᠠ᠎ᠶ᠋ᠢ ᠪᠠᠳᠠᠷᠠᠭᠤᠯᠤᠶ᠎ᠠ > ᠮᠡᠳᠡᠭᠡᠯᠡᠯ

2026-08-13 09:22:16

ᠵᠣᠬᠢᠶᠠᠭ᠍ᠴᠢ᠄ ᠸᠠᠡᠭ ᠲᠠᠨ᠎ᠠ ᠣᠩᠱᠢᠭ᠍ᠰᠠᠨ ᠣᠳᠠᠭ᠎ᠠ᠄ 3

ᠳᠡᠯᠭᠡᠷ ᠵᠤᠨ ᠎ᠤ ᠤᠯᠠᠷᠢᠯ ᠎ᠳᠤ ᠪᠠᠭᠠᠷᠢᠨ ᠪᠠᠷᠠᠭᠤᠨ ᠬᠤᠰᠢᠭᠤᠨ᠎ᠤ ᠠᠷᠠᠳ᠎ᠤᠨ ᠠᠮᠢᠳᠤᠷᠠᠯ᠎ᠤᠨ ᠢᠨᠵᠸᠨ᠋ᠸᠷᠢᠩ᠎ᠤᠨ᠎ᠪᠥᠲᠦᠭᠡᠨ ᠪᠠᠶ᠋ᠢᠭᠤᠯᠤᠯᠲᠠ᠎ᠵᠢᠨ ᠲᠦᠷᠦᠯ ᠵᠦᠢᠯ ᠬᠦᠭᠵᠢᠶᠠᠨ ᠲᠠᠢ ᠶᠠᠪᠤᠭᠳᠠᠨ᠂ ᠨᠢᠭᠡ ᠪᠦᠯᠦᠭ ᠰᠠᠭᠤᠷᠢ᠎ᠶ᠋ᠢ ᠪᠠᠲᠤᠳᠭᠠᠬᠤ᠂ ᠠᠷᠠᠳ᠎ᠲᠤ᠌ ᠠᠰᠢᠭ ᠬᠦᠷᠲᠡᠭᠡᠬᠦ᠌ ᠰᠠᠭᠤᠷᠢ ᠲᠥᠬᠦᠭᠡᠷᠦᠮᠵᠢ ᠎ᠶ᠋ᠢᠨ ᠲᠥᠷᠦᠯ ᠵᠦᠢᠯ ᠤ᠋ᠨ ᠠᠵᠢᠯ ᠢ᠋ ᠶᠠᠭ ᠪᠥᠬᠦ᠌ ᠬᠤᠷᠳᠤᠴᠠ᠎ᠪᠠᠷ ᠠᠬᠢᠭᠤᠯᠵᠤ᠂ ᠬᠥᠳᠡᠭᠡ ᠲᠣᠰᠭᠤᠨ ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠵᠦ᠍ ᠪᠠᠶ᠋ᠢᠨ᠎ᠠ᠃

ᠰᠤᠷᠪᠤᠯᠵᠢᠯᠠᠭᠴᠢ ᠲᠦᠷᠦᠭᠦᠬᠡᠨ ᠴᠠᠭᠠᠨᠨᠠᠭᠤᠷ ᠪᠠᠯᠭᠠᠰᠤᠨ᠎ᠤ ᠯᠧᠦ ᠽᠢ ᠭᠠᠴᠠᠭᠠᠨ᠎ᠳᠤ ᠬᠦᠷᠬᠦ᠎ᠳᠤ ᠠᠢᠯ ᠎ᠤᠨ ᠳᠤᠮᠳᠠᠭᠤᠷ ᠵᠠᠮ ᠰᠤᠨᠤᠯᠵᠠᠭᠠᠳ᠂ ᠰᠠᠭᠤᠷᠢ᠎ᠶ᠋ᠢ ᠨᠢ ᠦᠨᠳᠦᠰᠦᠨ᠎ᠳᠡᠭᠡᠨ ᠲᠡᠪᠢᠰᠴᠤ ᠲᠠᠭᠤᠰᠴᠠᠢ᠃ ᠲᠣᠰ ᠲᠥᠷᠦᠯ ᠵᠦᠢᠯ᠎ᠤᠨ ᠶᠡᠷᠦᠩᠬᠡᠢ ᠪᠠᠯᠠ ᠣᠷᠤᠭᠤᠯᠤᠯᠲᠠ 399 ᠲᠦᠮᠡᠨ ᠲᠥᠭᠦᠷᠢᠭ ᠲᠤ᠌ ᠬᠦᠷᠴᠤ᠂ 5.79 ᠺᠢᠯᠤᠮᠧᠲᠷ ᠎ᠤᠨ ᠵᠠᠮ ᠵᠠᠰᠠᠬᠤ ᠪᠡᠷ ᠲᠥᠯᠦᠪᠵᠢᠭᠦᠯᠦᠨ᠂ 《ᠪᠥᠲᠦᠭᠡᠨ ᠪᠠᠶ᠋ᠢᠭᠤᠯᠬᠤ + ᠠᠵᠢᠯ ᠣᠯᠭᠤᠬᠤ + ᠪᠣᠯᠪᠠᠰᠤᠷᠠᠯ + ᠠᠷᠠᠴᠢᠯᠠᠨ ᠬᠠᠮᠠᠭᠠᠯᠠᠬᠤ 》 ᠵᠢ ᠨᠢᠭᠡ ᠴᠣᠭᠴᠠᠵᠢᠭᠤᠯᠤᠭᠰᠠᠨ ᠵᠠᠭᠪᠤᠷ᠎ᠢ ᠬᠡᠷᠡᠭᠵᠢᠬᠦᠯᠵᠤ᠂ ᠣᠯᠠᠨ ᠲᠦᠮᠡᠨ ᠤ᠋ ᠪᠥᠲᠦᠭᠡᠨ ᠪᠠᠶ᠋ᠢᠭᠤᠯᠤᠯᠲᠠ᠎ᠳᠤ ᠣᠷᠤᠯᠴᠠᠨ ᠠᠰᠢᠭ ᠭᠥᠷᠳᠡᠵᠤ ᠮᠡᠷᠭᠡᠵᠢᠯ ᠴᠢᠳᠠᠪᠤᠷᠢ ᠡᠵᠡᠮᠰᠢᠬᠦ ᠵᠢ ᠠᠬᠢᠭᠤᠯᠵᠠᠢ᠃ 《ᠵᠠᠮ᠎ᠢ ᠵᠠᠰᠠᠵᠤ ᠲᠠᠭᠤᠰᠤᠭᠰᠠᠨ᠎ᠤ ᠳᠠᠷᠠᠭ᠎ᠠ ᠭᠠᠳᠠᠭᠰᠢ ᠭᠠᠷᠬᠤ ᠪᠤᠶᠤ ᠡᠳ᠋ ᠪᠠᠷᠠᠭ᠎ᠠ ᠲᠡᠭᠡᠭᠡᠪᠦᠷᠢᠯᠡᠬᠦ᠎ᠳᠤ ᠮᠠᠰᠢ ᠲᠥᠬᠦᠮ ᠪᠣᠯᠤᠨ᠎ᠠ᠂ ᠪᠢᠳᠡ ᠪᠠᠰᠠ ᠭᠡᠷ᠎ᠤᠨ ᠵᠢᠡᠨ ᠡᠬᠦᠳᠡᠨ ᠳ᠋ᠦ ᠴᠠᠯᠢᠩ ᠮᠦᠨᠭᠭᠦ ᠤᠯᠴᠢᠬᠠᠨ᠎ᠠ 》 ᠭᠡᠵᠦ᠍ ᠪᠠᠷᠢᠯᠭ᠎ᠠ᠎ᠶ᠋ᠢᠨ ᠭᠠᠵᠠᠷ᠎ᠲᠤ᠌ ᠠᠵᠢᠯᠯᠠᠵᠤ ᠪᠠᠶ᠋ᠢᠭ᠎ᠠ ᠯᠢᠦ ᠵᠢᠶᠦ᠋ᠨ ᠪᠠᠶᠠᠷᠯᠠᠨ ᠶᠠᠷᠢᠵᠦ ᠪᠠᠢᠯ᠎ᠠ᠃

