ᠮᠣᠩᠭᠣᠯ ᠮᠣᠷᠢᠨ᠎ᠤ᠋ ᠵᠣᠷᠢᠭ ᠰᠠᠨᠠᠭ᠎ᠠ᠎ᠶ᠋ᠢ ᠪᠠᠳᠠᠷᠠᠭᠤᠯᠤᠶ᠎ᠠ > ᠮᠡᠳᠡᠭᠡᠯᠡᠯ

2026-08-17 09:26:14

ᠵᠣᠬᠢᠶᠠᠭ᠍ᠴᠢ᠄ ᠯᠢ ᠶᠦᠩ ᠲᠤᠤ ᠣᠩᠱᠢᠭ᠍ᠰᠠᠨ ᠣᠳᠠᠭ᠎ᠠ᠄ 3

ᠳᠡᠭᠡᠷ᠎ᠠ ᠬᠠᠭᠠᠰ ᠵᠢᠯ ᠳ᠋ᠤ ᠠᠷᠠᠳ ᠤ᠋ᠨ ᠪᠠᠯᠠ ᠣᠷᠣᠭᠤᠯᠤᠯᠲᠠ ᠢ᠋ᠢᠨ ᠨᠡᠮᠡᠭᠳᠡᠯ ᠤ᠋ᠨ ᠬᠤᠷᠳᠤᠴᠠ ᠪᠥᠬᠥ᠌ ᠤᠯᠤᠰ ᠤ᠋ᠨ ᠳᠤᠮᠳᠠᠴᠢ ᠲᠦᠪᠰᠢᠨ ᠡᠴᠡ ᠵᠠᠭᠤᠨ ᠤ᠋ ᠬᠠᠷᠢᠴᠠᠯ ᠢ᠋ᠢᠡᠷ 17 ᠬᠤᠪᠢ ᠰᠢᠬᠠᠮ ᠨᠡᠮᠡᠭᠲᠡᠪᠡ


ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ ᠢ᠋ᠢᠨ ᠵᠢᠯ ᠪᠣᠯᠤᠨ᠎ᠠ᠃ ᠵᠢᠯ ᠤ᠋ᠨ ᠡᠬᠢᠨ ᠳ᠋ᠤ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ 《ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠬᠡᠯ》 ᠳ᠋ᠤ 《ᠭᠤᠳᠤᠯ ᠨᠢ ᠵᠤᠬᠢᠷᠠᠬᠤ ᠡᠰᠡᠬᠦ ᠢ᠋ᠢ ᠡᠮᠦᠰᠦᠭᠰᠡᠨ ᠬᠦᠮᠦᠨ ᠬᠠᠮᠤᠭ ᠡᠴᠡ ᠲᠤᠳᠤᠷᠬᠠᠢ ᠮᠡᠳᠡᠨ᠎ᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠰᠠᠶ᠋ᠢᠨ ᠡᠰᠡᠬᠦ᠌ ᠢ᠋ᠢ ᠠᠵᠤ ᠠᠬᠤᠶ᠋ᠢᠯᠠᠯ ᠤᠢᠯᠠᠭᠠᠨ᠎ᠠ᠂ ᠠᠷᠠᠳ ᠤ᠋ᠨ ᠡᠵᠡᠡᠭᠨᠡᠯᠲᠡ ᠢ᠋ᠢᠨ ᠠᠵᠤ ᠠᠬᠤᠶ᠋ᠢᠯᠠᠯ ᠢ᠋ᠢᠡᠷ ᠭᠤᠤᠯ ᠴᠣᠭᠴᠠ ᠪᠣᠯᠭᠠᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠤ᠋ᠨ ᠬᠢᠨᠠᠨ ᠬᠡᠮᠵᠢᠬᠦ᠌ ᠰᠢᠰᠲ᠋ᠧᠮ ᠢ᠋ ᠪᠠᠶ᠋ᠢᠭᠤᠯᠵᠤ᠂ ᠬᠤᠳᠠᠯᠳᠤᠭ᠎ᠠ ᠢ᠋ᠢ ᠡᠷᠬᠢᠮᠯᠡᠬᠦ᠂ ᠬᠤᠳᠠᠯᠳᠤᠭ᠎ᠠ ᠢ᠋ᠢ ᠴᠢᠬᠤᠯᠠᠴᠢᠯᠠᠬᠤ᠂ ᠬᠤᠳᠠᠯᠳᠤᠭᠠᠴᠢᠨ ᠢ᠋ ᠳᠣᠲᠣᠨᠣᠴᠢᠯᠠᠬᠤ᠂ ᠬᠤᠳᠠᠯᠳᠤᠭᠠᠴᠢᠨ ᠢ᠋ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ᠋ ᠪᠣᠶ ᠪᠣᠯᠭᠠᠨ᠂ ᠡᠯ᠎ᠡ ᠲᠥᠷᠥᠯ ᠤ᠋ᠨ ᠠᠵᠤ ᠠᠬᠤᠶ᠋ᠢᠯᠠᠯ ᠤ᠋ᠨ ᠥᠪᠥᠷ ᠮᠣᠩᠭᠣᠯ ᠳ᠋ᠤ ᠠᠵᠢᠯ ᠶᠠᠪᠤᠳᠠᠯ ᠭᠦᠢᠴᠡᠳᠬᠡᠬᠦ ᠳ᠋ᠤ ᠤᠷᠤᠭᠰᠢᠲᠠᠶ᠂ ᠪᠠᠯᠠ ᠣᠷᠣᠭᠤᠯᠬᠤ ᠳ᠋ᠤ ᠰᠠᠨᠠᠭ᠎ᠠ ᠠᠮᠤᠷ᠂ ᠡᠵᠡᠩᠨᠡᠯᠲᠡ᠎ᠬᠢᠬᠦ ᠳ᠋ᠤ ᠰᠠᠳᠬᠢᠯ ᠲᠠᠭᠠᠯᠠᠮᠵᠢᠲᠠᠶ᠂ ᠬᠦᠭᠵᠢᠬᠦᠯᠬᠦ ᠳ᠋ᠤ ᠰᠠᠨᠠᠭ᠎ᠠ ᠠᠮᠤᠷ ᠪᠠᠢᠯᠭᠠᠨ᠎ᠠ》 ᠭᠡᠵᠤ ᠳᠤᠷᠠᠳᠴᠠᠢ᠃

ᠬᠠᠷᠠᠯᠲᠠ ᠪᠡᠷ ᠴᠢᠭᠯᠡᠯ ᠢ᠋ ᠬᠥᠲᠥᠯᠥᠨ ᠵᠢᠯᠤᠭᠤᠳᠤᠨ᠎ᠠ᠃ ᠥᠪᠥᠷ ᠮᠣᠩᠭᠣᠯ 2026 ᠣᠨ ᠢ᠋ 《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠤ᠋ᠨ ᠶᠠᠰᠤ ᠴᠢᠨᠠᠷ ᠢ᠋ ᠳᠡᠭᠡᠭᠰᠢᠯᠡᠭᠦᠯᠬᠦ᠌ ᠣᠨ》 ᠢ᠋ᠢᠡᠷ ᠲᠣᠭᠲᠠᠭᠠᠵᠤ᠂ ᠬᠠᠮᠤᠭ ᠤ᠋ᠨ ᠦᠨᠡᠨᠴᠢ ᠰᠡᠳᠬᠢᠯ᠂ ᠬᠠᠮᠤᠭ ᠤ᠋ᠨ ᠴᠢᠩᠭ᠎ᠠ ᠡᠷᠴᠢᠮ᠂ ᠬᠠᠮᠤᠭ ᠤ᠋ᠨ ᠪᠣᠳᠠᠲᠠᠶ ᠠᠷᠭ᠎ᠠ ᠬᠡᠮᠵᠢᠶ᠎ᠡ ᠪᠡᠷ ᠲᠡᠷᠢᠭᠦᠨ ᠤ᠋ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠪᠥᠬᠥ᠌ ᠬᠦᠴᠦᠨ ᠢ᠋ᠢᠡᠷ ᠢ᠋ᠢᠡᠨ ᠪᠣᠶ ᠪᠣᠯᠭᠠᠪᠠ᠃ ᠠᠷᠠᠳ ᠤ᠋ᠨ ᠡᠵᠡᠩᠨᠡᠯᠲᠡ ᠢ᠋ᠢᠨ ᠠᠵᠤ ᠠᠬᠤᠶ ᠢ᠋ᠢᠨ ᠴᠢᠨᠠᠷ ᠰᠠᠶ᠋ᠢᠲᠠᠶ ᠬᠥᠭᠵᠢᠯᠲᠡ ᠢ᠋ᠢᠨ ᠬᠠᠷᠢᠭᠤᠯᠲᠠ ᠢ᠋ᠢᠨ ᠬᠠᠭᠤᠳᠠᠰᠤ ᠢᠯᠡᠭᠡᠨ ᠳᠤᠷᠠᠢᠨ᠎ᠠ᠄ ᠡᠨᠡ ᠵᠢᠯ ᠤ᠋ᠨ ᠳᠡᠭᠡᠷ᠎ᠡ ᠬᠠᠭᠠᠰ ᠵᠢᠯ ᠳ᠋ᠤ ᠪᠥᠬᠥ᠌ ᠣᠷᠣᠨ ᠤ᠋ ᠠᠷᠠᠳ ᠤ᠋ᠨ ᠪᠠᠯᠠ ᠣᠷᠣᠭᠤᠯᠤᠯᠲᠠ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 8.2% ᠢ᠋ᠢᠡᠷ ᠨᠡᠮᠡᠭᠳᠡᠵᠦ᠍᠂ ᠨᠡᠮᠡᠭᠳᠡᠯ ᠤ᠋ᠨ ᠬᠤᠷᠳᠤᠴᠠ ᠨᠢ ᠪᠥᠬᠥ᠌ ᠤᠯᠤᠰ ᠤ᠋ᠨ ᠳᠤᠮᠳᠠᠴᠢ ᠲᠦᠪᠰᠢᠨ ᠡᠴᠡ ᠵᠠᠭᠤᠨ ᠤ᠋ ᠬᠠᠷᠢᠴᠠᠯ ᠢ᠋ᠢᠡᠷ 17 ᠬᠤᠪᠢ ᠰᠢᠬᠠᠮ ᠲᠠᠪᠠᠵᠤ᠂ ᠬᠡᠷ ᠭᠠᠵᠠᠷ ᠎ᠤᠨ ᠬᠥᠷᠥᠩᠭᠡ ᠢ᠋ᠢᠨ ᠨᠡᠭᠡᠭᠡᠨ ᠬᠥᠭᠵᠢᠭᠦᠯᠦᠯᠲᠡ ᠳ᠋ᠡᠬᠢ ᠠᠷᠠᠳ ᠤ᠋ᠨ ᠪᠠᠯᠠ ᠣᠷᠣᠭᠤᠯᠤᠯᠲᠠ 12.9% ᠪᠡᠷ ᠨᠡᠮᠡᠭᠳᠡᠨ᠂ ᠶᠡᠷᠦᠩᠬᠡᠶ ᠪᠠᠯᠠ ᠣᠷᠣᠭᠤᠯᠤᠯᠲᠠ ᠳ᠋ᠠᠬᠢ ᠡᠵᠡᠯᠡᠬᠦ᠌ ᠬᠠᠷᠢᠴᠠᠯ ᠨᠢ 53.3% ᠪᠤᠯᠵᠤ ᠳᠡᠭᠡᠭᠰᠢᠯᠡᠪᠡ; ᠪᠥᠬᠥ᠌ ᠣᠷᠣᠨ ᠤ᠋ ᠠᠷᠠᠳ ᠤ᠋ᠨ ᠡᠵᠡᠩᠨᠡᠯᠲᠡ ᠢ᠋ᠢᠨ ᠠᠵᠤ ᠠᠬᠤᠶ ᠢ᠋ᠢᠨ ᠭᠤᠤᠯ ᠴᠣᠭᠴᠠ ᠢ᠋ᠢᠨ ᠶᠡᠷᠦᠩᠬᠡᠶ ᠬᠡᠮᠵᠢᠶ᠎ᠡ (ᠬᠤᠪᠢ ᠢ᠋ᠢᠨ ᠡᠵᠡᠩᠨᠡᠯᠲᠡ ᠢ᠋ᠢᠨ ᠠᠵᠤ ᠠᠬᠤᠶ᠋ᠢᠯᠠᠯ᠂ ᠬᠤᠪᠢ ᠢ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ) 251.54 ᠲᠦᠮᠡᠨ ᠡᠷᠦᠬᠡ ᠳ᠋ᠤ ᠬᠦᠷᠴᠦ᠍᠂ ᠪᠥᠬᠥ᠌ ᠡᠵᠡᠩᠨᠡᠯᠲᠡ ᠢ᠋ᠢᠨ ᠭᠤᠤᠯ ᠴᠣᠭᠴᠠ ᠢ᠋ᠢᠨ 94.24% ᠢ᠋ᠢ ᠡᠵᠡᠯᠡᠪᠡ᠃

ᠠᠷᠠᠳ ᠤ᠋ᠨ ᠡᠵᠡᠩᠨᠡᠯᠲᠡ ᠢ᠋ᠢᠨ ᠠᠵᠤ ᠠᠬᠤᠶ ᠢ᠋ᠢᠨ 8.2% ᠤ᠋ᠨ ᠨᠡᠮᠡᠭᠳᠡᠯ ᠶᠠᠭᠠᠬᠢᠵᠤ ᠪᠡᠶᠡᠯᠡᠭᠲᠡᠭᠰᠡᠨ ᠪᠣᠶ? ᠬᠠᠷᠢᠭᠤᠯᠲᠠ ᠨᠢ ᠥᠪᠥᠷ ᠮᠣᠩᠭᠣᠯ ᠤ᠋ᠨ ᠦᠷᠭᠦᠯᠵᠢᠯᠡᠨ ᠭᠠᠷᠭᠠᠭᠰᠠᠨ ᠦᠵᠦ᠍ ᠲᠥᠯᠥᠪᠯᠡᠭᠡ᠂ ᠰᠢᠨ᠎ᠡ ᠢ᠋ᠢ ᠡᠭᠦᠳᠦᠭᠰᠡᠨ ᠠᠷᠭ᠎ᠠ ᠬᠡᠮᠵᠢᠢ᠎ᠡ ᠳ᠋ᠤ ᠪᠤᠢ᠃

2026 ᠣᠨ ᠤ᠋ 1 ᠰᠠᠷ᠎ᠠ ᠢ᠋ᠢᠨ 1 ᠤ᠋ ᠡᠳᠦᠷ᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠡᠵᠡᠡᠭᠨᠡᠯᠲᠡ ᠢ᠋ᠢᠨ ᠠᠵᠤ ᠠᠬᠤᠶ ᠢ᠋ᠢᠨ ᠬᠥᠭᠵᠢᠯᠲᠡ ᠢ᠋ᠢ ᠠᠬᠢᠭᠤᠯᠬᠤ ᠲᠦᠷᠢᠮ》 ᠢ᠋ ᠵᠢᠩᠬᠢᠨᠢ ᠪᠡᠷ ᠬᠡᠷᠡᠭᠵᠢᠭᠦᠯᠪᠡ᠃ ᠡᠨᠡ ᠬᠦ᠌ ᠣᠷᠣᠨ ᠨᠤᠲᠤᠭ ᠤ᠋ᠨ ᠴᠢᠨᠠᠷᠲᠠᠶ ᠬᠠᠤᠯᠢ ᠲᠣᠭᠲᠠᠭᠠᠯ ᠳ᠋ᠤ 《ᠵᠠᠰᠠᠭ ᠤ᠋ᠨ ᠣᠷᠳᠣᠨ ᠭᠡᠷ᠎ᠠ ᠪᠡᠨ ᠭᠦᠢᠴᠡᠳᠬᠡᠬᠦ ᠢ᠋ᠢ ᠬᠠᠤᠯᠢᠵᠢᠭᠤᠯᠬᠤ》 ᠢ᠋ᠢ ᠪᠢᠴᠢᠨ ᠣᠷᠣᠭᠤᠯᠵᠤ᠂ ᠬᠠᠤᠯᠢ ᠲᠣᠭᠲᠠᠭᠠᠬᠤ ᠲᠠᠯ᠎ᠠ ᠡᠴᠡ 《ᠰᠢᠨ᠎ᠡ ᠨᠣᠶᠠᠨ ᠬᠠᠭᠤᠴᠢᠨ ᠲᠠᠩᠰᠠ ᠢ᠋ᠢ ᠥᠯᠥ᠍ ᠬᠠᠮᠢᠶᠠᠷᠬᠤ》 ᠬᠡᠮ ᠰᠣᠭᠣᠭ ᠢ᠋ ᠦᠨᠳᠦᠰᠦᠨ ᠡᠴᠡ ᠨᠢ ᠵᠠᠰᠠᠵᠤ᠂ ᠲᠥᠷᠥ ᠢ᠋ᠢᠨ ᠪᠣᠳᠣᠯᠭ᠎ᠠ ᠢ᠋ᠢ ᠨᠠᠢᠳᠠᠪᠤᠷᠢᠵᠢᠭᠤᠯᠬᠤ ᠬᠠᠤᠯᠢᠵᠢᠯ ᠤ᠋ᠨ ᠬᠠᠷᠰᠢ ᠰᠠᠭᠠᠳ ᠢ᠋ ᠲᠤᠶ᠋ᠢᠯᠪᠤᠷᠢᠲᠠᠶ ᠠᠷᠢᠯᠭᠠᠪᠠ᠃

ᠡᠨᠡ ᠵᠢᠯ ᠤ᠋ᠨ 2 ᠰᠠᠷ᠎ᠠ ᠳ᠋ᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶ᠋ᠢᠵᠢᠭᠰᠡᠨ ᠲᠡᠷᠢᠭᠦᠨ ᠤ᠋ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠲᠦᠷᠭᠡᠳᠬᠡᠨ ᠪᠣᠶ ᠪᠣᠯᠭᠠᠬᠤ ᠲᠤᠬᠠᠶ ᠬᠡᠷᠡᠭᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠵᠤ᠂ 34 ᠵᠦᠢᠯ ᠤ᠋ᠨ ᠰᠢᠨ᠎ᠡ ᠢ᠋ᠢ ᠡᠭᠦᠳᠦᠭᠰᠡᠨ ᠦᠢᠯᠡᠴᠢᠯᠡᠭᠡᠨ ᠤ᠋ ᠠᠷᠭ᠎ᠠ ᠬᠡᠮᠵᠢᠶ᠎ᠡ ᠭᠠᠷᠭᠠᠪᠠ᠃

ᠲᠥᠷᠥ ᠢ᠋ᠢᠨ ᠪᠣᠳᠣᠯᠭ᠎ᠠ ᠪᠡᠷ ᠬᠦᠴᠦᠨ ᠣᠯᠭᠣᠵᠤ ᠥᠭᠡᠷᠡᠴᠢᠯᠡᠯᠲᠡ ᠬᠢᠵᠦ᠍ ᠰᠢᠨ᠎ᠡ ᠢ᠋ᠢ ᠡᠭᠦᠳᠦᠨ᠎ᠡ᠃ ᠡᠨᠡ ᠵᠢᠯ ᠥᠪᠥᠷ ᠮᠣᠩᠭᠣᠯ 《ᠲᠤᠩᠬᠠᠭ ᠨᠡᠶ᠋ᠢᠲᠡᠯᠡᠨ ᠮᠠᠩᠯᠠᠶ᠋ᠢᠯᠠᠭᠴᠢ ᠡᠯᠰᠡᠬᠦ》 ᠲᠣᠭᠲᠠᠴᠠ ᠢ᠋ᠢᠨ ᠰᠢᠨ᠎ᠡ ᠢ᠋ᠢ ᠡᠭᠦᠳᠴᠦ᠍᠂ 《ᠪᠢᠴᠢᠯ ᠥᠭᠡᠷᠡᠴᠢᠯᠡᠯᠲᠡ》 ᠪᠡᠷ ᠪᠠᠭ᠎ᠠ ᠡᠪᠡᠷᠰᠢᠶᠡᠯ ᠢ᠋ ᠰᠢ᠌ᠳᠪᠦᠷᠢᠯᠡᠵᠦ᠍᠂ ᠠᠷᠠᠳ ᠤ᠋ᠨ ᠡᠵᠡᠩᠨᠡᠯᠲᠡ ᠢ᠋ᠢᠨ ᠠᠵᠤ ᠠᠬᠤᠢ ᠢ᠋ᠢᠨ ᠳᠣᠲᠣᠭᠠᠳᠤ ᠬᠥᠳᠡᠯᠭᠡᠬᠦ᠌ ᠬᠦᠴᠦᠨ ᠢ᠋ ᠲᠠᠰᠤᠷᠠᠯᠳᠠ ᠦᠭᠡᠢ ᠬᠥᠭᠵᠢᠭᠡᠪᠡ᠃ ᠪᠥᠬᠥ᠌ ᠣᠷᠣᠨ ᠤ᠋ 12 ᠠᠶ᠋ᠢᠮᠠᠭ ᠬᠣᠲᠠ᠂ 103 ᠬᠣᠰᠢᠭᠤ ᠰᠢᠶᠠᠨ ᠲᠤᠭᠤᠷᠢᠭ ᠨᠡᠶ᠋ᠢᠲᠡ 1558 ᠵᠦᠢᠯ ᠤ᠋ᠨ 《ᠲᠤᠩᠬᠠᠭ ᠨᠡᠶ᠋ᠢᠲᠡᠯᠡᠨ ᠮᠠᠩᠯᠠᠶ᠋ᠢᠯᠠᠭᠴᠢ ᠡᠯᠰᠡᠬᠦ》 ᠥᠭᠡᠷᠡᠴᠢᠯᠡᠯᠲᠡ ᠢ᠋ᠢᠨ ᠡᠭᠦᠷᠭᠡ ᠢ᠋ᠢ ᠭᠥᠯᠢᠶᠡᠨ ᠠᠪᠴᠤ᠌᠂ ᠳᠡᠭᠡᠳᠦ ᠳᠤᠤᠷᠠᠳᠤ ᠱᠠᠲᠤ᠌ ᠬᠠᠮᠲᠤᠷᠠᠨ ᠬᠥᠳᠡᠯᠦᠯᠴᠡᠭᠰᠡᠨ᠂ ᠴᠡᠭ ᠨᠡᠶ᠋ᠢᠳᠡᠮ ᠢ᠋ ᠤᠶᠠᠯᠳᠤᠭᠤᠯᠤᠭᠰᠠᠨ ᠥᠭᠡᠷᠡᠴᠢᠯᠡᠯᠲᠡ ᠢ᠋ᠢᠨ ᠰᠢᠨ᠎ᠡ ᠪᠠᠶ᠋ᠢᠷᠢᠰᠢᠯ ᠢ᠋ ᠪᠣᠶ ᠪᠣᠯᠭᠠᠪᠠ᠃

《ᠲᠠᠬᠡᠷ᠎ᠠ ᠬᠠᠭᠠᠰ ᠵᠢᠯ ᠳ᠋ᠤ ᠣᠯᠤᠭᠰᠠᠨ ᠠᠮᠵᠢᠯᠲᠠ ᠪᠦᠲᠦᠮᠵᠢ ᠨᠢ ᠮᠠᠰᠢ ᠶᠡᠬᠡ ᠬᠡᠮᠵᠢᠶᠡᠨ ᠳᠡᠭᠡᠷ᠎ᠡ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠤ᠋ᠨ ᠬᠦᠴᠦᠲᠡᠶ ᠬᠠᠮᠠᠭᠠᠯᠠᠯᠲᠠ ᠡᠴᠡ ᠢᠷᠡᠭᠰᠡᠨ ᠶᠤᠮ᠃ 〈ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠡᠵᠡᠡᠭᠨᠡᠯᠲᠡ ᠢ᠋ᠢᠨ ᠠᠵᠤ ᠠᠬᠤᠶ ᠢ᠋ᠢᠨ ᠬᠥᠭᠵᠢᠯᠲᠡ ᠢ᠋ᠢ ᠠᠬᠢᠭᠤᠯᠬᠤ ᠲᠦᠷᠢᠮ〉 ᠢ᠋ ᠬᠡᠷᠡᠭᠵᠢᠭᠦᠯᠦᠭᠰᠡᠨ ᠬᠠᠭᠠᠰ ᠵᠢᠯ ᠤ᠋ᠨ ᠲᠤᠷᠰᠢ ᠥᠪᠡᠷᠲᠡᠭᠡᠨ ᠵᠠᠰᠠᠬᠤ ᠣᠷᠣᠨ ᠤ᠋ ᠬᠥᠭᠵᠢᠭᠦᠯᠦᠯᠲᠡ ᠪᠠ ᠥᠭᠡᠷᠡᠴᠢᠯᠡᠯᠲᠡ ᠢ᠋ᠢᠨ ᠵᠥᠪᠯᠡᠯ ᠵᠠᠬ᠎ᠠ ᠳᠡᠯᠭᠡᠭᠦᠷ ᠲᠦ᠍ ᠵᠥᠪᠰᠢᠶᠡᠷᠡᠨ ᠣᠷᠣᠭᠤᠯᠬᠤ᠂ ᠲᠥᠪ ᠭᠤᠤᠯᠴᠢ ᠪᠡᠷ ᠥᠷᠢᠰᠦᠯᠳᠦᠬᠦᠯᠬᠦ᠂ ᠪᠠᠯᠠ ᠣᠷᠣᠭᠤᠯᠤᠯᠲᠠ ᠪᠠᠯᠠ ᠬᠤᠷᠠᠮᠳᠤᠭᠤᠯᠭ᠎ᠠ ᠢ᠋ᠢ ᠠᠬᠢᠭᠤᠯᠬᠤ᠂ ᠮᠡᠳᠡᠯᠭᠡ ᠢ᠋ᠢᠨ ᠪᠦᠲᠦᠭᠡᠭᠳᠡᠬᠦᠨ ᠤ᠋ ᠥᠮᠴᠢᠯᠡᠯ ᠤ᠋ᠨ ᠡᠷᠬᠡ ᠢ᠋ᠢ ᠬᠠᠮᠠᠭᠠᠯᠠᠬᠤ ᠵᠡᠷᠭᠡ ᠲᠠᠯ᠎ᠠ ᠪᠡᠷ ᠰᠢᠰᠲ᠋ᠧᠮ ᠲᠠᠢ ᠬᠦᠴᠦᠯᠡᠵᠦ᠍᠂ ᠳᠠᠯᠳᠠ ᠪᠡᠬᠢᠯᠡᠯᠲᠡ ᠢ᠋ᠢ ᠭᠤᠤᠯᠳᠠᠯᠭ᠎ᠠ ᠲᠠᠶ ᠰᠢᠢᠳᠪᠦᠷᠢᠯᠡᠪᠠ》 ᠬᠡᠵᠤ ᠥᠪᠡᠷᠲᠡᠭᠡᠨ ᠵᠠᠰᠠᠬᠤ ᠣᠷᠣᠨ ᠤ᠋ ᠬᠥᠭᠵᠢᠭᠦᠯᠦᠯᠲᠡ ᠪᠠ ᠥᠭᠡᠷᠡᠴᠢᠯᠡᠯᠲᠡ ᠢ᠋ᠢᠨ ᠵᠥᠪᠯᠡᠯ ᠤ᠋ᠨ ᠬᠠᠮᠢᠶ᠎ᠠ ᠪᠥᠬᠥᠶ ᠬᠠᠷᠢᠭᠤᠴᠠᠯᠭᠠᠲᠠᠨ ᠬᠡᠯᠡᠨ᠎ᠠ᠃ ᠲᠡᠬᠦᠨ ᠤ᠋ ᠲᠠᠨᠢᠯᠴᠠᠭᠤᠯᠤᠭᠰᠠᠨ ᠢ᠋ᠢᠡᠷ᠂ ᠮᠠᠨ ᠤ᠋ ᠤᠷᠤᠨ 《ᠥᠪᠥᠷ ᠮᠣᠩᠭᠣᠯ ᠤ᠋ᠨ ᠠᠵᠤ ᠠᠬᠤᠶ᠋ᠢᠯᠠᠯ ᠳ᠋ᠤ ᠨᠡᠪᠲᠡᠷᠡᠬᠦ᠌》 ᠠᠷᠠᠳ ᠤ᠋ᠨ ᠡᠵᠡᠡᠭᠨᠡᠯᠲᠡ ᠢ᠋ᠢᠨ ᠠᠵᠤ ᠠᠬᠤᠶ᠋ᠢᠯᠠᠯ ᠤ᠋ᠨ ᠶᠡᠷᠦᠩᠬᠡᠶ᠋ᠢᠯᠡᠭᠰᠡᠨ ᠦᠢᠯᠡᠴᠢᠯᠡᠭᠡᠨ ᠤ᠋ ᠲᠠᠪᠴᠠᠩ ᠳ᠋ᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤ ᠢ᠋ᠢ ᠬᠠᠮᠤᠷᠤᠭᠰᠠᠨ ᠬᠦᠰᠡᠯ ᠱᠠᠭᠠᠷᠳᠠᠯᠭ᠎ᠠ ᠢ᠋ᠢᠨ ᠪᠢᠲᠡᠭᠦᠮᠵᠢᠯᠡᠭᠰᠡᠨ ᠬᠠᠮᠢᠶᠠᠷᠤᠯᠲᠠ ᠢ᠋ᠢᠨ ᠰᠢᠰᠲ᠋ᠧᠮ ᠢ᠋ ᠪᠠᠶ᠋ᠢᠭᠤᠯᠵᠤ᠂ ᠠᠷᠠᠳ ᠤ᠋ᠨ ᠡᠵᠡᠡᠭᠨᠡᠯᠲᠡ ᠢ᠋ᠢᠨ ᠠᠵᠤ ᠠᠬᠤᠶ᠋ᠢᠯᠠᠯ ᠤ᠋ᠨ 《ᠬᠦᠰᠡᠯ ᠱᠠᠭᠠᠷᠳᠠᠯᠭ᠎ᠠ ᠢ᠋ᠢ ᠰᠢᠢᠳᠪᠦᠷᠢᠯᠡᠬᠦ ᠭᠠᠵᠠᠷ ᠲᠠᠢ᠂ ᠬᠦᠴᠢᠷᠳᠡᠯ ᠢ᠋ ᠰᠢᠢᠳᠪᠦᠷᠢᠯᠡᠬᠦ ᠨᠥᠬᠥᠴᠡᠯ ᠲᠡᠶ》 ᠪᠠᠶ᠋ᠢᠬᠤ ᠢ᠋ᠢ ᠦᠨᠡᠨ ᠬᠦ᠌ ᠪᠠᠲᠤᠯᠠᠪᠠ᠃

ᠠᠷᠠᠳ ᠤ᠋ᠨ ᠡᠵᠡᠩᠨᠡᠯᠲᠡ ᠢ᠋ᠢᠨ ᠠᠵᠤ ᠠᠬᠤᠶ ᠢ᠋ᠢᠨ 8.2% ᠤ᠋ᠨ ᠨᠡᠮᠡᠭᠳᠡᠯ ᠶᠠᠭᠠᠬᠢᠵᠤ ᠪᠡᠶᠡᠯᠡᠭᠲᠡᠭᠰᠡᠨ ᠪᠣᠶ? ᠬᠠᠷᠢᠭᠤᠯᠲᠠ᠎ᠨᠢ ᠥᠪᠥᠷ ᠮᠣᠩᠭᠣᠯ ᠤ᠋ᠨ ᠨᠠᠷᠢᠨ ᠣᠨᠣᠴᠠᠲᠠᠶ ᠪᠡᠷ ᠠᠷᠠᠯᠵᠢᠶᠠᠴᠢᠨ ᠤᠷᠢᠵᠤ ᠪᠠᠯᠠ ᠮᠦᠡᠭᠭᠦ ᠣᠷᠣᠭᠤᠯᠤᠨ ᠠᠪᠴᠢᠷᠠᠬᠤ᠂ ᠵᠠᠪᠰᠠᠷ ᠥᠬᠡᠶ ᠵᠣᠯᠭᠠᠭᠤᠯᠬᠤ ᠦᠨᠡᠨᠴᠢ ᠢᠲᠡᠭᠡᠮᠵᠢᠲᠡᠶ ᠦᠢᠯᠡᠴᠢᠯᠡᠭᠡ ᠳ᠋ᠤ ᠪᠤᠢ᠃

5 ᠰᠠᠷ᠎ᠠ ᠢ᠋ᠢᠨ 13 ᠤ᠋ ᠡᠳᠦᠷ᠂ 《ᠥᠪᠥᠷ ᠮᠣᠩᠭᠣᠯ ᠤ᠋ᠨ ᠠᠷᠠᠳ ᠤ᠋ᠨ ᠡᠵᠡᠡᠭᠨᠡᠯᠲᠡ ᠢ᠋ᠢᠨ ᠠᠵᠤ ᠠᠬᠤᠶ᠋ᠢᠯᠠᠯ ᠤ᠋ᠨ 〈ᠭᠠᠷᠴᠤ᠌ ᠶᠠᠪᠤᠬᠤ〉 ᠢ᠋ᠢ ᠵᠣᠯᠭᠠᠭᠤᠯᠬᠤ ᠠᠵᠢᠯᠯᠠᠭ᠎ᠠ — ᠪᠡᠭᠡᠵᠢᠩ ᠲᠢᠶᠠᠨᠵᠢᠨ ᠾᠸᠪᠸᠢ ᠬᠥᠬᠡᠮᠥ᠋ᠷᠡᠨ ᠤ᠋ ᠭᠤᠷᠪᠠᠯᠵᠢᠨ ᠬᠣᠶ᠋ᠢᠭ ᠭᠤᠸᠠᠩᠳᠦ᠋ᠩ ᠰᠢᠶᠠᠩᠭᠠᠩ ᠣᠣᠮᠧᠨ ᠤ᠋ ᠠᠵᠤ ᠠᠬᠤᠶ᠋ᠢᠯᠠᠯ ᠤ᠋ᠨ ᠲᠤᠰᠬᠠᠶ ᠵᠣᠯᠭᠠᠭᠤᠯᠬᠤ ᠠᠵᠢᠯᠯᠠᠭ᠎ᠠ》 ᠱᠧᠨᠵᠧᠨ ᠳ᠋ᠤ ᠶᠠᠪᠤᠭᠳᠠᠪᠠ; 6 ᠰᠠᠷ᠎ᠠ ᠢ᠋ᠢᠨ 12 ᠤ᠋ᠨ ᠡᠳᠦᠷ 《ᠥᠪᠥᠷ ᠮᠣᠩᠭᠣᠯ ᠤ᠋ᠨ ᠠᠷᠠᠳ ᠤ᠋ᠨ ᠡᠵᠡᠩᠨᠡᠯᠲᠡ ᠢ᠋ᠢᠨ ᠠᠵᠤ ᠠᠬᠤᠶ᠋ᠢᠯᠠᠯ ᠤ᠋ᠨ 〈ᠭᠠᠷᠴᠤ᠌ ᠶᠠᠪᠤᠬᠤ〉 ᠢ᠋ᠢ ᠵᠣᠯᠭᠠᠭᠤᠯᠬᠤ ᠠᠵᠢᠯᠯᠠᠭ᠎ᠠ — ᠪᠠᠷᠠᠭᠤᠨ ᠡᠮᠦᠨᠡᠲᠦ᠍ (ᠴᠧᠩᠳᠦ᠋ ᠬᠣᠲᠠ) ᠢ᠋ᠢᠨ ᠲᠤᠰᠬᠠᠶ ᠵᠣᠯᠭᠠᠭᠤᠯᠬᠤ ᠠᠵᠢᠯᠯᠠᠭ᠎ᠠ》 ᠴᠧᠩᠳᠦ᠋ ᠳ᠋ᠤ ᠶᠠᠪᠤᠭᠳᠠᠪᠠ; 7 ᠰᠠᠷ᠎ᠠ ᠢ᠋ᠢᠨ 17 ᠤ᠋ ᠡᠳᠦᠷ 《ᠥᠪᠥᠷ ᠮᠣᠩᠭᠣᠯ ᠤ᠋ᠨ ᠠᠷᠠᠳ ᠤ᠋ᠨ ᠡᠵᠡᠩᠨᠡᠯᠲᠡ ᠢ᠋ᠢᠨ ᠠᠵᠤ ᠠᠬᠤᠶ᠋ᠢᠯᠠᠯ ᠤ᠋ᠨ 〈ᠭᠠᠷᠴᠤ᠌ ᠶᠠᠪᠤᠬᠤ〉 ᠢ᠋ᠢ ᠵᠣᠯᠭᠠᠭᠤᠯᠬᠤ ᠠᠵᠢᠯᠯᠠᠭ᠎ᠠ — ᠬᠥᠬᠡᠮᠥᠶ᠋ᠷᠡᠨ ᠤ᠋ ᠭᠤᠷᠪᠠᠯᠵᠢᠨ ᠬᠣᠶ᠋ᠢᠭ (ᠬᠠᠩᠵᠧᠦ ᠬᠣᠲᠠ) ᠤ᠋ᠨ ᠲᠤᠰᠬᠠᠶ ᠵᠣᠯᠭᠠᠭᠤᠯᠬᠤ ᠠᠵᠢᠯᠯᠠᠭ᠎ᠠ》 ᠬᠠᠩᠵᠧᠦ ᠳ᠋ᠤ ᠶᠠᠪᠤᠭᠳᠠᠪᠠ᠃

6 ᠰᠠᠷ᠎ᠠ ᠢ᠋ᠢᠨ 30 ᠤ᠋ ᠡᠳᠦᠷ᠂ 2026 ᠣᠨ ᠤ᠋ ᠪᠦᠬᠦ᠌ ᠤᠯᠤᠰ ᠤ᠋ᠨ ᠠᠷᠠᠳ ᠤ᠋ᠨ ᠡᠵᠡᠩᠨᠡᠯᠲᠡ ᠢ᠋ᠢᠨ ᠠᠵᠤ ᠠᠬᠤᠢ ᠢ᠋ᠢᠨ ᠬᠥᠭᠵᠢᠯᠲᠡ ᠢ᠋ᠢ ᠠᠬᠢᠭᠤᠯᠬᠤ ᠲᠤᠬᠠᠢ ᠢ᠋ᠢᠨ ᠲᠠᠯᠠᠪᠠᠢ ᠢ᠋ᠢᠨ ᠬᠤᠷᠠᠯ ᠨᠠᠨᠵᠢᠩ ᠳ᠋ᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ᠋ ᠬᠥᠭᠵᠢᠭᠦᠯᠦᠯᠲᠡ ᠪᠠ ᠥᠭᠡᠷᠡᠴᠢᠯᠡᠯᠲᠡ ᠢ᠋ᠢᠨ ᠵᠥᠪᠯᠡᠯ ᠤ᠋ᠨ ᠬᠠᠮᠢᠶ᠎ᠠ ᠪᠥᠬᠥᠶ ᠬᠠᠷᠢᠭᠤᠴᠠᠯᠭᠠᠲᠠᠨ ᠪᠦᠯᠬᠦᠮ ᠳᠠᠭᠠᠭᠤᠯᠤᠨ ᠬᠤᠷᠠᠯ ᠳ᠋ᠤ ᠣᠷᠣᠯᠴᠠᠭᠰᠠᠨ ᠪᠥᠭᠡᠳ ᠶᠡᠬᠡ ᠬᠤᠷᠠᠯ ᠤ᠋ᠨ ᠲᠥᠷᠥᠯ ᠵᠦᠢᠯ ᠢ᠋ ᠲᠠᠨᠢᠯᠴᠠᠭᠤᠯᠬᠤ ᠭᠣᠭᠴᠣᠭ᠎ᠠ ᠳ᠋ᠤ ᠠᠷᠠᠳ ᠤ᠋ᠨ ᠪᠠᠯᠠ ᠣᠷᠣᠭᠤᠯᠤᠯᠲᠠ ᠢ᠋ᠢᠨ ᠲᠥᠷᠥᠯ ᠵᠦᠢᠯ ᠢ᠋ ᠲᠠᠲᠠᠬᠤ ᠲᠤᠰᠬᠠᠶ ᠰᠡᠳᠦᠪᠲᠦ᠍ ᠦᠵᠡᠭᠦᠯᠭᠡ ᠬᠢᠵᠠᠢ᠃

《ᠪᠢᠳᠡ ᠠᠵᠤ ᠠᠬᠤᠶ᠋ᠢᠯᠠᠯ ᠢ᠋ ᠳᠡᠮᠵᠢᠬᠦ᠌ ᠪᠡᠷ ᠪᠠᠷᠠᠬᠤ ᠥᠬᠡᠶ ᠪᠠᠰᠠ 〈ᠶᠠᠪᠤᠬᠤ ᠵᠠᠮ〉 ᠢ᠋ ᠨᠢ ᠢᠳᠡᠪᠬᠢᠲᠡᠶ ᠰᠦᠪᠡᠭᠴᠢᠯᠡᠵᠤ ᠦᠭᠭᠦᠨ᠎ᠠ᠃ ᠡᠨᠡ ᠵᠢᠯ ᠤ᠋ᠨ ᠳᠡᠭᠡᠷ᠎ᠡ ᠬᠠᠭᠠᠰ ᠵᠢᠯ ᠳ᠋ᠤ ᠤᠷᠢᠳ ᠬᠣᠵᠢᠳ 4 ᠲᠠᠯᠠᠪᠤᠷ ᠬᠣᠯᠪᠣᠭᠳᠠᠯ ᠪᠦᠬᠦᠢ ᠵᠣᠯᠭᠠᠭᠤᠯᠬᠤ ᠠᠵᠢᠯᠯᠠᠭ᠎ᠠ ᠢ᠋ᠢ ᠵᠣᠬᠢᠶᠠᠨ ᠪᠠᠶ᠋ᠢᠭᠤᠯᠵᠤ ᠣᠷᠣᠨ ᠤ᠋ ᠳᠣᠲᠣᠨ᠎ᠠ ᠭᠠᠳᠠᠨᠠᠬᠢ 100 ᠭᠠᠷᠤᠢ ᠠᠵᠤ ᠠᠬᠤᠶ᠋ᠢᠯᠠᠯ ᠢ᠋ ᠳᠠᠢᠴᠢᠯᠠᠨ ᠨᠢᠭᠤᠷᠳᠠᠨ ᠵᠦᠪᠳᠡᠯᠴᠡᠵᠤ᠂ ᠤᠯᠠᠨ ᠲᠦᠷᠦᠯ ᠵᠦᠢᠯ ᠤ᠋ᠨ ᠬᠠᠮᠲᠤᠷᠠᠯᠴᠠᠭᠠᠨ ᠤ᠋ ᠰᠠᠨᠠᠮᠵᠢ ᠲᠤᠬᠢᠷᠠᠯᠴᠠᠪᠠ᠃ ᠣᠳᠣᠬᠠᠨ ᠪᠤᠯᠳᠠᠯ᠎ᠠ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠡᠵᠡᠡᠭᠨᠡᠯᠲᠡ ᠢ᠋ᠢᠨ ᠠᠵᠤ ᠠᠬᠤᠶ ᠢ᠋ᠢᠨ ᠬᠥᠭᠵᠢᠯᠲᠡ ᠢ᠋ᠢᠨ ᠦᠢᠯᠡᠴᠢᠯᠡᠭᠡᠨ ᠤ᠋ ᠲᠣᠪᠴᠢᠶ᠎ᠠ ᠨᠢᠭᠡᠨᠲᠡ ᠪᠡᠭᠡᠵᠢᠩ ᠲᠢᠶᠠᠨᠵᠢᠨ ᠾᠧᠪᠧᠶ᠂ ᠭᠤᠸᠠᠩᠳᠦ᠋ᠩ ᠰᠢᠶᠠᠩᠭᠠᠩ ᠣᠣᠮᠧᠨ᠂ ᠪᠠᠷᠠᠭᠤᠨ ᠡᠮᠦᠨᠡᠲᠦ᠍ ᠵᠡᠷᠭᠡ ᠣᠷᠣᠨ ᠪᠦᠰᠡ ᠳ᠋ᠤ 5 ᠶᠡᠬᠡ ᠠᠷᠠᠳ ᠤ᠋ᠨ ᠡᠵᠡᠡᠭᠨᠡᠯᠲᠡ ᠢ᠋ᠢᠨ ᠠᠵᠤ ᠠᠬᠤᠶ᠋ᠢᠯᠠᠯ ᠤ᠋ᠨ ᠦᠢᠯᠡᠴᠢᠯᠡᠭᠡᠨ ᠤ᠋ ᠠᠵᠢᠯ ᠤ᠋ᠨ ᠥᠷᠲᠡᠭᠡ ᠢ᠋ᠢ ᠪᠠᠶ᠋ᠢᠷᠢᠰᠢᠭᠤᠯᠵᠤ᠂ ᠳᠤᠮᠳᠠ ᠪᠠᠭ᠎ᠠ ᠵᠢᠵᠢᠭ ᠠᠵᠤ ᠠᠬᠤᠶ᠋ᠢᠯᠠᠯ ᠳ᠋ᠤ ᠨᠡᠶ᠋ᠢᠲᠡ 600 ᠭᠠᠷᠤᠢ ᠤᠳᠠᠭ᠎ᠠ ᠦᠢᠯᠡᠴᠢᠯᠡᠵᠤ᠂ ᠬᠠᠮᠲᠤᠷᠠᠯᠴᠠᠭ᠎ᠠ ᠢ᠋ᠢ ᠠᠬᠢᠭᠤᠯᠤᠭᠰᠠᠨ ᠵᠣᠭᠣᠰ ᠤ᠋ᠨ ᠲᠣᠭ᠎ᠠ 10 ᠳ᠋ᠦᠩᠰᠢᠭᠤᠷ ᠲᠥᠭᠥᠷᠢᠭ ᠢ᠋ ᠳᠠᠪᠠᠪᠠ》 ᠭᠡᠵᠤ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠡᠵᠡᠩᠨᠡᠯᠲᠡ ᠢ᠋ᠢᠨ ᠠᠵᠤ ᠠᠬᠤᠶ ᠢ᠋ᠢᠨ ᠬᠥᠭᠵᠢᠯᠲᠡ ᠢ᠋ᠢᠨ ᠦᠢᠯᠡᠴᠢᠯᠡᠭᠡᠨ ᠤ᠋ ᠲᠣᠪᠴᠢᠶ᠎ᠠ ᠢ᠋ᠢᠨ ᠬᠣᠯᠪᠣᠭᠳᠠᠯ ᠪᠥᠬᠥᠶ ᠬᠠᠷᠢᠭᠤᠴᠠᠯᠭᠠᠲᠠᠨ ᠲᠠᠨᠢᠯᠴᠠᠭᠤᠯᠪᠠ᠃

ᠠᠷᠠᠳ ᠤ᠋ᠨ ᠡᠵᠡᠩᠨᠡᠯᠲᠡ ᠢ᠋ᠢᠨ ᠠᠵᠤ ᠠᠬᠤᠶ ᠢ᠋ᠢᠨ 8.2% ᠤ᠋ᠨ ᠨᠡᠮᠡᠭᠳᠡᠯ ᠶᠠᠭᠠᠬᠢᠵᠤ ᠪᠡᠶᠡᠯᠡᠭᠲᠡᠭᠰᠡᠨ ᠪᠣᠶ? ᠬᠠᠷᠢᠭᠤᠯᠲᠠ ᠨᠢ ᠥᠪᠥᠷ ᠮᠣᠩᠭᠣᠯ ᠤ᠋ᠨ ᠡᠯ᠎ᠡ ᠭᠠᠵᠠᠷ ᠤ᠋ᠨ ᠺᠠᠳ᠋ᠷ ᠤᠯᠠᠨ ᠲᠦᠮᠡᠨ ᠤ᠋ ᠰᠡᠳᠬᠢᠯ ᠨᠢᠭᠡᠳᠦᠨ ᠬᠦᠴᠦ ᠪᠡᠨ ᠬᠠᠮᠲᠤᠳᠬᠠᠵᠤ ᠣᠷᠴᠢᠨ ᠨᠦᠬᠦᠴᠡᠯ ᠢ᠋ ᠰᠢᠯᠢᠳᠡᠭᠵᠢᠭᠦᠯᠤᠨ᠂ ᠬᠥᠭᠵᠢᠯᠲᠡ ᠢ᠋ᠢ ᠬᠦᠴᠦᠯᠡᠨ ᠠᠬᠢᠭᠤᠯᠤᠭᠰᠠᠨ ᠳ᠋ᠤ ᠪᠤᠢ᠃

2026 ᠣᠨ ᠤ᠋ 7 ᠰᠠᠷ᠎ᠠ ᠢ᠋ᠢᠨ 1 ᠤ᠋ ᠡᠳᠦᠷ᠂ 《ᠪᠤᠭᠤᠲᠤ᠌ ᠬᠣᠲᠠ ᠢ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠰᠢᠯᠢᠳᠡᠭᠵᠢᠭᠦᠯᠬᠦ᠌ ᠲᠦᠷᠢᠮ》 ᠢ᠋ ᠵᠢᠩᠬᠢᠨᠢ ᠪᠡᠷ ᠬᠡᠷᠡᠭᠵᠢᠭᠦᠯᠵᠦ᠍᠂ 《ᠲᠠᠪᠤ ᠢ᠋ᠢ ᠲᠥᠪᠯᠡᠷᠡᠭᠦᠯᠬᠦ᠌᠂ ᠲᠠᠪᠤ ᠢ᠋ᠢ ᠳᠡᠭᠡᠭᠰᠢᠯᠡᠭᠦᠯᠬᠦ᠌》 ᠠᠵᠢᠯ ᠤ᠋ᠨ ᠠᠷᠭ᠎ᠠ ᠵᠠᠮ ᠢ᠋ᠢᠡᠷ ᠪᠣᠳᠠᠲᠠᠶ ᠢ᠋ᠢ ᠡᠷᠬᠢᠮᠯᠡᠭᠰᠡᠨ ᠥᠭᠡᠷᠡᠴᠢᠯᠡᠯᠲᠡ ᠢ᠋ᠢᠨ ᠰᠢᠷᠢᠰ ᠠᠷᠭ᠎ᠠ ᠬᠡᠮᠵᠢᠶ᠎ᠡ ᠵᠢ ᠲᠣᠭᠲᠠᠭᠠᠨ᠂ ᠵᠠᠬ᠎ᠠ ᠳᠡᠯᠭᠡᠭᠦᠷᠴᠢᠯᠡᠭᠰᠡᠨ ᠬᠤᠳᠠᠯᠳᠤᠭ᠎ᠠ ᠡᠷᠬᠢᠯᠡᠬᠦ ᠲᠦᠷᠢᠮ ᠤ᠋ᠨ ᠰᠠᠭᠤᠷᠢ ᠢ᠋ᠢ ᠦᠷᠭᠦᠯᠵᠢᠯᠡᠨ ᠪᠡᠬᠢᠵᠢᠭᠦᠯᠪᠡ; ᠰᠢᠯᠢ ᠢ᠋ᠢᠨ ᠭᠤᠤᠯ ᠠᠶ᠋ᠢᠮᠠᠭ ᠲᠥᠪ ᠪᠠᠩᠬᠢ ᠢ᠋ᠢᠨ 《ᠮᠥᠩᠭᠥᠨ ᠭᠦᠢᠯᠭᠡᠭᠡᠨ ᠤ᠋ ᠥᠷᠲᠡᠭᠡ》 ᠢ᠋ᠢᠨ ᠰᠢᠶᠠᠨ ᠤ᠋ ᠬᠡᠪᠴᠢᠶ᠎ᠡ ᠢ᠋ᠢ ᠨᠡᠢᠳᠡᠮ ᠪᠥᠷᠬᠥᠭᠦᠯᠬᠦ᠌ ᠢ᠋ᠢ ᠪᠡᠶᠡᠯᠡᠭᠦᠯᠵᠦ᠍᠂ ᠵᠠᠰᠠᠭ ᠤ᠋ᠨ ᠤᠷᠳᠤᠨ ᠪᠠᠩᠬᠢ ᠠᠵᠤ ᠠᠬᠤᠶ᠋ᠢᠯᠠᠯ ᠢ᠋ ᠵᠣᠯᠭᠠᠭᠤᠯᠬᠤ ᠪᠡᠷ ᠳᠡᠮᠵᠢᠨ ᠨᠢᠭᠡᠨᠲᠡ 300 ᠭᠠᠷᠤᠶ ᠠᠵᠤ ᠠᠬᠤᠶ᠋ᠢᠯᠠᠯ ᠢ᠋ ᠬᠠᠪᠰᠤᠷᠤᠨ 2 ᠳ᠋ᠦᠩᠰᠢᠭᠤᠷ ᠲᠥᠭᠥᠷᠢᠭ ᠤ᠋ᠨ ᠪᠡᠯᠡ ᠬᠤᠷᠠᠮᠳᠤᠭᠤᠯᠪᠠ; ᠬᠥᠯᠥᠨ ᠪᠣᠶ᠋ᠢᠷ ᠬᠣᠲᠠ 《ᠲᠠᠪᠤᠨ ᠠᠯᠪᠠᠨ ᠬᠡᠷ ᠬᠠᠮᠵᠢᠯᠴᠠᠬᠤ》 ᠲᠣᠭᠲᠠᠴᠠ ᠢ᠋ᠢᠨ ᠰᠢᠨ᠎ᠡ ᠢ᠋ᠢ ᠡᠭᠦᠳᠴᠦ᠍᠂ ᠨᠢᠭᠡᠨᠲᠡ 807 ᠪᠠᠭ᠎ᠠ ᠵᠢᠵᠢᠭ ᠠᠵᠤ ᠠᠬᠤᠶ᠋ᠢᠯᠠᠯ ᠳ᠋ᠤ 3.02 ᠳ᠋ᠦᠩᠰᠢᠭᠤᠷ ᠲᠥᠭᠥᠷᠢᠭ ᠤ᠋ᠨ 《ᠲᠦᠷᠭᠡᠨ ᠠᠪᠤᠷᠠᠯᠳᠠ ᠢ᠋ᠢᠨ ᠵᠣᠭᠣᠰ》 ᠢ᠋ ᠤᠷᠤᠭᠰᠢᠲᠠᠶ ᠣᠯᠭᠣᠪᠠ; ᠤᠯᠠᠭᠠᠨᠬᠠᠳᠠ ᠬᠣᠲᠠ ᠢ᠋ᠢᠨ ᠬᠡᠰᠢᠭᠲᠡᠨ ᠬᠣᠰᠢᠭᠤ 《ᠠᠵᠤ ᠠᠬᠤᠶ᠋ᠢᠯᠠᠯ ᠤ᠋ᠨ ᠦᠢᠯᠡᠴᠢᠯᠡᠭᠡᠨ ᠤ᠋ ᠲᠤᠰᠬᠠᠶ ᠲᠣᠭᠣᠷᠢᠭ》 ᠢ᠋ ᠰᠢᠨ᠎ᠡ ᠪᠡᠷ ᠡᠭᠦᠳᠦᠨ ᠪᠠᠶ᠋ᠢᠭᠤᠯᠵᠤ᠂ 33 ᠰᠠᠯᠠᠭ᠎ᠠ ᠮᠥᠴᠢᠷ ᠤ᠋ᠨ 280 ᠵᠦᠢᠯ ᠤ᠋ᠨ ᠠᠵᠤ ᠠᠬᠤᠶ᠋ᠢᠯᠠᠯ ᠳ᠋ᠤ ᠬᠣᠯᠪᠣᠭᠳᠠᠬᠤ ᠵᠦᠢᠯᠡᠰ ᠢ᠋ ᠡᠮᠬᠢᠯᠡᠨ ᠨᠡᠶ᠋ᠢᠯᠡᠭᠦᠯᠵᠦ᠍᠂ ᠪᠥᠬᠥ᠌ ᠶᠠᠪᠤᠴᠠ ᠢ᠋ᠢᠨ ᠭᠦᠢᠴᠡᠳᠬᠡᠬᠦ ᠴᠠᠭ ᠤ᠋ᠨ ᠬᠢᠵᠠᠭᠠᠷ ᠢ᠋ 68% ᠪᠡᠷ ᠪᠣᠭᠣᠨᠢᠰᠬᠠᠪᠠ ᠁

ᠡᠯ᠎ᠡ ᠭᠠᠵᠠᠷ ᠤ᠋ᠨ᠎ᠬᠢᠨ ᠴᠢᠷᠮᠠᠶ᠋ᠢᠨ ᠠᠵᠢᠯᠯᠠᠵᠤ ᠴᠢᠡᠭᠭ᠎ᠠ ᠳᠠᠭᠤᠨ ᠢ᠋ ᠳᠠᠮᠵᠢᠭᠤᠯᠤᠨ᠎ᠠ᠄ ᠥᠪᠥᠷ ᠮᠣᠩᠭᠣᠯ ᠡᠬᠢ ᠪᠠᠶᠠᠯᠢᠭ᠂ ᠣᠷᠣᠨ ᠪᠠᠶ᠋ᠢᠷᠢ ᠵᠢ ᠲᠡᠮᠡᠴᠡᠬᠦ ᠪᠡᠷ ᠪᠠᠷᠠᠬᠤ ᠥᠬᠡᠶ ᠨᠠᠩ ᠴᠤ᠌ ᠣᠷᠴᠢᠨ ᠨᠦᠬᠦᠴᠡᠯ᠂ ᠦᠢᠯᠡᠴᠢᠯᠡᠭᠡ ᠢ᠋ᠢ ᠲᠡᠮᠡᠴᠡᠵᠦ᠍᠂ ᠪᠠᠯᠠ ᠣᠷᠣᠭᠤᠯᠵᠤ ᠦᠢᠯᠡᠰ ᠪᠤᠰᠬᠠᠬᠤ᠂ ᠰᠢᠨ᠎ᠡ ᠢ᠋ᠢ ᠡᠭᠦᠳᠴᠦ᠍ ᠦᠢᠯᠡᠰ ᠪᠤᠰᠬᠠᠬᠤ ᠣᠷᠴᠢᠨ ᠨᠦᠬᠦᠴᠡᠯ ᠢ᠋ ᠰᠢᠯᠢᠳᠡᠭᠵᠢᠭᠦᠯᠪᠠ᠃

