ᠮᠣᠩᠭᠣᠯ ᠮᠣᠷᠢᠨ᠎ᠤ᠋ ᠵᠣᠷᠢᠭ ᠰᠠᠨᠠᠭ᠎ᠠ᠎ᠶ᠋ᠢ ᠪᠠᠳᠠᠷᠠᠭᠤᠯᠤᠶ᠎ᠠ > ᠮᠡᠳᠡᠭᠡᠯᠡᠯ

2026-08-17 15:06:38

ᠵᠣᠬᠢᠶᠠᠭ᠍ᠴᠢ᠄ ᠸᠠᠡᠭ ᠲᠠᠨ᠎ᠠ ᠣᠩᠱᠢᠭ᠍ᠰᠠᠨ ᠣᠳᠠᠭ᠎ᠠ᠄ 3

ᠮᠢᠬᠠᠨ ᠤ᠋ ᠦᠬᠡᠷ᠎ᠤᠨ ᠠᠵᠤ ᠦᠢᠯᠡᠰ᠎ᠤᠨ ᠴᠢᠨᠠᠷ ᠰᠠᠶ᠋ᠢᠲᠠᠢ ᠬᠥᠭᠵᠢᠯᠲᠡ᠎ᠶ᠋ᠢ ᠭᠦᠨᠵᠡᠭᠡᠢ ᠠᠬᠢᠭᠤᠯᠵᠤ᠂ ᠬᠥᠳᠡᠭᠡ ᠲᠣᠰᠭᠤᠨ᠎ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ᠎ᠤᠨ ᠰᠠᠭᠤᠷᠢ᠎ᠶ᠋ᠢ ᠪᠡᠬᠢᠵᠢᠬᠦᠯᠬᠦ᠎ᠶ᠋ᠢᠨ ᠲᠥᠯᠦᠭᠡ᠂ 2025 ᠤᠨ᠎ᠤ 7 ᠰᠠᠷ᠎ᠠ᠎ᠡᠴᠨ ᠨᠠᠭᠠᠰᠢ᠂ ᠯᠢᠨᠰᠢ ᠰᠢᠶᠠᠨ ᠲᠥᠪ᠎ᠤᠨ ᠡᠳ᠋᠎ᠤᠨ ᠵᠠᠰᠠᠭ᠎ᠤᠨ ᠰᠠᠭᠤᠷᠢ ᠡᠬᠡ ᠮᠠᠯ ᠤ᠋ᠨ ᠰᠦᠷᠦᠭ ᠢ᠋ ᠦᠷᠭᠡᠳᠭᠡᠨ ᠶᠠᠰᠤ ᠴᠢᠨᠠᠷ᠎ᠢ ᠳᠡᠭᠡᠭᠰᠢᠯᠡᠭᠦᠯᠬᠦ᠌ ᠲᠥᠷᠦᠯ ᠵᠦᠢᠯ᠎ᠢ ᠪᠥᠬᠦ᠌ ᠲᠠᠯ᠎ᠠ᠎ᠪᠠᠷ ᠠᠬᠢᠭᠤᠯᠪᠠ᠃ ᠮᠢᠬᠠᠨ ᠤ᠋ ᠦᠬᠡᠷ᠎ᠤᠨ ᠭᠤᠤᠯᠯᠠᠬᠤ ᠠᠵᠤ ᠦᠢᠯᠡᠰ᠎ᠤᠨ ᠬᠥᠭᠵᠢᠯᠲᠡ᠎ᠶ᠋ᠢᠨ ᠳᠠᠪᠠᠭᠤᠯᠢᠭ᠎ᠲᠤ᠌ ᠰᠠᠭᠤᠷᠢᠯᠠᠨ᠂ 《ᠰᠦᠷᠦᠭ ᠢ᠋ ᠦᠷᠬᠡᠳᠬᠡᠨ᠂ ᠶᠠᠰᠤ ᠴᠢᠨᠠᠷ᠎ᠢ ᠳᠡᠭᠡᠭᠰᠢᠯᠡᠭᠦᠯᠬᠦ》 ᠠᠵᠢᠯ᠎ᠤᠨ ᠬᠠᠷᠠᠯᠲᠠ᠎ᠶ᠋ᠢ ᠰᠠᠢᠲᠤᠷ ᠠᠩᠬᠠᠷᠴᠤ᠌᠂ ᠨᠢᠭᠡᠳᠦᠯᠲᠡᠢ ᠲᠥᠯᠦᠪᠵᠢᠭᠦᠯᠦᠨ ᠪᠠᠶ᠋ᠢᠷᠢᠯᠠᠭᠤᠯᠵᠤ᠂ ᠨᠠᠷᠢᠯᠢᠭ ᠤᠨᠤᠪᠴᠢᠲᠠᠢ ᠬᠦᠴᠦᠯᠠᠨ᠂ ᠡᠯ᠎ᠡ ᠵᠦᠢᠯ᠎ᠤᠨ ᠪᠥᠲᠦᠭᠡᠨ ᠪᠠᠶ᠋ᠢᠭᠤᠯᠤᠯᠲᠠ᠎ᠶ᠋ᠢᠨ ᠡᠭᠦᠷᠭᠡ᠎ᠶ᠋ᠢ ᠴᠢᠨᠠᠷ ᠰᠠᠶ᠋ᠢᠲᠠᠢ ᠥᠨᠳᠦᠷ ᠪᠦᠲᠦᠮᠵᠢᠲᠡᠢ ᠪᠡᠶᠡᠯᠡᠭᠦᠯᠪᠠ᠃ ᠲᠥᠷᠦ᠎ᠶ᠋ᠢᠨ ᠪᠣᠳᠤᠯᠭ᠎ᠠ᠎ᠪᠠᠷ ᠬᠦᠴᠦᠨ ᠴᠢᠳᠠᠪᠤᠷᠢ ᠣᠯᠭᠤᠨ᠂ ᠲᠣᠭᠠᠴᠢᠯᠠᠯᠳᠠ ᠪᠡᠷ ᠶᠠᠰᠤ ᠴᠢᠨᠠᠷ᠎ᠢ ᠳᠡᠭᠡᠭᠰᠢᠯᠡᠭᠦᠯᠵᠦ᠂ ᠮᠢᠬᠠᠨ ᠤ᠋ ᠦᠬᠡᠷ ᠲᠡᠵᠢᠭᠡᠨ ᠦᠷᠡᠵᠢᠭᠦᠯᠬᠦ᠌ ᠬᠡᠪᠴᠢᠶ᠎ᠡ ᠵᠢ ᠦᠷᠭᠦᠯᠵᠢᠯᠡᠨ ᠪᠤᠵᠠᠭᠠᠢᠷᠠᠭᠤᠯᠵᠤ᠂ ᠡᠭᠦᠯᠳᠡᠷ᠎ᠤᠨ ᠶᠠᠰᠤ ᠴᠢᠨᠠᠷ ᠢ᠋ ᠲᠣᠭᠲᠠᠭᠤᠨ᠎ᠢᠶᠠᠷ ᠳᠡᠭᠡᠭᠰᠢᠯᠡᠬᠦᠯᠦᠭᠰᠡᠨ ᠡᠴᠡ ᠮᠢᠬᠠᠨ ᠤ᠋ ᠦᠬᠡᠷ᠎ᠤᠨ ᠤᠨᠴᠠᠯᠢᠭᠳᠤ ᠠᠵᠤ ᠦᠢᠯᠡᠰ ᠤ᠋ᠨ ᠬᠥᠭᠵᠢᠯᠲᠡ ᠴᠣ ᠰᠢᠨ᠎ᠡ ᠠᠮᠢᠵᠢᠷᠠᠯ᠎ᠤᠨ ᠬᠦᠴᠦᠨ᠎ᠲᠠᠢ ᠪᠣᠯᠵᠠᠢ᠃

ᠲᠥᠷᠦᠯ ᠵᠦᠢᠯ᠎ᠢ ᠪᠥᠬᠦ᠌ ᠪᠦᠰᠡ ᠪᠡᠷ ᠠᠬᠢᠭᠤᠯᠵᠦ᠂ ᠬᠡᠷᠡᠭᠵᠢᠭᠦᠯᠬᠦ᠌ ᠬᠤᠭᠤᠴᠠᠭᠠᠨ᠎ᠳᠤ ᠪᠠᠶ᠋ᠢᠳᠠᠯ᠎ᠢ ᠣᠶ᠋ᠢᠯᠠᠭᠠᠵᠤ ᠵᠢᠭᠰᠠᠭᠠᠨ ᠪᠠᠶ᠋ᠢᠴᠠᠭᠠᠬᠤ᠂ ᠺᠠᠷᠲᠯᠠᠨ ᠲᠠᠩᠰᠠᠯᠠᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠰᠠᠭᠤᠷᠢ ᠡᠬᠡ ᠮᠠᠯ᠎ᠤᠨ ᠲᠤᠭ᠎ᠠ᠎ᠶ᠋ᠢ ᠣᠨᠤᠪᠴᠢᠲᠠᠢ ᠬᠢᠨᠠᠨ ᠲᠣᠭᠲᠠᠭᠠᠪᠠ᠃ 《ᠤᠷᠢᠤᠨ᠎ᠢᠶᠡᠷ ᠨᠡᠮᠡᠭᠲᠡᠬᠦᠯᠵᠦ ᠲᠠᠷᠠᠭ᠎ᠠ ᠨᠢ ᠨᠦᠬᠦᠪᠦᠷᠢᠯᠡᠬᠦ᠂ ᠲᠤᠭᠤᠯ ᠤ᠋ᠨ ᠲᠤᠭ᠎ᠠ ᠵᠢ ᠦᠨᠳᠦᠰᠦᠯᠡᠨ ᠨᠦᠬᠦᠪᠦᠷᠢ ᠤᠯᠭᠤᠬᠤ》 ᠲᠠᠷᠢᠶᠠᠴᠢᠳ ᠲᠤ᠌ ᠠᠰᠢᠭ ᠬᠦᠷᠲᠡᠭᠡᠬᠦ᠌ ᠲᠥᠷᠦ᠎ᠶ᠋ᠢᠨ ᠪᠣᠳᠤᠯᠭ᠎ᠠ᠎ᠶ᠋ᠢ ᠴᠢᠩᠭ᠎ᠠ ᠨᠠᠶ᠋ᠢᠳᠠᠪᠤᠷᠢᠵᠢᠭᠤᠯᠤᠨ᠂ ᠲᠤᠰᠭᠠᠢ ᠵᠣᠭᠤᠰ᠎ᠢ ᠲᠤᠰᠭᠠᠢ ᠵᠦᠢᠯ᠎ᠳᠤ ᠬᠡᠷᠡᠭᠯᠡᠬᠦ᠂ ᠲᠤᠰᠭᠠᠢ ᠵᠦᠢᠯ ᠵᠢᠡᠷ ᠬᠢᠨᠠᠨ ᠬᠠᠮᠢᠶᠠᠷᠬᠤ᠎ᠶ᠋ᠢ ᠬᠡᠷᠡᠭᠵᠢᠭᠦᠯᠵᠦ᠍᠂ ᠲᠠᠷᠢᠶᠠᠯᠠᠩ ᠮᠠᠯ ᠠᠵᠤ ᠠᠬᠤᠢ᠎ᠶ᠋ᠢᠨ 《ᠤᠯᠭᠤᠮᠵᠢ ᠵᠢᠨ ᠺᠠᠷᠲ》 ᠵᠢᠡᠷ ᠳᠠᠮᠵᠢᠭᠤᠯᠤᠨ ᠲᠡᠵᠢᠭᠡᠨ ᠦᠷᠡᠵᠢᠭᠦᠯᠬᠦ᠌ ᠤᠢᠯᠡᠰ ᠡᠷᠬᠢᠯᠡᠵᠦ ᠪᠠᠢᠭ᠎ᠠ ᠡᠷᠦᠬᠡ᠎ᠶ᠋ᠢᠨ ᠲᠠᠩᠰᠠᠨ᠎ᠳᠤ ᠰᠢᠭᠤᠳ ᠬᠦᠷᠭᠡᠵᠦ᠍᠂ ᠪᠥᠬᠦ᠌ ᠶᠠᠪᠤᠴᠠ᠎ᠶ᠋ᠢ ᠢᠯᠡ ᠨᠡᠢᠲᠡᠯᠡᠵᠦ᠂ ᠲᠠᠷᠢᠶᠠᠴᠢᠳ᠎ᠲᠤ᠌ ᠠᠰᠢᠭ ᠬᠦᠷᠲᠡᠭᠡᠬᠦ᠌ ᠲᠥᠷᠦ᠎ᠶ᠋ᠢᠨ ᠪᠣᠳᠤᠯᠭ᠎ᠠ ᠪᠡᠷ ᠦᠨᠡᠨ᠎ᠬᠦ ᠣᠯᠠᠨ ᠲᠦᠮᠡᠨ᠎ᠳᠤ ᠠᠰᠢᠭ ᠬᠦᠷᠲᠡᠭᠡᠵᠠᠢ᠃ ᠲᠥᠷᠦᠯ ᠵᠦᠢᠯ᠎ᠢ ᠵᠢᠷᠤᠮᠵᠢᠭᠤᠨ ᠠᠬᠢᠭᠤᠯᠬᠤ᠎ᠶ᠋ᠢ ᠪᠠᠲᠤᠯᠠᠬᠤ᠎ᠶ᠋ᠢᠨ ᠲᠥᠯᠦᠭᠡ᠂ ᠰᠢᠶᠠᠨ ᠰᠢᠶᠠᠩ ᠲᠣᠰᠭᠤᠨ ᠭᠤᠷᠪᠠᠨ ᠱᠠᠲᠤᠨ᠎ᠤ ᠬᠠᠮᠲᠤᠷᠠᠨ ᠬᠥᠳᠡᠯᠦᠯᠴᠡᠬᠦ᠌ ᠠᠵᠢᠯ᠎ᠤᠨ ᠰᠢᠰᠲᠧᠮ ᠢ᠋ ᠪᠠᠶ᠋ᠢᠭᠤᠯᠵᠤ᠂ ᠬᠡᠷᠡᠭᠵᠢᠭᠦᠯᠬᠦ᠌ ᠲᠥᠰᠦᠯ ᠢ᠋ ᠨᠠᠷᠢᠯᠢᠭᠵᠢᠭᠤᠯᠤᠨ᠂ ᠠᠵᠢᠯ᠎ᠤᠨ ᠬᠠᠷᠢᠭᠤᠴᠠᠯᠭ᠎ᠠ᠎ᠶ᠋ᠢ ᠪᠣᠳᠠᠲᠠᠶ᠋ᠢᠵᠢᠭᠤᠯᠵᠤ᠂ ᠲᠤᠰᠭᠠᠢ ᠰᠡᠳᠦᠪ ᠵᠢᠡᠷ ᠪᠠᠶ᠋ᠢᠷᠢᠯᠠᠭᠤᠯᠬᠤ ᠪᠠ ᠮᠡᠷᠭᠡᠵᠢᠯ ᠤ᠋ᠨ ᠪᠣᠯᠪᠠᠰᠤᠷᠠᠯ ᠵᠢᠡᠷ ᠳᠠᠮᠵᠢᠨ ᠠᠵᠢᠯ᠎ᠤᠨ ᠪᠠᠷᠢᠮᠵᠢᠶ᠎ᠠ᠎ᠶ᠋ᠢ ᠲᠣᠳᠤᠷᠬᠠᠶ᠋ᠢᠯᠠᠵᠤ᠂ ᠬᠡᠷᠡᠭᠵᠢᠭᠦᠯᠬᠦ᠌ ᠠᠯᠬᠤᠮ ᠲᠠᠷᠠᠭ᠎ᠠ ᠵᠢ ᠵᠢᠷᠤᠮᠵᠢᠭᠤᠯᠪᠠ᠃ ᠮᠠᠯ ᠠᠵᠤ ᠠᠬᠤᠢ᠎ᠶ᠋ᠢᠨ ᠦᠢᠯᠡᠴᠢᠯᠡᠭᠡᠨ᠎ᠤ ᠵᠠᠭᠪᠤᠷ᠎ᠤᠨ ᠰᠢᠨ᠎ᠡ᠎ᠶ᠋ᠢ ᠡᠭᠦᠳᠴᠦ᠍᠂ 611 ᠲᠦᠮᠡᠨ ᠲᠥᠭᠦᠷᠢᠭ᠎ᠤᠨ ᠪᠡᠯᠡ ᠮᠥᠩᠭᠦ᠎ᠶ᠋ᠢ ᠨᠡᠶ᠋ᠢᠳᠬᠡᠵᠦ᠍᠂ ᠮᠠᠯ ᠠᠵᠤ ᠠᠬᠤᠢ᠎ᠶ᠋ᠢᠨ ᠨᠡᠶ᠋ᠢᠭᠡᠮᠴᠢᠯᠡᠭᠰᠡᠨ ᠦᠢᠯᠡᠴᠢᠯᠡᠭᠡᠨ᠎ᠤ ᠪᠠᠷᠢᠮᠵᠢᠶᠠᠵᠢᠭᠰᠠᠨ ᠲᠥᠪ᠂ ᠮᠢᠬᠠᠨ ᠤ᠋ ᠦᠬᠡᠷ ᠤ᠋ᠨ ᠡᠬᠦᠯᠳᠡᠷ ᠰᠠᠶ᠋ᠢᠵᠢᠷᠠᠭᠤᠯᠬᠤ ᠲᠤᠰᠭᠠᠢ ᠲᠥᠪ᠎ᠢ ᠪᠠᠶ᠋ᠢᠭᠤᠯᠵᠤ᠂ ᠦᠨᠳᠦᠰᠦᠨ ᠱᠠᠲᠤᠨ᠎ᠤ ᠦᠷᠡᠵᠢᠭᠦᠯᠦᠨ ᠪᠣᠶ᠋ᠢᠵᠢᠭᠤᠯᠬᠤ ᠦᠢᠯᠡᠴᠢᠯᠡᠭᠡᠨ᠎ᠤ ᠳᠤᠲᠠᠭᠤᠳᠠᠯ᠎ᠢ ᠨᠥᠬᠦᠪᠦᠷᠢᠯᠡᠪᠠ᠃ ᠵᠠᠬ᠎ᠠ ᠳᠡᠯᠭᠡᠭᠦᠷᠴᠢᠯᠡᠭᠰᠡᠨ᠂ ᠨᠡᠶ᠋ᠢᠭᠡᠮᠴᠢᠯᠡᠭᠰᠡᠨ ᠦᠢᠯᠡᠴᠢᠯᠡᠭᠡᠨ᠎ᠤ ᠲᠣᠭᠲᠠᠴᠠ᠎ᠶ᠋ᠢ ᠪᠦᠬᠦ᠌ ᠲᠠᠯ᠎ᠠ᠎ᠪᠠᠷ ᠬᠡᠷᠡᠭᠵᠢᠭᠦᠯᠵᠦ᠍᠂ ᠬᠢᠨᠠᠨ ᠰᠢᠯᠭᠠᠵᠤ ᠰᠢᠭᠰᠢᠭᠳᠡᠭᠦᠯᠬᠦ᠌ ᠳᠦᠷᠢᠮ᠎ᠢ ᠪᠠᠶ᠋ᠢᠭᠤᠯᠤᠨ᠂ ᠤᠯᠠᠨ ᠳᠡᠰ᠎ᠤᠨ ᠬᠢᠨᠠᠨ ᠬᠠᠮᠢᠶᠠᠷᠬᠤ ᠰᠢᠰᠲᠧᠮ ᠢ᠋ ᠪᠦᠷᠢᠨᠰᠢᠭᠦᠯᠦᠨ᠂ ᠲᠣᠭᠲᠠᠭᠠᠯ᠎ᠡᠴᠨ ᠵᠦᠷᠢᠴᠡᠨ ᠠᠵᠢᠯᠯᠠᠭᠤᠯᠬᠤ᠂ ᠨᠥᠬᠦᠪᠦᠷᠢ᠎ᠶ᠋ᠢ ᠮᠡᠬᠡᠯᠡᠨ ᠠᠪᠬᠤ ᠵᠡᠷᠭᠡ ᠠᠰᠠᠭᠤᠳᠠᠯ᠎ᠢ ᠴᠢᠩᠭ᠎ᠠ ᠰᠡᠷᠭᠡᠶ᠋ᠢᠯᠡᠵᠦ᠍᠂ ᠲᠦᠷᠦᠯ ᠵᠦᠢᠯ᠎ᠢ ᠬᠡᠷᠡᠭᠵᠢᠭᠦᠯᠬᠦ᠌ ᠰᠠᠬᠢᠯᠭ᠎ᠠ ᠪᠠᠲᠤ᠎ᠶ᠋ᠢᠨ ᠰᠡᠷᠭᠡᠶ᠋ᠢᠯᠡᠯᠲᠡ᠎ᠶ᠋ᠢᠨ ᠱᠤᠭᠤᠮ᠎ᠢ ᠪᠠᠬᠢᠵᠢᠭᠦᠯᠪᠠ᠃

ᠰᠠᠭᠤᠷᠢ ᠡᠬᠡ ᠮᠠᠯ ᠤ᠋ᠨ ᠰᠦᠷᠦᠭ ᠢ᠋ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ᠎ᠶ᠋ᠢ ᠠᠬᠢᠭᠤᠯᠬᠤ ᠶᠠᠪᠤᠴᠠ᠎ᠳᠤ᠂ ᠯᠢᠨᠰᠢ ᠰᠢᠶᠠᠨ ᠲᠣᠭᠠᠴᠢᠯᠠᠯᠳᠠ ᠪᠠᠷ ᠠᠵᠤ ᠦᠢᠯᠡᠰ᠎ᠢ᠋ ᠲᠡᠰ ᠳᠡᠪᠰᠢᠬᠦᠯᠬᠦ᠎ᠶ᠋ᠢ ᠪᠠᠷᠢᠮᠲᠠᠯᠠᠵᠤ᠂ ᠮᠢᠬᠠᠨ ᠤ᠋ ᠦᠬᠡᠷ᠎ᠤᠨ ᠲᠤᠮᠤ ᠳ᠋ᠠᠶ᠋ᠢᠲ᠋ᠠ᠎ᠶ᠋ᠢᠨ ᠲᠠᠪᠴᠠᠩ᠂ 《ᠲᠠᠯ᠎ᠠ ᠨᠤᠲᠤᠭ᠎ᠤᠨ ᠮᠠᠯᠵᠢᠯ ᠤ᠋ᠨ ᠲᠤᠰᠠᠯᠠᠭᠴᠢ》 ᠵᠢᠵᠢᠭ ᠫᠷᠦ᠍ᠭᠷᠡᠮ ᠳ᠋ᠦ ᠲᠦᠰᠢᠭᠯᠡᠨ᠂ ᠮᠢᠬᠠᠨ ᠤ᠋ ᠦᠬᠡᠷ ᠲᠡᠵᠢᠭᠡᠨ ᠦᠷᠡᠵᠢᠭᠦᠯᠬᠦ᠌ ᠪᠦᠬᠦ᠌ ᠶᠠᠪᠤᠴᠠ᠎ᠶ᠋ᠢᠨ ᠲᠣᠭᠠᠴᠢᠯᠠᠭᠰᠠᠨ ᠮᠥᠷᠳᠡᠯᠳᠠ ᠵᠢᠨ ᠰᠢᠰᠲᠧᠮ᠎ᠢ ᠪᠠᠶ᠋ᠢᠭᠤᠯᠪᠠ᠃ ᠨᠥᠬᠦᠪᠦᠷᠢ ᠬᠦᠷᠲᠡᠬᠦ᠌ ᠰᠠᠭᠤᠷᠢ ᠡᠬᠡ ᠮᠠᠯ᠎ᠢ ᠨᠢᠭᠡᠳ ᠨᠢᠭᠡ᠎ᠪᠠᠷ ᠰᠢᠰᠲᠧᠮ ᠳ᠋ᠦ ᠤᠷᠤᠭᠤᠯᠵᠦ᠂ ᠦᠬᠡᠷ᠎ᠤᠨ ᠦᠩᠭᠡ ᠵᠢᠰᠦᠮ ᠵᠢᠡᠷ ᠢᠯᠭᠠᠨ ᠲᠠᠨᠢᠬᠤ᠂ ᠴᠠᠭ ᠲᠤᠬᠠᠢ᠎ᠳᠤᠨᠢ ᠳᠠᠮᠵᠢᠭᠤᠯᠬᠤ ᠵᠡᠷᠭᠡ ᠣᠶᠤᠨᠴᠢ ᠠᠷᠭ᠎ᠠ ᠪᠠᠷᠢᠯ᠎ᠢᠶᠠᠷ ᠳᠠᠮᠵᠢᠨ᠂ ᠢᠴᠡᠭᠡᠯ ᠦᠷ᠎ᠡ᠎ᠶ᠋ᠢ ᠬᠡᠷᠡᠭᠯᠡᠬᠦ᠂ ᠬᠡᠭᠡᠯᠲᠦᠭᠦᠯᠵᠦ᠍ ᠦᠷᠡᠵᠢᠭᠦᠯᠦᠨ ᠪᠣᠶ᠋ᠢᠵᠢᠭᠤᠯᠬᠤ᠂ ᠲᠤᠭᠤᠯ ᠢ᠋ ᠠᠷᠠᠴᠢᠯᠠᠨ ᠬᠠᠮᠠᠭᠠᠯᠠᠬᠤ ᠪᠦᠬᠦ᠌ ᠶᠠᠪᠤᠴᠠ ᠵᠢ ᠮᠦᠷᠳᠡᠨ ᠦᠵᠡᠵᠦ ᠪᠤᠯᠤᠨ᠎ᠠ᠃ ᠲᠤᠰᠭᠠᠢ ᠠᠵᠢᠯᠲᠠᠨ ᠳᠣᠭᠢᠷᠠᠭᠤᠯᠤᠨ ᠲᠤᠭ᠎ᠠ ᠪᠠᠷᠢᠮᠲᠠ᠎ᠶ᠋ᠢ ᠰᠢᠨᠡᠳᠬᠡᠬᠦ᠂ ᠬᠢᠨᠠᠨ ᠬᠡᠮᠵᠢᠵᠦ ᠬᠠᠮᠢᠶᠠᠷᠤᠨ ᠡᠵᠡᠮᠳᠡᠬᠦ᠎ᠶ᠋ᠢ ᠪᠠᠶ᠋ᠢᠩᠭᠤᠵᠢᠭᠤᠯᠤᠨ ᠥᠷᠨᠢᠭᠦᠯᠵᠦ᠍᠂ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ᠎ᠪᠠᠷ ᠮᠢᠬᠠᠨ ᠤ᠋ ᠦᠬᠡᠷ ᠲᠡᠵᠢᠭᠡᠨ ᠦᠷᠡᠵᠢᠭᠦᠯᠬᠦ᠌ ᠤᠢᠯᠡᠰ ᠢ᠋ ᠪᠠᠷᠢᠮᠵᠢᠶᠠᠵᠢᠭᠤᠯᠤᠨ ᠵᠢᠷᠤᠮᠵᠢᠭᠤᠯᠤᠨ ᠬᠥᠭᠵᠢᠭᠦᠯᠬᠦ᠎ᠶ᠋ᠢ ᠠᠬᠢᠭᠤᠯᠪᠠ᠃ ᠡᠭᠦᠨ᠎ᠤ ᠬᠠᠮᠲᠤ᠌᠂ ᠲᠥᠷᠦ᠎ᠶ᠋ᠢᠨ ᠪᠣᠳᠤᠯᠭ᠎ᠠ᠎ᠶ᠋ᠢ ᠤᠬᠠᠭᠤᠯᠤᠨ ᠲᠠᠶ᠋ᠢᠯᠪᠤᠷᠢᠯᠠᠬᠤ ᠪᠠ ᠮᠡᠷᠭᠡᠵᠢᠯ᠎ᠤᠨ ᠵᠢᠯᠤᠭᠤᠳᠤᠯᠭ᠎ᠠ ᠥᠷᠨᠢᠭᠦᠯᠵᠦ᠍᠂ ᠡᠷᠦᠬᠡ᠎ᠳᠤ ᠬᠦᠷᠴᠦ᠍ ᠰᠤᠷᠪᠤᠯᠵᠢᠯᠠᠬᠤ᠂ ᠲᠣᠰᠭᠤᠨ᠎ᠤ ᠱᠠᠲᠤᠨ ᠳ᠋ᠦ ᠤᠬᠠᠭᠤᠯᠤᠨ ᠲᠠᠶ᠋ᠢᠯᠪᠤᠷᠢᠯᠠᠬᠤ᠂ ᠲᠤᠰᠭᠠᠢ ᠰᠡᠳᠦᠪᠲᠦ᠍ ᠪᠣᠯᠪᠠᠰᠤᠷᠠᠯ ᠦᠷᠨᠢᠬᠦᠯᠬᠦ ᠵᠡᠷᠭᠡ ᠠᠷᠭ᠎ᠠ ᠮᠠᠶᠢᠭ᠎ᠢᠶᠠᠷ ᠳᠠᠮᠵᠢᠨ᠂ ᠨᠥᠬᠦᠪᠦᠷᠢ ᠵᠢᠨ ᠲᠥᠷᠦ᠎ᠶ᠋ᠢᠨ ᠪᠣᠳᠤᠯᠭ᠎ᠠ᠂ ᠲᠡᠵᠢᠭᠡᠨ ᠦᠷᠡᠵᠢᠭᠦᠯᠬᠦ᠌ ᠮᠡᠷᠭᠡᠵᠢᠯ ᠵᠢᠴᠢ ᠭᠤᠶᠤᠴᠢᠯᠠᠨ ᠮᠡᠳᠡᠭᠦᠯᠬᠦ᠌ ᠠᠯᠬᠤᠮ ᠲᠠᠷᠠᠭ᠎ᠠ ᠵᠢ ᠪᠥᠬᠦ᠌ ᠲᠠᠯ᠎ᠠ᠎ᠪᠠᠷ ᠲᠠᠶ᠋ᠢᠯᠪᠤᠷᠢᠯᠠᠪᠠ᠃ ᠡᠭᠦᠯᠳᠡᠷ ᠰᠠᠶ᠋ᠢᠵᠢᠷᠠᠭᠤᠯᠬᠤ᠂ ᠰᠢᠨᠵᠢᠯᠡᠬᠦ᠌ ᠤᠬᠠᠭᠠᠨᠴᠢ᠎ᠪᠠᠷ ᠠᠷᠠᠴᠢᠯᠠᠨ ᠲᠡᠵᠢᠭᠡᠬᠦ᠂ ᠬᠢᠵᠢᠭ ᠭᠡᠮ᠎ᠢ ᠰᠡᠷᠭᠡᠶ᠋ᠢᠯᠡᠨ ᠡᠵᠡᠮᠳᠡᠬᠦ᠌ ᠵᠡᠷᠭᠡ ᠭᠤᠤᠯᠳᠠᠯᠭ᠎ᠠ᠎ᠲᠠᠢ ᠠᠭᠤᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠲᠤᠰᠭᠠᠢ ᠪᠣᠯᠪᠠᠰᠤᠷᠠᠯ ᠥᠷᠨᠢᠭᠦᠯᠵᠦ᠍᠂ ᠵᠢᠱ᠌ᠢᠶ᠎ᠠ ᠦᠵᠡᠭᠦᠯᠬᠦ᠌ ᠬᠡᠪ ᠳᠠᠭᠤᠷᠢᠶᠠᠯ ᠪᠣᠯᠬᠤ ᠲᠡᠷᠢᠭᠦᠨ᠎ᠤ ᠨᠡᠶ᠋ᠢᠲᠡᠯᠢᠭ ᠵᠢᠱ᠌ᠢᠶ᠎ᠠ᠎ᠶ᠋ᠢ ᠬᠥᠬᠢᠭᠦᠯᠦᠨ ᠰᠠᠶ᠋ᠢᠰᠢᠶᠠᠵᠤ᠂ ᠲᠡᠵᠢᠭᠡᠨ ᠦᠷᠡᠵᠢᠭᠦᠯᠬᠦ᠌ ᠤᠢᠯᠡᠰ ᠡᠷᠬᠢᠯᠡᠵᠦ ᠪᠠᠢᠭ᠎ᠠ ᠡᠷᠦᠬᠡ᠎ᠶ᠋ᠢ ᠬᠥᠲᠦᠯᠦᠨ ᠵᠢᠯᠤᠭᠤᠳᠴᠤ ᠲᠡᠵᠢᠭᠡᠨ ᠦᠷᠡᠵᠢᠭᠦᠯᠬᠦ᠌ ᠤᠯᠠᠮᠵᠢᠯᠠᠯᠳᠤ ᠵᠠᠭᠪᠤᠷ᠎ᠢ᠎ᠨᠢ ᠬᠤᠪᠢᠷᠠᠭᠤᠯᠵᠤ᠂ ᠲᠡᠵᠢᠭᠡᠨ ᠦᠷᠡᠵᠢᠭᠦᠯᠬᠦ᠌ ᠤᠢᠯᠡᠰ ᠡᠷᠬᠢᠯᠡᠵᠦ ᠪᠠᠢᠭ᠎ᠠ ᠡᠷᠦᠬᠡ᠎ᠶ᠋ᠢᠨ ᠰᠦᠷᠦᠭ ᠢ᠋ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ᠂ ᠰᠢᠨᠵᠢᠯᠡᠬᠦ᠌ ᠤᠬᠠᠭᠠᠨᠴᠢ᠎ᠪᠠᠷ ᠲᠡᠵᠢᠭᠡᠨ ᠦᠷᠡᠵᠢᠭᠦᠯᠬᠦ᠌ ᠢᠳᠡᠪᠬᠢᠵᠢᠯ ᠪᠠ ᠰᠠᠨᠠᠭᠠᠴᠢᠯᠠᠭᠠᠲᠤ᠌ ᠴᠢᠨᠠᠷ᠎ᠢ᠎ᠨᠢ ᠭᠦᠢᠴᠡᠳ ᠳᠠᠶ᠋ᠢᠴᠢᠯᠠᠪᠠ᠃