ᠪᠠᠷᠢᠯᠭ᠎ᠠ᠎ᠶ᠋ᠢᠨ ᠠᠵᠢᠯ ᠤ᠋ᠨ ᠬᠤᠭᠤᠴᠠᠭᠠᠨ᠎ᠳᠤ ᠲᠣᠰ ᠲᠥᠷᠦᠯ ᠵᠦᠢᠯ ᠶᠠᠳᠠᠭᠤ᠎ᠡᠴᠡ ᠠᠩᠭᠢᠵᠢᠷᠠᠭᠰᠠᠨ ᠬᠥᠮᠦᠨ ᠠᠮᠠ᠂ ᠳᠠᠬᠢᠨ ᠶᠠᠳᠠᠭᠤᠷᠠᠬᠤ᠎ᠶ᠋ᠢ ᠰᠡᠷᠭᠡᠶ᠋ᠢᠯᠡᠬᠦ᠌ ᠬᠢᠨᠠᠨ ᠬᠡᠮᠵᠢᠬᠦ᠌ ᠡᠲᠡᠭᠡᠳ᠂ ᠨᠠᠭᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠡᠷᠦᠬᠡ ᠵᠢᠴᠢ ᠬᠠᠤᠯᠢ ᠳ᠋ᠤ ᠲᠣᠭᠲᠠᠭᠠᠭᠰᠠᠨ ᠬᠦᠳᠡᠯᠮᠦᠷᠢᠯᠡᠬᠦ ᠨᠠᠰᠤᠨ ᠤ᠋ ᠬᠡᠪᠴᠢᠶᠡᠨ ᠲᠤᠳᠤᠷᠠᠬᠢ ᠠᠵᠢᠯ ᠦᠬᠡᠢ ᠬᠥᠳᠡᠯᠮᠦᠷᠢ ᠬᠦᠴᠦ ᠵᠡᠷᠭᠡ ᠵᠢ ᠤᠷᠢᠳ ᠵᠢᠡᠷ ᠡᠯᠰᠡᠨ ᠬᠡᠷᠡᠭᠯᠡᠵᠤ᠂ ᠲᠤᠬᠠᠢ ᠵᠢᠨ ᠭᠠᠵᠠᠷ᠎ᠤᠨ 100 ᠰᠢᠬᠠᠮ ᠬᠥᠳᠡᠯᠮᠦᠷᠢ ᠬᠦᠴᠦᠨ᠎ᠤ ᠠᠵᠢᠯ ᠣᠯᠭᠤᠯᠲᠠ᠎ᠶ᠋ᠢ ᠳᠠᠶ᠋ᠢᠴᠢᠯᠠᠵᠤ᠂ ᠵᠢᠱ᠌ᠢᠯᠲᠡ᠎ᠪᠠᠷ 180.07 ᠲᠦᠮᠡᠨ ᠲᠥᠭᠦᠷᠢᠭ᠎ᠤᠨ ᠬᠥᠳᠡᠯᠮᠦᠷᠢ ᠦᠢᠯᠡᠴᠢᠯᠡᠭᠡᠨ᠎ᠤ ᠬᠥᠯᠦᠰᠦ ᠣᠯᠭᠤᠮᠵᠢ ᠲᠦᠭᠡᠭᠡᠨ᠂ ᠬᠥᠯᠦᠰᠦᠨ ᠠᠵᠢᠯ ᠬᠢᠵᠦ᠍ ᠪᠠᠶ᠋ᠢᠭ᠎ᠠ ᠣᠯᠠᠨ ᠲᠦᠮᠡᠨ᠎ᠤ ᠬᠥᠮᠦᠨ ᠳᠤᠮᠳᠠᠴᠢ᠎ᠶ᠋ᠢᠨ ᠣᠷᠤᠯᠭ᠎ᠠ ᠵᠢ 2.2 ᠲᠦᠮᠡᠨ ᠲᠥᠭᠦᠷᠢᠭ᠎ᠠᠴᠠ ᠳᠡᠭᠡᠭᠰᠢ ᠨᠡᠮᠡᠭᠳᠡᠬᠦᠯᠬᠦ ᠪᠣᠯᠤᠨ᠎ᠠ᠃ ᠲᠥᠷᠦᠯ ᠵᠦᠢᠯ᠎ᠠᠰᠢᠭᠯᠠᠯᠳᠠ ᠳ᠋ᠦ ᠤᠷᠤᠭᠰᠠᠨ ᠤ᠋ ᠳᠠᠷᠠᠭ᠎ᠠ ᠪᠠᠰᠠ ᠲᠤᠰᠭᠠᠢ ᠵᠠᠮ ᠢ᠋ ᠠᠷᠠᠴᠢᠯᠠᠨ ᠬᠠᠮᠠᠭᠠᠯᠠᠬᠤ ᠨᠡᠶ᠋ᠢᠲᠡ᠎ᠶ᠋ᠢᠨ ᠠᠰᠠᠷᠠᠮᠵᠢ ᠎ᠶ᠋ᠢᠨ ᠴᠢᠨᠠᠷᠲᠠᠢ ᠠᠵᠢᠯ ᠎ᠤᠨ ᠪᠠᠶ᠋ᠢᠷᠢ ᠵᠢ 1 ᠲᠣᠬᠢᠷᠠᠭᠤᠯᠵᠤ᠂ ᠲᠥᠷᠦᠯ ᠵᠦᠢᠯ᠎ᠤᠨ ᠪᠥᠲᠦᠭᠡᠨ ᠪᠠᠶ᠋ᠢᠭᠤᠯᠤᠯᠲᠠ ᠪᠡᠷ ᠠᠷᠠᠳ᠎ᠲᠤ᠌ ᠠᠰᠢᠭ ᠬᠦᠷᠲᠡᠭᠡᠬᠦ᠌ ᠰᠠᠶ᠋ᠢᠨ ᠣᠷᠴᠢᠯ ᠢ᠋ ᠪᠤᠢ ᠪᠤᠯᠭᠠᠬᠤ ᠪᠤᠯᠤᠨ᠎ᠠ᠃

《ᠪᠢᠳᠡ ᠲᠦᠷᠦᠯ ᠵᠦᠢᠯ ᠎ᠤᠨ ᠪᠦᠳᠦᠭᠡᠨ ᠪᠠᠶ᠋ᠢᠭᠤᠯᠤᠯᠲᠠ᠎ᠶ᠋ᠢᠨ ᠶᠠᠰᠤ ᠴᠢᠨᠠᠷ᠎ᠤᠨ ᠪᠣᠭᠤᠮᠲᠠ᠂ ᠠᠬᠢᠴᠠ ᠎ᠶ᠋ᠢᠨ ᠪᠣᠭᠤᠮᠲᠠ᠂ ᠠᠮᠤᠷ ᠲᠦᠪᠰᠢᠨ ᠎ᠤ ᠪᠣᠭᠤᠮᠲᠠ᠂ ᠠᠷᠢᠭᠤᠨ ᠴᠢᠬᠡᠴᠢ᠎ᠶ᠋ᠢᠨ ᠪᠣᠭᠤᠮᠲᠠ ᠎ᠶ᠋ᠢ ᠴᠢᠩᠭ᠎ᠠ ᠰᠠᠬᠢᠵᠤ᠂ ᠠᠵᠢᠯ ᠤᠯᠭᠤᠯᠳᠠ ᠎ᠪᠠᠷ ᠲᠡᠳᠬᠦᠮᠵᠢ᠎ᠶ᠋ᠢ ᠣᠷᠤᠯᠠᠭᠤᠯᠬᠤ ᠲᠦᠷᠦᠯ ᠵᠦᠢᠯ᠎ᠤᠨ 〈ᠨᠢᠭᠡ ᠪᠠᠷᠢᠯᠭ᠎ᠠ ᠵᠢ ᠪᠦᠲᠦᠭᠡᠨ ᠪᠠᠢᠭᠤᠯᠵᠤ᠂ ᠨᠢᠭᠡ ᠪᠦᠯᠦᠭ ᠠᠵᠢᠯ ᠣᠯᠭᠤᠯᠲᠠ᠎ᠶ᠋ᠢ ᠲᠠᠶ᠋ᠢᠴᠢᠯᠠᠵᠦ᠍᠂ ᠨᠢᠭᠡ ᠬᠡᠰᠡᠭ ᠭᠠᠵᠠᠷ ᠤᠷᠤᠨ ᠢ᠋ ᠪᠠᠶᠠᠵᠢᠭᠤᠯᠤᠨ᠂ ᠨᠢᠭᠡ ᠭᠠᠵᠠᠷ ᠤ᠋ᠨ ᠣᠷᠴᠢᠨ ᠲᠣᠭᠤᠷᠢᠨ᠎ᠢ ᠰᠠᠶ᠋ᠢᠵᠢᠷᠠᠭᠤᠯᠬᠤ 〉 ᠶᠡᠷᠦᠩᠬᠡᠶ᠋ᠢᠯᠡᠭᠰᠡᠨ ᠦᠷ᠎ᠡ ᠠᠰᠢᠭ᠎ᠢ ᠦᠷᠭᠦᠯᠵᠢᠯᠡᠨ ᠦᠷᠭᠡᠳᠭᠡᠵᠦ᠂ ᠤᠯᠠᠨ ᠲᠦᠮᠡᠨ ᠤ᠋ ᠭᠡᠷ᠎ᠤᠨ ᠵᠢᠡᠨ ᠡᠭᠦᠳᠡᠨ᠎ᠳᠤ ᠣᠷᠤᠯᠭ᠎ᠠ ᠪᠠᠨ ᠲᠤᠭᠳᠠᠭᠤᠨ ᠵᠢᠡᠷ ᠨᠡᠮᠡᠭᠳᠡᠭᠦᠯᠬᠦ᠌ ᠵᠢ ᠪᠡᠶᠡᠯᠡᠬᠦᠯᠦᠨ᠎ᠠ 》 ᠭᠡᠵᠦ ᠴᠠᠭᠠᠨᠨᠠᠭᠤᠷ ᠪᠠᠯᠭᠠᠰᠤᠨ᠎ᠤ ᠳᠡᠳ᠋ ᠳᠠᠷᠤᠭ᠎ᠠ ᠰᠧ ᠮᠠ ᠴᠧᠨ ᠯᠦᠩ ᠲᠠᠨᠢᠯᠴᠠᠭᠤᠯᠪᠠ᠃

ᠳ᠋ᠠᠪᠠᠨ ᠪᠠᠯᠭᠠᠰᠤᠨ᠎ᠤ ᠶᠢᠦ ᠠᠢ ᠲᠣᠰᠭᠤᠨ᠎ᠤ ᠬᠠᠲᠠᠭᠤᠷᠠᠭᠤᠯᠬᠤ ᠵᠢᠴᠢ ᠨᠠᠯᠠᠦ ᠬᠦᠳᠦᠯ ᠢ᠋ ᠬᠠᠮᠠᠭᠠᠯᠠᠬᠤ ᠪᠦᠳᠦᠭᠡᠨ ᠪᠠᠶ᠋ᠢᠭᠤᠯᠤᠯᠲᠠ᠎ᠶ᠋ᠢᠨ ᠠᠵᠢᠯ ᠶᠠᠭ ᠶᠠᠭᠠᠷᠠᠯᠲᠠᠢ ᠶᠠᠪᠤᠭᠳᠠᠵᠤ ᠪᠤᠢ᠃ ᠲᠣᠰ ᠲᠥᠷᠦᠯ ᠵᠦᠢᠯ᠎ᠲᠣᠮᠤ ᠳᠤᠮᠳᠠ ᠬᠡᠯᠪᠡᠷᠢ᠎ᠶ᠋ᠢᠨ ᠤᠰᠤᠨ ᠴᠥᠭᠦᠷᠦᠮ᠎ᠤᠨ ᠠᠷᠠᠳ᠎ᠢ ᠨᠡᠭᠦᠯᠭᠡᠭᠰᠡᠨ ᠤ᠋ ᠲᠠᠷᠠᠭᠠᠬᠢ ᠲᠡᠳᠬᠦᠨ ᠳᠡᠮᠵᠢᠬᠦ᠌ ᠲᠥᠷᠦ ᠎ᠶ᠋ᠢᠨ ᠪᠣᠳᠤᠯᠭ᠎ᠠ᠎ᠶ᠋ᠢ ᠨᠠᠶ᠋ᠢᠳᠠᠪᠤᠷᠢᠵᠢᠭᠤᠯᠤᠨ ᠬᠡᠷᠡᠭᠵᠢᠭᠦᠯᠵᠦ᠍᠂ ᠣᠯᠠᠨ ᠲᠦᠮᠡᠨ ᠎ᠤ 《ᠪᠠᠴᠢᠮᠳᠠᠵᠤ᠂ ᠳᠦᠪᠡᠭᠳᠡᠵᠥ᠂ ᠵᠣᠪᠠᠨᠢᠵᠤ᠂ ᠬᠦᠰᠡᠵᠤ 》 ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠠᠮ ᠨᠡᠪᠲᠡᠷᠡᠯᠭᠡ ᠵᠢᠨ ᠨᠥᠬᠦᠴᠡᠯ ᠢ᠋ ᠰᠠᠢᠵᠢᠷᠠᠭᠤᠯᠬᠤ᠂ ᠦᠶᠡᠷ᠎ᠢ ᠰᠡᠷᠭᠡᠶ᠋ᠢᠯᠡᠬᠦ᠌ ᠲᠦᠬᠦᠭᠡᠷᠦᠮᠵᠢ ᠵᠢᠨ ᠳᠤᠲᠠᠭᠤᠳᠠᠯ᠎ᠢ ᠨᠥᠬᠦᠪᠦᠷᠢᠯᠡᠬᠦ᠂ ᠬᠥᠮᠦᠰ ᠎ᠤᠨ ᠣᠷᠤᠰᠢᠨ ᠰᠠᠭᠤᠬᠤ ᠣᠷᠴᠢᠨ ᠨᠦᠬᠦᠴᠡᠯ᠎ᠢ ᠰᠠᠢᠵᠢᠷᠠᠭᠤᠯᠬᠤ ᠵᠢ ᠬᠠᠨᠳᠤᠯᠭᠠᠲᠤ᠌ ᠴᠢᠨᠠᠷᠲᠠᠢ ᠠᠬᠢᠭᠤᠯᠵᠤ᠂ ᠬᠥᠳᠡᠭᠡ ᠲᠣᠰᠭᠤᠨ᠎ᠤ ᠬᠥᠭᠵᠢᠯᠲᠡ᠎ᠶ᠋ᠢᠨ ᠰᠠᠭᠤᠷᠢ᠎ᠶ᠋ᠢ ᠪᠠᠬᠢᠵᠢᠭᠦᠯᠬᠦ᠂ ᠣᠯᠠᠨ ᠲᠦᠮᠡᠨ᠎ᠤ ᠵᠤᠯ ᠵᠢᠷᠭᠠᠯ᠎ᠤᠨ ᠲᠦᠷᠦᠭᠳᠡᠯ᠎ᠢ ᠨᠡᠮᠡᠭᠳᠡᠭᠦᠯᠬᠦ᠌ ᠠᠷᠠᠳ᠎ᠤᠨ ᠠᠮᠢᠳᠤᠷᠠᠯ᠎ᠤᠨ ᠵᠠᠩᠭᠢᠯᠠᠭ᠎ᠠ᠎ᠶ᠋ᠢᠨ ᠢᠨᠵᠧᠨᠧᠷᠢᠩ ᠢ᠋ ᠪᠠᠳᠤᠵᠢᠭᠤᠯᠤᠭᠰᠠᠨ ᠪᠠᠢᠨ᠎ᠠ᠃

《ᠨᠠᠯᠠᠤ ᠬᠦᠳᠦᠯ ᠢ᠋ ᠰᠠᠢᠳᠤᠷ ᠵᠠᠰᠠᠭᠰᠠᠨ ᠡᠴᠡ ᠪᠢᠳᠡ ᠨᠠᠩ ᠰᠠᠨᠠᠭ᠎ᠠ ᠠᠮᠤᠷ ᠰᠠᠭᠤᠷᠢᠰᠢᠵᠤ᠂ ᠠᠮᠢᠳᠤᠷᠠᠯ᠎ᠤᠨ ᠣᠷᠴᠢᠨ ᠨᠥᠬᠦᠴᠡᠯ᠎ᠴᠤ᠌ ᠨᠠᠩ ᠰᠠᠢᠵᠢᠷᠠᠯ᠎ᠠ 》 ᠭᠡᠵᠦ᠍ ᠶᠢᠦ ᠠᠢ ᠲᠣᠰᠭᠤᠨ᠎ᠤ ᠠᠷᠠᠳ ᠶᠠᠷᠢᠪᠠ᠃ ᠪᠠᠷᠢᠯᠭ᠎ᠠ᠎ᠶ᠋ᠢᠨ ᠲᠠᠯ᠎ᠠ᠎ᠶ᠋ᠢᠨ᠎ᠬᠢᠨ ᠵᠢᠷᠤᠮᠵᠢᠯ ᠶᠤᠰᠤᠭᠠᠷ ᠪᠠᠷᠢᠯᠭ᠎ᠠ᠎ᠶ᠋ᠢᠨ ᠠᠵᠢᠯ᠎ᠢ ᠰᠠᠢᠳᠤᠷ ᠬᠢᠵᠤ᠂ ᠶᠠᠰᠤ ᠴᠢᠨᠠᠷ᠎ᠤᠨ ᠪᠣᠭᠤᠮᠲᠠ᠂ ᠠᠮᠤᠷ ᠲᠦᠪᠰᠢᠨ᠎ᠤ ᠪᠣᠭᠤᠮᠲᠠ᠎ᠶ᠋ᠢ ᠴᠢᠩᠭ᠎ᠠ ᠰᠠᠬᠢᠨ᠂ ᠪᠠᠷᠢᠯᠭ᠎ᠠ᠎ᠶ᠋ᠢᠨ ᠴᠠᠭ ᠬᠤᠭᠤᠴᠠᠭ᠎ᠠ ᠵᠢ ᠠᠮᠵᠢᠵᠤ᠂ ᠠᠵᠢᠯ ᠢ᠋ ᠡᠷᠲᠡᠬᠡᠨ ᠳᠠᠭᠤᠰᠬᠠᠵᠤ ᠤᠯᠠᠨ ᠲᠦᠮᠡᠨ ᠳ᠋ᠤ ᠠᠰᠢᠭ ᠬᠦᠷᠳᠡᠭᠡᠬᠦ ᠪᠡᠷ ᠴᠢᠷᠮᠠᠢᠵᠤ ᠪᠤᠢ᠃

ᠳ᠋ᠠᠪᠠᠨ ᠪᠠᠯᠭᠠᠰᠤᠨ ᠎ᠤ ᠳᠡᠳ᠋ ᠳᠠᠷᠤᠭ᠎ᠠ ᠵᠠᠩ ᠵᠣᠤ᠄ 《ᠪᠥᠲᠦᠭᠡᠨ ᠪᠠᠶ᠋ᠢᠭᠤᠯᠤᠯᠲᠠ᠎ᠶ᠋ᠢᠨ ᠠᠬᠢᠴᠠ ᠎ᠶ᠋ᠢ ᠦᠷᠭᠦᠯᠵᠢᠯᠡᠨ ᠰᠠᠢᠲᠤᠷ ᠠᠩᠬᠠᠷᠴᠤ᠌᠂ ᠠᠵᠢᠯ ᠎ᠤᠨ ᠬᠠᠷᠢᠭᠤᠴᠠᠯᠭ᠎ᠠ᠎ᠶ᠋ᠢ ᠪᠣᠳᠠᠲᠠᠶ᠋ᠢᠵᠢᠭᠤᠯᠤᠨ᠂ ᠲᠥᠷᠦᠯ ᠵᠦᠢᠯ ᠎ᠢ ᠡᠷᠲᠡᠬᠡᠨ ᠠᠰᠢᠭᠯᠠᠯᠲᠠ᠎ᠳᠤ ᠣᠷᠤᠭᠤᠯᠵᠤ᠂ ᠣᠯᠠᠨ ᠲᠦᠮᠡᠨ᠎ᠳᠤ ᠬᠥᠭᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ ᠪᠠᠷ ᠡᠳ᠋ᠯᠡᠭᠦᠯᠦᠨ᠎ᠡ》 ᠬᠡᠵᠤ ᠢᠯᠡᠳᠭᠡᠪᠡ᠃