ᠡᠨᠡ ᠵᠢᠯ ᠥᠪᠥᠷ ᠮᠣᠩᠭᠣᠯ ᠨᠢᠭᠡᠨ ᠢᠵᠢ 《ᠨᠡᠮᠡᠬᠦ᠌ ᠬᠠᠰᠤᠬᠤ ᠠᠷᠭ᠎ᠠ》 ᠢ᠋ᠢᠨ ᠪᠣᠳᠠᠲᠠᠶ ᠢ᠋ᠢ ᠡᠷᠬᠢᠮᠯᠡᠭᠰᠡᠨ ᠬᠠᠮ ᠠᠷᠭ᠎ᠠ ᠬᠡᠮᠵᠢᠶ᠎ᠡ ᠠᠪᠴᠤ᠌᠂ ᠠᠵᠤ ᠠᠬᠤᠶ᠋ᠢᠯᠠᠯ ᠤ᠋ᠨ ᠡᠵᠡᠩᠨᠡᠯᠲᠡ ᠢ᠋ᠢᠨ ᠬᠦᠴᠢᠷ ᠠᠰᠠᠭᠤᠳᠠᠯ ᠢ᠋ ᠦᠨᠡᠨ ᠬᠦ᠌ ᠰᠢᠢᠳᠪᠦᠷᠢᠯᠡᠵᠠᠢ᠃ ᠬᠢᠨᠠᠨ ᠬᠠᠮᠢᠶᠠᠷᠬᠤ ᠲᠠᠯ᠎ᠠ ᠪᠡᠷ ᠬᠠᠰᠤᠬᠤ ᠠᠷᠭ᠎ᠠ ᠠᠪᠴᠤ᠌᠂ ᠵᠠᠰᠠᠭ ᠵᠠᠬᠢᠷᠭᠠᠨ ᠤ᠋ ᠪᠠᠶ᠋ᠢᠴᠠᠭᠠᠯᠲᠠ ᠢ᠋ᠢᠨ 《ᠺᠣᠳ᠋ ᠰᠢᠷᠪᠢᠵᠦ᠍ ᠠᠵᠤ ᠠᠬᠤᠶ᠋ᠢᠯᠠᠯ ᠳ᠋ᠤ ᠣᠷᠣᠭᠤᠯᠬᠤ》 ᠢ᠋ᠢ ᠪᠥᠬᠥ᠌ ᠲᠠᠯ᠎ᠠ ᠪᠡᠷ ᠬᠡᠷᠡᠭᠵᠢᠭᠦᠯᠤᠨ᠂ 《ᠨᠢᠭᠡ ᠤᠳᠠᠭ᠎ᠠ ᠵᠢᠨ ᠶᠡᠷᠦᠩᠬᠡᠶ᠋ᠢᠯᠡᠨ ᠪᠠᠶ᠋ᠢᠴᠠᠭᠠᠬᠤ》 ᠬᠠᠮᠲᠤᠷᠠᠭᠰᠠᠨ ᠪᠠᠶ᠋ᠢᠴᠠᠭᠠᠯᠲᠠ ᠢ᠋ᠢ ᠭᠦᠨᠵᠡᠭᠡᠶ ᠠᠬᠢᠭᠤᠯᠵᠤ᠂ ᠡᠨᠡ ᠵᠢᠯ ᠤ᠋ᠨ ᠳᠡᠭᠡᠷ᠎ᠠ ᠬᠠᠭᠠᠰ ᠵᠢᠯ ᠳ᠋ᠤ ᠵᠠᠰᠠᠭ ᠵᠠᠬᠢᠷᠭᠠᠨ ᠤ᠋ ᠪᠠᠶ᠋ᠢᠴᠠᠭᠠᠯᠲᠠ ᠢ᠋ᠢ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 90.03% ᠪᠡᠷ ᠪᠠᠭᠤᠷᠠᠭᠤᠯᠵᠤ᠂ 4493 ᠬᠡᠷᠡᠭ ᠢ᠋ ᠰᠢᠢᠳᠪᠦᠷᠢᠯᠡᠨ᠂ ᠠᠵᠤ ᠠᠬᠤᠶ᠋ᠢᠯᠠᠯ ᠤ᠋ᠨ ᠣᠶᠤᠨ ᠴᠢᠳᠠᠯ ᠢ᠋ᠢᠡᠨ ᠦᠨᠡᠨ ᠬᠦ᠌ ᠵᠠᠬ᠎ᠠ ᠳᠡᠯᠭᠡᠭᠦᠷ ᠲᠦ᠍ ᠭᠠᠷᠭᠠᠵᠤ᠂ ᠰᠤᠳᠤᠯᠤᠨ ᠨᠡᠭᠡᠭᠡᠬᠦ᠌ ᠳᠡᠭᠡᠷ᠎ᠡ ᠲᠥᠪᠯᠡᠷᠡᠭᠦᠯᠪᠡ᠃ ᠦᠢᠯᠡᠴᠢᠯᠡᠭᠡᠨ ᠤ᠋ ᠲᠠᠯ᠎ᠠ ᠪᠡᠷ ᠨᠡᠮᠡᠬᠦ᠌ ᠠᠷᠭ᠎ᠠ ᠠᠪᠴᠤ᠌᠂ ᠪᠠᠯᠠ ᠬᠤᠷᠠᠮᠳᠤᠭᠤᠯᠬᠤ ᠳ᠋ᠤ ᠬᠦᠴᠢᠷᠲᠡᠶ᠂ ᠪᠠᠯᠠ ᠬᠤᠷᠠᠮᠳᠤᠭᠤᠯᠬᠤ ᠳ᠋ᠤ ᠦᠨᠡᠲᠡᠶ ᠪᠠᠶ᠋ᠢᠬᠤ ᠡᠨᠡ ᠬᠦ᠌ ᠭᠤᠤᠯ ᠠᠰᠠᠭᠤᠳᠠᠯ ᠳ᠋ᠤ ᠴᠢᠭᠯᠡᠭᠦᠯᠦᠨ 500 ᠳ᠋ᠦᠩᠰᠢᠭᠤᠷ ᠲᠥᠭᠥᠷᠢᠭ ᠤ᠋ᠨ ᠲᠥᠷᠥ ᠢ᠋ᠢᠨ ᠪᠣᠳᠣᠯᠭ᠎ᠠ ᠢ᠋ᠢᠨ ᠴᠢᠨᠠᠷᠲᠠᠶ ᠳᠠᠬᠢᠨ ᠵᠢᠭᠡᠯᠡᠯᠭᠡ ᠢ᠋ᠢᠨ ᠲᠣᠭ᠎ᠠ ᠬᠡᠮᠵᠢᠶ᠎ᠡ ᠢ᠋ᠢ ᠨᠢᠭᠡᠳᠦᠯᠲᠡᠶ ᠲᠥᠯᠥᠪᠵᠢᠭᠦᠯᠵᠤ᠂ 1 ᠳ᠋ᠦᠩᠰᠢᠭᠤᠷ ᠲᠥᠭᠥᠷᠢᠭ ᠤ᠋ᠨ ᠢᠲᠡᠭᠡᠮᠵᠢᠲᠦ᠍ ᠪᠠᠯᠠ ᠬᠤᠷᠠᠮᠳᠤᠭᠤᠯᠭ᠎ᠠ ᠢ᠋ᠢᠨ ᠲᠦᠭᠰᠢᠭᠦᠷᠢ ᠢ᠋ᠢ ᠬᠤᠪᠢᠶᠠᠨ ᠡᠭᠦᠷᠭᠡᠯᠡᠬᠦ᠌ ᠪᠠᠯᠠ ᠮᠥᠩᠭᠥ᠌ ᠭᠠᠷᠭᠠᠵᠤ᠂ 《442》 ᠪᠠᠩᠬᠢ ᠢ᠋ᠢᠨ ᠳᠠᠭᠠᠭᠠᠯᠲᠠ ᠢ᠋ᠢᠨ ᠲᠦᠭᠰᠢᠭᠦᠷᠢ ᠢ᠋ᠢ ᠬᠤᠪᠢᠶᠠᠨ ᠡᠭᠦᠷᠭᠡᠯᠡᠬᠦ᠌ ᠲᠣᠭᠲᠠᠴᠠ ᠢ᠋ᠢ ᠳᠡᠯᠭᠡᠷᠡᠭᠦᠯᠪᠡ᠃

ᠣᠷᠴᠢᠨ ᠨᠦᠬᠦᠴᠡᠯ ᠢ᠋ ᠰᠢᠯᠢᠳᠡᠭᠵᠢᠬᠦᠯᠬᠦ ᠠᠯᠢ ᠤᠯᠠᠨ ᠬᠠᠲᠠᠭᠤ ᠴᠢᠩᠭ᠎ᠠ ᠠᠷᠭ᠎ᠠ ᠬᠡᠮᠵᠢᠢ᠎ᠡ ᠨᠢ ᠪᠣᠳᠠᠲᠠᠢ ᠢ᠋ᠢ ᠡᠷᠬᠢᠮᠯᠡᠭᠰᠡᠨ ᠡᠯᠪᠡᠭ ᠪᠠᠶᠠᠯᠢᠭ ᠬᠠᠮᠲᠤᠷᠠᠯᠴᠠᠭᠠᠨ ᠤ᠋ ᠦᠷ᠎ᠡ ᠪᠦᠲᠦᠭᠡᠯ ᠢ᠋ ᠠᠪᠴᠢᠷᠠᠪᠠ᠄ ᠡᠨᠡ ᠵᠢᠯ ᠤ᠋ᠨ 6 ᠰᠠᠷ᠎ᠠ ᠢ᠋ᠢᠨ ᠰᠡᠭᠦᠯᠴᠢ ᠪᠣᠯᠲᠠᠯ᠎ᠠ᠂ ᠰᠢᠨ᠎ᠡ ᠡᠨᠧᠷᠭᠢ ᠢ᠋ᠢᠨ ᠬᠦᠷᠢᠶᠡᠨ ᠤ᠋ ᠤᠯᠤᠰ ᠤ᠋ᠨ ᠳᠣᠲᠣᠭᠠᠳᠤ ᠳ᠋ᠤ ᠬᠤᠰᠢᠭᠤᠴᠢᠯᠠᠵᠤ ᠪᠠᠶ᠋ᠢᠭ᠎ᠠ 30 ᠠᠷᠠᠳ ᠤ᠋ᠨ ᠡᠵᠡᠩᠨᠡᠯᠲᠡ ᠢ᠋ᠢᠨ ᠠᠵᠤ ᠠᠬᠤᠶ᠋ᠢᠯᠠᠯ ᠤ᠋ᠨ 22 ᠨᠢ ᠥᠪᠥᠷ ᠮᠣᠩᠭᠣᠯ ᠳ᠋ᠤ ᠪᠠᠢᠷᠢᠰᠢᠭᠤᠯᠤᠯᠳᠠ ᠲᠠᠢ ᠪᠠᠢᠵᠤ᠂ ᠪᠡᠯᠡ ᠣᠷᠣᠭᠤᠯᠤᠯᠲᠠ ᠢ᠋ᠢᠨ ᠬᠡᠪᠴᠢᠢ᠎ᠡ ᠨᠢ 3800 ᠳ᠋ᠦᠩᠰᠢᠭᠤᠷ ᠲᠥᠭᠥᠷᠢᠭ ᠢ᠋ ᠳᠠᠪᠠᠪᠠ; ᠪᠤᠳᠤᠯᠲᠠ ᠢ᠋ᠢᠨ ᠬᠦᠴᠦᠨ ᠤ᠋ ᠠᠵᠢᠯ ᠲᠥᠷᠥᠯ ᠤ᠋ᠨ ᠤᠯᠤᠰ ᠤ᠋ᠨ ᠳᠣᠲᠣᠭᠠᠳᠤ ᠳ᠋ᠤ ᠬᠤᠰᠢᠭᠤᠴᠢᠯᠠᠵᠤ ᠪᠠᠢᠭ᠎ᠠ 30 ᠠᠷᠠᠳ ᠤ᠋ᠨ ᠡᠵᠡᠡᠭᠨᠡᠯᠲᠡ ᠢ᠋ᠢᠨ ᠠᠵᠤ ᠠᠬᠤᠶ᠋ᠢᠯᠠᠯ ᠤ᠋ᠨ 20 ᠨᠢ ᠥᠪᠥᠷ ᠮᠣᠩᠭᠣᠯ ᠳ᠋ᠤ ᠨᠤᠲᠤᠭᠰᠢᠵᠤ᠂ ᠪᠠᠯᠠ ᠣᠷᠣᠭᠤᠯᠤᠯᠲᠠ ᠢ᠋ᠢᠨ ᠬᠡᠪᠴᠢᠶ᠎ᠡ ᠨᠢ 2000 ᠳ᠋ᠦᠩᠰᠢᠭᠤᠷ ᠲᠥᠭᠥᠷᠢᠭ ᠢ᠋ ᠳᠠᠪᠠᠪᠠ᠃