ᠣᠳᠤᠬᠠᠨ᠎ᠳᠤ᠂ ᠪᠥᠬᠦ᠌ ᠰᠢᠶᠠᠨ᠎ᠤ ᠰᠢᠯᠢᠳᠡᠭ ᠡᠭᠦᠯᠳᠡᠷ᠎ᠤᠨ ᠰᠠᠭᠤᠷᠢ ᠡᠬᠡ ᠮᠠᠯ᠎ᠤᠨ ᠰᠦᠷᠦᠭ ᠢ᠋ ᠦᠷᠭᠦᠯᠵᠢᠯᠡᠨ ᠪᠤᠵᠠᠭᠠᠢᠷᠠᠭᠤᠯᠵᠤ᠂ ᠲᠡᠷᠢᠭᠦᠨ᠎ᠤ ᠦᠷᠡᠵᠢᠭᠦᠯᠦᠨ ᠪᠣᠶ᠋ᠢᠵᠢᠭᠤᠯᠬᠤ ᠮᠡᠷᠭᠡᠵᠢᠯ᠎ᠢ ᠢᠳᠡᠪᠬᠢᠲᠡᠢ ᠳᠡᠯᠭᠡᠷᠡᠭᠦᠯᠵᠦ᠍᠂ ᠡᠭᠦᠯᠳᠡᠷ ᠤ᠋ᠨ ᠶᠠᠰᠤ ᠴᠢᠨᠠᠷ ᠦᠷ᠎ᠡ ᠪᠦᠲᠦᠮᠵᠢ ᠵᠢ ᠢᠯᠡᠳᠲᠡ ᠳᠡᠭᠡᠭᠰᠢᠯᠡᠬᠦᠯᠵᠡᠢ᠃ ᠲᠤᠭᠤᠯ᠎ᠤᠨ ᠶᠠᠰᠤ ᠴᠢᠨᠠᠷ ᠰᠠᠶ᠋ᠢᠨ᠂ ᠪᠣᠷᠳᠤᠬᠤ ᠦᠶᠡᠯᠡᠯ᠎ᠤᠨ ᠬᠤᠭᠤᠴᠠᠭ᠎ᠠ ᠣᠬᠤᠷ᠂ ᠮᠢᠬᠠᠨ᠎ᠤ ᠬᠡᠮᠵᠢᠶ᠎ᠡ ᠥᠨᠳᠦᠷ ᠪᠠᠶ᠋ᠢᠵᠤ᠂ ᠲᠡᠵᠢᠭᠡᠨ ᠦᠷᠡᠵᠢᠭᠦᠯᠬᠦ᠌ ᠥᠪᠡᠷ ᠤ᠋ᠨ ᠥᠷᠲᠡᠭ᠎ᠢ ᠪᠦᠲᠦᠮᠵᠢᠲᠡᠢ ᠪᠠᠭᠤᠷᠠᠭᠤᠯᠤᠨ᠂ ᠲᠡᠵᠢᠭᠡᠨ ᠦᠷᠡᠵᠢᠭᠦᠯᠬᠦ᠌ ᠠᠰᠢᠭ ᠣᠷᠤᠯᠭ᠎ᠠ᠎ᠶ᠋ᠢ ᠳᠡᠭᠡᠭᠰᠢᠯᠡᠭᠦᠯᠵᠦ᠍᠂ ᠲᠡᠵᠢᠭᠡᠨ ᠦᠷᠡᠵᠢᠭᠦᠯᠬᠦ᠌ ᠤᠢᠯᠡᠰ ᠡᠷᠬᠢᠯᠡᠵᠦ ᠪᠠᠢᠭ᠎ᠠ ᠡᠷᠦᠬᠡ᠎ᠶ᠋ᠢᠨ ᠠᠰᠢᠭ ᠲᠤᠰᠠ᠎ᠶ᠋ᠢ ᠦᠨᠡᠨ ᠬᠦ᠌ ᠪᠠᠲᠤᠯᠠᠵᠠᠢ᠃ ᠲᠥᠷᠦᠯ ᠵᠦᠢᠯ᠎ᠳᠤ ᠲᠦᠰᠢᠭᠯᠡᠨ ᠬᠦᠴᠦᠨ ᠴᠢᠳᠠᠪᠤᠷᠢ ᠣᠯᠭᠤᠵᠤ᠂ ᠮᠢᠬᠠᠨ ᠤ᠋ ᠦᠬᠡᠷ᠎ᠤᠨ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢ ᠲᠠᠰᠤᠷᠠᠯᠲᠠ ᠥᠬᠡᠢ ᠲᠡᠭᠦᠯᠳᠡᠷᠵᠢᠭᠦᠯᠦᠨ᠂ 《ᠯᠢᠨᠰᠢ ᠵᠢᠨ ᠲᠠᠯ᠎ᠠ ᠨᠤᠲᠤᠭ᠎ᠤᠨ ᠦᠬᠡᠷ᠎ᠤᠨ ᠮᠢᠬ᠎ᠠ》᠂ 《ᠮᠥ᠍ ᠰᠢᠶᠠᠩ ᠶᠤᠸᠠᠨ》 ᠵᠡᠷᠭᠡ ᠣᠷᠤᠨ ᠨᠤᠲᠤᠭ᠎ᠤᠨ ᠲᠥᠷᠦᠯ ᠲᠡᠮᠳᠡᠭ᠎ᠤᠨ ᠨᠥᠯᠦᠭᠡᠯᠡᠬᠦ᠌ ᠬᠦᠴᠦᠨ᠎ᠢ ᠦᠷᠭᠦᠯᠵᠢᠯᠡᠨ ᠳᠡᠭᠡᠭᠰᠢᠯᠡᠭᠦᠯᠵᠦ᠍᠂ ᠬᠤᠲᠠ ᠰᠢᠶᠠᠨ᠎ᠤ ᠨᠡᠶ᠋ᠢᠲᠡ᠎ᠶ᠋ᠢᠨ ᠬᠡᠷᠡᠭᠯᠡᠭᠡᠨ᠎ᠤ ᠲᠥᠷᠦᠯ ᠲᠡᠮᠳᠡᠭ᠎ᠤ᠋ᠨ ᠰᠢᠰᠲᠧᠮ ᠳ᠋ᠦ ᠠᠮᠵᠢᠯᠲᠠ ᠲᠠᠢ ᠣᠷᠤᠭᠤᠯᠵᠤ᠂ ᠠᠵᠤ ᠦᠢᠯᠡᠰ᠎ᠤᠨ ᠭᠤᠤᠯᠯᠠᠬᠤ ᠥᠷᠢᠰᠦᠯᠳᠦᠬᠦ᠌ ᠬᠦᠴᠦᠨ᠎ᠢ ᠦᠷᠭᠦᠯᠵᠢᠯᠡᠨ ᠴᠢᠩᠭᠠᠷᠠᠭᠤᠯᠪᠠ᠃