ᠨᠢᠭᠡ ᠵᠤᠷᠪᠤᠰ ᠵᠠᠮ ᠶᠠᠪᠤᠯᠴᠠᠭ᠎ᠠ ᠰᠤᠯᠢᠯᠴᠠᠭ᠎ᠠ ᠵᠢ ᠰᠢᠯᠤᠭᠤᠳᠬᠠᠨ᠂ ᠬᠦᠰᠡᠯ ᠡᠷᠡᠮᠡᠯᠵᠡᠯ᠎ᠢ ᠠᠴᠢᠶᠠᠯᠠᠬᠤ᠎ᠳᠤ᠂ ᠨᠢᠭᠡ ᠨᠠᠯᠠᠦ ᠬᠥᠲᠦᠯ ᠨᠢ ᠠᠮᠤᠷ ᠲᠦᠪᠰᠢᠨ᠎ᠢ ᠪᠠᠲᠤ᠌ ᠰᠠᠬᠢᠨ᠂ ᠠᠷᠠᠳ᠎ᠤᠨ ᠰᠡᠳᠬᠢᠯ ᠢ᠋ ᠠᠮᠤᠷᠵᠢᠭᠤᠯᠤᠨ᠎ᠠ᠃ ᠡᠳᠡᠭᠡᠷ᠎ᠨᠢ ᠴᠥᠮ ᠪᠠᠭᠠᠷᠢᠨ ᠪᠠᠷᠠᠭᠤᠨ ᠬᠤᠰᠢᠭᠤᠨ ᠤ᠋ ᠰᠠᠭᠤᠷᠢ ᠲᠥᠬᠦᠭᠡᠷᠦᠮᠵᠢ᠎ᠶ᠋ᠢᠨ ᠪᠥᠲᠦᠭᠡᠨ ᠪᠠᠶ᠋ᠢᠭᠤᠯᠤᠯᠲᠠ᠎ᠪᠠᠷ ᠭᠠᠷᠳᠠᠴᠠ ᠪᠣᠯᠭᠠᠨ ᠬᠥᠳᠡᠭᠡ ᠲᠣᠰᠭᠤᠨ᠎ᠢ ᠪᠥᠬᠦ᠌ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶ᠋ᠢ ᠠᠬᠢᠭᠤᠯᠤᠭᠰᠠᠨ ᠠᠮᠢᠳᠤᠯᠢᠭ ᠦᠢᠯᠡᠳᠦᠯᠭᠡ ᠪᠤᠯᠬᠤ ᠶᠤᠮ᠃ ᠡᠳᠡᠭᠡᠷ ᠠᠷᠠᠳ᠎ᠤᠨ ᠠᠮᠢᠳᠤᠷᠠᠯ᠎ᠤᠨ ᠢᠨᠵᠧᠨᠧᠷᠢᠩ ᠨᠢ ᠵᠢᠷᠤᠭ ᠲᠥᠰᠦᠪ᠎ᠡᠴᠡ ᠪᠣᠳᠠᠲᠤ᠌ ᠠᠬᠤᠢ ᠪᠣᠯᠤᠨ ᠬᠤᠪᠢᠷᠠᠬᠤ᠎ᠶ᠋ᠢ ᠳᠠᠭᠠᠯᠳᠤᠨ᠂ ᠬᠥᠳᠡᠭᠡ ᠲᠣᠰᠭᠤᠨ᠎ᠢ ᠬᠥᠭᠵᠢᠭᠦᠯᠦᠨ ᠮᠠᠨᠳᠤᠭᠤᠯᠬᠤ ᠰᠠᠭᠤᠷᠢ ᠤᠯᠠᠮ ᠪᠠᠲᠤᠵᠢᠵᠤ᠂ ᠤᠯᠠᠨ ᠲᠦᠮᠡᠨ᠎ᠤ ᠵᠣᠯ ᠵᠢᠷᠭᠠᠯᠲᠤ᠌ ᠲᠦᠷᠦᠭᠳᠡᠯ ᠲᠣᠭᠲᠠᠭᠤᠨ᠎ᠢᠶᠠᠷ ᠳᠡᠭᠡᠭᠰᠢᠯᠡᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面