ᠳᠡᠭᠡᠷ᠎ᠡ ᠬᠠᠭᠠᠰ ᠵᠢᠯ ᠳ᠋ᠤ ᠥᠪᠥᠷ ᠮᠣᠩᠭᠣᠯ ᠤ᠋ᠨ ᠠᠷᠠᠳ ᠤ᠋ᠨ ᠡᠵᠡᠩᠨᠡᠯᠲᠡ ᠢ᠋ᠢᠨ ᠠᠵᠤ ᠠᠬᠤᠢ ᠬᠦᠴᠦᠷᠬᠡᠭ ᠶᠡᠬᠡ ᠬᠥᠭᠵᠢᠯᠲᠡ ᠢ᠋ᠢᠨ ᠤᠶᠠᠨ ᠬᠠᠳᠠᠨ ᠴᠢᠨᠠᠷ ᠪᠣᠯᠤᠨ ᠠᠮᠢᠵᠢᠷᠠᠯ ᠤ᠋ᠨ ᠬᠦᠴᠦᠨ ᠢ᠋ ᠢᠯᠡᠷᠡᠭᠦᠯᠵᠦ᠍᠂ ᠪᠡᠯᠡ ᠣᠷᠣᠭᠤᠯᠤᠯᠲᠠ ᠢ᠋ᠢ ᠳᠠᠶ᠋ᠢᠴᠢᠯᠠᠬᠤ᠂ ᠰᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠪᠣᠶ᠋ᠢᠵᠢᠭᠤᠯᠬᠤ ᠲᠤᠯᠭᠠᠭᠤᠷᠢ ᠬᠦᠴᠦᠨ ᠪᠣᠯᠵᠠᠢ᠃ 7 ᠰᠠᠷ᠎ᠠ ᠢ᠋ᠢᠨ ᠰᠡᠭᠦᠯᠴᠢ ᠳ᠋ᠤ ᠬᠤᠷᠠᠯᠳᠤᠭᠤᠯᠤᠭᠰᠠᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠢ᠋ᠢᠨ ᠠᠷᠪᠠᠨ ᠨᠢᠭᠡᠳᠦᠭᠡᠷ ᠬᠤᠭᠤᠴᠠᠭᠠᠨ ᠤ᠋ ᠠᠷᠪᠠᠨ ᠬᠣᠶᠠᠳᠤᠭᠠᠷ ᠪᠥᠬᠥᠳᠡ ᠬᠤᠷᠠᠯ ᠳ᠋ᠤ᠂ ᠠᠵᠤ ᠠᠬᠤᠶ ᠢ᠋ᠢᠨ ᠡᠷᠬᠢᠯᠳᠡ ᠵᠢᠨ ᠲᠣᠭᠲᠠᠭᠤᠨ ᠤ᠋ ᠳᠤᠮᠳᠠ ᠤᠷᠤᠭᠰᠢᠯᠠᠨ ᠳᠠᠪᠰᠢᠬᠤ ᠢ᠋ᠢ ᠪᠥᠬᠥ᠌ ᠬᠦᠴᠦᠨ ᠢ᠋ᠢᠡᠷ ᠢ᠋ᠢᠡᠨ ᠠᠬᠢᠭᠤᠯᠵᠤ᠂ ᠪᠥᠬᠥ᠌ ᠵᠢᠯ ᠤ᠋ᠨ ᠠᠵᠤ ᠠᠬᠤᠶ ᠢ᠋ᠢᠨ ᠬᠥᠭᠵᠢᠯᠲᠡ ᠢ᠋ᠢᠨ ᠬᠠᠷᠠᠯᠲᠠ ᠡᠭᠦᠷᠭᠡ ᠪᠡᠨ ᠪᠡᠶᠡᠯᠡᠭᠦᠯᠬᠦ᠌ ᠢ᠋ᠢ ᠪᠠᠲᠤᠯᠠᠬᠤ ᠬᠡᠷᠡᠭᠲᠡᠶ; ᠡᠯ᠎ᠡ ᠱᠠᠲᠤᠨ ᠤ᠋ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠳ᠋ᠤ ᠵᠢᠭᠰᠠᠭᠠᠨ ᠣᠷᠣᠭᠤᠯᠤᠭᠰᠠᠨ ᠲᠥᠷᠥᠯ ᠵᠦᠢᠯ ᠤ᠋ᠳ ᠤ᠋ᠨ ᠡᠮᠦᠨᠡᠬᠢ ᠬᠤᠭᠤᠴᠠᠭᠠᠨ ᠤ᠋ ᠠᠵᠢᠯ ᠢ᠋ ᠪᠣᠳᠠᠲᠠᠶ ᠬᠢᠵᠦ᠍᠂ ᠠᠷᠠᠳ ᠤ᠋ᠨ ᠪᠡᠯᠡ ᠣᠷᠣᠭᠤᠯᠤᠯᠲᠠ ᠢ᠋ᠢᠨ ᠢᠳᠡᠪᠬᠢᠵᠢᠯ ᠢ᠋ ᠰᠠᠶ᠋ᠢᠲᠤᠷ ᠬᠠᠮᠠᠭᠠᠯᠠᠨ ᠳᠠᠢᠴᠢᠯᠡᠬᠤ ᠬᠡᠷᠡᠭᠲᠡᠢ ᠭᠡᠵᠦ᠍ ᠴᠢᠬᠤᠯᠠᠴᠢᠯᠠᠪᠠ᠃

ᠢᠷᠡᠭᠡᠳᠦᠢ ᠢ᠋ᠢ ᠪᠠᠷᠠᠯᠠᠬᠤᠶ᠎ᠠ᠂ ᠥᠪᠥᠷ ᠮᠣᠩᠭᠣᠯ ᠪᠠᠶ᠋ᠢᠭᠤᠯᠤᠮᠵᠢ ᠲᠣᠭᠲᠠᠴᠠ ᠢ᠋ᠢᠨ ᠥᠭᠡᠷᠡᠴᠢᠯᠡᠯᠲᠡ ᠢ᠋ᠢ ᠦᠷᠭᠦᠯᠵᠢᠯᠡᠨ ᠠᠬᠢᠭᠤᠯᠵᠤ᠂ ᠠᠷᠠᠳ ᠤ᠋ᠨ ᠡᠵᠡᠩᠨᠡᠯᠲᠡ ᠢ᠋ᠢᠨ ᠠᠵᠤ ᠠᠬᠤᠢ ᠢ᠋ᠢᠨ ᠡᠬᠢ ᠪᠠᠶᠠᠯᠢᠭ ᠤ᠋ᠨ ᠳᠠᠪᠠᠭᠤᠯᠢᠭ᠂ ᠣᠷᠣᠨ ᠪᠠᠶ᠋ᠢᠷᠢ ᠢ᠋ᠢᠨ ᠳᠠᠪᠠᠭᠤᠯᠢᠭ᠂ ᠲᠦᠷᠦ ᠢ᠋ᠢᠨ ᠪᠤᠳᠤᠯᠭ᠎ᠠ ᠢ᠋ᠢᠨ ᠳᠠᠪᠠᠭᠤᠯᠢᠭ ᠢ᠋ ᠦᠨᠡᠨ ᠪᠣᠳᠠᠲᠠᠢ ᠬᠥᠭᠵᠢᠯᠲᠡ ᠢ᠋ᠢᠨ ᠲᠠᠪᠠᠭᠤᠯᠢᠭ ᠪᠣᠯᠭᠠᠨ ᠬᠤᠪᠢᠷᠠᠭᠤᠯᠵᠤ᠂ ᠪᠦᠬᠦ᠌ ᠣᠷᠣᠨ ᠤ᠋ ᠠᠵᠤ ᠠᠬᠤᠢ ᠢ᠋ᠢᠨ ᠴᠢᠨᠠᠷ ᠰᠠᠶ᠋ᠢᠲᠠᠢ ᠬᠥᠭᠵᠢᠯᠲᠡ ᠳ᠋ᠤ ᠰᠦᠷ ᠳᠠᠯᠠᠶ᠋ᠢᠴᠠᠲᠠᠢ ᠬᠥᠳᠡᠯᠭᠡᠬᠦ᠌ ᠬᠦᠴᠦᠨ ᠨᠡᠮᠡᠷᠢᠯᠡᠬᠦ᠌ ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面