ᠯᠢᠨᠰᠢ ᠰᠢᠶᠠᠨ ᠠᠵᠤ ᠦᠢᠯᠡᠰ᠎ᠤᠨ ᠬᠥᠭᠵᠢᠯᠲᠡ᠎ᠶ᠋ᠢᠨ ᠳᠤᠲᠠᠭᠤᠳᠠᠯ᠎ᠢ ᠨᠥᠬᠦᠪᠦᠷᠢᠯᠡᠵᠦ᠍᠂ ᠮᠢᠬᠠᠨ ᠤ᠋ ᠦᠬᠡᠷ᠎ᠤᠨ ᠡᠭᠦᠯᠳᠡᠷ ᠢ᠋᠎ᠰᠠᠶ᠋ᠢᠵᠢᠷᠠᠭᠤᠯᠬᠤ ᠠᠵᠢᠯ ᠢ᠋ ᠦᠷᠭᠦᠯᠵᠢᠯᠡᠨ ᠭᠦᠨᠵᠡᠭᠡᠢ ᠦᠷᠨᠢᠬᠦᠯᠵᠦ᠂ ᠴᠢᠨᠠᠷ ᠰᠠᠶ᠋ᠢᠲᠠᠢ ᠮᠢᠬᠠᠨ ᠤ᠋ ᠦᠬᠡᠷ ᠲᠡᠵᠢᠭᠡᠨ ᠦᠷᠡᠵᠢᠭᠦᠯᠬᠦ᠌ ᠬᠡᠪᠴᠢᠶ᠎ᠡ᠎ᠶ᠋ᠢ ᠲᠠᠰᠤᠷᠠᠯᠲᠠ ᠥᠬᠡᠢ ᠥᠷᠭᠡᠳᠬᠡᠨ᠂ ᠲᠣᠭᠠᠴᠢᠯᠠᠭᠰᠠᠨ ᠬᠢᠨᠠᠨ ᠬᠠᠮᠢᠶᠠᠷᠬᠤ ᠰᠢᠰᠲᠧᠮ᠎ᠢ ᠲᠠᠰ ᠳᠡᠪᠰᠢᠭᠦᠯᠵᠦ᠍᠂ ᠪᠥᠬᠦ ᠬᠡᠯᠬᠢᠶᠡᠨ᠎ᠤ ᠠᠵᠤ ᠦᠢᠯᠡᠰ᠎ᠤᠨ ᠦᠢᠯᠡᠴᠢᠯᠡᠭᠡᠨ᠎ᠤ ᠲᠣᠭᠲᠠᠴᠠ᠎ᠶ᠋ᠢ ᠲᠡᠭᠦᠯᠳᠡᠷᠵᠢᠭᠦᠯᠪᠠ᠃ ᠬᠦᠴᠦᠨ᠎ᠢᠶᠠᠨ ᠲᠥᠪᠯᠡᠷᠡᠭᠦᠯᠦᠨ ᠲᠤᠰ ᠭᠠᠵᠠᠷ᠎ᠤᠨ ᠮᠢᠬᠠᠨ ᠤ᠋ ᠦᠬᠡᠷ᠎ᠤᠨ ᠤᠨᠴᠠᠯᠢᠭᠳᠤ ᠲᠦᠷᠦᠯ ᠲᠡᠮᠳᠡᠭ᠎ᠢ ᠬᠦᠴᠦᠷᠬᠡᠭᠵᠢᠭᠦᠯᠵᠦ᠍᠂ ᠮᠢᠬᠠᠨ ᠤ᠋ ᠦᠬᠡᠷ᠎ᠤᠨ ᠠᠵᠤ ᠦᠢᠯᠡᠰ᠎ᠤᠨ ᠬᠡᠪᠴᠢᠶᠡᠵᠢᠬᠦᠯᠦᠭᠰᠡᠨ᠂ ᠪᠠᠷᠢᠮᠵᠢᠶᠠᠵᠢᠭᠤᠯᠤᠭᠰᠠᠨ᠂ ᠲᠦᠷᠦᠯ ᠳᠡᠮᠳᠡᠭᠵᠢᠬᠦᠯᠦᠭᠰᠡᠨ ᠴᠢᠨᠠᠷ ᠰᠠᠶ᠋ᠢᠲᠠᠢ ᠬᠥᠭᠵᠢᠯᠲᠡ᠎ᠶ᠋ᠢ ᠪᠦᠬᠦ᠌ ᠬᠦᠴᠦᠨ᠎ᠢᠶᠠᠷ ᠠᠬᠢᠭᠤᠯᠵᠤ᠂ ᠤᠨᠴᠠᠯᠢᠭᠳᠤ ᠮᠠᠯ ᠠᠵᠤ ᠠᠬᠤᠢ᠎ᠶ᠋ᠢᠨ ᠠᠵᠤ ᠦᠢᠯᠡᠰ᠎ᠢᠶᠠᠷ ᠬᠥᠳᠡᠭᠡ ᠲᠣᠰᠭᠤᠨ᠎ᠢ ᠪᠦᠬᠦ᠌ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面